ᠬᠤᠰᠢᠭᠤ ᠠᠷᠠᠤᠨ ᠤᠨ ᠵᠠᠰᠠᠭ ᠤᠨ ᠤᠷᠳᠤᠨ ᠤ 2025 ᠤᠨ ᠤ ᠳᠠᠪᠤᠳᠤᠭᠠᠷ ᠤᠳᠠᠭᠠᠨ ᠤ ᠨᠠᠮ ᠤᠨ ᠤᠳᠤᠷᠢᠤᠨᠬᠤ ᠳᠤᠭᠤᠶᠢᠯᠠᠩ ᠤᠨ ︵ᠦᠷᠬᠡᠤᠨᠬᠡᠭᠰᠡᠨ︶ ᠬᠤᠷᠠᠯ ᠵᠢᠴᠢ ᠲᠦᠷᠪᠡᠳᠤᠬᠡᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/27
     3 ᠰᠠᠷ᠎ᠠ ᠶᠢᠨ 26 ᠤ ᠡᠳᠤᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠬᠤᠰᠢᠭᠤ ᠳᠠᠷᠤᠭ᠎ᠠ ᠶᠠᠩ ᠶᠢᠩ ᠰᠢᠨ ᠬᠤᠰᠢᠭᠤ ᠠᠷᠠᠤᠨ ᠤᠨ ᠵᠠᠰᠠᠭ ᠤᠨ ᠤᠷᠳᠤᠨ ᠤ 2025 ᠤᠨ ᠤ ᠳᠠᠪᠤᠳᠤᠭᠠᠷ ᠤᠳᠠᠭᠠᠨ ᠤ ᠨᠠᠮ ᠤᠨ ᠤᠳᠤᠷᠢᠤᠨᠬᠤ ᠳᠤᠭᠤᠶᠢᠯᠠᠩ ᠤᠨ ︵ᠦᠷᠬᠡᠤᠨᠬᠡᠭᠰᠡᠨ︶ ᠬᠤᠷᠠᠯ ᠵᠢᠴᠢ ᠲᠦᠷᠪᠡᠳᠤᠬᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠰᠢᠭᠤ ᠠᠷᠠᠤᠨ ᠤᠨ ᠵᠠᠰᠠᠭ ᠤᠨ ᠤᠷᠳᠤᠨ ᠤ ᠤᠳᠤᠷᠢᠤᠨᠬᠤ ᠪᠠᠭ ᠤᠨ ᠪᠦᠷᠢᠯᠳᠤᠬᠦᠨ᠂ ᠠᠯᠪᠠᠨ ᠬᠡᠷ ᠤᠨ ᠡᠷᠬᠢᠯᠡᠭᠴᠢ ᠬᠤᠷᠠᠯ ᠳᠤ ᠤᠷᠤᠯᠴᠠᠪᠠ᠃     ᠬᠤᠷᠠᠯ ᠠᠴᠠ ᠶᠡᠷᠤᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠤᠨ ᠤᠯᠤᠰ ᠲᠦᠷᠤ ᠶᠢᠨ ᠳᠤᠪᠴᠢᠶ᠎ᠠ ᠶᠢᠨ ᠠᠷᠪᠠ ᠶᠢᠰᠤᠳᠤᠬᠡᠷ ᠤᠳᠠᠭᠠᠨ ᠤ ᠬᠠᠮᠳᠤ ᠶᠢᠨ ᠰᠤᠷᠤᠯᠴᠠᠯᠭ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ᠂ ᠲᠦᠪ ᠤᠨ ᠦᠨᠳᠤᠰᠤᠨ ᠱᠠᠳᠤᠨ ᠤ ᠳᠠᠷᠤᠭᠠᠰᠤ ᠶᠢ ᠬᠦᠩᠬᠡᠷᠡᠬᠦᠯᠬᠦ ᠳᠤᠬᠠᠢ ᠬᠠᠮᠢᠶ᠎ᠠ ᠪᠦᠬᠦᠢ ᠪᠢᠴᠢᠭ ᠮᠠᠲ᠋ᠧᠷᠢᠶᠡᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠦᠴᠢᠷ ᠤᠨ ᠬᠢᠨ ᠶᠡᠷᠤᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠳᠤᠤᠱᠯᠠᠭᠤᠯᠵᠤ᠂ ᠤᠯᠤᠰ ᠤᠨ ᠶᠡᠷᠤᠩᠬᠡᠢ ᠠᠮᠤᠷ ᠲᠦᠪᠰᠢᠨ ᠤ ᠦᠵᠡᠯᠳᠠ ᠶᠢ ᠭᠤᠶᠢᠪᠢᠰᠢ ᠦᠬᠡᠢ ᠳᠤᠤᠱᠯᠠᠭᠤᠯᠤᠨ᠂ ᠬᠦᠭᠵᠢᠯᠳᠠ ᠪᠠ ᠠᠮᠤᠷ ᠲᠦᠪᠰᠢᠨ ᠢ ᠨᠠᠩ ᠰᠠᠶᠢᠳᠤᠷ ᠨᠢᠬᠡᠳᠤᠯᠳᠠᠢ ᠲᠦᠯᠤᠪᠵᠢᠬᠦᠯᠵᠤ᠂ ᠨᠠᠩ ᠦᠨᠳᠤᠷ ᠲᠦᠪᠰᠢᠨ ᠪᠦᠬᠦᠢ ᠠᠮᠤᠷ ᠠᠮᠤᠭᠤᠯᠠᠩ ᠤᠳᠤᠭ ᠤᠨ ᠡᠮᠤᠨᠡᠳᠤ ᠬᠤᠰᠢᠭᠤ ᠶᠢ ᠴᠢᠷᠮᠠᠶᠢᠨ ᠪᠠᠶᠢᠭᠤᠯᠬᠤ ᠬᠡᠷᠡᠭᠳᠠᠢ᠃ ᠬᠡᠯᠪᠡᠷᠢ  ᠶᠢᠨ ᠦᠵᠡᠯ ᠢ ᠦᠷᠬᠦᠯᠵᠢᠯᠡᠨ ᠴᠡᠭᠴᠡᠯᠡᠨ ᠦᠨᠳᠤᠰᠤᠨ ᠱᠠᠳᠤᠨ ᠤ ᠳᠠᠷᠤᠭᠠᠰᠤ ᠶᠢ ᠬᠦᠩᠬᠡᠯᠡᠵᠤ᠂ ᠵᠠᠰᠠᠭ ᠤᠨ ᠤᠷᠳᠤᠨ ᠤ ᠰᠢᠰᠲ᠋ᠧᠮ ᠤᠨ ᠪᠢᠴᠢᠭ ᠮᠠᠲ᠋ᠧᠷᠢᠶᠡᠯ᠂ ᠬᠤᠷᠠᠯ ᠤᠨ ᠰᠤᠷᠳᠠᠯ ᠪᠠ ᠪᠠᠶᠢᠴᠠᠭᠠᠨ ᠰᠤᠳᠤᠯᠤᠯᠳᠠ ᠵᠡᠷᠬᠡ ᠡᠯ᠎ᠡ ᠲᠦᠷᠤᠯ ᠤᠨ ᠠᠵᠢᠯ ᠢ ᠤᠯᠠᠮ ᠨᠢᠬᠡ ᠠᠯᠬᠤᠮ ᠰᠠᠶᠢᠵᠢᠷᠠᠭᠤᠯᠤᠨ᠂ ᠠᠵᠢᠯ ᠬᠢᠵᠤ ᠤᠶᠢᠯᠡᠰ ᠪᠦᠳᠤᠬᠡᠬᠦ ᠳᠤ ᠤᠬᠢ ᠰᠠᠶᠢᠨ ᠨᠦᠬᠦᠴᠡᠯ ᠡᠬᠦᠤᠨᠬᠦ ᠬᠡᠷᠡᠭᠳᠠᠢ ᠬᠡᠵᠤ ᠴᠢᠬᠤᠯᠠᠴᠢᠯᠠᠭᠰᠡᠨ ᠪᠠᠶᠢᠨ᠎ᠠ᠃     ᠬᠤᠷᠠᠯ ᠠᠴᠠ ᠲᠦᠪ ᠤᠨ ᠨᠠᠮ ᠤᠨ ᠪᠠᠶᠢᠭᠤᠯᠤᠯᠳᠠ ᠶᠢᠨ ᠠᠵᠢᠯ ᠤᠨ ᠤᠳᠤᠷᠢᠤᠨᠬᠤ ᠳᠤᠭᠤᠶᠢᠯᠠᠩ ᠤᠨ ᠬᠤᠷᠠᠯ ᠪᠠ ᠲᠦᠪ᠂ ᠦᠪᠡᠷᠳᠡᠬᠡᠨ ᠵᠠᠰᠠᠬᠤ ᠤᠷᠤᠨ᠂ ᠬᠤᠳᠠ ᠶᠢᠨ ᠲᠦᠪ ᠤᠨ ᠨᠠᠢᠮᠠᠨ ᠳᠤᠭᠳᠠᠭᠠᠯ ᠤᠨ ᠵᠤᠷᠢᠭ ᠰᠠᠨᠠᠭ᠎ᠠ ᠶᠢ ᠬᠦᠨᠵᠡᠬᠡᠢ ᠳᠤᠤᠱᠯᠠᠭᠤᠯᠬᠤ ᠰᠤᠷᠤᠯᠴᠠᠯᠭ᠎ᠠ ᠬᠦᠮᠤᠵᠢᠯ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠡᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠬᠤᠰᠢᠭᠤ ᠠᠷᠠᠤᠨ ᠤᠨ ᠵᠠᠰᠠᠭ ᠤᠨ ᠤᠷᠳᠤᠨ ᠤ ᠨᠠᠮ ᠤᠨ ᠤᠳᠤᠷᠢᠤᠨᠬᠤ ᠳᠤᠭᠤᠶᠢᠯᠠᠩ ᠤᠨ ᠲᠦᠪ ᠤᠨ ᠨᠠᠢᠮᠠᠨ ᠳᠤᠭᠳᠠᠭᠠᠯ ᠤᠨ ᠵᠤᠷᠢᠭ ᠰᠠᠨᠠᠭ᠎ᠠ ᠶᠢ ᠬᠦᠨᠵᠡᠬᠡᠢ ᠳᠤᠤᠱᠯᠠᠭᠤᠯᠬᠤ ᠰᠤᠷᠤᠯᠴᠠᠯᠭ᠎ᠠ ᠬᠦᠮᠤᠵᠢᠯ ᠤᠨ ᠠᠵᠢᠯ ᠤᠨ ᠳᠤᠬᠢᠷᠠᠭᠤᠯᠤᠯᠳᠠ︾ ᠢ ᠬᠢᠨᠠᠨ ᠵᠦᠪᠯᠡᠪᠡ᠃ ᠬᠤᠷᠠᠯ ᠠᠴᠠ ᠬᠠᠷᠠᠯᠳᠠ ᠱᠠᠭᠠᠷᠳᠠᠯᠭ᠎ᠠ ᠶᠢ ᠡᠵᠡᠮᠳᠡᠨ᠂ ᠰᠤᠷᠤᠯᠴᠠᠯᠭ᠎ᠠ ᠬᠦᠮᠤᠵᠢᠯ ᠦᠷᠨᠢᠬᠦᠯᠬᠦ ᠶᠢ ᠶᠡᠷᠤᠩᠬᠡᠢ ᠱᠦᠵᠢ ᠰᠢ ᠶᠢᠨ ᠫᠢᠩ ᠤᠨ ᠦᠪᠤᠷ ᠮᠤᠩᠭᠤᠯ ᠳᠤ ᠦᠭᠬᠦᠭᠰᠡᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠳᠤᠤᠱᠯᠠᠭᠤᠯᠤᠨ ᠨᠠᠶᠢᠳᠠᠪᠤᠷᠢᠵᠢᠭᠤᠯᠬᠤ᠂ ᠬᠤᠶᠠᠷ ᠶᠡᠭᠡ ᠶᠠᠪᠤᠳᠠᠯ ᠢ ᠰᠠᠶᠢᠳᠤᠷ ᠪᠡᠶᠡᠯᠡᠬᠦᠯᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠬᠦᠯᠬᠦ᠂ ︽ᠵᠢᠷᠭᠤᠭᠠᠨ ᠠᠵᠢᠯᠯᠠᠭ᠎ᠠ︾ ᠶᠢ ᠦᠷᠨᠢᠬᠦᠯᠬᠦ᠂ ᠬᠤᠳᠠ ᠶᠢᠨ ︽ᠭᠤᠷᠪᠠᠨ ᠲᠦᠷᠪᠡ︾ ᠶᠢᠨ ᠠᠵᠢᠯ ᠤᠨ ᠡᠬᠦᠷᠬᠡ ᠶᠢ ᠨᠠᠶᠢᠳᠠᠪᠤᠷᠢᠵᠢᠭᠤᠯᠬᠤ᠂ ᠤᠳᠤᠬᠠᠨ ᠤ ᠠᠵᠤ ᠠᠬᠤᠢ ᠨᠠᠶᠢᠬᠡᠮ ᠤᠨ ᠬᠦᠭᠵᠢᠯᠳᠠ ᠶᠢᠨ ᠡᠯ᠎ᠡ ᠳᠠᠯ᠎ᠠ ᠶᠢᠨ ᠠᠵᠢᠯ ᠢ ᠰᠠᠶᠢᠳᠤᠷ ᠠᠤᠨᠬᠤᠬᠤ᠂ ᠵᠠᠰᠠᠭ ᠤᠨ ᠤᠷᠳᠤᠨ ᠤ ᠰᠢᠰᠲ᠋ᠧᠮ ᠤᠨ ᠨᠠᠮ ᠤᠨ ᠰᠤᠷᠳᠠᠯ ᠴᠢᠬᠡᠴᠢ ᠵᠠᠰᠠᠭ ᠤᠨ ᠪᠠᠶᠢᠭᠤᠯᠤᠯᠳᠠ ᠪᠠ ᠢᠯᠵᠡᠷᠡᠯ ᠢ ᠡᠰᠡᠷᠬᠦᠴᠡᠬᠦ ᠳᠡᠮᠡᠴᠡᠯ ᠢ ᠬᠦᠨᠵᠡᠬᠡᠢ ᠠᠬᠢᠭᠤᠯᠬᠤ  ᠲᠠᠢ ᠤᠶᠠᠯᠳᠤᠭᠤᠯᠵᠤ᠂ ᠰᠤᠷᠤᠯᠴᠠᠯᠭ᠎ᠠ ᠬᠦᠮᠤᠵᠢᠯ ᠤᠨ ᠤᠷᠮᠠᠰᠢᠯ ᠪᠠ ᠪᠦᠳᠤᠮᠵᠢ ᠶᠢ ᠮᠠᠨ ᠤ ᠬᠤᠰᠢᠭᠤᠨ ᠤ ᠲᠦᠷᠪᠡᠨ ᠤᠷᠤᠨ ᠤ ᠪᠠᠶᠢᠭᠤᠯᠤᠯᠳᠠ ᠶᠢᠨ ᠳᠡᠰ ᠳᠠᠪᠰᠢᠯᠳᠠ ᠶᠢ ᠠᠬᠢᠭᠤᠯᠬᠤ ᠬᠦᠴᠤᠷᠬᠡᠭ ᠬᠦᠳᠡᠯᠬᠡᠭᠴᠢ ᠬᠦᠴᠤᠨ ᠪᠤᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠳᠠᠢ ᠬᠡᠵᠤ ᠴᠢᠬᠤᠯᠠᠴᠢᠯᠠᠭᠰᠡᠨ ᠪᠠᠶᠢᠨ᠎ᠠ᠃      ᠬᠤᠷᠠᠯ ᠠᠴᠠ ︽ᠵᠢᠷᠭᠤᠭᠠᠨ ᠠᠵᠢᠯᠯᠠᠭ᠎ᠠ︾ ᠶᠢᠨ ᠠᠵᠢᠯ ᠢ ᠨᠠᠶᠢᠳᠠᠪᠤᠷᠢᠵᠢᠭᠤᠯᠤᠭᠰᠡᠨ ᠪᠠᠶᠢᠳᠠᠯ ᠢ ᠰᠤᠨᠤᠰᠴᠤ᠂ ᠪᠦᠬᠦ ᠬᠤᠰᠢᠭᠤᠨ ᠤ ︽ᠵᠢᠷᠭᠤᠭᠠᠨ ᠠᠵᠢᠯᠯᠠᠭ᠎ᠠ︾ ᠶᠢ ᠬᠡᠷᠡᠭᠵᠢᠬᠦᠯᠬᠦ ᠲᠦᠰᠤᠯ ᠢ ᠬᠢᠨᠠᠨ ᠵᠦᠪᠯᠡᠪᠡ᠃ ᠬᠤᠷᠠᠯ ᠠᠴᠠ᠂ ︽ᠵᠢᠷᠭᠤᠭᠠᠨ ᠠᠵᠢᠯᠯᠠᠭ᠎ᠠ︾ ᠪᠤᠯ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠦᠨᠤ  ᠵᠢᠯ ᠤᠨ ᠨᠢᠬᠡ ᠲᠦᠷᠤᠯ ᠤᠨ ᠴᠢᠬᠤᠯᠠ ᠪᠠᠶᠢᠷᠢᠯᠠᠭᠤᠯᠤᠯᠳᠠ ᠪᠤᠯᠬᠤᠷ ᠳᠠᠪᠤᠨ ᠶᠡᠭᠡ ᠡᠬᠦᠷᠬᠡ᠂ ᠵᠢᠷᠭᠤᠭᠠᠨ ᠢᠨᠵᠧᠨᠧᠷᠢᠩ ᠲᠠᠢ ᠨᠢᠭᠳᠠ ᠬᠤᠯᠪᠤᠭᠳᠠᠵᠤ᠂ ᠤᠳᠤᠬᠠᠨ ᠤ ᠪᠠ ᠬᠤᠶᠢᠰᠢᠳᠠ ᠶᠢᠨ ᠨᠢᠬᠡᠨ ᠬᠤᠭᠤᠴᠠᠭᠠᠨ ᠤ ᠪᠦᠬᠦ ᠬᠤᠰᠢᠭᠤᠨ ᠤ ᠡᠯ᠎ᠡ ᠲᠦᠷᠤᠯ ᠤᠨ ᠠᠵᠢᠯ ᠤᠨ ᠴᠢᠬᠤᠯᠠ ᠵᠢᠯᠤᠭᠤᠳᠤᠯᠭ᠎ᠠ᠂ ᠪᠢᠳᠠᠨ ᠤ ᠡᠷᠬᠡᠪᠰᠢ ᠰᠠᠶᠢᠳᠤᠷ ᠠᠤᠨᠬᠤᠬᠤ ᠤᠯᠤᠰ ᠲᠦᠷᠤ ᠶᠢᠨ ᠡᠬᠦᠷᠬᠡ᠂ ᠬᠦᠭᠵᠢᠯᠳᠠ ᠶᠢᠨ ᠶᠡᠭᠡ ᠶᠠᠪᠤᠳᠠᠯ᠂ ᠠᠷᠠᠤᠨ ᠤᠨ ᠠᠮᠢᠳᠤᠷᠠᠯ ᠤᠨ ᠢᠨᠵᠧᠨᠧᠷᠢᠩ ᠪᠤᠯᠤᠨ᠎ᠠ᠃ ᠪᠦᠬᠦ ᠬᠤᠰᠢᠭᠤ ᠪᠠᠷ ᠢᠶᠠᠨ ᠤᠯᠤᠰ ᠲᠦᠷᠤ ᠶᠢᠨ ᠵᠤᠭᠰᠤᠴᠠ ᠪᠠᠨ ᠤᠯᠠᠮ ᠨᠢᠬᠡ ᠠᠯᠬᠤᠮ ᠳᠡᠬᠡᠭᠰᠢᠯᠡᠬᠦᠯᠤᠨ᠂ ᠤᠷᠬᠢᠯᠤᠮ᠎ᠠ ᠤᠪᠤᠷ ᠪᠠ ᠰᠢᠪᠳᠤᠯᠬᠤ ᠳᠡᠮᠡᠴᠡᠯ ᠤᠨ ᠵᠤᠷᠢᠭ ᠢᠶᠠᠷ ᠨᠠᠷᠢᠯᠢᠭ ᠵᠤᠬᠢᠶᠠᠨ ᠪᠠᠶᠢᠭᠤᠯᠤᠨ ᠦᠷᠨᠢᠬᠦᠯᠵᠤ᠂ ᠰᠠᠶᠢᠨ ᠡᠬᠢᠯᠡᠯᠳᠠ ᠶᠢ ᠡᠵᠡᠮᠳᠡᠨ᠂ ᠪᠦᠬᠦ ᠵᠢᠯ ᠤᠨ ᠢᠯᠠᠯᠳᠠ ᠶᠢ ᠤᠯᠬᠤ ᠪᠠᠷ ᠬᠦᠴᠤᠯᠡᠨ ᠴᠢᠷᠮᠠᠶᠢᠬᠤ ᠬᠡᠷᠡᠭᠳᠠᠢ ᠬᠡᠵᠤ ᠴᠢᠬᠤᠯᠠᠴᠢᠯᠠᠭᠰᠡᠨ ᠪᠠᠶᠢᠨ᠎ᠠ᠃     ᠬᠤᠷᠠᠯ ᠠᠴᠠ ᠳᠡᠷᠢᠬᠦᠯᠡᠭᠴᠢ ᠸᠠᠩ ᠯᠢ ᠰᠢᠶᠠ ᠶᠢᠨ ᠮᠠᠨ ᠤ ᠬᠤᠳᠠ ᠳᠤ ᠪᠠᠶᠢᠴᠠᠭᠠᠨ ᠰᠤᠳᠤᠯᠬᠤ ᠦᠶ᠎ᠡ ᠶᠢᠨ ᠠᠵᠢᠯ ᠤᠨ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠳᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠳᠤᠬᠢᠷᠠᠭᠤᠯᠪᠠ᠃ ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠦᠴᠢᠷ ᠤᠨ ᠬᠢᠨ ᠳᠡᠷᠢᠬᠦᠯᠡᠭᠴᠢ ᠸᠠᠩ ᠯᠢ ᠰᠢᠶᠠ ᠶᠢᠨ ᠪᠠᠶᠢᠴᠠᠭᠠᠨ ᠰᠤᠳᠤᠯᠤᠯᠳᠠ ᠶᠢᠨ ᠵᠢᠭᠠᠪᠤᠷᠢ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠲᠦᠷᠤᠯ ᠵᠦᠢᠯ ᠢ ᠪᠠᠶᠢᠭᠤᠯᠬᠤ᠂ ᠠᠷᠠᠯᠵᠢᠶᠠᠴᠢᠨ ᠤᠷᠢᠵᠤ ᠪᠡᠯᠡ ᠳᠠᠳᠠᠬᠤ᠂ ᠳᠡᠤᠬᠡ ᠶᠢᠨ ᠳᠤᠷᠠᠰᠬᠠᠯᠳᠤ ᠵᠤᠶᠢᠯᠡᠰ ᠢ ᠬᠠᠮᠠᠭᠠᠯᠠᠬᠤ ᠪᠠ ᠬᠡᠷᠡᠭᠯᠡᠭᠡ ᠶᠢ ᠠᠬᠢᠭᠤᠯᠬᠤ᠂ ᠨᠡᠮᠡᠭᠳᠡᠯ ᠢ ᠳᠤᠭᠳᠠᠪᠤᠷᠢᠵᠢᠭᠤᠯᠬᠤ ᠵᠡᠷᠬᠡ ᠠᠵᠢᠯ ᠢ ᠨᠢᠬᠡᠳᠤᠯᠳᠠᠢ ᠲᠦᠯᠤᠪᠵᠢᠬᠦᠯᠤᠨ ᠰᠠᠶᠢᠳᠤᠷ ᠠᠤᠨᠬᠤᠬᠤ ᠬᠡᠷᠡᠭᠳᠠᠢ ᠬᠡᠵᠤ ᠴᠢᠬᠤᠯᠠᠴᠢᠯᠠᠭᠰᠡᠨ ᠪᠠᠶᠢᠨ᠎ᠠ᠃     ᠬᠤᠷᠠᠯ ᠠᠴᠠ ᠠᠮᠢ ᠠᠬᠤᠢ ᠤᠷᠴᠢᠨ ᠬᠠᠮᠠᠭᠠᠯᠠᠯᠳᠠ᠂ ᠢᠳᠡᠬᠡᠨ ᠡᠮ ᠤᠨ ᠵᠦᠢᠯ ᠤᠨ ᠠᠮᠤᠷ ᠲᠦᠪᠰᠢᠨ᠂ ᠤᠨᠴᠠ ᠲᠦᠷᠤᠯ ᠤᠨ ᠲᠦᠬᠦᠬᠡᠷᠤᠮᠵᠢ ᠶᠢᠨ ᠠᠮᠤᠷ ᠲᠦᠪᠰᠢᠨ᠂ ᠴᠠᠯᠢᠩ ᠦᠷᠢᠳᠤᠯ ᠤᠨ ᠦᠨᠳᠤᠰᠤᠨ ᠵᠠᠰᠠᠯᠳᠠ ᠵᠡᠷᠬᠡ ᠴᠠᠷᠠᠭᠠᠨ ᠳᠠᠬᠢ ᠭᠤᠤᠯᠳᠠᠯᠭᠠᠳᠤ ᠠᠵᠢᠯ ᠢ ᠪᠠᠶᠢᠷᠢᠯᠠᠭᠤᠯᠤᠨ ᠳᠤᠬᠢᠷᠠᠭᠤᠯᠪᠠ᠃ ᠬᠤᠷᠠᠯ ᠠᠴᠠ᠂ ᠭᠤᠤᠯᠳᠠᠯᠭᠠᠳᠤ ᠬᠦᠷᠢᠶ᠎ᠡ ᠪᠠᠭᠤᠷᠠᠢ ᠭᠤᠭᠴᠤᠭ᠎ᠠ ᠶᠢ ᠴᠢᠩᠭ᠎ᠠ ᠡᠵᠡᠮᠳᠡᠨ᠂ ᠠᠷᠠᠤᠨ ᠤᠯᠠᠨ ᠤ ᠳᠤᠰᠬᠠᠯ ᠴᠢᠩᠭ᠎ᠠ ᠪᠠᠶᠢᠭ᠎ᠠ ᠤᠷᠴᠢᠨ ᠳᠤᠭᠤᠷᠢᠨ ᠤ ᠠᠰᠠᠭᠤᠳᠠᠯ ᠳᠤ ᠠᠩᠬᠠᠷᠤᠯ ᠢᠶᠠᠨ ᠲᠦᠪᠯᠡᠷᠡᠬᠦᠯᠵᠤ᠂ ᠠᠮᠢ ᠠᠬᠤᠢ ᠤᠷᠴᠢᠨ ᠬᠠᠮᠠᠭᠠᠯᠠᠯᠳᠠ ᠶᠢᠨ ᠠᠵᠢᠯ ᠢ ᠬᠦᠨᠵᠡᠬᠡᠢ ᠨᠠᠷᠢᠯᠢᠭ ᠪᠤᠳᠠᠳᠠᠢ ᠠᠤᠨᠬᠤᠨ᠂ ᠪᠤᠳᠠᠳᠤ ᠠᠵᠢᠯᠯᠠᠮᠵᠢ ᠪᠤᠳᠠᠳᠤ ᠪᠦᠳᠤᠮᠵᠢ ᠪᠠᠷ ᠢᠶᠠᠨ ᠪᠦᠬᠦ ᠬᠤᠰᠢᠭᠤᠨ ᠤ ᠠᠮᠢ ᠠᠬᠤᠢ ᠤᠷᠴᠢᠨ ᠬᠠᠮᠠᠭᠠᠯᠠᠯᠳᠠ ᠶᠢᠨ ᠠᠵᠢᠯ ᠢ ᠠᠬᠢᠭᠤᠯᠤᠨ ᠳᠡᠬᠢᠨ ᠰᠢᠨ᠎ᠡ ᠳᠡᠭᠳᠡᠷ ᠲᠤ ᠭᠠᠷᠭᠠᠬᠤ ᠬᠡᠷᠡᠭᠳᠠᠢ᠃ ᠰᠢᠶᠡᠨ ᠤ ᠳᠡᠰ ᠤᠨ ᠤᠳᠤᠷᠢᠳᠤᠯᠭ᠎ᠠ ᠳᠠᠭᠠᠭᠠᠴᠢᠯᠠᠨ ᠬᠤᠯᠪᠤᠭᠠᠯᠠᠬᠤ ᠪᠠ ︽ᠬᠤᠰᠢᠭᠤ᠂ ᠪᠠᠯᠭᠠᠰᠤ᠂ ᠭᠠᠴᠠᠭ᠎ᠠ ᠳᠤᠰᠬᠤᠨ︾ ᠭᠤᠷᠪᠠᠨ ᠱᠠᠳᠤ ᠬᠤᠯᠪᠤᠭᠠᠯᠠᠬᠤ ᠬᠠᠷᠢᠭᠤᠴᠠᠯᠭ᠎ᠠ ᠶᠢᠨ ᠳᠤᠭᠳᠠᠴᠠ ᠶᠢ ᠴᠢᠩᠭ᠎ᠠ ᠨᠠᠶᠢᠳᠠᠪᠤᠷᠢᠵᠢᠭᠤᠯᠤᠨ᠂ ᠤᠢ ᠰᠢᠭᠤᠢ᠂ ᠨᠤᠳᠤᠭ ᠪᠡᠯᠴᠢᠬᠡᠷ᠂ ᠳᠠᠷᠢᠶᠠᠨ ᠭᠠᠵᠠᠷ᠂ ᠤᠰᠤᠨ ᠠᠮᠢ ᠠᠬᠤᠢ ᠶᠢᠨ ᠬᠠᠮᠠᠭᠠᠯᠠᠯᠳᠠ ᠶᠢ ᠨᠢᠬᠡᠳᠤᠯᠳᠠᠢ ᠲᠦᠯᠤᠪᠵᠢᠬᠦᠯᠤᠨ ᠰᠠᠶᠢᠳᠤᠷ ᠬᠢᠬᠦ ᠬᠡᠷᠡᠭᠳᠠᠢ᠃ ᠠᠰᠠᠭᠤᠳᠠᠯ ᠤᠨ ᠤᠳᠤᠷᠢᠳᠤᠮᠵᠢ ᠶᠢ ᠴᠢᠩᠭᠠᠤᠨᠬᠠᠨ᠂ ᠢᠳᠡᠬᠡᠨ ᠡᠮ ᠤᠨ ᠵᠦᠢᠯ᠂ ᠤᠨᠴᠠ ᠲᠦᠷᠤᠯ ᠤᠨ ᠲᠦᠬᠦᠬᠡᠷᠤᠮᠵᠢ ᠶᠢ ᠡᠬᠢ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠤᠨᠬᠠᠵᠤ᠂ ᠨᠠᠷᠢᠯᠢᠭ ᠤᠨᠤᠪᠴᠢᠳᠤ ᠵᠠᠰᠠᠯᠳᠠ ᠶᠢ ᠳᠤᠪᠤᠶᠢᠯᠭᠠᠨ᠂ ᠡᠯ᠎ᠡ ᠲᠦᠷᠤᠯ ᠤᠨ ᠠᠮᠤᠷ ᠲᠦᠪᠰᠢᠨ ᠤ ᠲᠦᠭᠰᠢᠬᠦᠷᠢ ᠶᠢ ᠪᠦᠬᠦ ᠬᠦᠴᠤᠨ ᠢᠶᠠᠷ ᠰᠡᠷᠬᠡᠶᠢᠯᠡᠨ ᠰᠢᠢᠤᠨᠪᠤᠷᠢᠯᠡᠬᠦ ᠬᠡᠷᠡᠭᠳᠠᠢ᠃ ︽ᠠᠵᠢᠯ ᠲᠦᠷᠤᠯ ᠢ ᠬᠠᠮᠢᠶᠠᠷᠬᠤ ᠳᠤ ᠡᠷᠬᠡᠪᠰᠢ ᠴᠠᠯᠢᠩ ᠦᠷᠢᠳᠤᠬᠦ ᠶᠢ ᠬᠠᠮᠢᠶᠠᠷᠬᠤ︾ ᠶᠢ ᠪᠠᠷᠢᠮᠳᠠᠯᠠᠨ᠂ ᠲᠦᠭᠰᠢᠬᠦᠷᠢ ᠶᠢᠨ ᠳᠠᠯᠳᠠ ᠬᠡᠮ ᠤᠨ ᠪᠠᠶᠢᠴᠠᠭᠠᠯᠳᠠ ᠶᠢ ᠴᠢᠩᠭᠠᠤᠨᠬᠠᠵᠤ᠂ ᠰᠠᠯᠠᠭ᠎ᠠ ᠮᠦᠴᠢᠷ  ᠤᠨ ᠬᠠᠮᠵᠢᠯᠴᠠᠭ᠎ᠠ᠂ ᠠᠵᠢᠯ ᠤᠨ ᠬᠤᠯᠪᠤᠭᠠᠯᠠᠯ ᠢ ᠴᠢᠩᠭᠠᠤᠨᠬᠠᠨ᠂ ᠴᠠᠯᠢᠩ ᠦᠷᠢᠳᠤᠯ ᠤᠨ ᠭᠤᠤᠯᠳᠠᠯᠭᠠᠳᠤ ᠵᠦᠷᠢᠴᠡᠯ ᠢ ᠲᠦᠷᠬᠡᠨ ᠳᠤᠬᠢᠳᠠᠢ ᠰᠢᠢᠤᠨᠪᠤᠷᠢᠯᠡᠬᠦ ᠶᠢ ᠠᠬᠢᠭᠤᠯᠵᠤ᠂ ᠵᠠᠬ᠎ᠠ ᠳᠡᠯᠬᠡᠬᠦᠷ ᠤᠨ ᠭᠤᠤᠯ ᠴᠤᠭᠴᠠ ᠪᠠ ᠮᠠᠯᠴᠢᠨ ᠳᠠᠷᠢᠶᠠᠴᠢᠨ ᠠᠵᠢᠯᠴᠢᠨ ᠤ ᠬᠠᠤᠯᠢ ᠶᠤᠰᠤᠨ ᠤ ᠡᠷᠬᠡ ᠠᠰᠢᠭ ᠢ ᠦᠨᠡᠨᠬᠦ ᠬᠠᠮᠠᠭᠠᠯᠠᠬᠤ ᠬᠡᠷᠡᠭᠳᠠᠢ ᠬᠡᠵᠤ ᠴᠢᠬᠤᠯᠠᠴᠢᠯᠠᠭᠰᠡᠨ ᠪᠠᠶᠢᠨ᠎ᠠ᠃     ᠬᠤᠷᠠᠯ ᠠᠴᠠ ᠪᠠᠰᠠ ᠪᠤᠰᠤᠤᠨ ᠵᠦᠢᠯ ᠢ ᠰᠤᠳᠤᠯᠪᠠ᠃     ᠬᠤᠰᠢᠭᠤ ᠤᠳᠤᠷᠢᠳᠤᠯᠭ᠎ᠠ ᠴᠢᠨ ᠯᠢᠩ ᠹᠧᠩ᠂ ᠱᠠᠩᠬᠠᠢ ᠶᠢᠨ ᠰᠦᠮ᠎ᠠ ᠠᠵᠤ ᠠᠬᠤᠢ ᠶᠢᠨ ᠨᠡᠬᠡᠬᠡᠯᠳᠠ ᠶᠢᠨ ᠤᠷᠤᠨ ᠤ ᠤᠳᠤᠷᠢᠳᠤᠯᠭ᠎ᠠ ᠯᠢ ᠳ᠋ᠦᠩ ᠬᠤᠷᠠᠯ  ᠳᠤ ᠰᠤᠯᠠ ᠤᠷᠤᠯᠴᠠᠪᠠ᠃
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ