ᠤᠯᠵᠠᠴᠢ ᠪᠠᠯᠭᠠᠰᠤ
ᠨᠡᠶᠢᠲᠡᠯᠡᠭᠰᠡᠨ ᠴᠠᠭ᠄
2025/3/28
     ᠤᠯᠵᠠᠴᠢ ᠪᠠᠯᠭᠠᠰᠤ ᠪᠤᠯ 1980 ᠤᠨ ᠳᠤ ᠪᠠᠶᠢᠭᠤᠯᠤᠭᠳᠠᠭᠰᠡᠨ ᠰᠢᠨᠡᠬᠡᠨ ᠪᠠᠯᠭᠠᠰᠤ ᠪᠤᠯᠬᠤ ᠶᠤᠮ᠃ ᠭᠠᠵᠠᠷ ᠵᠦᠢ ᠶᠢᠨ ᠪᠠᠶᠢᠷᠢᠰᠢᠯ ᠨᠢ ᠤᠮᠠᠷᠠᠳᠤ ᠦᠷᠬᠡᠷᠢᠭ ᠤᠨ 38。10、᠂ ᠵᠡᠬᠦᠨ ᠤᠷᠳᠤᠷᠢᠭ ᠤᠨ 107。28、 ᠳᠤ ᠪᠤᠢ᠃ ᠤᠳᠤᠭ ᠤᠨ ᠡᠮᠤᠨᠡᠳᠤ ᠬᠤᠰᠢᠭᠤᠨ ᠤ ᠵᠠᠰᠠᠭ ᠤᠨ ᠤᠷᠳᠤᠨ ᠤ ᠰᠠᠭᠤᠭ᠎ᠠ ᠭᠠᠵᠠᠷ ᠮᠦᠨ᠃ ᠮᠦᠨᠴᠤ ᠪᠦᠬᠦ ᠬᠤᠰᠢᠭᠤᠨ ᠤ ᠤᠯᠤᠰ ᠲᠦᠷᠤ᠂ ᠠᠵᠤ ᠠᠬᠤᠢ᠂ ᠰᠤᠶᠤᠯ ᠰᠤᠷᠭᠠᠨ ᠬᠦᠮᠤᠵᠢᠯ᠂ ᠵᠠᠮ ᠬᠠᠷᠢᠯᠴᠠᠭ᠎ᠠ᠂ ᠠᠷᠠᠯᠵᠢᠶ᠎ᠠ ᠬᠤᠳᠠᠯᠳᠤᠭᠠᠨ ᠤ ᠲᠦᠪ ᠨᠢ ᠪᠤᠯᠬᠤ ᠶᠤᠮ᠃ ᠤᠯᠵᠠᠴᠢ ᠬᠡᠰᠡᠨ ᠨᠢ ᠤᠯᠵᠠᠳᠠᠢ ᠬᠡᠰᠡᠨ ᠤᠤᠠᠬ᠎ᠠ ᠲᠠᠢ᠃ ᠮᠠᠨᠵᠤ ᠶᠢᠨ ᠦᠶᠡᠰ ᠡᠨᠡ ᠭᠠᠵᠠᠷ ᠨᠢᠬᠡᠨ ᠤᠯᠵᠠᠳᠤ ᠬᠡᠰᠡᠨ ᠨᠡᠷ᠎ᠡ ᠲᠠᠢ ᠨᠠᠰᠤᠳᠠᠨ ᠰᠠᠭᠤᠵᠤ ᠪᠠᠶᠢᠵᠠᠢ᠃ ᠡᠶᠢᠮᠤ ᠠᠴᠠ ᠡᠨᠡ ᠤᠷᠴᠢᠮ ᠢ ᠤᠯᠵᠠᠴᠢ ᠶᠢᠨ ᠰᠢᠯᠢ ᠬᠡᠮᠡᠨ ᠳᠠᠭᠤᠳᠠᠳᠠᠭ ᠪᠠᠶᠢᠪᠠ᠃ ᠡᠶᠢᠨᠬᠦ ᠪᠠᠯᠭᠠᠰᠤ ᠪᠠᠶᠢᠭᠤᠯᠬᠤ ᠳᠤ ᠪᠠᠨ ᠤᠯᠵᠠᠴᠢ ᠬᠡᠵᠤ ᠨᠡᠷᠡᠯᠡᠪᠡ᠃     ᠪᠠᠯᠭᠠᠰᠤᠨ ᠤ ᠬᠠᠷᠢᠶᠠᠨ ᠳᠤ 12 ᠭᠠᠴᠠᠭ᠎ᠠ ᠳᠤᠰᠬᠤᠨ᠂ 6 ᠨᠡᠶᠢᠬᠡᠮ ᠤᠨ ᠳᠤᠭᠤᠷᠢᠭ ᠲᠠᠢ᠃             ᠢᠷᠠᠯᠳᠠ᠄ ︽ᠤᠳᠤᠭ ᠤᠨ ᠡᠮᠤᠨᠡᠳᠤ ᠬᠤᠰᠢᠭᠤᠨ ᠤ ᠰᠤᠮᠤ᠂ ᠰᠢᠶᠠᠩ᠂ ᠭᠠᠴᠠᠭ᠎ᠠ᠂ ᠳᠤᠰᠬᠤᠨ ᠤ ᠨᠡᠷᠡᠰ ᠤᠨ ᠴᠠᠳᠢᠭ︾ 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ