ᠣᠲᠤᠭ ᠤᠨ ᠡᠮᠦᠨᠡᠲᠦ ᠬᠤᠰᠢᠭᠤᠨ ᠤ 2025 ᠣᠨ ᠤ 1 — 2 ᠰᠠᠷ᠎ᠠ ᠶᠢᠨ ᠠᠵᠤ ᠠᠬᠤᠢ ᠶᠢᠨ ᠬᠦᠭᠵᠢᠯᠲᠡ ᠲᠤᠭᠲᠠᠭᠤᠨ ᠢᠶᠠᠷ ᠣᠷᠣᠭᠰᠢᠯᠠᠵᠤ᠂ ᠣᠬᠢ ᠰᠠᠶᠢᠨ ᠡᠬᠢᠯᠡᠯᠲᠡ ᠣᠯᠪᠠ
ᠨᠡᠶᠢᠲᠡᠯᠡᠭᠰᠡᠨ ᠴᠠᠭ᠄
2025/4/10
     2025 ᠣᠨ ᠳᠤ᠂ ᠮᠠᠨ ᠤ ᠬᠤᠰᠢᠭᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠬᠡᠢ ᠰᠣᠷᠣᠯᠴᠠᠨ ᠲᠤᠤᠱᠯᠠᠭᠤᠯᠵᠤ᠂ ᠲᠤᠤᠱᠯᠠᠭᠤᠯᠤᠨ ᠨᠠᠶᠢᠲᠠᠪᠤᠷᠢᠵᠢᠭᠤᠯᠬᠤ ᠪᠤᠲᠠᠲᠠᠢ ᠭᠠᠷᠳᠠᠴᠠ ᠶᠢ ᠣᠨᠣᠪᠴᠢᠲᠠᠢ ᠡᠷᠢᠨ᠂ ᠲᠦᠷᠦᠯ ᠵᠦᠢᠯ ᠤᠨ ᠪᠠᠶᠢᠭᠤᠯᠤᠯᠲᠠ᠂ ᠬᠡᠷᠡᠭᠯᠡᠭᠡᠨ ᠤ ᠠᠬᠢᠭᠤᠯᠤᠯᠲᠠ᠂ ᠠᠵᠤ ᠠᠬᠤᠶᠢᠯᠠᠯ ᠢ ᠬᠠᠪᠰᠣᠷᠣᠨ ᠬᠦᠴᠢᠷᠳᠡᠯ ᠢ ᠰᠢᠢᠳᠪᠦᠷᠢᠯᠡᠬᠦ᠂ ᠠᠶᠤᠯᠬᠦᠢ ᠦᠢᠯᠳᠪᠦᠷᠢᠯᠡᠯ ᠵᠡᠷᠭᠡ ᠡᠯ᠎ᠡ ᠲᠦᠷᠦᠯ ᠤᠨ ᠠᠵᠢᠯ ᠢ ᠪᠤᠲᠠᠲᠠᠢ ᠰᠠᠶᠢᠲᠤᠷ ᠠᠳᠬᠤᠭᠠᠳ᠂ 1 — 2 ᠰᠠᠷ᠎ᠠ ᠳᠤ᠂ ᠮᠠᠨ ᠤ ᠬᠤᠰᠢᠭᠤᠨ ᠤ ᠠᠵᠤ ᠠᠬᠤᠢ ᠶᠢᠨ ᠬᠦᠭᠵᠢᠯᠲᠡ ᠲᠤᠭᠲᠠᠭᠤᠨ ᠢᠶᠠᠷ ᠣᠷᠣᠭᠰᠢᠯᠠᠨ᠂ ᠣᠬᠢ ᠡᠬᠢᠯᠡᠯᠲᠡ ᠣᠯᠪᠠ᠃     ᠨᠢᠭᠡ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ     1 — 2 ᠰᠠᠷ᠎ᠠ ᠳᠤ᠂ ᠪᠦᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠤᠨ ᠨᠡᠮᠡᠭᠳᠡᠯ ᠦᠷᠲᠡᠭ ᠠᠳᠠᠯᠢ ᠬᠤᠭᠤᠴᠠᠭᠠᠨ ᠤ ᠬᠢ ᠠᠴᠠ 0.1% ᠪᠠᠷ ᠨᠡᠮᠡᠭᠳᠡᠪᠡ᠃     ᠬᠤᠶᠠᠷ᠂ ᠲᠤᠭᠲᠠᠮᠠᠯ ᠬᠦᠷᠦᠩᠭᠡ ᠶᠢᠨ ᠪᠡᠯᠡ ᠣᠷᠣᠭᠤᠯᠣᠯᠲᠠ     1 — 2 ᠰᠠᠷ᠎ᠠ ᠳᠤ᠂ ᠪᠦᠬᠦ ᠬᠤᠰᠢᠭᠤᠨ ᠤ ᠲᠤᠭᠲᠠᠮᠠᠯ ᠬᠦᠷᠦᠩᠭᠡ ᠶᠢᠨ ᠪᠡᠯᠡ ᠣᠷᠣᠭᠤᠯᠣᠯᠲᠠ ᠠᠳᠠᠯᠢ ᠬᠤᠭᠤᠴᠠᠭᠠᠨ ᠤ ᠬᠢ ᠠᠴᠠ 17% ᠪᠠᠷ ᠨᠡᠮᠡᠭᠳᠡᠪᠡ᠃ ᠠᠵᠤ ᠦᠢᠯᠡᠳᠪᠦᠷᠢ ᠪᠠ ᠴᠠᠬᠢᠯᠭᠠᠨ ᠬᠦᠴᠦᠨ ᠤ ᠲᠤᠯᠭᠠᠭᠤᠷᠢᠯᠠᠯ ᠦᠢᠯᠡᠳᠦᠯ ᠣᠯᠠᠮ ᠨᠢᠬᠡ ᠠᠯᠬᠤᠮ ᠢᠶᠠᠷ ᠢᠯᠡᠷᠡᠪᠡ᠃ ᠪᠦᠬᠦ ᠬᠤᠰᠢᠭᠤᠨ ᠤ ᠠᠵᠤ ᠦᠢᠯᠡᠳᠪᠦᠷᠢ  ᠶᠢᠨ ᠪᠡᠯᠡ ᠣᠷᠣᠭᠤᠯᠣᠯᠲᠠ ᠠᠳᠠᠯᠢ ᠬᠤᠭᠤᠴᠠᠭᠠᠨ ᠤ ᠬᠢ ᠠᠴᠠ 20.9% ᠪᠠᠷ ᠨᠡᠮᠡᠭᠳᠡᠵᠦ᠂ ᠪᠦᠬᠦ ᠪᠡᠯᠡ ᠣᠷᠣᠭᠤᠯᠣᠯᠲᠠ ᠶᠢᠨ 99.1% ᠶᠢ ᠡᠵᠡᠯᠡᠨ᠂ ᠪᠦᠬᠦ ᠪᠡᠯᠡ ᠣᠷᠣᠭᠤᠯᠣᠯᠲᠠ ᠶᠢᠨ ᠨᠡᠮᠡᠭᠳᠡᠯ ᠢ 20.1 ᠵᠠᠭᠤᠨ ᠤ ᠨᠢᠬᠡᠴᠢ ᠪᠠᠷ ᠳᠠᠶᠢᠴᠢᠯᠠᠪᠠ᠃ ᠴᠠᠬᠢᠯᠭᠠᠨ ᠬᠦᠴᠦᠨ ᠤ ᠪᠡᠯᠡ ᠣᠷᠣᠭᠤᠯᠣᠯᠲᠠ ᠠᠳᠠᠯᠢ ᠬᠤᠭᠤᠴᠠᠭᠠᠨ ᠤ ᠬᠢ ᠠᠴᠠ 103% ᠪᠠᠷ ᠨᠡᠮᠡᠭᠳᠡᠵᠦ᠂ ᠪᠦᠬᠦ ᠪᠡᠯᠡ ᠣᠷᠣᠭᠤᠯᠣᠯᠲᠠ ᠶᠢᠨ 88.7% ᠶᠢ ᠡᠵᠡᠯᠡᠨ᠂ ᠪᠦᠬᠦ ᠪᠡᠯᠡ ᠣᠷᠣᠭᠤᠯᠣᠯᠲᠠ ᠶᠢᠨ ᠨᠡᠮᠡᠭᠳᠡᠯ ᠢ 52.6 ᠵᠠᠭᠤᠨ ᠤ ᠨᠢᠬᠡᠴᠢ ᠪᠠᠷ ᠳᠠᠶᠢᠴᠢᠯᠠᠪᠠ᠃     ᠭᠤᠷᠪᠠ᠂ ᠨᠡᠶᠢᠬᠡᠮ ᠤᠨ ᠬᠡᠷᠡᠭᠯᠡᠬᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠦᠷᠲᠡᠭ     1 — 2 ᠰᠠᠷ᠎ᠠ ᠳᠤ᠂ ᠪᠦᠬᠦ ᠬᠤᠰᠢᠭᠤᠨ ᠤ ᠨᠡᠶᠢᠬᠡᠮ ᠤᠨ ᠬᠡᠷᠡᠭᠯᠡᠬᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠦᠷᠲᠡᠭ 3.14 ᠳ᠋ᠦᠩᠰᠢᠭᠤᠷ ᠲᠦᠬᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 4.6% ᠪᠠᠷ ᠨᠡᠮᠡᠭᠳᠡᠪᠡ᠃     ᠳᠦᠷᠪᠡ᠂ ᠡᠳ᠋ ᠤᠨ ᠵᠠᠰᠠᠭ ᠤᠨ ᠣᠷᠣᠯᠭ᠎ᠠ1 — 2 ᠰᠠᠷ᠎ᠠ ᠳᠤ᠂ ᠪᠦᠬᠦ ᠬᠤᠰᠢᠭᠤᠨ ᠤ ᠡᠩ ᠤᠨ ᠨᠠᠶᠢᠲᠠ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ 4.69 ᠳ᠋ᠦᠩᠰᠢᠭᠤᠷ ᠲᠦᠬᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.9% ᠪᠠᠷ ᠨᠡᠮᠡᠭᠳᠡᠪᠡ᠃ ᠡᠬᠦᠨ ᠳᠤ᠂ ᠭᠠᠶᠢᠯᠢ ᠶᠢᠨ ᠣᠷᠣᠯᠭ᠎ᠠ ᠶᠢ 1.83 ᠳ᠋ᠦᠩᠰᠢᠭᠤᠷ ᠲᠦᠬᠦᠷᠢᠭ ᠪᠡᠶᠡᠯᠡᠬᠦᠯᠪᠡ᠃ ᠡᠩ  ᠤᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ ᠶᠢ ᠨᠡᠶᠢᠲᠡ 4.61 ᠳ᠋ᠦᠩᠰᠢᠭᠤᠷ ᠲᠦᠬᠦᠷᠢᠭ ᠪᠡᠶᠡᠯᠡᠬᠦᠯᠦᠨ᠂ ᠠᠳᠠᠯᠢ ᠬᠤᠭᠤᠴᠠᠭᠠᠨ ᠤ ᠬᠢ ᠠᠴᠠ 33.5% ᠪᠠᠷ ᠪᠠᠭᠤᠷᠠᠪᠠ᠃     ᠲᠠᠪᠤ᠂ ᠪᠦᠬᠦ ᠨᠡᠶᠢᠬᠡᠮ ᠤᠨ ᠴᠠᠬᠢᠯᠭᠠᠨ ᠤ ᠬᠡᠷᠡᠭᠯᠡᠯᠲᠡ ᠶᠢᠨ ᠬᠡᠮᠵᠢᠶ᠎ᠡ1 — 2 ᠰᠠᠷ᠎ᠠ ᠳᠤ᠂ ᠪᠦᠬᠦ ᠨᠡᠶᠢᠬᠡᠮ ᠤᠨ ᠴᠠᠬᠢᠯᠭᠠᠨ ᠤ ᠬᠡᠷᠡᠭᠯᠡᠯᠲᠡ ᠶᠢᠨ ᠬᠡᠮᠵᠢᠶ᠎ᠡ 7.86 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.77% ᠪᠠᠷ ᠨᠡᠮᠡᠭᠳᠡᠨ᠂ ᠡᠬᠦᠨ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠴᠠᠬᠢᠯᠭᠠᠨ ᠬᠡᠷᠡᠭᠯᠡᠯᠲᠡ ᠶᠢᠨ ᠬᠡᠮᠵᠢᠶ᠎ᠡ 4.98 ᠳ᠋ᠦᠩᠰᠢᠭᠤᠷ ᠺᠢᠯᠤᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.99% ᠪᠠᠷ ᠪᠠᠭᠤᠷᠠᠪᠠ᠃     ᠶᠡᠷᠦᠩᠬᠡᠶᠢᠯᠡᠨ ᠠᠪᠴᠣ ᠦᠵᠡᠪᠡᠯ᠂ 1 — 2 ᠰᠠᠷ᠎ᠠ ᠳᠤ ᠠᠵᠤ ᠠᠬᠤᠢ ᠶᠢᠨ ᠬᠦᠭᠵᠢᠯᠲᠡ ᠲᠤᠭᠲᠠᠭᠤᠨ ᠢᠶᠠᠷ ᠰᠠᠶᠢᠵᠢᠷᠠᠪᠠ᠂ ᠳᠠᠷᠠᠭᠠᠴᠢ ᠶᠢᠨ ᠠᠯᠬᠤᠮ ᠳᠤ᠂ ᠲᠤᠭᠲᠠᠭᠤᠨ ᠤ ᠳᠣᠮᠳᠠ ᠣᠷᠣᠭᠰᠢᠯᠠᠬᠤ ᠠᠵᠢᠯ ᠤᠨ ᠶᠡᠷᠦᠩᠬᠡᠢ ᠪᠠᠶᠢᠳᠠᠯ ᠢ ᠪᠠᠷᠢᠮᠲᠠᠯᠠᠨ᠂ ᠰᠢᠨ᠎ᠡ ᠬᠦᠭᠵᠢᠯᠲᠡ ᠶᠢᠨ ᠦᠵᠡᠯᠲᠡ ᠶᠢ ᠪᠦᠷᠢᠨ ᠣᠨᠣᠪᠴᠢᠲᠠᠢ ᠪᠦᠬᠦ ᠲᠠᠯ᠎ᠠ ᠪᠠᠷ ᠲᠤᠤᠱᠯᠠᠭᠤᠯᠵᠤ᠂ ᠳᠣᠮᠳᠠᠳᠣ ᠣᠯᠣᠰ ᠤᠨ ᠮᠠᠶ᠋ᠢᠭ ᠤᠨ ᠣᠳᠣᠬᠢᠴᠢᠯᠠᠯᠲᠠ ᠶᠢᠨ ︽ᠭᠠᠷᠮᠠᠭᠠᠶᠢᠯᠠᠨ ᠳᠠᠪᠰᠢᠬᠤ ᠣᠲᠤᠭ  ᠤᠨ ᠡᠮᠦᠨᠡᠲᠦ ᠬᠤᠰᠢᠭᠤᠨ︾ ᠤ ︽ᠳᠦᠪᠡᠨ ᠣᠷᠣᠨ ᠤ ᠪᠠᠶᠢᠭᠤᠯᠤᠯᠲᠠ︾ ᠶᠢᠨ ᠳᠡᠰ ᠳᠡᠪᠰᠢᠯᠲᠡ ᠶᠢᠨ ᠰᠢᠨ᠎ᠡ ᠬᠠᠭᠤᠳᠠᠰᠣ ᠶᠢ ᠴᠢᠷᠮᠠᠶᠢᠨ ᠪᠢᠴᠢᠭᠯᠡᠬᠦ ᠳᠤ ᠬᠦᠴᠦᠨ ᠴᠢᠳᠠᠯ ᠢᠶᠠᠨ ᠬᠤᠷᠠᠮᠳᠣᠭᠤᠯᠣᠨ᠎ᠠ᠃
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ