ᠣᠳᠤᠭ ᠤᠨ ᠡᠮᠦᠨᠡᠳᠦ ᠬᠤᠰᠢᠭᠤᠨ ᠤ ︽3·8︾ ᠢ ᠲᠣᠷᠠᠰᠬᠠᠨ ᠠᠵᠣ ᠠᠬᠤᠶᠢᠯᠠᠯ ᠢ ᠲᠣᠰᠠᠯᠠᠬᠤ ᠣᠷᠠᠨ ᠰᠠᠶᠢᠬᠠᠨ ᠤ ᠬᠠᠮᠳᠣᠷᠠᠭᠰᠠᠨ ᠲᠣᠭᠯᠠᠯᠳᠠ ᠠᠮᠵᠢᠯᠳᠠ ᠲᠠᠢ ᠶᠠᠪᠣᠭᠳᠠᠯ᠎ᠠ
ᠨᠡᠶᠢᠲᠡᠯᠡᠭᠰᠡᠨ ᠴᠠᠭ᠄
2025/3/5
     3 ᠰᠠᠷ᠎ᠠ ᠶᠢᠨ 4 ᠤ ᠡᠳᠦᠷ᠂ ᠣᠳᠤᠭ ᠤᠨ ᠡᠮᠦᠨᠡᠳᠦ ᠬᠤᠰᠢᠭᠤᠨ ᠤ ᠡᠮᠡᠭᠳᠡᠶᠢᠴᠣᠳ ᠤᠨ ᠬᠤᠯᠪᠣᠭ᠎ᠠ᠂ ᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ ᠶᠢᠨ ᠣᠷᠣᠨ ᠤ ᠰᠢᠨ ᠸᠧᠨ ᠠᠭᠤᠷᠬᠠᠢ ᠶᠢᠨ ᠪᠦᠯᠦᠭᠯᠡᠯ ᠤᠨ ᠦᠪᠦᠷ ᠮᠣᠩᠭᠤᠯ ᠤᠨ ᠡᠨᠧᠷᠬᠢ ᠶᠢᠨ ᠬᠢᠵᠠᠭᠠᠷᠳᠦ ᠬᠠᠷᠢᠭᠤᠴᠠᠯᠭᠠᠳᠦ ᠺᠣᠮᠫᠠᠨᠢ ᠠᠴᠠ ︽ᠡᠷᠡᠰ ᠭᠤᠶᠢᠪᠢᠰᠢ ᠦᠭᠡᠢ ᠪᠠᠷ ᠨᠠᠮ ᠢᠶᠠᠨ ᠲᠠᠭᠠᠵᠣ ᠣᠳᠤᠭ ᠤᠨ ᠡᠮᠦᠨᠡᠳᠦ ᠬᠤᠰᠢᠭᠤᠨ ᠤ ᠭᠠᠷᠮᠠᠭᠠᠢ ᠲᠠᠪᠰᠢᠯᠳᠠ ᠳᠤ ᠡᠮᠡᠭᠳᠡᠶᠢᠴᠣᠳ ᠤᠨ ᠬᠦᠴᠦᠨ ᠴᠢᠳᠠᠯ ᠢᠶᠠᠨ ᠡᠷᠬᠦᠬᠦ︾ ᠪᠠᠷ ᠭᠤᠣᠯ ᠰᠡᠳᠣᠪ ᠪᠣᠯᠭᠠᠭᠰᠠᠨ 115 ᠳᠠᠬᠢ ᠣᠳᠠᠭᠠᠨ ᠤ ︽3·8︾ ᠤ ᠲᠡᠯᠡᠭᠡᠢ ᠶᠢᠨ ᠡᠮᠡᠭᠳᠡᠶᠢᠴᠣᠳ ᠤᠨ ᠪᠠᠶᠠᠷ ᠢ ᠲᠣᠷᠠᠰᠬᠠᠨ ᠠᠵᠣ ᠠᠬᠤᠶᠢᠯᠠᠯ ᠢ ᠲᠣᠰᠠᠯᠠᠬᠤ ᠣᠷᠠᠨ ᠰᠠᠶᠢᠬᠠᠨ ᠤ ᠬᠠᠮᠳᠣᠷᠠᠭᠰᠠᠨ ᠲᠣᠭᠯᠠᠯᠳᠠ ᠶᠢ ᠵᠣᠬᠢᠶᠠᠨ ᠪᠠᠶᠢᠭᠤᠯᠣᠨ ᠶᠠᠪᠣᠭᠳᠠᠭᠤᠯᠪᠠ᠃
1.jpg
     ᠲᠣᠭᠯᠠᠯᠳᠠ ᠨᠢ ︽ᠭᠡᠷᠡᠯ ᠰᠠᠴᠣᠷᠠᠩᠭᠤᠢ ᠲᠣᠮᠳᠠᠳᠦ ᠶᠢᠨ ᠬᠦᠰᠡᠯ︾ ᠬᠡᠬᠦ ᠲᠣᠭᠯᠠᠯᠳᠠ ᠪᠠᠷ ᠬᠦᠰᠢᠭᠡ ᠪᠠᠨ ᠰᠡᠭᠦᠵᠣ᠂ ᠪᠠᠶᠠᠷ ᠪᠠᠶᠠᠰᠬᠤᠯᠠᠩᠳᠦ ᠬᠦᠭ ᠠᠶᠠᠰ᠂ ᠭᠤᠶᠢᠳᠠ ᠰᠠᠶᠢᠬᠠᠨ ᠣᠶᠠᠨ ᠪᠦᠵᠢᠭ ᠨᠢ ᠲᠣᠬᠠᠢ ᠶᠢᠨ ᠲᠠᠯᠠᠪᠠᠢ ᠶᠢᠨ ᠠᠭᠤᠷ ᠠᠮᠢᠰᠬᠤᠯ ᠢ ᠬᠦᠭᠵᠢᠭᠡᠵᠣ᠂ ᠲᠠᠭᠤᠣ ᠪᠦᠵᠢᠭ᠂ ᠱᠤᠭ ᠵᠦᠴᠦᠭᠡ᠂ ᠣᠷᠠᠨ ᠣᠩᠰᠢᠯᠭ᠎ᠠ ᠶᠢᠨ ᠲᠣᠭᠯᠠᠯᠳᠠ ᠨᠢᠭᠡᠪᠦᠷᠢ ᠨᠢ ᠡᠮᠡᠭᠳᠡᠶᠢᠴᠣᠳ ᠤᠨ ᠠᠪᠢᠶᠠᠰ ᠴᠢᠳᠠᠪᠦᠷᠢ ᠪᠠ ᠴᠤᠭ ᠵᠢᠪᠬᠤᠭ᠎ᠠ ᠶᠢ ᠭᠦᠢᠴᠡᠳ ᠢᠯᠡᠷᠡᠭᠦᠯᠵᠣ᠂ ᠦᠵᠡᠭᠴᠢ ᠣᠯᠠᠨ ᠤ ᠬᠠᠷᠠᠭ᠎ᠠ ᠰᠣᠨᠣᠷ ᠢ ᠪᠠᠶᠠᠰᠬᠠᠵᠣ᠂ ᠠᠵᠣ ᠠᠬᠤᠶᠢᠯᠠᠯ ᠤᠨ ᠬᠦᠭᠵᠢᠯᠳᠡ ᠳᠤ ᠰᠠᠶᠢᠨ ᠰᠠᠶᠢᠬᠠᠨ ᠬᠦᠰᠡᠯ ᠡᠷᠡᠮᠡᠯᠵᠠᠯ ᠵᠢᠴᠢ ᠦᠷᠭᠡᠨ ᠣᠯᠠᠨ ᠡᠮᠡᠭᠳᠡᠢ ᠠᠵᠢᠯᠳᠠᠨ ᠠᠵᠢᠯᠴᠢᠨ ᠳᠤ ᠡᠷᠬᠢᠮ ᠲᠡᠭᠡᠳᠦ ᠬᠦᠨᠳᠦᠳᠬᠡᠯ ᠲᠡᠪᠰᠢᠭᠦᠯᠦᠭᠰᠡᠨ ᠪᠠᠶᠢᠨ᠎ᠠ᠃
2.jpg
     ᠲᠣᠰ ᠣᠳᠠᠭᠠᠨ ᠤ ᠠᠵᠣ ᠠᠬᠤᠶᠢᠯᠠᠯ ᠢ ᠲᠣᠰᠠᠯᠠᠬᠤ ᠣᠷᠠᠨ ᠰᠠᠶᠢᠬᠠᠨ ᠤ ᠬᠠᠮᠳᠣᠷᠠᠭᠰᠠᠨ ᠲᠣᠭᠯᠠᠯᠳᠠ ᠪᠣᠯ ᠣᠳᠤᠭ ᠤᠨ ᠡᠮᠦᠨᠡᠳᠦ ᠬᠤᠰᠢᠭᠤᠨ ᠤ ᠠᠵᠣ ᠠᠬᠤᠶᠢᠯᠠᠯ ᠤᠨ ᠬᠦᠭᠵᠢᠯᠳᠡ ᠳᠤ ᠬᠦᠴᠦᠨ ᠨᠡᠮᠡᠷᠢᠯᠡᠭᠰᠠᠨ ᠨᠢᠭᠡ ᠣᠳᠠᠭᠠᠨ ᠤ ᠠᠮᠢᠳᠣᠯᠢᠭ ᠦᠢᠯᠡᠳᠦᠯᠭᠡ ᠪᠠᠶᠢᠵᠣ᠂ ᠣᠳᠬ᠎ᠠ ᠣᠷᠠᠯᠢᠭ ᠤᠨ ᠠᠵᠢᠯᠯᠭᠠᠨ ᠤ ᠬᠡᠯᠪᠡᠷᠢ  ᠪᠠᠷ ᠠᠵᠣ ᠠᠬᠤᠶᠢᠯᠠᠯ ᠤᠨ ᠠᠵᠢᠯᠳᠠᠨ ᠠᠵᠢᠯᠴᠢᠨ ᠤ ᠰᠣᠶᠣᠯ ᠤᠨ ᠠᠮᠢᠳᠣᠷᠠᠯ ᠢ ᠪᠠᠶᠠᠯᠢᠭᠵᠢᠭᠤᠯᠣᠭᠰᠠᠨ ᠢᠶᠠᠷ ᠪᠠᠷᠠᠬᠤ ᠦᠭᠡᠢ᠂ ᠠᠵᠣ ᠠᠬᠤᠶᠢᠯᠠᠯ ᠤᠨ ᠨᠢᠭᠳᠠᠷᠠᠯ  ᠤᠨ ᠬᠦᠴᠦᠨ ᠪᠣᠯᠣᠨ ᠲᠦᠪᠯᠡᠷᠡᠩᠭᠦᠢ ᠬᠦᠴᠦᠨ ᠢ ᠴᠢᠩᠭᠠᠳᠬᠠᠵᠣ᠂ ᠨᠡᠶᠢᠭᠡᠮ ᠲᠠᠶᠠᠭᠠᠷ ᠤᠨ ᠠᠵᠣ ᠠᠬᠤᠶᠢᠯᠠᠯ ᠤᠨ ᠬᠦᠭᠵᠢᠯᠳᠡ ᠶᠢ ᠬᠠᠯᠠᠮᠵᠢᠯᠠᠨ ᠲᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠣᠯᠠᠮ ᠨᠢᠭᠡ ᠠᠯᠬᠤᠮ ᠪᠣᠢ ᠪᠣᠯᠭᠠᠵᠣ᠂ ᠣᠳᠤᠭ ᠤᠨ ᠡᠮᠦᠨᠡᠳᠦ ᠬᠤᠰᠢᠭᠤᠨ ᠤ ᠠᠵᠣ ᠠᠬᠤᠢ ᠶᠢᠨ ᠴᠢᠨᠠᠷᠯᠢᠭ ᠬᠦᠭᠵᠢᠯᠳᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠣ᠂ ︽ᠲᠦᠷᠪᠡᠨ ᠣᠷᠣᠨ ᠤ ᠪᠠᠶᠢᠭᠤᠯᠣᠯᠳᠠ︾ ᠶᠢᠨ ᠲᠡᠰ ᠲᠡᠪᠰᠢᠯᠳᠡ ᠳᠤ ᠡᠮᠡᠭᠳᠡᠶᠢᠴᠣᠳ ᠤᠨ ᠬᠦᠴᠦᠨ ᠴᠢᠳᠠᠯ ᠢᠶᠠᠨ ᠡᠷᠭᠦᠭᠰᠡᠨ ᠪᠠᠶᠢᠨ᠎ᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠬᠠᠮ ᠵᠠᠭᠤᠴᠢᠯᠠᠭᠤᠷ ᠤᠨ ᠲᠦᠪ