ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠬᠤᠲᠠ ᠶᠢᠨ ᠳᠡᠳ᠋ ᠳᠠᠷᠤᠭ᠎ᠠ ᠬᠤᠸᠠᠩ ᠶᠠᠨ ᠵᠠᠩ ᠣᠲᠤᠭ ᠤᠨ ᠡᠮᠦᠨᠡᠲᠦ ᠬᠤᠰᠢᠭᠤᠨ  ᠳᠤ ᠪᠠᠶᠢᠴᠠᠭᠠᠨ ᠰᠣᠳᠣᠯᠣᠯᠲᠠ ᠬᠢᠪᠡ
ᠨᠡᠶᠢᠲᠡᠯᠡᠭᠰᠡᠨ ᠴᠠᠭ᠄
2025/3/21
     ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠬᠢᠷᠠᠭᠤᠯᠤᠯᠲᠠ ᠪᠠᠶᠢᠷᠢᠯᠠᠭᠤᠯᠤᠯᠲᠠ ᠶᠤᠰᠤᠭᠠᠷ᠂ ᠠᠮᠢ ᠠᠬᠤᠢ ᠣᠷᠴᠢᠨ ᠲᠤᠭᠤᠷᠢᠨ ᠤ ᠠᠰᠠᠭᠤᠳᠠᠯ ᠤᠨ  ᠲᠤᠶᠢᠯᠪᠤᠷᠢᠲᠠᠢ ᠪᠠᠶᠢᠴᠠᠭᠠᠯᠲᠠ ᠴᠡᠭᠴᠡᠯᠡᠯᠲᠡ ᠶᠢᠨ ᠰᠢᠪᠲᠤᠯᠤᠯᠲᠠ ᠶᠢᠨ ᠠᠵᠢᠯᠯᠠᠭᠠᠨ ᠵᠢᠴᠢ ︽ᠵᠢᠷᠭᠤᠭᠠᠨ ᠠᠵᠢᠯᠯᠠᠭ᠎ᠠ︾ ᠶᠢ ᠨᠠᠶᠢᠲᠠᠪᠤᠷᠢᠵᠢᠭᠤᠯᠤᠭᠰᠠᠨ ᠪᠠᠶᠢᠳᠠᠯ ᠤᠨ ᠲᠤᠭᠤᠷᠢᠨ ᠳᠤ᠂ 3 ᠰᠠᠷ᠎ᠠ ᠶᠢᠨ 19 ᠤ ᠡᠳᠦᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠬᠤᠲᠠ  ᠶᠢᠨ ᠳᠡᠳ᠋ ᠳᠠᠷᠤᠭ᠎ᠠ ᠬᠤᠸᠠᠩ ᠶᠠᠨ ᠵᠠᠩ ᠣᠲᠤᠭ ᠤᠨ ᠡᠮᠦᠨᠡᠲᠦ ᠬᠤᠰᠢᠭᠤᠨ ᠳᠤ ᠪᠠᠶᠢᠴᠠᠭᠠᠨ ᠰᠣᠳᠣᠯᠬᠤ ᠶᠢᠨ ᠬᠠᠮᠲᠤ ᠰᠠᠭᠤᠳᠠᠯ ᠤᠨ ᠬᠤᠷᠠᠯ ᠬᠢᠪᠡ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠶᠠᠩ ᠶᠢᠩ ᠰᠢᠨ ᠰᠠᠭᠤᠳᠠᠯ ᠤᠨ ᠬᠤᠷᠠᠯ ᠢ ᠡᠷᠬᠢᠯᠡᠪᠡ᠃     ᠰᠠᠭᠤᠳᠠᠯ ᠤᠨ ᠬᠤᠷᠠᠯ ᠳᠡᠭᠡᠷ᠎ᠡ᠂ ᠪᠠᠶᠢᠴᠠᠭᠠᠯᠲᠠ ᠶᠢᠨ ᠳᠣᠭᠤᠶᠢᠯᠠᠩ ︽ᠵᠢᠷᠭᠤᠭᠠᠨ ᠠᠵᠢᠯᠯᠠᠭ᠎ᠠ︾᠂ ᠣᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢᠨ ᠠᠰᠠᠭᠤᠳᠠᠯ ᠤᠨ ᠴᠡᠭᠴᠡᠯᠡᠯᠲᠡ᠂ ᠲᠠᠯ᠎ᠠ ᠨᠤᠲᠤᠭ ᠤᠨ ᠠᠯᠠᠭᠠᠳᠠᠬᠤ ᠪᠦᠮᠪᠦᠭᠡ ᠶᠢᠨ ᠰᠣᠶᠣᠯ ᠪᠡᠶ᠎ᠡ ᠲᠠᠮᠢᠷ ᠵᠢᠭᠤᠯᠴᠢᠯᠠᠯ ᠤᠨ ᠠᠭᠤᠰᠣᠯᠴᠠᠯ᠂ ᠲᠡᠣᠭᠡ ᠶᠢᠨ ᠳᠣᠷᠠᠰᠬᠠᠯᠲᠤ ᠵᠦᠢᠯ ᠤᠨ ᠬᠠᠮᠠᠭᠠᠯᠠᠯᠲᠠ᠂ ᠬᠠᠳᠣᠨ ᠲᠤᠬᠤᠢ ᠶᠢᠨ ᠰᠣᠶᠣᠯ ᠵᠢᠭᠤᠯᠴᠢᠯᠠᠯ ᠤᠨ ᠠᠵᠢᠯᠯᠠᠭᠠᠨ ᠵᠡᠷᠭᠡ ᠠᠵᠢᠯ ᠤᠨ ᠬᠠᠷᠢᠭᠤ ᠮᠡᠳᠡᠬᠦᠯᠦᠯᠲᠡ  ᠶᠢ ᠰᠣᠨᠣᠰᠪᠠ᠃     ᠬᠤᠷᠠᠯ ᠠᠴᠠ ᠣᠯᠣᠰ ᠲᠦᠷᠦ ᠶᠢᠨ ᠵᠤᠭᠰᠣᠴᠠ ᠪᠠᠨ ᠳᠡᠭᠡᠭᠰᠢᠯᠡᠬᠦᠯᠵᠦ᠂ ᠠᠮᠢ ᠠᠬᠤᠢ ᠣᠷᠴᠢᠨ ᠬᠠᠮᠠᠭᠠᠯᠠᠯᠲᠠ ᠶᠢᠨ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠪᠤᠲᠠᠲᠠᠶᠢᠵᠢᠭᠤᠯᠤᠨ᠂ ᠱᠠᠭᠠᠷᠳᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠪᠠ ᠣᠯᠠᠨ ᠲᠦᠮᠡᠨ ᠤ ᠲᠤᠰᠬᠠᠯ ᠶᠡᠬᠡᠲᠡᠢ ᠠᠮᠢ ᠠᠬᠤᠢ ᠣᠷᠴᠢᠨ ᠬᠠᠮᠠᠭᠠᠯᠠᠯᠲᠠ ᠶᠢᠨ ᠠᠰᠠᠭᠤᠳᠠᠯ ᠤᠨ ᠴᠡᠭᠴᠡᠯᠡᠯᠲᠡ ᠶᠢ ᠴᠢᠩᠭ᠎ᠠ ᠪᠤᠲᠠᠲᠠᠢ ᠠᠳᠬᠤᠵᠤ᠂ ᠪᠦᠬᠦ ᠬᠤᠰᠢᠭᠤᠨ ᠤ ᠠᠮᠢ ᠠᠬᠤᠢ ᠣᠷᠴᠢᠨ ᠬᠠᠮᠠᠭᠠᠯᠠᠯᠲᠠ ᠳᠤ ᠣᠷᠣᠰᠢᠵᠦ ᠪᠠᠶᠢᠭ᠎ᠠ ᠠᠰᠠᠭᠤᠳᠠᠯ ᠤᠨ ᠲᠤᠲᠠᠭᠤᠳᠠᠯ ᠢ ᠪᠦᠬᠦ ᠲᠠᠯ᠎ᠠ ᠪᠠᠷ ᠡᠮᠬᠢᠯᠡᠵᠦ ᠴᠡᠭᠴᠡᠯᠡᠨ᠂ ᠬᠠᠳᠠᠭᠠᠯᠠᠭᠳᠠᠴᠠ ᠪᠠᠨ ᠴᠦᠬᠡᠳᠬᠡᠨ ᠨᠡᠮᠡᠭᠳᠡᠯ ᠢᠶᠠᠨ ᠪᠠᠭᠠᠰᠬᠠᠵᠤ᠂ ᠴᠡᠭ ᠢᠶᠠᠷ ᠨᠠᠶᠢᠲᠠᠮ ᠢ ᠳᠠᠶᠢᠴᠢᠯᠠᠨ᠂ ᠠᠮᠢ ᠠᠬᠤᠢ ᠣᠷᠴᠢᠨ ᠬᠠᠮᠠᠭᠠᠯᠠᠯᠲᠠ ᠶᠢᠨ ᠳᠠᠭᠠᠭᠠᠮᠠᠭᠠᠢ ᠲᠤᠭᠲᠠᠴᠠ ᠶᠢ ᠲᠠᠰᠣᠷᠠᠯᠲᠠ ᠦᠬᠡᠢ ᠳᠡᠭᠦᠯᠳᠡᠷᠵᠢᠬᠦᠯᠵᠦ᠂ ᠴᠡᠭᠴᠡᠯᠡᠯᠲᠡ ᠶᠢᠨ ᠠᠵᠢᠯ ᠤᠨ ᠴᠢᠨᠠᠷ ᠪᠦᠲᠦᠮᠵᠢ ᠶᠢ ᠦᠨᠡᠨ ᠬᠦ ᠳᠡᠭᠡᠭᠰᠢᠯᠡᠬᠦᠯᠬᠦ ᠬᠡᠷᠡᠭᠲᠡᠢ᠃ ︽ᠵᠢᠷᠭᠤᠭᠠᠨ ᠠᠵᠢᠯᠯᠠᠭ᠎ᠠ︾ ᠶᠢ ᠯᠠᠪᠳᠠᠭᠤᠨ ᠪᠠᠲᠤᠲᠠᠢ ᠪᠠᠷ ᠦᠷᠨᠢᠬᠦᠯᠦᠨ᠂ ᠲᠠᠯ᠎ᠠ ᠨᠤᠲᠤᠭ ᠤᠨ ᠠᠯᠠᠭᠠᠳᠠᠬᠤ ᠪᠦᠮᠪᠦᠭᠡ ᠶᠢᠨ ᠨᠦᠯᠦᠬᠡᠯᠡᠬᠦ ᠬᠦᠴᠦᠨ ᠳᠤ ᠬᠦᠢᠴᠡᠳ ᠲᠦᠰᠢᠭᠯᠡᠵᠦ᠂ ᠣᠲᠤᠭ ᠤᠨ ᠡᠮᠦᠨᠡᠲᠦ ᠬᠤᠰᠢᠭᠤᠨ ᠤ ᠣᠮᠠᠷᠠᠲᠤ ᠬᠢᠯᠢ ᠶᠢᠨ ᠰᠣᠶᠣᠯ ᠤᠨ ᠣᠨᠴᠠᠯᠢᠭᠲᠤ ᠨᠡᠷ᠎ᠡ ᠲᠡᠮᠲᠡᠭ ᠤᠨ ᠪᠠᠶᠢᠭᠤᠯᠤᠯᠲᠠ ᠶᠢ ᠴᠢᠩᠭᠠᠳᠬᠠᠨ᠂ ᠰᠣᠶᠣᠯ ᠤᠨ ᠦᠪ ᠬᠦᠷᠦᠩᠭᠡ ᠶᠢᠨ ᠣᠯᠠᠮᠵᠢᠯᠠᠯ ᠬᠠᠮᠠᠭᠠᠯᠠᠯᠲᠠ ᠪᠠᠨ ᠴᠢᠩᠭᠠᠷᠠᠭᠤᠯᠤᠨ᠂ ᠰᠣᠶᠣᠯ ᠣᠷᠠᠯᠢᠭ ᠤᠨ ᠰᠣᠳᠣᠨ ᠪᠦᠲᠦᠬᠡᠯ ᠤᠨ ᠡᠬᠦᠳᠦᠯᠲᠡ ᠶᠢ ᠠᠬᠢᠭᠤᠯᠵᠤ᠂ ᠰᠣᠶᠣᠯ ᠵᠢᠭᠤᠯᠴᠢᠯᠠᠯ ᠤᠨ ᠬᠦᠨᠵᠡᠬᠡᠢ ᠠᠭᠤᠰᠤᠯᠴᠠᠯ ᠬᠦᠭᠵᠢᠯᠲᠡ ᠶᠢ ᠠᠬᠢᠭᠤᠯᠤᠨ᠂ ᠣᠰᠣᠨ ᠰᠣᠷᠪᠣᠯᠵᠢ ᠶᠢᠨ ᠲᠤᠬᠢᠷᠠᠭᠤᠯᠤᠯᠲᠠ ᠶᠢ ᠰᠢᠨᠵᠢᠯᠡᠬᠦ ᠣᠬᠠᠭᠠᠨᠴᠢ ᠪᠠᠷ ᠰᠢᠯᠢᠳᠡᠭᠵᠢᠬᠦᠯᠵᠦ᠂ ᠲᠠᠷᠢᠶᠠᠯᠠᠩ ᠤᠨ ᠦᠢᠯᠡᠰ ᠤᠨ ᠣᠰᠣᠨ ᠦᠨ᠎ᠡ ᠶᠢᠨ ᠶᠠᠷᠦᠩᠬᠡᠶᠢᠯᠡᠭᠰᠡᠨ ᠴᠢᠨᠠᠷᠲᠠᠢ ᠦᠬᠡᠷᠡᠴᠢᠯᠡᠯᠲᠡ ᠶᠢ ᠬᠦᠨᠵᠡᠬᠡᠶᠢᠷᠡᠬᠦᠯᠦᠨ᠂ ︽ᠵᠢᠷᠭᠤᠭᠠᠨ ᠠᠵᠢᠯᠯᠠᠭ᠎ᠠ︾ ᠶᠢᠨ ᠡᠯ᠎ᠡ ᠲᠦᠷᠦᠯ ᠤᠨ ᠠᠵᠢᠯ ᠢ ᠲᠦᠯᠦᠪᠵᠢᠬᠦᠯᠦᠨ ᠠᠬᠢᠭᠤᠯᠬᠤ ᠬᠡᠷᠡᠭᠲᠡᠢ ᠬᠡᠵᠦ ᠴᠢᠬᠤᠯᠠᠴᠢᠯᠠᠪᠠ᠃     ᠡᠨᠡᠬᠦ ᠬᠤᠭᠤᠴᠠᠭᠠᠨ ᠳᠤ᠂ ᠪᠠᠶᠢᠴᠠᠭᠠᠯᠲᠠ ᠶᠢᠨ ᠳᠣᠭᠤᠶᠢᠯᠠᠩ ᠪᠠᠰᠠ ᠬᠤᠰᠢᠭᠤ ᠨᠣᠮ ᠤᠨ ᠰᠠᠩ᠂ ᠮᠦᠽᠸᠢ᠂ ᠲᠠᠷᠢᠶᠠᠯᠠᠩ ᠤᠨ ᠦᠢᠯᠡᠰ ᠤᠨ ᠣᠰᠣᠨ ᠦᠨ᠎ᠡ ᠶᠢᠨ ᠶᠠᠷᠦᠩᠬᠡᠶᠢᠯᠡᠭᠰᠡᠨ ᠴᠢᠨᠠᠷᠲᠠᠢ ᠦᠬᠡᠷᠡᠴᠢᠯᠡᠯᠲᠡ ᠶᠢᠨ ᠳᠣᠬᠢᠷᠠᠭᠤᠯᠤᠯᠲᠠ ᠶᠢᠨ ᠲᠦᠪ᠂ ᠭᠠᠵᠠᠷ ᠳᠣᠣᠷᠠᠬᠢ ᠣᠰᠣᠨ ᠤ ᠬᠡᠲᠦ ᠠᠰᠢᠭᠯᠠᠯᠲᠠ ︵ᠣᠰᠣᠨ ᠠᠮᠢ ᠠᠬᠤᠢ︶ ᠶᠢᠨ ᠶᠡᠷᠦᠩᠬᠡᠶᠢᠯᠡᠭᠰᠡᠨ  ᠵᠠᠰᠠᠯᠲᠠ ᠶᠢᠨ ᠢᠨᠵᠧᠨᠧᠷᠢᠩ ᠤᠨ ᠣᠰᠣ ᠴᠡᠪᠡᠷᠰᠢᠬᠦᠯᠬᠦ ᠦᠢᠯᠡᠳᠪᠦᠷᠢ ᠵᠡᠷᠭᠡ ᠭᠠᠵᠠᠷ ᠢᠶᠠᠷ ᠪᠠᠶᠢᠴᠠᠭᠠᠨ ᠰᠣᠳᠣᠯᠪᠠ᠃
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ