4 ᠰᠠᠷ᠎ᠠ ᠶᠢᠨ 9 ᠤ ᠡᠳᠦᠷ ᠬᠤᠰᠢᠭᠤ ᠨᠠᠮ ᠤᠨ ᠬᠤᠷᠢᠶ᠎ᠠ ᠶᠢᠨ ᠲᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠲᠠᠷᠤᠭ᠎ᠠ᠂ ᠱᠠᠩᠬᠠᠢ ᠶᠢᠨ ᠰᠦᠮ᠎ᠡ | ᠠᠵᠣ ᠠᠬᠤᠢ ᠶᠢᠨ ᠨᠡᠭᠡᠭᠡᠯᠳᠡ ᠶᠢᠨ ᠣᠷᠣᠨ ᠤ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠶᠠᠩ ᠶᠢᠩ ᠰᠢᠨ ᠱᠠᠩᠬᠠᠢ ᠶᠢᠨ ᠰᠦᠮ᠎ᠡ ᠠᠵᠣ ᠠᠬᠤᠢ ᠶᠢᠨ | ᠨᠡᠭᠡᠭᠡᠯᠳᠡ ᠶᠢᠨ ᠣᠷᠣᠨ᠂ ᠱᠠᠩᠬᠠᠢ ᠶᠢᠨ ᠰᠦᠮ᠎ᠡ ᠪᠠᠯᠭᠠᠰᠣᠨ ᠳᠤ ᠬᠦᠷᠴᠦ ᠠᠮᠢ ᠠᠬᠤᠢ ᠣᠷᠴᠢᠨ ᠬᠠᠮᠠᠭᠠᠯᠠᠯᠳᠠ ᠪᠣᠯᠣᠨ ᠠᠶᠣᠯᠭᠦᠢ ᠦᠢᠯᠠᠳᠪᠦᠷᠢᠯᠠᠯ ᠤᠨ ᠠᠵᠢᠯ | ᠢ ᠱᠠᠭᠠᠷᠳᠠᠨ ᠪᠠᠶᠢᠴᠠᠭᠠᠪᠠ᠃ | ᠶᠠᠩ ᠶᠢᠩ ᠰᠢᠨ᠂ ᠱᠠᠩᠬᠠᠢ ᠶᠢᠨ ᠰᠦᠮ᠎ᠡ ᠪᠠᠯᠭᠠᠰᠣᠨ ᠤ ᠠᠮᠢᠳᠣᠷᠠᠯ ᠤᠨ ᠬᠤᠭ ᠨᠣᠪᠰᠢ ᠪᠣᠯᠠᠬᠤ ᠲᠠᠯᠠᠪᠠᠢ᠂ ᠪᠠᠷᠠᠭᠤᠨ ᠬᠡᠰᠡᠭ ᠤᠨ ᠲᠠᠮᠣᠷ ᠵᠠᠮ ᠤᠨ | ᠲᠣᠰᠬᠠᠢ ᠱᠣᠭᠤᠮ ᠤᠨ ᠲᠦᠷᠦᠯ ᠵᠣᠶᠢᠯ ᠤᠨ ᠠᠬᠤᠢ ᠲᠠᠯᠠᠪᠠᠢ᠂ ᠾᠧᠩ ᠺᠦᠨ ᠬᠢᠮᠢ ᠶᠢᠨ ᠠᠵᠣ ᠦᠢᠯᠠᠳᠪᠦᠷᠢ ᠶᠢᠨ ᠬᠢᠵᠠᠭᠠᠷᠳᠦ ᠬᠠᠷᠢᠭᠤᠴᠠᠯᠭ᠎ᠠ ᠶᠢᠨ ᠺᠣᠮᠫᠠᠨᠢ᠂ | ᠠᠭᠤᠷᠬᠠᠢ ᠶᠢᠨ ᠬᠤᠳᠳᠤᠭ ᠤᠨ ᠣᠰᠣᠨ ᠤ ᠭᠦᠨᠵᠡᠭᠡᠢ ᠰᠢᠢᠳᠪᠦᠷᠢᠯᠡᠯᠳᠡ ᠶᠢᠨ ᠦᠢᠯᠠᠳᠪᠦᠷᠢ᠂ ᠱᠠᠩᠬᠠᠢ ᠶᠢᠨ ᠰᠦᠮ᠎ᠡ ᠡᠨᠧᠷᠬᠢ ᠬᠢᠮᠢ ᠠᠵᠣ ᠦᠢᠯᠠᠳᠪᠦᠷᠢ ᠶᠢᠨ | ᠰᠠᠭᠤᠷᠢᠨ ᠭᠠᠵᠠᠷ ᠤᠨ ᠰᠢᠭᠠᠷᠣ ᠶᠢᠨ ᠲᠠᠯᠠᠪᠠᠢ ᠳᠤ ᠬᠦᠷᠴᠦ ᠬᠠᠮᠢᠶ᠎ᠠ ᠪᠦᠬᠦᠢ ᠬᠠᠷᠢᠭᠤᠴᠠᠯᠭᠠᠳᠠᠨ ᠲᠠᠢ ᠭᠦᠨᠵᠡᠭᠡᠢ ᠶᠠᠷᠢᠯᠴᠠᠨ᠂ ᠭᠠᠵᠠᠷ ᠲᠣᠣᠷᠠᠬᠢ ᠣᠰᠣᠨ ᠤ | ᠪᠣᠬᠢᠷᠳᠣᠯ ᠤᠨ ᠵᠠᠰᠠᠯᠳᠠ᠂ ᠠᠵᠣ ᠦᠢᠯᠠᠳᠪᠦᠷᠢ ᠶᠢᠨ ᠬᠠᠳᠠᠭᠤ ᠬᠠᠶᠠᠭᠳᠠᠮᠠᠯ ᠪᠣᠳᠠᠰ ᠤᠨ ᠰᠢᠢᠳᠪᠦᠷᠢᠯᠡᠯᠳᠡ᠂ ᠪᠣᠬᠢᠷᠳᠣᠯ ᠢ ᠭᠠᠳᠠᠭᠰᠢᠯᠠᠭᠤᠯᠬᠤ ᠦᠭᠡᠷᠡᠴᠢᠯᠡᠯᠳᠡ᠂ | ᠠᠭᠤᠷᠬᠠᠢ ᠶᠢᠨ ᠬᠤᠳᠳᠤᠭ ᠤᠨ ᠣᠰᠣᠨ ᠤ ᠶᠡᠷᠦᠩᠬᠡᠶᠢᠯᠡᠭᠰᠡᠨ ᠠᠰᠢᠭᠯᠠᠯᠳᠠ ᠵᠢᠴᠢ ᠠᠶᠣᠯᠭᠦᠢ ᠦᠢᠯᠠᠳᠪᠦᠷᠢᠯᠠᠯ ᠵᠡᠷᠭᠡ ᠠᠵᠢᠯ ᠢ ᠱᠠᠭᠠᠷᠳᠠᠨ ᠪᠠᠶᠢᠴᠠᠭᠠᠵᠣ᠂ | ᠠᠬᠤᠢ ᠲᠠᠯᠠᠪᠠᠢ ᠳᠤ ᠠᠯᠪᠠᠯᠠᠨ ᠠᠰᠠᠭᠤᠳᠠᠯ ᠢ ᠰᠢᠢᠳᠪᠦᠷᠢᠯᠡᠪᠡ᠃ ᠲᠡᠷᠡ᠂ ᠠᠶᠣᠯᠭᠦᠢ ᠦᠢᠯᠠᠳᠪᠦᠷᠢᠯᠠᠯ ᠪᠣᠯᠣᠨ ᠠᠮᠢ ᠠᠬᠤᠢ ᠣᠷᠴᠢᠨ ᠬᠠᠮᠠᠭᠠᠯᠠᠯᠳᠠ ᠶᠢᠨ | ᠬᠤᠷᠢᠭ᠎ᠠ ᠱᠣᠭᠤᠮ ᠢ ᠪᠠᠳᠦ ᠰᠠᠬᠢᠨ᠂ ᠠᠭᠠᠷ᠂ ᠣᠰᠣ᠂ ᠬᠦᠷᠦᠰᠦ ᠵᠡᠷᠭᠡ ᠭᠤᠣᠯᠳᠠᠯᠭᠠᠳᠦ ᠬᠦᠷᠢᠶ᠎ᠡ ᠴᠠᠷᠠᠭᠠᠨ ᠳᠤ ᠠᠩᠬᠠᠷᠣᠯ ᠢᠶᠠᠨ ᠲᠦᠪᠯᠡᠷᠡᠭᠦᠯᠵᠣ᠂ ᠮᠦᠷᠳᠡᠨ | ᠪᠠᠶᠢᠴᠠᠭᠠᠯᠳᠠ ᠪᠠᠨ ᠦᠷᠭᠦᠯᠵᠢᠯᠡᠨ ᠴᠢᠩᠭᠠᠳᠬᠠᠵᠣ᠂ ᠨᠠᠷᠢᠯᠢᠭ ᠨᠢᠭᠳᠠ ᠪᠠᠶᠢᠴᠠᠭᠠᠯᠳᠠ ᠬᠢᠨ᠂ ᠲᠠᠯᠳᠠ ᠬᠡᠮ ᠤᠨ ᠠᠰᠠᠭᠤᠳᠠᠯ ᠢ ᠪᠢᠳᠡᠭᠦᠮᠵᠢᠯᠡᠨ ᠴᠡᠭᠴᠡᠯᠡᠵᠣ᠂ | ᠨᠢᠭᠡ ᠠᠴᠠ ᠨᠦᠬᠦᠭᠡ ᠶᠢ ᠵᠦᠢᠴᠢᠯᠡᠨ ᠲᠠᠭᠠᠭᠠᠮᠠᠭᠠᠢ ᠲᠣᠭᠳᠠᠴᠠ ᠶᠢ ᠲᠡᠭᠦᠯᠳᠡᠷᠵᠢᠭᠦᠯᠵᠣ᠂ ᠦᠨᠡᠨᠬᠦ ᠦᠨᠳᠦᠷ ᠠᠮᠣᠷ ᠲᠦᠪᠰᠢᠨ᠂ ᠴᠢᠨᠠᠷᠯᠢᠭ ᠠᠮᠢ ᠠᠬᠤᠢ ᠪᠠᠷ | ᠠᠵᠣ ᠠᠬᠤᠢ ᠨᠡᠶᠢᠭᠡᠮ ᠤᠨ ᠴᠢᠨᠠᠷᠯᠢᠭ ᠬᠦᠭᠵᠢᠯᠳᠡ ᠶᠢ ᠲᠣᠯᠭᠠᠭᠤᠷᠢᠯᠠᠬᠤ ᠬᠡᠷᠡᠭᠳᠡᠢ᠃ ︽ᠨᠢᠭᠡ ᠭᠦᠯᠭᠡ ᠰᠢᠳᠠᠷ᠎ᠠ︾ ᠶᠢᠨ ᠦᠵᠡᠯ ᠰᠠᠨᠠᠭ᠎ᠠ ᠶᠢ ᠪᠣᠢ ᠪᠣᠯᠭᠠᠨ᠂ | ᠬᠠᠷᠢᠶᠠᠳᠦ ᠭᠠᠵᠠᠷ ᠤᠨ ᠬᠠᠮᠢᠶᠠᠷᠣᠯᠳᠠ ᠶᠢᠨ ᠬᠠᠷᠢᠭᠤᠴᠠᠯᠭ᠎ᠠ᠂ ᠰᠠᠯᠠᠭ᠎ᠠ ᠮᠦᠴᠢᠷ ᠤᠨ ᠬᠢᠨᠠᠯᠳᠠ ᠬᠠᠮᠢᠶᠠᠷᠣᠯᠳᠠ ᠶᠢᠨ ᠬᠠᠷᠢᠭᠤᠴᠠᠯᠭ᠎ᠠ ᠪᠣᠯᠣᠨ ᠠᠵᠣ ᠠᠬᠤᠶᠢᠯᠠᠯ | ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠳᠠᠶᠢᠵᠢᠭᠤᠯᠵᠣ᠂ ᠠᠷᠭ᠎ᠠ ᠠᠪᠴᠠᠯ ᠢᠶᠠᠨ ᠨᠠᠷᠢᠯᠢᠭᠵᠢᠭᠤᠯᠣᠨ᠂ ᠬᠢᠨᠠᠯᠳᠠ ᠬᠠᠮᠢᠶᠠᠷᠣᠯᠳᠠ ᠪᠠᠨ ᠴᠢᠩᠭᠠᠳᠬᠠᠵᠣ᠂ | ᠠᠮᠢ ᠠᠬᠤᠢ ᠶᠢᠨ ᠦᠷ᠎ᠡ ᠠᠰᠢᠭ᠂ ᠠᠮᠣᠷ ᠲᠦᠪᠰᠢᠨ ᠤ ᠦᠷ᠎ᠡ ᠠᠰᠢᠭ᠂ ᠠᠵᠣ ᠠᠬᠤᠢ ᠶᠢᠨ ᠦᠷ᠎ᠡ ᠠᠰᠢᠭ ᠤᠨ ᠵᠣᠬᠢᠴᠠᠩᠭᠤᠢ ᠬᠦᠭᠵᠢᠯᠳᠡ ᠶᠢ | ᠴᠣᠭᠴᠠᠵᠢᠭᠤᠯᠣᠨ ᠠᠬᠢᠭᠤᠯᠬᠤ ᠬᠡᠷᠡᠭᠳᠡᠢ᠃ ᠦᠵᠡᠯ ᠰᠠᠨᠠᠭᠠᠨ ᠤ ᠬᠦᠪᠴᠢ ᠪᠠᠨ ᠴᠠᠭ ᠢᠮᠠᠭᠳᠠ ᠴᠢᠩᠭᠠᠷᠠᠭᠤᠯᠣᠨ᠂ ᠠᠮᠣᠷ ᠲᠦᠪᠰᠢᠨ ᠤ ᠬᠠᠷᠢᠭᠤᠴᠠᠯᠭ᠎ᠠ ᠪᠠᠨ | ᠪᠣᠳᠠᠳᠠᠶᠢᠵᠢᠭᠤᠯᠵᠣ᠂ ᠠᠶᠣᠯᠭᠦᠢ ᠦᠢᠯᠠᠳᠪᠦᠷᠢᠯᠠᠯ ᠤᠨ ᠭᠤᠣᠯᠳᠠᠯᠭᠠᠳᠦ ᠬᠦᠷᠢᠶ᠎ᠡ ᠴᠠᠷᠠᠭ᠎ᠠ ᠪᠣᠯᠣᠨ ᠴᠢᠬᠤᠯᠠ ᠭᠤᠭᠴᠤᠭ᠎ᠠ ᠶᠢ ᠴᠢᠩᠭ᠎ᠠ ᠠᠩᠬᠠᠷᠣᠨ᠂ ᠲᠠᠯᠳᠠ ᠭᠡᠮ | ᠢ ᠪᠦᠬᠦ ᠲᠠᠯ᠎ᠠ ᠪᠠᠷ ᠪᠠᠶᠢᠴᠠᠭᠠᠵᠣ᠂ ᠠᠵᠣ ᠠᠬᠤᠶᠢᠯᠠᠯ ᠤᠨ ᠦᠢᠯᠡᠳᠪᠦᠷᠢᠯᠡᠯ ᠤᠨ ᠶᠠᠪᠣᠴᠠ ᠪᠠᠨ ᠵᠢᠷᠣᠮᠵᠢᠭᠤᠯᠬᠤ ᠶᠢ ᠱᠠᠯᠠᠪᠳᠠᠭᠤᠯᠣᠨ ᠵᠢᠯᠣᠭᠤᠳᠴᠦ᠂ ᠠᠵᠢᠯᠯᠠᠮᠵᠢ | ᠡᠵᠡᠩᠨᠡᠯᠳᠡ ᠶᠢᠨ ᠬᠠᠮᠢᠶᠠᠷᠣᠯᠳᠠ ᠶᠢ ᠴᠢᠩᠳᠠᠯᠠᠨ᠂ ᠠᠰᠠᠭᠤᠳᠠᠯ ᠤᠨ ᠴᠡᠭᠴᠡᠯᠡᠯᠳᠡ ᠶᠢ ᠦᠷᠭᠦᠯᠵᠢᠯᠡᠨ ᠭᠦᠨᠵᠡᠭᠡᠢ ᠠᠳᠬᠤᠵᠣ᠂ ᠡᠯ᠎ᠡ ᠲᠦᠷᠦᠯ ᠤᠨ ᠠᠮᠣᠷ | ᠲᠦᠪᠰᠢᠨ ᠤ ᠲᠠᠯᠳᠠ ᠭᠡᠮ ᠢ ᠦᠨᠡᠨᠬᠦ ᠠᠷᠢᠯᠭᠠᠬᠤ ᠬᠡᠷᠡᠭᠳᠡᠢ ᠭᠡᠪᠡ᠃ | ᠬᠤᠰᠢᠭᠤ ᠣᠳᠣᠷᠢᠳᠣᠯᠭ᠎ᠠ ᠹᠦ᠋ ᠺᠧ᠂ ᠨᠡᠭᠡᠭᠡᠯᠳᠡ ᠶᠢᠨ ᠣᠷᠣᠨ ᠤ ᠣᠳᠣᠷᠢᠳᠣᠯᠭ᠎ᠠ ᠯᠢ ᠷᠦᠢ ᠣᠷᠣᠯᠴᠠᠪᠠ᠃ |