3 ᠰᠠᠷ᠎ᠠ ᠶᠢᠨ 27 ᠤ ᠡᠳᠤᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠬᠤᠰᠢᠭᠤ ᠳᠠᠷᠤᠭ᠎ᠠ᠂ ᠱᠠᠩᠬᠠᠢ ᠶᠢᠨ ᠰᠦᠮ᠎ᠠ | ᠠᠵᠤ ᠠᠬᠤᠢ ᠶᠢᠨ ᠨᠡᠬᠡᠬᠡᠯᠳᠠ ᠶᠢᠨ ᠤᠷᠤᠨ ᠤ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠶᠠᠩ ᠶᠢᠩ ᠰᠢᠨ ᠤᠷᠳᠤᠰ ᠬᠤᠳᠠ ᠶᠢᠨ ᠳ᠋ᠦᠩ ᠹᠠᠩ ᠬᠤᠪᠢ | ᠤᠷᠤᠭᠤᠯᠤᠯᠳᠠ ᠡᠷᠬᠡᠰᠢᠶᠡᠬᠦ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ᠂ ᠶᠡᠷᠤᠩᠬᠡᠢ ᠵᠠᠬᠢᠷᠤᠭᠴᠢ ᠰᠦᠨ ᠰᠢᠨ ᠬᠤᠸᠠ ᠨᠠᠷ ᠲᠠᠢ ᠰᠠᠭᠤᠳᠠᠯ ᠤᠨ ᠬᠤᠷᠠᠯ | ᠬᠢᠪᠠ᠃ | ᠶᠠᠩ ᠶᠢᠩ ᠰᠢᠨ ᠠᠴᠠ ᠰᠦᠨ ᠰᠢᠨ ᠬᠤᠸᠠ ᠨᠠᠷ ᠤᠨ ᠬᠦᠷᠤᠯᠴᠡᠨ ᠢᠷᠡᠭᠰᠡᠨ ᠳᠤ ᠪᠠᠶᠠᠷᠯᠠᠨ ᠤᠭᠳᠤᠵᠤ ᠪᠠᠶᠢᠭ᠎ᠠ ᠪᠠᠨ ᠢᠯᠡᠤᠨᠬᠡᠪᠡ᠃ ᠳᠠᠷᠠ᠂ ᠤᠷᠳᠤᠰ | ᠬᠤᠳᠠ ᠶᠢᠨ ᠳ᠋ᠦᠩ ᠹᠠᠩ ᠬᠤᠪᠢ ᠤᠷᠤᠭᠤᠯᠤᠯᠳᠠ ᠡᠷᠬᠡᠰᠢᠶᠡᠬᠦ ᠪᠦᠯᠦᠭᠯᠡᠯ ᠤᠷᠳᠤ ᠬᠤᠭᠤᠴᠠᠭ᠎ᠠ ᠪᠠᠷ ᠬᠤᠳᠠ ᠶᠢᠨ ᠪᠠᠶᠢᠭᠤᠯᠤᠯᠳᠠ᠂ ᠵᠠᠮ ᠬᠠᠷᠢᠯᠴᠠᠭ᠎ᠠ ᠵᠡᠷᠬᠡ | ᠴᠠᠷᠠᠭᠠᠨ ᠳᠤ ᠠᠵᠢᠯ ᠡᠷᠬᠢᠯᠡᠵᠤ ᠪᠠᠶᠢᠭᠤᠯᠤᠯᠳᠠ ᠶᠢᠨ ᠳᠤᠷᠰᠢᠯᠭ᠎ᠠ ᠪᠠ ᠮᠡᠷᠬᠡᠵᠢᠯ ᠤᠨ ᠳᠠᠪᠠᠭᠤᠯᠢᠭ ᠢᠶᠠᠷ ᠡᠯᠪᠡᠭ ᠪᠤᠯᠬᠤᠷ ᠬᠤᠶᠠᠷ ᠳᠠᠯ᠎ᠠ ᠶᠢᠨ ᠬᠠᠮᠳᠤᠷᠠᠯᠴᠠᠭᠠᠨ ᠤ | ᠰᠠᠭᠤᠷᠢ ᠪᠠᠬᠢ᠂ ᠬᠦᠭᠵᠢᠯᠳᠠ ᠶᠢᠨ ᠬᠠᠷᠠᠯᠳᠠ ᠨᠢᠬᠡᠳᠤᠯᠳᠠᠢ ᠪᠤᠢ᠃ ᠬᠤᠶᠠᠷ ᠳᠠᠯ᠎ᠠ ᠪᠠᠷ ᠢᠶᠠᠨ ᠨᠠᠷᠢᠯᠢᠭ ᠶᠠᠷᠢᠯᠴᠠᠨ᠂ ᠬᠠᠮᠳᠤᠷᠠᠯᠴᠠᠭᠠᠨ ᠤ ᠳᠤᠭᠳᠠᠴᠠ ᠪᠠᠨ | ᠳᠡᠬᠦᠯᠳᠡᠷᠵᠢᠬᠦᠯᠵᠤ᠂ ᠤᠷᠤᠰᠢᠵᠤ ᠪᠠᠶᠢᠭ᠎ᠠ ᠠᠰᠠᠭᠤᠳᠠᠯ ᠢ ᠬᠠᠮᠳᠤ ᠪᠠᠷ ᠰᠢᠢᠤᠨᠪᠤᠷᠢᠯᠡᠨ᠂ ᠪᠦᠬᠦ ᠳᠠᠯ᠎ᠠ ᠪᠠᠷ ᠬᠠᠮᠳᠤᠷᠠᠯᠴᠠᠨ ᠬᠠᠷᠢᠯᠴᠠᠨ ᠠᠰᠢᠭ ᠤᠯᠵᠤ ᠬᠠᠮᠳᠤ ᠪᠠᠷ | ᠢᠯᠠᠬᠤ ᠤᠬᠢ ᠰᠠᠶᠢᠨ ᠬᠠᠷᠢᠴᠠᠭ᠎ᠠ ᠪᠠᠨ ᠦᠷᠬᠦᠯᠵᠢᠯᠡᠨ ᠪᠠᠬᠢᠵᠢᠬᠦᠯᠬᠦ ᠶᠢ ᠬᠦᠰᠡᠵᠤ ᠪᠠᠶᠢᠨ᠎ᠠ᠃ ᠤᠳᠤᠭ ᠤᠨ ᠡᠮᠤᠨᠡᠳᠤ ᠬᠤᠰᠢᠭᠤ ᠤᠤᠯ ᠲᠠᠢ ᠪᠠᠨ ᠠᠳᠠᠯᠢ ᠪᠠᠷ | ᠠᠵᠤ ᠠᠬᠤᠶᠢᠯᠠᠯ ᠢ ᠬᠠᠪᠰᠤᠷᠬᠤ ᠤᠶᠢᠯᠡᠴᠢᠯᠡᠬᠡᠨ ᠤ ᠠᠵᠢᠯ ᠢ ᠰᠠᠶᠢᠳᠤᠷ ᠬᠢᠵᠤ᠂ ᠠᠵᠤ ᠠᠬᠤᠶᠢᠯᠠᠯ ᠢ ᠰᠠᠨᠠᠭ᠎ᠠ ᠠᠮᠤᠷ ᠪᠡᠯᠡ ᠤᠷᠤᠭᠤᠯᠤᠨ ᠰᠡᠤᠨᠬᠢᠯ ᠳᠠᠶᠢᠪᠤᠩ | ᠢᠶᠠᠷ ᠬᠦᠭᠵᠢᠬᠦᠯᠤᠨ᠎ᠠ ᠬᠡᠪᠡ᠃ | ᠰᠦᠨ ᠰᠢᠨ ᠬᠤᠸᠠ ᠠᠴᠠ ᠤᠳᠤᠭ ᠤᠨ ᠡᠮᠤᠨᠡᠳᠤ ᠬᠤᠰᠢᠭᠤᠨ ᠤ ᠢᠳᠡᠬᠡᠯ ᠪᠠ ᠳᠡᠮᠵᠢᠯᠬᠡ ᠳᠤ ᠳᠠᠯᠠᠷᠬᠠᠵᠤ ᠪᠠᠶᠢᠭ᠎ᠠ ᠪᠠᠨ ᠢᠯᠡᠤᠨᠬᠡᠪᠡ᠃ ᠳᠠᠷᠠ᠂ ᠤᠳᠤᠭ | ᠤᠨ ᠡᠮᠤᠨᠡᠳᠤ ᠬᠤᠰᠢᠭᠤᠨ ᠤ ᠤᠷᠤᠨ ᠪᠠᠶᠢᠷᠢ ᠶᠢᠨ ᠳᠠᠪᠠᠭᠤᠯᠢᠭ ᠢᠯᠡᠤᠨᠳᠠ᠂ ᠠᠵᠤ ᠤᠶᠢᠯᠡᠰ ᠤᠨ ᠰᠠᠭᠤᠷᠢ ᠪᠠᠬᠢ᠂ ᠬᠦᠭᠵᠢᠯᠳᠠ ᠶᠢᠨ ᠨᠢᠭᠤᠭᠳᠠᠮᠠᠯ ᠬᠦᠴᠤᠨ | ᠶᠡᠭᠡ ᠪᠤᠯᠬᠤᠷ ᠳᠤᠰ ᠤᠳᠠᠭᠠᠨ ᠤ ᠰᠠᠭᠤᠳᠠᠯ ᠤᠨ ᠬᠤᠷᠠᠯ ᠢᠶᠠᠷ ᠳᠤᠬᠢᠶᠠᠯ ᠪᠤᠯᠭᠠᠨ᠂ ᠨᠠᠶᠢᠳᠠ ᠶᠢᠨ ᠤᠶᠢᠯᠡᠴᠢᠯᠡᠭᠡ᠂ ᠰᠠᠭᠤᠷᠢ ᠲᠦᠬᠦᠬᠡᠷᠤᠮᠵᠢ᠂ ᠴᠢᠳᠠᠪᠤᠷᠢᠳᠠᠨ ᠤ | ᠪᠠᠳᠤᠯᠠᠭ᠎ᠠ ᠵᠡᠷᠬᠡ ᠳᠠᠯ᠎ᠠ ᠪᠠᠷ ᠨᠠᠩ ᠠᠷᠪᠢᠨ ᠬᠠᠮᠳᠤᠷᠠᠯᠴᠠᠭ᠎ᠠ ᠬᠢᠵᠤ᠂ ᠴᠢᠬᠤᠯᠠ ᠶᠡᠭᠡ ᠲᠦᠷᠤᠯ ᠵᠦᠢᠯ ᠤᠨ ᠨᠠᠶᠢᠳᠠᠪᠤᠷᠢᠵᠢᠭᠤᠯᠤᠯᠳᠠ ᠶᠢ ᠬᠠᠮᠳᠤ ᠪᠠᠷ ᠠᠬᠢᠭᠤᠯᠤᠨ᠂ | ᠤᠳᠤᠭ ᠤᠨ ᠡᠮᠤᠨᠡᠳᠤ ᠬᠤᠰᠢᠭᠤᠨ ᠤ ᠠᠵᠤ ᠠᠬᠤᠢ ᠨᠡᠶᠢᠬᠡᠮ ᠤᠨ ᠴᠢᠨᠠᠷᠯᠢᠭ ᠬᠦᠭᠵᠢᠯᠳᠠ ᠳᠤ ᠬᠦᠴᠤᠨ ᠨᠡᠮᠡᠷᠢᠯᠡᠶ᠎ᠡ ᠬᠡᠪᠡ᠃ | ᠬᠤᠰᠢᠭᠤ ᠤᠳᠤᠷᠢᠳᠤᠯᠭ᠎ᠠ ᠴᠢᠤ ᠯᠢᠨ᠂ ᠹᠦ᠋ ᠺᠧ ᠬᠤᠷᠠᠯ ᠳᠤ ᠤᠷᠤᠯᠴᠠᠪᠠ᠃ |