3 ᠰᠠᠷ᠎ᠠ ᠶᠢᠨ 5 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠱᠦᠵᠢ ᠸᠠᠩ ᠢᠦᠢ ᠴᠢᠶᠠᠩ ᠪᠦᠬᠦ ᠬᠤᠰᠢᠭᠤᠨ ᠤ ᠤᠯᠠᠨ ᠲᠦᠮᠡᠨ ᠤ ᠳᠡᠷᠬᠡᠳᠡᠬᠢ ᠲᠦᠪ | ᠪᠤᠰᠤ ᠰᠤᠷᠳᠠᠯ ᠪᠠ ᠢᠯᠵᠡᠷᠡᠯ ᠤᠨ ᠠᠰᠠᠭᠤᠳᠠᠯ ᠢ ᠲᠦᠪᠯᠡᠷᠡᠩᠬᠦᠢ ᠴᠡᠭᠴᠡᠯᠡᠬᠦ ᠠᠵᠢᠯ ᠤᠨ ᠠᠬᠢᠭᠤᠯᠣᠯᠳᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | ᠸᠠᠩ ᠢᠦᠢ ᠴᠢᠶᠠᠩ᠂ ᠣᠯᠣᠰ ᠲᠦᠷᠦ ᠶᠢᠨ ᠵᠣᠭᠰᠣᠴᠠ ᠪᠠᠨ ᠣᠯᠠᠮ ᠲᠡᠭᠡᠭᠰᠢᠯᠡᠭᠦᠯᠦᠨ᠂ ᠦᠵᠡᠯᠳᠡ ᠲᠠᠨᠢᠯᠳᠠ ᠪᠠᠨ ᠣᠯᠠᠮ ᠭᠦᠨᠵᠡᠭᠡᠶᠢᠷᠡᠭᠦᠯᠵᠣ᠂ | ᠬᠠᠨᠳᠣᠰᠢ ᠮᠠᠭᠠᠳᠯᠠᠯᠳᠠ ᠪᠠᠨ ᠣᠯᠠᠮ ᠣᠨᠣᠪᠴᠢᠳᠠᠢ ᠪᠣᠯᠭᠠᠨ᠂ ᠬᠠᠷᠠᠯᠳᠠ ᠡᠭᠦᠷᠭᠡ ᠪᠠᠨ ᠣᠯᠠᠮ ᠲᠦᠪᠯᠡᠷᠡᠭᠦᠯᠵᠣ᠂ ᠨᠡᠩ ᠦᠨᠳᠦᠷ ᠪᠠᠷᠢᠮᠵᠢᠶ᠎ᠡ᠂ ᠨᠡᠩ ᠴᠢᠩᠭ᠎ᠠ | ᠱᠠᠭᠠᠷᠳᠠᠯᠭ᠎ᠠ᠂ ᠨᠡᠩ ᠶᠡᠭᠡ ᠬᠦᠴᠦᠯᠡᠴᠡ ᠪᠠᠷ ᠲᠦᠪᠯᠡᠷᠡᠩᠭᠦᠢ ᠵᠠᠰᠠᠯᠳᠠ ᠶᠢᠨ ᠠᠵᠢᠯ ᠢᠶᠠᠨ ᠰᠠᠶᠢᠳᠦᠷ ᠠᠳᠬᠤᠬᠤ ᠬᠡᠷᠡᠭᠳᠡᠢ᠃ ᠡᠯ᠎ᠡ ᠰᠢᠶᠠᠨ ᠤ ᠲᠡᠰ ᠤᠨ | ᠣᠳᠣᠷᠢᠳᠣᠯᠭ᠎ᠠ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠣᠷᠢᠳᠴᠢᠯᠡᠨ ᠵᠢᠯᠣᠭᠤᠳᠴᠦ᠂ ᠬᠤᠪᠢᠳᠠᠨ ᠬᠠᠮᠢᠶᠠᠷᠴᠦ ᠪᠠᠶᠢᠭ᠎ᠠ ᠬᠦᠷᠢᠶ᠎ᠡ ᠴᠠᠷᠠᠭᠠᠨ ᠳᠤ | ᠪᠠᠨ ᠲᠣᠭᠳᠠᠭᠰᠠᠨ ᠬᠤᠭᠤᠴᠠᠭ᠎ᠠ ᠲᠠᠢ ᠲᠣᠬᠢᠷᠠᠭᠤᠯᠣᠯᠳᠠ ᠬᠢᠨ ᠣᠨᠣᠪᠴᠢᠳᠠᠢ ᠵᠢᠯᠣᠭᠤᠳᠴᠦ᠂ ᠣᠨᠴᠠᠭᠠᠶᠢᠯᠠᠨ 5 ᠵᠣᠶᠢᠯ ᠤᠨ ᠪᠦᠬᠦ ᠣᠯᠣᠰ ᠤᠨ ᠴᠢᠨᠠᠷᠳᠠᠢ | ᠲᠣᠰᠬᠠᠢ ᠲᠦᠷᠦᠯ ᠤᠨ ᠴᠡᠭᠴᠡᠯᠡᠯᠳᠡ ᠶᠢᠨ ᠲᠦᠷᠦᠯ ᠵᠣᠶᠢᠯ ᠤᠨ ᠬᠢᠨᠠᠯᠳᠠ ᠬᠠᠮᠢᠶᠠᠷᠣᠯᠳᠠ ᠪᠠᠨ ᠴᠢᠩᠭᠠᠳᠬᠠᠨ᠂ ᠴᠠᠭ ᠲᠣᠬᠠᠢ ᠳᠤ ᠨᠢ ᠪᠠᠶᠢᠳᠠᠯ ᠢ ᠡᠵᠡᠮᠳᠡᠨ | ᠠᠰᠠᠭᠤᠳᠠᠯ ᠢ ᠰᠢᠢᠳᠪᠦᠷᠢᠯᠡᠭᠦ ᠬᠡᠷᠡᠭᠳᠡᠢ᠃ ᠠᠵᠣ ᠠᠬᠤᠢ ᠶᠢᠨ ᠨᠡᠭᠡᠭᠡᠯᠳᠡ ᠶᠢᠨ ᠣᠷᠣᠨ᠂ ᠡᠯ᠎ᠡ ᠪᠠᠯᠭᠠᠰᠣ᠂ ᠡᠯ᠎ᠡ ᠰᠠᠯᠠᠭ᠎ᠠ ᠮᠦᠴᠢᠷ ᠤᠨ ᠬᠢᠨ ᠪᠦᠬᠦ ᠲᠠᠯ᠎ᠠ ᠪᠠᠷ | ᠣᠷᠣᠯᠴᠠᠨ᠂ ᠬᠠᠷᠠᠯᠳᠠ ᠱᠠᠭᠠᠷᠳᠠᠯᠭ᠎ᠠ ᠲᠠᠢ ᠪᠠᠨ ᠬᠠᠷᠭᠤᠭᠤᠯᠵᠣ᠂ ᠲᠣᠰ ᠠᠵᠢᠯ ᠲᠦᠷᠣᠯ᠂ ᠲᠣᠰ ᠬᠦᠷᠢᠶ᠎ᠡ ᠴᠠᠷᠠᠭᠠᠨ ᠳᠠᠬᠢ ᠣᠯᠠᠨ ᠲᠦᠮᠡᠨ ᠤ ᠲᠣᠰᠬᠠᠯ ᠶᠡᠬᠡᠳᠡᠢ | ᠲᠣᠪᠣᠶᠢᠮ᠎ᠠ ᠠᠰᠠᠭᠤᠳᠠᠯ ᠢ ᠴᠠᠭ ᠲᠣᠬᠠᠢ ᠳᠤ ᠨᠢ ᠪᠠᠶᠢᠴᠠᠭᠠᠵᠣ᠂ ᠵᠣᠷᠢᠭᠳᠠᠢ ᠪᠠᠷ ᠦᠨᠠᠨ ᠶᠣᠰᠣ ᠶᠢ ᠪᠠᠷᠢᠮᠳᠠᠯᠠᠨ ᠪᠣᠳᠠᠳᠠᠢ ᠠᠵᠢᠯᠯᠠᠵᠣ᠂ ᠣᠨᠴᠠᠭᠠᠶᠢᠯᠠᠨ | ᠲᠣᠭᠤᠷᠢᠨ ᠪᠠᠶᠢᠴᠠᠭᠠᠯᠳᠠ᠂ ᠬᠢᠨᠠᠯᠳᠠ ᠪᠣᠳᠣᠯᠳᠠ᠂ ᠡᠳ᠋ ᠤᠨ ᠵᠠᠰᠠᠭ ᠵᠡᠷᠭᠡ ᠰᠠᠯᠠᠭ᠎ᠠ ᠮᠦᠴᠢᠷ ᠰᠠᠨᠠᠭᠠᠴᠢᠯᠠᠭ᠎ᠠ ᠠᠴᠠ ᠪᠠᠨ ᠰᠠᠬᠢᠯᠭ᠎ᠠ ᠪᠠᠳᠦ ᠪᠠᠶᠢᠴᠠᠭᠠᠬᠤ ᠬᠤᠷᠢᠶ᠎ᠠ | ᠬᠢᠨᠠᠨ ᠪᠠᠶᠢᠴᠠᠭᠠᠬᠤ ᠵᠦᠪᠯᠡᠯ ᠳᠤ ᠰᠦᠪᠡᠭᠴᠢ ᠬᠠᠩᠭᠠᠨ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠳᠠᠯᠠᠬᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ | ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠡᠶᠡᠯᠡᠭᠦᠯᠬᠦ ᠬᠡᠷᠡᠭᠳᠡᠢ᠃ ᠬᠤᠰᠢᠭᠤ ᠰᠠᠬᠢᠯᠭ᠎ᠠ ᠪᠠᠳᠦ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ᠂ ᠬᠤᠰᠢᠭᠤ | ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠳᠡᠰ᠂ ᠨᠠᠮ ᠵᠠᠰᠠᠭ ᠤᠨ ᠬᠤᠶᠠᠷ ᠠᠯᠪᠠᠨ ᠭᠡᠷ ᠤᠨ ᠱᠠᠭᠠᠷᠳᠠᠨ ᠪᠠᠶᠢᠴᠠᠭᠠᠬᠤ ᠲᠠᠰᠤᠭ ᠨᠢᠭᠡᠳᠦᠯᠳᠡᠢ | ᠲᠦᠯᠦᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠨ᠂ ᠲᠣᠬᠢᠷᠠᠭᠤᠯᠣᠨ ᠵᠠᠳᠠᠯᠬᠤ ᠪᠠᠨ ᠴᠢᠩᠭᠠᠷᠠᠭᠤᠯᠵᠣ᠂ ᠦᠷᠭᠦᠯᠵᠢᠯᠡᠨ ᠲᠠᠷᠣᠯᠳᠠ ᠦᠭᠭᠦᠨ᠂ ᠲᠦᠪᠯᠡᠷᠡᠩᠭᠦᠢ | ᠴᠡᠭᠴᠡᠯᠡᠭᠦ ᠠᠵᠢᠯ ᠢ ᠺᠠᠳ᠋ᠷ ᠢ ᠰᠣᠩᠭᠤᠨ ᠲᠣᠮᠢᠯᠠᠬᠤ ᠲᠠᠢ ᠬᠠᠷᠢᠯᠴᠠᠨ ᠬᠤᠯᠪᠣᠯᠳᠣᠭᠤᠯᠵᠣ᠂ ︽ᠡᠯᠪᠡ ᠬᠠᠰᠢᠵᠣ ᠠᠵᠢᠯᠯᠠᠬᠤ᠂ ᠣᠷᠣᠭᠰᠢᠯᠡᠨ ᠲᠠᠪᠰᠢᠬᠤ ᠦᠭᠡᠢ︾ | ᠵᠡᠷᠭᠡ ᠲᠠᠯ᠎ᠠ ᠶᠢᠨ ᠠᠰᠠᠭᠤᠳᠠᠯ ᠢ ᠨᠢᠭᠤᠷ ᠬᠠᠶᠠᠯ ᠦᠭᠡᠢ ᠰᠢᠭᠦᠮᠵᠢᠯᠡᠨ ᠵᠠᠯᠠᠷᠠᠭᠤᠯᠵᠣ᠂ ᠲᠦᠪᠯᠡᠷᠡᠩᠭᠦᠢ ᠴᠡᠭᠴᠡᠯᠡᠬᠦ ᠠᠵᠢᠯ ᠤᠨ ᠪᠣᠳᠠᠳᠦ ᠪᠦᠳᠦᠮᠵᠢ ᠣᠯᠬᠤ ᠶᠢ | ᠪᠠᠳᠣᠯᠠᠬᠤ ᠬᠡᠷᠡᠭᠳᠡᠢ ᠬᠡᠪᠡ᠃ | ᠬᠤᠷᠠᠯ ᠲᠡᠭᠡᠷ᠎ᠡ ᠲᠦᠪ ᠤᠨ ᠰᠠᠬᠢᠯᠭ᠎ᠠ ᠪᠠᠳᠦ ᠪᠠᠶᠢᠴᠠᠭᠠᠬᠤ ᠬᠤᠷᠢᠶ᠎ᠠ ᠣᠯᠣᠰ ᠤᠨ ᠬᠢᠨᠠᠨ ᠪᠠᠶᠢᠴᠠᠭᠠᠬᠤ ᠵᠦᠪᠯᠡᠯ᠂ ᠦᠪᠡᠷᠳᠡᠭᠡᠨ ᠵᠠᠰᠠᠬᠤ ᠣᠷᠣᠨ᠂ ᠬᠤᠳᠠ | ᠶᠢᠨ ᠰᠠᠬᠢᠯᠭ᠎ᠠ ᠪᠠᠳᠦ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠤᠨ ᠣᠯᠠᠨ ᠲᠦᠮᠡᠨ ᠤ ᠲᠡᠷᠭᠡᠳᠡᠬᠢ ᠲᠦᠪ ᠪᠣᠰᠣ ᠰᠣᠷᠳᠠᠯ ᠪᠠ ᠢᠯᠵᠡᠷᠡᠯ ᠤᠨ | ᠠᠰᠠᠭᠤᠳᠠᠯ ᠢ ᠲᠦᠪᠯᠡᠷᠡᠩᠭᠦᠢ ᠴᠡᠭᠴᠡᠯᠡᠭᠦ ᠠᠵᠢᠯ ᠤᠨ ᠭᠤᠣᠯᠳᠠᠯᠭᠠᠳᠦ ᠱᠠᠭᠠᠷᠳᠠᠯᠭ᠎ᠠ ᠶᠢ ᠣᠯᠠᠮᠵᠢᠯᠠᠨ ᠰᠣᠷᠣᠯᠴᠠᠵᠣ᠂ ᠪᠦᠬᠦ ᠬᠤᠰᠢᠭᠤᠨ ᠤ ᠠᠵᠢᠯ ᠤᠨ ᠪᠠᠶᠢᠳᠠᠯ | ᠤᠨ ᠬᠠᠷᠢᠭᠤ ᠮᠡᠳᠡᠭᠦᠯᠦᠯᠳᠡ ᠶᠢ ᠰᠣᠨᠣᠰᠪᠠ᠃ | ᠬᠤᠰᠢᠭᠤ ᠨᠠᠮ ᠤᠨ ᠬᠤᠷᠢᠶ᠎ᠠ ᠶᠢᠨ ᠲᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠲᠠᠷᠤᠭ᠎ᠠ᠂ ᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ | ᠶᠢᠨ ᠣᠷᠣᠨ ᠤ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠶᠠᠩ ᠶᠢᠩ ᠰᠢᠨ ᠵᠡᠷᠭᠡ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ | ᠣᠳᠣᠷᠢᠳᠬᠤ ᠪᠠᠭ ᠤᠨ ᠪᠦᠷᠢᠯᠳᠦᠭᠦᠨ ᠬᠤᠷᠠᠯ ᠳᠤ ᠣᠷᠣᠯᠴᠠᠪᠠ᠃ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ | ᠶᠢᠨ ᠡᠷᠬᠢᠯᠡᠭᠴᠢ ᠭᠤᠣ ᠷᠥᠩ ᠲᠠᠩ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠣᠳᠣᠷᠢᠳᠬᠤ | ᠲᠣᠭᠤᠶᠢᠯᠠᠩ ᠤᠨ ᠱᠦᠵᠢ ᠰᠦᠨ ᠶᠢᠦ ᠵᠢᠶᠦ᠋ᠨ᠂ ᠬᠤᠰᠢᠭᠤ ᠣᠯᠣᠰ ᠲᠦᠷᠦ ᠶᠢᠨ ᠵᠦᠪᠯᠡᠯᠭᠡᠨ ᠤ ᠨᠠᠮ ᠤᠨ ᠣᠳᠣᠷᠢᠳᠬᠤ ᠲᠣᠭᠤᠶᠢᠯᠠᠩ ᠤᠨ ᠱᠦᠵᠢ᠂ | ᠲᠡᠷᠢᠭᠦᠯᠡᠭᠴᠢ ᠲᠣᠳᠢ ᠵᠡᠷᠭᠡ ᠬᠤᠰᠢᠭᠤ ᠣᠳᠣᠷᠢᠳᠣᠯᠭ᠎ᠠ ᠵᠢᠴᠢ ᠨᠡᠭᠡᠭᠡᠯᠳᠡ ᠶᠢᠨ ᠣᠷᠣᠨ ᠤ ᠣᠳᠣᠷᠢᠳᠣᠯᠭ᠎ᠠ᠂ ᠡᠯ᠎ᠡ ᠪᠠᠯᠭᠠᠰᠣ᠂ ᠬᠠᠮᠢᠶ᠎ᠠ ᠪᠦᠬᠦᠢ ᠰᠠᠯᠠᠭ᠎ᠠ ᠮᠦᠴᠢᠷ | ᠤᠨ ᠭᠤᠣᠯ ᠬᠠᠷᠢᠭᠤᠴᠠᠯᠭᠠᠳᠠᠳ ᠬᠤᠷᠠᠯ ᠳᠤ ᠰᠣᠯᠠ ᠣᠷᠣᠯᠴᠠᠪᠠ᠃ |