ᠯᠢ ᠯᠢ ᠮᠠᠨ ᠤ ᠬᠤᠰᠢᠭᠤᠨ ᠳᠤ ᠪᠠᠶᠢᠴᠠᠭᠠᠨ ᠰᠣᠳᠣᠯᠣᠯᠳᠠ ᠬᠢᠪᠠ
ᠨᠡᠶᠢᠲᠡᠯᠡᠭᠰᠡᠨ ᠴᠠᠭ᠄
2025/3/27
     3 ᠰᠠᠷ᠎ᠠ ᠶᠢᠨ 25 ᠤ ᠡᠳᠦᠷ ᠠᠴᠠ 26 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠯᠢ ᠯᠢ ᠮᠠᠨ ᠬᠤᠰᠢᠭᠤᠨ ᠤ ᠬᠠᠳᠣᠨ ᠲᠣᠬᠤᠢ ᠶᠢᠨ ᠰᠢᠪᠳᠣᠯᠣᠯᠳᠠ ᠪᠣᠯᠣᠨ ᠠᠮᠢ ᠠᠬᠤᠢ ᠶᠢᠨ ᠵᠠᠰᠠᠯᠳᠠ ᠵᠡᠷᠭᠡ ᠠᠵᠢᠯ ᠢ ᠪᠠᠶᠢᠴᠠᠭᠠᠨ ᠰᠣᠳᠣᠯᠪᠠ
1.png
     △ ᠯᠢ ᠯᠢ ᠣᠳᠤᠭ ᠤᠨ ᠡᠮᠦᠨᠡᠳᠦ ᠬᠤᠰᠢᠭᠤᠨ ᠤ ᠱᠠᠩᠬᠠᠢ ᠶᠢᠨ ᠰᠦᠮ᠎ᠡ ᠪᠠᠯᠭᠠᠰᠣᠨ ᠤ ᠮᠠᠩᠬᠠᠳᠦ ᠭᠠᠴᠠᠭᠠᠨ ᠤ ᠴᠦᠨ ᠢᠦᠢ ᠬᠢᠨ ᠳᠤ ᠪᠡᠯᠴᠢᠭᠡᠷᠯᠡᠭᠦᠯᠬᠦ  ᠶᠢ ᠬᠤᠷᠢᠭᠯᠠᠨ ᠰᠠᠯᠭᠦᠨ ᠮᠠᠯᠵᠢᠬᠤ ᠪᠠ ᠬᠤᠷᠰᠢᠶᠠᠵᠢᠯ ᠤᠨ ᠬᠦᠭᠵᠢᠯᠳᠡ ᠶᠢᠨ ᠪᠠᠶᠢᠳᠠᠯ ᠢ ᠣᠶᠢᠯᠠᠭᠠᠪᠠ᠃     ᠯᠢ ᠯᠢ᠂ ᠱᠠᠩᠬᠠᠢ ᠶᠢᠨ ᠰᠦᠮ᠎ᠡ ᠪᠠᠯᠭᠠᠰᠣᠨ ᠤ ᠮᠠᠩᠬᠠᠳᠦ ᠭᠠᠴᠠᠭᠠᠨ ᠤ ᠴᠦᠨ ᠢᠦᠢ ᠶᠢᠨ  ᠭᠡᠷ ᠲᠤ᠂ ᠪᠡᠯᠴᠢᠭᠡᠷᠯᠡᠭᠦᠯᠬᠦ ᠶᠢ ᠬᠤᠷᠢᠭᠯᠠᠨ ᠰᠡᠯᠭᠦᠨ ᠮᠠᠯᠵᠢᠬᠤ ᠪᠠ ᠬᠤᠷᠰᠢᠶᠠᠵᠢᠯ ᠤᠨ ᠬᠦᠭᠵᠢᠯᠳᠡ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠨᠣᠳᠤᠭ ᠪᠡᠯᠴᠢᠭᠡᠷ ᠤᠨ ᠬᠠᠮᠠᠭᠠᠯᠠᠯᠳᠠ ᠪᠣᠯᠣᠨ ᠢᠮᠠᠭᠠᠨ ᠨᠣᠣᠯᠣᠭᠤᠷ ᠤᠨ ᠬᠦᠭᠵᠢᠯᠳᠡ ᠶᠢ ᠣᠶᠠᠯᠳᠣᠭᠤᠯᠣᠨ᠂ ᠮᠠᠯ ᠪᠡᠯᠴᠢᠭᠡᠷ ᠢ ᠲᠡᠩᠴᠡᠬᠦᠷᠢᠰᠢᠬᠦᠯᠬᠦ ᠪᠠ ᠪᠡᠯᠴᠢᠭᠡᠷᠯᠡᠭᠦᠯᠬᠦ ᠶᠢ ᠬᠤᠷᠢᠭᠯᠠᠨ ᠰᠡᠯᠭᠦᠨ ᠮᠠᠯᠵᠢᠬᠤ ᠲᠦᠷᠢᠮ ᠢ ᠴᠢᠩᠭ᠎ᠠ ᠬᠡᠷᠡᠭᠵᠢᠭᠦᠯᠵᠣ᠂ ᠠᠷᠪᠠᠰ ᠤᠨ ᠢᠮᠠᠭᠠᠨ ᠨᠣᠣᠯᠣᠭᠤᠷ ᠤᠨ ᠴᠢᠨᠠᠷᠯᠢᠭ ᠰᠠᠶᠢᠨ ᠦᠨ᠎ᠡ ᠪᠠᠷ ᠬᠤᠳᠠᠯᠳᠣᠨ ᠠᠪᠴᠦ ᠬᠠᠳᠠᠭᠠᠯᠠᠬᠤ ᠨᠦᠬᠦᠪᠦᠷᠢ ᠶᠢᠨ ᠲᠦᠷᠦ ᠶᠢᠨ ᠪᠣᠳᠣᠯᠭ᠎ᠠ ᠶᠢ ᠰᠢᠯᠢᠳᠡᠭᠵᠢᠭᠦᠯᠣᠨ᠂ ᠮᠠᠯᠴᠢᠨ ᠲᠠᠷᠢᠶᠠᠴᠢᠨ ᠢ ᠵᠢᠯᠣᠭᠤᠳᠣᠨ ᠣᠭ ᠡᠭᠦᠯᠳᠡᠷ ᠢ ᠬᠠᠮᠠᠭᠠᠯᠠᠵᠣ᠂ ᠶᠠᠰᠦ ᠴᠢᠨᠠᠷ ᠢ ᠣᠯᠠᠮ ᠲᠡᠭᠡᠭᠰᠢᠯᠡᠭᠦᠯᠦᠨ᠂ ᠨᠡᠷᠡᠳᠦ ᠲᠡᠮᠳᠡᠭ ᠢ ᠬᠦᠴᠦᠷᠬᠡᠭᠵᠢᠭᠦᠯᠬᠦ ᠬᠡᠷᠡᠭᠳᠡᠢ ᠭᠡᠪᠡ᠃
2.png
     △ ᠯᠢ ᠯᠢ ᠣᠳᠤᠭ ᠤᠨ ᠡᠮᠦᠨᠡᠳᠦ ᠬᠤᠰᠢᠭᠤᠨ ᠤ ᠣᠯᠵᠠᠴᠢ ᠪᠠᠯᠭᠠᠰᠣᠨ ᠤ ᠭᠠᠵᠠᠷ ᠲᠣᠣᠷᠠᠬᠢ ᠣᠰᠣᠨ ᠤ ᠭᠡᠳᠦ ᠠᠰᠢᠭᠯᠠᠯᠳᠠ ᠶᠢᠨ ᠶᠡᠷᠦᠩᠬᠡᠶᠢᠯᠡᠭᠰᠡᠨ ᠵᠠᠰᠠᠯᠳᠠ ᠶᠢᠨ ᠢᠨᠵᠧᠨᠧᠷᠢᠩ ᠤᠨ ᠣᠰᠣ ᠴᠡᠪᠡᠷᠰᠢᠭᠦᠯᠬᠦ ᠦᠢᠯᠠᠳᠪᠦᠷᠢ ᠳᠤ ᠬᠦᠷᠴᠦ ᠣᠰᠣᠨ ᠰᠣᠷᠪᠣᠯᠵᠢ ᠶᠢᠨ ᠪᠠᠶᠢᠳᠠᠯ ᠢ ᠣᠶᠢᠯᠠᠭᠠᠪᠠ᠃     ᠯᠢ ᠯᠢ᠂ ᠣᠯᠵᠠᠴᠢ ᠪᠠᠯᠭᠠᠰᠣᠨ ᠳᠤ ᠣᠢ ᠰᠢᠭᠤᠢ ᠨᠣᠳᠤᠭ ᠪᠡᠯᠴᠢᠭᠡᠷ ᠤᠨ ᠬᠠᠣᠯᠢ ᠪᠣᠰᠣ ᠪᠠᠷ ᠠᠳᠠᠷ ᠬᠠᠭᠠᠯᠪᠦᠷᠢᠯᠠᠭᠰᠠᠨ ᠲᠣᠯᠪᠣᠳᠦ ᠵᠢᠷᠤᠭ ᠤᠨ ᠴᠡᠭᠴᠡᠯᠡᠯᠳᠡ᠂ ᠭᠠᠵᠠᠷ ᠲᠣᠣᠷᠠᠬᠢ ᠣᠰᠣᠨ ᠤ ᠬᠡᠳᠦ ᠠᠰᠢᠭᠯᠠᠯᠳᠠ ᠶᠢᠨ ᠵᠠᠰᠠᠯᠳᠠ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠬᠤ ᠶᠢᠨ ᠬᠠᠮᠳᠦ ᠮᠠᠯᠴᠢᠨ ᠲᠠᠷᠢᠶᠠᠴᠢᠨ ᠡᠷᠦᠭᠡ ᠶᠢᠨ ᠣᠢ ᠰᠢᠭᠤᠢ ᠨᠣᠳᠤᠭ ᠪᠡᠯᠴᠢᠭᠡᠷ ᠤᠨ ᠲᠣᠯᠪᠣᠳᠦ ᠵᠢᠷᠤᠭ ᠤᠨ ᠴᠡᠭᠴᠡᠯᠡᠯᠳᠡ ᠰᠠᠶᠢᠵᠢᠷᠠᠭᠤᠯᠣᠯᠳᠠ ᠶᠢᠨ ᠪᠠᠶᠢᠳᠠᠯ ᠢ ᠪᠣᠳᠠᠳᠦ ᠭᠠᠵᠠᠷ ᠲᠤ  ᠨᠢ ᠪᠠᠶᠢᠴᠠᠭᠠᠨ ᠦᠵᠡᠪᠡ᠃ ᠲᠡᠷᠡ᠂ ᠲᠦᠷᠦ ᠶᠢᠨ ᠪᠣᠳᠣᠯᠭ᠎ᠠ ᠶᠢᠨ ᠣᠬᠠᠭᠤᠯᠭ᠎ᠠ ᠪᠠᠨ ᠴᠢᠩᠭᠠᠳᠬᠠᠨ᠂ ᠬᠢᠨᠠᠯᠳᠠ ᠬᠠᠮᠢᠶᠠᠷᠣᠯᠳᠠ ᠶᠢᠨ ᠡᠷᠴᠢᠮ ᠢᠶᠠᠨ ᠴᠢᠩᠭᠠᠷᠠᠭᠤᠯᠵᠣ᠂ ᠮᠡᠷᠭᠡᠵᠢᠯ ᠤᠨ ᠰᠡᠷᠭᠡᠶᠢᠯᠡᠯᠳᠡ ᠶᠢᠨ ᠠᠷᠭ᠎ᠠ ᠠᠪᠴᠠᠯ ᠢ ᠰᠠᠶᠢᠳᠦᠷ ᠬᠡᠷᠡᠭᠯᠡᠨ᠂ ᠴᠢᠩᠭ᠎ᠠ ᠲᠦᠷᠭᠡᠨ ᠴᠡᠭᠴᠡᠯᠡᠵᠣ᠂ ᠲᠠᠷᠢᠶᠠᠨ ᠭᠠᠵᠠᠷ ᠣᠢ ᠰᠢᠭᠤᠢ ᠨᠣᠳᠤᠭ ᠪᠡᠯᠴᠢᠭᠡᠷ ᠤᠨ ᠡᠬᠢ ᠪᠠᠶᠠᠯᠢᠭ ᠤᠨ ᠲᠣᠳᠣᠷᠬᠠᠶᠢᠯᠠᠯ ᠤᠨ ᠺᠠᠷᠲ ᠶᠢ ᠲᠦᠭᠡᠮᠡᠯᠵᠢᠭᠦᠯᠦᠨ᠂ ᠬᠠᠣᠯᠢ ᠶᠢ ᠵᠦᠷᠢᠴᠡᠨ ᠣᠢ ᠰᠢᠭᠤᠢ ᠨᠣᠳᠤᠭ ᠪᠡᠯᠴᠢᠭᠡᠷ ᠢ ᠡᠪᠳᠡᠭᠰᠡᠨ ᠠᠵᠢᠯᠯᠠᠭᠠᠨ ᠳᠤ ᠴᠢᠩᠭ᠎ᠠ ᠴᠣᠬᠢᠯᠳᠠ ᠦᠭᠴᠦ᠂ ᠰᠡᠷᠭᠡᠶᠢᠯᠡᠯᠳᠡ ᠬᠠᠮᠠᠭᠠᠯᠠᠯᠳᠠ ᠶᠢ ᠪᠠᠳᠣᠯᠠᠬᠤ ᠬᠡᠷᠡᠭᠳᠡᠢ᠃ ᠣᠰᠣ ᠠᠷᠪᠢᠯᠠᠬᠤ ᠠᠵᠢᠯᠯᠠᠭᠠᠨ ᠢ ᠯᠠᠪᠳᠠᠭᠤᠨ ᠪᠠᠳᠣᠳᠠᠢ ᠦᠷᠨᠢᠭᠦᠯᠣᠨ᠂ ᠣᠰᠣᠨ ᠰᠣᠷᠪᠣᠯᠵᠢ ᠶᠢᠨ ᠶᠡᠷᠦᠩᠬᠡᠶᠢᠯᠡᠭᠰᠡᠨ ᠠᠰᠢᠭᠯᠠᠯᠳᠠ ᠶᠢᠨ ᠲᠦᠪᠰᠢᠨ ᠢ ᠲᠡᠭᠡᠭᠰᠢᠯᠡᠭᠦᠯᠵᠣ᠂ ᠬᠡᠮᠵᠢᠶ᠎ᠡ ᠠᠴᠠ ᠬᠡᠳᠦ ᠬᠡᠷᠡᠭᠯᠡᠭᠰᠡᠨ ᠣᠰᠣᠨ ᠤ ᠦᠨ᠎ᠡ ᠶᠢ ᠨᠡᠮᠡᠭᠳᠡᠭᠦᠯᠬᠦ ᠲᠦᠷᠢᠮ ᠢ ᠲᠡᠭᠦᠯᠳᠡᠷᠵᠢᠭᠦᠯᠦᠨ᠂ ᠭᠠᠵᠠᠷ ᠲᠣᠣᠷᠠᠬᠢ ᠣᠰᠣᠨ ᠤ ᠬᠡᠳᠦ ᠠᠰᠢᠭᠯᠠᠯᠳᠠ ᠶᠢᠨ ᠣᠷᠣᠨ ᠤ ᠣᠰᠣᠨ ᠲᠦᠪᠰᠢᠨ ᠤ ᠲᠣᠭᠳᠠᠭᠤᠨ ᠲᠡᠭᠡᠭᠰᠢᠯᠡᠯᠳᠡ ᠶᠢ ᠠᠬᠢᠭᠤᠯᠬᠤ ᠬᠡᠷᠡᠭᠳᠡᠢ ᠭᠡᠪᠡ᠃
3.png
     △ ᠯᠢ ᠯᠢ ᠣᠳᠤᠭ ᠤᠨ ᠡᠮᠦᠨᠡᠳᠦ ᠬᠤᠰᠢᠭᠤᠨ ᠤ ᠣᠯᠵᠠᠴᠢ ᠪᠠᠯᠭᠠᠰᠣᠨ ᠤ ᠭᠠᠵᠠᠷ ᠲᠣᠣᠷᠠᠬᠢ ᠣᠰᠣᠨ ᠤ ᠬᠡᠳᠦ ᠠᠰᠢᠭᠯᠠᠯᠳᠠ ᠶᠢᠨ ᠵᠠᠰᠠᠯᠳᠠ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃     ᠬᠤᠳᠠ ᠶᠢᠨ ᠣᠳᠣᠷᠢᠳᠣᠯᠭ᠎ᠠ ᠡᠷᠳᠡᠨᠢᠪᠢᠯᠢᠭ᠂ ᠵᠢᠷᠣᠮᠳᠦ ᠣᠷᠣᠯᠴᠠᠪᠠ᠃
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ