3 ᠰᠠᠷ᠎ᠠ ᠶᠢᠨ 26 ᠤ ᠡᠳᠦᠷ ᠬᠤᠰᠢᠭᠤ ᠨᠠᠮ ᠤᠨ ᠬᠤᠷᠢᠶᠠᠨ ᠤ ᠨᠠᠮ ᠤᠨ ᠰᠣᠷᠭᠠᠭᠤᠯᠢ ︵ᠵᠠᠰᠠᠭ ᠵᠠᠬᠢᠷᠭᠠᠨ ᠤ ᠰᠣᠷᠭᠠᠭᠤᠯᠢ︶ 2025 ᠣᠨ ᠤ ᠬᠠᠪᠤᠷ | ᠤᠨ ᠣᠯᠠᠷᠢᠯ ᠤᠨ ᠰᠣᠷᠣᠯᠭ᠎ᠠ ᠡᠬᠢᠯᠡᠬᠦ ᠶᠤᠰᠤᠯᠠᠯ ᠬᠤᠪᠢᠰᠬᠠᠯᠲᠤ ᠬᠦᠮᠦᠵᠢᠯ ᠤᠨ ᠰᠣᠷᠣᠯᠴᠠᠯᠭ᠎ᠠ ᠦᠢᠯᠡᠳᠦᠯᠬᠡ ᠶᠢᠨ ᠰᠠᠭᠤᠷᠢᠨ ᠤ ᠮᠡᠳᠡᠬᠦᠯᠦᠯᠲᠡ ᠶᠢᠨ ᠲᠢᠩᠬᠢᠮ | ᠳᠤ ᠶᠠᠪᠤᠭᠳᠠᠪᠠ᠃ ᠬᠤᠰᠢᠭᠤ ᠣᠳᠣᠷᠢᠳᠣᠯᠭ᠎ᠠ ᠸᠠᠩ ᠬᠤᠤ ᠷᠡᠨ ᠶᠤᠰᠤᠯᠠᠯ ᠳᠤ ᠣᠷᠣᠯᠴᠠᠨ ᠶᠠᠷᠢᠶ᠎ᠠ ᠲᠠᠯᠪᠢᠪᠠ᠃ | ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠬᠦᠨᠵᠡᠬᠡᠢ | ᠰᠢᠰᠲ᠋ᠧᠮᠲᠡᠢ ᠪᠦᠬᠦ ᠲᠠᠯ᠎ᠠ ᠪᠠᠷ ᠰᠣᠷᠣᠯᠴᠠᠵᠤ᠂ ᠣᠨᠴᠠᠭᠠᠶᠢᠯᠠᠨ ︽ᠦᠪᠦᠷ ᠮᠣᠩᠭᠤᠯ ᠤᠨ ᠬᠠᠭᠤᠳᠠᠰᠣ︾᠂ ︽ᠦᠨᠳᠦᠰᠦᠲᠡᠨ ᠤ ᠬᠠᠭᠤᠳᠠᠰᠣ︾᠂ | ︽ᠦᠬᠡᠷᠡᠴᠢᠯᠡᠯᠲᠡ ᠶᠢᠨ ᠬᠠᠭᠤᠳᠠᠰᠣ︾ ᠶᠢ ᠴᠢᠬᠤᠯᠠᠴᠢᠯᠠᠨ᠂ ᠠᠭᠤᠯᠤᠭᠳᠠᠵᠣ ᠪᠠᠶᠢᠭ᠎ᠠ ᠵᠤᠭᠰᠣᠴᠠ᠂ ᠦᠵᠡᠯᠲᠡ᠂ ᠠᠷᠭ᠎ᠠ ᠮᠠᠶ᠋ᠢᠭ ᠢ ᠬᠦᠨᠵᠡᠬᠡᠢ ᠣᠶᠢᠯᠠᠭᠠᠬᠤ | ᠬᠡᠷᠡᠭᠲᠡᠢ︔ ᠠᠷᠠᠳ ᠣᠯᠠᠨ ᠳᠤ ᠪᠤᠲᠠᠲᠤ ᠠᠵᠢᠯ ᠬᠢᠵᠦ ᠪᠤᠶᠠᠨ ᠦᠢᠯᠡᠳᠬᠦ ᠶᠢ ᠬᠠᠮᠤᠭ ᠤᠨ ᠴᠢᠬᠤᠯᠠ ᠣᠯᠣᠰ ᠲᠦᠷᠦ ᠶᠢᠨ ᠪᠦᠲᠦᠮᠵᠢ ᠪᠤᠯᠭᠠᠵᠤ᠂ ᠬᠤᠰᠢᠭᠤ | ᠨᠠᠮ ᠤᠨ ᠬᠤᠷᠢᠶᠠᠨ ᠤ ︽ᠬᠤᠶᠠᠳᠣᠭᠠᠷ ᠠᠵᠤ ᠦᠢᠯᠡᠰ ᠢ ᠬᠦᠴᠦᠷᠬᠡᠭᠵᠢᠬᠦᠯᠦᠨ᠂ ᠨᠢᠬᠡᠳᠦᠬᠡᠷ ᠠᠵᠤ ᠦᠢᠯᠡᠰ ᠢ ᠳᠠᠶᠢᠴᠢᠯᠠᠵᠤ᠂ ᠭᠤᠷᠪᠠᠳᠣᠭᠠᠷ ᠠᠵᠤ ᠦᠢᠯᠡᠰ ᠢ | ᠠᠮᠢᠳᠣᠯᠢᠭᠵᠢᠭᠤᠯᠬᠤ︾ ᠬᠠᠷᠠᠯᠲᠠ ᠶᠢ ᠦᠨᠡᠨ ᠬᠦ ᠨᠠᠶᠢᠲᠠᠪᠤᠷᠢᠵᠢᠭᠤᠯᠤᠨ᠂ ᠰᠠᠯᠠᠭ᠎ᠠ ᠮᠦᠴᠢᠷ ᠤᠨ ᠪᠤᠲᠠᠲᠤ ᠪᠠᠶᠢᠳᠠᠯ ᠲᠠᠢ ᠣᠶᠠᠯᠳᠣᠭᠤᠯᠣᠨ ᠠᠵᠢᠯ ᠤᠨ ᠭᠠᠷᠳᠠᠴᠠ | ᠪᠠᠨ ᠣᠨᠣᠪᠴᠢᠲᠠᠢ ᠡᠷᠢᠵᠦ᠂ ︽ᠭᠤᠷᠪᠠᠨ ᠤ ᠨᠢᠬᠡ︾ ᠶᠢᠨ ᠠᠵᠢᠯ ᠤᠨ ᠠᠷᠭ᠎ᠠ ᠶᠢ ᠰᠠᠶᠢᠲᠤᠷ ᠬᠡᠷᠡᠭᠯᠡᠨ᠂ ᠲᠦᠷᠦᠯ ᠵᠦᠢᠯ ᠤᠨ ᠪᠠᠶᠢᠭᠤᠯᠤᠯᠲᠠ᠂ ᠠᠮᠢ ᠠᠬᠤᠢ | ᠶᠢᠨ ᠬᠠᠮᠠᠭᠠᠯᠠᠯᠲᠠ ᠵᠡᠷᠭᠡ ᠡᠯ᠎ᠡ ᠲᠦᠷᠦᠯ ᠤᠨ ᠭᠤᠤᠯᠳᠠᠯᠭᠠᠲᠤ ᠠᠵᠢᠯ ᠢ ᠢᠳᠡᠪᠬᠢᠲᠡᠢ ᠪᠠᠷ ᠠᠬᠢᠭᠤᠯᠬᠤ ᠬᠡᠷᠡᠭᠲᠡᠢ︔ ᠬᠦᠭᠵᠢᠯᠲᠡ ᠶᠢᠨ ᠪᠠᠶᠢᠷᠢ ᠲᠤᠭᠲᠠᠭᠠᠯᠲᠠ ᠪᠠᠨ | ᠪᠠᠲᠤᠳᠬᠠᠵᠤ᠂ ᠬᠦᠭᠵᠢᠯᠲᠡ ᠶᠢᠨ ᠢᠲᠡᠭᠡᠯ ᠵᠤᠷᠢᠭ ᠢᠶᠠᠨ ᠪᠠᠷᠢᠮᠲᠠᠯᠠᠨ᠂ ᠬᠦᠭᠵᠢᠯᠲᠡ ᠶᠢᠨ ᠳᠣᠬᠢᠶᠠᠯ ᠢᠶᠠᠨ ᠴᠢᠩᠭ᠎ᠠ ᠡᠵᠡᠮᠳᠡᠵᠦ᠂ ᠰᠣᠷᠣᠯᠴᠠᠯᠭ᠎ᠠ ᠶᠢᠨ ᠳᠣᠮᠳᠠ | ᠮᠡᠳᠡᠯᠬᠡ ᠪᠠᠨ ᠨᠡᠮᠡᠭᠳᠡᠬᠦᠯᠦᠨ᠂ ᠦᠢᠯᠡᠳᠦᠯᠬᠡ ᠶᠢᠨ ᠳᠣᠮᠳᠠ ᠲᠠᠪᠲᠠᠨ ᠪᠤᠯᠪᠠᠰᠣᠷᠠᠭᠤᠯᠵᠤ᠂ ᠡᠬᠦᠷᠭᠡ ᠬᠠᠷᠢᠭᠤᠴᠠᠯᠭ᠎ᠠ ᠪᠠ ᠰᠢᠷᠭᠠᠭᠤ ᠠᠵᠢᠯᠯᠠᠭ᠎ᠠ ᠪᠠᠷ | ︽ᠭᠠᠷᠮᠠᠭᠠᠶᠢᠯᠠᠨ ᠳᠠᠪᠰᠢᠬᠤ ᠣᠲᠤᠭ ᠤᠨ ᠡᠮᠦᠨᠡᠲᠦ ᠬᠤᠰᠢᠭᠤᠨ︾ ᠤ ᠰᠠᠷᠠᠭᠤᠯ ᠢᠷᠡᠭᠡᠳᠦᠢ ᠶᠢ ᠡᠬᠦᠳᠬᠦ ᠬᠡᠷᠡᠭᠲᠡᠢ ᠬᠡᠵᠦ ᠴᠢᠬᠤᠯᠠᠴᠢᠯᠠᠪᠠ᠃ | ᠡᠯ᠎ᠡ ᠪᠠᠯᠭᠠᠰᠣᠨ ᠤ ᠨᠠᠮ ᠵᠠᠰᠠᠭ ᠤᠨ ᠭᠤᠤᠯ ᠬᠠᠷᠢᠭᠤᠴᠠᠯᠭᠠᠲᠠᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ ᠵᠢᠴᠢ ᠡᠯ᠎ᠡ ᠠᠷᠠᠳ ᠤᠨ ᠪᠦᠯᠬᠦᠮ᠂ | ᠬᠤᠰᠢᠭᠤ ᠬᠠᠷᠢᠶ᠎ᠠ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ᠂ ︽ᠮᠢᠩᠭᠠᠨ ᠨᠠᠮ ᠤᠨ ᠬᠡᠰᠢᠬᠦᠨ ᠨᠠᠮ ᠤᠨ ᠰᠣᠷᠭᠠᠭᠤᠯᠢ ᠳᠤ | ᠰᠣᠷᠣᠯᠴᠠᠬᠤ︾ ᠵᠢᠷᠭᠤᠳᠣᠭᠠᠷ ᠬᠤᠭᠤᠴᠠᠭᠠᠨ ᠤ ᠰᠣᠷᠣᠭᠴᠢᠳ ᠣᠷᠣᠯᠴᠠᠪᠠ᠃ |