ᠠᠷᠪᠠᠳᠣᠭᠠᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠨᠡᠢᠮᠡᠳᠤᠭᠠᠷ ᠡᠬᠡᠯᠵᠢ ᠶᠢᠨ ᠲᠤᠭᠤᠷᠢᠨ ᠪᠠᠶᠢᠴᠠᠭᠠᠯᠲᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2025/3/21
     3 ᠰᠠᠷ᠎ᠠ ᠶᠢᠨ 20 ᠤ ᠡᠳᠦᠷ ᠠᠷᠪᠠᠳᠣᠭᠠᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠨᠡᠢᠮᠡᠳᠤᠭᠠᠷ ᠡᠬᠡᠯᠵᠢ ᠶᠢᠨ ᠲᠤᠭᠤᠷᠢᠨ ᠪᠠᠶᠢᠴᠠᠭᠠᠯᠲᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠣᠪᠠ᠃ ᠬᠤᠰᠢᠭᠤ ᠣᠳᠣᠷᠢᠳᠣᠯᠭ᠎ᠠ ᠵᠣᠣ ᠷᠦᠢ ᠳ᠋ᠦᠩ᠂ ᠸᠠᠩ ᠬᠤᠤ ᠷᠡᠨ ᠬᠤᠷᠠᠯ ᠳᠤ ᠣᠷᠣᠯᠴᠠᠨ ᠶᠠᠷᠢᠶ᠎ᠠ ᠲᠠᠯᠪᠢᠪᠠ᠃     ᠬᠤᠷᠠᠯ ᠠᠴᠠ ᠦᠵᠡᠯᠲᠡ ᠲᠠᠨᠢᠯᠲᠠ ᠪᠠᠨ ᠳᠡᠭᠡᠭᠰᠢᠯᠡᠬᠦᠯᠵᠦ᠂ ᠲᠤᠭᠤᠷᠢᠨ ᠪᠠᠶᠢᠴᠠᠭᠠᠯᠲᠠ ᠶᠢᠨ ᠠᠵᠢᠯ ᠤᠨ ᠴᠢᠬᠤᠯᠠ ᠠᠴᠢ ᠬᠤᠯᠪᠤᠭᠳᠠᠯ ᠢ ᠬᠦᠨᠵᠡᠬᠡᠢ ᠣᠶᠢᠯᠠᠭᠠᠬᠤ ᠬᠡᠷᠡᠭᠲᠡᠢ᠃ ᠨᠠᠮ ᠢᠶᠠᠨ ᠪᠦᠬᠦ ᠲᠠᠯ᠎ᠠ ᠪᠠᠷ ᠴᠢᠩᠭ᠎ᠠ ᠵᠠᠰᠠᠬᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠨᠠᠮ ᠤᠨ ᠲᠦᠪ ᠬᠤᠷᠢᠶ᠎ᠠ ᠶᠢᠨ ᠰᠢᠢᠳᠪᠦᠷᠢ᠂ ᠦᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠪᠠ ᠬᠤᠰᠢᠭᠤ ᠨᠠᠮ ᠤᠨ ᠬᠤᠷᠢᠶᠠᠨ ᠤ ᠱᠠᠭᠠᠷᠳᠠᠯᠭ᠎ᠠ ᠶᠢ ᠨᠠᠶᠢᠲᠠᠪᠤᠷᠢᠵᠢᠭᠤᠯᠤᠨ ᠠᠬᠢᠭᠤᠯᠬᠤ ᠬᠡᠷᠡᠭᠲᠡᠢ᠃ ᠴᠢᠭᠯᠡᠯᠲᠦ ᠴᠢᠨᠠᠷᠲᠠᠢ ᠪᠠᠷ ᠬᠦᠴᠦᠯᠡᠨ᠂ ᠲᠤᠭᠤᠷᠢᠨ ᠪᠠᠶᠢᠴᠠᠭᠠᠯᠲᠠ ᠶᠢᠨ ᠬᠢᠨᠠᠯᠲᠠ ᠲᠠᠯᠪᠢᠬᠤ ᠴᠢᠨᠠᠷ ᠪᠦᠲᠦᠮᠵᠢ ᠶᠢ ᠲᠠᠰᠣᠷᠠᠯᠲᠠ ᠦᠬᠡᠢ ᠳᠡᠭᠡᠭᠰᠢᠯᠡᠬᠦᠯᠬᠦ ᠬᠡᠷᠡᠭᠲᠡᠢ᠃ ᠲᠤᠭᠤᠷᠢᠨ ᠪᠠᠶᠢᠴᠭᠠᠠᠯᠲᠠ ᠶᠢᠨ  ᠭᠤᠤᠯᠳᠠᠯᠠᠭ᠎ᠠ ᠂ ᠡᠷᠬᠡ ᠬᠠᠷᠢᠭᠤᠴᠠᠯᠭ᠎ᠠ ᠳᠤ ᠠᠩᠬᠠᠷᠤᠯ  ᠢᠶᠠᠨ ᠲᠦᠪᠯᠡᠷᠡᠬᠦᠯᠵᠦ᠂ ᠨᠢᠬᠡᠳᠦᠬᠡᠷ ᠬᠠᠷᠢᠭᠤᠴᠠᠯᠭᠠᠲᠠᠨ ᠪᠠ ᠣᠳᠣᠷᠢᠳᠬᠤ ᠪᠠᠭ ᠤᠨ ᠬᠢᠨᠠᠯᠲᠠ ᠶᠢᠨ ᠪᠦᠲᠦᠮᠵᠢ ᠶᠢ ᠴᠢᠩᠭᠠᠳᠬᠠᠨ᠂  ᠪᠠᠶᠢᠴᠠᠭᠠᠭᠳᠠᠬᠤ ᠪᠠᠶᠢᠭᠤᠯᠭ᠎ᠠ ᠨᠢᠬᠡᠴᠡ ᠠᠴᠠ ᠳᠦᠷᠢᠮ ᠲᠤᠭᠲᠠᠭᠠᠯ ᠢᠶᠠᠨ ᠪᠠᠶᠢᠭᠤᠯᠤᠨ ᠲᠡᠬᠦᠯᠳᠡᠷᠵᠢᠬᠦᠯᠬᠦ ᠪᠠᠨ ᠦᠨᠡᠨ ᠬᠦ ᠠᠬᠢᠭᠤᠯᠵᠤ᠂ ᠦᠩᠭᠡᠨ ᠲᠠᠯ᠎ᠠ ᠪᠠ ᠦᠨᠳᠦᠰᠦᠨ ᠠᠴᠠ ᠨᠢ ᠵᠡᠷᠭᠡᠪᠡᠷ ᠵᠠᠰᠠᠬᠤ᠂ ᠪᠠᠶᠢᠩᠭᠤ ᠳᠠᠭᠠᠭᠠᠮᠠᠭᠠᠢ ᠬᠠᠮᠢᠶᠠᠷᠤᠯᠲᠠ ᠶᠢ ᠪᠡᠶᠡᠯᠡᠬᠦᠯᠬᠦ ᠬᠡᠷᠡᠭᠲᠡᠢ᠃ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠤᠨ᠂ ᠲᠤᠭᠤᠷᠢᠨ ᠪᠠᠶᠢᠴᠠᠭᠠᠯᠲᠠ ᠶᠢᠨ ᠠᠵᠢᠯ ᠤᠨ ᠴᠢᠨᠠᠷᠯᠢᠭ ᠬᠦᠭᠵᠢᠯᠲᠡ ᠶᠢ ᠯᠠᠪᠳᠠᠭᠤᠨ ᠪᠠᠲᠤᠲᠠᠢ ᠪᠠᠷ ᠠᠬᠢᠭᠤᠯᠬᠤ ᠬᠡᠷᠡᠭᠲᠡᠢ᠃ ᠬᠠᠮᠲᠤ ᠶᠢᠨ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ᠲᠤᠭᠤᠷᠢᠨ ᠪᠠᠶᠢᠴᠠᠭᠠᠯᠲᠠ ᠶᠢᠨ ᠳᠣᠭᠤᠶᠢᠯᠠᠩ ᠠᠴᠠ ᠠᠵᠢᠯ ᠤᠨ ᠲᠦᠰᠦᠯ ᠢᠶᠠᠨ ᠰᠢᠨᠵᠢᠯᠡᠬᠦ ᠣᠬᠠᠭᠠᠨᠴᠢ ᠪᠠᠷ ᠲᠤᠭᠲᠠᠭᠠᠨ᠂ ᠨᠠᠷᠢᠯᠢᠭ ᠣᠨᠣᠪᠴᠢᠲᠠᠢ ᠪᠠᠷ ᠠᠰᠠᠭᠤᠳᠠᠯ ᠢ ᠢᠯᠡᠷᠡᠬᠦᠯᠦᠨ ᠵᠠᠳᠠᠯᠵᠣ ᠬᠠᠷᠢᠭᠤ ᠲᠤᠰᠬᠠᠬᠤ ᠬᠡᠷᠡᠭᠲᠡᠢ᠃ ᠪᠠᠶᠢᠴᠠᠭᠠᠭᠳᠠᠬᠤ ᠪᠠᠶᠢᠭᠤᠯᠭ᠎ᠠ ᠨᠢᠬᠡᠴᠡ ᠠᠴᠠ ᠲᠤᠭᠤᠷᠢᠨ ᠪᠠᠶᠢᠴᠠᠭᠠᠯᠲᠠ ᠶᠢᠨ ᠠᠵᠢᠯ ᠳᠤ ᠢᠳᠡᠪᠬᠢᠲᠡᠢ  ᠪᠠᠷ ᠬᠠᠮᠵᠢᠯᠴᠠᠬᠤ ᠬᠡᠷᠡᠭᠲᠡᠢ᠃ ᠡᠯ᠎ᠡ ᠬᠠᠮᠵᠢᠯᠴᠠᠬᠤ ᠰᠠᠯᠠᠭ᠎ᠠ ᠮᠦᠴᠢᠷ ᠠᠴᠠ ᠵᠤᠬᠢᠴᠠᠭᠤᠯᠤᠨ ᠬᠤᠯᠪᠤᠭᠠᠯᠠᠵᠤ᠂ ᠬᠠᠮᠲᠤᠪᠡᠷ ︽ᠭᠠᠷᠮᠠᠭᠠᠶᠢᠯᠠᠨ ᠳᠠᠪᠰᠢᠬᠤ ᠣᠲᠤᠭ  ᠤᠨ ᠡᠮᠦᠨᠡᠲᠦ ᠬᠤᠰᠢᠭᠤᠨ ᠤ ᠳᠦᠷᠪᠡᠨ ᠣᠷᠣᠨ ᠤ ᠪᠠᠶᠢᠭᠤᠯᠤᠯᠲᠠ︾ ᠶᠢᠨ ᠳᠡᠰ ᠳᠡᠪᠰᠢᠯᠲᠡ ᠳᠤ ᠬᠦᠴᠦᠲᠦ ᠪᠠᠲᠤᠯᠠᠭ᠎ᠠ ᠬᠠᠩᠭᠠᠬᠤ ᠬᠡᠷᠡᠭᠲᠡᠢ ᠬᠡᠵᠦ ᠴᠢᠬᠤᠯᠠᠴᠢᠯᠠᠪᠠ᠃     ᠬᠤᠰᠢᠭᠤ ᠨᠠᠮ ᠤᠨ ᠬᠤᠷᠢᠶ᠎ᠠ ᠪᠠᠷ ᠵᠦᠪᠰᠢᠶᠡᠷᠡᠬᠦᠯᠦᠭᠡᠳ᠂ ᠲᠤᠰ ᠡᠬᠡᠯᠵᠢ ᠳᠤ ᠲᠠᠪᠤᠨ ᠳᠣᠭᠤᠶᠢᠯᠠᠩ ᠲᠤᠮᠢᠯᠠᠵᠦ᠂ ᠬᠤᠰᠢᠭᠤ ᠨᠠᠮ ᠤᠨ ᠬᠤᠷᠢᠶᠠᠨ ᠤ ᠣᠬᠠᠭᠤᠯᠬᠤ ᠬᠡᠯᠲᠡᠰ᠂   ᠬᠤᠰᠢᠭᠤ ᠨᠠᠮ ᠤᠨ ᠬᠤᠷᠢᠶᠠᠨ ᠤ ᠨᠢᠬᠡᠳᠦᠮᠡᠯ ᠹᠷᠣᠨᠲ ᠤᠨ ᠬᠡᠯᠲᠡᠰ᠂ ᠬᠤᠰᠢᠭᠤ ᠨᠠᠮ ᠤᠨ ᠬᠤᠷᠢᠶᠠᠨ ᠤ ᠣᠯᠣᠰ ᠲᠦᠷᠦ ᠬᠠᠣᠯᠢ ᠴᠠᠭᠠᠵᠠ ᠶᠢᠨ ᠵᠦᠪᠯᠡᠯ᠂ ᠬᠤᠰᠢᠭᠤ ᠨᠠᠮ ᠤᠨ ᠬᠤᠷᠢᠶᠠᠨ ᠤ ᠨᠢᠭᠤᠴᠠ ᠶᠢ ᠬᠠᠮᠠᠭᠠᠯᠠᠬᠤ ᠴᠢᠬᠤᠯᠠ ᠨᠢᠭᠤᠴᠠ ᠶᠢᠨ ᠳᠣᠪᠴᠢᠶ᠎ᠠ᠂ ᠬᠠᠮ ᠵᠠᠭᠤᠴᠢᠯᠠᠭᠤᠷ ᠤᠨ ᠲᠦᠪ᠂ ᠠᠷᠠᠳ ᠤᠨ ᠰᠢᠬᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ᠂ ᠲᠤᠲᠤᠭᠠᠲᠤ ᠶᠢ ᠬᠠᠮᠠᠭᠠᠯᠠᠬᠤ ᠳᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠳᠣᠪᠴᠢᠶ᠎ᠠ᠂ ᠬᠠᠩᠭᠠᠨ ᠪᠤᠷᠤᠯᠠᠭᠤᠯᠬᠤ ᠬᠤᠷᠰᠢᠶ᠎ᠠ᠂ ᠬᠤᠲᠠ ᠶᠢᠨ ᠬᠠᠮᠢᠶᠠᠷᠤᠯᠲᠠ  ᠶᠢᠨ ᠶᠡᠷᠦᠩᠬᠡᠶᠢᠯᠡᠭᠰᠡᠨ ᠬᠠᠣᠯᠢ ᠬᠡᠷᠡᠭᠵᠢᠬᠦᠯᠬᠦ ᠳᠣᠪᠴᠢᠶ᠎ᠠ ᠵᠡᠷᠭᠡ 12 ᠪᠠᠶᠢᠭᠤᠯᠭ᠎ᠠ ᠨᠢᠬᠡᠴᠡ ᠶᠢᠨ ᠨᠠᠮ ᠤᠨ ᠵᠤᠬᠢᠶᠠᠨ ᠪᠠᠶᠢᠭᠤᠯᠤᠯᠲᠠ ᠳᠤ ᠬᠡᠪ ᠤᠨ ᠲᠤᠭᠤᠷᠢᠨ ᠪᠠᠶᠢᠴᠠᠭᠠᠯᠲᠠ ᠶᠠᠪᠤᠭᠳᠠᠭᠤᠯᠵᠤ᠂ ᠱᠠᠩᠬᠠᠢ ᠶᠢᠨ ᠰᠦᠮ᠎ᠡ ᠪᠠᠯᠭᠠᠰᠣᠨ ᠤ 9 ᠭᠠᠴᠠᠭ᠎ᠠ ᠲᠤᠰᠬᠤᠨ ︵ᠨᠡᠶᠢᠬᠡᠮ ᠲᠤᠭᠤᠷᠢᠭ︶ ᠤ ᠨᠠᠮ ᠤᠨ ᠵᠤᠬᠢᠶᠠᠨ ᠪᠠᠶᠢᠭᠤᠯᠤᠯᠲᠠ  ᠳᠤ ᠭᠠᠴᠠᠭ᠎ᠠ ᠲᠤᠰᠬᠤᠨ ᠤ ᠲᠡᠰ ᠤᠨ ᠲᠤᠭᠤᠷᠢᠨ ᠪᠠᠶᠢᠴᠠᠭᠠᠯᠲᠠ ᠶᠠᠪᠤᠭᠳᠠᠭᠤᠯᠤᠨ᠎ᠠ᠃
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ