ᠸᠠᠩ ᠢᠦᠢ ᠴᠢᠶᠠᠩ ᠭᠠᠯ ᠰᠡᠷᠭᠡᠶᠢᠯᠡᠭᠦ ᠠᠮᠣᠷ ᠲᠦᠪᠰᠢᠨ ᠤ ᠠᠵᠢᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2025/4/15
     4 ᠰᠠᠷ᠎ᠠ 14 ᠤ ᠡᠳᠦᠷ ᠬᠤᠰᠢᠭᠤ ᠨᠠᠮ ᠤᠨ ᠬᠤᠷᠢᠶ᠎ᠠ ᠶᠢᠨ ᠱᠦᠵᠢ ᠸᠠᠩ ᠢᠦᠢ ᠴᠢᠶᠠᠩ ᠬᠡᠳᠦ ᠲᠡᠯᠭᠡᠭᠦᠷ᠂ ᠪᠠᠭᠤᠳᠠᠯ᠂ ᠨᠠᠰᠣᠳᠠᠨ ᠢ ᠠᠰᠠᠷᠠᠬᠤ ᠬᠦᠷᠢᠶᠡᠯᠡᠩ᠂ ᠡᠮᠨᠡᠯᠭᠡ ᠶᠢᠨ ᠬᠤᠷᠢᠶ᠎ᠠ᠂ ᠰᠣᠶᠣᠯ ᠴᠡᠩᠬᠡᠭᠦᠨ ᠤ ᠲᠠᠯᠠᠪᠣᠷ ᠵᠡᠷᠭᠡ ᠭᠠᠵᠠᠷ ᠢᠶᠠᠷ ᠭᠦᠨᠵᠡᠭᠡᠶᠢᠷᠡᠨ ᠭᠠᠯ ᠰᠡᠷᠭᠡᠶᠢᠯᠡᠭᠦ ᠠᠮᠣᠷ ᠲᠦᠪᠰᠢᠨ ᠤ ᠠᠵᠢᠯ ᠢ ᠪᠠᠶᠢᠴᠠᠭᠠᠨ ᠵᠢᠯᠣᠭᠤᠳᠪᠠ᠃
1.png
     △ ᠨᠠᠰᠣᠳᠠᠨ ᠢ ᠠᠰᠠᠷᠠᠬᠤ ᠬᠦᠷᠢᠶᠡᠯᠡᠩ ᠳᠤ ᠭᠠᠯ ᠰᠡᠷᠬᠡᠶᠢᠯᠡᠭᠦ ᠠᠮᠣᠷ ᠲᠦᠪᠰᠢᠨ ᠤ ᠲᠦᠬᠦᠭᠡᠷᠣᠮᠵᠢ ᠶᠢᠨ ᠣᠭᠰᠠᠷᠠᠯᠳᠠ ᠬᠡᠷᠡᠭᠯᠡᠯᠳᠡ ᠵᠡᠷᠭᠡ ᠪᠠᠶᠢᠳᠠᠯ ᠢ ᠪᠠᠶᠢᠴᠠᠭᠠᠪᠠ
2.jpg
     △ ᠪᠠᠭᠤᠳᠠᠯ ᠤᠨ ᠭᠠᠯ ᠰᠡᠷᠬᠡᠶᠢᠯᠡᠭᠦ ᠠᠮᠣᠷ ᠲᠦᠪᠰᠢᠨ ᠤ ᠵᠢᠵᠢᠭᠦᠷᠯᠡᠯ ᠤᠨ ᠪᠠᠶᠢᠳᠠᠯ ᠢ ᠪᠠᠶᠢᠴᠠᠭᠠᠪᠠ
3.jpg
     △ ᠰᠣᠶᠣᠯ ᠴᠡᠩᠬᠡᠭᠦᠨ ᠤ ᠲᠠᠯᠠᠪᠣᠷ ᠢᠶᠠᠷ ᠭᠠᠯ ᠰᠡᠷᠬᠡᠶᠢᠯᠡᠭᠦ ᠠᠮᠣᠷ ᠲᠦᠪᠰᠢᠨ ᠤ ᠲᠦᠬᠦᠭᠡᠷᠣᠮᠵᠢ ᠶᠢᠨ ᠪᠠᠶᠢᠳᠠᠯ ᠢ ᠪᠠᠶᠢᠴᠠᠭᠠᠪᠠ     ᠸᠠᠩ ᠢᠦᠢ ᠴᠢᠶᠠᠩ᠂ ᠪᠠᠶᠢᠴᠠᠭᠠᠯᠳᠠ ᠲᠣᠮᠳᠠ ᠭᠠᠯ ᠣᠨᠳᠠᠷᠠᠭᠠᠬᠤ ᠪᠣᠯᠣᠨ ᠰᠡᠷᠡᠮᠵᠢ ᠶᠢᠨ ᠰᠢᠰᠲ᠋ᠧᠮ ᠤᠨ ᠣᠭᠰᠠᠷᠠᠯᠳᠠ ᠬᠡᠷᠡᠭᠯᠡᠯᠳᠡ᠂ ᠵᠢᠵᠢᠭᠦᠷᠯᠡᠯᠳᠡ᠂ ᠪᠠᠴᠢᠮ ᠢ ᠠᠷᠭᠠᠴᠠᠬᠤ ᠲᠠᠷᠬᠠᠭᠠᠨ ᠵᠠᠶᠢᠯᠠᠭᠤᠯᠣᠯᠳᠠ ᠵᠡᠷᠭᠡ ᠪᠠᠶᠢᠳᠠᠯ ᠢ ᠪᠠᠶᠢᠴᠠᠭᠠᠨ᠂ ᠭᠠᠯ ᠰᠡᠷᠭᠡᠶᠢᠯᠡᠭᠦ ᠠᠵᠢᠯᠯᠠᠮᠵᠢ ᠬᠠᠮᠢᠶᠠᠷᠣᠯᠳᠠ᠂ ᠪᠣᠯᠪᠠᠰᠣᠷᠠᠯ ᠰᠣᠷᠢᠯᠳᠠ᠂ ᠠᠮᠣᠷ ᠲᠦᠪᠰᠢᠨ ᠤ ᠲᠠᠯᠳᠠ ᠭᠡᠮ ᠤᠨ ᠪᠠᠶᠢᠴᠠᠭᠠᠯᠳᠠ ᠴᠡᠭᠴᠡᠯᠡᠯᠳᠡ ᠵᠡᠷᠭᠡ ᠶᠢᠨ ᠨᠠᠶᠢᠳᠠᠪᠦᠷᠢᠵᠢᠭᠤᠯᠣᠯᠳᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠭᠠᠯ ᠰᠡᠷᠬᠡᠶᠢᠯᠡᠭᠦ ᠣᠬᠠᠮᠰᠠᠷ ᠢᠶᠠᠨ ᠴᠢᠩᠭᠠᠷᠠᠭᠤᠯᠣᠨ᠂ ︽ᠣᠨᠣᠯ + ᠦᠢᠯᠡᠳᠦᠯᠭᠡ︾ ᠶᠢᠨ ᠣᠶᠠᠯᠳᠣᠯ ᠢ ᠪᠠᠷᠢᠮᠳᠠᠯᠠᠵᠣ᠂ ᠪᠦᠬᠦ ᠬᠤᠰᠢᠭᠤᠨ ᠤ ᠬᠡᠪᠴᠢᠶᠡᠨ ᠳᠤ ᠠᠵᠢᠯ ᠡᠷᠬᠢᠯᠡᠭᠰᠡᠳ ᠤᠨ ᠮᠡᠷᠭᠡᠵᠢᠯ ᠤᠨ ᠴᠢᠨᠠᠷᠳᠠᠢ ᠪᠣᠯᠪᠠᠰᠣᠷᠠᠯ ᠢ ᠵᠣᠬᠢᠶᠠᠨ ᠪᠠᠶᠢᠭᠤᠯᠵᠣ᠂ ᠭᠠᠯ ᠰᠡᠷᠭᠡᠶᠢᠯᠡᠭᠦ ᠠᠮᠣᠷ ᠲᠦᠪᠰᠢᠨ ᠤ ︽ᠲᠦᠷᠪᠡᠨ ᠴᠢᠳᠠᠪᠬᠢ︾ ᠶᠢᠨ ᠪᠠᠶᠢᠭᠤᠯᠣᠯᠳᠠ ᠶᠢ ᠪᠦᠬᠦ ᠲᠠᠯ᠎ᠠ ᠪᠠᠷ ᠲᠡᠭᠡᠭᠰᠢᠯᠡᠭᠦᠯᠬᠦ ᠬᠡᠷᠡᠭᠳᠡᠢ᠃ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠳᠬᠠᠨ᠂ ᠭᠠᠯ ᠣᠨᠳᠠᠷᠠᠭᠠᠬᠤ᠂ ᠪᠠᠴᠢᠮ ᠢ ᠠᠷᠭᠠᠴᠠᠬᠤ᠂ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠣᠯᠳᠠ ᠵᠡᠷᠭᠡ ᠰᠠᠯᠠᠭ᠎ᠠ ᠮᠦᠴᠢᠷ ᠤᠨ ᠵᠣᠬᠢᠴᠠᠩᠭᠤᠢ ᠬᠠᠮᠳᠣᠷᠠᠯᠴᠠᠭ᠎ᠠ ᠶᠢ ᠴᠢᠩᠭᠠᠳᠬᠠᠵᠣ᠂ ᠣᠯᠠᠨ ᠨᠡᠶᠢᠳᠡ ᠶᠢᠨ ᠲᠠᠯᠠᠪᠣᠷ ᠣᠨᠴᠠᠭᠠᠶᠢᠯᠠᠨ ᠬᠤᠳᠠᠯᠳᠣᠭᠠᠨ ᠤ ᠲᠠᠯᠠᠪᠣᠷ᠂ ᠰᠣᠷᠭᠠᠭᠤᠯᠢ᠂ ᠡᠮᠨᠡᠯᠭᠡ ᠶᠢᠨ ᠬᠤᠷᠢᠶ᠎ᠠ᠂ ᠪᠠᠭᠤᠳᠠᠯ᠂ ᠨᠠᠰᠣᠳᠠᠨ ᠢ ᠠᠰᠠᠷᠠᠬᠤ ᠬᠦᠷᠢᠶᠡᠯᠡᠩ ᠵᠡᠷᠭᠡ ᠬᠦᠮᠦᠨ ᠲᠦᠪᠯᠡᠷᠡᠭᠰᠡᠨ ᠲᠠᠯᠠᠪᠣᠷ ᠲᠤ ᠴᠢᠩᠭ᠎ᠠ ᠪᠠᠶᠢᠴᠠᠭᠠᠯᠳᠠ ᠦᠷᠨᠢᠭᠦᠯᠵᠣ᠂ ᠢᠯᠡᠷᠡᠭᠦᠯᠦᠭᠰᠡᠨ ᠠᠰᠠᠭᠤᠳᠠᠯ ᠤᠨ ᠲᠠᠯᠳᠠ ᠭᠡᠮ ᠢ ᠲᠠᠷᠣᠶᠢᠬᠠᠨ ᠴᠡᠭᠴᠡᠯᠡᠨ᠂ ᠨᠠᠶᠢᠳᠠᠪᠦᠷᠢᠵᠢᠭᠤᠯᠣᠯᠳᠠ ᠶᠢ ᠪᠣᠳᠠᠳᠠᠶᠢᠵᠢᠭᠤᠯᠬᠤ ᠬᠡᠷᠡᠭᠳᠡᠢ᠃ ᠭᠠᠯ ᠰᠡᠷᠭᠡᠶᠢᠯᠡᠭᠦ ᠮᠡᠳᠡᠯᠭᠡ ᠶᠢ ᠲᠦᠭᠡᠮᠡᠯᠵᠢᠭᠦᠯᠣᠨ᠂ ᠣᠬᠠᠭᠤᠯᠭ᠎ᠠ ᠬᠦᠮᠦᠵᠢᠯ ᠢᠶᠠᠨ ᠴᠢᠩᠭᠠᠳᠬᠠᠵᠣ᠂ ᠭᠠᠯ ᠰᠡᠷᠭᠡᠶᠢᠯᠡᠭᠦ ᠠᠮᠣᠷ ᠲᠦᠪᠰᠢᠨ ᠤ ᠬᠠᠮᠢᠶᠠᠷᠣᠯᠳᠠ᠂ ᠭᠠᠯ ᠣᠨᠳᠠᠷᠠᠭᠠᠬᠤ ᠲᠦᠬᠦᠭᠡᠷᠣᠮᠵᠢ ᠵᠢᠴᠢ ᠪᠠᠭᠠᠵᠢ ᠬᠡᠷᠡᠭᠰᠡᠯ ᠤᠨ ᠬᠡᠷᠡᠭᠯᠡᠯᠳᠡ ᠵᠡᠷᠭᠡ ᠳᠤ ᠭᠤᠣᠯᠳᠠᠯᠭ᠎ᠠ ᠲᠠᠢ ᠴᠢᠭᠯᠡᠭᠦᠯᠵᠣ᠂ ᠪᠣᠳᠠᠳᠠᠢ ᠬᠡᠷᠡᠭᠯᠡᠯᠳᠡ᠂ ᠪᠠᠴᠢᠮ ᠢ ᠠᠷᠭᠠᠴᠠᠬᠤ ᠰᠣᠷᠢᠯᠳᠠ ᠵᠡᠷᠭᠡ ᠠᠷᠭ᠎ᠠ ᠪᠠᠷ ᠲᠠᠮᠵᠢᠭᠤᠯᠣᠨ᠂ ᠭᠠᠯ ᠰᠡᠷᠭᠡᠶᠢᠯᠡᠭᠦ ᠠᠮᠣᠷ ᠲᠦᠪᠰᠢᠨ ᠤ ᠠᠵᠢᠯ ᠤᠨ ᠪᠠᠷᠢᠮᠵᠢᠶᠠᠴᠢᠯᠠᠯᠳᠠ᠂ ᠪᠠᠶᠢᠩᠭᠤᠵᠢᠯᠠᠯᠳᠠ ᠶᠢ ᠠᠬᠢᠭᠤᠯᠵᠣ᠂ ᠠᠮᠣᠷ ᠲᠦᠪᠰᠢᠨ ᠤ ᠬᠤᠷᠢᠭ᠎ᠠ ᠱᠣᠭᠤᠮ ᠢ ᠦᠨᠡᠨᠬᠦ ᠪᠠᠳᠦ ᠰᠠᠬᠢᠬᠤ ᠬᠡᠷᠡᠭᠳᠡᠢ ᠭᠡᠪᠡ᠃     ᠬᠤᠰᠢᠭᠤ ᠣᠳᠣᠷᠢᠳᠣᠯᠭ᠎ᠠ ᠭᠤᠣ ᠢᠦᠢ᠂ ᠹᠡᠩ ᠴᠦᠨ ᠬᠤᠸᠠ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠣᠷᠣᠯᠴᠠᠪᠠ᠃
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ