ᠸᠠᠩ ᠢᠦᠢ ᠴᠢᠶᠠᠩ ᠭᠤᠤᠯᠳᠠᠯᠭᠠᠲᠤ ᠲᠦᠷᠦᠯ ᠵᠦᠢᠯ ᠤᠨ ᠰᠡᠷᠬᠦᠬᠡᠯᠲᠡ᠂ ᠠᠶᠤᠯᠬᠦᠢ ᠦᠢᠯᠡᠳᠪᠦᠷᠢᠯᠡᠯ᠂ ᠣᠷᠴᠢᠨ ᠬᠠᠮᠠᠭᠠᠯᠠᠯᠲᠠ ᠶᠢᠨ ᠠᠵᠢᠯ ᠢ ᠬᠢᠨᠠᠨ ᠵᠢᠯᠤᠭᠤᠳᠪᠠ
ᠨᠡᠶᠢᠲᠡᠯᠡᠭᠰᠡᠨ ᠴᠠᠭ᠄
2025/4/14
     4 ᠰᠠᠷ᠎ᠠ ᠶᠢᠨ 11 ᠤ ᠡᠳᠦᠷ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠳᠤ ᠭᠤᠤᠯᠳᠠᠯᠭᠠᠲᠤ ᠲᠦᠷᠦᠯ ᠵᠦᠢᠯ ᠤᠨ ᠰᠡᠷᠬᠦᠬᠡᠯᠲᠡ᠂ ᠠᠶᠤᠯᠬᠦᠢ ᠦᠢᠯᠡᠳᠪᠦᠷᠢᠯᠡᠯ᠂ ᠣᠷᠴᠢᠨ ᠬᠠᠮᠠᠭᠠᠯᠠᠯᠲᠠ ᠶᠢᠨ ᠠᠵᠢᠯ ᠢ ᠬᠢᠨᠠᠨ ᠵᠢᠯᠤᠭᠤᠳᠪᠠ᠃
1.jpg
     ᠡᠾᠧᠩ ᠺᠦᠨ ᠬᠢᠮᠢ ᠶᠢᠨ ᠠᠵᠤ ᠦᠢᠯᠡᠳᠪᠦᠷᠢ ᠶᠢᠨ ᠬᠤᠶᠠᠳᠣᠭᠠᠷ ᠬᠤᠭᠤᠴᠠᠭᠠᠨ ᠤ ᠲᠦᠷᠦᠯ ᠵᠦᠢᠯ ᠤᠨ ᠠᠬᠤᠢ ᠲᠠᠯᠠᠪᠠᠢ ᠳᠤ ᠲᠦᠷᠦᠯ ᠵᠦᠢᠯ ᠤᠨ ᠪᠠᠶᠢᠭᠤᠯᠤᠯᠲᠠ ᠶᠢᠨ ᠠᠬᠢᠴᠠ ᠶᠢ ᠪᠠᠶᠢᠴᠠᠭᠠᠨ ᠦᠵᠡᠵᠦ᠂ ᠠᠵᠤ ᠦᠢᠯᠡᠰ ᠤᠨ ᠬᠡᠯᠬᠢᠶᠡᠵᠢᠯ ᠤᠨ ᠪᠠᠶᠢᠭᠤᠯᠤᠯᠲᠠ ᠵᠡᠷᠭᠡ ᠪᠠᠶᠢᠳᠠᠯ ᠢ ᠣᠶᠢᠯᠠᠭᠠᠪᠠ᠃     ᠹᠦ᠋ ᠬᠠᠢ ᠰᠢᠨ᠎ᠡ ᠡᠨᠧᠷᠬᠢ ᠶᠢᠨ ᠲᠡᠭ ᠨᠡᠬᠦᠷᠡᠰᠦᠳᠦ᠋ᠷᠦᠭᠴᠢᠲᠦ ᠪᠤᠬᠢᠷᠳᠣᠯ ᠦᠬᠡᠢ ᠡᠨᠧᠷᠬᠢ ᠶᠢᠨ ᠲᠡᠷᠬᠡᠨ ᠤ ᠬᠡᠯᠬᠢᠶᠡᠵᠢᠯ ᠤᠨ ᠡᠷᠬᠢᠯᠲᠡᠲᠦ ᠣᠶᠣᠨᠴᠢ ᠦᠢᠯᠡᠳᠪᠦᠷᠢᠯᠡᠯ ᠤᠨ ᠢᠨᠵᠧᠨᠧᠷᠢᠩ ᠤᠨ ᠲᠦᠷᠦᠯ ᠵᠦᠢᠯ᠂ ᠡᠾᠧᠩ ᠺᠦᠨ ᠬᠢᠮᠢ ᠶᠢᠨ ᠠᠵᠤ ᠦᠢᠯᠡᠳᠪᠦᠷᠢ ᠶᠢᠨ ᠬᠤᠶᠠᠳᠣᠭᠠᠷ ᠬᠤᠭᠤᠴᠠᠭᠠᠨ ᠤ ᠲᠦᠷᠦᠯ ᠵᠦᠢᠯ  ᠤᠨ ᠪᠠᠶᠢᠭᠤᠯᠤᠯᠲᠠ ᠶᠢᠨ ᠠᠬᠤᠢ ᠲᠠᠯᠠᠪᠠᠢ᠂ ᠴᠠᠩ ᠴᠧᠩ ᠭᠤᠷᠪᠠᠳᠣᠭᠠᠷ ᠨᠣᠮᠧᠷᠲᠤ ᠨᠡᠬᠦᠷᠡᠰᠦᠨ ᠠᠭᠤᠷᠬᠠᠢ ᠳᠤ᠂ ᠸᠠᠩ ᠢᠦᠢ ᠴᠢᠶᠠᠩ ᠲᠦᠷᠦᠯ ᠵᠦᠢᠯ ᠤᠨ ᠪᠠᠶᠢᠭᠤᠯᠤᠯᠲᠠ ᠶᠢᠨ ᠠᠬᠢᠴᠠ᠂ ᠢᠨᠵᠧᠨᠧᠷᠢᠩ ᠤᠨ ᠲᠦᠯᠦᠪᠵᠢᠬᠦᠯᠬᠡ᠂ ᠠᠵᠤ ᠠᠬᠤᠶᠢᠯᠠᠯ ᠤᠨ ᠠᠵᠢᠯᠯᠠᠮᠵᠢ ᠶᠢᠨ ᠪᠠᠶᠢᠳᠠᠯ ᠢ ᠨᠠᠷᠢᠨ ᠪᠠᠶᠢᠴᠠᠭᠠᠵᠤ᠂ ᠠᠶᠤᠯᠬᠦᠢ ᠦᠢᠯᠡᠳᠪᠦᠷᠢᠯᠡᠯ᠂ ᠣᠷᠴᠢᠨ ᠬᠠᠮᠠᠭᠠᠯᠠᠯᠲᠠ᠂ ᠠᠵᠤ ᠦᠢᠯᠡᠰ ᠤᠨ ᠬᠡᠯᠬᠢᠶᠡᠵᠢᠯ ᠤᠨ ᠪᠠᠶᠢᠭᠤᠯᠤᠯᠲᠠ ᠵᠡᠷᠭᠡ ᠠᠵᠢᠯ ᠢ ᠨᠠᠷᠢᠨ ᠣᠶᠢᠯᠠᠭᠠᠪᠠ᠃ ᠲᠡᠷᠡ᠂ ᠪᠠᠷᠢᠯᠭ᠎ᠠ ᠶᠢᠨ ︽ᠰᠢᠵᠢᠷ ᠠᠯᠲᠠᠨ ᠬᠤᠭᠤᠴᠠᠭ᠎ᠠ︾ ᠶᠢ ᠵᠠᠪᠳᠣᠵᠣ᠂ ᠪᠦᠬᠦ ᠬᠦᠴᠦᠨ ᠢᠶᠠᠷ ᠠᠬᠢᠴᠠ ᠶᠢ ᠲᠦᠷᠬᠡᠳᠬᠡᠨ᠂ ᠪᠠᠷᠢᠯᠭ᠎ᠠ ᠶᠢᠨ ᠠᠬᠢᠴᠠ ᠶᠢ ᠬᠤᠭᠤᠴᠠᠭᠠᠯᠠᠨ ᠲᠤᠭᠲᠠᠭᠠᠵᠤ᠂ ᠪᠦᠬᠦ ᠬᠦᠴᠦᠨ ᠢᠶᠠᠷ ᠡᠯ᠎ᠡ ᠲᠦᠷᠦᠯ ᠤᠨ ᠠᠵᠢᠯ ᠢ ᠣᠷᠣᠭᠰᠢ ᠠᠬᠢᠭᠤᠯᠤᠨ᠂ ᠪᠤᠲᠠᠲᠠᠢ ᠬᠢᠬᠦ ᠬᠡᠷᠡᠭᠲᠡᠢ᠃ ᠠᠵᠤ ᠦᠢᠯᠡᠰ ᠤᠨ ᠬᠠᠮᠵᠢᠯᠴᠠᠭ᠎ᠠ ᠪᠠᠨ ᠴᠢᠩᠭᠠᠳᠬᠠᠨ᠂ ᠬᠡᠯᠬᠢᠶᠡᠵᠢᠯ ᠢᠶᠠᠨ ᠣᠷᠲᠣᠳᠬᠠᠨ ᠨᠦᠬᠦᠪᠦᠷᠢᠯᠡᠬᠦ ᠶᠢ ᠨᠠᠷᠢᠯᠢᠭ ᠤᠨᠤᠪᠴᠢᠲᠠᠢ ᠪᠠᠷ ᠠᠳᠬᠤᠵᠤ᠂ ᠨᠢᠬᠡ ᠪᠦᠯᠦᠭ ᠵᠠᠩᠭᠢᠯᠠᠭ᠎ᠠ ᠶᠢᠨ ᠭᠤᠭᠴᠤᠭᠠᠨ ᠤ ᠲᠡᠷᠢᠬᠦᠨ ᠤ ᠮᠡᠷᠬᠡᠵᠢᠯ ᠲᠠᠢ᠂ ᠬᠦᠭᠵᠢᠯᠲᠡ ᠶᠢᠨ ᠢᠷᠡᠭᠡᠳᠦᠢ ᠰᠠᠷᠠᠭᠤᠯ᠂ ᠨᠦᠯᠦᠬᠡᠯᠡᠯ ᠳᠠᠶᠢᠴᠢᠯᠠᠯᠲᠠ ᠶᠢᠨ ᠬᠦᠴᠦᠨ ᠬᠦᠴᠦᠷᠬᠡᠭ ᠠᠵᠤ ᠦᠢᠯᠡᠰ ᠤᠨ ᠪᠤᠶᠢᠵᠢᠭᠤᠯᠤᠯᠲᠠ ᠶᠢᠨ ᠲᠦᠷᠦᠯ ᠵᠦᠢᠯ ᠪᠠ ᠦᠬᠡᠷᠡᠴᠢᠯᠡᠯᠲᠡ ᠳᠡᠭᠡᠭᠰᠢᠯᠡᠬᠦᠯᠦᠯᠲᠡ ᠶᠢᠨ ᠲᠦᠷᠦᠯ ᠵᠦᠢᠯ ᠢ ᠰᠦᠪᠡᠭᠴᠢᠯᠡᠨ ᠬᠡᠷᠡᠭᠵᠢᠬᠦᠯᠬᠦ ᠬᠡᠷᠡᠭᠲᠡᠢ᠃ ᠬᠦᠭᠵᠢᠯᠲᠡ ᠪᠠ ᠠᠮᠣᠷ ᠳᠦᠪᠰᠢᠨ ᠢ ᠨᠢᠬᠡᠳᠦᠯᠲᠡᠢ ᠲᠦᠯᠦᠪᠵᠢᠬᠦᠯᠦᠨ᠂ ᠠᠶᠤᠯᠬᠦᠢ ᠦᠢᠯᠡᠳᠪᠦᠷᠢᠯᠡᠯ ᠤᠨ ᠡᠬᠦᠷᠭᠡ ᠬᠠᠷᠢᠭᠤᠴᠠᠯᠭ᠎ᠠ ᠪᠠᠨ ᠪᠤᠲᠠᠲᠠᠶᠢᠵᠢᠭᠤᠯᠵᠤ᠂ ᠠᠶᠤᠯᠬᠦᠢ ᠦᠢᠯᠡᠳᠪᠦᠷᠢᠯᠡᠯ ᠤᠨ ᠠᠷᠭ᠎ᠠ ᠠᠪᠴᠠᠯ ᠢᠶᠠᠨ ᠨᠠᠶᠢᠲᠠᠪᠤᠷᠢᠵᠢᠭᠤᠯᠤᠨ᠂ ᠳᠠᠯᠳᠠ ᠬᠡᠮ ᠤᠨ ᠪᠠᠶᠢᠴᠠᠭᠠᠯᠲᠠ ᠪᠠᠨ ᠴᠢᠩᠭᠠᠳᠬᠠᠵᠤ᠂ ᠪᠠᠷᠢᠯᠭ᠎ᠠ ᠶᠢᠨ ᠬᠢᠨᠠᠯᠲᠠ ᠪᠠᠨ ᠴᠢᠩᠭᠠᠷᠠᠭᠤᠯᠣᠨ᠂ ᠠᠶᠤᠯᠬᠦᠢ ᠦᠢᠯᠡᠳᠪᠦᠷᠢᠯᠡᠯ ᠤᠨ ᠬᠤᠷᠢᠭ᠎ᠠ ᠱᠣᠭᠤᠮ ᠢ ᠡᠷᠡᠰ ᠪᠠᠲᠤ ᠰᠠᠬᠢᠬᠤ ᠬᠡᠷᠡᠭᠲᠡᠢ᠃ ᠠᠮᠢ ᠠᠬᠤᠢ ᠣᠷᠴᠢᠨ ᠬᠠᠮᠠᠭᠠᠯᠠᠯᠲᠠ ᠶᠢᠨ ᠡᠬᠦᠷᠭᠡ ᠬᠠᠷᠢᠭᠤᠴᠠᠯᠭ᠎ᠠ ᠪᠠᠨ ᠦᠨᠡᠨ ᠬᠦ ᠬᠦᠢᠴᠡᠳᠬᠡᠵᠦ᠂ ᠮᠡᠷᠬᠡᠵᠢᠯ ᠢᠶᠠᠨ ᠰᠢᠨᠡᠴᠢᠯᠡᠵᠦ ᠬᠠᠮᠢᠶᠠᠷᠤᠯᠲᠠ ᠪᠠᠨ ᠰᠢᠯᠢᠳᠡᠭᠵᠢᠬᠦᠯᠦᠨ᠂ ᠲᠤᠨᠤᠭ ᠳᠦᠬᠦᠬᠡᠷᠦᠮᠵᠢ ᠪᠠᠨ ᠪᠦᠷᠢᠨ ᠲᠦᠬᠦᠷᠴᠢᠯᠡᠵᠦ᠂ ᠡᠬᠢ ᠰᠣᠷᠪᠣᠯᠵᠢ ᠶᠢ ᠬᠠᠮᠤᠭ ᠶᠡᠭᠡ ᠬᠡᠮᠵᠢᠶ᠎ᠡ ᠪᠠᠷ ᠠᠷᠪᠢᠯᠠᠵᠤ ᠭᠠᠮᠨᠠᠨ᠂ ᠣᠷᠴᠢᠨ ᠲᠤᠭᠤᠷᠢᠨ ᠳᠤ ᠦᠵᠡᠬᠦᠯᠬᠦ ᠨᠦᠯᠦᠬᠡᠯᠡᠯ ᠢᠶᠠᠨ ᠪᠠᠭᠠᠰᠬᠠᠵᠤ᠂ ᠣᠷᠴᠢᠨ ᠬᠠᠮᠠᠭᠠᠯᠠᠵᠤ ᠡᠨᠧᠷᠬᠢ ᠠᠷᠪᠢᠯᠠᠨ᠂ ᠳᠣᠣᠷ᠎ᠠ ᠨᠡᠬᠦᠷᠡᠰᠦᠳᠦ᠋ᠷᠦᠭᠴᠢᠲᠦ ᠦᠨᠳᠦᠷ ᠪᠦᠲᠦᠮᠵᠢᠲᠡᠢ ᠪᠠᠷ ᠪᠠᠷᠢᠯᠭ᠎ᠠ ᠪᠠᠨ ᠪᠡᠶᠡᠯᠡᠬᠦᠯᠬᠦ ᠬᠡᠷᠡᠭᠲᠡᠢ᠃ ᠡᠯ᠎ᠡ ᠱᠠᠲᠤᠨ ᠤ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨ ᠠᠵᠤ ᠠᠬᠤᠶᠢᠯᠠᠯ ᠢ ᠬᠠᠪᠰᠣᠷᠬᠤ ᠠᠵᠢᠯᠯᠠᠭ᠎ᠠ ᠶᠢ ᠬᠦᠨᠵᠡᠬᠡᠢ ᠦᠷᠨᠢᠬᠦᠯᠦᠨ᠂ ᠠᠵᠤ ᠠᠬᠤᠶᠢᠯᠠᠯ ᠳᠤ ᠬᠦᠨᠵᠡᠬᠡᠶᠢᠷᠡᠨ ᠬᠡᠷᠡᠭᠴᠡᠭᠡ ᠱᠠᠭᠠᠷᠳᠠᠯᠭ᠎ᠠ ᠶᠢ ᠠᠰᠠᠭᠤᠨ ᠯᠠᠪᠯᠠᠵᠤ᠂ ᠪᠦᠬᠦ ᠬᠦᠴᠦᠨ ᠢᠶᠠᠷ ᠬᠦᠴᠢᠷᠳᠡᠯ ᠠᠰᠠᠭᠤᠳᠠᠯ ᠢ ᠰᠢᠢᠳᠪᠦᠷᠢᠯᠡᠨ᠂ ᠴᠢᠭᠯᠡᠯᠲᠦ ᠴᠢᠨᠠᠷᠲᠠᠢ ᠪᠠᠷ ᠠᠵᠢᠯ ᠢᠶᠠᠨ ᠦᠷᠨᠢᠬᠦᠯᠵᠦ᠂ ᠲᠦᠷᠦᠯ ᠵᠦᠢᠯ ᠢ ᠡᠷᠲᠡᠬᠡᠨ ᠪᠠᠶᠢᠭᠤᠯᠵᠤ᠂ ᠡᠷᠲᠡᠬᠡᠨ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠬᠡᠪᠡ᠃
2.jpg
     ᠴᠠᠩ ᠴᠧᠩ ᠭᠤᠷᠪᠠᠳᠣᠭᠠᠷ ᠨᠣᠮᠧᠷᠲᠤ ᠨᠡᠬᠦᠷᠡᠰᠦᠨ ᠠᠭᠤᠷᠬᠠᠢ ᠳᠤ ᠠᠶᠤᠯᠬᠦᠢ ᠦᠢᠯᠡᠳᠪᠦᠷᠢᠯᠡᠯ ᠢ ᠠᠵᠢᠯ ᠢ ᠬᠢᠨᠠᠨ ᠵᠢᠯᠤᠭᠤᠳᠴᠤ᠂ ᠠᠵᠤ ᠠᠬᠤᠶᠢᠯᠠᠯ ᠤᠨ ᠠᠵᠢᠯᠯᠠᠮᠵᠢ ᠵᠡᠷᠭᠡ ᠪᠠᠶᠢᠳᠠᠯ ᠢ ᠣᠶᠢᠯᠠᠭᠠᠪᠠ᠃     ᠬᠤᠰᠢᠭᠤ ᠣᠳᠣᠷᠢᠳᠣᠯᠭ᠎ᠠ ᠹᠦ᠋ ᠺᠧ᠂ ᠭᠤᠤ ᠢᠦᠢ᠂ ᠳ᠋ᠣᠸᠡᠨ ᡁᠢ ᠴᠢᠶᠠᠩ᠂ ᠵᠠᠩ ᡁᠢ ᠶᠦᠩ᠂ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠣᠳᠣᠷᠢᠳᠣᠯᠭ᠎ᠠ ᠯᠢ ᠷᠦᠢ ᠵᠢᠴᠢ ᠱᠠᠩᠬᠠᠢ ᠶᠢᠨ ᠰᠦᠮ᠎ᠡ ᠪᠠᠯᠭᠠᠰᠣ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠣᠷᠣᠯᠴᠠᠪᠠ᠃
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ