3 ᠰᠠᠷ᠎ᠠ ᠶᠢᠨ 3 ᠤ ᠡᠳᠤᠷ᠂ ᠬᠤᠳᠠ ᠶᠢᠨ ᠠᠷᠠᠤᠨ ᠤᠨ ᠵᠠᠰᠠᠭ ᠤᠨ ᠤᠷᠳᠤᠨ ᠤ ᠳᠡᠳ᠋ ᠳᠠᠷᠤᠭ᠎ᠠ ᠵᠢᠷᠤᠮᠳᠤ ᠮᠠᠨ ᠤ ᠬᠤᠰᠢᠭᠤᠨ ᠳᠤ ᠬᠦᠨᠵᠡᠬᠡᠶᠢᠷᠡᠨ ᠮᠠᠯ | ᠳᠠᠷᠢᠶᠠᠯᠠᠩ ᠤᠨ ᠤᠶᠢᠯᠡᠰ ᠤᠨ ᠬᠦᠭᠵᠢᠯᠳᠠ ᠵᠢᠴᠢ ᠠᠶᠤᠯᠬᠦᠢ ᠤᠶᠢᠯᠡᠤᠨᠪᠤᠷᠢᠯᠡᠯ ᠤᠨ ᠪᠠᠶᠢᠳᠠᠯ ᠢ ᠪᠠᠶᠢᠴᠠᠭᠠᠨ ᠰᠤᠳᠤᠯᠪᠠ᠃ | ᠵᠢᠷᠤᠮᠳᠤ ᠳᠠᠷᠢᠶᠠᠯᠠᠩ ᠤᠨ ᠤᠰᠤᠨ ᠦᠨ᠎ᠡ ᠶᠢᠨ ᠶᠡᠷᠤᠩᠬᠡᠶᠢᠯᠡᠭᠰᠡᠨ ᠦᠬᠡᠷᠡᠴᠢᠯᠡᠯᠳᠠ ᠶᠢᠨ ᠳᠤᠬᠢᠷᠠᠭᠤᠯᠤᠯᠳᠠ ᠶᠢᠨ ᠲᠦᠪ ᠲᠤ ᠠᠵᠢᠯ ᠤᠨ ᠠᠬᠢᠴᠠ ᠶᠢᠨ | ᠪᠠᠶᠢᠳᠠᠯ ᠤᠨ ᠬᠠᠷᠢᠭᠤ ᠮᠡᠳᠡᠬᠦᠯᠤᠯᠳᠠ ᠶᠢ ᠨᠠᠷᠢᠯᠢᠭ ᠰᠤᠨᠤᠰᠤᠨ᠂ ᠦᠬᠡᠷᠡᠴᠢᠯᠡᠯᠳᠠ ᠶᠢᠨ ᠠᠬᠢᠴᠠ᠂ ᠤᠯᠤᠭᠰᠠᠨ ᠪᠦᠳᠤᠮᠵᠢ ᠪᠠ ᠤᠷᠤᠰᠢᠵᠤ ᠪᠠᠶᠢᠭ᠎ᠠ ᠠᠰᠠᠭᠤᠳᠠᠯ ᠢ | ᠨᠠᠷᠢᠯᠢᠭ ᠤᠶᠢᠯᠠᠭᠠᠪᠠ᠃ ᠳᠠᠷᠠ᠂ ᠳᠠᠷᠢᠶᠠᠯᠠᠩ ᠤᠨ ᠤᠰᠤᠨ ᠦᠨ᠎ᠡ ᠶᠢᠨ ᠶᠡᠷᠤᠩᠬᠡᠶᠢᠯᠡᠭᠰᠡᠨ ᠦᠬᠡᠷᠡᠴᠢᠯᠡᠯᠳᠠ ᠪᠤᠯ ᠳᠠᠷᠢᠶᠠᠯᠠᠩ ᠤᠨ ᠤᠰᠤ ᠠᠷᠪᠢᠯᠠᠨ ᠪᠦᠳᠤᠮᠵᠢ | ᠨᠡᠮᠡᠭᠳᠡᠬᠦᠯᠬᠦ ᠶᠢ ᠠᠬᠢᠭᠤᠯᠬᠤ᠂ ᠤᠰᠤᠨ ᠡᠬᠢ ᠰᠤᠷᠪᠤᠯᠵᠢ ᠶᠢᠨ ᠦᠷᠬᠦᠯᠵᠢᠬᠦᠶᠢᠴᠠ ᠠᠰᠢᠭᠯᠠᠯᠳᠠ ᠶᠢ ᠠᠬᠢᠭᠤᠯᠬᠤ ᠴᠢᠬᠤᠯᠠ ᠠᠷᠭ᠎ᠠ ᠠᠪᠴᠠᠯ ᠪᠤᠯᠬᠤᠷ | ᠦᠬᠡᠷᠡᠴᠢᠯᠡᠯᠳᠠ ᠶᠢᠨ ᠬᠦᠴᠤᠯᠡᠴᠠ ᠪᠠᠨ ᠤᠯᠠᠮ ᠨᠢᠬᠡ ᠠᠯᠬᠤᠮ ᠴᠢᠩᠭᠠᠤᠨᠬᠠᠨ᠂ ᠤᠰᠤ ᠬᠡᠷᠡᠭᠯᠡᠬᠦ ᠬᠠᠳᠠᠭᠤ ᠬᠢᠵᠠᠭᠠᠷᠯᠠᠯ ᠢ ᠴᠢᠩᠭᠠᠤᠨᠬᠠᠵᠤ᠂ ᠤᠰᠤ ᠠᠷᠪᠢᠯᠠᠬᠤ | ᠤᠷᠮᠠᠰᠢᠭᠤᠯᠤᠯ ᠤᠨ ᠳᠤᠭᠳᠠᠴᠠ ᠶᠢ ᠳᠡᠬᠦᠯᠳᠡᠷᠵᠢᠬᠦᠯᠤᠨ᠂ ᠳᠠᠷᠢᠶᠠᠯᠠᠩ ᠤᠨ ᠤᠰᠤᠨ ᠬᠡᠷᠡᠭᠯᠡᠯᠳᠠ ᠶᠢᠨ ᠠᠷᠭ᠎ᠠ ᠠᠪᠴᠠᠯ ᠢ ᠪᠦᠳᠤᠬᠦᠯᠢᠭ ᠴᠢᠯᠤᠬᠡᠳᠠᠢ ᠠᠴᠠ | ᠠᠷᠪᠢᠳᠠᠢ ᠡᠷᠴᠢᠮᠯᠢᠭ ᠳᠡᠶᠢᠰᠢ ᠬᠤᠪᠢᠷᠠᠭᠤᠯᠬᠤ ᠶᠢ ᠠᠬᠢᠭᠤᠯᠵᠤ᠂ ᠠᠵᠤ ᠠᠬᠤᠢ ᠨᠡᠶᠢᠬᠡᠮ ᠤᠨ ᠴᠢᠨᠠᠷᠯᠢᠭ ᠬᠦᠭᠵᠢᠯᠳᠠ ᠳᠤ ᠪᠠᠳᠤ ᠪᠠᠬᠢ ᠤᠰᠤᠨ ᠰᠤᠷᠪᠤᠯᠵᠢ ᠶᠢᠨ | ᠳᠤᠯᠭᠠᠭᠤᠷᠢᠯᠠᠯ ᠬᠠᠩᠭᠠᠬᠤ ᠬᠡᠷᠡᠭᠳᠠᠢ ᠬᠡᠪᠡ᠃ | ᠵᠢᠷᠤᠮᠳᠤ ᠤᠯᠵᠠᠴᠢ ᠪᠠᠯᠭᠠᠰᠤ ᠶᠢᠨ ᠭᠠᠵᠠᠷ ᠳᠤᠤᠷᠠᠬᠢ ᠤᠰᠤᠨ ᠤ ᠬᠡᠳᠤ ᠠᠰᠢᠭᠯᠠᠯᠳᠠ ︵ᠤᠰᠤᠨ ᠠᠮᠢ ᠠᠬᠤᠢ︶ ᠶᠢᠨ ᠶᠡᠷᠤᠩᠬᠡᠶᠢᠯᠡᠭᠰᠡᠨ ᠵᠠᠰᠠᠯᠳᠠ ᠶᠢᠨ | ᠢᠨᠵᠧᠨᠧᠷᠢᠩ ᠤᠨ ᠤᠰᠤ ᠴᠡᠪᠡᠷᠰᠢᠬᠦᠯᠬᠦ ᠤᠶᠢᠯᠡᠤᠨᠪᠤᠷᠢ ᠶᠢᠨ ᠳᠤᠭᠤᠷᠢᠭ ᠲᠤ ᠤᠶᠤᠨᠴᠢᠯᠠᠭᠰᠡᠨ ᠤᠰᠤ ᠴᠡᠪᠡᠷᠰᠢᠬᠦᠯᠬᠦ ᠲᠦᠬᠦᠬᠡᠷᠤᠮᠵᠢ ᠶᠢᠨ ᠠᠵᠢᠯᠯᠠᠮᠵᠢ ᠶᠢᠨ | ᠪᠠᠶᠢᠳᠠᠯ ᠢ ᠪᠠᠶᠢᠴᠠᠭᠠᠨ ᠦᠵᠡᠵᠤ᠂ ᠬᠡᠳᠤ ᠠᠰᠢᠭᠯᠠᠯᠳᠠ ᠶᠢᠨ ᠤᠷᠤᠨ ᠤ ᠵᠠᠰᠠᠯᠳᠠ ᠶᠢᠨ ᠪᠠᠶᠢᠳᠠᠯ ᠤᠨ ᠬᠠᠷᠢᠭᠤ ᠮᠡᠳᠡᠬᠦᠯᠤᠯᠳᠠ ᠶᠢ ᠰᠤᠨᠤᠰᠪᠠ᠃ ᠳᠠᠷᠠ᠂ ᠭᠠᠵᠠᠷ | ᠳᠤᠤᠷᠠᠬᠢ ᠤᠰᠤᠨ ᠤ ᠬᠡᠳᠤ ᠠᠰᠢᠭᠯᠠᠯᠳᠠ ᠶᠢᠨ ᠵᠠᠰᠠᠯᠳᠠ ᠪᠤᠯ ᠤᠰᠤᠨ ᠡᠬᠢ ᠪᠠᠶᠠᠯᠢᠭ ᠢ ᠬᠠᠮᠠᠭᠠᠯᠠᠨ᠂ ᠤᠰᠤᠨ ᠠᠮᠢ ᠠᠬᠤᠢ ᠶᠢᠨ ᠠᠮᠤᠷ ᠲᠦᠪᠰᠢᠨ ᠢ | ᠬᠠᠮᠠᠭᠠᠯᠠᠬᠤ ᠴᠢᠬᠤᠯᠠ ᠡᠬᠦᠷᠬᠡ ᠪᠤᠯᠬᠤᠷ ᠶᠡᠷᠤᠩᠬᠡᠶᠢᠯᠡᠭᠰᠡᠨ ᠵᠠᠰᠠᠯᠳᠠ ᠶᠢᠨ ᠢᠨᠵᠧᠨᠧᠷᠢᠩ ᠤᠨ ᠨᠡᠶᠢᠬᠡᠮ ᠤᠨ ᠦᠷ᠎ᠠ ᠠᠰᠢᠭ᠂ ᠠᠮᠢ ᠠᠬᠤᠢ ᠶᠢᠨ ᠦᠷ᠎ᠠ ᠠᠰᠢᠭ᠂ | ᠠᠵᠤ ᠠᠬᠤᠢ ᠶᠢᠨ ᠦᠷ᠎ᠠ ᠠᠰᠢᠭ ᠢ ᠰᠠᠶᠢᠳᠤᠷ ᠪᠠᠳᠠᠷᠠᠭᠤᠯᠵᠤ᠂ ︽ᠠᠷᠪᠢᠯᠠᠬᠤ᠂ ᠳᠤᠬᠢᠷᠠᠭᠤᠯᠬᠤ᠂ ᠨᠦᠬᠦᠪᠤᠷᠢᠯᠡᠬᠦ᠂ ᠮᠡᠷᠬᠡᠵᠢᠬᠦᠯᠬᠦ᠂ ᠬᠠᠮᠢᠶᠠᠷᠬᠤ᠂ ᠤᠷᠤᠭᠤᠯᠬᠤ︾ | ᠵᠡᠷᠬᠡ ᠤᠯᠠᠨ ᠠᠷᠭ᠎ᠠ ᠠᠪᠴᠠᠯ ᠢᠶᠠᠷ ᠭᠠᠵᠠᠷ ᠳᠤᠤᠷᠠᠬᠢ ᠤᠰᠤᠨ ᠤ ᠨᠡᠬᠡᠬᠡᠨ ᠠᠰᠢᠭᠯᠠᠯᠳᠠ ᠶᠢᠨ ᠶᠡᠷᠤᠩᠬᠡᠢ ᠬᠡᠮᠵᠢᠶ᠎ᠡ ᠶᠢ ᠪᠦᠳᠤᠮᠵᠢᠳᠠᠢ ᠪᠠᠭᠠᠰᠬᠠᠨ᠂ ᠭᠠᠵᠠᠷ | ᠳᠤᠤᠷᠠᠬᠢ ᠤᠰᠤᠨ ᠲᠦᠪᠰᠢᠨ ᠤ ᠳᠡᠬᠡᠭᠰᠢᠯᠡᠯᠳᠠ ᠶᠢᠨ ᠬᠠᠨᠳᠤᠰᠢ ᠶᠢ ᠰᠠᠶᠢᠳᠤᠷ ᠪᠠᠳᠤᠯᠠᠵᠤ᠂ ᠤᠰᠤᠨ ᠠᠮᠢ ᠠᠬᠤᠢ ᠶᠢᠨ ᠳᠡᠩᠴᠡᠬᠦᠷᠢ ᠶᠢ ᠰᠡᠷᠬᠦᠬᠡᠬᠦ ᠬᠡᠷᠡᠭᠳᠠᠢ | ᠬᠡᠪᠡ᠃ | ᠵᠢᠷᠤᠮᠳᠤ ᠾᠧᠩ ᠰᠢᠨ ᠮᠠᠯ ᠳᠠᠷᠢᠶᠠᠯᠠᠩ ᠤᠨ ᠠᠵᠤ ᠤᠶᠢᠯᠡᠰ ᠤᠨ ᠬᠦᠷᠢᠶᠡᠯᠡᠩ᠂ ᠬᠤᠩ ᠶᠧ ᠮᠠᠯ ᠳᠠᠷᠢᠶᠠᠯᠠᠩ ᠤᠨ ᠤᠶᠢᠯᠡᠰ ᠤᠨ ᠺᠤᠮᠫᠠᠨᠢ᠂ ᠲᠢᠶᠠᠨ ᠮᠤ᠋ | ᠨᠤᠤᠯᠤᠭᠤᠷ ᠤᠨ ᠤᠶᠢᠯᠡᠤᠨᠪᠤᠷᠢ ᠳᠤ ᠤᠳᠤ ᠦᠶ᠎ᠡ ᠶᠢᠨ ᠮᠠᠯ ᠳᠠᠷᠢᠶᠠᠯᠠᠩ ᠤᠨ ᠤᠶᠢᠯᠡᠰ ᠤᠨ ᠲᠦᠬᠦᠬᠡᠷᠤᠮᠵᠢ᠂ ᠮᠠᠯ ᠳᠠᠷᠢᠶᠠᠯᠠᠩ ᠤᠨ ᠪᠦᠳᠤᠬᠡᠭᠳᠡᠬᠦᠨ ᠤ ᠨᠠᠷᠢᠯᠢᠭ | ᠡᠳ᠋ᠰᠢᠬᠦᠯᠤᠯᠳᠠ ᠶᠢᠨ ᠪᠠᠶᠢᠳᠠᠯ ᠢ ᠪᠠᠶᠢᠴᠠᠭᠠᠨ ᠦᠵᠡᠵᠤ᠂ ᠠᠵᠤ ᠠᠬᠤᠶᠢᠯᠠᠯ ᠤᠨ ᠬᠠᠷᠢᠭᠤᠴᠠᠯᠭᠠᠳᠠᠨ ᠲᠠᠢ ᠬᠦᠨᠵᠡᠬᠡᠢ ᠶᠠᠷᠢᠯᠴᠠᠪᠠ᠃ ᠳᠠᠷᠠ ᠠᠵᠤ ᠠᠬᠤᠶᠢᠯᠠᠯ ᠤᠨ | ᠮᠠᠯ ᠳᠠᠷᠢᠶᠠᠯᠠᠩ ᠤᠨ ᠠᠵᠤ ᠤᠶᠢᠯᠡᠰ ᠤᠨ ᠳᠡᠰ ᠳᠡᠪᠰᠢᠯᠳᠠ ᠶᠢ ᠠᠬᠢᠭᠤᠯᠤᠨ᠂ ᠮᠠᠯᠴᠢᠨ ᠳᠠᠷᠢᠶᠠᠴᠢᠨ ᠤ ᠤᠷᠤᠯᠭ᠎ᠠ ᠶᠢᠨ ᠨᠡᠮᠡᠭᠳᠡᠯ ᠢ ᠠᠬᠢᠭᠤᠯᠬᠤ ᠳᠠᠯ᠎ᠠ ᠪᠠᠷ | ᠤᠯᠤᠭᠰᠠᠨ ᠪᠦᠳᠤᠮᠵᠢ ᠶᠢ ᠬᠦᠢᠴᠡᠤᠨ ᠨᠤᠳᠠᠯᠠᠭᠰᠡᠨ ᠮᠦᠷᠳᠡᠬᠡᠨ ᠠᠵᠤ ᠠᠬᠤᠶᠢᠯᠠᠯ ᠤᠨ ᠰᠢᠨᠵᠢᠯᠡᠭᠡ ᠮᠡᠷᠬᠡᠵᠢᠯ ᠤᠨ ᠰᠢᠨᠡᠴᠢᠯᠡᠯᠳᠠ ᠶᠢᠨ ᠬᠦᠴᠤᠯᠡᠴᠠ ᠪᠠᠨ ᠤᠯᠠᠮ | ᠶᠡᠬᠡᠤᠨᠬᠡᠨ᠂ ᠪᠦᠳᠤᠬᠡᠭᠳᠡᠬᠦᠨ ᠤ ᠳᠠᠭᠠᠯᠳᠠ ᠦᠷᠳᠡᠭ ᠢ ᠴᠢᠷᠮᠠᠶᠢᠨ ᠳᠡᠬᠡᠭᠰᠢᠯᠡᠬᠦᠯᠵᠤ᠂ ᠤᠳᠤᠭ ᠤᠨ ᠡᠮᠤᠨᠡᠳᠤ ᠬᠤᠰᠢᠭᠤᠨ ᠤ ᠮᠠᠯ ᠳᠠᠷᠢᠶᠠᠯᠠᠩ ᠤᠨ ᠤᠶᠢᠯᠡᠰ ᠤᠨ | ᠬᠦᠭᠵᠢᠯᠳᠠ ᠳᠤ ᠨᠠᠩ ᠶᠡᠭᠡ ᠬᠤᠪᠢ ᠨᠡᠮᠡᠷᠢ ᠦᠵᠡᠬᠦᠯᠬᠦ ᠶᠢ ᠵᠤᠷᠢᠭᠵᠢᠭᠤᠯᠪᠠ᠃ | ᠵᠢᠷᠤᠮᠳᠤ ᠦᠪᠡᠷᠳᠡᠬᠡᠨ ᠵᠠᠰᠠᠬᠤ ᠤᠷᠤᠨ ᠤ ᠠᠷᠠᠤᠨ ᠤᠨ ᠲᠦᠯᠤᠬᠡᠯᠡᠭᠴᠢ᠂ ᠮᠡᠨᠳᠤ ᠡᠪᠡᠰᠤᠨ ᠤᠶᠢᠯᠡᠰ ᠤᠨ ᠳᠡᠵᠢᠬᠡᠨ ᠦᠷᠡᠵᠢᠬᠦᠯᠬᠡ ᠶᠢᠨ ᠬᠤᠷᠰᠢᠶᠡᠵᠢᠯ ᠤᠨ | ᠬᠠᠷᠢᠭᠤᠴᠠᠯᠭᠠᠳᠠᠨ ᠴᠦᠨ ᠢᠦᠢ ᠶᠢᠨ ᠬᠡᠷ ᠲᠤ ᠬᠤᠷᠰᠢᠶᠠᠵᠢᠯ ᠤᠨ ᠬᠦᠭᠵᠢᠯᠳᠠ ᠠᠵᠢᠯᠠᠮᠵᠢ ᠶᠢᠨ ᠪᠠᠶᠢᠳᠠᠯ᠂ ᠳᠡᠵᠢᠬᠡᠨ ᠦᠷᠡᠵᠢᠬᠦᠯᠬᠡ ᠶᠢᠨ ᠤᠶᠢᠯᠡᠰ ᠤᠨ | ᠬᠦᠭᠵᠢᠯᠳᠠ ᠶᠢᠨ ᠪᠠᠶᠢᠳᠠᠯ ᠪᠠ ᠤᠷᠤᠨ ᠨᠤᠳᠤᠭ ᠤᠨ ᠴᠢᠳᠠᠪᠤᠷᠢᠳᠠᠨ ᠤ ᠳᠠᠭᠤᠷᠢᠶᠠᠯ ᠦᠵᠡᠬᠦᠯᠤᠨ ᠳᠠᠶᠢᠴᠢᠯᠠᠬᠤ ᠤᠶᠢᠯᠡᠳᠤᠯ ᠢᠶᠠᠨ ᠪᠠᠳᠠᠷᠠᠭᠤᠯᠤᠭᠰᠡᠨ ᠪᠠᠶᠢᠳᠠᠯ | ᠵᠡᠷᠬᠡ ᠶᠢ ᠨᠠᠷᠢᠯᠢᠭ ᠤᠶᠢᠯᠠᠭᠠᠪᠠ᠃ ᠳᠠᠷᠠ᠂ ᠬᠤᠷᠰᠢᠶᠠᠵᠢᠯ ᠤᠨ ᠬᠢᠨ ᠳᠤᠰ ᠪᠡᠶ᠎ᠡ ᠶᠢᠨ ᠬᠦᠭᠵᠢᠯᠳᠠ ᠶᠢᠨ ᠳᠤᠭᠳᠠᠴᠠ ᠪᠠᠨ ᠳᠤᠳᠤᠷᠬᠠᠶᠢᠯᠠᠨ᠂ ᠵᠠᠬ᠎ᠠ ᠳᠡᠯᠬᠡᠬᠦᠷ | ᠤᠨ ᠱᠠᠭᠠᠷᠳᠠᠯᠭ᠎ᠠ ᠪᠠᠷ ᠤᠳᠤᠷᠢᠳᠤᠮᠵᠢ ᠪᠤᠯᠭᠠᠵᠤ᠂ ᠡᠪᠡᠰᠤ ᠪᠤᠷᠳᠤᠭᠠᠨ ᠤ ᠰᠠᠶᠢᠵᠢᠷᠠᠭᠤᠯᠤᠯᠳᠠ᠂ ᠳᠡᠵᠢᠬᠡᠨ ᠦᠷᠡᠵᠢᠬᠦᠯᠬᠡ᠂ ᠨᠤᠤᠯᠤᠭᠤᠷ ᠤᠨ ᠨᠠᠷᠢᠯᠢᠭ | ᠡᠳ᠋ᠰᠢᠬᠦᠯᠤᠯᠳᠠ᠂ ᠬᠦᠢᠳᠡᠨ ᠬᠡᠯᠬᠢᠶᠡᠵᠢᠯ ᠵᠡᠷᠬᠡ ᠶᠢ ᠴᠤᠭᠴᠠᠵᠢᠭᠤᠯᠤᠭᠰᠡᠨ ᠪᠦᠬᠦ ᠤᠶᠢᠯᠡᠰ ᠤᠨ ᠬᠡᠯᠬᠢᠶᠡᠵᠢᠯ ᠢ ᠢᠳᠡᠪᠬᠢᠳᠠᠢ ᠰᠦᠪᠡᠭᠴᠢᠯᠡᠨ᠂ ᠬᠤᠷᠰᠢᠶᠡᠵᠢᠯ ᠢᠶᠠᠨ | ᠬᠡᠪᠴᠢᠶᠡᠵᠢᠬᠦᠯᠤᠨ ᠬᠦᠭᠵᠢᠬᠦᠯᠬᠦ᠂ ᠵᠠᠬ᠎ᠠ ᠳᠡᠯᠬᠡᠬᠦᠷᠴᠢᠯᠡᠨ ᠠᠵᠢᠯᠯᠠᠭᠤᠯᠬᠤ ᠶᠢ ᠠᠬᠢᠭᠤᠯᠵᠤ᠂ ᠨᠠᠩ ᠠᠷᠪᠢᠨ ᠮᠠᠯᠴᠢᠨ ᠳᠠᠷᠢᠶᠠᠴᠢᠨ ᠡᠷᠤᠬᠡ ᠶᠢ ᠬᠤᠷᠰᠢᠶᠡᠵᠢᠯ ᠳᠤ | ᠤᠷᠤᠭᠤᠯᠤᠨ᠂ ᠨᠦᠯᠤᠬᠡᠯᠡᠨ ᠳᠠᠶᠢᠴᠢᠯᠠᠬᠤ ᠤᠶᠢᠯᠳᠤᠯ ᠢᠶᠠᠨ ᠦᠷᠬᠡᠤᠨᠬᠡᠵᠤ᠂ ᠠᠷᠠᠤᠨ ᠤᠯᠠᠨ ᠤ ᠤᠷᠤᠯᠭ᠎ᠠ ᠶᠢ ᠨᠡᠮᠡᠭᠳᠡᠬᠦᠯᠤᠨ ᠪᠠᠶᠠᠵᠢᠭᠤᠯᠬᠤ ᠶᠢ ᠠᠬᠢᠭᠤᠯᠬᠤ | ᠬᠡᠷᠡᠭᠳᠠᠢ ᠬᠡᠪᠡ᠃ | ᠵᠢᠷᠤᠮᠳᠤ ᠪᠠᠶᠢᠴᠠᠭᠠᠨ ᠰᠤᠳᠤᠯᠤᠯᠳᠠ ᠶᠢᠨ ᠶᠠᠪᠤᠴᠠ ᠳᠤ ᠪᠦᠬᠦ ᠬᠤᠰᠢᠭᠤᠨ ᠤ ᠮᠠᠯ ᠳᠠᠷᠢᠶᠠᠯᠠᠩ ᠤᠨ ᠤᠶᠢᠯᠡᠰ ᠤᠨ ᠬᠦᠭᠵᠢᠯᠳᠠ᠂ ᠠᠶᠤᠯᠬᠦᠢ | ᠤᠶᠢᠯᠡᠤᠨᠪᠤᠷᠢᠯᠡᠯ ᠤᠨ ᠪᠠᠶᠢᠳᠠᠯ ᠤᠨ ᠬᠠᠷᠢᠭᠤ ᠮᠡᠳᠡᠬᠦᠯᠤᠯᠳᠠ ᠶᠢ ᠨᠠᠷᠢᠯᠢᠭ ᠰᠤᠨᠤᠰᠪᠠ᠃ ᠳᠠᠷᠠ᠂ ᠤᠳᠤᠭ ᠤᠨ ᠡᠮᠤᠨᠡᠳᠤ ᠬᠤᠰᠢᠭᠤ ᠲᠦᠪ ᠤᠨ ᠬᠦᠳᠡᠭᠡ | ᠳᠤᠰᠬᠤᠨ ᠤ ᠦᠬᠡᠷᠡᠴᠢᠯᠡᠯᠳᠠ ᠶᠢ ᠬᠦᠨᠵᠡᠬᠡᠶᠢᠷᠡᠬᠦᠯᠤᠨ᠂ ᠬᠦᠳᠡᠭᠡ ᠳᠤᠰᠬᠤᠨ ᠤ ᠪᠦᠬᠦ ᠳᠠᠯ᠎ᠠ ᠶᠢᠨ ᠬᠦᠴᠤᠷᠬᠡᠭᠵᠢᠯ ᠮᠠᠨᠳᠤᠯᠳᠠ ᠶᠢ ᠪᠠᠳᠤᠳᠠᠢ ᠠᠬᠢᠭᠤᠯᠬᠤ | ᠰᠢᠢᠤᠨᠪᠤᠷᠢ ᠪᠠᠶᠢᠷᠢᠯᠠᠭᠤᠯᠤᠯᠳᠠ ᠪᠠ ᠦᠪᠡᠷᠳᠡᠬᠡᠨ ᠵᠠᠰᠠᠬᠤ ᠤᠷᠤᠨ᠂ ᠬᠤᠳᠠ ᠶᠢᠨ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ ᠳᠤᠤᠱᠯᠠᠭᠤᠯᠤᠨ | ᠨᠠᠶᠢᠳᠠᠪᠤᠷᠢᠵᠢᠭᠤᠯᠵᠤ᠂ ︽ᠮᠠᠯ ᠳᠠᠷᠢᠶᠠᠯᠠᠩ᠂ ᠮᠠᠯᠵᠢᠬᠤ ᠳᠠᠷᠢᠶᠠᠯᠠᠬᠤ ᠤᠷᠤᠨ᠂ ᠮᠠᠯᠴᠢᠨ ᠳᠠᠷᠢᠶᠠᠴᠢᠨ︾ ᠤ ᠠᠵᠢᠯ ᠤᠨ ᠭᠤᠤᠯ ᠰᠢᠪᠳᠤᠯᠤᠯᠳᠠ ᠶᠢᠨ ᠴᠢᠭᠯᠡᠯ ᠢ | ᠤᠨᠤᠪᠴᠢᠳᠠᠢ ᠡᠵᠡᠮᠳᠡᠨ᠂ ᠡᠬᠢ ᠪᠠᠶᠠᠯᠢᠭ ᠤᠨ ᠳᠠᠪᠠᠭᠤᠯᠢᠭ ᠪᠠ ᠠᠵᠤ ᠤᠶᠢᠯᠡᠰ ᠤᠨ ᠰᠠᠭᠤᠷᠢ ᠳᠤ ᠰᠠᠭᠤᠷᠢᠯᠠᠵᠤ᠂ ᠤᠳᠤ ᠦᠶ᠎ᠡ ᠶᠢᠨ ᠮᠠᠯ ᠳᠠᠷᠢᠶᠠᠯᠠᠩ ᠤᠨ | ᠤᠶᠢᠯᠡᠰ ᠢ ᠶᠡᠬᠡᠪᠡᠷ ᠬᠦᠭᠵᠢᠬᠦᠯᠤᠨ᠂ ᠮᠠᠯ ᠳᠠᠷᠢᠶᠠᠯᠠᠩ ᠤᠨ ᠤᠶᠢᠯᠡᠰ ᠤᠨ ᠬᠡᠯᠪᠡᠷᠢ ᠬᠤᠪᠢᠷᠠᠭᠤᠯᠤᠯᠳᠠ ᠳᠡᠰ ᠳᠡᠪᠰᠢᠯᠳᠠ ᠶᠢ ᠠᠬᠢᠭᠤᠯᠬᠤ ᠬᠡᠷᠡᠭᠳᠠᠢ᠃ ᠮᠠᠯᠵᠢᠬᠤ | ᠳᠠᠷᠢᠶᠠᠯᠠᠬᠤ ᠤᠷᠤᠨ ᠤ ᠦᠬᠡᠷᠡᠴᠢᠯᠡᠯᠳᠠ ᠶᠢ ᠴᠢᠩᠭᠠᠤᠨᠬᠠᠨ᠂ ᠰᠢᠨᠵᠢᠯᠡᠭᠡ ᠮᠡᠷᠬᠡᠵᠢᠯ ᠤᠨ ᠰᠢᠨᠡᠴᠢᠯᠡᠯᠳᠠ ᠪᠠ ᠴᠢᠳᠠᠪᠤᠷᠢᠳᠠᠨ ᠤ ᠪᠤᠯᠪᠠᠰᠤᠷᠠᠭᠤᠯᠤᠯᠳᠠ ᠶᠢ | ᠴᠢᠩᠭᠠᠤᠨᠬᠠᠵᠤ᠂ ᠮᠠᠯ ᠳᠠᠷᠢᠶᠠᠯᠠᠩ ᠤᠨ ᠤᠶᠢᠯᠡᠰ ᠤᠨ ᠨᠡᠷᠡᠳᠤ ᠳᠡᠮᠳᠡᠭ ᠤᠨ ᠪᠠᠶᠢᠭᠤᠯᠤᠯᠳᠠ ᠶᠢ ᠴᠢᠩᠭᠠᠤᠨᠬᠠᠨ᠂ ᠮᠠᠯ ᠳᠠᠷᠢᠶᠠᠯᠠᠩ ᠤᠨ ᠪᠦᠳᠤᠬᠡᠭᠳᠡᠬᠦᠨ ᠤ | ᠳᠠᠭᠠᠯᠳᠠ ᠦᠷᠳᠡᠭ᠂ ᠦᠷᠢᠰᠤᠯᠳᠤᠬᠦ ᠬᠦᠴᠤᠨ ᠢ ᠳᠡᠬᠡᠭᠰᠢᠯᠡᠬᠦᠯᠵᠤ᠂ ᠮᠠᠯ ᠳᠠᠷᠢᠶᠠᠯᠠᠩ ᠮᠠᠯᠵᠢᠬᠤ ᠳᠠᠷᠢᠶᠠᠯᠠᠬᠤ ᠤᠷᠤᠨ ᠤ ᠬᠦᠭᠵᠢᠯᠳᠠ ᠶᠢᠨ ᠠᠮᠢᠳᠤᠯᠢᠭ ᠬᠦᠴᠤᠨ | ᠢ ᠪᠦᠬᠦ ᠳᠠᠯ᠎ᠠ ᠪᠠᠷ ᠬᠦᠭᠵᠢᠬᠡᠬᠦ ᠬᠡᠷᠡᠭᠳᠠᠢ᠃ ᠠᠶᠤᠯᠬᠦᠢ ᠤᠶᠢᠯᠡᠤᠨᠪᠤᠷᠢᠯᠡᠯ ᠤᠨ ᠠᠵᠢᠯ ᠢ ᠳᠡᠬᠡᠳᠤ ᠬᠡᠮᠵᠢᠶ᠎ᠡ ᠪᠠᠷ ᠴᠢᠬᠤᠯᠠᠴᠢᠯᠠᠨ᠂ ᠠᠮᠤᠷ ᠲᠦᠪᠰᠢᠨ ᠤ ᠳᠠᠯᠳᠠ | ᠬᠡᠮ ᠤᠨ ᠪᠠᠶᠢᠴᠠᠭᠠᠯᠳᠠ ᠴᠡᠭᠴᠡᠯᠡᠯᠳᠠ ᠶᠢ ᠬᠦᠨᠵᠡᠬᠡᠢ ᠦᠷᠨᠢᠬᠦᠯᠵᠤ᠂ ᠭᠤᠤᠯᠳᠠᠯᠭᠠᠳᠤ ᠬᠦᠷᠢᠶ᠎ᠡ᠂ ᠵᠠᠩᠬᠢᠯᠠᠭ᠎ᠠ ᠶᠢᠨ ᠭᠤᠭᠴᠤᠭ᠎ᠠ᠂ ᠠᠶᠤᠯᠳᠠᠢ ᠤᠷᠤᠨ ᠪᠦᠰᠠ ᠶᠢ | ᠳᠤᠭᠤᠷᠢᠨ ᠪᠠᠶᠢᠴᠠᠭᠠᠬᠤ ᠪᠠᠨ ᠦᠷᠬᠦᠯᠵᠢᠯᠡᠨ ᠴᠢᠩᠭᠠᠤᠨᠬᠠᠨ᠂ ᠡᠯ᠎ᠡ ᠳᠠᠯᠳᠠ ᠬᠡᠮ ᠤᠨ ᠠᠰᠠᠭᠤᠳᠠᠯ ᠢ ᠦᠨᠡᠨᠬᠦ ᠴᠡᠭᠴᠡᠯᠡᠨ ᠠᠮᠤᠷ ᠳᠤᠭᠳᠠᠭᠤᠨ ᠨᠡᠶᠢᠬᠡᠮ ᠤᠨ | ᠤᠷᠴᠢᠨ ᠢ ᠪᠦᠷᠢᠯᠳᠤᠬᠦᠯᠬᠦ ᠬᠡᠷᠡᠭᠳᠠᠢ ᠬᠡᠪᠡ᠃ |