3 ᠰᠠᠷ᠎ᠠ ᠶᠢᠨ 31 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠱᠦᠵᠢ ᠸᠠᠩ ᠢᠦᠢ ᠴᠢᠶᠠᠩ ᠱᠠᠩᠬᠠᠢ ᠶᠢᠨ ᠰᠦᠮ᠎ᠡ ᠪᠠᠯᠭᠠᠰᠣᠨ ᠳᠤ ᠡᠯᠡᠰᠦ | ᠰᠡᠷᠭᠡᠶᠢᠯᠡᠨ ᠵᠠᠰᠠᠯᠳᠠ᠂ ᠣᠢ ᠰᠢᠭᠤᠢ ᠨᠣᠳᠤᠭ ᠪᠡᠯᠴᠢᠭᠡᠷ ᠤᠨ ᠬᠠᠣᠯᠢ ᠵᠦᠷᠢᠴᠡᠭᠰᠡᠨ ᠲᠣᠯᠪᠣᠳᠦ ᠵᠢᠷᠤᠭ ᠤᠨ ᠴᠡᠭᠴᠡᠯᠡᠯᠳᠡ ᠪᠣᠯᠣᠨ ᠲᠡᠤᠬᠡ ᠶᠢᠨ ᠲᠣᠷᠠᠰᠬᠠᠯᠳᠦ | ᠵᠣᠶᠢᠯᠠᠰ ᠤᠨ ᠬᠠᠮᠠᠭᠠᠯᠠᠯᠳᠠ ᠵᠡᠷᠭᠡ ᠠᠵᠢᠯ ᠢ ᠵᠢᠯᠣᠭᠤᠳᠪᠠ᠃ | | | | | △ ᠱᠠᠩᠬᠠᠢ ᠶᠢᠨ ᠰᠦᠮ᠎ᠡ ᠪᠠᠯᠭᠠᠰᠣᠨ ᠳᠤ ᠡᠯᠡᠰᠦ ᠰᠡᠷᠭᠡᠶᠢᠯᠡᠨ ᠵᠠᠰᠠᠬᠤ ᠲᠦᠷᠦᠯ ᠵᠣᠶᠢᠯ ᠤᠨ ᠠᠵᠢᠯᠯᠠᠬᠤ ᠲᠣᠭᠤᠷᠢᠭ ᠲᠤ ᠡᠯᠡᠰᠦ ᠰᠡᠷᠭᠡᠶᠢᠯᠠᠨ ᠵᠠᠰᠠᠬᠤ | ᠠᠵᠢᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠦᠵᠡᠪᠡ | ᠸᠠᠩ ᠢᠦᠢ ᠴᠢᠶᠠᠩ᠂ ᠱᠠᠩᠬᠠᠢ ᠶᠢᠨ ᠰᠦᠮ᠎ᠡ ᠪᠠᠯᠭᠠᠰᠣᠨ ᠤ ᠡᠯᠡᠰᠦ ᠰᠡᠷᠭᠡᠶᠢᠯᠡᠨ ᠵᠠᠰᠠᠬᠤ ᠲᠦᠷᠦᠯ ᠵᠣᠶᠢᠯ ᠤᠨ ᠠᠵᠢᠯᠯᠠᠬᠤ ᠲᠣᠭᠤᠷᠢᠭ ᠲᠤ ᠡᠯᠡᠰᠦ | ᠰᠡᠷᠭᠡᠶᠢᠯᠡᠨ ᠵᠠᠰᠠᠬᠤ ᠠᠵᠢᠯ ᠤᠨ ᠠᠬᠢᠴᠠ᠂ ᠡᠭᠦᠷᠭᠡ ᠪᠠᠨ ᠪᠡᠶᠡᠯᠡᠭᠦᠯᠦᠭᠰᠡᠨ ᠵᠡᠷᠭᠡ ᠪᠠᠶᠢᠳᠠᠯ ᠢ ᠪᠠᠶᠢᠴᠠᠭᠠᠨ ᠦᠵᠡᠪᠡ᠃ ᠲᠡᠷᠡ᠂ ᠨᠢᠭᠡᠳᠦᠯᠳᠡᠢ ᠲᠦᠯᠦᠪᠵᠢᠭᠦᠯᠭᠡ | ᠪᠠᠨ ᠴᠢᠩᠭᠠᠳᠬᠠᠨ᠂ ᠮᠠᠰᠢᠨ ᠮᠧᠬᠠᠨᠢᠭ᠂ ᠬᠦᠮᠦᠨ ᠤ ᠬᠦᠴᠦᠨ ᠤ ᠣᠷᠣᠭᠤᠯᠣᠯᠳᠠ ᠶᠢᠨ ᠡᠷᠴᠢᠮ ᠢᠶᠠᠨ ᠲᠠᠰᠣᠷᠠᠯᠳᠠ ᠦᠭᠡᠢ ᠴᠢᠩᠭᠠᠷᠠᠭᠤᠯᠵᠣ᠂ ᠰᠢᠨᠵᠢᠯᠡᠭᠦ | ᠣᠬᠠᠭᠠᠨᠴᠢ ᠪᠠᠷ ᠣᠨᠣᠪᠴᠢᠯᠠᠨ᠂ ᠠᠬᠢᠴᠠ ᠪᠠᠨ ᠲᠦᠷᠭᠡᠳᠬᠡᠵᠣ᠂ ᠡᠯᠡᠰᠦ ᠰᠡᠷᠭᠡᠶᠢᠯᠡᠨ ᠵᠠᠰᠠᠬᠤ ᠡᠭᠦᠷᠭᠡ ᠪᠠᠨ ᠲᠣᠭᠳᠠᠭᠰᠠᠨ ᠬᠤᠭᠤᠴᠠᠭᠠᠨ ᠳᠤ ᠴᠢᠨᠠᠷᠯᠢᠭ | ᠪᠠᠶᠠᠯᠠᠭᠦᠯᠬᠦ ᠶᠢ ᠪᠠᠳᠣᠯᠠᠬᠤ ᠬᠡᠷᠡᠭᠳᠡᠢ᠃ ᠮᠠᠯᠴᠢᠨ ᠲᠠᠷᠢᠶᠠᠴᠢᠳ ᠲᠠᠢ ᠬᠤᠯᠪᠣᠭᠠᠯᠠᠨ ᠮᠠᠯᠴᠢᠨ ᠲᠠᠷᠢᠶᠠᠴᠢᠨ ᠢ ᠲᠠᠶᠢᠴᠢᠯᠠᠬᠤ ᠲᠣᠭᠳᠠᠴᠠ ᠶᠢ ᠦᠷᠭᠦᠯᠵᠢᠯᠡᠨ | ᠲᠡᠭᠦᠯᠳᠡᠷᠵᠢᠭᠦᠯᠵᠣ᠂ ᠬᠦᠳᠡᠯᠮᠦᠷᠢᠯᠡᠭᠦ ᠪᠠᠷ ᠲᠡᠳᠬᠦᠮᠵᠢ ᠶᠢ ᠣᠷᠣᠯᠠᠭᠤᠯᠬᠤ᠂ ᠣᠷᠢᠳᠠᠪᠠᠷ ᠪᠠᠶᠢᠭᠤᠯᠣᠨ ᠰᠡᠭᠦᠯᠡᠷ ᠨᠦᠬᠦᠪᠦᠷᠢᠯᠡᠭᠦ ᠬᠡᠪᠴᠢᠶᠡᠵᠢᠯ ᠢ ᠦᠷᠭᠡᠳᠬᠡᠨ᠂ | ᠮᠠᠯᠴᠢᠨ ᠲᠠᠷᠢᠶᠠᠴᠢᠳ ᠤᠨ ᠡᠯᠡᠰᠦ ᠰᠡᠷᠭᠡᠶᠢᠯᠡᠨ ᠵᠠᠰᠠᠬᠤ ᠠᠵᠢᠯ ᠳᠤ ᠣᠷᠣᠯᠴᠠᠬᠤ ᠢᠳᠡᠪᠬᠢᠵᠢᠯ ᠢ ᠭᠦᠢᠴᠡᠳ ᠲᠠᠶᠢᠴᠢᠯᠠᠵᠣ᠂ ᠠᠵᠣ ᠠᠬᠤᠢ ᠶᠢᠨ ᠨᠡᠮᠡᠭᠳᠡᠯ᠂ ᠠᠮᠢ | ᠠᠬᠤᠢ ᠶᠢᠨ ᠣᠶᠢᠵᠢᠭᠤᠯᠣᠯᠳᠠ᠂ ᠮᠠᠯᠴᠢᠨ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠪᠡᠶᠡᠯᠡᠭᠦᠯᠬᠦ ᠬᠡᠷᠡᠭᠳᠡᠢ ᠭᠡᠪᠡ᠃ | | | | | △ ᠱᠠᠩᠬᠠᠢ ᠶᠢᠨ ᠰᠦᠮ᠎ᠡ ᠪᠠᠯᠭᠠᠰᠣᠨ ᠤ ᠲᠦᠪᠡᠳ ᠭᠠᠴᠠᠭᠠᠨ ᠳᠤ ᠪᠦᠬᠦ ᠴᠠᠷᠠᠭᠠᠨ ᠤ ᠬᠠᠷᠠᠭᠠᠨ ᠲᠠᠪᠳᠠᠮᠵᠢ ᠶᠢᠨ ᠡᠵᠡᠮᠳᠡᠯ ᠤᠨ ᠲᠦᠷᠦᠯ ᠵᠣᠶᠢᠯ ᠤᠨ | ᠪᠠᠶᠢᠭᠤᠯᠣᠯᠳᠠ ᠶᠢᠨ ᠪᠠᠶᠢᠳᠠᠯ ᠢ ᠪᠠᠶᠢᠴᠠᠭᠠᠨ ᠦᠵᠡᠪᠡ᠃ | ᠸᠠᠩ ᠢᠦᠢ ᠴᠢᠶᠠᠩ᠂ ᠱᠠᠩᠬᠠᠢ ᠶᠢᠨ ᠰᠦᠮ᠎ᠡ ᠪᠠᠯᠭᠠᠰᠣᠨ ᠤ ᠲᠦᠪᠡᠳ ᠭᠠᠴᠠᠭᠠᠨ ᠤ ᠮᠠᠯᠴᠢᠨ ᠲᠠᠷᠢᠶᠠᠴᠢᠨ ᠡᠷᠦᠭᠡ᠂ ᠰᠢᠨ᠎ᠡ ᠱᠠᠩᠬᠠᠢ ᠨᠢᠭᠡᠳᠦᠭᠡᠷ ᠨᠣᠮᠧᠷᠳᠦ | ᠠᠭᠤᠷᠬᠠᠢ ᠶᠢᠨ ᠲᠡᠮᠣᠷ ᠰᠣᠪᠣᠷᠭ᠎ᠠ ᠪᠠᠷ ᠲᠠᠷᠢᠮᠠᠯ ᠤᠨ ᠬᠠᠣᠯᠢ ᠶᠣᠰᠣᠨ ᠤ ᠲᠠᠷᠢᠯᠳᠠ ᠶᠢᠨ ᠣᠷᠣᠨ ᠤ ᠵᠠᠭᠠᠭ ᠤᠨ ᠱᠣᠩ ᠤᠨ ᠲᠣᠬᠢᠷᠠᠭᠤᠯᠣᠯᠳᠠ᠂ ᠪᠦᠬᠦ ᠴᠠᠷᠠᠭᠠᠨ | ᠤ ᠬᠠᠷᠠᠭᠠᠨ ᠲᠠᠪᠳᠠᠮᠵᠢ ᠶᠢᠨ ᠡᠵᠡᠮᠳᠡᠯ ᠤᠨ ᠲᠦᠷᠦᠯ ᠵᠣᠶᠢᠯ ᠤᠨ ᠪᠠᠶᠢᠭᠤᠯᠣᠯᠳᠠ ᠶᠢᠨ ᠪᠠᠶᠢᠳᠠᠯ ᠢ ᠪᠠᠶᠢᠴᠠᠭᠠᠨ᠂ ᠣᠢ ᠰᠢᠭᠤᠢ ᠨᠣᠳᠤᠭ ᠪᠡᠯᠴᠢᠭᠡᠷ ᠤᠨ ᠬᠠᠣᠯᠢ | ᠵᠦᠷᠢᠴᠡᠭᠰᠡᠨ ᠲᠣᠯᠪᠣᠳᠦ ᠵᠢᠷᠤᠭ ᠤᠨ ᠴᠡᠭᠴᠡᠯᠡᠯᠳᠡ ᠶᠢᠨ ᠠᠵᠢᠯᠳᠠᠨ ᠪᠠ ᠮᠡᠷᠭᠡᠵᠢᠯ ᠤᠨ ᠨᠠᠶᠢᠳᠠᠪᠦᠷᠢᠵᠢᠭᠤᠯᠣᠯᠳᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ | ᠲᠠᠨᠢᠯᠳᠠ ᠪᠠᠨ ᠣᠯᠠᠮ ᠲᠡᠭᠡᠭᠰᠢᠯᠡᠭᠦᠯᠦᠨ᠂ ᠦᠴᠦᠭᠡᠨ ᠴᠣ᠋ ᠰᠣᠯᠠᠷᠠᠭᠤᠯᠣᠯ ᠦᠭᠡᠢ ᠪᠠᠷ ᠣᠢ ᠰᠢᠭᠤᠢ ᠨᠣᠳᠤᠭ ᠪᠠᠯᠴᠢᠭᠡᠷ ᠤᠨ ᠬᠠᠣᠯᠢ ᠵᠦᠷᠢᠴᠡᠭᠰᠡᠨ ᠲᠣᠯᠪᠣᠳᠦ | ᠵᠢᠷᠤᠭ ᠤᠨ ᠴᠡᠭᠴᠡᠯᠡᠯᠳᠡ ᠶᠢ ᠣᠷᠳᠦ ᠬᠤᠭᠤᠴᠠᠭᠠᠨ ᠤ ᠴᠢᠬᠤᠯᠠ ᠣᠯᠣᠰ ᠲᠦᠷᠦ ᠶᠢᠨ ᠡᠭᠦᠷᠭᠡ ᠪᠣᠯᠭᠠᠨ ᠴᠢᠩᠭ᠎ᠠ ᠠᠳᠬᠤᠵᠣ᠂ ᠨᠢᠭᠡᠳᠦᠯᠳᠡᠢ ᠲᠦᠯᠦᠪᠵᠢᠭᠦᠯᠦᠨ | ᠲᠣᠬᠢᠷᠠᠭᠤᠯᠵᠣ ᠨᠢᠭᠳᠠ ᠪᠠᠶᠢᠷᠢᠯᠠᠭᠤᠯᠣᠨ᠂ ᠨᠠᠶᠢᠳᠠᠪᠦᠷᠢᠵᠢᠭᠤᠯᠣᠯᠳᠠ ᠪᠠᠨ ᠨᠠᠷᠢᠯᠢᠭᠵᠢᠭᠤᠯᠵᠣ᠂ ᠡᠯ᠎ᠡ ᠲᠦᠷᠦᠯ ᠤᠨ ᠠᠵᠢᠯ ᠤᠨ ᠯᠠᠪᠳᠠᠭᠤᠨ ᠪᠠᠳᠣᠳᠠᠢ ᠪᠦᠳᠦᠮᠵᠢ | ᠶᠢ ᠪᠠᠳᠣᠯᠠᠬᠤ ᠬᠡᠷᠡᠭᠳᠡᠢ᠃ ︽ᠬᠦᠮᠦᠨ ᠤ ᠬᠦᠴᠣᠨ ᠤ ᠰᠡᠷᠭᠡᠶᠢᠯᠡᠯᠳᠡ + ᠮᠡᠷᠭᠡᠵᠢᠯ ᠤᠨ ᠰᠡᠷᠭᠡᠶᠢᠯᠡᠯᠳᠡ︾ ᠶᠢᠨ ᠣᠶᠠᠯᠳᠣᠭᠤᠯᠣᠯ ᠢ ᠪᠠᠷᠢᠮᠳᠠᠯᠠᠨ᠂ | ︽ᠬᠠᠷᠢᠭᠤᠴᠠᠯᠭ᠎ᠠ ᠪᠠᠨ ᠪᠣᠳᠠᠳᠠᠢ ᠨᠠᠶᠢᠳᠠᠪᠦᠷᠢᠵᠢᠭᠤᠯᠬᠤ᠂ ᠣᠬᠠᠭᠤᠯᠭ᠎ᠠ ᠵᠢᠯᠣᠭᠤᠳᠣᠯᠭ᠎ᠠ ᠶᠢ ᠣᠷᠣᠨᠵᠢᠭᠤᠯᠬᠤ᠂ ᠪᠠᠶᠢᠴᠠᠭᠠᠨ ᠰᠢᠢᠳᠪᠦᠷᠢᠯᠡᠵᠣ ᠴᠡᠭᠴᠡᠯᠡᠭᠦ᠂ | ᠲᠠᠭᠠᠭᠠᠮᠠᠭᠠᠢ ᠪᠦᠳᠦᠮᠵᠢᠳᠡᠢ ᠬᠢᠨᠠᠯᠳᠠ ᠲᠠᠯᠪᠢᠬᠤ᠂ ᠣᠷᠢᠳᠴᠢᠯᠠᠨ ᠰᠡᠷᠭᠡᠶᠢᠯᠡᠭᠦ ᠠᠷᠭ᠎ᠠ ᠠᠪᠴᠠᠯ ᠢ ᠪᠣᠳᠠᠳᠠᠶᠢᠵᠢᠭᠤᠯᠬᠤ︾ ᠲᠠᠪᠣᠨ ᠨᠠᠶᠢᠳᠠᠪᠦᠷᠢᠵᠢᠭᠤᠯᠣᠯᠳᠠ ᠶᠢ | ᠡᠷᠡᠰ ᠪᠡᠶᠡᠯᠡᠭᠦᠯᠵᠣ᠂ ᠬᠠᠣᠯᠢ ᠪᠣᠰᠣ ᠠᠳᠠᠷ ᠬᠠᠭᠠᠯᠪᠦᠷᠢᠯᠠᠯᠳᠠ ᠳᠤ ᠬᠢᠨᠠᠯᠳᠠ ᠲᠠᠯᠪᠢᠬᠤ ᠬᠠᠣᠯᠢ ᠬᠡᠷᠡᠭᠵᠢᠭᠦᠯᠦᠯᠳᠡ ᠪᠠᠨ ᠴᠢᠩᠭᠠᠷᠠᠭᠤᠯᠣᠨ᠂ ᠬᠠᠣᠯᠢ ᠵᠦᠷᠢᠴᠡᠭᠰᠡᠨ | ᠠᠵᠢᠯᠯᠠᠭᠠᠨ ᠳᠤ ᠴᠢᠩᠭ᠎ᠠ᠂ ᠬᠦᠨᠳᠦ᠂ ᠲᠦᠷᠬᠡᠨ ᠴᠣᠬᠢᠯᠳᠠ ᠦᠭᠴᠦ᠂ ᠬᠠᠣᠯᠢ ᠪᠣᠰᠣ ᠪᠠᠷ ᠠᠳᠠᠷ ᠬᠠᠭᠠᠯᠪᠦᠷᠢᠯᠠᠬᠤ ᠪᠠ ᠲᠠᠬᠢᠨ ᠬᠠᠭᠠᠯᠪᠦᠷᠢᠯᠠᠬᠤ ᠦᠵᠡᠭᠳᠡᠯ ᠢ | ᠴᠢᠩᠭ᠎ᠠ ᠰᠠᠷᠭᠡᠶᠢᠯᠡᠭᠦ ᠬᠡᠷᠡᠭᠳᠡᠢ ᠭᠡᠪᠡ᠃ | | | | | △ ᠮᠢᠩ ᠣᠯᠣᠰ ᠤᠨ ᠴᠠᠭᠠᠨ ᠬᠡᠷᠡᠮ ᠤᠨ ᠱᠠᠩᠬᠠᠢ ᠶᠢᠨ ᠰᠦᠮ᠎ᠡ ᠶᠢᠨ ᠬᠡᠰᠡᠭ ᠤᠨ ᠲᠡᠣᠬᠡ ᠶᠢᠨ ᠲᠣᠷᠠᠰᠬᠠᠯᠳᠦ ᠵᠣᠶᠢᠯᠠᠰ ᠤᠨ ᠬᠠᠮᠠᠭᠠᠯᠠᠯᠳᠠ ᠶᠢᠨ ᠲᠦᠷᠦᠯ | ᠵᠣᠶᠢᠯ ᠤᠨ ᠬᠡᠷᠡᠭᠵᠢᠭᠦᠯᠦᠯᠳᠡ ᠶᠢᠨ ᠪᠠᠶᠢᠳᠠᠯ ᠢ ᠪᠠᠶᠢᠴᠠᠭᠠᠪᠠ | ᠸᠠᠩ ᠢᠦᠢ ᠴᠢᠶᠠᠩ᠂ ᠮᠢᠩ ᠣᠯᠣᠰ ᠤᠨ ᠴᠠᠭᠠᠨ ᠬᠡᠷᠡᠮ ᠤᠨ ᠱᠠᠩᠬᠠᠢ ᠶᠢᠨ ᠰᠦᠮ᠎ᠡ ᠶᠢᠨ ᠬᠡᠰᠡᠭ ᠤᠨ ᠲᠡᠣᠬᠡ ᠶᠢᠨ ᠲᠣᠷᠠᠰᠬᠠᠯᠳᠦ ᠵᠣᠶᠢᠯᠠᠰ ᠤᠨ | ᠬᠠᠮᠠᠭᠠᠯᠠᠯᠳᠠ ᠶᠢᠨ ᠲᠦᠷᠦᠯ ᠵᠣᠶᠢᠯ ᠤᠨ ᠬᠡᠷᠡᠭᠵᠢᠭᠦᠯᠦᠯᠳᠡ ᠶᠢᠨ ᠪᠠᠶᠢᠳᠠᠯ ᠢ ᠪᠠᠶᠢᠴᠠᠭᠠᠨ᠂ ᠪᠦᠬᠦ ᠬᠤᠰᠢᠭᠤᠨ ᠤ ᠲᠡᠣᠭᠡ ᠶᠢᠨ ᠲᠣᠷᠠᠰᠬᠠᠯᠳᠦ ᠵᠣᠶᠢᠯᠠᠰ ᠤᠨ | ᠬᠠᠮᠠᠭᠠᠯᠠᠯᠳᠠ ᠶᠢᠨ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠲᠡᠣᠬᠡ ᠶᠢᠨ ᠲᠣᠷᠠᠰᠬᠠᠯᠳᠦ ᠵᠣᠶᠢᠯᠠᠰ ᠤᠨ | ᠬᠠᠮᠠᠭᠠᠯᠠᠯᠳᠠ ᠶᠢᠨ ᠠᠵᠢᠯ ᠤᠨ ᠴᠢᠬᠤᠯᠠ ᠶᠡᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠣᠣᠱᠯᠠᠭᠤᠯᠣᠨ᠂ ᠲᠡᠣᠭᠡ ᠶᠢᠨ ᠲᠣᠷᠠᠰᠬᠠᠯᠳᠦ ᠵᠣᠶᠢᠯᠠᠰ ᠤᠨ ᠬᠠᠮᠠᠭᠠᠯᠠᠯᠳᠠ | ᠶᠢᠨ ᠠᠵᠢᠯ ᠤᠨ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠣ᠂ ︽ᠬᠠᠮᠠᠭᠠᠯᠠᠯᠳᠠ ᠶᠢ ᠲᠡᠷᠢᠭᠦᠨ ᠳᠤ ᠲᠠᠯᠪᠢᠨ᠂ ᠬᠠᠮᠢᠶᠠᠷᠣᠯᠳᠠ ᠪᠠᠨ ᠴᠢᠩᠭᠠᠳᠬᠠᠵᠣ᠂ ᠦᠨ᠎ᠡ | ᠦᠷᠳᠡᠭ ᠢ ᠠᠭᠤᠳᠠᠯᠣᠨ᠂ ᠪᠦᠳᠦᠮᠵᠢᠳᠡᠢ ᠠᠰᠢᠭᠯᠠᠵᠣ᠂ ᠲᠡᠣᠭᠡ ᠶᠢᠨ ᠲᠣᠷᠠᠰᠬᠠᠯᠳᠦ ᠵᠣᠶᠢᠯᠠᠰ ᠢ ᠠᠮᠢᠳᠣᠯᠢᠭᠵᠢᠭᠤᠯᠬᠤ︾ ᠰᠢᠨ᠎ᠡ ᠴᠠᠭ ᠦᠶ᠎ᠡ ᠶᠢᠨ ᠲᠡᠣᠬᠡ ᠶᠢᠨ | ᠲᠣᠷᠠᠰᠬᠠᠯᠳᠦ ᠵᠣᠶᠢᠯᠠᠰ ᠢ ᠬᠠᠮᠠᠭᠠᠯᠠᠬᠤ ᠠᠵᠢᠯ ᠤᠨ ᠴᠢᠭᠯᠡᠯᠳᠡ ᠶᠢ ᠪᠠᠷᠢᠮᠳᠠᠯᠠᠨ᠂ ᠲᠡᠣᠬᠡ ᠶᠢᠨ ᠲᠣᠷᠠᠰᠬᠠᠯᠳᠦ ᠵᠣᠶᠢᠯᠠᠰ ᠤᠨ ᠠᠮᠣᠷ ᠲᠦᠪᠰᠢᠨ ᠤ ᠬᠠᠷᠢᠭᠤᠴᠠᠯᠭ᠎ᠠ | ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠣ᠂ ᠰᠡᠷᠭᠡᠶᠢᠯᠡᠯᠳᠡ ᠬᠠᠮᠠᠭᠠᠯᠠᠯᠳᠠ ᠶᠢᠨ ᠲᠦᠬᠦᠭᠡᠷᠦᠮᠵᠢ ᠪᠠᠨ ᠲᠡᠭᠦᠯᠳᠡᠷᠵᠢᠭᠦᠯᠦᠨ᠂ ᠰᠣᠶᠣᠯ ᠵᠢᠭᠤᠯᠴᠢᠯᠠᠯ ᠤᠨ ᠭᠦᠨᠵᠡᠭᠡᠢ | ᠠᠭᠤᠰᠣᠯᠴᠠᠯ ᠢ ᠲᠣᠪᠣᠶᠢᠯᠭᠠᠵᠣ᠂ ᠲᠡᠣᠬᠡ ᠶᠢᠨ ᠲᠣᠷᠠᠰᠬᠠᠯᠳᠦ ᠵᠣᠶᠢᠯᠠᠰ ᠤᠨ ᠬᠠᠮᠠᠭᠠᠯᠠᠯᠳᠠ ᠪᠣᠯᠣᠨ ᠠᠰᠢᠭᠯᠠᠯᠳᠠ ᠶᠢᠨ ᠲᠦᠪᠰᠢᠨ ᠢᠶᠠᠨ ᠦᠨᠡᠨᠬᠦ ᠲᠡᠭᠡᠭᠰᠢᠯᠡᠭᠦᠯᠬᠦ | ᠬᠡᠷᠡᠭᠳᠡᠢ ᠭᠡᠪᠡ᠃ | ᠬᠤᠰᠢᠭᠤ ᠣᠳᠣᠷᠢᠳᠣᠯᠭ᠎ᠠ ᠹᠧᠩ ᠴᠦᠨ ᠬᠤᠸᠠ ᠵᠢᠴᠢ ᠱᠠᠩᠬᠠᠢ ᠶᠢᠨ ᠰᠦᠮ᠎ᠡ ᠪᠠᠯᠭᠠᠰᠣ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ | ᠣᠷᠣᠯᠴᠠᠪᠠ᠃ |