ᠬᠤᠰᠢᠭᠤ ᠨᠠᠮ ᠤᠨ ᠬᠤᠷᠢᠶ᠎ᠠ ᠶᠢᠨ ᠠᠷᠪᠠᠳᠣᠭᠠᠷ ᠬᠤᠭᠤᠴᠠᠭᠠᠨ ᠤ 99 ᠳ᠋ᠣᠭᠡᠷ ᠣᠳᠠᠭᠠᠨ ᠤ ᠪᠠᠶᠢᠩᠭᠤ ᠶᠢᠨ ᠬᠤᠷᠢᠶ᠎ᠠ ᠵᠢᠴᠢ ᠬᠤᠰᠢᠭᠤ ᠨᠠᠮ ᠤᠨ ᠬᠤᠷᠢᠶ᠎ᠠ  ᠶᠢᠨ ᠨᠠᠮ ᠤᠨ ᠪᠠᠶᠢᠭᠤᠯᠣᠯᠳᠠ ᠶᠢᠨ ᠠᠵᠢᠯ ᠤᠨ ᠣᠳᠣᠷᠢᠳᠬᠤ ᠲᠣᠭᠤᠶᠢᠯᠠᠩ ᠤᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2025/3/24
     3 ᠰᠠᠷ᠎ᠠ ᠶᠢᠨ 21 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠱᠦᠵᠢ ᠸᠠᠩ ᠢᠦᠢ ᠴᠢᠶᠠᠩ ᠬᠤᠰᠢᠭᠤ ᠨᠠᠮ ᠤᠨ ᠬᠤᠷᠢᠶ᠎ᠠ ᠶᠢᠨ ᠠᠷᠪᠠᠳᠣᠭᠠᠷ ᠬᠤᠭᠤᠴᠠᠭᠠᠨ ᠤ 99 ᠳ᠋ᠣᠭᠡᠷ ᠣᠳᠠᠭᠠᠨ ᠤ ᠪᠠᠶᠢᠩᠭᠤ ᠶᠢᠨ ᠬᠤᠷᠠᠯ ᠵᠢᠴᠢ ᠬᠤᠰᠢᠭᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠣᠯᠳᠠ ᠶᠢᠨ ᠠᠵᠢᠯ ᠤᠨ ᠣᠳᠣᠷᠢᠳᠬᠤ ᠲᠣᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠣᠭᠤᠯᠪᠠ᠃     ᠬᠤᠷᠠᠯ ᠲᠡᠭᠡᠷ᠎ᠡ ᠶᠡᠷᠦᠩᠬᠡᠢ ᠱᠦᠵᠢ ᠰᠢ ᠶᠢᠨ ᠫᠢᠩ ᠤᠨ ᠲᠦᠪ ᠬᠤᠷᠢᠶ᠎ᠠ ᠶᠢᠨ ᠣᠯᠣᠰ ᠲᠦᠷᠦ ᠶᠢᠨ ᠲᠣᠪᠴᠢᠶᠠᠨ ᠤ ᠠᠷᠪᠠ ᠶᠢᠰᠦᠳᠦᠭᠡᠷ ᠣᠳᠠᠭᠠᠨ ᠤ ᠬᠠᠮᠳᠦ ᠶᠢᠨ ᠰᠣᠷᠣᠯᠴᠠᠯᠭ᠎ᠠ ᠶᠢᠨ ᠬᠤᠷᠠᠯ ᠲᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠣᠯᠣᠰ ᠤᠨ ᠠᠷᠠᠳ  ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠣᠭᠠᠷ ᠬᠤᠷᠠᠯ ᠤᠨ ᠵᠢᠶᠠᠩᠰᠦ ᠶᠢᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠭᠦ ᠳᠤ ᠣᠷᠣᠯᠴᠠᠬᠤ ᠦᠶ᠎ᠠ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠪᠦᠬᠦ ᠣᠯᠣᠰ ᠤᠨ ᠣᠯᠣᠰ ᠲᠦᠷᠦ ᠶᠢᠨ ᠵᠦᠪᠯᠡᠯᠭᠡᠨ ᠤ ᠠᠷᠪᠠᠨ ᠲᠦᠷᠪᠡᠳᠦᠭᠡᠷ ᠬᠤᠭᠤᠴᠠᠭᠠᠨ ᠤ ᠭᠤᠷᠪᠠᠳᠣᠭᠠᠷ ᠬᠤᠷᠠᠯ ᠤᠨ ᠲᠣᠮᠳᠠᠳᠦ ᠣᠯᠣᠰ ᠤᠨ ᠠᠷᠠᠳᠴᠢᠯᠠᠭᠰᠠᠨ ᠬᠤᠯᠪᠣᠭ᠎ᠠ ᠲᠣᠮᠳᠠᠳᠦ ᠣᠯᠣᠰ ᠤᠨ ᠠᠷᠠᠳᠴᠢᠯᠠᠯ ᠢᠶᠠᠷ ᠠᠬᠢᠭᠤᠯᠬᠤ ᠵᠦᠪᠯᠡᠯ ᠪᠣᠯᠣᠨ ᠰᠣᠷᠭᠠᠨ ᠬᠦᠮᠦᠵᠢᠯ ᠤᠨ ᠬᠤᠯᠪᠣᠭᠠᠳᠦ ᠲᠣᠭᠤᠶᠢᠯᠠᠩ ᠤᠨ ᠬᠤᠷᠠᠯ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠣᠯᠣᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠣᠭᠠᠷ ᠬᠤᠷᠠᠯ ᠤᠨ ᠴᠢᠯᠦᠭᠡᠯᠡᠭᠦ ᠴᠡᠷᠢᠭ ᠪᠣᠯᠣᠨ ᠵᠡᠪᠰᠡᠩᠳᠦ ᠴᠠᠭᠳᠠᠭᠠᠨ ᠤ ᠴᠡᠷᠢᠭ ᠠᠩᠬᠢ ᠶᠢᠨ ᠲᠦᠯᠦᠭᠡᠯᠡᠭᠴᠢᠳ ᠤᠨ ᠪᠦᠯᠬᠦᠮ ᠤᠨ ᠪᠦᠬᠦᠳᠡ ᠬᠤᠷᠠᠯᠳᠣᠭᠠᠨ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠭᠦᠢᠵᠸᠤ᠂ ᠶᠦᠨᠨᠠᠨ ᠢᠶᠠᠷ ᠲᠣᠭᠤᠷᠢᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠴᠢᠬᠤᠯᠠ ᠦᠬᠦᠯᠡᠮᠵᠢ ︽ᠠᠵᠣ ᠠᠬᠤᠢ ᠶᠢᠨ ᠠᠵᠢᠯ ᠡᠷᠬᠡᠪᠰᠢ ᠬᠡᠳᠦᠨ ᠴᠢᠬᠤᠯᠠ ᠬᠠᠷᠢᠴᠠᠭ᠎ᠠ ᠶᠢ ᠨᠢᠭᠡᠳᠦᠯᠳᠡᠢ ᠰᠠᠶᠢᠳᠦᠷ ᠲᠦᠯᠦᠪᠯᠡᠭᠦ ᠬᠡᠷᠡᠭᠳᠡᠢ︾ ᠪᠣᠯᠣᠨ ︽ᠬᠤᠶᠠᠷ ᠢ ᠣᠭᠳᠦ ᠭᠤᠶᠢᠪᠢᠯᠵᠠᠭᠤᠯᠬᠤ ᠦᠭᠡᠢ ᠶᠢ ᠡᠷᠡᠰ ᠪᠠᠷᠢᠮᠳᠠᠯᠠᠨ ᠨᠠᠶᠢᠳᠠᠪᠦᠷᠢᠵᠢᠭᠤᠯᠬᠤ ᠬᠡᠷᠡᠭᠳᠡᠢ︾ ᠶᠢ ᠣᠯᠠᠮᠵᠢᠯᠠᠨ ᠰᠣᠷᠣᠯᠴᠠᠪᠠ᠃ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠴᠢᠬᠤᠯᠠ ᠦᠬᠦᠯᠡᠮᠵᠢ ᠶᠢᠨ ᠵᠣᠷᠢᠭ ᠰᠠᠨᠠᠭ᠎ᠠ ᠶᠢ ᠰᠣᠷᠣᠯᠴᠠᠨ ᠲᠣᠣᠱᠯᠠᠭᠤᠯᠵᠣ᠂ ᠠᠭᠤᠯᠣᠭᠳᠠᠬᠤᠨ ᠤ ᠮᠦᠨ ᠴᠢᠨᠠᠷ ᠪᠣᠯᠣᠨ ᠣᠬᠢ ᠰᠣᠳᠦ ᠶᠢᠨ ᠣᠳᠬ᠎ᠠ ᠶᠢ ᠡᠵᠡᠮᠳᠡᠨ᠂ ᠣᠳᠦ ᠦᠶ᠎ᠡ ᠶᠢᠨ ᠠᠵᠣ ᠦᠢᠯᠠᠰ ᠤᠨ ᠲᠣᠭᠳᠠᠴᠠ ᠶᠢᠨ ᠪᠠᠶᠢᠭᠤᠯᠣᠯᠳᠠ᠂ ᠦᠭᠡᠷᠡᠴᠢᠯᠠᠯᠳᠡ ᠶᠢᠨ  ᠪᠦᠬᠦ ᠲᠠᠯ᠎ᠠ ᠶᠢᠨ ᠭᠦᠨᠵᠡᠭᠡᠶᠢᠷᠡᠭᠦᠯᠦᠯᠳᠡ᠂ ᠬᠦᠳᠡᠭᠡ ᠲᠣᠰᠬᠤᠨ ᠤ ᠬᠦᠭᠵᠢᠯ ᠮᠠᠨᠳᠣᠯᠳᠠ᠂ ᠠᠷᠠᠳ ᠤᠨ ᠠᠮᠢᠳᠣᠷᠠᠯ ᠤᠨ ᠪᠠᠳᠣᠯᠠᠭ᠎ᠠ᠂ ᠨᠡᠶᠢᠭᠡᠮ ᠤᠨ ᠵᠠᠰᠠᠯᠳᠠ᠂ ᠰᠣᠷᠭᠠᠨ ᠬᠦᠮᠦᠵᠢᠯ ᠤᠨ ᠬᠦᠭᠵᠢᠯᠳᠡ ᠵᠡᠷᠭᠡ ᠭᠤᠣᠯᠳᠠᠯᠭᠠᠳᠦ ᠠᠵᠢᠯ ᠤᠨ ᠡᠭᠦᠷᠭᠡ ᠳᠤ ᠠᠩᠬᠠᠷᠣᠯ ᠢᠶᠠᠨ ᠲᠦᠪᠯᠡᠷᠡᠭᠦᠯᠵᠣ᠂ ᠢᠯᠠᠯᠳᠠ ᠶᠢᠨ ᠡᠷᠴᠢ ᠲᠡᠭᠡᠷ᠎ᠡ ᠣᠷᠣᠭᠰᠢᠯᠠᠬᠤ ᠪᠠ ᠲᠣᠭᠳᠠᠭᠤᠨ ᠤ ᠲᠣᠮᠳᠠ ᠣᠷᠣᠭᠰᠢᠯᠠᠬᠤ᠂ ᠪᠠᠬᠢᠵᠢᠭᠦᠯᠦᠨ ᠲᠡᠭᠦᠯᠳᠡᠷᠵᠢᠭᠦᠯᠬᠦ ᠪᠠ ᠭᠦᠨᠵᠡᠭᠡᠶᠢᠷᠡᠭᠦᠯᠦᠨ ᠦᠷᠭᠡᠳᠬᠡᠬᠦ ᠬᠤᠪᠢᠰᠣᠩᠭᠤᠢ ᠬᠠᠷᠢᠴᠠᠭ᠎ᠠ ᠶᠢ ᠬᠢᠨᠠᠮᠠᠭᠠᠢ ᠨᠢᠭᠡᠳᠦᠯᠳᠡᠢ ᠲᠦᠯᠦᠪᠵᠢᠭᠦᠯᠵᠣ᠂ ᠶᠡᠷᠦᠩᠬᠡᠢ ᠱᠦᠵᠢ ᠰᠢ ᠶᠢᠨ ᠫᠢᠩ ᠤᠨ ᠵᠢᠯᠣᠭᠤᠳᠣᠭᠰᠠᠨ ᠴᠢᠭᠯᠡᠯ ᠢᠶᠠᠷ ᠣᠷᠣᠭᠰᠢᠯᠠᠨ᠂ ᠲᠦᠪ ᠶᠣᠰᠣ ᠶᠢ ᠪᠠᠷᠢᠮᠳᠠᠯᠠᠨ ᠰᠢᠨ᠎ᠡ ᠶᠢ ᠡᠭᠦᠳᠴᠦ ᠪᠦᠬᠦ ᠬᠤᠰᠢᠭᠤᠨ ᠤ ᠡᠯ᠎ᠡ ᠲᠦᠷᠦᠯ ᠤᠨ ᠠᠵᠢᠯ ᠦᠢᠯᠠᠰ ᠤᠨ ᠴᠢᠨᠠᠷᠯᠢᠭ ᠬᠦᠭᠵᠢᠯᠳᠡ ᠶᠢ ᠠᠬᠢᠭᠤᠯᠬᠤ ᠬᠡᠷᠡᠭᠳᠡᠢ ᠭᠡᠵᠣ ᠴᠢᠬᠤᠯᠠᠴᠢᠯᠠᠪᠠ᠃     ᠬᠤᠷᠠᠯ ᠠᠴᠠ᠂ ᠰᠦᠨ ᠱᠣᠣ ᠴᠧᠩ ᠱᠦᠵᠢ ᠶᠢᠨ ᠦᠪᠦᠷ ᠮᠣᠩᠭᠤᠯ ᠤᠨ ᠨᠠᠮ ᠤᠨ ᠰᠣᠷᠭᠠᠭᠤᠯᠢ ︵ᠵᠠᠰᠠᠭ ᠵᠠᠬᠢᠷᠭᠠᠨ ᠤ ᠲᠡᠭᠡᠳᠦ ᠰᠣᠷᠭᠠᠭᠤᠯᠢ︶ 2025 ᠣᠨ ᠤ ᠬᠠᠪᠣᠷ ᠤᠨ ᠣᠯᠠᠷᠢᠯ ᠤᠨ ᠰᠣᠷᠣᠯᠭ᠎ᠠ ᠶᠢᠨ ᠡᠬᠢᠯᠡᠭᠦ ᠶᠣᠰᠣᠯᠠᠯ ᠲᠡᠭᠡᠷᠡᠭᠢ ᠶᠠᠷᠢᠶᠠᠨ ᠤ ᠵᠣᠷᠢᠭ ᠰᠠᠨᠠᠭ᠎ᠠ᠂ ᠠᠯᠠᠱᠠ ᠠᠶᠢᠮᠠᠭ ᠲᠤ ᠪᠠᠶᠢᠴᠠᠭᠠᠨ ᠰᠣᠳᠣᠯᠣᠯᠳᠠ ᠬᠢᠬᠦ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ᠂ ᠸᠠᠩ ᠯᠢ ᠰᠢᠶᠠ ᠲᠡᠷᠢᠭᠦᠯᠡᠭᠴᠢ ᠶᠢᠨ ᠣᠷᠳᠣᠰ ᠬᠤᠳᠠ ᠳᠤ ᠪᠠᠶᠢᠴᠠᠭᠠᠨ ᠰᠣᠳᠣᠯᠣᠯᠳᠠ ᠬᠢᠬᠦ ᠦᠶ᠎ᠡ ᠶᠢᠨ ᠶᠠᠷᠢᠶᠠᠨ  ᠤ ᠵᠣᠷᠢᠭ ᠰᠠᠨᠠᠭ᠎ᠠ᠂ ᠯᠢ ᠯᠢ ᠱᠦᠵᠢ ᠶᠢᠨ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠰᠣᠷᠭᠠᠭᠤᠯᠢ ︵ᠵᠠᠰᠠᠭ ᠵᠠᠬᠢᠷᠭᠠᠨ ᠤ ᠲᠡᠭᠡᠳᠦ ᠰᠣᠷᠭᠠᠭᠤᠯᠢ︶ ᠶᠢᠨ 2025 ᠣᠨ ᠤ ᠬᠠᠪᠣᠷ ᠤᠨ ᠣᠯᠠᠷᠢᠯ ᠤᠨ ᠰᠣᠷᠣᠯᠭ᠎ᠠ ᠡᠬᠢᠯᠡᠭᠦ ᠶᠣᠰᠣᠯᠠᠯ ᠲᠡᠭᠡᠷᠡᠭᠢ ᠶᠠᠷᠢᠶᠠᠨ ᠤ ᠵᠣᠷᠢᠭ ᠰᠠᠨᠠᠭ᠎ᠠ ᠶᠢ ᠣᠯᠠᠮᠵᠢᠯᠠᠨ ᠰᠣᠷᠣᠯᠴᠠᠪᠠ᠃ ᠬᠤᠷᠠᠯ ᠠᠴᠠ ᠂ ᠨᠠᠷᠢᠨ ᠬᠢᠨᠠᠮᠠᠭᠠᠢ ᠰᠣᠷᠣᠯᠴᠠᠵᠣ ᠣᠶᠢᠯᠠᠭᠠᠨ᠂ ᠲᠣᠣᠱᠯᠠᠭᠤᠯᠣᠨ ᠨᠠᠶᠢᠳᠠᠪᠦᠷᠢᠵᠢᠭᠤᠯᠬᠤ ᠬᠦᠴᠦᠯᠡᠴᠡ ᠶᠢᠨ ᠴᠡᠭ ᠢ ᠣᠨᠣᠪᠴᠢᠳᠠᠢ ᠡᠷᠢᠵᠣ᠂ ᠠᠮᠢ ᠠᠬᠤᠢ ᠶᠢᠨ ᠣᠷᠴᠢᠨ ᠤ ᠬᠠᠮᠠᠭᠠᠯᠠᠯᠳᠠ᠂ ᠡᠯᠡᠰᠦ ᠰᠡᠷᠭᠡᠶᠢᠯᠡᠨ ᠵᠠᠰᠠᠯᠳᠠ᠂ ᠡᠨᠧᠷᠬᠢ ᠶᠢᠨ ᠦᠢᠯᠠᠰ ᠤᠨ ᠬᠦᠭᠵᠢᠯᠳᠡ᠂ ᠲᠦᠷᠦᠯ ᠵᠣᠶᠢᠯ ᠤᠨ ᠪᠠᠶᠢᠭᠤᠯᠣᠯᠳᠠ᠂ ᠬᠤᠳᠠᠯᠳᠣᠭᠠᠴᠢᠨ ᠣᠷᠢᠯᠳᠠ ᠪᠠᠯᠡ ᠲᠠᠳᠠᠯᠳᠠ᠂ ᠲᠡᠣᠬᠡ ᠶᠢᠨ ᠲᠣᠷᠠᠰᠬᠠᠯᠳᠦ ᠵᠣᠶᠢᠯᠠᠰ ᠤᠨ ᠬᠠᠮᠠᠭᠠᠯᠠᠯᠳᠠ ᠵᠡᠷᠭᠡ ᠡᠯ᠎ᠡ ᠲᠦᠷᠦᠯ ᠤᠨ ᠠᠵᠢᠯ ᠢ ᠯᠠᠪᠳᠠᠭᠤᠨ ᠪᠠᠳᠣᠳᠠᠢ ᠰᠠᠶᠢᠳᠦᠷ ᠬᠢᠨ᠂ ᠱᠠᠳᠦ ᠱᠠᠳᠦ ᠪᠠᠷ ᠬᠠᠷᠢᠭᠤᠴᠠᠯᠭ᠎ᠠ ᠪᠠᠨ ᠪᠣᠳᠠᠳᠠᠶᠢᠵᠢᠭᠤᠯᠵᠣ᠂ ᠡᠭᠦᠷᠭᠡ ᠪᠠᠨ ᠨᠠᠷᠢᠯᠢᠭᠵᠢᠭᠤᠯᠣᠨ ᠨᠠᠶᠢᠳᠠᠪᠦᠷᠢᠵᠢᠭᠤᠯᠣᠯᠳᠠ ᠶᠢ ᠠᠬᠢᠭᠤᠯᠵᠣ᠂ ᠣᠬᠢ ᠰᠠᠶᠢᠨ ᠡᠬᠢᠯᠡᠯᠳᠡ ᠪᠠᠷ ᠲᠡᠭᠡᠳᠦ ᠬᠠᠭᠠᠰ ᠵᠢᠯ ᠢ ᠲᠠᠶᠢᠴᠢᠯᠠᠨ᠂ ᠪᠦᠬᠦ ᠵᠢᠯ ᠤᠨ ᠢᠯᠠᠯᠳᠠ ᠶᠢ ᠪᠡᠶᠡᠯᠡᠭᠦᠯᠬᠦ ᠬᠡᠷᠡᠭᠳᠡᠢ ᠭᠡᠵᠣ ᠴᠢᠬᠤᠯᠠᠴᠢᠯᠠᠪᠠ᠃     ᠬᠤᠷᠠᠯ ᠲᠡᠭᠡᠷ᠎ᠡ᠂ ᠯᠢᠦ ᠶᠢᠨ ᠭᠥᠸᠧ ᠨᠦᠬᠦᠷ ᠤᠨ ᠣᠯᠠᠨ ᠲᠦᠮᠡᠨ ᠤ ᠲᠡᠷᠭᠡᠳᠡᠬᠢ ᠲᠦᠪ ᠪᠣᠰᠣ ᠰᠣᠷᠳᠠᠯ ᠪᠣᠯᠣᠨ ᠢᠯᠵᠡᠷᠡᠯ ᠤᠨ ᠠᠰᠠᠭᠤᠳᠠᠯ ᠢ ᠲᠦᠪᠯᠡᠷᠡᠭᠦᠯᠦᠨ ᠴᠡᠭᠴᠡᠯᠡᠭᠦ ᠳ᠋ᠦᠩᠨᠡᠯᠳᠡ ᠵᠢᠴᠢ ᠲᠠᠬᠢᠨ ᠬᠤᠶᠠᠷ ᠵᠢᠯ ᠠᠳᠬᠤᠬᠤ ᠪᠠᠶᠢᠷᠢᠯᠠᠭᠤᠯᠣᠯᠳᠠ ᠶᠢᠨ ᠬᠤᠷᠠᠯ ᠤᠨ ᠶᠠᠷᠢᠶᠠᠨ ᠤ ᠵᠣᠷᠢᠭ ᠰᠠᠨᠠᠭ᠎ᠠ ᠶᠢ ᠣᠯᠠᠮᠵᠢᠯᠠᠨ ᠰᠣᠷᠣᠯᠴᠠᠪᠠ᠃ ᠬᠤᠷᠠᠯ ᠠᠴᠠ᠂ ᠣᠯᠣᠰ ᠲᠦᠷᠦ ᠶᠢᠨ ᠵᠣᠭᠰᠣᠴᠠ ᠪᠠᠨ ᠲᠡᠭᠡᠭᠰᠢᠯᠡᠭᠦᠯᠦᠨ᠂ ᠣᠯᠠᠨ ᠲᠦᠮᠡᠨ ᠤ ᠲᠡᠷᠭᠡᠳᠡᠬᠢ ᠲᠦᠪ ᠪᠣᠰᠣ ᠰᠣᠷᠳᠠᠯ ᠪᠣᠯᠣᠨ ᠢᠯᠵᠡᠷᠡᠯ ᠤᠨ ᠠᠰᠠᠭᠤᠳᠠᠯ ᠢ ᠲᠦᠪᠯᠡᠷᠡᠭᠦᠯᠦᠨ ᠴᠡᠭᠴᠡᠯᠡᠭᠦ ︽ᠲᠠᠬᠢᠨ ᠬᠤᠶᠠᠷ ᠵᠢᠯ ᠰᠠᠶᠢᠳᠦᠷ ᠠᠳᠬᠤᠬᠤ︾ ᠪᠠᠶᠢᠷᠢᠯᠠᠭᠤᠯᠣᠯᠳᠠ ᠶᠢ ᠴᠢᠩᠭ᠎ᠠ ᠨᠠᠶᠢᠳᠠᠪᠦᠷᠢᠵᠢᠭᠤᠯᠵᠣ᠂ ᠨᠢᠳᠣᠨᠣᠨ ᠵᠢᠯ ᠤᠨ ᠴᠢᠨᠠᠷᠯᠢᠭ ᠦᠷᠨᠢᠭᠦᠯᠦᠭᠰᠡᠨ ᠰᠠᠭᠤᠷᠢ ᠲᠡᠭᠡᠷ᠎ᠡ ᠡᠷᠴᠢᠮ ᠢᠶᠠᠨ ᠰᠣᠯᠠᠷᠠᠭᠤᠯᠬᠤ ᠦᠭᠡᠢ᠂ ᠬᠡᠮᠵᠢᠭᠦᠷ ᠢᠶᠠᠨ ᠰᠣᠯᠠᠷᠠᠭᠤᠯᠬᠤ ᠦᠭᠡᠢ᠂ ᠪᠠᠷᠢᠮᠵᠢᠶ᠎ᠠ ᠪᠠᠨ ᠪᠠᠭᠤᠷᠠᠭᠤᠯᠬᠤ ᠦᠭᠡᠢ ᠶᠢ ᠪᠠᠷᠢᠮᠳᠠᠯᠠᠨ᠂ ᠲᠦᠪᠯᠡᠷᠡᠩᠭᠦᠢ ᠴᠡᠭᠴᠡᠯᠡᠯᠳᠡ ᠶᠢ ᠭᠦᠨᠵᠡᠭᠡᠢ ᠠᠬᠢᠭᠤᠯᠵᠣ᠂ ᠦᠷ᠎ᠡ ᠪᠦᠳᠦᠮᠵᠢ ᠪᠠᠨ ᠲᠠᠰᠣᠷᠠᠯᠳᠠ ᠦᠭᠡᠢ ᠪᠠᠬᠢᠵᠢᠭᠦᠯᠦᠨ ᠦᠷᠭᠡᠳᠬᠡᠬᠦ ᠬᠡᠷᠡᠭᠳᠡᠢ ᠭᠡᠵᠣ ᠴᠢᠬᠤᠯᠠᠴᠢᠯᠠᠪᠠ᠃     ᠬᠤᠷᠠᠯ ᠲᠡᠭᠡᠷ᠎ᠡ᠂ ᠲᠦᠪ ᠬᠤᠷᠢᠶᠠᠨ ᠤ ᠨᠠᠮ ᠤᠨ ᠪᠠᠶᠢᠭᠤᠯᠣᠯᠳᠠ ᠶᠢᠨ ᠠᠵᠢᠯ ᠤᠨ ᠣᠳᠣᠷᠢᠳᠬᠤ ᠲᠣᠭᠤᠶᠢᠯᠠᠩ ᠤᠨ ᠬᠤᠷᠠᠯ ᠪᠣᠯᠣᠨ ᠲᠦᠪ ᠬᠤᠷᠢᠶ᠎ᠠ᠂ ᠦᠪᠡᠷᠳᠡᠭᠡᠨ ᠵᠠᠰᠠᠬᠤ ᠣᠷᠣᠨ᠂ ᠬᠤᠳᠠ ᠶᠢᠨ ᠲᠦᠪ ᠤᠨ ᠨᠠᠢᠮᠠᠨ ᠲᠣᠭᠳᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠣᠣᠱᠯᠠᠭᠤᠯᠬᠤ ᠰᠣᠷᠣᠯᠴᠠᠯᠭ᠎ᠠ ᠬᠦᠮᠦᠵᠢᠯ ᠤᠨ ᠬᠠᠮᠢᠶ᠎ᠠ ᠪᠦᠬᠦᠢ ᠪᠢᠴᠢᠭ ᠮᠡᠲ᠋ᠧᠷᠢᠶᠠᠯ ᠤᠨ ᠵᠣᠷᠢᠭ ᠰᠠᠨᠠᠭ᠎ᠠ ᠶᠢ ᠰᠣᠷᠣᠯᠴᠠᠨ ᠣᠯᠠᠮᠵᠢᠯᠠᠵᠣ᠂ ︽ᠪᠦᠬᠦ ᠬᠤᠰᠢᠭᠤᠨ ᠤ ᠲᠦᠪ ᠤᠨ ᠨᠠᠢᠮᠠᠨ ᠲᠣᠭᠳᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠣᠣᠱᠯᠠᠭᠤᠯᠬᠤ ᠰᠣᠷᠣᠯᠴᠠᠯᠭ᠎ᠠ ᠬᠦᠮᠦᠵᠢᠯ ᠤᠨ ᠬᠡᠷᠡᠭᠵᠢᠭᠦᠯᠬᠦ ᠲᠦᠰᠦᠯ︾ ᠢ ᠬᠢᠨᠠᠨ ᠵᠦᠪᠯᠡᠵᠣ᠂ ᠲᠦᠪ ᠤᠨ ᠨᠠᠢᠮᠠᠨ ᠲᠣᠭᠳᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠣᠣᠱᠯᠠᠭᠤᠯᠬᠤ ᠰᠣᠷᠣᠯᠴᠠᠯᠭ᠎ᠠ ᠬᠦᠮᠦᠵᠢᠯ ᠤᠨ ᠠᠵᠢᠯ ᠢ ᠪᠠᠶᠢᠷᠢᠯᠠᠭᠤᠯᠪᠠ᠃ ᠬᠤᠷᠠᠯ ᠠᠴᠠ᠂ ᠲᠦᠪ᠂ ᠦᠪᠡᠷᠳᠡᠭᠡᠨ ᠵᠠᠰᠠᠬᠤ ᠣᠷᠣᠨ᠂ ᠬᠤᠳᠠ ᠶᠢᠨ ᠬᠠᠮᠢᠶ᠎ᠠ ᠪᠦᠬᠦᠢ ᠪᠠᠶᠢᠷᠢᠯᠠᠭᠤᠯᠣᠯᠳᠠ ᠪᠣᠯᠣᠨ ᠮᠠᠨ ᠤ ᠬᠤᠰᠢᠭᠤᠨ ᠤ ︽ᠬᠡᠷᠡᠭᠵᠢᠭᠦᠯᠬᠦ ᠲᠦᠰᠦᠯ︾ ᠤᠨ ᠱᠠᠭᠠᠷᠳᠠᠯᠭ᠎ᠠ ᠪᠠᠷ ᠴᠢᠩᠭ᠎ᠠ ᠨᠠᠶᠢᠳᠠᠪᠦᠷᠢᠵᠢᠭᠤᠯᠣᠨ᠂ ᠰᠣᠷᠣᠯᠴᠠᠯᠭ᠎ᠠ ᠬᠦᠮᠦᠵᠢᠯ ᠤᠨ ᠶᠡᠷᠦᠩᠬᠡᠢ ᠬᠠᠷᠠᠯᠳᠠ ᠡᠭᠦᠷᠭᠡ ᠶᠢᠨ ᠲᠣᠬᠢᠷᠠᠭᠤᠯᠣᠯᠳᠠ ᠶᠢ ᠣᠨᠣᠪᠴᠢᠳᠠᠢ ᠣᠶᠢᠯᠠᠭᠠᠵᠣ᠂ ᠪᠣᠳᠠᠳᠠᠢ ᠪᠠᠶᠢᠳᠠᠯ  ᠲᠠᠢ ᠣᠶᠠᠯᠳᠣᠭᠤᠯᠣᠨ ᠰᠣᠷᠣᠯᠴᠠᠯᠭ᠎ᠠ ᠪᠠᠶᠢᠴᠠᠭᠠᠯᠳᠠ ᠴᠡᠭᠴᠡᠯᠡᠯᠳᠡ ᠵᠡᠷᠭᠡ ᠡᠯ᠎ᠡ ᠲᠦᠷᠦᠯ ᠤᠨ ᠠᠵᠢᠯ ᠢ ᠴᠣᠭᠴᠠᠵᠢᠭᠤᠯᠣᠨ ᠠᠬᠢᠭᠤᠯᠵᠣ᠂ ᠮᠠᠨ ᠤ ᠬᠤᠰᠢᠭᠤᠨ ᠤ ᠰᠣᠷᠣᠯᠴᠠᠯᠭ᠎ᠠ ᠬᠦᠮᠦᠵᠢᠯ ᠤᠨ ᠪᠣᠳᠠᠳᠦ ᠪᠦᠳᠦᠮᠵᠢ ᠶᠢ ᠪᠠᠳᠣᠯᠠᠬᠤ ᠬᠡᠷᠡᠭᠳᠡᠢ ᠭᠡᠵᠣ ᠴᠢᠬᠤᠯᠠᠴᠢᠯᠠᠪᠠ᠃      ᠬᠤᠷᠠᠯ ᠲᠡᠭᠡᠷ᠎ᠡ ᠪᠦᠬᠦ ᠬᠤᠳᠠ ᠶᠢᠨ ᠠᠮᠢ ᠠᠬᠤᠢ ᠣᠷᠴᠢᠨ ᠬᠠᠮᠠᠭᠠᠯᠠᠯᠳᠠ ᠶᠢᠨ ᠶᠡᠭᠡ ᠬᠤᠷᠠᠯ ᠵᠢᠴᠢ ᠠᠮᠢ ᠠᠬᠤᠢ ᠣᠷᠴᠢᠨ ᠬᠠᠮᠠᠭᠠᠯᠠᠯᠳᠠ ᠶᠢᠨ ᠵᠦᠪᠯᠡᠯ  ᠤᠨ 2025 ᠣᠨ ᠤ ᠨᠢᠭᠡᠳᠦᠭᠡᠷ ᠣᠳᠠᠭᠠᠨ ᠤ ᠪᠦᠬᠦᠳᠡ ᠬᠤᠷᠠᠯᠳᠣᠭᠠᠨ ᠤ ᠵᠣᠷᠢᠭ ᠰᠠᠨᠠᠭ᠎ᠠ ᠶᠢ ᠣᠯᠠᠮᠵᠢᠯᠠᠨ ᠰᠣᠷᠣᠯᠴᠠᠵᠣ᠂ ︽ᠬᠠᠳᠣᠨ ᠭᠤᠣᠯ ᠤᠨ ᠰᠠᠪᠠ ᠭᠠᠵᠠᠷ ᠤᠨ ᠠᠮᠢ ᠠᠬᠤᠢ ᠣᠷᠴᠢᠨ ᠬᠠᠮᠠᠭᠠᠯᠠᠯᠳᠠ ᠶᠢᠨ ᠬᠠᠮᠢᠶ᠎ᠠ ᠪᠦᠬᠦᠢ ᠴᠡᠭᠴᠡᠯᠡᠯᠳᠡ ᠶᠢᠨ ᠲᠦᠰᠦᠯ︾᠂ ︽ᠣᠳᠤᠭ ᠤᠨ ᠡᠮᠦᠨᠡᠳᠦ ᠬᠤᠰᠢᠭᠤᠨ ᠤ ᠬᠤᠶᠠᠳᠣᠭᠠᠷ ᠡᠭᠡᠯᠵᠢ ᠶᠢᠨ ᠦᠪᠡᠷᠳᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠬᠠᠮᠠᠭᠠᠯᠠᠯᠳᠠ ᠶᠢᠨ ᠱᠠᠭᠠᠷᠳᠠᠨ ᠪᠠᠶᠢᠴᠠᠭᠠᠯᠳᠠ ᠶᠢᠨ ᠮᠡᠳᠡᠭᠦᠯᠦᠯᠳᠡ ᠶᠢᠨ ᠴᠡᠭᠴᠡᠯᠡᠯᠳᠡ ᠶᠢᠨ ᠲᠦᠰᠦᠯ︾ ᠢ ᠬᠢᠨᠠᠨ ᠵᠦᠪᠯᠡᠪᠡ᠃ ᠬᠤᠷᠠᠯ ᠠᠴᠠ᠂ ᠦᠵᠡᠯ ᠰᠠᠨᠠᠭ᠎ᠠ ᠪᠣᠯᠣᠨ ᠦᠢᠯᠠ ᠠᠵᠢᠯᠯᠠᠭ᠎ᠠ ᠪᠠᠨ ᠲᠦᠪ ᠪᠣᠯᠣᠨ ᠦᠪᠡᠷᠳᠡᠭᠡᠨ ᠵᠠᠰᠠᠬᠤ ᠣᠷᠣᠨ ᠬᠤᠳᠠ ᠶᠢᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠣᠯᠳᠠ ᠲᠡᠭᠡᠷ᠎ᠡ ᠨᠢᠭᠡᠳᠬᠡᠨ᠂ ᠬᠤᠶᠠᠷ ︽ᠴᠡᠭᠴᠡᠯᠡᠯᠳᠡ ᠶᠢᠨ ᠲᠦᠰᠦᠯ︾ ᠤᠨ ᠡᠯ᠎ᠡ ᠲᠦᠷᠦᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠦᠷᠢᠵᠢᠭᠤᠯᠵᠣ᠂ ᠴᠡᠭᠴᠡᠯᠡᠯᠳᠡ ᠶᠢᠨ ᠡᠬᠦᠷᠭᠡ ᠶᠢ ᠰᠣᠳᠣᠯᠵᠣ ᠵᠠᠳᠠᠯᠣᠨ᠂ ᠴᠡᠭᠴᠡᠯᠡᠯᠳᠡ ᠶᠢᠨ ᠴᠠᠭ ᠬᠤᠭᠤᠴᠠᠭ᠎ᠠ ᠶᠢ ᠨᠠᠷᠢᠯᠢᠭᠵᠢᠭᠤᠯᠣᠨ ᠲᠣᠳᠣᠷᠬᠠᠶᠢᠯᠠᠵᠣ᠂ ᠠᠰᠠᠭᠤᠳᠠᠯ ᠤᠨ ᠴᠡᠭᠴᠡᠯᠡᠯᠳᠡ ᠶᠢ ᠦᠨᠡᠨᠬᠦ ᠠᠬᠢᠭᠤᠯᠣᠨ᠂ ᠰᠢᠢᠳᠪᠦᠷᠢᠯᠡᠭᠦ ᠦᠭᠡᠢ ᠪᠣᠯ ᠲᠠᠯᠪᠢᠬᠤ ᠦᠭᠡᠢ᠂ ᠨᠠᠶᠢᠳᠠᠪᠦᠷᠢᠵᠢᠭᠤᠯᠬᠤ ᠦᠭᠡᠢ ᠪᠣᠯ ᠲᠠᠯᠪᠢᠬᠤ ᠦᠭᠡᠢ᠂ ᠣᠯᠠᠨ ᠲᠦᠮᠡᠨ ᠬᠠᠨᠣᠮᠵᠢ ᠦᠭᠡᠢ ᠪᠣᠯ ᠲᠠᠯᠪᠢᠬᠤ ᠦᠭᠡᠢ ᠶᠢ ᠪᠠᠳᠣᠯᠠᠬᠤ ᠬᠡᠷᠡᠭᠳᠡᠢ ᠭᠡᠵᠣ ᠴᠢᠬᠤᠯᠠᠴᠢᠯᠠᠪᠠ᠃     ᠬᠤᠷᠠᠯ ᠠᠴᠠ ︽ᠣᠳᠤᠭ ᠤᠨ ᠡᠮᠦᠨᠡᠳᠦ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ 2025 ᠣᠨ ᠤ ᠠᠵᠢᠯ ᠤᠨ ᠭᠤᠣᠯᠳᠠᠯᠭ᠎ᠠ︾ ᠶᠢ ᠬᠢᠨᠠᠨ ᠵᠦᠪᠯᠡᠪᠡ᠃ ᠬᠤᠷᠠᠯ ᠠᠴᠠ᠂ ᠵᠣᠭᠰᠣᠴᠠ ᠪᠠᠨ ᠲᠡᠭᠡᠭᠰᠢᠯᠡᠭᠦᠯᠦᠨ᠂ ᠢᠳᠡᠪᠬᠢᠳᠡᠢ ᠪᠠᠷᠢᠮᠵᠢᠶᠠᠯᠠᠨ ᠬᠠᠷᠭᠤᠭᠤᠯᠵᠣ᠂ ᠠᠵᠣ ᠦᠢᠯᠠᠰ ᠤᠨ ᠬᠡᠯᠪᠡᠷᠢ ᠶᠢᠨ ᠬᠤᠪᠢᠷᠠᠭᠠᠯᠳᠠ᠂ ᠬᠦᠳᠡᠭᠡ ᠲᠣᠰᠬᠤᠨ ᠤ ᠬᠦᠭᠵᠢᠯ ᠮᠠᠨᠳᠣᠯᠳᠠ᠂ ᠠᠷᠠᠳ ᠤᠨ ᠠᠮᠢᠳᠣᠷᠠᠯ ᠤᠨ ᠪᠠᠳᠣᠯᠠᠭ᠎ᠠ᠂ ᠬᠤᠳᠠ ᠬᠦᠳᠡᠭᠡ ᠶᠢᠨ ᠰᠢᠨᠡᠴᠢᠯᠡᠯᠳᠡ᠂ ᠠᠮᠢ ᠠᠬᠤᠢ ᠣᠷᠴᠢᠨ ᠬᠠᠮᠠᠭᠠᠯᠠᠯᠳᠠ᠂ ᠨᠠᠮ ᠤᠨ ᠴᠢᠩᠭ᠎ᠠ ᠵᠠᠰᠠᠯᠳᠠ ᠵᠡᠷᠭᠡ ᠡᠯ᠎ᠡ ᠲᠦᠷᠦᠯ ᠤᠨ ᠭᠤᠣᠯᠳᠠᠯᠭᠠᠳᠦ ᠠᠵᠢᠯ ᠳᠤ ᠲᠦᠪᠯᠡᠷᠡᠭᠦᠯᠵᠣ᠂ ᠴᠢᠩᠭ᠎ᠠ ᠨᠠᠶᠢᠳᠠᠪᠦᠷᠢᠵᠢᠭᠤᠯᠣᠨ᠂ ᠪᠦᠬᠦ ᠵᠢᠯ ᠤᠨ ᠡᠯ᠎ᠡ ᠲᠦᠷᠦᠯ ᠤᠨ ᠬᠠᠷᠠᠯᠳᠠ ᠡᠭᠦᠷᠭᠡ ᠣᠷᠣᠭᠰᠢᠳᠠᠢ ᠪᠡᠶᠡᠯᠡᠭᠳᠡᠭᠦ ᠶᠢ ᠪᠦᠬᠦ ᠬᠦᠴᠣᠨ ᠢᠶᠠᠷ ᠠᠬᠢᠭᠤᠯᠵᠣ᠂ ᠲᠦᠷᠪᠡᠨ ᠣᠷᠣᠨ ᠤ ᠪᠠᠶᠢᠭᠤᠯᠣᠯᠳᠠ  ᠶᠢᠨ ᠲᠡᠰ ᠲᠡᠪᠰᠢᠯᠳᠡ ᠳᠤ ᠬᠦᠴᠦᠷᠬᠡᠭ ᠬᠦᠴᠦᠨ ᠢᠶᠠᠨ ᠨᠡᠮᠡᠷᠢᠯᠡᠭᠦ ᠬᠡᠷᠡᠭᠳᠡᠢ ᠭᠡᠵᠣ ᠴᠢᠬᠤᠯᠠᠴᠢᠯᠠᠪᠠ᠃     ᠬᠤᠰᠢᠭᠤ ᠣᠳᠣᠷᠢᠳᠣᠯᠭ᠎ᠠ ᠶᠠᠩ ᠶᠢᠩ ᠰᠢᠨ᠂ ᠭᠤᠣ ᠷᠦᠩ ᠲᠠᠩ᠂ ᠰᠦᠨ ᠶᠢᠦ ᠵᠢᠶᠦ᠋ᠨ᠂ ᠲᠣᠳᠢ ᠵᠢᠴᠢ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠬᠤᠷᠢᠶᠠᠨ ᠤ ᠪᠠᠭ ᠤᠨ ᠪᠦᠷᠢᠯᠳᠦᠭᠦᠨ᠂ ᠬᠤᠰᠢᠭᠤᠨ ᠳᠤ ᠪᠠᠶᠢᠭ᠎ᠠ ᠣᠳᠣᠷᠢᠳᠣᠯᠭ᠎ᠠ᠂ ᠨᠡᠭᠡᠭᠡᠯᠳᠡ ᠶᠢᠨ ᠣᠷᠣᠨ ᠤ ᠣᠳᠣᠷᠢᠳᠣᠯᠭ᠎ᠠ᠂ ᠡᠯ᠎ᠡ ᠪᠠᠯᠭᠠᠰᠣ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠬᠤᠷᠠᠯ ᠳᠤ ᠰᠣᠯᠠ ᠣᠷᠣᠯᠴᠠᠪᠠ᠃
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ