ᠬᠤᠰᠢᠭᠤ ᠳᠦᠷᠪᠡᠨ ᠶᠡᠭᠡ ᠣᠳᠣᠷᠢᠳᠬᠤ ᠪᠠᠭ ᠤᠨ ᠣᠳᠣᠷᠢᠳᠣᠯᠭ᠎ᠠ ᠬᠠᠪᠤᠷ ᠤᠨ ᠣᠯᠠᠷᠢᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭᠠᠨ ᠳᠤ ᠣᠷᠣᠯᠴᠠᠪᠠ
ᠨᠡᠶᠢᠲᠡᠯᠡᠭᠰᠡᠨ ᠴᠠᠭ᠄
2025/3/21
     ᠮᠣᠣᠠᠣᠰᠣ ᠡᠯᠡᠰᠦᠷᠬᠡᠭ ᠭᠠᠵᠠᠷ ᠤᠨ ᠰᠢᠪᠲᠤᠯᠤᠯᠲᠠ ᠶᠢᠨ ᠠᠵᠢᠯᠯᠠᠭᠠᠨ ᠢ ᠬᠦᠨᠵᠡᠬᠡᠢ ᠠᠬᠢᠭᠤᠯᠵᠤ᠂ ᠡᠯᠡᠰᠦ ᠶᠢ ᠰᠡᠷᠬᠡᠶᠢᠯᠡᠨ ᠡᠯᠡᠰᠦ ᠶᠢ ᠵᠠᠰᠠᠬᠤ ᠠᠵᠢᠯ ᠪᠤᠲᠠᠲᠤ ᠪᠦᠲᠦᠮᠵᠢ ᠣᠯᠬᠤ ᠶᠢᠨ ᠲᠤᠰᠠᠳᠠ᠂ 3 ᠰᠠᠷ᠎ᠠ ᠶᠢᠨ 20 ᠤ ᠡᠳᠦᠷ᠂ ᠸᠠᠩ ᠢᠦᠢ ᠴᠢᠶᠠᠩ᠂ ᠶᠠᠩ ᠶᠢᠩ ᠰᠢᠨ᠂ ᠭᠤᠤ ᠷᠦᠩ ᠲᠠᠩ᠂ ᠰᠦᠨ ᠶᠢᠦ ᠵᠢᠶᠦ᠋ᠨ᠂ ᠲᠤᠳᠢ ᠵᠡᠷᠭᠡ ᠬᠤᠰᠢᠭᠤ ᠳᠦᠷᠪᠡᠨ ᠶᠡᠭᠡ ᠣᠳᠣᠷᠢᠳᠬᠤ ᠪᠠᠭ ᠤᠨ ᠣᠳᠣᠷᠢᠳᠣᠯᠭ᠎ᠠ ᠨᠠᠷ ᠪᠦᠬᠦ ᠬᠤᠰᠢᠭᠤᠨ ᠤ ᠡᠯ᠎ᠡ ᠪᠠᠯᠭᠠᠰᠣ᠂ ᠡᠯ᠎ᠡ ᠰᠠᠯᠠᠭ᠎ᠠ ᠮᠦᠴᠢᠷ᠂ ᠭᠠᠴᠠᠭ᠎ᠠ ᠲᠤᠰᠬᠤᠨ᠂ ᠬᠤᠰᠢᠭᠤᠨ ᠳᠤ ᠰᠠᠭᠤᠭ᠎ᠠ ᠠᠵᠤ ᠠᠬᠤᠶᠢᠯᠠᠯ ᠤᠨ 8000 ᠭᠠᠷᠤᠢ ᠺᠠᠳ᠋ᠷ ᠣᠯᠠᠨ ᠲᠦᠮᠡᠨ ᠲᠠᠢ ᠬᠠᠮᠲᠤ ᠬᠠᠪᠤᠷ ᠤᠨ ᠣᠯᠠᠷᠢᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭᠠᠨ ᠢ ᠦᠷᠨᠢᠬᠦᠯᠪᠡ᠃
微信图片_20250321105013.jpg
     ᠮᠣᠳᠣ ᠲᠠᠷᠢᠬᠤ ᠠᠬᠤᠢ ᠲᠠᠯᠠᠪᠠᠢ ᠳᠤ᠂ ᠣᠯᠠᠨ ᠢᠶᠠᠷ ᠢᠶᠠᠨ ᠣᠷᠬᠢᠯᠣᠮ᠎ᠠ ᠬᠠᠯᠠᠭᠤᠨ ᠰᠡᠳᠬᠢᠯᠬᠡ ᠪᠠᠷ ᠭᠠᠷᠮᠠᠭᠠᠶᠢᠯᠠᠨ ᠠᠵᠢᠯᠯᠠᠵᠠᠭᠠᠵᠤ ᠬᠠᠷᠢᠯᠴᠠᠨ ᠬᠠᠮᠵᠢᠯᠴᠠᠨ᠂ ᠭᠠᠵᠠᠷ ᠬᠡᠮᠵᠢᠨ ᠬᠦᠷᠵᠡ ᠪᠠᠷᠢᠵᠦ ᠬᠠᠯᠬᠠᠪᠴᠢ ᠪᠤᠰᠬᠠᠬᠤ ᠡᠩᠨᠡᠭᠡᠨ ᠳᠤ ᠣᠷᠣᠯᠴᠠᠵᠤ᠂ ᠮᠦᠷ ᠮᠦᠷ ᠢᠶᠠᠷ ᠵᠢᠭᠳᠡᠷᠡᠭᠰᠡᠨ ᠡᠯᠡᠰᠦ ᠶᠢ ᠰᠡᠷᠬᠡᠶᠢᠯᠡᠨ ᠡᠯᠡᠰᠦ ᠶᠢ ᠵᠠᠰᠠᠬᠤ ᠪᠠᠲᠤ ᠪᠠᠬᠢ ᠬᠠᠯᠬᠠᠪᠴᠢ ᠶᠢ ᠪᠤᠰᠬᠠᠪᠠ᠃
微信图片_20250321105024.jpg
     ᠬᠠᠪᠤᠷ ᠤᠨ ᠣᠯᠠᠷᠢᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭᠠᠨ ᠢ ᠦᠷᠨᠢᠬᠦᠯᠬᠦ ᠪᠤᠯ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠣᠨ ᠤ ᠦᠵᠡᠯ ᠰᠠᠨᠠᠭ᠎ᠠ ᠶᠢ ᠬᠦᠨᠵᠡᠬᠡᠢ ᠦᠢᠯᠡᠳᠦᠯᠬᠡᠵᠢᠬᠦᠯᠵᠦ᠂ ᠦᠪᠡᠷᠲᠡᠭᠡᠨ ᠵᠠᠰᠠᠬᠤ ᠣᠷᠣᠨ᠂ ᠬᠤᠲᠠ ᠶᠢᠨ ᠮᠣᠣᠠᠣᠰᠣ ᠡᠯᠡᠰᠦᠷᠬᠡᠭ ᠭᠠᠵᠠᠷ ᠤᠨ ᠰᠢᠪᠲᠤᠯᠤᠯᠲᠠ ᠶᠢᠨ ᠳᠠᠶᠢᠨ ᠤ ᠪᠦᠬᠦᠯᠢ ᠴᠣᠭᠴᠠ ᠶᠢᠨ ᠲᠤᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠶᠢᠲᠠᠪᠤᠷᠢᠵᠢᠭᠤᠯᠤᠨ᠂ ᠪᠦᠬᠦ ᠨᠡᠶᠢᠬᠡᠮ ᠢ ᠳᠠᠶᠢᠴᠢᠯᠠᠨ ᠠᠮᠢ ᠠᠬᠤᠢ ᠶᠢᠨ ᠬᠠᠮᠠᠭᠠᠯᠠᠯᠲᠠ ᠪᠠᠶᠢᠭᠤᠯᠤᠯᠲᠠ ᠪᠤᠯᠤᠨ ᠡᠯᠡᠰᠦ ᠶᠢ ᠰᠡᠷᠬᠡᠶᠢᠯᠡᠨ ᠡᠯᠡᠰᠦ ᠶᠢ ᠵᠠᠰᠠᠬᠤ ᠳᠤ ᠣᠷᠣᠯᠴᠠᠭᠤᠯᠬᠤ ᠪᠤᠲᠠᠲᠠᠢ ᠠᠵᠢᠯᠯᠠᠭ᠎ᠠ ᠪᠤᠯᠬᠤ ᠶᠤᠮ᠃ ᠪᠦᠬᠦ ᠨᠡᠶᠢᠬᠡᠮ  ᠢᠶᠠᠷ ᠢᠶᠠᠨ ᠨᠣᠭᠤᠭᠠᠷᠠᠭᠤᠯᠤᠯᠲᠠ ᠳᠤ ᠣᠷᠤᠯᠴᠠᠬᠤ᠂ ᠨᠣᠭᠤᠭᠠᠷᠠᠭᠤᠯᠤᠯᠲᠠ ᠶᠢ ᠬᠠᠮᠠᠭᠠᠯᠠᠬᠤ᠂ ᠨᠣᠭᠤᠭᠠᠷᠠᠭᠤᠯᠤᠯᠲᠠ ᠶᠢ ᠬᠠᠶᠢᠷᠠᠯᠠᠬᠤ ᠣᠬᠢ ᠰᠠᠶᠢᠨ ᠠᠭᠤᠷ ᠠᠮᠢᠰᠬᠤᠯ ᠢ ᠪᠤᠢ ᠪᠤᠯᠭᠠᠬᠤ ᠶᠢᠨ ᠲᠤᠰᠠᠳᠠ᠂ ᠲᠤᠰ ᠣᠳᠠᠭᠠᠨ ᠤ ᠬᠠᠪᠤᠷ ᠤᠨ ᠣᠯᠠᠷᠢᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭᠠᠨ ᠢ ᠪᠦᠬᠦ ᠬᠤᠰᠢᠭᠤᠨ ᠤ ᠡᠯ᠎ᠡ ᠪᠠᠯᠭᠠᠰᠣ᠂ ᠡᠯ᠎ᠡ ᠰᠠᠯᠠᠭ᠎ᠠ ᠮᠦᠴᠢᠷ᠂ ᠭᠠᠴᠠᠭ᠎ᠠ ᠲᠤᠰᠬᠤᠨ᠂ ᠬᠤᠰᠢᠭᠤᠨ ᠳᠤ ᠰᠠᠭᠤᠭ᠎ᠠ ᠠᠵᠤ ᠠᠬᠤᠶᠢᠯᠠᠯ ᠵᠡᠷᠭᠡᠪᠡᠷ ᠬᠦᠳᠡᠯᠦᠯᠴᠡᠵᠦ᠂ ᠨᠢᠬᠡ ᠭᠠᠷᠠᠭ ᠤᠨ ᠴᠠᠭ ᠢ ᠠᠰᠢᠭᠯᠠᠨ᠂ 15000 ᠭᠠᠷᠤᠢ ᠮᠣ᠋ ᠭᠠᠵᠠᠷ ᠤᠨ ᠡᠯᠡᠰᠦ ᠶᠢ ᠲᠤᠭᠲᠠᠪᠤᠷᠢᠵᠢᠭᠤᠯᠤᠨ ᠨᠣᠭᠤᠭᠠᠷᠠᠭᠤᠯᠬᠤ ᠡᠬᠦᠷᠭᠡ ᠶᠢ ᠪᠡᠶᠡᠯᠡᠬᠦᠯᠬᠦ ᠪᠠᠷ ᠲᠦᠯᠦᠪᠯᠡᠵᠦ ᠪᠤᠢ᠃
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ