3 ᠰᠠᠷ᠎ᠠ ᠶᠢᠨ 5 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠱᠦᠵᠢ ᠸᠠᠩ ᠢᠦᠢ ᠴᠢᠶᠠᠩ ᠬᠤᠰᠢᠭᠤ ᠨᠠᠮ ᠤᠨ ᠬᠤᠷᠢᠶ᠎ᠠ ᠶᠢᠨ ᠠᠷᠪᠠᠳᠣᠭᠠᠷ | ᠬᠤᠭᠤᠴᠠᠭᠠᠨ ᠤ 98 ᠳ᠋ᠣᠭᠠᠷ ᠣᠳᠠᠭᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠬᠤᠰᠢᠭᠤ ᠨᠠᠮ ᠤᠨ ᠬᠤᠷᠢᠶ᠎ᠠ ᠶᠢᠨ ᠦᠭᠡᠷᠡᠴᠢᠯᠡᠯᠳᠡ ᠶᠢ ᠪᠦᠬᠦ ᠲᠠᠯ᠎ᠠ | ᠪᠠᠷ ᠭᠦᠨᠵᠡᠭᠡᠶᠢᠷᠡᠭᠦᠯᠬᠦ ᠵᠦᠪᠯᠡᠯ ᠤᠨ 12 ᠳ᠋ᠣᠭᠠᠷ ᠣᠳᠠᠭᠠᠨ ᠤ ᠬᠤᠷᠠᠯ᠂ ᠬᠤᠰᠢᠭᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠣᠯᠳᠠ ᠶᠢᠨ ᠠᠵᠢᠯ ᠤᠨ | ᠣᠳᠣᠷᠢᠳᠬᠤ ᠲᠣᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠣᠭᠤᠯᠪᠠ᠃ | ᠬᠤᠷᠠᠯ ᠲᠡᠭᠡᠷ᠎ᠡ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠦᠭᠦᠯᠡᠮᠵᠢ᠂ ᠴᠢᠬᠤᠯᠠ | ᠱᠠᠭᠠᠷᠳᠠᠯᠭ᠎ᠠ ᠶᠢᠨ ᠵᠣᠷᠢᠭ ᠰᠠᠨᠠᠭ᠎ᠠ᠂ ᠲᠦᠪ ᠤᠨ 1 ᠨᠣᠮᠧᠷᠳᠦ ᠪᠢᠴᠢᠭ ᠮᠡᠲ᠋ᠧᠷᠢᠶᠡᠯ ᠤᠨ ᠵᠣᠷᠢᠭ ᠰᠠᠨᠠᠭ᠎ᠠ᠂ 2 ᠰᠠᠷ᠎ᠠ ᠶᠢᠨ 28 ᠤ ᠡᠳᠦᠷ ᠤᠨ ᠲᠦᠪ ᠤᠨ | ᠣᠯᠣᠰ ᠲᠦᠷᠦ ᠶᠢᠨ ᠲᠣᠪᠴᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠣᠯᠠᠮᠵᠢᠯᠠᠨ ᠰᠣᠷᠣᠯᠴᠠᠪᠠ᠃ ᠬᠤᠷᠠᠯ ᠠᠴᠠ ᠭᠤᠣᠯ ᠠᠭᠤᠯᠭ᠎ᠠ ᠪᠣᠯᠣᠨ ᠦᠢᠯᠡᠳᠦᠯᠭᠡ ᠶᠢᠨ | ᠱᠠᠭᠠᠷᠳᠠᠯᠭ᠎ᠠ ᠶᠢ ᠬᠢᠨᠠᠮᠠᠭᠠᠢ ᠰᠣᠷᠣᠯᠴᠠᠨ ᠣᠨᠣᠪᠴᠢᠳᠠᠢ ᠡᠵᠡᠮᠳᠡᠵᠣ᠂ ᠨᠠᠮ ᠤᠨ ᠲᠦᠪ ᠬᠤᠷᠢᠶ᠎ᠠ ᠶᠢᠨ ᠬᠠᠨᠳᠣᠰᠢ ᠶᠢᠨ ᠬᠤᠪᠢᠷᠠᠯᠳᠠ᠂ ᠴᠢᠭᠯᠡᠯ ᠤᠨ ᠬᠤᠪᠢᠷᠠᠯᠳᠠ ᠶᠢ | ᠴᠢᠩᠭ᠎ᠠ ᠲᠠᠭᠠᠵᠣ᠂ ᠬᠤᠷᠠᠯ ᠤᠨ ᠴᠢᠬᠤᠯᠠ ᠲᠦᠷᠦ ᠶᠢᠨ ᠪᠣᠳᠣᠯᠭ᠎ᠠ ᠶᠢᠨ ᠲᠣᠬᠢᠶ᠎ᠠ ᠶᠢ ᠰᠡᠷᠭᠡᠭ ᠢᠶᠠᠷ ᠡᠵᠡᠮᠳᠡᠨ᠂ ᠲᠣᠰ ᠭᠠᠵᠠᠷ ᠣᠷᠣᠨ᠂ ᠲᠣᠰ ᠬᠦᠷᠢᠶ᠎ᠡ ᠴᠠᠷᠠᠭ᠎ᠠ᠂ | ᠲᠣᠰ ᠰᠠᠯᠠᠭ᠎ᠠ ᠮᠦᠴᠢᠷ ᠤᠨ ᠪᠣᠳᠠᠳᠦ ᠪᠠᠶᠢᠳᠠᠯ ᠳᠤ ᠪᠠᠨ ᠰᠠᠭᠤᠷᠢᠯᠠᠵᠣ᠂ ᠠᠵᠢᠯ ᠤᠨ ᠠᠷᠭ᠎ᠠ ᠠᠪᠴᠠᠯ ᠢᠶᠠᠨ ᠰᠢᠨᠡᠴᠢᠯᠡᠨ᠂ ᠨᠢᠭᠡᠳᠦᠯᠳᠡᠢ ᠲᠦᠯᠦᠪᠵᠢᠭᠦᠯᠬᠦ ᠪᠠᠨ | ᠴᠢᠩᠭᠠᠳᠬᠠᠵᠣ᠂ ᠡᠯ᠎ᠡ ᠲᠦᠷᠦᠯ ᠤᠨ ᠭᠤᠣᠯᠳᠠᠯᠭᠠᠳᠦ ᠠᠵᠢᠯ ᠤᠨ ᠡᠭᠦᠷᠭᠡ ᠶᠢᠨ ᠨᠠᠶᠢᠳᠠᠪᠦᠷᠢᠵᠢᠭᠤᠯᠣᠯᠳᠠ ᠪᠠᠨ ᠦᠨᠡᠨᠬᠦ ᠠᠬᠢᠭᠤᠯᠣᠨ᠂ ᠭᠠᠷᠮᠠᠭᠠᠶᠢᠯᠠᠨ ᠲᠠᠪᠰᠢᠬᠤ | ᠣᠳᠤᠭ ᠤᠨ ᠡᠮᠦᠨᠡᠳᠦ ᠬᠤᠰᠢᠭᠤᠨ ᠤ ᠲᠦᠷᠪᠡᠨ ᠣᠷᠣᠨ ᠤ ᠪᠠᠶᠢᠭᠤᠯᠣᠯᠳᠠ ᠶᠢᠨ ᠲᠡᠰ ᠲᠡᠪᠰᠢᠯᠳᠡ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠳᠡᠢ ᠭᠡᠵᠣ | ᠴᠢᠬᠤᠯᠠᠴᠢᠯᠠᠪᠠ᠃ | ᠬᠤᠷᠠᠯ ᠲᠡᠭᠡᠷ᠎ᠡ᠂ ᠶᠡᠷᠦᠩᠭᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠂ ᠨᠠᠮ ᠤᠨ | ᠲᠦᠷᠢᠮ ᠪᠣᠯᠣᠨ ︽ᠲᠣᠮᠳᠠᠳᠦ ᠣᠯᠣᠰ ᠤᠨ ᠡᠪ ᠬᠠᠮᠳᠦ ᠨᠠᠮ ᠤᠨ ᠠᠷᠢᠭᠤᠨ ᠴᠢᠭᠡᠴᠢ ᠪᠠᠷ ᠪᠡᠶ᠎ᠡ ᠪᠠᠨ ᠱᠠᠭᠠᠷᠳᠠᠬᠤ ᠲᠦᠷᠢᠮ︾᠂ ︽ᠰᠢᠨ᠎ᠡ ᠪᠠᠶᠢᠳᠠᠯ ᠲᠣᠣᠷᠠᠬᠢ | ᠨᠠᠮ ᠤᠨ ᠲᠣᠳᠣᠭᠠᠳᠦ ᠶᠢᠨ ᠣᠯᠣᠰ ᠲᠦᠷᠦ ᠶᠢᠨ ᠠᠮᠢᠳᠣᠷᠠᠯ ᠤᠨ ᠲᠣᠬᠠᠢ ᠲᠦᠷᠢᠮ ᠨᠦᠭᠦᠳ︾᠂ ︽ᠨᠠᠮ ᠤᠨ ᠣᠯᠣᠰ ᠲᠦᠷᠦ ᠶᠢᠨ ᠪᠠᠶᠢᠭᠤᠯᠣᠯᠳᠠ ᠶᠢ | ᠴᠢᠩᠭᠠᠳᠬᠠᠬᠤ ᠲᠣᠬᠠᠢ ᠲᠣᠮᠳᠠᠳᠦ ᠣᠯᠣᠰ ᠤᠨ ᠡᠪ ᠬᠠᠮᠳᠦ ᠨᠠᠮ ᠤᠨ ᠲᠦᠪ ᠬᠤᠷᠢᠶᠠᠨ ᠤ ᠰᠠᠨᠠᠯ︾᠂ ︽ᠲᠣᠮᠳᠠᠳᠦ ᠣᠯᠣᠰ ᠤᠨ ᠡᠪ ᠬᠠᠮᠳᠦ ᠨᠠᠮ ᠤᠨ ᠨᠠᠮ ᠤᠨ | ᠲᠣᠳᠣᠭᠠᠳᠦ ᠶᠢᠨ ᠬᠢᠨᠠᠯᠳᠠ ᠲᠠᠯᠪᠢᠬᠤ ᠲᠦᠷᠢᠮ︾᠂ ︽ᠪᠠᠶᠢᠴᠠᠭᠠᠭᠳᠠᠵᠣ ᠪᠠᠶᠢᠭ᠎ᠠ ᠨᠠᠮ ᠤᠨ ᠵᠣᠬᠢᠶᠠᠨ ᠪᠠᠶᠢᠭᠤᠯᠣᠯᠳᠠ ᠲᠣᠭᠤᠷᠢᠨ ᠪᠠᠶᠢᠴᠠᠭᠠᠬᠤ ᠠᠵᠢᠯ ᠳᠤ | ᠬᠠᠮᠵᠢᠯᠴᠠᠬᠤ ᠲᠣᠭᠳᠠᠭᠠᠯ︾᠂ ︽ᠪᠠᠶᠢᠴᠠᠭᠠᠭᠳᠠᠵᠣ ᠪᠠᠶᠢᠭ᠎ᠠ ᠨᠠᠮ ᠤᠨ ᠵᠣᠬᠢᠶᠠᠨ ᠪᠠᠶᠢᠭᠤᠯᠣᠯᠳᠠ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠲᠣᠭᠤᠷᠢᠨ ᠪᠠᠶᠢᠴᠠᠭᠠᠬᠤ ᠠᠵᠢᠯ ᠲᠠᠢ ᠬᠠᠮᠵᠢᠯᠴᠠᠬᠤ ᠲᠣᠭᠳᠠᠭᠠᠯ︾᠂ ᠰᠢᠨ᠎ᠡ ᠪᠠᠷ ᠵᠠᠰᠠᠪᠦᠷᠢ ᠣᠷᠣᠭᠤᠯᠣᠭᠰᠠᠨ ︽ᠲᠣᠮᠳᠠᠳᠦ ᠣᠯᠣᠰ ᠤᠨ ᠡᠪ ᠬᠠᠮᠳᠦ ᠨᠠᠮ ᠤᠨ | ᠰᠠᠬᠢᠯᠭ᠎ᠠ ᠪᠠᠳᠦ ᠶᠢᠨ ᠰᠢᠢᠳᠬᠡᠯ ᠦᠭᠬᠦ ᠲᠦᠷᠢᠮ︾᠂ ︽ᠲᠣᠮᠳᠠᠳᠦ ᠣᠯᠣᠰ ᠤᠨ ᠡᠪ ᠬᠠᠮᠳᠦ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ︾ ᠵᠡᠷᠭᠡ | ᠨᠠᠮ ᠤᠨ ᠲᠣᠳᠣᠭᠠᠳᠦ ᠶᠢᠨ ᠬᠠᠣᠯᠢ ᠲᠣᠭᠳᠠᠭᠠᠯ ᠢ ᠣᠯᠠᠮᠵᠢᠯᠠᠨ ᠰᠣᠷᠣᠯᠴᠠᠪᠠ᠃ ᠬᠤᠷᠠᠯ ᠠᠴᠠ ᠣᠯᠣᠰ ᠲᠦᠷᠦ ᠶᠢᠨ ᠵᠣᠭᠰᠣᠴᠠ ᠪᠠᠨ ᠲᠡᠭᠡᠭᠰᠢᠯᠡᠭᠦᠯᠦᠨ᠂ | ᠦᠵᠡᠯᠳᠡ ᠲᠠᠨᠢᠯᠳᠠ ᠪᠠᠨ ᠭᠦᠨᠵᠡᠭᠡᠶᠢᠷᠡᠭᠦᠯᠵᠣ᠂ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠣᠬᠠᠢ ᠴᠢᠬᠤᠯᠠ ᠶᠡᠷᠢᠶᠠᠨ ᠤ | ᠵᠣᠷᠢᠭ ᠰᠠᠨᠠᠭ᠎ᠠ ᠪᠣᠯᠣᠨ ᠨᠠᠮ ᠤᠨ ᠲᠣᠳᠣᠭᠠᠳᠦ ᠶᠢᠨ ᠡᠯ᠎ᠡ ᠲᠦᠷᠦᠯ ᠤᠨ ᠬᠠᠣᠯᠢ ᠲᠣᠭᠳᠠᠭᠠᠯ ᠢ ᠭᠦᠨᠵᠡᠭᠡᠢ ᠰᠣᠷᠣᠯᠴᠠᠨ ᠲᠣᠣᠱᠯᠠᠭᠤᠯᠵᠣ᠂ ᠲᠣᠭᠤᠷᠢᠨ | ᠪᠠᠶᠢᠴᠠᠭᠠᠬᠤ ᠠᠵᠢᠯ ᠤᠨ ᠱᠠᠭᠠᠷᠳᠠᠯᠭ᠎ᠠ ᠶᠢ ᠪᠠᠳᠦ ᠡᠵᠡᠮᠳᠡᠨ᠂ ᠪᠣᠳᠠᠳᠦ ᠠᠵᠢᠯᠯᠠᠭ᠎ᠠ ᠪᠠᠷ ᠢᠶᠠᠨ ︽ᠬᠤᠶᠠᠷ ᠢ ᠲᠣᠭᠳᠠᠭᠠᠭᠰᠠᠨ︾ ᠢ ᠬᠦᠷᠢᠶᠡᠯᠡᠵᠣ᠂ ︽ᠬᠤᠶᠠᠷ ᠢ | ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠬᠡᠷᠡᠭᠳᠡᠢ ᠭᠡᠵᠣ ᠴᠢᠬᠤᠯᠠᠴᠢᠯᠠᠪᠠ᠃ | ᠬᠤᠷᠠᠯ ᠲᠡᠭᠡᠷ᠎ᠡ ︽ᠲᠣᠰᠢᠶᠠᠯ ᠪᠠ ᠲᠣᠰᠢᠶᠠᠯ ᠤᠨ ᠲᠡᠰ ᠢ ᠵᠡᠷᠭᠡᠪᠡᠷ ᠬᠡᠷᠡᠭᠵᠢᠭᠦᠯᠬᠦ ᠲᠦᠷᠢᠮ ᠤᠨ ᠦᠭᠡᠷᠡᠴᠢᠯᠡᠯᠳᠡ ᠶᠢ ᠭᠦᠨᠵᠡᠭᠡᠶᠢᠷᠡᠭᠦᠯᠵᠣ ᠠᠯᠪᠠᠳᠠᠨ ᠤ | ᠬᠠᠷᠢᠭᠤᠴᠠᠯᠭ᠎ᠠ ᠡᠭᠦᠷᠭᠡᠯᠡᠭᠦ ᠶᠢ ᠣᠯᠠᠮ ᠵᠣᠷᠢᠭᠵᠢᠭᠤᠯᠬᠤ ᠲᠣᠬᠠᠢ ᠬᠡᠷᠡᠭᠵᠢᠭᠦᠯᠬᠦ ᠨᠠᠷᠢᠨ ᠲᠦᠷᠢᠮ︾ ᠤᠨ ᠪᠢᠴᠢᠭ ᠮᠡᠲ᠋ᠧᠷᠢᠶᠡᠯ ᠤᠨ ᠵᠣᠷᠢᠭ ᠰᠠᠨᠠᠭ᠎ᠠ ᠪᠣᠯᠣᠨ ᠪᠦᠬᠦ | ᠣᠯᠣᠰ᠂ ᠪᠦᠬᠦ ᠣᠷᠣᠨ᠂ ᠪᠦᠬᠦ ᠬᠤᠳᠠ ᠶᠢᠨ ᠵᠣᠬᠢᠶᠠᠨ ᠪᠠᠶᠢᠭᠤᠯᠬᠤ ᠬᠡᠯᠳᠡᠰ ᠤᠨ ᠲᠠᠷᠤᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠣᠯᠠᠮᠵᠢᠯᠠᠨ ᠰᠣᠷᠣᠯᠴᠠᠵᠣ᠂ | 2025 ᠣᠨ ᠤ ᠪᠦᠬᠦ ᠬᠤᠰᠢᠭᠤᠨ ᠤ ᠵᠣᠬᠢᠶᠠᠨ ᠪᠠᠶᠢᠭᠤᠯᠬᠤ ᠬᠡᠯᠳᠡᠰ ᠤᠨ ᠠᠵᠢᠯ ᠤᠨ ᠶᠡᠷᠦᠩᠭᠡᠢ ᠰᠡᠳᠬᠢᠮᠵᠢ ᠶᠢᠨ ᠬᠠᠷᠢᠭᠤ ᠮᠡᠳᠡᠭᠦᠯᠦᠯᠳᠡ ᠶᠢ ᠰᠣᠨᠣᠰᠪᠠ᠃ | ᠬᠤᠷᠠᠯ ᠠᠴᠠ ᠪᠦᠬᠦ ᠬᠤᠰᠢᠭᠤᠨ ᠤ ᠭᠤᠣᠯᠳᠠᠯᠭᠠᠳᠦ ᠶᠡᠭᠡ ᠲᠠᠯ᠎ᠠ ᠲᠠᠢ ᠣᠶᠠᠯᠳᠣᠭᠤᠯᠣᠨ ᠵᠣᠬᠢᠶᠠᠨ ᠪᠠᠶᠢᠭᠤᠯᠬᠤ ᠠᠵᠢᠯ ᠤᠨ ᠬᠦᠴᠦᠯᠡᠭᠦ ᠴᠡᠭ ᠪᠣᠯᠣᠨ | ᠰᠢᠪᠳᠣᠯᠣᠯᠳᠠ ᠶᠢᠨ ᠴᠡᠭ ᠢᠶᠠᠨ ᠣᠨᠣᠪᠴᠢᠳᠠᠢ ᠡᠷᠢᠨ᠂ ᠲᠠᠶᠢᠴᠢᠯᠠᠯᠳᠠ ᠶᠢ ᠴᠢᠩᠭᠠᠳᠬᠠᠬᠤ᠂ ᠣᠳᠣᠷᠢᠳᠣᠮᠵᠢ ᠶᠢ ᠪᠣᠢ ᠪᠣᠯᠭᠠᠬᠤ᠂ ᠰᠠᠭᠤᠷᠢ ᠶᠢ ᠪᠠᠬᠢᠵᠢᠭᠦᠯᠬᠦ᠂ | ᠡᠩᠨᠡᠭᠡ ᠶᠢ ᠪᠠᠶᠢᠭᠤᠯᠬᠤ ᠶᠢ ᠭᠤᠶᠢᠪᠢᠰᠢ ᠦᠭᠡᠢ ᠪᠠᠷᠢᠮᠳᠠᠯᠠᠵᠣ᠂ ᠠᠯᠪᠠᠳᠠᠨ ᠤ ᠲᠣᠰᠢᠶᠠᠯ ᠪᠠ ᠲᠣᠰᠢᠶᠠᠯ ᠤᠨ ᠲᠡᠰ ᠢ ᠵᠡᠷᠭᠡᠪᠡᠷ ᠬᠡᠷᠡᠭᠵᠢᠭᠦᠯᠬᠦ ᠲᠦᠷᠢᠮ ᠤᠨ | ᠦᠭᠡᠷᠡᠴᠢᠯᠡᠯᠳᠡ ᠶᠢ ᠲᠣᠭᠳᠠᠭᠤᠨ ᠢᠶᠠᠷ ᠠᠬᠢᠭᠤᠯᠣᠨ᠂ ᠠᠯᠪᠠᠳᠠᠨ ᠤ ᠡᠩᠨᠡᠭᠡᠨ ᠤ ᠪᠠᠶᠢᠭᠤᠯᠣᠯᠳᠠ ᠶᠢᠨ ᠲᠦᠪᠰᠢᠨ ᠢ ᠲᠠᠰᠣᠷᠠᠯᠳᠠ ᠦᠭᠡᠢ ᠲᠡᠭᠡᠭᠰᠢᠯᠡᠭᠦᠯᠬᠦ ᠬᠡᠷᠡᠭᠳᠡᠢ | ᠭᠡᠵᠣ ᠴᠢᠬᠤᠯᠠᠴᠢᠯᠠᠪᠠ᠃ | ᠬᠤᠷᠠᠯ ᠲᠡᠭᠡᠷ᠎ᠡ ᠪᠦᠬᠦ ᠣᠯᠣᠰ᠂ ᠪᠦᠬᠦ ᠣᠷᠣᠨ᠂ ᠪᠦᠬᠦ ᠬᠤᠳᠠ ᠶᠢᠨ ᠣᠯᠣᠰ ᠲᠦᠷᠦ ᠬᠠᠣᠯᠢ ᠴᠠᠭᠠᠵᠠ ᠶᠢᠨ ᠠᠵᠢᠯ ᠤᠨ ᠬᠤᠷᠠᠯ ᠪᠣᠯᠣᠨ ᠨᠢᠭᠡᠳᠦᠮᠠᠯ | ᠹᠷᠣᠨᠲ ᠤᠨ ᠬᠡᠯᠳᠡᠰ ᠤᠨ ᠲᠠᠷᠤᠭ᠎ᠠ ᠶᠢᠨ ᠬᠤᠷᠠᠯ ᠤᠨ ᠵᠣᠷᠢᠭ ᠰᠠᠨᠠᠭ᠎ᠠ ᠵᠢᠴᠢ ︽ᠨᠠᠮ ᠤᠨ ᠬᠤᠷᠢᠶ᠎ᠠ ︵ᠨᠠᠮ ᠤᠨ ᠣᠳᠣᠷᠢᠳᠬᠤ ᠲᠣᠭᠤᠶᠢᠯᠠᠩ︶ ᠨᠢᠭᠡᠳᠦᠮᠡᠯ | ᠹᠷᠣᠨᠲ ᠤᠨ ᠠᠵᠢᠯ ᠤᠨ ᠬᠠᠷᠢᠭᠤᠴᠠᠯᠭᠠᠳᠦ ᠲᠦᠷᠢᠮ ᠢ ᠨᠠᠶᠢᠳᠠᠪᠦᠷᠢᠵᠢᠭᠤᠯᠬᠤ ᠲᠣᠭᠳᠠᠭᠠᠯ︾ ᠤᠨ ᠪᠢᠴᠢᠭ ᠮᠡᠲ᠋ᠧᠷᠢᠶᠠᠯ ᠤᠨ ᠵᠣᠷᠢᠭ ᠰᠠᠨᠠᠭ᠎ᠠ ᠶᠢ ᠣᠯᠠᠮᠵᠢᠯᠠᠨ | ᠰᠣᠷᠣᠯᠴᠠᠪᠠ᠃ ᠬᠤᠷᠠᠯ ᠠᠴᠠ ᠣᠯᠣᠰ ᠲᠦᠷᠦ ᠶᠢᠨ ᠠᠮᠣᠷ ᠲᠦᠪᠰᠢᠨ᠂ ᠲᠣᠣᠷ ᠰᠦᠯᠵᠢᠶᠡᠨ ᠤ ᠠᠮᠣᠷ ᠲᠦᠪᠰᠢᠨ᠂ ᠨᠡᠶᠢᠳᠡ ᠶᠢᠨ ᠠᠮᠣᠷ ᠲᠦᠪᠰᠢᠨ᠂ ᠨᠡᠶᠢᠭᠡᠮ | ᠤᠨ ᠵᠠᠰᠠᠯᠳᠠ᠂ ᠦᠨᠳᠦᠰᠦᠳᠡᠨ ᠤ ᠪᠦᠯᠬᠦᠮᠳᠡᠯ ᠵᠡᠷᠭᠡ ᠭᠤᠣᠯᠳᠠᠯᠭᠠᠳᠦ ᠠᠵᠢᠯ ᠤᠨ ᠬᠦᠷᠢᠶ᠎ᠡ ᠴᠠᠷᠠᠭ᠎ᠠ ᠶᠢ ᠨᠢᠭᠡᠳᠦᠯᠳᠡᠢ ᠲᠦᠯᠦᠪᠵᠢᠭᠦᠯᠵᠣ ᠰᠠᠶᠢᠳᠦᠷ ᠠᠳᠬᠤᠨ᠂ | ᠲᠦᠭᠰᠢᠭᠦᠷᠢ ᠶᠢ ᠰᠡᠷᠭᠡᠶᠢᠯᠡᠭᠦ᠂ ᠠᠮᠣᠷ ᠢ ᠪᠠᠳᠣᠯᠠᠬᠤ᠂ ᠲᠣᠭᠳᠠᠭᠤᠨ ᠢ ᠬᠠᠮᠠᠭᠠᠯᠠᠬᠤ᠂ ᠬᠦᠭᠵᠢᠯᠳᠡ ᠶᠢ ᠠᠬᠢᠭᠤᠯᠬᠤ ᠲᠠᠯ᠎ᠠ ᠪᠠᠷ ᠬᠦᠴᠦᠯᠡᠭᠦ ᠬᠡᠷᠡᠭᠳᠡᠢ᠃ | ︽ᠵᠢᠱᠢᠶᠡᠴᠢ ᠦᠪᠡᠷᠳᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠴᠣᠭᠴᠠᠯᠠᠬᠤ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠣᠨ᠂ ᠰᠡᠳᠬᠢᠯ ᠢᠶᠠᠨ | ᠨᠢᠭᠳᠠᠷᠠᠭᠤᠯᠣᠨ ᠬᠦᠴᠦᠨ ᠢᠶᠠᠨ ᠬᠠᠮᠳᠣᠳᠬᠠᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠣ᠂ ᠠᠷᠭ᠎ᠠ ᠣᠬᠠᠭᠠᠨ ᠭᠠᠷᠭᠠᠵᠣ ᠵᠠᠰᠠᠭ ᠲᠤ ᠲᠣᠰᠠᠯᠠᠨ᠂ ᠬᠦᠴᠦᠨ | ᠴᠢᠳᠠᠯ ᠢᠶᠠᠨ ᠨᠡᠮᠡᠷᠢᠯᠡᠭᠦ ᠬᠡᠷᠡᠭᠳᠡᠢ ᠭᠡᠵᠣ ᠴᠢᠬᠤᠯᠠᠴᠢᠯᠠᠪᠠ᠃ | ᠬᠤᠷᠠᠯ ᠠᠴᠠ ᠪᠠᠰᠠ ᠪᠣᠰᠣᠳ ᠶᠠᠪᠣᠳᠠᠯ ᠢ ᠰᠣᠳᠣᠯᠪᠠ᠃ | ᠬᠤᠰᠢᠭᠤ ᠨᠠᠮ ᠤᠨ ᠬᠤᠷᠢᠶ᠎ᠠ ᠶᠢᠨ ᠲᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠲᠠᠷᠤᠭ᠎ᠠ᠂ ᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ | ᠶᠢᠨ ᠣᠷᠣᠨ ᠤ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠶᠠᠩ ᠶᠢᠩ ᠰᠢᠨ ᠵᠡᠷᠭᠡ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ | ᠣᠳᠣᠷᠢᠳᠬᠤ ᠪᠠᠭ ᠤᠨ ᠪᠦᠷᠢᠯᠳᠦᠭᠦᠨ ᠬᠤᠷᠠᠯ ᠳᠤ ᠣᠷᠣᠯᠴᠠᠪᠠ᠃ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ | ᠶᠢᠨ ᠡᠷᠬᠢᠯᠡᠭᠴᠢ ᠭᠤᠣ ᠷᠥᠩ ᠲᠠᠩ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠣᠳᠣᠷᠢᠳᠬᠤ | ᠲᠣᠭᠤᠶᠢᠯᠠᠩ ᠤᠨ ᠱᠦᠵᠢ ᠰᠦᠨ ᠶᠢᠦ ᠵᠢᠶᠦ᠋ᠨ᠂ ᠬᠤᠰᠢᠭᠤ ᠣᠯᠣᠰ ᠲᠦᠷᠦ ᠶᠢᠨ ᠵᠦᠪᠯᠡᠯᠭᠡᠨ ᠤ ᠨᠠᠮ ᠤᠨ ᠣᠳᠣᠷᠢᠳᠬᠤ ᠲᠣᠭᠤᠶᠢᠯᠠᠩ ᠤᠨ ᠱᠦᠵᠢ᠂ | ᠲᠡᠷᠢᠭᠦᠯᠡᠭᠴᠢ ᠲᠣᠳᠢ ᠵᠡᠷᠭᠡ ᠬᠤᠰᠢᠭᠤ ᠣᠳᠣᠷᠢᠳᠣᠯᠭ᠎ᠠ ᠵᠢᠴᠢ ᠨᠡᠭᠡᠭᠡᠯᠳᠡ ᠶᠢᠨ ᠣᠷᠣᠨ ᠤ ᠣᠳᠣᠷᠢᠳᠣᠯᠭ᠎ᠠ᠂ ᠡᠯ᠎ᠡ ᠪᠠᠯᠭᠠᠰᠣ᠂ ᠬᠠᠮᠢᠶ᠎ᠠ ᠪᠦᠬᠦᠢ ᠰᠠᠯᠠᠭ᠎ᠠ ᠮᠦᠴᠢᠷ | ᠤᠨ ᠭᠤᠣᠯ ᠬᠠᠷᠢᠭᠤᠴᠠᠯᠭᠠᠳᠠᠳ ᠬᠤᠷᠠᠯ ᠳᠤ ᠰᠣᠯᠠ ᠣᠷᠣᠯᠴᠠᠪᠠ᠃ |