ᠲᠠᠷᠢᠶᠠᠯᠠᠩ ᠤᠨ ᠦᠢᠯᠡᠰ ᠤᠨ ᠣᠳᠣᠬᠢᠴᠢᠯᠠᠯᠲᠠ ᠶᠢᠨ ᠠᠬᠢᠴᠠ ᠶᠢ ᠲᠦᠷᠬᠡᠳᠬᠡᠨ ᠠᠬᠢᠭᠤᠯᠵᠤ᠂ ᠮᠠᠯᠴᠢᠨ ᠲᠠᠷᠢᠶᠠᠴᠢᠳ ᠤᠨ ᠰᠢᠨᠵᠢᠯᠡᠭᠡ ᠮᠡᠷᠬᠡᠵᠢᠯ ᠤᠨ | ᠬᠡᠷᠡᠭᠯᠡᠯᠲᠡ ᠶᠢᠨ ᠳᠦᠪᠰᠢᠨ ᠢ ᠳᠡᠭᠡᠭᠰᠢᠯᠡᠬᠦᠯᠬᠦ ᠶᠢᠨ ᠳᠣᠰᠠᠳᠠ᠂ ᠣᠯᠵᠠᠴᠢ ᠪᠠᠯᠭᠠᠰᠣ ᠬᠢᠬᠡᠳ ᠣᠷᠳᠣᠰ ᠬᠤᠲᠠ ᠶᠢᠨ ᠢᠦᠢ ᠯᠦᠩ ᠲᠠᠷᠢᠶᠠᠯᠠᠩ ᠤᠨ ᠦᠢᠯᠡᠰ ᠤᠨ | ᠰᠢᠨᠵᠢᠯᠡᠭᠡ ᠮᠡᠷᠬᠡᠵᠢᠯ ᠤᠨ ᠬᠢᠵᠠᠭᠠᠷᠲᠤ ᠺᠤᠮᠫᠠᠨᠢ ᠠᠯᠣᠰ ᠡᠵᠡᠮᠰᠢᠯᠲᠤ ᠨᠢᠰᠬᠡᠯ ᠤᠨ ᠠᠵᠢᠯᠯᠠᠮᠵᠢ ᠶᠢᠨ ᠮᠡᠷᠬᠡᠵᠢᠯ ᠤᠨ ᠪᠤᠯᠪᠠᠰᠣᠷᠠᠯ ᠢ ᠬᠠᠮᠲᠤᠷᠠᠨ ᠶᠠᠪᠤᠭᠳᠠᠭᠤᠯᠵᠤ᠂ | ᠲᠠᠷᠢᠮᠠᠯ ᠤᠨ ᠲᠤᠮᠤ ᠡᠷᠦᠬᠡ᠂ ᠬᠤᠷᠰᠢᠶᠠᠵᠢᠯ ᠤᠨ ᠮᠡᠷᠬᠡᠵᠢᠯ ᠤᠨ ᠭᠤᠤᠯᠯᠠᠭᠴᠢ ᠠᠵᠢᠯᠲᠠᠨ ᠵᠢᠴᠢ ᠨᠣᠲᠤᠭ ᠲᠤ ᠪᠠᠨ ᠪᠤᠴᠠᠭᠰᠠᠨ ᠵᠠᠯᠠᠭᠤᠴᠤᠳ ᠢ ᠵᠤᠬᠢᠶᠠᠨ | ᠪᠠᠶᠢᠭᠤᠯᠤᠨ ᠣᠷᠣᠯᠴᠠᠭᠤᠯᠪᠠ᠃ | ᠲᠤᠰ ᠣᠳᠠᠭᠠᠨ ᠤ ᠪᠤᠯᠪᠠᠰᠣᠷᠠᠯ ︽ᠣᠨᠣᠯ + ᠠᠵᠢᠯᠯᠠᠮᠵᠢ + ᠬᠢᠨᠠᠨ ᠰᠢᠯᠭᠠᠯᠲᠠ ᠬᠡᠷᠡᠴᠢᠯᠡᠯᠲᠡ︾ ᠶᠢᠨ ᠵᠠᠭᠪᠤᠷ ᠢ ᠠᠰᠢᠭᠯᠠᠨ᠂ ᠮᠠᠯᠴᠢᠨ ᠲᠠᠷᠢᠶᠠᠴᠢᠳ | ᠤᠨ ᠠᠯᠣᠰ ᠡᠵᠡᠮᠰᠢᠯᠲᠤ ᠨᠢᠰᠬᠡᠯ ᠢᠶᠠᠷ ᠠᠷᠠᠴᠢᠯᠠᠨ ᠬᠠᠮᠠᠭᠠᠯᠠᠬᠤ ᠮᠡᠷᠬᠡᠵᠢᠯ ᠡᠵᠡᠮᠰᠢᠬᠦ ᠳᠤ ᠬᠦᠴᠦᠨ ᠨᠡᠮᠡᠷᠢᠯᠡᠵᠦ᠂ ᠲᠠᠷᠢᠶᠠᠯᠠᠩ ᠤᠨ ᠦᠢᠯᠡᠰ ᠤᠨ ᠦᠢᠯᠡᠳᠪᠦᠷᠢᠯᠡᠯ | ᠳᠤ ︽ᠰᠢᠨᠵᠢᠯᠡᠭᠡ ᠮᠡᠷᠬᠡᠵᠢᠯ ᠤᠨ ᠵᠢᠬᠦᠷ︾ ᠣᠷᠭᠤᠭᠤᠯᠪᠠ᠃ ᠬᠢᠴᠢᠶᠡᠯᠯᠡᠭᠡ ᠶᠢᠨ ᠠᠭᠤᠯᠭ᠎ᠠ ᠳᠤ ᠠᠯᠣᠰ ᠡᠵᠡᠮᠰᠢᠯᠲᠤ ᠨᠢᠰᠬᠡᠯ ᠤᠨ ᠪᠦᠲᠦᠴᠡ ᠶᠢᠨ ᠣᠭ ᠶᠤᠰᠤ᠂ | ᠠᠶᠠᠯᠠᠯ ᠤᠨ ᠱᠣᠭᠤᠮ ᠤᠨ ᠲᠦᠯᠦᠪᠵᠢᠬᠦᠯᠬᠡ᠂ ᠲᠠᠷᠢᠶᠠᠯᠠᠩ ᠤᠨ ᠡᠮ ᠤᠨ ᠲᠤᠬᠢᠷᠠᠭᠤᠯᠭ᠎ᠠ᠂ ᠪᠠᠴᠢᠮ ᠪᠠᠶᠢᠳᠠᠯ ᠢ ᠠᠷᠭᠠᠴᠠᠬᠤ ᠠᠵᠢᠯᠯᠠᠮᠵᠢ ᠵᠡᠷᠭᠡ ᠭᠤᠤᠯᠯᠠᠭᠴᠢ | ᠮᠡᠷᠬᠡᠵᠢᠯ ᠪᠠᠭᠲᠠᠬᠤ ᠶᠢᠨ ᠬᠠᠮᠲᠤ ᠣᠯᠣᠰ ᠤᠨ ᠳᠣᠣᠷ᠎ᠠ ᠨᠢᠰᠦᠯᠲᠡ ᠶᠢᠨ ᠬᠠᠮᠢᠶᠠᠷᠤᠯᠲᠠ ᠶᠢᠨ ᠲᠦᠷᠦ ᠶᠢᠨ ᠪᠤᠳᠤᠯᠭ᠎ᠠ ᠶᠢ ᠭᠤᠤᠯᠳᠠᠯᠭ᠎ᠠ ᠲᠠᠢ ᠲᠠᠶᠢᠯᠪᠤᠷᠢᠯᠠᠨ᠂ | ᠰᠣᠷᠣᠭᠴᠢᠳ ᠤᠨ ︽ᠮᠡᠷᠬᠡᠵᠢᠯ︾ ᠪᠠ ︽ᠬᠠᠤᠯᠢ ᠳᠦᠷᠢᠮ︾ ᠤᠨ ᠬᠤᠤᠰ ᠪᠤᠭᠤᠮᠲᠠ ᠶᠢ ᠲᠤᠭᠤᠯᠬᠤ ᠶᠢ ᠪᠠᠲᠤᠯᠠᠪᠠ᠃ ᠣᠨᠣᠯ ᠤᠨ ᠬᠢᠴᠢᠶᠡᠯᠯᠡᠭᠡ | ᠳᠠᠭᠤᠰᠣᠭᠰᠠᠨ ᠤ ᠳᠠᠷᠠᠭ᠎ᠠ ᠰᠣᠷᠣᠭᠴᠢᠳ ᠲᠠᠷᠢᠶᠠᠯᠠᠩ ᠤᠨ ᠠᠯᠣᠰ ᠡᠵᠡᠮᠰᠢᠯᠲᠤ ᠨᠢᠰᠬᠡᠯ ᠢ ᠠᠰᠢᠭᠯᠠᠨ ᠪᠤᠲᠠᠲᠠᠢ ᠰᠣᠷᠢᠯᠲᠠ ᠬᠢᠵᠦ᠂ ᠮᠡᠷᠬᠡᠵᠢᠯᠲᠡᠨ ᠠᠴᠠ | ᠨᠢᠰᠣᠯᠲᠠ ᠶᠢ ᠣᠨᠣᠪᠴᠢᠯᠠᠬᠤ ᠠᠴᠠ ᠨᠠᠷᠢᠯᠢᠭ ᠣᠨᠣᠪᠴᠢᠲᠠᠢ ᠪᠠᠷ ᠰᠦᠷᠴᠢᠨ ᠡᠮ ᠣᠷᠣᠭᠤᠯᠬᠤ᠂ ᠬᠠᠷᠰᠢ ᠠᠴᠠ ᠵᠠᠶᠢᠯᠠᠬᠤ ᠠᠴᠠ ᠴᠡᠨᠡᠭ ᠢᠶᠠᠨ ᠬᠠᠮᠠᠭᠠᠯᠠᠬᠤ ᠵᠡᠷᠭᠡ | ᠶᠢ ᠵᠢᠭᠠᠪᠠ᠃ ᠪᠤᠯᠪᠠᠰᠣᠷᠠᠯ ᠲᠡᠬᠦᠰᠦᠭᠰᠡᠨ ᠤ ᠳᠠᠷᠠᠭ᠎ᠠ ᠬᠢᠨᠠᠨ ᠰᠢᠯᠭᠠᠯᠲᠠ ᠶᠢ ᠲᠤᠭᠤᠯᠤᠭᠰᠠᠳ ᠲᠤ ︽ᠠᠯᠣᠰ ᠡᠵᠡᠮᠰᠢᠯᠲᠤ ᠨᠢᠰᠬᠡᠯ ᠤᠨ ᠵᠢᠯᠤᠭᠤᠴᠢ ᠶᠢᠨ ᠬᠢᠷᠢ | ᠲᠡᠩᠴᠡᠭᠰᠡᠨ ᠦᠨᠡᠮᠯᠡᠯ︾ ᠭᠠᠷᠳᠠᠭᠤᠯᠬᠤ ᠶᠢᠨ ᠬᠠᠮᠲᠤ ᠠᠯᠣᠰ ᠡᠵᠡᠮᠰᠢᠯᠲᠤ ᠨᠢᠰᠬᠡᠯ ᠢᠶᠠᠷ ᠠᠷᠠᠴᠢᠯᠠᠨ ᠬᠠᠮᠠᠭᠠᠯᠠᠬᠤ ᠦᠢᠯᠡᠴᠢᠯᠡᠬᠡᠨ ᠤ ᠴᠢᠳᠠᠪᠤᠷᠢᠲᠠᠨ ᠤ ᠬᠦᠮᠦᠷᠬᠡ | ᠳᠤ ᠣᠷᠣᠭᠤᠯᠣᠨ᠂ ᠳᠠᠷᠠᠭᠠᠴᠢ ᠶᠢᠨ ᠠᠯᠬᠤᠮ ᠳᠤ ᠠᠯᠣᠰ ᠡᠵᠡᠮᠰᠢᠯᠲᠤ ᠨᠢᠰᠬᠡᠯ ᠤᠨ ᠰᠡᠷᠬᠡᠶᠢᠯᠡᠯᠲᠡ ᠶᠢᠨ ᠠᠩᠬᠢ ᠪᠠᠶᠢᠭᠤᠯᠬᠤ ᠳᠤ ᠴᠢᠳᠠᠪᠤᠷᠢᠲᠠᠨ ᠨᠦᠬᠡᠴᠡᠯᠡᠪᠡ᠃ | ᠠᠯᠣᠰ ᠡᠵᠡᠮᠰᠢᠯᠲᠤ ᠨᠢᠰᠬᠡᠯ ᠤᠨ ᠮᠡᠷᠬᠡᠵᠢᠯ ᠬᠦᠳᠡᠭᠡ ᠲᠤᠰᠬᠤᠨ ᠤ ᠬᠦᠳᠡᠯᠮᠦᠷᠢ ᠬᠦᠴᠦᠨ ᠴᠤᠬᠠᠭ ᠠᠰᠠᠭᠤᠳᠠᠯ ᠢ ᠰᠢᠢᠳᠪᠦᠷᠢᠯᠡᠬᠦ᠂ ᠪᠤᠬᠢᠷᠳᠣᠯ ᠦᠬᠡᠢ | ᠲᠠᠷᠢᠶᠠᠯᠠᠩ ᠤᠨ ᠦᠢᠯᠡᠰ ᠢ ᠠᠬᠢᠭᠤᠯᠬᠤ ᠵᠠᠩᠭᠢᠯᠠᠭ᠎ᠠ ᠶᠢᠨ ᠭᠠᠷᠳᠠᠴᠠ ᠪᠤᠯᠵᠤ᠂ ᠲᠤᠰ ᠣᠳᠠᠭᠠᠨ ᠤ ᠪᠤᠯᠪᠠᠰᠣᠷᠠᠯ ᠦᠨᠳᠦᠰᠦᠨ ᠱᠠᠲᠤᠨ ᠤ ᠮᠡᠷᠬᠡᠵᠢᠯ ᠤᠨ | ᠬᠡᠷᠡᠭᠯᠡᠯᠲᠡ ᠶᠢᠨ ᠲᠤᠲᠠᠭᠤᠳᠠᠯ ᠢ ᠨᠦᠬᠦᠪᠦᠷᠢᠯᠡᠨ᠂ ᠲᠤᠭᠠᠴᠠᠯᠠᠭᠰᠠᠨ ᠮᠡᠷᠬᠡᠵᠢᠯ ᠪᠠ ᠣᠳᠣ ᠦᠶ᠎ᠡ ᠶᠢᠨ ᠲᠠᠷᠢᠶᠠᠯᠠᠩ ᠤᠨ ᠦᠢᠯᠡᠰ ᠤᠨ ᠬᠦᠨᠵᠡᠬᠡᠢ ᠠᠭᠤᠰᠤᠯᠴᠠᠯ ᠢ | ᠠᠬᠢᠭᠤᠯᠵᠦ᠂ ᠮᠠᠯᠴᠢᠨ ᠲᠠᠷᠢᠶᠠᠴᠢᠳ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠡᠯᠬᠢᠶᠡᠵᠢᠯ ᠳᠤ ᠣᠷᠣᠬᠤ ᠵᠤᠬᠢᠴᠠᠭᠤᠯᠭ᠎ᠠ ᠳᠤ ᠬᠡᠪ | ᠳᠠᠭᠤᠷᠢᠶᠠᠯ ᠬᠠᠩᠭᠠᠪᠠ᠃ ᠳᠠᠷᠠᠭᠠᠴᠢ ᠶᠢᠨ ᠠᠯᠬᠤᠮ ᠳᠤ᠂ ᠤᠯᠵᠠᠴᠢ ᠪᠠᠯᠭᠠᠰᠣ ︽ᠰᠢᠨ᠎ᠡ ᠬᠡᠯᠪᠡᠷᠢ ᠶᠢᠨ ᠲᠠᠷᠢᠶᠠᠴᠢᠨ︾ ᠢ ᠬᠦᠮᠦᠵᠢᠬᠦᠯᠬᠦ ᠡᠷᠴᠢᠮ ᠢᠶᠠᠨ | ᠴᠢᠩᠭᠠᠳᠬᠠᠨ᠂ ᠪᠤᠯᠪᠠᠰᠣᠷᠠᠯ ᠤᠨ ᠬᠡᠪᠴᠢᠶᠡᠵᠢᠯ ᠢᠶᠠᠨ ᠮᠠᠯ ᠠᠵᠤ ᠠᠬᠤᠢ ᠶᠢᠨ ᠲᠡᠵᠢᠬᠡᠨ ᠦᠷᠡᠵᠢᠬᠦᠯᠬᠡ ᠪᠠᠨ ᠠᠯᠣᠰ ᠡᠵᠡᠮᠰᠢᠯᠲᠤ ᠨᠢᠰᠬᠡᠯ ᠢᠶᠠᠷ ᠦᠵᠡᠬᠦ | ᠪᠠᠶᠢᠴᠠᠭᠠᠯᠲᠠ᠂ ᠣᠶᠣᠨᠴᠢᠯᠠᠬᠰᠠᠨ ᠲᠤᠰᠤᠯᠭᠠᠨ ᠣᠰᠣᠯᠠᠯᠲᠠ ᠶᠢᠨ ᠰᠢᠰᠲ᠋ᠧᠮ ᠤᠨ ᠠᠵᠢᠯᠯᠠᠮᠵᠢ ᠵᠡᠷᠭᠡ ᠬᠦᠷᠢᠶ᠎ᠡ ᠴᠠᠷᠠᠭᠠᠨ ᠳᠤ ᠦᠷᠬᠡᠳᠬᠡᠵᠦ᠂ ᠦᠢᠯᠡᠳᠪᠦᠷᠢᠯᠡᠯ | ᠤᠨ ᠴᠢᠨᠠᠷ ᠪᠦᠲᠦᠮᠵᠢ ᠶᠢ ᠪᠦᠲᠦᠮᠵᠢᠲᠡᠢ ᠳᠡᠭᠡᠭᠰᠢᠯᠡᠬᠦᠯᠦᠨ᠂ ᠰᠢᠨᠵᠢᠯᠡᠭᠡ ᠮᠡᠷᠬᠡᠵᠢᠯ ᠢᠶᠠᠷ ᠮᠠᠯ ᠲᠠᠷᠢᠶᠠᠯᠠᠩ ᠢ ᠬᠦᠭᠵᠢᠬᠦᠯᠬᠦ ᠳᠠᠯᠳᠠ ᠬᠦᠴᠦᠨ ᠢ ᠲᠠᠰᠣᠷᠠᠯᠲᠠ | ᠦᠬᠡᠢ ᠪᠠᠳᠠᠷᠠᠭᠤᠯᠵᠤ᠂ ᠬᠦᠳᠡᠭᠡ ᠲᠤᠰᠬᠤᠨ ᠤ ᠬᠦᠭᠵᠢᠯ ᠮᠠᠨᠳᠣᠯ ᠳᠤ ᠬᠦᠴᠦᠷᠬᠡᠭ ᠰᠢᠨᠵᠢᠯᠡᠭᠡ ᠮᠡᠷᠭᠡᠵᠢᠯ ᠤᠨ ᠬᠦᠳᠡᠯᠬᠡᠬᠦ ᠬᠦᠴᠦᠨ ᠢ ᠬᠠᠩᠭᠠᠬᠤ ᠪᠠᠷ ᠪᠤᠢ᠃ |