ᠱᠠᠩᠬᠠᠢ ᠶᠢᠨ ᠰᠦᠮ᠎ᠠ ᠪᠠᠯᠭᠠᠰᠤ
ᠨᠡᠶᠢᠲᠡᠯᠡᠭᠰᠡᠨ ᠴᠠᠭ᠄
2025/3/28
     ᠱᠠᠩᠬᠠᠢ ᠶᠢᠨ ᠰᠦᠮ᠎ᠠ ᠪᠠᠯᠭᠠᠰᠤ ᠶᠢ 2000 ᠤᠨ ᠤ 3 ᠰᠠᠷ᠎ᠠ ᠳᠤ ᠤᠤᠯ ᠤᠨ ᠱᠠᠩᠬᠠᠢ ᠶᠢᠨ ᠰᠦᠮ᠎ᠠ ᠮᠠᠯᠵᠢᠯ ᠤᠨ ᠳᠠᠯᠠᠪᠠᠢ ᠪᠤᠯᠤᠨ ᠮᠠᠩᠬᠠᠳᠤ ᠰᠢᠶᠠᠩ ᠢ ᠨᠡᠶᠢᠯᠡᠬᠦᠯᠵᠤ ᠪᠠᠶᠢᠭᠤᠯᠤᠭᠰᠡᠨ ᠶᠤᠮ᠃ ᠱᠠᠩᠬᠠᠢ ᠶᠢᠨ ᠰᠦᠮ᠎ᠠ ᠮᠠᠯᠵᠢᠯ ᠤᠨ ᠳᠠᠯᠠᠪᠠᠢ ᠶᠢᠨ ᠭᠠᠵᠠᠷ ᠪᠠᠶᠢᠭᠤᠯᠤᠭᠰᠡᠨ ᠢᠶᠠᠷ ︽ᠱᠠᠩᠬᠠᠢ ᠶᠢᠨ ᠰᠦᠮ᠎ᠠ ᠪᠠᠯᠭᠠᠰᠤ︾ ᠬᠡᠮᠡᠨ ᠨᠡᠷᠡᠯᠡᠪᠡ᠃ 2005 ᠤᠨ ᠤ 10 ᠰᠠᠷ᠎ᠠ ᠤᠤᠯ ᠤᠨ ᠪᠤᠯᠠᠭ ᠰᠤᠮᠤ ᠶᠢ ᠪᠦᠬᠦᠯᠢ ᠪᠠᠶᠢᠭᠤᠯᠤᠮᠵᠢ ᠪᠠᠷ ᠨᠢ ᠱᠠᠩᠬᠠᠢ ᠶᠢᠨ ᠰᠦᠮ᠎ᠠ ᠪᠠᠯᠭᠠᠰᠤᠨ ᠳᠤ ᠬᠠᠷᠢᠶᠠᠯᠠᠭᠤᠯᠪᠠ᠃     ᠱᠠᠩᠬᠠᠢ ᠶᠢᠨ ᠰᠦᠮ᠎ᠠ ᠪᠠᠯᠭᠠᠰᠤ ᠨᠢ ᠤᠳᠤᠭ ᠤᠨ ᠡᠮᠤᠨᠡᠳᠤ ᠬᠤᠰᠢᠭᠤᠨ ᠤ ᠪᠠᠷᠠᠭᠤᠨ ᠡᠮᠤᠨᠡᠳᠤ ᠪᠡᠶ᠎ᠡ ᠳᠤ ᠪᠠᠶᠢᠷᠢᠰᠢᠵᠤ᠂ ᠭᠠᠵᠠᠷ ᠵᠦᠢ ᠶᠢᠨ ᠪᠠᠶᠢᠷᠢᠰᠢᠯ ᠨᠢ ᠤᠮᠠᠷᠠᠳᠤ ᠦᠷᠬᠡᠷᠢᠭ ᠤᠨ 38。15、~ 38。17、᠂ ᠵᠡᠬᠦᠨ ᠤᠷᠳᠤᠷᠢᠭ ᠤᠨ 106。29、~ 106。52、 ᠤᠨ ᠬᠤᠭᠤᠷᠤᠨᠳᠤ ᠪᠠᠶᠢᠵᠤ᠂ ᠳᠠᠯᠠᠢ ᠶᠢᠨ ᠲᠦᠪᠰᠢᠨ ᠠᠴᠠ 1240 ~ 1400 ᠮᠧᠲᠷ ᠡᠷᠬᠦᠭᠳᠡᠵᠤ ᠪᠠᠶᠢᠳᠠᠭ᠃ ᠵᠡᠬᠦᠨ ᠳᠠᠯ᠎ᠠ ᠪᠠᠷ ᠢᠶᠠᠨ ᠤᠯᠵᠠᠴᠢ ᠪᠠᠯᠭᠠᠰᠤ᠂ ᠨᠠᠩᠰᠤ ᠪᠠᠯᠭᠠᠰᠤ ᠲᠠᠢ ᠬᠦᠷᠰᠢᠯᠡᠨ᠂ ᠡᠮᠤᠨ᠎ᠡ ᠳᠠᠯ᠎ᠠ ᠪᠠᠷ ᠢᠶᠠᠨ ᠨᠢᠩᠰᠢᠶᠠ ᠶᠢᠨ ᠬᠤᠳᠤᠩ ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠤ ᠨᠢᠩ ᠳ᠋ᠦᠩ ᠤᠨ ᠰᠠᠭᠤᠷᠢᠨ ᠭᠠᠵᠠᠷ ᠲᠠᠢ ᠵᠠᠯᠭᠠᠯᠳᠤᠵᠤ᠂ ᠪᠠᠷᠠᠭᠤᠨ ᠳᠠᠯ᠎ᠠ ᠪᠠᠷ ᠢᠶᠠᠨ ᠨᠢᠩᠰᠢᠶᠠ ᠶᠢᠨ ᠬᠤᠳᠤᠩ ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠤ ᠢᠷᠭᠠᠢ ᠬᠤᠳᠠ ᠶᠢᠨ ᠯᠢᠨ ᠾᠧ ᠰᠢᠶᠠᠩ ᠲᠠᠢ ᠵᠠᠬ᠎ᠠ ᠨᠡᠶᠢᠯᠡᠵᠤ᠂ ᠪᠠᠷᠠᠭᠤᠨ ᠬᠤᠶᠢᠳᠤ ᠳᠠᠯ᠎ᠠ ᠪᠠᠷ ᠢᠶᠠᠨ ᠨᠢᠩᠰᠢᠶᠠ ᠶᠢᠨ ᠬᠤᠳᠤᠩ ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠤ ᠢᠷᠭᠠᠢ ᠬᠤᠳᠠ ᠲᠠᠢ᠂ ᠵᠡᠬᠦᠨ ᠬᠤᠶᠢᠳᠤ ᠳᠠᠯ᠎ᠠ ᠪᠠᠷ ᠢᠶᠠᠨ ᠤᠷᠳᠤᠰ ᠬᠤᠳᠠ ᠶᠢᠨ ᠤᠳᠤᠭ ᠬᠤᠰᠢᠭᠤ ᠲᠠᠢ ᠰᠠᠪᠠᠯᠠᠵᠤ ᠪᠤᠢ᠃ ᠱᠠᠩᠬᠠᠢ ᠶᠢᠨ ᠰᠦᠮ᠎ᠠ ᠪᠠᠯᠭᠠᠰᠤ ᠨᠢ ᠬᠤᠰᠢᠭᠤ ᠵᠠᠰᠠᠭ ᠤᠨ ᠤᠷᠳᠤᠨ ᠤ ᠰᠠᠭᠤᠭ᠎ᠠ ᠭᠠᠵᠠᠷ ᠤᠯᠵᠠᠴᠢ ᠪᠠᠯᠭᠠᠰᠤᠨ ᠠᠴᠠ 89 ᠺᠢᠯᠤᠮᠧᠲᠷ ᠵᠠᠶᠢᠳᠠᠢ᠂ ᠶᠢᠨ ᠴᠢᠩ ᠳᠡᠬᠡᠳᠤ ᠬᠤᠷᠳᠤᠴᠠᠳᠤ ᠵᠠᠮ ᠠᠴᠠ 5 ᠺᠢᠯᠤᠮᠧᠲᠷ ᠵᠠᠶᠢᠳᠠᠢ᠂ ᠨᠢᠩᠰᠢᠶᠠ ᠶᠢᠨ ᠬᠤᠳᠤᠩ ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠤ ᠾᠧ ᠳ᠋ᠦᠩ ᠨᠢᠰᠬᠡᠯ ᠤᠨ ᠳᠠᠯᠠᠪᠠᠢ ᠠᠴᠠ 20 ᠺᠢᠯᠤᠮᠧᠲᠷ ᠵᠠᠶᠢᠳᠠᠢ ᠪᠠᠶᠢᠵᠤ᠂ ᠱᠠᠩᠬᠠᠢ ᠶᠢᠨ ᠰᠦᠮ᠎ᠠ ᠶᠢᠨ ᠡᠨᠧᠷᠬᠢ ᠬᠢᠮᠢ ᠶᠢᠨ ᠰᠠᠭᠤᠷᠢᠨ ᠭᠠᠵᠠᠷ ᠨᠢ ᠪᠠᠯᠭᠠᠰᠤᠨ ᠤ ᠬᠡᠪᠴᠢᠶᠡᠨ ᠳᠤ ᠪᠠᠶᠢᠷᠢᠰᠢᠵᠤ ᠪᠤᠢ᠃ ᠪᠦᠬᠦ ᠪᠠᠯᠭᠠᠰᠤᠨ  ᠳᠤ 11 ᠭᠠᠴᠠᠭ᠎ᠠ ᠳᠤᠰᠬᠤᠨ᠂ 50 ᠮᠠᠯ ᠳᠠᠷᠢᠶᠠᠯᠠᠩ ᠤᠨ ᠬᠤᠷᠰᠢᠶ᠎ᠠ᠂ 2 ᠨᠡᠶᠢᠬᠡᠮ ᠤᠨ ᠳᠤᠭᠤᠷᠢᠭ ᠲᠠᠢ᠂ ᠬᠦᠮᠤᠨ ᠠᠮᠠ ᠨᠢ 2905 ᠡᠷᠤᠬᠡ᠂ 7973 ᠬᠦᠮᠤᠨ ᠲᠠᠢ᠃            ᠢᠷᠡᠯᠳᠠ᠄ ︽ᠤᠳᠤᠭ ᠤᠨ ᠡᠮᠤᠨᠡᠳᠤ ᠬᠤᠰᠢᠭᠤᠨ ᠤ ᠰᠤᠮᠤ᠂ ᠰᠢᠶᠠᠩ᠂ ᠭᠠᠴᠠᠭ᠎ᠠ᠂ ᠳᠤᠰᠬᠤᠨ ᠤ ᠨᠡᠷᠡᠰ ᠤᠨ ᠴᠠᠳᠢᠭ︾ 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ