ᠣᠳᠤᠭ ᠤᠨ ᠡᠮᠦᠨᠡᠳᠦ ᠬᠤᠰᠢᠭᠤ ᠣᠰᠣ ᠭᠠᠳᠠᠭᠰᠢᠯᠠᠭᠤᠯᠵᠣ ᠣᠰᠣᠳᠣᠯ ᠢ ᠰᠡᠷᠭᠡᠶᠢᠯᠡᠭᠦ ᠦᠭᠡᠷᠡᠴᠢᠯᠡᠯᠳᠡ ᠶᠢᠨ ᠢᠨᠵᠧᠨᠧᠷᠢᠩ ᠢ ᠡᠷᠴᠢᠮᠳᠠᠢ ᠠᠬᠢᠭᠤᠯᠵᠣ ᠪᠣᠢ
ᠨᠡᠶᠢᠲᠡᠯᠡᠭᠰᠡᠨ ᠴᠠᠭ᠄
2025/4/1
     ᠬᠤᠳᠠ ᠶᠢᠨ ᠪᠠᠶᠢᠭᠤᠯᠣᠯᠳᠠ ᠨᠢ ᠬᠦᠭᠵᠢᠯᠳᠡ ᠲᠠᠢ ᠬᠤᠯᠪᠣᠭᠳᠠᠬᠤ ᠪᠠᠷ ᠪᠠᠷᠠᠬᠤ ᠦᠭᠡᠢ ᠠᠷᠠᠳ ᠤᠨ ᠠᠮᠢᠳᠣᠷᠠᠯ ᠲᠠᠢ ᠬᠤᠯᠪᠣᠭᠳᠠᠵᠣ ᠪᠠᠶᠢᠳᠠᠭ᠃ ᠦᠨᠦ ᠵᠢᠯ ᠡᠴᠠ‌ᠨᠠᠭᠠᠰᠢ᠂ ᠣᠳᠤᠭ ᠤᠨ ᠡᠮᠦᠨᠡᠳᠦ ᠬᠤᠰᠢᠭᠤ ᠬᠠᠪᠣᠷ ᠤᠨ ᠣᠯᠠᠷᠢᠯ ᠤᠨ ᠪᠠᠷᠢᠯᠭ᠎ᠠ ᠶᠢᠨ ᠰᠢᠵᠢᠷ ᠠᠯᠳᠠᠨ ᠬᠤᠭᠤᠴᠠᠭ᠎ᠠ ᠶᠢ ᠠᠮᠵᠢᠨ᠂ ᠣᠯᠵᠠᠴᠢ ᠪᠠᠯᠭᠠᠰᠣᠨ ᠤ ᠣᠰᠣ ᠶᠢ ᠭᠠᠳᠠᠭᠰᠢᠯᠠᠭᠤᠯᠵᠣ ᠣᠰᠣᠳᠣᠯ ᠢ ᠰᠡᠷᠭᠡᠶᠢᠯᠡᠭᠦ ᠦᠭᠡᠷᠡᠴᠢᠯᠡᠯᠳᠡ ᠶᠢᠨ ᠢᠨᠵᠧᠨᠧᠷᠢᠩ ᠤᠨ ᠲᠦᠷᠦᠯ ᠵᠣᠶᠢᠯ ᠢ ᠪᠦᠬᠦ ᠲᠠᠯ᠎ᠠ ᠪᠠᠷ ᠡᠬᠢᠯᠡᠭᠦᠯᠵᠣ᠂ ᠠᠮᠠᠷᠬᠠᠨ ᠣᠰᠣᠳᠣᠳᠠᠭ ᠭᠠᠵᠠᠷ ᠲᠣᠣᠷ᠎ᠠ ᠪᠣᠷᠣᠭᠠᠨ ᠤ ᠣᠰᠣ ᠶᠢ ᠭᠠᠳᠠᠭᠰᠢᠯᠠᠭᠤᠯᠬᠤ ᠲᠣᠣᠷ ᠬᠤᠭᠤᠯᠠᠢ ᠶᠢ ᠣᠭᠰᠠᠷᠠᠵᠣ᠂ ᠬᠤᠳᠠ ᠶᠢᠨ ᠣᠰᠣ ᠭᠠᠳᠠᠭᠰᠢᠯᠠᠭᠤᠯᠬᠤ ᠴᠢᠳᠠᠪᠬᠢ ᠶᠢ ᠲᠡᠭᠡᠭᠰᠢᠯᠡᠭᠦᠯᠵᠣ ᠪᠠᠶᠢᠨ᠎ᠠ᠃     ᠣᠶᠢᠷ᠎ᠠ ᠶᠢᠨ ᠡᠳᠦᠷ᠂ ᠣᠯᠵᠠᠴᠢ ᠪᠠᠯᠭᠠᠰᠣᠨ ᠤ ᠣᠯᠠᠭᠠᠨ ᠨᠡᠶᠢᠭᠡᠮ ᠲᠣᠭᠤᠷᠢᠭ ᠤᠨ ᠪᠠᠷᠢᠯᠭ᠎ᠠ ᠶᠢᠨ ᠠᠬᠤᠢ ᠲᠠᠯᠠᠪᠠᠢ ᠳᠤ᠂ ᠪᠠᠷᠢᠯᠭ᠎ᠠ ᠶᠢᠨ ᠠᠵᠢᠯᠴᠢᠨ ᠵᠠᠷᠢᠮ  ᠨᠢ ᠲᠣᠮᠣ ᠬᠡᠯᠪᠡᠷᠢ ᠶᠢᠨ ᠮᠠᠰᠢᠨ ᠲᠦᠬᠦᠭᠡᠷᠣᠮᠵᠢ ᠪᠠᠷ ᠲᠣᠣᠷ ᠬᠤᠭᠤᠯᠠᠢ ᠲᠡᠪᠢᠰᠬᠦ ᠠᠵᠢᠯ ᠬᠢᠵᠣ᠂ ᠵᠠᠷᠢᠮ ᠨᠢ ᠬᠡᠮᠵᠢᠯᠳᠡ ᠶᠢᠨ ᠠᠵᠢᠯ ᠢ ᠨᠠᠷᠢᠯᠢᠭ ᠬᠢᠵᠣ᠂ ᠪᠠᠷᠢᠯᠭ᠎ᠠ ᠶᠢᠨ ᠶᠠᠰᠦ ᠴᠢᠨᠠᠷ ᠪᠠ ᠠᠮᠣᠷ ᠲᠦᠪᠰᠢᠨ ᠢ ᠪᠠᠳᠣᠯᠠᠭᠰᠠᠨ ᠣᠷᠢᠳᠠᠯ ᠲᠣᠣᠷ᠎ᠠ᠂ ᠦᠭᠡᠷᠡᠴᠢᠯᠡᠨ ᠪᠠᠶᠢᠭᠤᠯᠬᠤ ᠠᠵᠢᠯ ᠢ ᠣᠷᠣᠭᠰᠢᠳᠠᠢ ᠠᠬᠢᠭᠤᠯᠵᠣ ᠪᠠᠶᠢᠨ᠎ᠠ᠃ ᠡᠭᠦᠨ ᠤ ᠬᠠᠮᠳᠦ᠂ ᠣᠯᠵᠠᠴᠢ ᠪᠠᠯᠭᠠᠰᠣᠨ ᠤ ᠲᠦᠯᠦᠪᠵᠢᠭᠦᠯᠭᠡ ᠶᠢᠨ ᠲᠣᠭᠤᠷᠢᠭ᠂ ᠣᠢ ᠰᠢᠭᠤᠢ ᠶᠢᠨ ᠲᠣᠪᠴᠢᠶ᠎ᠠ ᠶᠢᠨ ᠰᠠᠭᠤᠭᠠᠯᠢ ᠲᠣᠭᠤᠷᠢᠭ ᠵᠡᠷᠭᠡ ᠠᠮᠠᠷᠬᠠᠨ ᠣᠰᠣᠳᠣᠬᠤ ᠣᠷᠣᠨ ᠤ ᠲᠣᠣᠷ ᠬᠤᠭᠤᠯᠠᠢ ᠶᠢᠨ ᠪᠠᠷᠢᠯᠭ᠎ᠠ ᠴᠣ᠋ ᠵᠡᠷᠭᠡᠪᠡᠷ ᠠᠬᠢᠵᠣ ᠪᠠᠶᠢᠨ᠎ᠠ᠃     ᠣᠶᠢᠯᠠᠭᠠᠭᠰᠠᠨ ᠢᠶᠠᠷ᠂ ᠣᠯᠵᠠᠴᠢ ᠪᠠᠯᠭᠠᠰᠣᠨ ᠤ ᠠᠮᠠᠷᠬᠠᠨ ᠣᠰᠣᠳᠣᠯ ᠳᠤ ᠠᠪᠳᠠᠳᠠᠭ ᠭᠠᠵᠠᠷ ᠤᠨ ᠣᠰᠣ ᠶᠢ ᠭᠠᠳᠠᠭᠰᠢᠯᠠᠭᠤᠯᠵᠣ ᠣᠰᠣᠳᠣᠯ ᠢ ᠰᠡᠷᠭᠡᠶᠢᠯᠡᠭᠦ ᠦᠭᠡᠷᠡᠴᠢᠯᠡᠯᠳᠡ ᠶᠢᠨ ᠢᠨᠵᠧᠨᠧᠷᠢᠩ ᠤᠨ ᠲᠦᠷᠦᠯ ᠵᠣᠶᠢᠯ ᠤᠨ ᠶᠡᠷᠦᠩᠬᠡᠢ ᠪᠠᠯᠠ ᠣᠷᠣᠭᠤᠯᠣᠯᠳᠠ ᠨᠢ 3520 ᠲᠦᠮᠡᠨ ᠲᠦᠬᠦᠷᠢᠭ ᠪᠠᠶᠢᠵᠣ᠂ ᠡᠭᠦᠨ ᠳᠤ ᠲᠦᠪ  ᠤᠨ ᠲᠦᠰᠦᠪ ᠤᠨ ᠪᠠᠯᠠ ᠮᠦᠩᠭᠦ 2816 ᠲᠦᠮᠡᠨ ᠲᠦᠬᠦᠷᠢᠭ᠂ ᠬᠤᠰᠢᠭᠤᠨ ᠤ ᠲᠡᠰ ᠤᠨ ᠢᠵᠢ ᠪᠦᠷᠢᠳᠣᠭᠦᠯᠬᠦ ᠪᠡᠯᠡ ᠮᠦᠩᠭᠦ 704 ᠲᠦᠮᠡᠨ ᠲᠦᠬᠦᠷᠢᠭ᠃ ᠲᠣᠰ ᠲᠦᠷᠦᠯ ᠵᠣᠶᠢᠯ ᠨᠢ ᠣᠯᠵᠠᠴᠢ ᠪᠠᠯᠭᠠᠰᠣᠨ ᠤ ᠣᠯᠠᠭᠠᠨ ᠰᠢᠨ᠎ᠡ ᠲᠣᠭᠤᠷᠢᠭ᠂ ᠣᠯᠵᠠᠴᠢ ᠪᠠᠯᠭᠠᠰᠣᠨ ᠤ ᠲᠦᠯᠦᠪᠵᠢᠭᠦᠯᠭᠡ ᠶᠢᠨ ᠲᠣᠭᠤᠷᠢᠭ᠂ ᠵᠠᠰᠠᠮᠠᠯ ᠵᠠᠮ  ᠤᠨ ᠰᠠᠭᠤᠭᠠᠯᠢ ᠲᠣᠭᠤᠷᠢᠭ᠂ ᠬᠢᠵᠢᠭ ᠢ ᠰᠡᠷᠭᠡᠶᠢᠯᠡᠭᠦ ᠦᠷᠳᠡᠭᠡ ᠶᠢᠨ ᠰᠠᠭᠤᠭᠠᠯᠢ ᠲᠣᠭᠤᠷᠢᠭ᠂ ᠡᠳ᠋ ᠤᠨ ᠵᠠᠰᠠᠭ ᠭᠠᠶᠢᠯᠢ ᠶᠢᠨ ᠶᠠᠪᠣᠳᠠᠯ ᠲᠣᠳᠣᠭᠠᠳᠦ ᠶᠢ ᠬᠠᠮᠠᠭᠠᠯᠠᠬᠤ ᠪᠠᠶᠢᠴᠠᠭᠠᠬᠤ ᠬᠤᠷᠢᠶ᠎ᠠ ᠶᠢᠨ ᠰᠠᠭᠤᠭᠠᠯᠢ ᠲᠣᠭᠤᠷᠢᠭ᠂ ᠵᠢᠷᠠ ᠰᠡᠯᠪᠢᠨ ᠵᠠᠰᠠᠬᠤ ᠦᠢᠯᠠᠳᠪᠦᠷᠢ ᠶᠢᠨ ᠰᠠᠭᠤᠭᠠᠯᠢ ᠲᠣᠭᠤᠷᠢᠭ ᠵᠡᠷᠭᠡ 15 ᠰᠠᠭᠤᠭᠠᠯᠢ ᠲᠣᠭᠤᠷᠢᠭ ᠤᠨ ᠠᠮᠠᠷᠬᠠᠨ ᠣᠰᠣᠳᠣᠬᠤ ᠭᠠᠵᠠᠷ ᠲᠤ ᠨᠢ ᠤᠰᠤ ᠭᠠᠳᠠᠭᠰᠢᠯᠠᠭᠤᠯᠵᠣ ᠣᠰᠣᠳᠣᠯ ᠢ ᠰᠠᠷᠭᠡᠶᠢᠯᠡᠭᠦ ᠦᠭᠡᠷᠡᠴᠢᠯᠡᠯᠳᠡ ᠬᠢᠵᠣ᠂ ᠨᠡᠶᠢᠳᠡ 30724 ᠮᠧᠲᠷ ᠤᠨ ᠣᠰᠣᠨ ᠬᠤᠭᠤᠯᠠᠢ ᠶᠢ ᠣᠭᠰᠠᠷᠠᠬᠤ ᠪᠠᠷ ᠪᠠᠶᠢᠵᠣ᠂ ᠡᠨᠡ ᠵᠢᠯ ᠤᠨ ᠵᠢᠷᠭᠤᠳᠣᠭᠠᠷ ᠰᠠᠷ᠎ᠠ ᠶᠢᠨ ᠰᠡᠭᠦᠯᠴᠢ ᠪᠠᠷ ᠪᠦᠬᠦᠨ ᠢ ᠣᠭᠰᠠᠷᠠᠵᠣ ᠲᠠᠭᠤᠰᠬᠠᠬᠤ ᠪᠠᠷ ᠲᠦᠯᠦᠪᠯᠡᠵᠣ ᠪᠣᠢ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠬᠠᠮ ᠵᠠᠭᠤᠴᠢᠯᠠᠭᠤᠷ ᠤᠨ ᠲᠦᠪ