ᠦᠷᠬᠡᠨ ᠤᠯᠠᠨ ᠰᠠᠭᠤᠭᠠᠯᠢ ᠠᠷᠠᠤᠨ ᠲᠤ᠄ | ᠬᠠᠩᠰᠢ ᠶᠢᠨ ᠡᠳᠤᠷ ᠪᠤᠯ ᠳᠤᠮᠳᠠᠳᠤ ᠶᠢᠨ ᠦᠨᠳᠤᠰᠤᠳᠠᠨ ᠤ ᠤᠷᠢᠳᠤᠬᠢ ᠬᠦᠮᠤᠰ ᠢᠶᠠᠨ ᠳᠤᠷᠠᠰᠤᠨ ᠰᠠᠨᠠᠭᠠᠯᠵᠠᠵᠤ᠂ ᠭᠠᠰᠢᠭᠤᠳᠠᠯ ᠢᠶᠠᠨ ᠢᠯᠡᠤᠨᠬᠡᠳᠡᠭ | ᠤᠯᠠᠮᠵᠢᠯᠠᠯᠳᠤ ᠡᠳᠤᠷ ᠮᠦᠨ᠃ ᠳᠤᠮᠳᠠᠳᠤ ᠶᠢᠨ ᠰᠢᠯᠢᠳᠡᠭ ᠤᠯᠠᠮᠵᠢᠯᠠᠯᠳᠤ ᠰᠤᠶᠤᠯ ᠢ ᠪᠠᠳᠠᠷᠠᠭᠤᠯᠵᠤ᠂ ᠪᠤᠯᠪᠠᠰᠤᠨ ᠰᠢᠨ᠎ᠠ ᠰᠤᠷᠳᠠᠯ ᠢ ᠰᠠᠨᠠᠭᠠᠴᠢᠯᠠᠵᠤ᠂ ᠠᠮᠤᠷ | ᠲᠦᠪᠰᠢᠨ᠂ ᠪᠤᠯᠪᠠᠰᠤᠨ᠂ ᠪᠤᠬᠢᠷᠳᠤᠯ ᠦᠬᠡᠢ ᠂ ᠡᠮᠬᠢ ᠵᠢᠷᠤᠮ ᠲᠠᠢ ᠳᠠᠬᠢᠯᠭ᠎ᠠ ᠶᠢᠨ ᠠᠭᠤᠷ ᠠᠮᠢᠰᠬᠤᠯ ᠢ ᠪᠤᠢ ᠪᠤᠯᠭᠠᠬᠤ ᠶᠢᠨ ᠲᠦᠯᠤᠬᠡ᠂ ᠪᠢᠳᠠ ᠪᠦᠬᠦ | ᠬᠤᠰᠢᠭᠤᠨ ᠤ ᠠᠷᠠᠤᠨ ᠲᠦᠮᠡᠨ ᠳᠤ ᠳᠤᠤᠷᠠᠬᠢ ᠮᠡᠳᠤ ᠰᠠᠨᠠᠭᠠᠴᠢᠯᠠᠶ᠎ᠠ᠄ | ᠨᠢᠬᠡ᠂ ᠪᠤᠯᠪᠠᠰᠤᠨ ᠢᠶᠠᠷ ᠳᠠᠬᠢᠯᠭ᠎ᠠ ᠬᠢᠬᠦ ᠶᠢ ᠰᠠᠨᠠᠭᠠᠴᠢᠯᠠᠵᠤ᠂ ᠴᠠᠭ ᠦᠶ᠎ᠡ ᠶᠢᠨ ᠰᠢᠨ᠎ᠠ ᠬᠡᠪ ᠰᠤᠷᠳᠠᠯ ᠢ ᠪᠠᠳᠠᠷᠠᠭᠤᠯᠤᠶ᠎ᠠ | ᠨᠡᠶᠢᠬᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠠ ᠶᠢ ᠢᠳᠡᠪᠬᠢᠳᠠᠢ ᠤᠶᠢᠯᠡᠳᠤᠯᠬᠡᠵᠢᠬᠦᠯᠵᠤ᠂ ᠪᠤᠯᠪᠠᠰᠤᠨ᠂ ᠡᠷᠡᠬᠦᠯ᠂ ᠪᠤᠬᠢᠷᠳᠤᠯ ᠦᠬᠡᠢ ᠳᠠᠬᠢᠯᠭ᠎ᠠ | ᠶᠢᠨ ᠠᠷᠭ᠎ᠠ ᠮᠠᠶ᠋ᠢᠭ ᠢ ᠰᠠᠨᠠᠭᠠᠴᠢᠯᠠᠶ᠎ᠠ᠃ ᠰᠤᠷᠭᠤᠭ ᠴᠡᠴᠡᠭ ᠤᠨ ᠳᠠᠬᠢᠯᠭ᠎ᠠ᠂ ᠮᠤᠳᠤ ᠳᠠᠷᠢᠵᠤ ᠳᠤᠷᠠᠰᠤᠨ ᠰᠠᠨᠠᠭᠠᠯᠵᠠᠬᠤ᠂ ᠰᠦᠯᠵᠢᠶᠡᠨ ᠤ ᠳᠠᠬᠢᠯᠭ᠎ᠠ ᠬᠢᠬᠦ ᠵᠡᠷᠬᠡ | ᠤᠳᠤ ᠦᠶ᠎ᠡ ᠶᠢᠨ ᠪᠤᠯᠪᠠᠰᠤᠨ ᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠷᠢᠳᠤᠬᠢ ᠬᠦᠮᠤᠰ ᠢ ᠳᠤᠷᠠᠰᠤᠨ ᠰᠠᠨᠠᠭᠠᠯᠵᠠᠬᠤ ᠰᠡᠤᠨᠬᠢᠯᠬᠡ ᠪᠠᠨ ᠢᠯᠡᠤᠨᠬᠡᠶᠡ᠃ | ᠴᠠᠭᠠᠰᠤᠨ ᠵᠤᠭᠤᠰ ᠰᠢᠳᠠᠭᠠᠬᠤ᠂ ᠫᠤᠤᠵᠢᠩ ᠳᠠᠯᠪᠢᠬᠤ ᠵᠡᠷᠬᠡ ᠤᠯᠠᠮᠵᠢᠯᠠᠯᠳᠤ ᠳᠠᠬᠢᠯᠭ᠎ᠠ ᠶᠢᠨ ᠠᠵᠢᠯᠯᠠᠭ᠎ᠠ ᠶᠢ ᠪᠠᠭᠠᠰᠬᠠᠵᠤ᠂ ᠤᠷᠴᠢᠨ ᠳᠤᠭᠤᠷᠢᠨ ᠤ ᠪᠤᠬᠢᠷᠳᠤᠯ ᠪᠠ | ᠭᠠᠯ ᠤᠨ ᠠᠶᠤᠯ ᠤᠨ ᠳᠠᠯᠳᠠ ᠬᠡᠮ ᠢ ᠰᠡᠷᠬᠡᠶᠢᠯᠡᠵᠤ᠂ ᠬᠦᠬᠡᠮᠳᠦᠭ ᠨᠤᠭᠤᠭᠠᠨ ᠠᠭᠤᠯᠠ ᠤᠰᠤ ᠪᠠᠨ ᠬᠠᠮᠳᠤᠪᠠᠷ ᠰᠠᠬᠢᠨ ᠬᠠᠮᠠᠭᠠᠯᠠᠶ᠎ᠠ᠃ | ᠬᠤᠶᠠᠷ᠂ ᠰᠢᠯᠢᠳᠡᠭ ᠬᠡᠷ ᠤᠨ ᠰᠤᠷᠳᠠᠯ ᠢ ᠤᠯᠠᠮᠵᠢᠯᠠᠵᠤ᠂ ᠠᠴᠢᠯᠠᠯ ᠤᠨ ᠰᠤᠶᠤᠯ ᠢ ᠪᠠᠳᠠᠷᠠᠭᠤᠯᠤᠶ᠎ᠠ | ᠬᠠᠩᠰᠢ ᠶᠢᠨ ᠡᠳᠤᠷ ᠪᠤᠯ ᠡᠪᠦᠭᠡ ᠳᠡᠬᠡᠳᠤᠰ ᠪᠠ ᠨᠠᠰᠤ ᠪᠠᠷᠠᠭᠰᠠᠤᠨ ᠲᠠᠭᠠᠨ ᠳᠠᠬᠢᠯᠭ᠎ᠠ ᠬᠢᠵᠤ ᠭᠠᠰᠢᠭᠤᠳᠠᠯ ᠢᠶᠠᠨ ᠢᠯᠡᠤᠨᠬᠡᠬᠦ ᠴᠠᠭ ᠮᠦᠴᠠ ᠪᠤᠯᠬᠤ ᠪᠠᠷ | ᠪᠠᠷᠠᠬᠤ ᠦᠬᠡᠢ᠂ ᠨᠠᠩ ᠴᠤ ᠬᠡᠷ ᠤᠨ ᠰᠤᠷᠳᠠᠯ ᠢ ᠤᠯᠠᠮᠵᠢᠯᠠᠨ ᠵᠠᠯᠭᠠᠮᠵᠢᠯᠠᠵᠤ᠂ ᠠᠴᠢᠯᠠᠯᠳᠤ ᠶᠤᠰᠤ ᠶᠢ ᠪᠠᠳᠠᠷᠠᠭᠤᠯᠬᠤ ᠴᠢᠬᠤᠯᠠ ᠠᠵᠠ ᠳᠤᠬᠢᠶᠠᠯ ᠪᠤᠯᠤᠨ᠎ᠠ᠃ ᠬᠡᠷ | ᠪᠦᠯᠢ ᠶᠢᠨ ᠪᠦᠷᠢᠯᠳᠤᠬᠦᠨ ᠬᠠᠮᠳᠤ ᠪᠠᠷ ᠳᠡᠬᠡᠳᠤᠰ ᠢᠶᠠᠨ ᠰᠠᠨᠠᠭᠠᠯᠵᠠᠨ ᠳᠤᠷᠠᠰᠬᠤ ᠰᠠᠶᠢᠨ ᠰᠠᠶᠢᠬᠠᠨ ᠰᠤᠷᠳᠠᠯ ᠢ ᠡᠷᠬᠢᠮᠯᠡᠬᠦ ᠶᠢ ᠰᠠᠨᠠᠭᠠᠴᠢᠯᠠᠵᠤ᠂ ᠰᠢᠯᠢᠳᠡᠭ ᠰᠠᠶᠢᠨ | ᠬᠡᠷ ᠤᠨ ᠰᠤᠷᠳᠠᠯ ᠢ ᠤᠯᠠᠮᠵᠢᠯᠠᠵᠤ᠂ ᠨᠠᠰᠤᠳᠠᠨ ᠢᠶᠠᠨ ᠬᠦᠨᠳᠤᠯᠡᠵᠤ ᠨᠢᠯᠬᠠᠰ ᠢᠶᠠᠨ ᠬᠠᠶᠢᠷᠠᠯᠠᠬᠤ᠂ ᠠᠵᠢᠯᠴᠢ ᠠᠷᠪᠢᠴᠢ ᠪᠠᠶᠢᠬᠤ ᠤᠯᠠᠮᠵᠢᠯᠠᠯᠳᠤ ᠰᠠᠶᠢᠬᠠᠨ ᠰᠤᠷᠳᠠᠯ | ᠢ ᠪᠠᠳᠠᠷᠠᠭᠤᠯᠵᠤ᠂ ᠬᠡᠷ ᠪᠦᠯᠢ ᠡᠶ᠎ᠡ ᠨᠠᠶᠢᠷᠠᠮᠳᠠᠭᠤ᠂ ᠨᠡᠶᠢᠬᠡᠮ ᠡᠶ᠎ᠡ ᠵᠤᠬᠢᠴᠠᠯ ᠲᠠᠢ ᠪᠤᠳᠠᠳᠤ ᠠᠵᠢᠯᠯᠠᠭ᠎ᠠ ᠪᠠᠷ ᠢᠶᠠᠨ ᠤᠷᠢᠳᠤᠬᠢ ᠬᠦᠮᠤᠰ ᠢᠶᠠᠨ ᠳᠠᠶᠢᠤᠨᠬᠤᠷᠠᠭᠤᠯᠤᠶᠠ᠃ | ᠭᠤᠷᠪᠠ᠂ ᠪᠤᠬᠢᠷᠳᠤᠯ ᠦᠬᠡᠢ ᠪᠠᠷ ᠤᠷᠴᠢᠨ ᠳᠤᠭᠤᠷᠢᠨ ᠢ ᠬᠠᠮᠠᠭᠠᠯᠠᠬᠤ ᠶᠢ ᠤᠶᠢᠯᠡᠳᠤᠯᠬᠡᠵᠢᠬᠦᠯᠵᠤ᠂ ᠦᠵᠡᠰᠬᠦᠯᠡᠩᠳᠤ ᠰᠠᠶᠢᠬᠠᠨ ᠬᠡᠷ ᠤᠷᠤᠨ ᠢᠶᠠᠨ ᠰᠠᠬᠢᠨ | ᠬᠠᠮᠠᠭᠠᠯᠠᠶ᠎ᠠ | ᠤᠷᠴᠢᠨ ᠳᠤᠭᠤᠷᠢᠨ ᠢ ᠬᠠᠮᠠᠭᠠᠯᠠᠬᠤ ᠤᠬᠠᠮᠰᠠᠷ ᠢ ᠪᠤᠢ ᠪᠤᠯᠭᠠᠵᠤ᠂ ᠬᠤᠭ ᠨᠤᠪᠰᠢ ᠶᠢ ᠳᠤᠷ᠎ᠠ ᠪᠠᠷ ᠢᠶᠠᠨ ᠬᠠᠶᠠᠬᠤ ᠦᠬᠡᠢ᠂ ᠪᠠᠶᠢᠭᠠᠯᠢ ᠶᠢᠨ ᠤᠷᠴᠢᠨ | ᠳᠤᠭᠤᠷᠢᠨ ᠢ ᠡᠪᠳᠡᠬᠦ ᠦᠬᠡᠢ ᠶᠢ ᠰᠠᠨᠠᠭᠠᠴᠢᠯᠠᠶ᠎ᠠ᠃ ᠳᠤᠤᠷ᠎ᠠ ᠨᠡᠬᠦᠷᠡᠰᠤᠳᠦ᠋ᠷᠦᠭᠴᠢᠳᠤ ᠶᠠᠪᠤᠵᠤ ᠠᠶᠠᠯᠠᠬᠤ ᠠᠷᠭ᠎ᠠ ᠶᠢ ᠰᠠᠨᠠᠭᠠᠴᠢᠯᠠᠵᠤ᠂ ᠠᠯᠢ ᠴᠢᠳᠠᠬᠤ ᠪᠠᠷ ᠨᠠᠶᠢᠳᠠ | ᠶᠢᠨ ᠵᠠᠮ ᠬᠠᠷᠢᠯᠴᠠᠭᠠᠨ ᠤ ᠪᠠᠭᠠᠵᠢ ᠪᠤᠶᠤ ᠳᠡᠷᠬᠡ ᠨᠠᠶᠢᠯᠡᠬᠦᠯᠵᠤ ᠳᠠᠬᠢᠯᠭ᠎ᠠ ᠶᠢᠨ ᠭᠠᠵᠠᠷ ᠲᠤ ᠬᠦᠷᠴᠤ᠂ ᠵᠠᠮ ᠬᠠᠷᠢᠯᠴᠠᠭᠠᠨ ᠤ ᠲᠦᠭᠵᠢᠷᠠᠯ ᠪᠠ | ᠨᠡᠬᠦᠷᠡᠰᠤᠳᠦ᠋ᠷᠦᠭᠴᠢ ᠶᠢᠨ ᠭᠠᠳᠠᠭᠰᠢᠯᠠᠭᠤᠯᠤᠯᠳᠠ ᠶᠢ ᠪᠠᠭᠠᠰᠬᠠᠵᠤ᠂ ᠦᠵᠡᠰᠬᠦᠯᠡᠩᠳᠤ ᠰᠠᠶᠢᠬᠠᠨ ᠬᠡᠷ ᠤᠷᠤᠨ ᠢᠶᠠᠨ ᠬᠠᠮᠳᠤ ᠪᠠᠷ ᠰᠠᠬᠢᠨ ᠬᠠᠮᠠᠭᠠᠯᠠᠶ᠎ᠠ᠃ | ᠲᠦᠷᠪᠡ᠂ ᠠᠮᠤᠷ ᠲᠦᠪᠰᠢᠨ ᠤ ᠵᠢᠷᠤᠮᠵᠢᠯ ᠢ ᠵᠢᠷᠤᠮᠯᠠᠨ ᠰᠠᠬᠢᠵᠤ᠂ ᠤᠯᠠᠨ ᠨᠠᠶᠢᠳᠠ ᠶᠢᠨ ᠡᠮᠬᠢ ᠵᠢᠷᠤᠮ ᠢ ᠬᠠᠮᠠᠭᠠᠯᠠᠶ᠎ᠠ | ᠳᠠᠬᠢᠯᠭ᠎ᠠ ᠶᠢᠨ ᠬᠤᠭᠤᠴᠠᠭᠠᠨ ᠳᠤ᠂ ᠳᠠᠬᠢᠯᠭ᠎ᠠ ᠶᠢᠨ ᠭᠠᠵᠠᠷ ᠤᠨ ᠡᠮᠬᠢ ᠵᠢᠷᠤᠮ ᠢ ᠤᠬᠠᠮᠰᠠᠷ ᠠᠴᠠ ᠪᠠᠨ ᠬᠠᠮᠠᠭᠠᠯᠠᠵᠤ᠂ ᠭᠠᠯ ᠰᠡᠷᠬᠡᠶᠢᠯᠡᠬᠦ ᠠᠮᠤᠷ ᠲᠦᠪᠰᠢᠨ | ᠤ ᠳᠤᠭᠳᠠᠭᠠᠯ ᠢ ᠴᠢᠩᠭ᠎ᠠ ᠵᠢᠷᠤᠮᠯᠠᠨ᠂ ᠨᠤᠴᠤᠮᠠᠳᠠᠭᠠᠢ ᠳᠠᠯᠪᠠᠷᠠᠮᠡᠳᠡᠬᠡᠢ ᠪᠤᠳᠠᠰ ᠢ ᠠᠪᠴᠤ ᠳᠠᠬᠢᠯᠭ᠎ᠠ ᠶᠢᠨ ᠳᠠᠯᠠᠪᠤᠷ ᠲᠤ ᠤᠷᠤᠬᠤ ᠦᠬᠡᠢ ᠪᠠᠶᠢᠵᠤ᠂ ᠭᠠᠯ ᠤᠨ | ᠠᠶᠤᠯ ᠵᠡᠷᠬᠡ ᠠᠮᠤᠷ ᠲᠦᠪᠰᠢᠨ ᠤ ᠠᠳᠡᠯ ᠭᠠᠷᠬᠤ ᠠᠴᠠ ᠰᠡᠷᠬᠡᠶᠢᠯᠡᠵᠤ᠂ ᠳᠠᠬᠢᠯᠭ᠎ᠠ ᠶᠢᠨ ᠠᠵᠢᠯᠯᠠᠭ᠎ᠠ ᠶᠢᠨ ᠠᠮᠤᠷ ᠲᠦᠪᠰᠢᠨ ᠡᠮᠬᠢ ᠵᠢᠷᠤᠮ ᠲᠠᠢ ᠶᠠᠪᠤᠭᠳᠠᠬᠤ ᠶᠢ | ᠦᠨᠡᠨᠬᠦ ᠪᠠᠳᠤᠯᠠᠶ᠎ᠠ᠃ | ᠦᠷᠬᠡᠨ ᠤᠯᠠᠨ ᠰᠠᠭᠤᠭᠠᠯᠢ ᠠᠷᠠᠤᠨ ᠡ᠂ ᠪᠢᠳᠠ ᠦᠪᠡᠷ ᠤᠨ ᠪᠡᠶ᠎ᠡ ᠠᠴᠠ ᠪᠠᠨ ᠡᠬᠢᠯᠡᠨ ᠬᠢᠵᠤ᠂ ᠤᠳᠤ ᠠᠴᠠ ᠡᠬᠢᠯᠡᠨ ᠬᠢᠵᠤ᠂ ᠨᠡᠬᠦᠷᠡᠰᠤᠳᠦ᠋ᠷᠦᠭᠴᠢ ᠪᠠᠭ᠎ᠠ | ᠭᠠᠳᠠᠭᠰᠢᠯᠠᠭᠤᠯᠬᠤ ᠳᠠᠬᠢᠯᠭ᠎ᠠ᠂ ᠪᠤᠯᠪᠠᠰᠤᠨ ᠳᠠᠬᠢᠯᠭ᠎ᠠ ᠶᠢᠨ ᠪᠤᠳᠠᠳᠤ ᠠᠵᠢᠯᠯᠠᠭ᠎ᠠ ᠪᠠᠷ ᠢᠶᠠᠨ ᠪᠤᠯᠪᠠᠰᠤᠨ᠂ ᠡᠶ᠎ᠡ ᠵᠤᠬᠢᠴᠠᠩᠭᠤᠢ᠂ ᠪᠤᠬᠢᠷᠳᠤᠯ ᠦᠬᠡᠢ ᠤᠷᠴᠢᠨ | ᠳᠤᠭᠤᠷᠢᠨ ᠢ ᠬᠠᠮᠠᠭᠠᠯᠠᠵᠤ ᠰᠠᠶᠢᠨ ᠰᠠᠶᠢᠬᠠᠨ ᠬᠡᠷ ᠤᠷᠤᠨ ᠢ ᠪᠠᠶᠢᠭᠤᠯᠬᠤ ᠳᠤ ᠬᠦᠴᠤᠨ ᠴᠢᠳᠠᠯ ᠢᠶᠠᠨ ᠡᠷᠬᠦᠶ᠎ᠡ︕ | | | ᠳᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠭ ᠤᠨ ᠡᠮᠤᠨᠡᠳᠤ ᠬᠤᠰᠢᠭᠤᠨ ᠤ ᠬᠤᠷᠢᠶ᠎ᠠ ᠶᠢᠨ ᠤᠬᠠᠭᠤᠯᠬᠤ ᠬᠡᠯᠳᠡᠰ | ᠤᠳᠤᠭ ᠤᠨ ᠡᠮᠤᠨᠡᠳᠤ ᠬᠤᠰᠢᠭᠤᠨ ᠤ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠠᠯᠪᠠᠨ ᠬᠡᠷ | ᠤᠳᠤᠭ ᠤᠨ ᠡᠮᠤᠨᠡᠳᠤ ᠬᠤᠰᠢᠭᠤᠨ ᠤ ᠰᠢᠨ᠎ᠠ ᠴᠠᠭ ᠦᠶ᠎ᠡ ᠶᠢᠨ ᠪᠤᠯᠪᠠᠰᠤᠨ ᠤ ᠤᠶᠢᠯᠡᠳᠤᠯᠬᠡ ᠶᠢᠨ ᠤᠶᠢᠯᠡᠴᠢᠯᠡᠬᠡᠨ ᠤ ᠲᠦᠪ | 2025 ᠤᠨ ᠤ 3 ᠰᠠᠷ᠎ᠠ ᠶᠢᠨ 28 ᠤ ᠡᠳᠤᠷ | |