ᠣᠲᠤᠭ ᠤᠨ ᠡᠮᠦᠨᠡᠲᠦ ᠬᠤᠰᠢᠭᠤ ᠵᠢᠶᠠᠩᠰᠣ ᠶᠢᠨ ᠶᠣᠸᠡᠢ ᠳ᠋ᠠ ᠪᠦᠯᠦᠭᠯᠡᠯ᠂ ᠷᠦᠨ ᠶᠠᠩ ᠰᠢᠨ᠎ᠡ ᠡᠨᠧᠷᠬᠢ ᠶᠢᠨ ᠺᠤᠮᠫᠠᠨᠢ ᠯᠤᠭ᠎ᠠ ᠠᠵᠢᠯ ᠤᠨ ᠰᠠᠭᠤᠳᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2025/3/31
     3 ᠰᠠᠷ᠎ᠠ ᠶᠢᠨ 28 ᠤ ᠡᠳᠦᠷ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ᠂ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ ᠶᠠᠩ ᠶᠢᠩ ᠰᠢᠨ ᠵᠢᠶᠠᠩᠰᠣ ᠮᠣᠵᠢ ᠶᠢᠨ ᠶᠡᠨ ᠴᠧᠩ ᠬᠤᠲᠠ ᠶᠢᠨ ᠣᠯᠣᠰ ᠲᠦᠷᠦ ᠶᠢᠨ ᠵᠦᠪᠯᠡᠯᠭᠡᠨ ᠤ ᠳᠡᠳ᠋ ᠲᠡᠷᠢᠬᠦᠯᠡᠭᠴᠢ᠂ ᠵᠢᠶᠠᠩᠰᠣ ᠶᠢᠨ ᠶᠣᠸᠡᠢ ᠳ᠋ᠠ ᠪᠦᠯᠦᠭᠯᠡᠯ ᠤᠨ ᠬᠢᠵᠠᠭᠠᠷᠲᠤ ᠺᠤᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ᠂ ᠵᠢᠶᠠᠩᠰᠣ ᠶᠢᠨ ᠷᠦᠨ ᠶᠠᠩ ᠰᠢᠨ᠎ᠡ ᠡᠨᠧᠷᠬᠢ ᠶᠢᠨ ᠬᠤᠪᠢ ᠣᠷᠣᠭᠤᠯᠣᠯᠲᠠ ᠶᠢᠨ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ  ᠤᠨ ᠳᠠᠷᠤᠭ᠎ᠠ ᠵᠠᠩ ᠨᠠᠢ ᠸᠧᠨ ᠨᠠᠷ ᠲᠠᠢ ᠲᠦᠷᠦᠯ ᠵᠦᠢᠯ ᠤᠨ ᠪᠠᠶᠢᠭᠤᠯᠤᠯᠲᠠ᠂ ᠬᠠᠮᠲᠤᠷᠠᠯᠴᠠᠭᠠᠨ ᠤ ᠬᠦᠨᠵᠡᠬᠡᠶᠢᠷᠡᠬᠦᠯᠦᠯᠲᠡ᠂ ᠲᠦᠷᠦᠯ ᠵᠦᠢᠯ ᠤᠨ ᠪᠠᠶᠢᠭᠤᠯᠤᠯᠲᠠ  ᠶᠢᠨ ᠶᠠᠪᠤᠴᠠ ᠳᠤ ᠣᠷᠣᠰᠢᠵᠦ ᠪᠠᠶᠢᠭ᠎ᠠ ᠠᠰᠠᠭᠤᠳᠠᠯ ᠤᠨ ᠰᠢᠢᠳᠪᠦᠷᠢᠯᠡᠯᠲᠡ ᠶᠢᠨ ᠲᠤᠭᠤᠷᠢᠨ ᠳᠤ ᠬᠦᠨᠵᠡᠬᠡᠢ ᠵᠦᠪᠳᠡᠯᠴᠡᠪᠡ᠃     ᠶᠠᠩ ᠶᠢᠩ ᠰᠢᠨ ᠠᠴᠠ ᠵᠠᠩ ᠨᠠᠢ ᠸᠧᠨ ᠨᠠᠷ ᠤᠨ ᠬᠦᠷᠦᠯᠴᠡᠨ ᠢᠷᠡᠭᠰᠡᠨ ᠳᠤ ᠪᠠᠶᠠᠷᠯᠠᠨ ᠣᠭᠲᠣᠵᠣ ᠪᠠᠶᠢᠬᠤ ᠪᠠᠨ ᠢᠯᠡᠳᠬᠡᠪᠡ᠃ ᠲᠡᠷᠡ᠂ ᠷᠦᠨ ᠶᠠᠩ ᠶᠣᠸᠡᠢ ᠳ᠋ᠠ ᠨᠠᠷᠠᠨ ᠡᠨᠧᠷᠬᠢ ᠶᠢᠨ ᠲᠤᠨᠤᠭᠯᠠᠯ ᠦᠢᠯᠡᠳᠬᠦ ᠪᠦᠬᠦ ᠠᠵᠤ ᠦᠢᠯᠡᠰ ᠤᠨ ᠬᠡᠯᠬᠢᠶᠡᠵᠢᠯ ᠤᠨ ᠰᠢᠨᠵᠢᠯᠡᠭᠡ ᠮᠡᠷᠬᠡᠵᠢᠯ ᠤᠨ ᠳᠠᠭᠤᠷᠢᠶᠠᠯ ᠲᠦᠷᠦᠯ ᠵᠦᠢᠯ ᠡᠯ᠎ᠡ ᠲᠠᠯ᠎ᠠ ᠶᠢᠨ ᠴᠢᠷᠮᠠᠶᠢᠯᠭ᠎ᠠ ᠣᠷᠣᠭᠤᠯᠣᠯᠲᠠ ᠶᠢ ᠲᠦᠪᠯᠡᠷᠡᠬᠦᠯᠵᠦ᠂ ᠣᠷᠣᠨ ᠨᠣᠲᠤᠭ ᠠᠵᠤ ᠠᠬᠤᠶᠢᠯᠠᠯ ᠤᠨ ᠬᠦᠭᠵᠢᠯᠲᠡ ᠶᠢᠨ ᠡᠷᠡᠮᠡᠯᠵᠡᠯ ᠢ ᠠᠴᠢᠶᠠᠯᠠᠵᠤ ᠪᠠᠶᠢᠭ᠎ᠠ ᠪᠤᠯᠬᠤᠷ ᠡᠯ᠎ᠡ ᠲᠠᠯ᠎ᠠ ᠪᠠᠷ ᠢᠶᠠᠨ ᠢᠳᠡᠬᠡᠯ ᠵᠤᠷᠢᠭ ᠢᠶᠠᠨ ᠬᠦᠪᠴᠢᠯᠡᠨ᠂ ᠣᠳᠣᠬᠠᠨ ᠳᠤ ᠰᠠᠭᠤᠷᠢᠯᠠᠨ ᠠᠯᠣᠰ ᠬᠡᠲᠦ ᠶᠢ ᠲᠦᠯᠦᠪᠵᠢᠬᠦᠯᠵᠦ᠂ ᠬᠦᠴᠢᠷ ᠪᠡᠷᠬᠡ ᠶᠢ ᠬᠠᠮᠲᠤᠪᠡᠷ ᠲᠤᠭᠤᠯᠤᠨ᠂ ᠲᠦᠷᠦᠯ ᠵᠦᠢᠯ ᠢ ᠡᠷᠲᠡᠬᠡᠨ ᠠᠰᠢᠭᠯᠠᠯᠲᠠ ᠳᠤ ᠣᠷᠣᠭᠤᠯᠣᠨ ᠪᠦᠲᠦᠮᠵᠢ ᠭᠠᠷᠭᠠᠬᠤ ᠶᠢ ᠬᠦᠰᠡᠵᠦ ᠪᠠᠶᠢᠨ᠎ᠠ᠃ ᠣᠲᠤᠭ ᠤᠨ ᠡᠮᠦᠨᠡᠲᠦ ᠬᠤᠰᠢᠭᠤ ᠦᠩᠭᠡᠷᠡᠭᠰᠡᠨ ᠲᠠᠢ ᠪᠠᠨ ᠠᠳᠠᠯᠢ ᠪᠠᠷ ᠠᠵᠤ ᠠᠬᠤᠶᠢᠯᠠᠯ ᠳᠤ ᠦᠢᠯᠡᠴᠢᠯᠡᠬᠦ ᠪᠠᠲᠤᠯᠠᠭ᠎ᠠ ᠶᠢᠨ ᠠᠵᠢᠯ ᠢᠶᠠᠨ ᠰᠠᠶᠢᠲᠤᠷ ᠬᠢᠨ᠎ᠠ ᠬᠡᠪᠡ᠃     ᠵᠠᠩ ᠨᠠᠢ ᠸᠧᠨ ᠠᠴᠠ ᠣᠷᠣᠨ ᠨᠣᠲᠤᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠠᠯᠠᠮᠵᠢᠯᠠᠯ ᠳᠡᠮᠵᠢᠯᠬᠡ ᠳᠤ ᠲᠠᠯᠠᠷᠬᠠᠵᠤ ᠪᠠᠶᠢᠬᠤ ᠪᠠᠨ ᠢᠯᠡᠷᠬᠡᠶᠢᠯᠡᠬᠦ ᠶᠢᠨ ᠬᠠᠮᠲᠤ ᠣᠯᠣᠰ ᠤᠨ ᠦᠮᠴᠢᠯᠡᠯᠲᠦ ᠠᠵᠤ ᠠᠬᠤᠶᠢᠯᠠᠯ ᠤᠨ ᠡᠬᠦᠷᠭᠡ ᠬᠠᠷᠢᠭᠤᠴᠠᠯᠭ᠎ᠠ ᠪᠠᠨ ᠡᠬᠦᠷᠭᠡᠯᠡᠵᠦ᠂ ᠬᠠᠷᠢᠯᠴᠠᠭ᠎ᠠ ᠵᠤᠬᠢᠴᠠᠭᠤᠯᠤᠯᠲᠠ ᠪᠠᠨ ᠴᠢᠩᠭᠠᠳᠬᠠᠨ᠂ ᠡᠯ᠎ᠡ ᠲᠠᠯ᠎ᠠ ᠯᠤᠭ᠎ᠠ ᠳᠦᠭᠰᠢᠬᠦᠷᠢ  ᠦᠷᠢᠰᠦᠯᠳᠦᠬᠡᠨ ᠢ ᠬᠠᠮᠲᠤᠪᠡᠷ ᠠᠷᠭᠠᠴᠠᠵᠤ᠂ ᠣᠷᠣᠰᠢᠵᠦ ᠪᠠᠶᠢᠭ᠎ᠠ ᠠᠰᠠᠭᠤᠳᠠᠯ ᠢ ᠢᠳᠡᠪᠬᠢᠲᠡᠢ ᠪᠠᠷ ᠰᠢᠢᠳᠪᠦᠷᠢᠯᠡᠨ᠂ ᠲᠦᠷᠦᠯ ᠵᠦᠢᠯ ᠢ ᠡᠷᠲᠡᠬᠡᠨ ᠰᠡᠷᠬᠦᠬᠡᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠬᠠᠮᠲᠤᠷᠠᠯᠴᠠᠭᠠᠨ ᠤ ᠬᠡᠪᠴᠢᠶᠡᠵᠢᠯ ᠢᠶᠠᠨ ᠦᠷᠬᠡᠳᠬᠡᠨ᠂ ᠣᠷᠣᠨ ᠨᠣᠲᠤᠭ ᠠᠵᠤ ᠠᠬᠤᠶᠢᠯᠠᠯ ᠬᠠᠮᠲᠤᠪᠡᠷ ᠠᠰᠢᠭ ᠬᠦᠷᠲᠡᠵᠦ ᠬᠦᠭᠵᠢᠬᠦ ᠶᠢ ᠪᠡᠶᠡᠯᠡᠬᠦᠯᠦᠨ᠎ᠡ ᠬᠡᠵᠦ ᠢᠯᠡᠷᠬᠡᠶᠢᠯᠡᠪᠡ᠃     ᠬᠤᠰᠢᠭᠤ ᠣᠳᠣᠷᠢᠳᠣᠯᠭ᠎ᠠ ᠳ᠋ᠣᠸᠡᠨ ᡁᠢ ᠴᠢᠶᠠᠩ᠂ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠣᠳᠣᠷᠢᠳᠣᠯᠭ᠎ᠠ ᠯᠢ ᠷᠦᠢ᠂ ᠵᠢᠶᠠ ᠰᠢᠶᠠᠩ ᠪᠢᠩ᠂ ᠠᠵᠤ ᠠᠬᠤᠶᠢᠯᠠᠯ ᠤᠨ ᠣᠳᠣᠷᠢᠳᠣᠯᠭ᠎ᠠ ᠲᠤᠤ ᠯᠦᠩ ᠵᠦᠩ ᠣᠷᠣᠯᠴᠠᠪᠠ᠃
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ