ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠪᠦᠷᠢᠨᠰᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ | ︵2025 ᠣᠨ ᠤ 3 ᠰᠠᠷ᠎ᠠ ᠶᠢᠨ 21 ᠤ ᠡᠳᠦᠷ︶ | ᠨᠡᠶᠢᠭᠡᠮ ᠤᠨ ᠢᠲᠡᠭᠡᠮᠵᠢ ᠶᠢᠨ ᠳᠦᠷᠢᠮ ᠪᠣᠯ ᠵᠠᠬ᠎ᠠ ᠳᠡᠯᠭᠡᠭᠦᠷ ᠤᠨ ᠠᠵᠤ ᠠᠬᠤᠢ ᠶᠢᠨ ᠰᠠᠭᠤᠷᠢ ᠪᠤᠯᠬᠤ ᠳᠦᠷᠢᠮ ᠮᠥᠨ᠃ ᠨᠡᠶᠢᠭᠡᠮ ᠤᠨ ᠢᠲᠡᠭᠡᠮᠵᠢ ᠶᠢᠨ | ᠰᠢᠰᠲ᠋ᠧᠮ ᠢ ᠪᠦᠷᠢᠨᠰᠢᠭᠦᠯᠬᠦ ᠶᠢᠨ ᠲᠥᠯᠥᠭᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ | ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠤᠯᠭᠠᠬᠤ ᠶᠢ ᠪᠠᠷᠢᠮᠲᠠᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ᠂ | ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ | ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ | ᠪᠦᠲᠦᠨ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ ᠵᠠᠰᠠᠭ ᠤᠨ ᠣᠷᠳᠣᠨ ᠬᠥᠲᠥᠯᠥᠨ ᠵᠢᠯᠤᠭᠤᠳᠬᠤ᠂ ᠵᠠᠬ᠎ᠠ ᠳᠡᠯᠭᠡᠭᠦᠷ ᠢᠶᠠᠷ ᠬᠥᠳᠡᠯᠭᠡᠭᠦᠷ ᠪᠤᠯᠭᠠᠬᠤ᠂ | ᠪᠦᠭᠦ ᠨᠡᠶᠢᠭᠡᠮ ᠢᠶᠠᠷ ᠢᠶᠠᠨ ᠬᠠᠮᠲᠤ ᠪᠠᠷ ᠪᠠᠶᠢᠭᠤᠯᠬᠤ ᠶᠢ ᠪᠠᠷᠢᠮᠲᠠᠯᠠᠨ᠂ ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠤᠯᠬᠤ ᠶᠢ ᠪᠠᠷᠢᠮᠲᠠᠯᠠᠨ᠂ ᠣᠯᠠᠨ ᠨᠡᠶᠢᠲᠡ ᠶᠢᠨ | ᠢᠲᠡᠭᠡᠮᠵᠢ ᠶᠢᠨ ᠮᠡᠳᠡᠭᠡ ᠵᠠᠩᠭᠢ ᠪᠠ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠷᠢᠯᠴᠠᠨ ᠠᠭᠤᠰᠤᠯᠴᠠᠭᠤᠯᠬᠤ ᠶᠢ ᠪᠠᠷᠢᠮᠲᠠᠯᠠᠨ᠂ ᠢᠲᠡᠭᠡᠮᠵᠢ ᠶᠢᠨ | ᠲᠤᠬᠠᠢ ᠱᠠᠩᠨᠠᠵᠤ ᠲᠣᠷᠭᠠᠬᠤ ᠶᠢ ᠵᠦᠢ ᠵᠣᠬᠢᠰᠲᠠᠢ ᠬᠠᠤᠯᠢ ᠶᠣᠰᠣᠨ ᠳᠤ ᠨᠡᠶᠢᠴᠡᠭᠦᠯᠬᠦ ᠶᠢ ᠪᠠᠷᠢᠮᠲᠠᠯᠠᠨ᠂ ᠡᠯ᠎ᠡ ᠲᠥᠷᠥᠯ ᠤᠨ ᠭᠤᠣᠯ ᠴᠣᠭᠴᠠ ᠶᠢ ᠬᠠᠮᠤᠷᠤᠭᠰᠠᠨ᠂ | ᠳᠦᠷᠢᠮ ᠵᠠᠷᠴᠢᠮ ᠨᠢᠭᠡᠳᠦᠯᠲᠡᠢ᠂ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠬᠠᠮᠲᠤ ᠪᠠᠷ ᠬᠡᠷᠡᠭᠯᠡᠬᠦ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠪᠠᠶᠢᠭᠤᠯᠵᠤ᠂ | ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠬᠢᠭᠡᠳ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠲᠠᠯ᠎ᠠ ᠡᠯ᠎ᠡ ᠭᠤᠭᠴᠤᠭ᠎ᠠ ᠶᠢᠨ ᠭᠦᠨᠵᠡᠭᠡᠢ ᠠᠭᠤᠰᠤᠯᠴᠠᠯ ᠢ | ᠠᠬᠢᠭᠤᠯᠵᠤ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠲᠦᠷᠭᠡᠨ ᠪᠠᠶᠢᠭᠤᠯᠬᠤ᠂ ᠲᠥᠪ ᠭᠤᠣᠯᠴᠢ ᠡᠮᠬᠢ ᠵᠢᠷᠤᠮ ᠲᠠᠢ ᠥᠷᠢᠰᠦᠯᠳᠦᠭᠡᠨ ᠤ ᠵᠠᠬ᠎ᠠ | ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ | ᠬᠤᠶᠠᠷ᠂ ᠡᠯ᠎ᠡ ᠲᠥᠷᠥᠯ ᠤᠨ ᠭᠤᠣᠯ ᠴᠣᠭᠴᠠ ᠶᠢ ᠬᠠᠮᠤᠷᠤᠭᠰᠠᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠪᠠᠶᠢᠭᠤᠯᠤᠨ᠎ᠠ | ︵ᠨᠢᠭᠡ︶ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ ᠵᠠᠰᠠᠭ ᠤᠨ ᠣᠷᠳᠣᠨ ᠤ ᠦᠨᠡᠨᠴᠢ ᠢᠲᠡᠭᠡᠮᠵᠢ ᠲᠠᠢ ᠪᠠᠷ | ᠠᠮᠠᠯᠳᠠᠭᠰᠠᠨ ᠢᠶᠠᠨ ᠭᠦᠢᠴᠡᠳᠬᠡᠬᠦ ᠲᠣᠭᠲᠠᠴᠠ ᠶᠢ ᠪᠦᠷᠢᠨᠰᠢᠭᠦᠯᠵᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢ ᠦᠨᠡᠯᠡᠬᠦ ᠶᠢ ᠥᠷᠨᠢᠭᠦᠯᠦᠨ᠂ ᠵᠠᠰᠠᠭ ᠤᠨ | ᠣᠷᠳᠣᠨ ᠤ ᠢᠲᠡᠭᠡᠮᠵᠢ ᠠᠯᠳᠠᠭᠰᠠᠨ ᠦᠶ᠋ᠯᠡ ᠠᠵᠢᠯᠯᠠᠭ᠎ᠠ ᠶᠢ ᠬᠢᠨᠠᠨ ᠲᠣᠭᠲᠠᠭᠠᠬᠤ ᠪᠠᠷᠢᠮᠵᠢᠶ᠎ᠠ ᠪᠠ ᠢᠲᠡᠭᠡᠮᠵᠢ ᠠᠯᠳᠠᠭᠰᠠᠨ ᠢ ᠵᠠᠯᠬᠠᠭᠠᠨ ᠴᠡᠭᠡᠷᠯᠡᠭᠦᠯᠬᠦ ᠠᠷᠭ᠎ᠠ | ᠬᠡᠮᠵᠢᠶ᠎ᠡ ᠶᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠵᠢᠴᠢ ᠰᠠᠯᠠᠭ᠎ᠠ ᠮᠥᠴᠢᠷ ︵ᠬᠠᠷᠢᠶ᠎ᠠ ᠨᠢᠭᠡᠴᠢ ᠪᠠᠭᠲᠠᠨ᠎ᠠ︶ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠵᠠᠰᠠᠭ ᠤᠨ ᠣᠷᠳᠣᠨ ᠬᠢᠭᠡᠳ | ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ᠂ ᠠᠵᠤ ᠦᠢᠯᠡᠰ ᠢᠶᠠᠷ ᠲᠡᠳᠬᠦᠨ ᠳᠡᠮᠵᠢᠬᠦ᠂ ᠪᠡᠯᠡ ᠣᠷᠣᠭᠤᠯᠵᠤ ᠪᠡᠯᠡ ᠬᠤᠷᠠᠮᠳᠤᠭᠤᠯᠬᠤ᠂ ᠠᠵᠤ ᠠᠬᠤᠶᠢᠯᠠᠯ ᠳᠤ | ᠬᠤᠯᠪᠣᠭᠳᠠᠭᠰᠠᠨ ᠰᠦᠢᠳᠬᠡᠯ ᠬᠤᠷᠢᠶᠠᠬᠤ ᠵᠡᠷᠭᠡ ᠬᠦᠷᠢᠶ᠎ᠡ ᠴᠠᠷᠠᠭ᠎ᠠ ᠳᠤ ᠢᠲᠡᠭᠡᠮᠵᠢ ᠠᠯᠳᠠᠭᠰᠠᠨ ᠦᠶ᠋ᠯᠡ ᠠᠵᠢᠯᠯᠠᠭ᠎ᠠ ᠡᠭᠦᠰᠦᠭᠰᠡᠨ ᠪᠠᠶᠢᠪᠠᠯ᠂ ᠲᠣᠭᠲᠠᠭᠠᠯ | ᠶᠣᠰᠣᠭᠠᠷ ᠲᠡᠭᠦᠨ ᠢ ᠢᠲᠡᠭᠡᠮᠵᠢ ᠶᠢᠨ ᠲᠡᠮᠳᠡᠭᠯᠡᠯ ᠳᠤ ᠣᠷᠣᠭᠤᠯᠵᠤ᠂ ᠲᠡᠭᠦᠨ ᠤ ᠡᠯ᠎ᠡ ᠲᠥᠷᠥᠯ ᠤᠨ ᠡᠳ᠋ ᠤᠨ ᠵᠠᠰᠠᠭ ᠤᠨ ᠴᠢᠨᠠᠷᠲᠠᠢ ᠪᠡᠯᠡ ᠮᠥᠩᠭᠦ ᠪᠠ ᠲᠥᠷᠥᠯ | ᠵᠦᠢᠯ ᠭᠤᠶᠤᠴᠢᠯᠠᠬᠤ᠂ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠭᠦ᠂ ᠲᠡᠷᠢᠭᠦᠨ ᠤ ᠪᠠ ᠰᠢᠯᠢᠳᠡᠭ ᠢ ᠰᠢᠯᠭᠠᠷᠠᠭᠤᠯᠬᠤ ᠳᠤ ᠣᠷᠤᠯᠴᠠᠬᠤ ᠶᠢ ᠬᠢᠵᠠᠭᠠᠷᠯᠠᠨ᠎ᠠ᠃ | ᠠᠵᠢᠯ ᠦᠢᠯᠡᠰ ᠤᠨ ᠨᠢᠭᠡᠴᠢ ᠶᠢᠨ ᠬᠡᠪ ᠤᠨ ᠪᠤᠰᠤ ᠪᠠᠶᠢᠳᠠᠯ ᠤᠨ ᠨᠡᠷᠡᠰ ᠤᠨ ᠦᠢᠯᠡᠳᠦᠯ ᠢ ᠪᠦᠲᠦᠮᠵᠢᠲᠡᠶ ᠪᠠᠳᠠᠷᠠᠭᠤᠯᠵᠤ᠂ ᠠᠵᠢᠯ ᠦᠢᠯᠡᠰ ᠤᠨ ᠨᠢᠭᠡᠴᠢ ᠶᠢᠨ | ᠦᠨᠡᠨᠴᠢ ᠢᠲᠡᠭᠡᠮᠵᠢ ᠲᠠᠢ ᠪᠠᠷ ᠥᠪᠡᠷ ᠢ ᠪᠠᠨ ᠱᠠᠭᠠᠷᠳᠠᠬᠤ ᠲᠦᠪᠰᠢᠨ ᠢ ᠳᠡᠭᠡᠭᠰᠢᠯᠡᠭᠦᠯᠦᠨ᠎ᠡ᠃ ᠠᠯᠪᠠᠨ ᠲᠤᠰᠢᠶᠠᠯᠲᠠᠨ ᠤ ᠦᠨᠡᠨᠴᠢ ᠢᠲᠡᠭᠡᠮᠵᠢ ᠶᠢᠨ ᠬᠠᠮᠢᠶᠠᠷᠤᠯᠲᠠ | ᠪᠠ ᠬᠥᠮᠦᠵᠢᠯ ᠢ ᠴᠢᠩᠭᠠᠳᠬᠠᠨ᠎ᠠ᠃ | ︵ᠬᠤᠶᠠᠷ︶ ᠡᠵᠡᠩᠨᠡᠯᠲᠡ ᠶᠢᠨ ᠭᠤᠣᠯ ᠴᠣᠭᠴᠠ ᠶᠢᠨ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠡᠵᠡᠩᠨᠡᠯᠲᠡ ᠶᠢᠨ ᠭᠤᠣᠯ ᠴᠣᠭᠴᠠ ᠶᠢᠨ | ᠢᠲᠡᠭᠡᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠲᠣᠭᠲᠠᠭᠠᠯ ᠳᠤ ᠨᠡᠶᠢᠴᠡᠭᠰᠡᠨ ᠡᠵᠡᠩᠨᠡᠯᠲᠡ ᠶᠢᠨ ᠳᠦᠷᠢᠮ ᠢᠶᠠᠨ | ᠲᠡᠭᠦᠯᠳᠡᠷᠵᠢᠭᠦᠯᠬᠦ᠂ ᠢᠲᠡᠭᠡᠮᠵᠢ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠳᠠᠮᠵᠢᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠦᠨᠡᠨᠴᠢ | ᠢᠲᠡᠭᠡᠮᠵᠢ ᠲᠠᠢ ᠪᠠᠷ ᠡᠵᠡᠩᠨᠡᠬᠦ᠂ ᠢᠲᠡᠭᠡᠮᠵᠢ ᠪᠠᠨ ᠰᠠᠬᠢᠵᠤ ᠠᠮᠠᠯᠠᠯᠲᠠ ᠪᠠᠨ ᠦᠢᠯᠡᠳᠦᠯᠭᠡᠵᠢᠭᠦᠯᠬᠦ ᠶᠢ ᠬᠥᠲᠥᠯᠥᠨ ᠵᠢᠯᠣᠭᠤᠳᠤᠨ᠎ᠠ᠃ ᠣᠯᠠᠨ ᠨᠡᠶᠢᠲᠡ ᠶᠢᠨ | ᠢᠲᠡᠭᠡᠮᠵᠢ ᠶᠢᠨ ᠶᠡᠷᠦᠩᠬᠡᠶᠢᠯᠡᠨ ᠦᠨᠡᠯᠡᠬᠦ ᠪᠠᠷ ᠰᠠᠭᠤᠷᠢ ᠪᠤᠯᠭᠠᠵᠤ᠂ ᠠᠵᠤ ᠠᠬᠤᠶᠢᠯᠠᠯ ᠤᠨ ᠢᠲᠡᠭᠡᠮᠵᠢ ᠶᠢᠨ ᠪᠠᠶᠢᠳᠠᠯ ᠢ ᠶᠡᠷᠦᠩᠬᠡᠶᠢᠯᠡᠨ ᠦᠨᠡᠯᠡᠬᠦ ᠰᠢᠰᠲ᠋ᠧᠮ ᠢ | ᠪᠠᠶᠢᠭᠤᠯᠤᠨ᠎ᠠ᠃ ᠨᠢᠭᠤᠴᠠ ᠪᠠ ᠠᠮᠠᠷᠬᠠᠨ ᠶᠠᠷᠢᠶ᠎ᠠ ᠬᠡᠯᠡᠯᠴᠡᠭᠡᠨ ᠤ ᠠᠰᠠᠭᠤᠳᠠᠯ ᠢ ᠡᠭᠦᠰᠬᠡᠵᠦ ᠮᠡᠳᠡᠬᠦ ᠮᠡᠳᠡᠭᠡ ᠵᠠᠩᠭᠢ ᠶᠢᠨ ᠠᠮᠤᠷ ᠲᠦᠪᠰᠢᠨ ᠢ ᠪᠠᠲᠤᠯᠠᠬᠤ ᠤᠷᠢᠲᠠᠯ | ᠳᠣᠣᠷ᠎ᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠢᠲᠡᠭᠡᠮᠵᠢ ᠶᠢᠨ ᠪᠠᠶᠢᠳᠠᠯ ᠢ ᠨᠡᠶᠢᠲᠡᠯᠡᠬᠦ ᠶᠢ ᠴᠢᠩᠭᠠᠳᠬᠠᠨ᠎ᠠ᠃ ᠡᠵᠡᠩᠨᠡᠯᠲᠡ ᠶᠢᠨ ᠭᠤᠣᠯ | ᠴᠣᠭᠴᠠ ᠶᠢᠨ ᠰᠠᠨᠠᠭᠠᠴᠢᠯᠠᠭ᠎ᠠ ᠠᠴᠠ ᠪᠠᠨ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠢᠲᠡᠭᠡᠮᠵᠢ ᠶᠢᠨ ᠮᠡᠳᠡᠭᠡ ᠵᠠᠩᠭᠢ ᠬᠠᠩᠭᠠᠬᠤ ᠶᠢ ᠵᠣᠷᠢᠭᠵᠢᠭᠤᠯᠵᠤ᠂ | ᠢᠲᠡᠭᠡᠮᠵᠢ ᠶᠢᠨ ᠲᠡᠮᠳᠡᠭᠯᠡᠯ ᠢ ᠲᠠᠰᠤᠷᠠᠯᠲᠠ ᠦᠭᠡᠢ ᠪᠦᠷᠢᠨᠰᠢᠭᠦᠯᠦᠨ᠎ᠡ᠃ | ︵ᠭᠤᠷᠪᠠ︶ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠢᠲᠡᠭᠡᠮᠵᠢ ᠶᠢᠨ ᠪᠠᠶᠢᠭᠤᠯᠤᠯᠲᠠ ᠶᠢ ᠲᠦᠷᠭᠡᠳᠬᠡᠨ᠎ᠡ᠃ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ᠂ ᠬᠠᠮᠲᠤ ᠪᠠᠷ ᠡᠳ᠋ᠯᠡᠬᠦ᠂ ᠢᠯᠡ ᠪᠤᠯᠭᠠᠬᠤ ᠶᠢ ᠴᠢᠩᠭᠠᠳᠬᠠᠵᠤ᠂ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠨᠡᠨᠴᠢ ᠢᠲᠡᠭᠡᠮᠵᠢ ᠲᠠᠢ ᠪᠠᠷ | ᠥᠪᠡᠷ ᠢ ᠪᠠᠨ ᠱᠠᠭᠠᠷᠳᠠᠬᠤ ᠶᠢ ᠬᠥᠲᠥᠯᠥᠨ ᠵᠢᠯᠤᠭᠤᠳᠴᠤ᠂ ᠳᠣᠲᠣᠭᠠᠳᠤ ᠶᠢᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠠᠵᠢᠯ ᠲᠥᠷᠥᠯ ᠤᠨ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠪᠣᠯᠣᠨ ᠲᠤᠬᠠᠶᠢᠯᠠᠭᠰᠠᠨ ᠠᠵᠢᠯ ᠤᠨ ᠭᠤᠣᠯᠯᠠᠨ ᠬᠠᠮᠢᠶᠠᠷᠬᠤ ᠨᠢᠭᠡᠴᠢ ᠨᠦᠭᠦᠳ ᠠᠵᠢᠯ ᠲᠥᠷᠥᠯ ᠤᠨ ᠨᠡᠶᠢᠭᠡᠮᠯᠢᠭ | ᠬᠤᠳᠠᠯᠳᠤᠭᠠᠴᠢᠳ ᠤᠨ ᠡᠪᠯᠡᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠠᠬᠢᠭᠤᠯᠵᠤ᠂ ᠠᠵᠢᠯ ᠲᠥᠷᠥᠯ ᠤᠨ ᠨᠡᠶᠢᠭᠡᠮᠯᠢᠭ | ᠬᠤᠳᠠᠯᠳᠤᠭᠠᠴᠢᠳ ᠤᠨ ᠡᠪᠯᠡᠯ ᠤᠨ ᠬᠠᠤᠯᠢ ᠲᠣᠭᠲᠠᠭᠠᠯ ᠶᠣᠰᠣᠭᠠᠷ ᠢᠲᠡᠭᠡᠮᠵᠢ ᠶᠢᠨ ᠦᠨᠡᠯᠡᠯᠲᠡ ᠬᠢᠬᠦ ᠵᠡᠷᠭᠡ ᠠᠵᠢᠯᠯᠠᠭ᠎ᠠ ᠥᠷᠨᠢᠭᠦᠯᠬᠦ ᠶᠢ ᠵᠢᠯᠤᠭᠤᠳᠴᠤ᠂ | ᠲᠡᠭᠦᠨ ᠤ ᠪᠦᠷᠢᠯᠳᠦᠭᠦᠨ ᠤ ᠦᠶ᠋ᠯᠡ ᠠᠵᠢᠯᠯᠠᠭ᠎ᠠ ᠶᠢ ᠬᠥᠲᠥᠯᠥᠨ ᠵᠢᠯᠤᠭᠤᠳᠬᠤ᠂ ᠳᠦᠷᠢᠮ ᠢᠶᠠᠷ ᠬᠢᠵᠠᠭᠠᠷᠯᠠᠬᠤ᠂ ᠡᠷᠬᠡ ᠠᠰᠢᠭ ᠢ ᠬᠠᠮᠠᠭᠠᠯᠠᠬᠤ ᠵᠡᠷᠭᠡ | ᠦᠢᠯᠡᠳᠦᠯ ᠢ ᠨᠢ ᠪᠠᠳᠠᠷᠠᠭᠤᠯᠤᠨ᠎ᠠ᠃ | ︵ᠳᠥᠷᠪᠡ︶ ᠪᠠᠶᠢᠭᠠᠯᠢ ᠬᠥᠮᠥᠨ ᠤ ᠢᠲᠡᠭᠡᠮᠵᠢ ᠶᠢᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠠᠬᠢᠭᠤᠯᠤᠨ᠎ᠠ᠃ ᠪᠠᠶᠢᠭᠠᠯᠢ ᠬᠥᠮᠥᠨ ᠤ ᠢᠲᠡᠭᠡᠮᠵᠢ ᠶᠢᠨ | ᠲᠡᠮᠳᠡᠭᠯᠡᠯ ᠢ ᠬᠠᠤᠯᠢ ᠲᠣᠭᠲᠠᠭᠠᠯ ᠶᠣᠰᠣᠭᠠᠷ ᠪᠠᠶᠢᠭᠤᠯᠤᠨ ᠪᠦᠷᠢᠨᠰᠢᠭᠦᠯᠦᠨ᠎ᠡ᠃ ᠬᠠᠤᠯᠢ ᠴᠠᠭᠠᠵᠠ᠂ ᠮᠥᠩᠭᠦᠨ ᠭᠦᠢᠯᠭᠡᠭᠡᠨ᠂ ᠨᠢᠭᠲᠠᠯᠠᠨ ᠪᠤᠳᠤᠬᠤ᠂ ᠬᠢᠨᠠᠨ | ᠪᠤᠳᠤᠬᠤ᠂ ᠡᠮ ᠡᠮᠨᠡᠯᠭᠡ᠂ ᠰᠤᠷᠭᠠᠨ ᠬᠥᠮᠦᠵᠢᠯ᠂ ᠭᠡᠷ ᠤᠨ ᠶᠠᠪᠤᠳᠠᠯ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠠᠮᠢ ᠠᠬᠤᠢ ᠣᠷᠴᠢᠨ ᠲᠣᠭᠤᠷᠢᠨ᠂ | ᠲᠠᠪᠴᠠᠩ ᠤᠨ ᠠᠵᠤ ᠠᠬᠤᠢ ᠵᠡᠷᠭᠡ ᠬᠦᠷᠢᠶᠡᠨ ᠳᠤ ᠠᠵᠢᠯᠯᠠᠵᠤ ᠪᠠᠶᠢᠭ᠎ᠠ ᠬᠥᠮᠥᠰ ᠪᠠ ᠤᠯᠤᠰ ᠤᠨ ᠠᠵᠢᠯ ᠮᠡᠷᠭᠡᠵᠢᠯ ᠤᠨ ᠬᠢᠷᠢ ᠭᠡᠮ ᠣᠯᠣᠭᠰᠠᠨ ᠬᠥᠮᠥᠰ ᠵᠡᠷᠭᠡ | ᠭᠤᠣᠯᠳᠠᠯᠭ᠎ᠠ ᠲᠠᠢ ᠠᠵᠢᠯ ᠮᠡᠷᠭᠡᠵᠢᠯ ᠤᠨ ᠬᠥᠮᠥᠰ ᠤᠨ ᠢᠲᠡᠭᠡᠮᠵᠢ ᠶᠢᠨ ᠬᠠᠮᠢᠶᠠᠷᠤᠯᠲᠠ ᠶᠢᠨ ᠳᠦᠷᠢᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ | ᠨᠥᠬᠦᠴᠡᠯ ᠲᠠᠢ ᠭᠠᠵᠠᠷ ᠣᠷᠣᠨ ᠪᠠ ᠰᠠᠯᠠᠭ᠎ᠠ ᠮᠥᠴᠢᠷ ᠨᠢ ᠪᠠᠶᠢᠭᠠᠯᠢ ᠬᠥᠮᠥᠨ ᠤ ᠢᠲᠡᠭᠡᠮᠵᠢ ᠶᠢᠨ ᠦᠨᠡᠯᠡᠯᠲᠡ ᠶᠢ ᠥᠷᠨᠢᠭᠦᠯᠵᠦ᠂ ᠢᠲᠡᠭᠡᠮᠵᠢ ᠲᠠᠢ ᠭᠤᠣᠯ | ᠴᠣᠭᠴᠠ ᠳᠤ ᠤᠷᠮᠠᠰᠢᠭᠤᠯᠬᠤ ᠲᠥᠷᠥ ᠶᠢᠨ ᠪᠣᠳᠣᠯᠭ᠎ᠠ ᠬᠠᠩᠭᠠᠬᠤ ᠯᠠᠪᠯᠠᠯᠲᠠ ᠪᠤᠯᠭᠠᠵᠤ ᠪᠣᠯᠣᠨ᠎ᠠ᠂ ᠢᠲᠡᠭᠡᠮᠵᠢ ᠶᠢᠨ ᠪᠤᠰᠤ ᠮᠡᠳᠡᠭᠡ ᠵᠠᠩᠭᠢ ᠪᠠ ᠬᠤᠪᠢ ᠬᠥᠮᠥᠨ ᠤ | ᠨᠢᠭᠤᠴᠠ ᠮᠡᠳᠡᠭᠡ ᠵᠠᠩᠭᠢ ᠶᠢ ᠢᠲᠡᠭᠡᠮᠵᠢ ᠶᠢᠨ ᠦᠨᠡᠯᠡᠯᠲᠡ ᠳᠤ ᠣᠷᠣᠭᠤᠯᠬᠤ ᠶᠢ ᠴᠢᠩᠭ᠎ᠠ ᠴᠠᠭᠠᠵᠠᠯᠠᠨ᠎ᠠ᠃ | ︵ᠲᠠᠪᠤ︶ ᠬᠠᠤᠯᠢ ᠪᠠᠷᠢᠬᠤ ᠬᠠᠤᠯᠢ ᠬᠡᠷᠡᠭᠵᠢᠭᠦᠯᠬᠦ ᠰᠢᠰᠲ᠋ᠧᠮ ᠤᠨ ᠢᠲᠡᠭᠡᠮᠵᠢ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠨ᠎ᠠ᠃ ᠰᠢᠭᠦᠬᠦ ᠬᠤᠷᠢᠶ᠎ᠠ᠂ | ᠪᠠᠶᠢᠴᠠᠭᠠᠬᠤ ᠬᠤᠷᠢᠶ᠎ᠠ ᠶᠢᠨ ᠬᠠᠤᠯᠢ ᠪᠠᠷᠢᠬᠤ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠪᠠᠷᠢᠬᠤ ᠨᠡᠶᠢᠲᠡ ᠶᠢᠨ ᠢᠲᠡᠭᠡᠭᠦᠯᠬᠦ | ᠬᠦᠴᠦᠨ ᠢ ᠳᠡᠭᠡᠭᠰᠢᠯᠡᠭᠦᠯᠦᠨ᠎ᠡ᠃ ᠬᠠᠤᠯᠢ ᠪᠠᠷᠢᠬᠤ ᠶᠢ ᠢᠯᠡ ᠪᠤᠯᠭᠠᠬᠤ ᠡᠷᠴᠢᠮ ᠢᠶᠠᠨ ᠬᠠᠤᠯᠢ ᠶᠣᠰᠣᠭᠠᠷ ᠴᠢᠩᠭᠠᠷᠠᠭᠤᠯᠵᠤ᠂ ᠠᠷᠠᠳ ᠤᠯᠠᠨ ᠤ ᠪᠠᠶᠢᠳᠠᠯ ᠢ ᠮᠡᠳᠡᠬᠦ | ᠡᠷᠬᠡ ᠶᠢ ᠪᠠᠲᠤᠯᠠᠨ᠎ᠠ᠃ ᠬᠠᠤᠯᠢ ᠬᠡᠷᠡᠭᠵᠢᠭᠦᠯᠬᠦ ᠠᠵᠢᠯᠲᠠᠨ ᠤ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠠᠵᠢᠯᠲᠠᠨ ᠤ | ᠢᠲᠡᠭᠡᠮᠵᠢ ᠶᠢᠨ ᠲᠡᠮᠳᠡᠭᠯᠡᠯ ᠪᠠ ᠢᠲᠡᠭᠡᠮᠵᠢ ᠶᠢᠨ ᠠᠮᠠᠯᠠᠯᠲᠠ ᠶᠢᠨ ᠳᠦᠷᠢᠮ ᠢ ᠪᠠᠶᠢᠭᠤᠯᠤᠨ᠎ᠠ᠃ ᠬᠤᠳᠠᠯ ᠬᠠᠭᠤᠷᠮᠠᠭ ᠢᠶᠠᠷ ᠵᠠᠷᠭᠤᠯᠳᠤᠵᠤ ᠬᠠᠤᠯᠢ ᠠᠴᠠ ᠵᠥᠷᠢᠴᠡᠵᠦ | ᠢᠲᠡᠭᠡᠮᠵᠢ ᠠᠯᠳᠠᠭᠰᠠᠨ ᠥᠪᠡᠷ ᠤᠨ ᠥᠷᠲᠡᠭ ᠢ ᠳᠡᠭᠡᠭᠰᠢᠯᠡᠭᠦᠯᠦᠨ᠎ᠡ᠃ ᠢᠲᠡᠭᠡᠮᠵᠢ ᠠᠯᠳᠠᠭᠰᠠᠨ ᠭᠦᠢᠴᠡᠳᠬᠡᠭᠳᠡᠭᠴᠢ ᠶᠢ ᠬᠢᠨᠠᠨ ᠲᠣᠭᠲᠠᠭᠠᠬᠤ ᠲᠡᠰ ᠳᠠᠷᠠᠭᠠᠯᠠᠯ ᠢ | ᠴᠢᠩᠳᠠᠯᠠᠵᠤ᠂ ᠢᠲᠡᠭᠡᠮᠵᠢ ᠠᠯᠳᠠᠭᠰᠠᠨ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ᠎ᠡ᠃ | ᠭᠤᠷᠪᠠ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠳ᠋ᠠᠶᠢᠲ᠋ᠠ ᠶᠢᠨ ᠰᠠᠭᠤᠷᠢ ᠶᠢ ᠪᠠᠬᠢᠵᠢᠭᠦᠯᠦᠨ᠎ᠡ | ︵ᠵᠢᠷᠭᠤᠭ᠎ᠠ︶ ᠪᠦᠭᠦ ᠲᠠᠯ᠎ᠠ ᠶᠢᠨ ᠪᠦᠷᠢᠨ ᠪᠦᠲᠦᠨ ᠣᠨᠣᠪᠴᠢᠲᠠᠶ ᠢᠲᠡᠭᠡᠮᠵᠢ ᠶᠢᠨ ᠲᠡᠮᠳᠡᠭᠯᠡᠯ ᠪᠠᠶᠢᠭᠤᠯᠤᠨ᠎ᠠ᠃ ᠣᠯᠠᠨ ᠨᠡᠶᠢᠲᠡ ᠶᠢᠨ ᠢᠲᠡᠭᠡᠮᠵᠢ ᠶᠢᠨ | ᠮᠡᠳᠡᠭᠡ ᠵᠠᠩᠭᠢ ᠶᠢᠨ ᠬᠦᠷᠢᠶ᠎ᠡ ᠬᠡᠪᠴᠢᠶ᠎ᠡ ᠶᠢ ᠴᠢᠩᠭ᠎ᠠ ᠵᠠᠭᠠᠭᠯᠠᠨ ᠲᠣᠭᠲᠠᠭᠠᠵᠤ᠂ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠤᠯᠢ | ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠤᠶᠤ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠢᠴᠢᠭ ᠮᠠᠲ᠋ᠧᠷᠢᠶᠠᠯ ᠢ ᠦᠨᠳᠦᠰᠦᠯᠡᠨ ᠲᠣᠰ ᠬᠦᠷᠢᠶᠡᠨ ᠳᠠᠬᠢ ᠣᠯᠠᠨ ᠨᠡᠶᠢᠲᠡ ᠶᠢᠨ | ᠢᠲᠡᠭᠡᠮᠵᠢ ᠶᠢᠨ ᠮᠡᠳᠡᠭᠡ ᠵᠠᠩᠭᠢ ᠶᠢ ᠲᠣᠭᠲᠠᠭᠠᠬᠤ ᠶᠢᠨ ᠬᠠᠮᠲᠤ ᠠᠵᠢᠯ ᠲᠥᠷᠥᠯ ᠤᠨ ᠢᠲᠡᠭᠡᠮᠵᠢ ᠶᠢᠨ ᠲᠡᠮᠳᠡᠭᠯᠡᠯ ᠢ ᠪᠦᠷᠢᠯᠳᠦᠭᠦᠯᠦᠨ᠎ᠡ᠂ ᠡᠭᠦᠨ ᠳᠤ ᠢᠲᠡᠭᠡᠮᠵᠢ | ᠠᠯᠳᠠᠭᠰᠠᠨ ᠮᠡᠳᠡᠭᠡ ᠵᠠᠩᠭᠢ ᠳᠤ ᠬᠠᠷᠢᠶᠠᠯᠠᠭᠳᠠᠪᠠᠯ᠂ ᠲᠡᠳᠡᠨ ᠤ ᠢᠲᠡᠭᠡᠮᠵᠢ ᠠᠯᠳᠠᠭᠰᠠᠨ ᠬᠦᠨᠳᠦ ᠨᠣᠴᠢᠲᠠᠢ ᠬᠡᠮᠵᠢᠶ᠎ᠡ ᠶᠢ ᠲᠥᠷᠥᠯ ᠬᠤᠪᠢᠶᠠᠨ ᠲᠣᠳᠣᠷᠬᠠᠶᠢᠯᠠᠬᠤ | ᠬᠡᠷᠡᠭᠲᠡᠢ᠃ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠳᠤ ᠭᠠᠷᠴᠠᠭ ᠢᠶᠠᠷ ᠬᠠᠮᠢᠶᠠᠷᠬᠤ ᠶᠢ ᠨᠢᠭᠡᠳᠦᠯᠲᠡᠢ ᠬᠡᠷᠡᠭᠵᠢᠭᠦᠯᠵᠦ᠂ ᠤᠯᠤᠰ ᠤᠨ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ ᠠᠴᠠ ᠬᠠᠮᠢᠶ᠎ᠠ ᠪᠦᠬᠦᠢ ᠭᠤᠣᠯ ᠴᠣᠭᠴᠠ ᠶᠢᠨ ᠪᠦᠷᠢᠨ ᠪᠦᠲᠦᠨ ᠢᠲᠡᠭᠡᠮᠵᠢ ᠶᠢᠨ ᠲᠡᠮᠳᠡᠭᠯᠡᠯ ᠢ ᠬᠤᠷᠢᠶᠠᠩᠭᠤᠶᠢᠯᠠᠨ ᠪᠠᠶᠢᠭᠤᠯᠤᠨ᠎ᠠ᠃ | | ︵ᠳᠣᠯᠤᠭ᠎ᠠ︶ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠵᠤ ᠬᠠᠮᠲᠤ ᠪᠠᠷ ᠡᠳ᠋ᠯᠡᠬᠦ ᠶᠢ ᠴᠢᠩᠭᠠᠳᠬᠠᠨ᠎ᠠ᠃ ᠪᠦᠭᠦ ᠤᠯᠤᠰ ᠤᠨ ᠢᠲᠡᠭᠡᠮᠵᠢ ᠶᠢᠨ ᠮᠡᠳᠡᠭᠡ | ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ ᠤᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠵᠤ ᠬᠠᠮᠲᠤ ᠪᠠᠷ ᠡᠳ᠋ᠯᠡᠬᠦ ︽ᠶᠡᠷᠦᠩᠬᠡᠢ ᠬᠦᠢᠰᠦ︾ ᠶᠢᠨ ᠴᠢᠳᠠᠮᠵᠢ ᠶᠢ | ᠴᠢᠩᠭᠠᠷᠠᠭᠤᠯᠵᠤ᠂ ᠬᠠᠮᠲᠤ ᠪᠠᠷ ᠡᠳ᠋ᠯᠡᠬᠦ ᠪᠠᠷ ᠵᠠᠷᠴᠢᠮ ᠪᠤᠯᠭᠠᠵᠤ᠂ ᠬᠠᠮᠲᠤ ᠪᠠᠷ ᠡᠳ᠋ᠯᠡᠬᠦ ᠦᠭᠡᠢ ᠶᠢ ᠣᠨᠴᠠᠭᠠᠶ ᠪᠠᠶᠢᠳᠠᠯ ᠢᠶᠠᠷ ᠦᠵᠡᠬᠦ ᠶᠢ ᠪᠠᠷᠢᠮᠲᠠᠯᠠᠨ᠂ ᠡᠯ᠎ᠡ | ᠬᠦᠷᠢᠶ᠎ᠡ ᠴᠠᠷᠠᠭ᠎ᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠨᠢᠭᠡᠳᠦᠯᠲᠡᠢ ᠴᠤᠭᠯᠠᠭᠤᠯᠵᠤ᠂ ᠬᠡᠷᠡᠭᠴᠡᠭᠡ ᠶᠢ ᠦᠨᠳᠦᠰᠦᠯᠡᠨ ᠲᠣᠭᠲᠠᠭᠠᠯ ᠶᠣᠰᠣᠭᠠᠷ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠤ ᠢᠲᠡᠭᠡᠮᠵᠢ ᠶᠢᠨ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠵᠤ᠂ ᠴᠤᠭᠯᠠᠭᠤᠯᠬᠤ ᠬᠠᠮᠲᠤ ᠪᠠᠷ ᠡᠳ᠋ᠯᠡᠬᠦ ᠶᠠᠰᠤ ᠴᠢᠨᠠᠷ ᠦᠷ᠎ᠡ | ᠪᠦᠲᠦᠮᠵᠢ ᠶᠢ ᠦᠨᠡᠯᠡᠬᠦ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠨ᠎ᠡ᠃ ᠪᠦᠭᠦ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ | ᠲᠠᠪᠴᠠᠩ ᠬᠢᠭᠡᠳ ᠠᠵᠢᠯ ᠲᠥᠷᠥᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠭᠦᠨᠵᠡᠭᠡᠢ ᠬᠤᠯᠪᠤᠭᠠᠯᠠᠨ ᠨᠡᠪᠲᠡᠷᠡᠯᠴᠡᠬᠦ᠂ ᠲᠤᠭ᠎ᠠ ᠪᠠᠷᠢᠮᠲᠠ ᠶᠢ | ᠬᠠᠮᠲᠤ ᠪᠠᠷ ᠡᠳ᠋ᠯᠡᠬᠦ ᠶᠢ ᠠᠬᠢᠭᠤᠯᠤᠨ᠎ᠠ᠃ ᠴᠥᠷᠬᠡᠯᠡᠭᠡ ᠬᠡᠯᠬᠢᠶ᠎ᠡ ᠵᠡᠷᠭᠡ ᠮᠡᠷᠭᠡᠵᠢᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠵᠡᠷᠭᠡ ᠲᠠᠯ᠎ᠠ ᠳᠠᠬᠢ | ᠬᠡᠷᠡᠭᠯᠡᠯᠲᠡ ᠶᠢ ᠰᠤᠳᠤᠯᠤᠨ ᠴᠢᠩᠭᠠᠳᠬᠠᠵᠤ᠂ ᠢᠲᠡᠭᠡᠮᠵᠢ ᠶᠢᠨ ᠭᠤᠣᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠪᠠ ᠮᠡᠳᠡᠭᠡ ᠵᠠᠩᠭᠢ ᠶᠢᠨ ᠠᠮᠤᠷ | ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠬᠤᠳᠠᠯᠳᠤᠭᠠᠨ ᠤ ᠭᠡᠷ᠎ᠡ ᠶᠢᠨ ᠮᠡᠳᠡᠭᠡ ᠵᠠᠩᠭᠢ᠂ ᠠᠵᠤ ᠦᠢᠯᠡᠰ ᠤᠨ ᠬᠡᠯᠬᠢᠶ᠎ᠡ ᠶᠢᠨ ᠮᠡᠳᠡᠭᠡ ᠵᠠᠩᠭᠢ᠂ | ᠠᠷᠠᠯᠵᠢᠶᠠᠨ ᠤ ᠮᠡᠳᠡᠭᠡ ᠵᠠᠩᠭᠢ ᠵᠡᠷᠭᠡ ᠶᠢ ᠬᠠᠮᠲᠤ ᠪᠠᠷ ᠡᠳ᠋ᠯᠡᠬᠦ ᠲᠦᠪᠰᠢᠨ ᠢ ᠳᠡᠭᠡᠭᠰᠢᠯᠡᠭᠦᠯᠦᠨ᠎ᠡ᠃ | ︵ᠨᠠᠢᠮᠠ︶ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠨᠢᠭᠡᠳᠦᠯᠲᠡᠢ ᠢᠯᠡ ᠨᠡᠶᠢᠲᠡᠯᠡᠬᠦ ᠳᠦᠷᠢᠮ ᠢ ᠪᠠᠶᠢᠭᠤᠯᠤᠨ᠎ᠠ᠃ ᠣᠯᠠᠨ ᠨᠡᠶᠢᠲᠡ ᠶᠢᠨ | ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠨᠢᠭᠡᠳᠦᠯᠲᠡᠢ ᠪᠠᠷᠢᠮᠵᠢᠶ᠎ᠠ ᠳᠦᠷᠢᠮ ᠢ ᠪᠠᠶᠢᠭᠤᠯᠤᠨ᠎ᠠ᠃ ︽ᠢᠲᠡᠭᠡᠮᠵᠢᠲᠦ ᠳᠤᠮᠳᠠᠳᠤ ᠤᠯᠤᠰ︾ ᠰᠦᠯᠵᠢᠶᠡᠨ | ᠥᠷᠲᠡᠭᠡ ᠨᠢ ᠡᠯ᠎ᠡ ᠲᠥᠷᠥᠯ ᠤᠨ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠲᠥᠪᠯᠡᠷᠡᠭᠦᠯᠦᠨ ᠢᠯᠡ ᠨᠡᠶᠢᠲᠡᠯᠡᠵᠦ᠂ ᠠᠵᠢᠯ ᠲᠥᠷᠥᠯ ᠤᠨ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠨᠢ ᠵᠠᠷᠴᠢᠮ ᠳᠡᠭᠡᠷ᠎ᠡ ᠪᠠᠨ ᠲᠣᠰ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠬᠦᠷᠢᠶ᠎ᠡ ᠴᠠᠷᠠᠭ᠎ᠠ ᠠᠴᠠ ᠭᠠᠳᠠᠨᠠᠬᠢ ᠣᠯᠠᠨ | ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠳᠠᠭᠢᠵᠤ ᠢᠯᠡ ᠨᠡᠶᠢᠲᠡᠯᠡᠬᠦ ᠦᠭᠡᠢ᠃ ︽ᠢᠲᠡᠭᠡᠮᠵᠢᠲᠦ ᠳᠤᠮᠳᠠᠳᠤ ᠤᠯᠤᠰ︾ ᠰᠦᠯᠵᠢᠶᠡᠨ ᠥᠷᠲᠡᠭᠡ ᠨᠢ | ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠵᠠᠷᠴᠢᠮ ᠶᠣᠰᠣᠭᠠᠷ ᠨᠡᠶᠢᠭᠡᠮ ᠨᠡᠶᠢᠲᠡ ᠳᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠪᠠᠶᠢᠴᠠᠭᠠᠨ ᠯᠠᠪᠯᠠᠬᠤ | ᠦᠢᠯᠡᠴᠢᠯᠡᠭᠡ ᠬᠠᠩᠭᠠᠨ᠎ᠠ᠃ ᠨᠢᠭᠡᠨᠲᠡ ︽ᠢᠲᠡᠭᠡᠮᠵᠢᠲᠦ ᠳᠤᠮᠳᠠᠳᠤ ᠤᠯᠤᠰ︾ ᠰᠦᠯᠵᠢᠶᠡᠨ ᠥᠷᠲᠡᠭᠡ ᠳᠤ ᠢᠯᠡ ᠨᠡᠶᠢᠲᠡᠯᠡᠭᠰᠡᠨ ᠣᠯᠠᠨ ᠨᠡᠶᠢᠲᠡ ᠶᠢᠨ | ᠢᠲᠡᠭᠡᠮᠵᠢ ᠶᠢᠨ ᠮᠡᠳᠡᠭᠡ ᠵᠠᠩᠭᠢ ᠳᠤ᠂ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠨᠢ ᠬᠡᠷᠡᠭᠯᠡᠭᠰᠡᠨ ᠢᠲᠡᠭᠡᠮᠵᠢ ᠶᠢᠨ ᠮᠡᠳᠡᠭᠡ ᠵᠠᠩᠭᠢ ᠨᠢ ᠢᠯᠡ ᠨᠡᠶᠢᠲᠡᠯᠡᠭᠰᠡᠨ | ᠠᠭᠤᠯᠭ᠎ᠠ ᠲᠠᠢ ᠠᠳᠠᠯᠢ᠂ ᠴᠠᠭ ᠤᠨ ᠬᠢᠵᠠᠭᠠᠷ ᠨᠢ ᠨᠢᠭᠡᠳᠦᠯᠲᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ | ︵ᠶᠢᠰᠦ︶ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠴᠢᠯᠦᠭᠡᠲᠡᠢ ᠭᠦᠢᠯᠭᠡᠭᠡᠬᠦ ᠶᠢ ᠡᠮᠬᠢ ᠵᠢᠷᠤᠮ ᠲᠠᠢ ᠪᠠᠷ ᠠᠬᠢᠭᠤᠯᠤᠨ᠎ᠠ᠃ ᠣᠯᠠᠨ | ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠡᠷᠬᠡ ᠣᠯᠭᠤᠨ ᠠᠵᠢᠯᠯᠠᠭᠤᠯᠵᠤ ᠬᠠᠮᠢᠶᠠᠷᠬᠤ ᠠᠷᠭ᠎ᠠ ᠶᠢ ᠲᠣᠭᠲᠠᠭᠠᠵᠤ᠂ ᠨᠥᠬᠦᠴᠡᠯ ᠳᠤ ᠨᠡᠶᠢᠴᠡᠭᠰᠡᠨ | ᠠᠵᠢᠯᠯᠠᠭᠤᠯᠵᠤ ᠡᠵᠡᠩᠨᠡᠬᠦ ᠪᠠᠶᠢᠭᠤᠯᠤᠮᠵᠢ ᠨᠢ ᠡᠷᠬᠡ ᠣᠯᠭᠤᠭᠰᠠᠨ ᠶᠣᠰᠣᠭᠠᠷ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠢ ᠨᠡᠭᠡᠭᠡᠨ | ᠬᠥᠭᠵᠢᠭᠦᠯᠬᠦ᠂ ᠦᠢᠯᠡᠳᠬᠦᠨ ᠢ ᠡᠵᠡᠩᠨᠡᠬᠦ ᠪᠠ ᠮᠡᠷᠭᠡᠵᠢᠯ ᠤᠨ ᠦᠢᠯᠡᠴᠢᠯᠡᠭᠡ ᠥᠷᠨᠢᠭᠦᠯᠬᠦ ᠶᠢ ᠳᠡᠮᠵᠢᠵᠦ᠂ ᠡᠷᠬᠡ ᠣᠯᠭᠤᠭᠰᠠᠨ ᠦᠭᠡᠢ᠂ ᠬᠡᠪᠴᠢᠶ᠎ᠡ ᠠᠴᠠ ᠪᠠᠨ | ᠬᠡᠲᠦᠷᠡᠭᠦᠯᠦᠨ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ | ᠵᠠᠩᠭᠢ ᠶᠢ ᠭᠦᠢᠯᠭᠡᠭᠡᠬᠦ ᠲᠤᠬᠠᠢ ᠤᠷᠤᠭᠤᠯᠬᠤ ᠶᠢ ᠵᠥᠪᠰᠢᠶᠡᠷᠡᠬᠦ ᠪᠠᠷᠢᠮᠵᠢᠶ᠎ᠠ ᠳᠦᠷᠢᠮ ᠢ ᠪᠠᠶᠢᠭᠤᠯᠤᠨ᠎ᠠ᠃ ᠡᠵᠡᠩᠨᠡᠯᠲᠡ ᠶᠢᠨ ᠭᠤᠣᠯ ᠴᠣᠭᠴᠠ ᠶᠢᠨ ᠬᠠᠤᠯᠢ | ᠲᠣᠭᠲᠠᠭᠠᠯ ᠶᠣᠰᠣᠭᠠᠷ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠳᠤ ᠲᠦᠰᠢᠭᠯᠡᠨ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡ ᠬᠠᠩᠭᠠᠬᠤ ᠶᠢ | ᠵᠣᠷᠢᠭᠵᠢᠭᠤᠯᠤᠨ᠎ᠠ᠃ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠥᠷᠲᠡᠭ ᠤᠨ ᠠᠰᠢᠭ ᠣᠯᠵᠠᠪᠤᠷᠢ ᠶᠢ ᠵᠦᠢ ᠵᠣᠬᠢᠰᠲᠠᠢ ᠬᠤᠪᠢᠶᠠᠯᠴᠠᠬᠤ | ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠡᠳ᠋ ᠬᠥᠷᠥᠩᠭᠡ ᠶᠢᠨ ᠡᠷᠬᠡ ᠠᠰᠢᠭ ᠢ ᠬᠠᠤᠯᠢ ᠲᠣᠭᠲᠠᠭᠠᠯ | ᠶᠣᠰᠣᠭᠠᠷ ᠬᠠᠮᠠᠭᠠᠯᠠᠬᠤ ᠬᠡᠷᠡᠭᠲᠡᠢ᠃ ᠣᠷᠣᠨ ᠪᠦᠰᠡ ᠶᠢᠨ ᠬᠤᠭᠤᠷᠣᠨᠳᠣᠭᠢ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ | ᠢᠲᠡᠭᠡᠮᠵᠢ ᠶᠢᠨ ᠦᠨᠡᠯᠡᠯᠲᠡ ᠶᠢ ᠬᠠᠷᠢᠯᠴᠠᠨ ᠮᠡᠳᠡᠷᠡᠬᠦ᠂ ᠢᠲᠡᠭᠡᠮᠵᠢ ᠶᠢᠨ ᠲᠤᠬᠠᠢ ᠱᠠᠩᠨᠠᠵᠤ ᠲᠣᠷᠭᠠᠬᠤ ᠬᠠᠮᠵᠢᠯᠴᠠᠭ᠎ᠠ ᠶᠢ ᠵᠣᠷᠢᠭᠵᠢᠭᠤᠯᠤᠨ᠎ᠠ᠃ | ︵ᠠᠷᠪᠠ︶ ᠢᠲᠡᠭᠡᠮᠵᠢ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠤ ᠬᠠᠮᠠᠭᠠᠯᠠᠯᠲᠠ ᠶᠢ ᠴᠢᠩᠭᠠᠳᠬᠠᠨ᠎ᠠ᠃ ᠢᠲᠡᠭᠡᠮᠵᠢ ᠶᠢᠨ ᠮᠡᠳᠡᠭᠡ ᠵᠠᠩᠭᠢ ᠶᠢᠨ ᠠᠮᠤᠷ | ᠲᠦᠪᠰᠢᠨ ᠤ ᠬᠠᠮᠢᠶᠠᠷᠤᠯᠲᠠ ᠶᠢᠨ ᠮᠦᠷᠳᠡᠨ ᠪᠠᠶᠢᠴᠠᠭᠠᠬᠤ ᠪᠠ ᠡᠷᠬᠡ ᠳᠤ ᠬᠠᠯᠳᠠᠭᠰᠠᠨ ᠬᠠᠷᠢᠭᠤᠴᠠᠯᠭ᠎ᠠ ᠶᠢ ᠨᠡᠬᠡᠮᠵᠢᠯᠡᠬᠦ ᠲᠣᠭᠲᠠᠴᠠ ᠶᠢ ᠪᠠᠶᠢᠭᠤᠯᠵᠤ᠂ ᠮᠡᠳᠡᠭᠡ | ᠵᠠᠩᠭᠢ ᠶᠢ ᠳᠠᠮᠵᠢᠭᠤᠯᠬᠤ ᠬᠡᠯᠬᠢᠶ᠎ᠡ ᠶᠢᠨ ᠡᠯ᠎ᠡ ᠭᠤᠭᠴᠤᠭ᠎ᠠ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠠᠮᠤᠷ ᠲᠦᠪᠰᠢᠨ ᠢ ᠬᠠᠮᠠᠭᠠᠯᠠᠬᠤ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠲᠡᠭᠡᠮᠵᠢ ᠶᠢᠨ ᠮᠡᠳᠡᠭᠡ ᠵᠠᠩᠭᠢ ᠶᠢ ᠰᠢᠢᠳᠪᠦᠷᠢᠯᠡᠬᠦ ᠲᠠᠰ ᠳᠠᠷᠠᠭᠠᠯᠠᠯ ᠢ ᠵᠢᠷᠤᠮᠵᠢᠭᠤᠯᠤᠨ᠎ᠠ᠃ ᠢᠲᠡᠭᠡᠮᠵᠢ ᠶᠢᠨ | ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠢᠲᠡᠭᠡᠮᠵᠢ ᠶᠢᠨ ᠮᠡᠳᠡᠭᠡ | ᠵᠠᠩᠭᠢ ᠶᠢᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ | ᠳᠥᠷᠪᠡ᠂ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠪᠠ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠦᠷᠢᠨᠰᠢᠭᠦᠯᠦᠨ᠎ᠡ | ︵ᠠᠷᠪᠠᠨ ᠨᠢᠭᠡ︶ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠤᠨ ᠵᠣᠷᠢᠭᠵᠢᠭᠤᠯᠬᠤ ᠶᠢ ᠴᠢᠩᠭᠠᠳᠬᠠᠨ᠎ᠠ᠃ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠪᠦᠭᠦ | ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠣᠷᠴᠢᠨ ᠲᠣᠭᠤᠷᠢᠨ ᠢ ᠪᠠᠶᠢᠭᠤᠯᠵᠤ᠂ ᠢᠲᠡᠭᠡᠮᠵᠢ ᠲᠠᠢ ᠪᠠᠶᠢᠬᠤ ᠭᠤᠣᠯ ᠴᠣᠭᠴᠠ ᠶᠢᠨ ᠣᠯᠠᠨ ᠨᠡᠶᠢᠲᠡ ᠶᠢᠨ | ᠦᠢᠯᠡᠴᠢᠯᠡᠭᠡ ᠳᠤ ᠲᠥᠭᠦᠮ ᠦᠵᠡᠭᠦᠯᠭᠦ ᠪᠤᠶᠤ ᠬᠠᠷᠠᠭᠠᠯᠵᠠᠯ ᠦᠵᠡᠭᠦᠯᠦᠨ᠎ᠡ᠃ ᠲᠠᠪᠴᠠᠩ ᠤᠨ ᠠᠵᠤ ᠠᠬᠤᠶᠢᠯᠠᠯ ᠤᠨ ᠲᠣᠮᠣ ᠳ᠋ᠠᠶᠢᠲ᠋ᠠ ᠶᠢᠨ ᠡᠬᠢ ᠪᠠᠶᠠᠯᠢᠭ ᠢ | ᠰᠠᠶᠢᠲᠤᠷ ᠬᠡᠷᠡᠭᠯᠡᠬᠦ ᠶᠢ ᠵᠣᠷᠢᠭᠵᠢᠭᠤᠯᠵᠤ᠂ ᠢᠲᠡᠭᠡᠮᠵᠢ ᠲᠠᠢ ᠪᠠᠶᠢᠬᠤ ᠭᠤᠣᠯ ᠴᠣᠭᠴᠠ ᠳᠤ ᠤᠨᠢᠨ ᠳᠡᠭᠡᠷ᠎ᠡ ᠨᠢ ᠵᠠᠬ᠎ᠠ ᠳᠡᠯᠭᠡᠭᠦᠷᠴᠢᠯᠡᠭᠰᠡᠨ᠂ ᠨᠡᠶᠢᠭᠡᠮᠴᠢᠯᠡᠭᠰᠡᠨ | ᠵᠣᠷᠢᠭᠵᠢᠭᠤᠯᠤᠨ ᠤᠷᠮᠠᠰᠢᠭᠤᠯᠬᠤ ᠶᠢ ᠬᠡᠷᠡᠭᠵᠢᠭᠦᠯᠦᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠥᠷᠲᠡᠭ ᠢ | ᠭᠦᠨᠵᠡᠭᠡᠢ ᠠᠭᠤᠳᠠᠯᠬᠤ ᠶᠢ ᠳᠡᠮᠵᠢᠵᠦ᠂ ᠢᠲᠡᠭᠡᠮᠵᠢ ᠲᠠᠢ ᠪᠠᠶᠢᠬᠤ ᠭᠤᠣᠯ ᠴᠣᠭᠴᠠ ᠶᠢᠨ ᠪᠡᠯᠡ ᠬᠤᠷᠠᠮᠳᠤᠭᠤᠯᠬᠤ ᠳᠤ ᠲᠥᠭᠦᠮ ᠦᠵᠡᠭᠦᠯᠭᠦ ᠲᠦᠪᠰᠢᠨ ᠢ | ᠦᠷᠭᠦᠯᠵᠢᠯᠡᠨ ᠳᠡᠭᠡᠭᠰᠢᠯᠡᠭᠦᠯᠦᠨ᠎ᠡ᠃ | ︵ᠠᠷᠪᠠᠨ ᠬᠤᠶᠠᠷ︶ ᠢᠲᠡᠭᠡᠮᠵᠢ ᠠᠯᠳᠠᠭᠰᠠᠨ ᠢ ᠬᠠᠤᠯᠢ ᠲᠣᠭᠲᠠᠭᠠᠯ ᠶᠣᠰᠣᠭᠠᠷ ᠵᠠᠯᠬᠠᠭᠠᠨ ᠴᠡᠭᠡᠷᠯᠡᠭᠦᠯᠦᠨ᠎ᠡ᠃ ᠢᠲᠡᠭᠡᠮᠵᠢ ᠠᠯᠳᠠᠭᠰᠠᠨ ᠢ ᠵᠠᠯᠬᠠᠭᠠᠨ | ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠵᠢᠷᠤᠮᠵᠢᠭᠤᠯᠤᠨ ᠲᠣᠭᠲᠠᠭᠠᠵᠤ᠂ ᠵᠠᠯᠬᠠᠭᠠᠨ ᠴᠡᠭᠡᠷᠯᠡᠭᠦᠯᠬᠦ ᠬᠡᠪᠴᠢᠶ᠎ᠡ ᠪᠠ ᠡᠷᠴᠢᠮ ᠢ ᠬᠠᠤᠯᠢ ᠲᠣᠭᠲᠠᠭᠠᠯ ᠶᠣᠰᠣᠭᠠᠷ ᠵᠦᠢ | ᠵᠣᠬᠢᠰᠲᠠᠢ ᠲᠣᠭᠲᠠᠭᠠᠨ᠎ᠠ᠃ ᠢᠲᠡᠭᠡᠮᠵᠢ ᠠᠯᠳᠠᠭᠰᠠᠨ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠲᠣᠭᠲᠠᠭᠠᠬᠤ᠂ ᠬᠦᠨᠳᠦ ᠨᠣᠴᠢᠲᠠᠢ ᠢᠲᠡᠭᠡᠮᠵᠢ ᠠᠯᠳᠠᠭᠰᠠᠨ | ᠭᠤᠣᠯ ᠴᠣᠭᠴᠠ ᠶᠢᠨ ᠨᠡᠷᠡᠰ ᠢ ᠲᠣᠭᠲᠠᠭᠠᠬᠤ ᠬᠦᠷᠢᠶ᠎ᠡ ᠴᠠᠷᠠᠭ᠎ᠠ ᠨᠢ ᠡᠷᠬᠡᠪᠰᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠣᠷᠣᠨ ᠨᠤᠲᠤᠭ ᠤᠨ | ᠴᠢᠨᠠᠷᠲᠠᠢ ᠬᠠᠤᠯᠢ ᠲᠣᠭᠲᠠᠭᠠᠯ ᠪᠤᠶᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠢᠴᠢᠭ | ᠮᠠᠲ᠋ᠧᠷᠢᠶᠠᠯ ᠢᠶᠠᠷ ᠦᠨᠳᠦᠰᠦᠯᠡᠯ ᠪᠤᠯᠭᠠᠵᠤ᠂ ᠡᠭᠦᠨ ᠳᠤ ᠢᠲᠡᠭᠡᠮᠵᠢ ᠶᠢᠨ ᠭᠤᠣᠯ ᠴᠣᠭᠴᠠ ᠶᠢᠨ ᠡᠷᠬᠡ ᠶᠢ ᠬᠠᠰᠤᠵᠤ ᠬᠤᠬᠢᠷᠠᠭᠤᠯᠬᠤ ᠪᠤᠶᠤ ᠡᠭᠦᠷᠭᠡ ᠶᠢ ᠨᠢ | ᠨᠡᠮᠡᠭᠳᠡᠭᠦᠯᠬᠦ ᠳᠤ ᠬᠤᠯᠪᠣᠭᠳᠠᠭᠰᠠᠨ ᠠᠷᠭ᠎ᠠ ᠬᠡᠮᠵᠢᠶ᠎ᠡ ᠨᠢ᠂ ᠡᠷᠬᠡᠪᠰᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠣᠷᠣᠨ ᠨᠤᠲᠤᠭ ᠤᠨ | ᠴᠢᠨᠠᠷᠲᠠᠢ ᠬᠠᠤᠯᠢ ᠲᠣᠭᠲᠠᠭᠠᠯ ᠢᠶᠠᠷ ᠦᠨᠳᠦᠰᠦᠯᠡᠯ ᠪᠤᠯᠭᠠᠬᠤ ᠬᠡᠷᠡᠭᠲᠡᠢ᠃ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠰᠠᠯᠠᠭ᠎ᠠ ᠮᠥᠴᠢᠷ ᠤᠨ | ᠳᠦᠷᠢᠮ ᠲᠣᠭᠲᠠᠭᠠᠯ ᠤᠨ ᠭᠡᠯᠪᠡᠷᠢ ᠪᠠᠷ ᠬᠦᠨᠳᠦ ᠨᠣᠴᠢᠲᠠᠢ ᠢᠲᠡᠭᠡᠮᠵᠢ ᠠᠯᠳᠠᠭᠰᠠᠨ ᠭᠤᠣᠯ ᠴᠣᠭᠴᠠ ᠶᠢᠨ ᠨᠡᠷᠡᠰ ᠪᠠ ᠨᠡᠷᠡᠰ ᠠᠴᠠ ᠭᠠᠷᠭᠠᠬᠤ ᠨᠥᠬᠦᠴᠡᠯ᠂ ᠲᠠᠰ | ᠳᠠᠷᠠᠭᠠᠯᠠᠯ ᠢ ᠲᠣᠳᠣᠷᠬᠠᠶᠢᠯᠠᠨ᠎ᠠ᠃ ᠬᠦᠨᠳᠦ ᠨᠣᠴᠢᠲᠠᠢ ᠢᠲᠡᠭᠡᠮᠵᠢ ᠠᠯᠳᠠᠭᠰᠠᠨ ᠭᠤᠣᠯ ᠴᠣᠭᠴᠠ ᠶᠢᠨ ᠨᠡᠷᠡᠰ ᠲᠤ ᠣᠷᠣᠭᠰᠠᠨ ᠪᠠᠶᠢᠪᠠᠯ᠂ ᠵᠠᠰᠠᠭ ᠤᠨ ᠣᠷᠳᠣᠨ ᠤ | ᠪᠡᠯᠡ ᠮᠥᠩᠭᠦ ᠭᠤᠶᠤᠴᠢᠯᠠᠬᠤ᠂ ᠭᠠᠶᠢᠯᠢ ᠶᠢᠨ ᠬᠠᠷᠠᠭᠠᠯᠵᠠᠯ ᠭᠦᠷᠳᠡᠭᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠳᠤ ᠣᠷᠤᠯᠴᠠᠬᠤ᠂ | ᠰᠲ᠋ᠣᠺ ᠤᠨ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ᠂ ᠲᠡᠷᠢᠭᠦᠨ ᠤ ᠬᠢ ᠶᠢ ᠰᠢᠯᠭᠠᠷᠠᠭᠤᠯᠵᠤ ᠰᠢᠯᠢᠳᠡᠭ ᠢ ᠰᠢᠯᠭᠠᠷᠠᠭᠤᠯᠬᠤ᠂ ᠠᠯᠪᠠᠲᠠᠨ ᠢ ᠰᠢᠯᠢᠨ ᠰᠣᠩᠭᠤᠵᠤ | ᠲᠣᠮᠢᠯᠠᠬᠤ᠂ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠤᠷᠢᠨ ᠬᠡᠷᠡᠭᠯᠡᠬᠦ ᠵᠡᠷᠭᠡ ᠲᠠᠯ᠎ᠠ ᠪᠠᠷ ᠬᠠᠤᠯᠢ ᠲᠣᠭᠲᠠᠭᠠᠯ ᠶᠣᠰᠣᠭᠠᠷ ᠬᠢᠵᠠᠭᠠᠷᠯᠠᠬᠤ ᠪᠤᠶᠤ ᠴᠠᠭᠠᠵᠠᠯᠠᠨ᠎ᠠ᠃ | ᠭᠡᠷ ᠭᠠᠵᠠᠷ ᠤᠨ ᠬᠥᠷᠥᠩᠭᠡ ᠶᠢᠨ ᠵᠠᠬ᠎ᠠ ᠳᠡᠯᠭᠡᠭᠦᠷ᠂ ᠢᠨᠲ᠋ᠧᠷ ᠰᠦᠯᠵᠢᠶ᠎ᠡ᠂ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ᠂ ᠡᠨᠧᠷᠭᠢ ᠶᠢᠨ ᠳᠤᠮᠳᠠ | ᠣᠷᠳᠣ ᠬᠤᠭᠤᠴᠠᠭᠠᠨ ᠤ ᠭᠡᠷ᠎ᠡ ᠶᠢᠨ ᠬᠦᠷᠢᠶ᠎ᠡ ᠴᠠᠷᠠᠭ᠎ᠠ ᠳᠤ ᠬᠦᠨᠳᠦ ᠨᠣᠴᠢᠲᠠᠢ ᠢᠲᠡᠭᠡᠮᠵᠢ ᠠᠯᠳᠠᠭᠰᠠᠨ ᠭᠤᠣᠯ ᠴᠣᠭᠴᠠ ᠶᠢᠨ ᠨᠡᠷᠡᠰ ᠢ ᠨᠡᠮᠡᠵᠦ ᠲᠣᠬᠢᠷᠠᠭᠤᠯᠤᠨ᠎ᠠ᠃ | ᠢᠲᠡᠭᠡᠮᠵᠢ ᠠᠯᠳᠠᠭᠰᠠᠨ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠪᠣᠯᠣᠨ ᠬᠦᠨᠳᠦ ᠨᠣᠴᠢᠲᠠᠢ ᠢᠲᠡᠭᠡᠮᠵᠢ ᠠᠯᠳᠠᠭᠰᠠᠨ ᠭᠤᠣᠯ ᠴᠣᠭᠴᠠ ᠶᠢᠨ ᠨᠡᠷᠡᠰ ᠢ ᠨᠠᠷᠢᠨ | ᠳᠠᠩᠰᠠᠴᠢᠯᠠᠨ ᠨᠢᠭᠡᠳᠦᠯᠲᠡᠢ ᠬᠠᠮᠢᠶᠠᠷᠬᠤ ᠶᠢ ᠬᠡᠷᠡᠭᠵᠢᠭᠦᠯᠦᠨ᠎ᠡ᠃ | ︵ᠠᠷᠪᠠᠨ ᠭᠤᠷᠪᠠ︶ ᠢᠲᠡᠭᠡᠮᠵᠢ ᠶᠢᠨ ᠰᠡᠯᠭᠦᠨ ᠰᠡᠷᠭᠦᠭᠡᠬᠦ ᠨᠢᠭᠡᠳᠦᠯᠲᠡᠢ ᠳᠦᠷᠢᠮ ᠢ ᠲᠡᠭᠦᠯᠳᠡᠷᠵᠢᠭᠦᠯᠦᠨ᠎ᠡ᠃ ᠨᠢᠭᠡᠳᠦᠯᠲᠡᠢ ᠵᠢᠷᠤᠮᠵᠢᠬᠰᠠᠨ᠂ ᠬᠠᠮᠵᠢᠯᠴᠠᠨ | ᠬᠠᠮᠲᠤ ᠪᠠᠷ ᠡᠳ᠋ᠯᠡᠬᠦ᠂ ᠰᠢᠨᠵᠢᠯᠡᠬᠦ ᠤᠬᠠᠭᠠᠨᠴᠢ ᠥᠨᠳᠥᠷ ᠦᠷ᠎ᠡ ᠪᠦᠲᠦᠮᠵᠢᠲᠡᠶ ᠢᠲᠡᠭᠡᠮᠵᠢ ᠶᠢᠨ ᠰᠡᠯᠭᠦᠨ ᠰᠡᠷᠭᠦᠭᠡᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ | ᠢᠲᠡᠭᠡᠮᠵᠢ ᠠᠯᠳᠠᠭᠰᠠᠨ ᠭᠤᠣᠯ ᠴᠣᠭᠴᠠ ᠶᠢᠨ ᠰᠠᠨᠠᠭᠠᠴᠢᠯᠠᠭ᠎ᠠ ᠠᠴᠠ ᠪᠠᠨ ᠢᠲᠡᠭᠡᠮᠵᠢ ᠠᠯᠳᠠᠭᠰᠠᠨ ᠦᠶ᠋ᠯᠡ ᠠᠵᠢᠯᠯᠠᠭ᠎ᠠ ᠪᠠᠨ ᠵᠠᠯᠠᠷᠠᠭᠤᠯᠬᠤ ᠶᠢ ᠵᠣᠷᠢᠭᠵᠢᠭᠤᠯᠤᠨ᠎ᠠ᠃ | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠪᠠ ᠰᠡᠯᠭᠦᠨ ᠰᠡᠷᠭᠦᠭᠡᠬᠦ | ᠠᠷᠭ᠎ᠠ ᠵᠠᠮ ᠢ ᠨᠢᠭᠡᠳᠦᠯᠲᠡᠢ ᠪᠤᠯᠭᠠᠵᠤ᠂ ᠢᠲᠡᠭᠡᠮᠵᠢ ᠶᠢ ᠰᠡᠯᠭᠦᠨ ᠰᠡᠷᠭᠦᠭᠡᠬᠦ ᠳᠦᠷᠢᠮ ᠢ ᠰᠢᠯᠢᠳᠡᠭᠵᠢᠭᠦᠯᠦᠨ᠂ ᠬᠠᠤᠯᠢ ᠴᠠᠭᠠᠵᠠ ᠶᠢᠨ ᠪᠠᠶᠢᠭᠤᠯᠭ᠎ᠠ᠂ ᠠᠵᠢᠯ | ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠰᠡᠯᠭᠦᠨ ᠰᠡᠷᠭᠦᠭᠡᠬᠦ ᠳᠤ ᠬᠠᠮᠵᠢᠯᠴᠠᠬᠤ ᠶᠢ | ᠴᠢᠩᠭᠠᠳᠬᠠᠨ᠎ᠠ᠃ ᠰᠡᠯᠭᠦᠨ ᠰᠡᠷᠭᠦᠭᠡᠬᠦ ᠶᠢ ᠪᠡᠶᠡᠯᠡᠭᠦᠯᠦᠭᠰᠡᠨ ᠢᠲᠡᠭᠡᠮᠵᠢ ᠶᠢᠨ ᠭᠤᠣᠯ ᠴᠣᠭᠴᠠ ᠳᠤ᠂ ᠢᠲᠡᠭᠡᠮᠵᠢ ᠠᠯᠳᠠᠭᠰᠠᠨ ᠮᠡᠳᠡᠭᠡ ᠵᠠᠩᠭᠢ ᠪᠠᠨ ᠨᠡᠶᠢᠲᠡᠯᠡᠬᠦ ᠶᠢ | ᠴᠠᠭ ᠲᠤᠬᠠᠢ ᠳᠤᠨᠢ ᠵᠣᠭᠰᠣᠭᠠᠵᠤ᠂ ᠲᠡᠭᠦᠨ ᠢ ᠬᠠᠮᠢᠶ᠎ᠠ ᠪᠦᠬᠦᠢ ᠢᠲᠡᠭᠡᠮᠵᠢ ᠠᠯᠳᠠᠭᠰᠠᠨ ᠨᠡᠷᠡᠰ ᠠᠴᠠ ᠭᠠᠷᠭᠠᠬᠤ ᠶᠢᠨ ᠬᠠᠮᠲᠤ᠂ ᠬᠠᠮᠢᠶ᠎ᠠ ᠪᠦᠬᠦᠢ ᠢᠲᠡᠭᠡᠮᠵᠢ | ᠠᠯᠳᠠᠭᠰᠠᠨ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠬᠠᠤᠯᠢ ᠲᠣᠭᠲᠠᠭᠠᠯ ᠶᠣᠰᠣᠭᠠᠷ ᠬᠦᠴᠦᠨ ᠦᠭᠡᠢ ᠪᠣᠯᠭᠠᠨ᠎ᠠ᠃ | ᠲᠠᠪᠤ᠂ ᠢᠲᠡᠭᠡᠮᠵᠢ ᠪᠠᠷ ᠰᠠᠭᠤᠷᠢ ᠪᠤᠯᠭᠠᠬᠰᠠᠨ ᠬᠢᠨᠠᠯᠲᠠ ᠬᠠᠮᠢᠶᠠᠷᠤᠯᠲᠠ ᠪᠠ ᠵᠠᠰᠠᠯᠲᠠ ᠶᠢᠨ ᠲᠣᠭᠲᠠᠴᠠ ᠶᠢ ᠪᠦᠷᠢᠨᠰᠢᠭᠦᠯᠦᠨ᠎ᠡ | ︵ᠠᠷᠪᠠᠨ ᠳᠥᠷᠪᠡ︶ ᠢᠲᠡᠭᠡᠮᠵᠢ ᠶᠢᠨ ᠦᠨᠡᠯᠡᠯᠲᠡ ᠪᠠᠷ ᠰᠠᠭᠤᠷᠢ ᠪᠣᠯᠭᠠᠨ ᠱᠠᠲᠤ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠦᠨ᠎ᠡ᠃ | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠨ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠡᠯ᠎ᠡ ᠭᠠᠵᠠᠷ | ᠣᠷᠣᠨ ᠡᠯ᠎ᠡ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠣᠯᠠᠨ ᠨᠡᠶᠢᠲᠡ ᠶᠢᠨ ᠢᠲᠡᠭᠡᠮᠵᠢ ᠶᠢᠨ ᠶᠡᠷᠦᠩᠬᠡᠶᠢᠯᠡᠭᠰᠡᠨ ᠦᠨᠡᠯᠡᠯᠲᠡ ᠪᠠᠷ | ᠰᠠᠭᠤᠷᠢ ᠪᠣᠯᠭᠠᠨ ᠲᠣᠰ ᠭᠠᠵᠠᠷ ᠣᠷᠣᠨ ᠲᠣᠰ ᠠᠵᠢᠯ ᠲᠥᠷᠥᠯ ᠤᠨ ᠢᠲᠡᠭᠡᠮᠵᠢ ᠶᠢᠨ ᠦᠨᠡᠯᠡᠯᠲᠡ ᠶᠢᠨ ᠲᠣᠭᠲᠠᠴᠠ ᠶᠢ ᠪᠦᠷᠢᠨᠰᠢᠭᠦᠯᠵᠦ᠂ ᠦᠨᠡᠯᠡᠯᠲᠡ ᠶᠢᠨ ᠦᠷ᠎ᠡ | ᠳ᠋ᠦᠩ ᠢ ᠦᠨᠳᠦᠰᠦᠯᠡᠨ ᠬᠢᠨᠠᠯᠲᠠ ᠬᠠᠮᠢᠶᠠᠷᠤᠯᠲᠠ ᠶᠢᠨ ᠠᠷᠭ᠎ᠠ ᠭᠡᠯᠪᠡᠷᠢ ᠶᠢ ᠰᠢᠯᠢᠳᠡᠭᠵᠢᠭᠦᠯᠵᠦ᠂ ᠠᠳᠠᠯᠢ ᠪᠤᠰᠤ ᠲᠥᠷᠥᠯ ᠭᠡᠯᠪᠡᠷᠢ ᠶᠢᠨ ᠢᠲᠡᠭᠡᠮᠵᠢ ᠶᠢᠨ ᠭᠤᠣᠯ | ᠴᠣᠭᠴᠠ ᠳᠤ ᠵᠦᠷᠢᠶᠡᠴᠢᠯᠡᠭᠰᠡᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ | ︵ᠠᠷᠪᠠᠨ ᠲᠠᠪᠤ︶ ᠢᠲᠡᠭᠡᠮᠵᠢ ᠶᠢᠨ ᠠᠮᠠᠯᠠᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠭᠡᠷᠡᠴᠢᠯᠡᠬᠦ | ᠵᠦᠢᠯᠡᠰ᠂ ᠢᠲᠡᠭᠡᠮᠵᠢ ᠶᠢ ᠰᠡᠯᠭᠦᠨ ᠰᠡᠷᠭᠦᠭᠡᠬᠦ ᠵᠡᠷᠭᠡ ᠬᠦᠷᠢᠶᠡᠨ ᠳᠤ ᠢᠲᠡᠭᠡᠮᠵᠢ ᠶᠢᠨ ᠠᠮᠠᠯᠠᠯᠲᠠ ᠶᠢᠨ ᠳᠦᠷᠢᠮ ᠢ ᠬᠡᠷᠡᠭᠵᠢᠭᠦᠯᠦᠨ᠎ᠡ᠃ ᠢᠲᠡᠭᠡᠮᠵᠢ ᠶᠢᠨ | ᠠᠮᠠᠯᠠᠯᠲᠠ ᠶᠢᠨ ᠳᠦᠷᠢᠮ ᠢ ᠬᠡᠷᠡᠭᠯᠡᠬᠦ ᠳᠤ ᠲᠣᠬᠢᠷᠠᠬᠤ ᠵᠦᠢᠯᠡᠰ ᠢ ᠭᠦᠢᠴᠡᠳᠬᠡᠬᠦ ᠳᠤ᠂ ᠭᠤᠶᠤᠴᠢᠯᠠᠭᠴᠢ ᠶᠢᠨ ᠬᠡᠰᠡᠭ ᠮᠡᠳᠡᠭᠦᠯᠬᠦ ᠮᠠᠲ᠋ᠧᠷᠢᠶᠠᠯ ᠨᠢ ᠪᠦᠷᠢᠨ ᠭᠦᠢᠴᠡᠳ | ᠦᠭᠡᠢ ᠪᠤᠯᠪᠠᠴᠤ ᠢᠲᠡᠭᠡᠮᠵᠢ ᠶᠢᠨ ᠪᠠᠶᠢᠳᠠᠯ ᠨᠢ ᠨᠡᠯᠢᠶᠡᠳ ᠰᠠᠶᠢᠨ ᠮᠥᠷᠲᠡᠭᠡᠨ ᠪᠢᠴᠢᠭ ᠤᠨ ᠭᠡᠯᠪᠡᠷᠢ ᠪᠠᠷ ᠠᠮᠠᠯᠳᠠᠵᠤ ᠲᠣᠭᠲᠠᠭᠠᠭᠰᠠᠨ ᠬᠤᠭᠤᠴᠠᠭᠠᠨ ᠳᠣᠲᠣᠷ᠎ᠠ | ᠮᠠᠲ᠋ᠧᠷᠢᠶᠠᠯ ᠢᠶᠠᠨ ᠬᠠᠩᠭᠠᠨ᠎ᠠ ᠭᠡᠰᠡᠨ ᠪᠣᠯ ᠤᠷᠢᠳ ᠢᠶᠠᠷ ᠭᠥᠯᠢᠶᠡᠨ ᠠᠪᠴᠤ ᠰᠢᠢᠳᠪᠦᠷᠢᠯᠡᠬᠦ ᠬᠡᠷᠡᠭᠲᠡᠢ᠃ ᠢᠲᠡᠭᠡᠮᠵᠢ ᠶᠢᠨ ᠠᠮᠠᠯᠠᠯᠲᠠ ᠶᠢ ᠦᠢᠯᠡᠳᠦᠯᠭᠡᠵᠢᠭᠦᠯᠬᠦ | ᠮᠥᠷᠳᠡᠬᠦ ᠲᠣᠭᠲᠠᠴᠠ ᠶᠢ ᠪᠠᠶᠢᠭᠤᠯᠤᠨ᠎ᠠ᠃ ᠢᠲᠡᠭᠡᠮᠵᠢ ᠶᠢᠨ ᠭᠤᠣᠯ ᠴᠣᠭᠴᠠ ᠶᠢᠨ ᠰᠠᠨᠠᠭᠠᠴᠢᠯᠠᠭ᠎ᠠ ᠠᠴᠠ ᠪᠠᠨ ᠨᠡᠶᠢᠭᠡᠮ ᠳᠤ ᠢᠲᠡᠭᠡᠮᠵᠢ ᠶᠢᠨ ᠠᠮᠠᠯᠠᠯᠲᠠ ᠬᠢᠬᠦ ᠶᠢ | ᠬᠥᠲᠥᠯᠥᠨ ᠵᠢᠯᠣᠭᠤᠳᠤᠨ᠎ᠠ᠃ | ︵ᠠᠷᠪᠠᠨ ᠵᠢᠷᠭᠤᠭ᠎ᠠ︶ ᠢᠲᠡᠭᠡᠮᠵᠢ ᠶᠢᠨ ᠮᠡᠳᠡᠭᠦᠯᠦᠯᠲᠡ ᠶᠢ ᠭᠦᠨᠵᠡᠭᠡᠢ ᠬᠡᠷᠡᠭᠯᠡᠬᠦ ᠶᠢ ᠠᠬᠢᠭᠤᠯᠤᠨ᠎ᠠ᠃ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ᠂ | ᠬᠢᠷᠢ ᠭᠡᠮ ᠢ ᠬᠢᠨᠠᠨ ᠬᠠᠷᠭᠤᠭᠤᠯᠬᠤ ᠵᠡᠷᠭᠡ ᠣᠯᠠᠨ ᠨᠡᠶᠢᠲᠡ ᠶᠢᠨ ᠬᠠᠮᠢᠶᠠᠷᠤᠯᠲᠠ ᠶᠢᠨ ᠬᠦᠷᠢᠶᠡᠨ ᠳᠤ ᠢᠲᠡᠭᠡᠮᠵᠢ ᠶᠢᠨ ᠮᠡᠳᠡᠭᠦᠯᠦᠯᠲᠡ ᠶᠢ ᠭᠦᠢᠴᠡᠳ ᠬᠡᠷᠡᠭᠯᠡᠬᠦ ᠶᠢ | ᠠᠬᠢᠭᠤᠯᠤᠨ᠎ᠠ᠃ ᠲᠤᠰᠬᠠᠢ ᠵᠦᠢᠯ ᠤᠨ ᠢᠲᠡᠭᠡᠮᠵᠢ ᠶᠢᠨ ᠮᠡᠳᠡᠭᠦᠯᠦᠯᠲᠡ ᠪᠠᠷ ᠬᠠᠤᠯᠢ ᠲᠣᠭᠲᠠᠭᠠᠯ ᠠᠴᠠ ᠵᠥᠷᠢᠴᠡᠭᠰᠡᠨ ᠲᠡᠮᠳᠡᠭᠯᠡᠯ ᠪᠠᠶᠢᠬᠤ ᠡᠰᠡᠬᠦ ᠶᠢᠨ ᠭᠡᠷᠡᠴᠢ ᠶᠢ | ᠣᠷᠣᠯᠠᠭᠤᠯᠵᠤ ᠪᠤᠯᠬᠤ ᠶᠢ ᠶᠡᠭᠡ ᠪᠠᠷ ᠠᠬᠢᠭᠤᠯᠤᠨ᠎ᠠ᠃ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠪᠡᠯᠡ ᠬᠤᠷᠠᠮᠳᠤᠭᠤᠯᠬᠤ ᠢᠲᠡᠭᠡᠮᠵᠢ ᠣᠯᠭᠤᠬᠤ᠂ | ᠬᠤᠳᠠᠯᠳᠤᠭᠠᠨ ᠤ ᠶᠠᠪᠤᠯᠴᠠᠭ᠎ᠠ ᠵᠡᠷᠭᠡ ᠵᠠᠬ᠎ᠠ ᠳᠡᠯᠭᠡᠭᠦᠷ ᠤᠨ ᠠᠷᠠᠯᠵᠢᠶᠠᠨ ᠤ ᠠᠵᠢᠯᠯᠠᠭ᠎ᠠ ᠳᠤᠮᠳᠠ ᠢᠲᠡᠭᠡᠮᠵᠢ ᠶᠢᠨ ᠮᠡᠳᠡᠭᠦᠯᠦᠯᠲᠡ ᠶᠢ ᠬᠡᠷᠡᠭᠯᠡᠬᠦ ᠶᠢ ᠵᠣᠷᠢᠭᠵᠢᠭᠤᠯᠤᠨ᠎ᠠ᠃ | | ︵ᠠᠷᠪᠠᠨ ᠳᠣᠯᠤᠭ᠎ᠠ︶ ᠵᠠᠰᠠᠭ ᠤᠨ ᠣᠷᠳᠣᠨ ᠤ ᠭᠡᠷ᠎ᠡ ᠲᠣᠭᠲᠠᠬᠤ᠂ ᠭᠡᠷ᠎ᠡ ᠲᠣᠭᠲᠠᠬᠤ ᠶᠢ ᠵᠢᠯᠤᠭᠤᠳᠬᠤ ᠵᠡᠷᠭᠡ ᠭᠡᠷ᠎ᠡ ᠪᠠᠨ ᠭᠦᠢᠴᠡᠳᠬᠡᠬᠦ ᠢᠲᠡᠭᠡᠮᠵᠢ ᠶᠢᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠭᠡᠷ᠎ᠡ ᠪᠠᠨ ᠭᠦᠢᠴᠡᠳᠬᠡᠬᠦ ᠶᠢ ᠮᠥᠷᠳᠡᠨ ᠬᠠᠷᠭᠤᠭᠤᠯᠬᠤ ᠶᠢ ᠴᠢᠩᠭᠠᠳᠬᠠᠵᠤ᠂ ᠵᠠᠰᠠᠭ ᠤᠨ ᠣᠷᠳᠣᠨ ᠤ ᠲᠣᠭᠲᠠᠭᠰᠠᠨ | ᠭᠡᠷ᠎ᠡ᠂ ᠵᠠᠰᠠᠭ ᠤᠨ ᠣᠷᠳᠣᠨ ᠤ ᠵᠢᠯᠣᠭᠤᠳᠤᠨ ᠲᠣᠭᠲᠠᠭᠰᠠᠨ ᠭᠡᠷ᠎ᠡ ᠵᠡᠷᠭᠡ ᠭᠡᠷ᠎ᠡ ᠪᠠᠨ ᠭᠦᠢᠴᠡᠳᠬᠡᠭᠰᠡᠨ ᠪᠠᠶᠢᠳᠠᠯ ᠢ ᠪᠦᠭᠦ ᠤᠯᠤᠰ ᠤᠨ ᠢᠲᠡᠭᠡᠮᠵᠢ ᠶᠢᠨ ᠮᠡᠳᠡᠭᠡ | ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ ᠳᠤ ᠴᠠᠭ ᠲᠤᠬᠠᠢ ᠳᠤᠨᠢ ᠴᠤᠭᠯᠠᠭᠤᠯᠤᠨ ᠣᠷᠣᠭᠤᠯᠵᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠠᠴᠠ ᠬᠢᠨᠠᠨ ᠬᠠᠷᠭᠤᠭᠤᠯᠤᠭᠰᠠᠨ ᠭᠡᠷ᠎ᠡ ᠪᠠᠨ ᠭᠦᠢᠴᠡᠳᠬᠡᠭᠰᠡᠨ ᠪᠠᠶᠢᠳᠠᠯ ᠢ ᠬᠠᠮᠢᠶ᠎ᠠ ᠪᠦᠬᠦᠢ ᠭᠤᠣᠯ ᠴᠣᠭᠴᠠ ᠶᠢᠨ ᠢᠲᠡᠭᠡᠮᠵᠢ ᠶᠢᠨ ᠲᠡᠮᠳᠡᠭᠯᠡᠯ ᠳᠤ | ᠣᠷᠣᠭᠤᠯᠵᠤ᠂ ᠭᠡᠷ᠎ᠡ ᠪᠠᠨ ᠭᠦᠢᠴᠡᠳᠬᠡᠬᠦ ᠲᠦᠪᠰᠢᠨ ᠢ ᠦᠨᠡᠨ ᠬᠦ ᠳᠡᠭᠡᠭᠰᠢᠯᠡᠭᠦᠯᠦᠨ᠎ᠡ᠃ | ︵ᠠᠷᠪᠠᠨ ᠨᠠᠢᠮᠠ︶ ᠢᠲᠡᠭᠡᠮᠵᠢ ᠪᠠᠷ ᠦᠨᠳᠦᠰᠦᠨ ᠱᠠᠲᠤᠨ ᠤ ᠵᠠᠰᠠᠯᠲᠠ ᠳᠤ ᠬᠦᠴᠦᠨ ᠨᠡᠮᠡᠷᠢᠯᠡᠬᠦ ᠶᠢ ᠠᠬᠢᠭᠤᠯᠤᠨ᠎ᠠ᠃ ᠬᠥᠳᠡᠭᠡ ᠲᠣᠰᠬᠤᠨ ᠤ | ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠲᠠᠷᠢᠶᠠᠯᠠᠩ ᠳᠤ ᠬᠤᠯᠪᠣᠭᠳᠠᠬᠤ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠵᠤ ᠬᠠᠮᠲᠤ ᠪᠠᠷ | ᠡᠳ᠋ᠯᠡᠬᠦ ᠶᠢ ᠴᠢᠩᠭᠠᠳᠬᠠᠵᠤ᠂ ᠴᠤᠭᠯᠠᠭᠤᠯᠬᠤ ᠬᠠᠷᠢᠭᠤᠴᠠᠯᠭ᠎ᠠ ᠶᠢ ᠲᠣᠳᠣᠷᠬᠠᠶᠢᠯᠠᠨ᠂ ᠴᠤᠭᠯᠠᠭᠤᠯᠬᠤ ᠭᠦᠢᠴᠡᠳᠬᠡᠯ ᠲᠤᠭ᠎ᠠ ᠪᠠ ᠦᠨᠡᠯᠡᠬᠦ ᠳᠦᠷᠢᠮ ᠢ | ᠰᠢᠯᠢᠳᠡᠭᠵᠢᠭᠦᠯᠦᠨ ᠴᠣᠮᠬᠠᠳᠬᠠᠵᠤ᠂ ᠲᠠᠷᠢᠶᠠᠴᠢᠨ ᠡᠷᠦᠭᠡ ᠪᠠ ᠰᠢᠨ᠎ᠡ ᠭᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ ᠢᠲᠡᠭᠡᠮᠵᠢ ᠶᠢᠨ | ᠦᠨᠡᠯᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠢᠲᠡᠭᠡᠮᠵᠢ ᠪᠠᠷ ᠨᠡᠶᠢᠭᠡᠮ ᠲᠣᠭᠤᠷᠢᠭ ᠤᠨ ᠵᠠᠰᠠᠯᠲᠠ ᠶᠢ ᠠᠬᠢᠭᠤᠯᠬᠤ ᠳᠤ ᠬᠦᠴᠦᠨ ᠨᠡᠮᠡᠷᠢᠯᠡᠵᠦ᠂ | ᠢᠲᠡᠭᠡᠮᠵᠢᠲᠦ ᠬᠦᠷᠢᠶᠡᠯᠡᠩ ᠲᠣᠭᠤᠷᠢᠭ᠂ ᠵᠡᠭᠡᠯᠢ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠳᠠᠮᠵᠢᠨ᠎ᠠ᠃ | ︵ᠠᠷᠪᠠ ᠶᠢᠰᠦ︶ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠬᠠᠤᠯᠢ ᠲᠣᠭᠲᠠᠭᠠᠯ ᠳᠦᠷᠢᠮ ᠢ ᠲᠡᠭᠦᠯᠳᠡᠷᠵᠢᠭᠦᠯᠦᠨ᠎ᠡ᠃ ᠨᠡᠶᠢᠭᠡᠮ ᠤᠨ ᠢᠲᠡᠭᠡᠮᠵᠢ ᠶᠢᠨ | ᠨᠢᠭᠡᠳᠦᠯᠲᠡᠢ ᠣᠷᠣᠯᠠᠬᠤ ᠲᠡᠮᠳᠡᠭ ᠤᠨ ᠳᠦᠷᠢᠮ ᠢ ᠲᠡᠭᠦᠯᠳᠡᠷᠵᠢᠭᠦᠯᠵᠦ᠂ ᠡᠯ᠎ᠡ ᠲᠦᠷᠦᠯ ᠤᠨ ᠭᠤᠣᠯ ᠴᠣᠭᠴᠠ ᠳᠤ ᠺᠣᠳ᠋ ᠣᠯᠭᠤᠬᠤ ᠰᠠᠯᠠᠭ᠎ᠠ ᠮᠥᠴᠢᠷ ᠢ ᠤᠯᠠᠮ | ᠨᠢᠭᠡ ᠠᠯᠬᠤᠮ ᠲᠣᠳᠣᠷᠬᠠᠶᠢᠯᠠᠵᠤ᠂ ᠺᠣᠳ᠋ ᠣᠯᠭᠤᠭᠰᠠᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠪᠠ ᠬᠢᠨᠠᠨ ᠬᠠᠷᠭᠤᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ | ᠪᠦᠭᠦ ᠤᠯᠤᠰ ᠤᠨ ᠨᠢᠭᠡᠳᠦᠯᠲᠡᠢ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠪᠠᠷᠢᠮᠵᠢᠶ᠎ᠠ ᠶᠢ ᠲᠣᠭᠲᠠᠭᠠᠨ᠎ᠠ᠃ ᠨᠡᠶᠢᠭᠡᠮ ᠤᠨ ᠢᠲᠡᠭᠡᠮᠵᠢ ᠶᠢᠨ | ᠪᠠᠶᠢᠭᠤᠯᠤᠯᠲᠠ ᠶᠢᠨ ᠬᠠᠤᠯᠢ ᠶᠢ ᠨᠡᠶᠢᠲᠡᠯᠡᠬᠦ ᠶᠢ ᠠᠬᠢᠭᠤᠯᠵᠤ᠂ ᠢᠲᠡᠭᠡᠮᠵᠢ ᠶᠢᠨ ᠳᠦᠷᠢᠮ ᠢ ᠬᠤᠯᠪᠣᠭᠳᠠᠯ ᠪᠦᠬᠦᠢ ᠲᠤᠰᠬᠠᠢ ᠬᠠᠤᠯᠢ ᠲᠣᠭᠲᠠᠭᠠᠯ ᠳᠤ ᠣᠷᠣᠭᠤᠯᠬᠤ ᠶᠢ | ᠠᠬᠢᠭᠤᠯᠤᠨ᠎ᠠ᠃ ᠢᠲᠡᠭᠡᠮᠵᠢ ᠶᠢᠨ ᠲᠦᠷᠦ ᠶᠢᠨ ᠪᠣᠳᠣᠯᠭ᠎ᠠ ᠶᠢ ᠨᠡᠶᠢᠲᠡᠯᠡᠬᠦ ᠠᠴᠠ ᠡᠮᠦᠨᠡᠬᠢ ᠶᠡᠷᠦᠩᠬᠡᠶᠢᠯᠡᠭᠰᠡᠨ ᠦᠨᠡᠯᠡᠯᠲᠡ ᠶᠢ ᠴᠢᠩᠭᠠᠳᠬᠠᠵᠤ᠂ ᠢᠲᠡᠭᠡᠮᠵᠢ ᠶᠢᠨ | ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠭᠠᠵᠠᠷ ᠪᠣᠯᠭᠠᠨ ᠳᠤ ᠳᠤᠷ᠎ᠠ ᠪᠠᠷ ᠢᠶᠠᠨ ᠬᠡᠷᠡᠭᠯᠡᠬᠦ ᠶᠢ ᠰᠡᠷᠭᠡᠶᠢᠯᠡᠨ᠎ᠡ᠃ | ᠵᠢᠷᠭᠤᠭ᠎ᠠ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠵᠠᠬ᠎ᠠ ᠳᠡᠯᠭᠡᠭᠦᠷᠴᠢᠯᠡᠭᠰᠡᠨ ᠨᠡᠶᠢᠭᠡᠮᠴᠢᠯᠡᠭᠰᠡᠨ ᠲᠦᠪᠰᠢᠨ ᠢ ᠳᠡᠭᠡᠭᠰᠢᠯᠡᠭᠦᠯᠦᠨ᠎ᠡ | ︵ᠬᠤᠷᠢ︶ ᠢᠲᠡᠭᠡᠮᠵᠢ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠢ ᠶᠡᠭᠡ ᠪᠠᠷ ᠪᠤᠶᠢᠵᠢᠭᠤᠯᠤᠨ᠎ᠠ᠃ ᠢᠲᠡᠭᠡᠮᠵᠢ ᠶᠢᠨ ᠦᠨᠡᠯᠡᠯᠲᠡ᠂ ᠢᠲᠡᠭᠡᠮᠵᠢ ᠶᠢᠨ ᠳᠡᠰ ᠢ | ᠲᠣᠭᠲᠠᠭᠠᠬᠤ᠂ ᠢᠲᠡᠭᠡᠮᠵᠢ ᠶᠢᠨ ᠬᠤᠪᠢ ᠲᠣᠭᠲᠠᠭᠠᠬᠤ᠂ ᠢᠲᠡᠭᠡᠮᠵᠢ ᠶᠢᠨ ᠮᠡᠳᠡᠭᠦᠯᠦᠯᠲᠡ᠂ ᠢᠲᠡᠭᠡᠮᠵᠢ ᠶᠢᠨ ᠬᠠᠷᠭᠤᠭᠤᠯᠤᠨ ᠪᠠᠶᠢᠴᠠᠭᠠᠯᠲᠠ᠂ ᠢᠲᠡᠭᠡᠮᠵᠢ ᠶᠢᠨ | ᠬᠠᠮᠢᠶᠠᠷᠤᠯᠲᠠ᠂ ᠢᠲᠡᠭᠡᠮᠵᠢ ᠶᠢᠨ ᠯᠠᠪᠯᠠᠭ᠎ᠠ ᠵᠢᠴᠢ ᠣᠷᠴᠢᠨ ᠲᠣᠭᠤᠷᠢᠨ᠂ ᠨᠡᠶᠢᠭᠡᠮ ᠪᠠ ᠵᠠᠰᠠᠯᠲᠠ ᠶᠢᠨ ᠦᠨᠡᠯᠡᠯᠲᠡ ᠵᠡᠷᠭᠡ ᠲᠤᠬᠠᠶᠢᠯᠠᠭᠰᠠᠨ ᠠᠵᠢᠯ ᠤᠨ ᠵᠠᠭᠪᠤᠷ ᠤᠨ | ᠰᠢᠨ᠎ᠡ ᠶᠢ ᠡᠭᠦᠳᠴᠦ᠂ ᠢᠲᠡᠭᠡᠮᠵᠢ ᠶᠢᠨ ᠠᠵᠤ ᠠᠬᠤᠢ ᠶᠢᠨ ᠬᠥᠭᠵᠢᠯᠲᠡ ᠶᠢ ᠪᠦᠲᠦᠮᠵᠢᠲᠡᠶ ᠲᠤᠯᠭᠠᠭᠤᠷᠢᠯᠠᠨ᠎ᠠ᠃ ᠢᠲᠡᠭᠡᠮᠵᠢ ᠶᠢᠨ ᠦᠢᠯᠡᠴᠢᠯᠡᠭᠡᠨ ᠤ | ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠳᠤ ᠣᠷᠤᠯᠴᠠᠬᠤ ᠦᠢᠯᠡ ᠠᠵᠢᠯᠯᠠᠭ᠎ᠠ ᠶᠢ ᠵᠢᠷᠤᠮᠵᠢᠭᠤᠯᠤᠨ᠎ᠠ᠃ ᠮᠥᠩᠭᠦᠨ | ᠭᠦᠢᠯᠭᠡᠭᠡᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠰᠠᠭᠤᠷᠢ ᠳ᠋ᠠᠶᠢᠲ᠋ᠠ ᠬᠥᠮᠥᠷᠭᠡ ᠶᠢᠨ ᠮᠥᠩᠭᠦᠨ ᠭᠦᠢᠯᠭᠡᠭᠡᠨ ᠤ ᠬᠦᠷᠢᠶ᠎ᠡ ᠴᠠᠷᠠᠭ᠎ᠠ ᠶᠢᠨ ᠢᠲᠡᠭᠡᠮᠵᠢ ᠶᠢᠨ ᠮᠡᠳᠡᠭᠡ | ᠵᠠᠩᠭᠢ ᠶᠢ ᠬᠠᠤᠯᠢ ᠶᠣᠰᠣᠭᠠᠷ ᠴᠤᠭᠯᠠᠭᠤᠯᠬᠤ ᠶᠢ ᠳᠡᠮᠵᠢᠵᠦ᠂ ᠨᠠᠩ ᠳᠥᠭᠦᠮ ᠲᠦᠷᠭᠡᠨ ᠴᠢᠨᠠᠷ ᠰᠠᠶᠢᠲᠠᠢ ᠢᠲᠡᠭᠡᠮᠵᠢ ᠶᠢᠨ ᠮᠡᠳᠡᠭᠡ ᠵᠠᠩᠭᠢ ᠶᠢᠨ ᠰᠠᠭᠤᠷᠢ | ᠦᠢᠯᠡᠴᠢᠯᠡᠭᠡ ᠬᠠᠩᠭᠠᠨ᠎ᠠ᠃ ᠬᠤᠪᠢ ᠬᠥᠮᠥᠨ ᠤ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠵᠠᠬ᠎ᠠ ᠳᠡᠯᠭᠡᠭᠦᠷ ᠤᠨ ᠪᠠᠶᠢᠷᠢᠰᠢᠯ ᠢ ᠰᠢᠯᠢᠳᠡᠭᠵᠢᠭᠦᠯᠵᠦ᠂ | ᠬᠤᠪᠢ ᠬᠥᠮᠥᠨ ᠤ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠦᠢᠯᠡᠳᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠠᠵᠤ | ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠵᠠᠬ᠎ᠠ ᠳᠡᠯᠭᠡᠭᠦᠷ ᠢ ᠰᠢᠯᠢᠳᠡᠭᠵᠢᠭᠦᠯᠦᠨ ᠨᠠᠷᠢᠯᠢᠭᠵᠢᠭᠤᠯᠵᠤ᠂ ᠬᠦᠷᠢᠶ᠎ᠡ ᠴᠠᠷᠠᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ ᠨᠠᠷᠢᠯᠢᠭ ᠬᠤᠪᠢᠶᠠᠭᠰᠠᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠪᠠᠶᠢᠭᠤᠯᠤᠮᠵᠢ ᠶᠢ | ᠰᠦᠪᠡᠭᠴᠢᠯᠡᠨ ᠬᠥᠭᠵᠢᠭᠦᠯᠦᠨ᠎ᠡ᠃ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠬᠢᠨᠠᠯᠲᠠ ᠬᠠᠮᠢᠶᠠᠷᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ | ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠠᠵᠢᠯ ᠲᠥᠷᠥᠯ ᠤᠨ ᠵᠢᠷᠤᠮᠵᠢᠩᠭᠤᠢ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ | ︵ᠬᠤᠷᠢᠨ ᠨᠢᠭᠡ︶ ᠢᠲᠡᠭᠡᠮᠵᠢᠲᠦ ᠪᠡᠯᠡ ᠬᠤᠷᠠᠮᠳᠤᠭᠤᠯᠬᠤ ᠪᠠ ᠢᠲᠡᠭᠡᠮᠵᠢ ᠶᠢᠨ ᠠᠷᠠᠯᠵᠢᠶ᠎ᠠ ᠶᠢ ᠭᠦᠨᠵᠡᠭᠡᠢ ᠠᠬᠢᠭᠤᠯᠤᠨ᠎ᠠ᠃ ᠪᠦᠭᠦ ᠤᠯᠤᠰ ᠤᠨ ᠨᠢᠭᠡ | ᠴᠣᠭᠴᠠᠵᠢᠭᠤᠯᠤᠭᠰᠠᠨ ᠪᠡᠯᠡ ᠬᠤᠷᠠᠮᠳᠤᠭᠤᠯᠬᠤ ᠢᠲᠡᠭᠡᠮᠵᠢ ᠶᠢᠨ ᠦᠢᠯᠡᠴᠢᠯᠡᠭᠡᠨ ᠤ ᠲᠠᠪᠴᠠᠩ ᠤᠨ ᠰᠦᠯᠵᠢᠶ᠎ᠡ ᠳᠤ ᠲᠦᠰᠢᠭᠯᠡᠨ᠂ ᠪᠣᠳᠠᠲᠤ ᠬᠡᠷᠡᠭᠯᠡᠭᠡᠨ ᠤ ᠬᠡᠷᠡᠭᠴᠡᠭᠡ | ᠶᠣᠰᠣᠭᠠᠷ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠨᠡᠶᠢᠯᠡᠭᠦᠯᠵᠦ ᠬᠠᠮᠲᠤ ᠪᠠᠷ ᠡᠳ᠋ᠯᠡᠬᠦ ᠬᠡᠪᠴᠢᠶ᠎ᠡ ᠶᠢ ᠥᠷᠭᠡᠳᠬᠡᠵᠦ᠂ ᠢᠲᠡᠭᠡᠮᠵᠢ ᠶᠢᠨ ᠮᠡᠳᠡᠭᠡ | ᠵᠠᠩᠭᠢ ᠪᠠᠷ ᠰᠠᠭᠤᠷᠢ ᠪᠤᠯᠭᠠᠬᠰᠠᠨ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠢᠲᠡᠭᠡᠮᠵᠢ ᠶᠢ ᠨᠡᠮᠡᠭᠳᠡᠭᠦᠯᠬᠦ ᠳᠦᠷᠢᠮ ᠢ ᠲᠡᠭᠦᠯᠳᠡᠷᠵᠢᠭᠦᠯᠦᠨ᠂ ᠳᠤᠮᠳᠠ ᠪᠠᠭ᠎ᠠ | ᠵᠢᠵᠢᠭ ᠠᠵᠤ ᠠᠬᠤᠶᠢᠯᠠᠯ ᠤᠨ ᠢᠲᠡᠭᠡᠮᠵᠢᠲᠦ ᠵᠢᠭᠡᠯᠡᠯᠭᠡ ᠶᠢᠨ ᠬᠤᠪᠢ ᠶᠢᠨ ᠵᠢᠩ ᠢ ᠪᠦᠲᠦᠮᠵᠢᠲᠡᠶ ᠳᠡᠭᠡᠭᠰᠢᠯᠡᠭᠦᠯᠵᠦ᠂ ᠨᠥᠬᠦᠴᠡᠯ ᠳᠤ ᠨᠡᠶᠢᠴᠡᠭᠰᠡᠨ ᠢᠲᠡᠭᠡᠮᠵᠢ ᠶᠢᠨ | ᠮᠡᠳᠡᠭᠡ ᠵᠠᠩᠭᠢ ᠶᠢ ᠴᠤᠭᠯᠠᠭᠤᠯᠬᠤ ᠪᠠᠶᠢᠭᠤᠯᠤᠮᠵᠢ ᠶᠢᠨ ᠪᠡᠯᠡ ᠬᠤᠷᠠᠮᠳᠤᠭᠤᠯᠬᠤ ᠢᠲᠡᠭᠡᠮᠵᠢ ᠶᠢᠨ ᠦᠢᠯᠡᠴᠢᠯᠡᠭᠡᠨ ᠤ ᠲᠠᠪᠴᠠᠩ ᠤᠨ ᠡᠵᠡᠩᠨᠡᠯᠲᠡ ᠳᠤ ᠣᠷᠤᠯᠴᠠᠬᠤ ᠶᠢ | ᠳᠡᠮᠵᠢᠨ᠎ᠡ᠃ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠤᠯᠢ ᠲᠣᠭᠲᠠᠭᠠᠯ ᠶᠣᠰᠣᠭᠠᠷ ᠬᠤᠳᠠᠯᠳᠤᠭᠠᠨ ᠤ ᠭᠡᠷ᠎ᠡ ᠶᠢᠨ ᠭᠡᠷ᠎ᠡ ᠪᠠᠨ ᠭᠦᠢᠴᠡᠳᠬᠡᠬᠦ ᠮᠡᠳᠡᠭᠡ | ᠵᠠᠩᠭᠢ ᠶᠢ ᠴᠤᠭᠯᠠᠭᠤᠯᠬᠤ ᠶᠢ ᠵᠣᠷᠢᠭᠵᠢᠭᠤᠯᠵᠤ᠂ ᠱᠡᠭᠡᠯᠡᠨ ᠪᠣᠷᠣᠯᠠᠭᠤᠯᠬᠤ᠂ ᠬᠤᠭᠤᠴᠠᠭ᠎ᠠ ᠬᠤᠪᠢᠶᠠᠨ ᠵᠣᠭᠤᠰ ᠥᠭᠬᠦ᠂ ᠪᠡᠯᠡ ᠬᠤᠷᠠᠮᠳᠤᠭᠤᠯᠬᠤ ᠲᠦᠷᠢᠶᠡᠰᠦᠯᠡᠵᠦ | ᠲᠦᠷᠢᠶᠡᠰᠦᠯᠡᠭᠦᠯᠬᠦ ᠵᠡᠷᠭᠡ ᠢᠲᠡᠭᠡᠮᠵᠢᠲᠦ ᠪᠣᠷᠤᠯᠠᠭᠤᠯᠭ᠎ᠠ ᠶᠢᠨ ᠵᠠᠭᠪᠤᠷ ᠢ ᠡᠮᠬᠢ ᠵᠢᠷᠤᠮ ᠲᠠᠢ ᠪᠠᠷ ᠳᠡᠯᠭᠡᠷᠡᠭᠦᠯᠬᠦ ᠶᠢ ᠳᠡᠮᠵᠢᠨ᠎ᠡ᠃ ᠬᠤᠳᠠᠯᠳᠤᠭᠠᠨ ᠤ | ᠭᠤᠪᠢᠭᠤᠯᠭ᠎ᠠ ᠶᠢᠨ ᠬᠠᠭᠤᠳᠠᠰᠤ ᠶᠢᠨ ᠮᠡᠳᠡᠭᠡ ᠵᠠᠩᠭᠢ ᠶᠢ ᠨᠡᠶᠢᠲᠡᠯᠡᠬᠦ ᠶᠢ ᠴᠢᠩᠭᠠᠳᠬᠠᠵᠤ᠂ ᠫᠢᠶᠣᠣ ᠪᠠᠷᠢᠮᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠪᠠᠷ | ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠮᠠᠭᠤ ᠰᠠᠨᠠᠭ᠎ᠠ ᠪᠠᠷ ᠵᠣᠷᠢᠭᠤᠳᠠ ᠥᠷᠢ ᠥᠭᠴᠡᠭᠡ ᠠᠴᠠ ᠳᠤᠲᠠᠭᠠᠵᠤ ᠥᠷᠢ ᠥᠭᠴᠡᠭᠡ ᠪᠠᠨ ᠬᠦᠴᠦᠨ | ᠦᠭᠡᠢ ᠪᠤᠯᠭᠠᠬᠰᠠᠨ ᠡᠵᠡᠩᠨᠡᠯᠲᠡ ᠶᠢᠨ ᠭᠤᠣᠯ ᠴᠣᠭᠴᠠ ᠶᠢ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠬᠦᠨᠳᠦ ᠨᠣᠴᠢᠲᠠᠢ ᠢᠲᠡᠭᠡᠮᠵᠢ ᠠᠯᠳᠠᠭᠰᠠᠨ ᠭᠤᠣᠯ | ᠴᠣᠭᠴᠠ ᠶᠢᠨ ᠨᠡᠷᠡᠰ ᠲᠤ ᠣᠷᠣᠭᠤᠯᠤᠨ᠎ᠠ᠃ | ︵ᠬᠤᠷᠢᠨ ᠬᠤᠶᠠᠷ︶ ᠲᠠᠪᠴᠠᠩ ᠤᠨ ᠠᠵᠤ ᠠᠬᠤᠢ ᠶᠢᠨ ᠬᠦᠷᠢᠶᠡᠨ ᠳᠠᠬᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠣᠯᠠᠨ ᠨᠡᠶᠢᠲᠡ ᠶᠢᠨ | ᠢᠲᠡᠭᠡᠮᠵᠢ ᠶᠢᠨ ᠮᠡᠳᠡᠭᠡ ᠵᠠᠩᠭᠢ ᠪᠠ ᠲᠠᠪᠴᠠᠩ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ | ᠲᠠᠪᠴᠠᠩ ᠤᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠲᠠᠪᠴᠠᠩ ᠤᠨ ᠳᠣᠲᠣᠷᠠᠬᠢ ᠢᠲᠡᠭᠡᠮᠵᠢ ᠶᠢᠨ ᠬᠠᠮᠢᠶᠠᠷᠤᠯᠲᠠ ᠶᠢᠨ ᠳᠦᠷᠢᠮ ᠪᠠ ᠲᠠᠪᠴᠠᠩ ᠤᠨ | ᠬᠤᠭᠤᠷᠣᠨᠳᠣᠭᠢ ᠢᠲᠡᠭᠡᠮᠵᠢ ᠠᠯᠳᠠᠭᠰᠠᠨ ᠢ ᠬᠤᠯᠪᠤᠭᠠᠯᠠᠨ ᠬᠢᠵᠠᠭᠠᠷᠯᠠᠬᠤ ᠳᠦᠷᠢᠮ ᠢ ᠪᠠᠶᠢᠭᠤᠯᠵᠤ᠂ ᠲᠠᠪᠴᠠᠩ ᠤᠨ ᠳᠣᠲᠣᠷᠠᠬᠢ ᠬᠤᠳᠠᠯᠳᠤᠭᠠᠨ ᠤ ᠡᠷᠦᠭᠡ ᠶᠢᠨ | ᠢᠲᠡᠭᠡᠮᠵᠢ ᠶᠢᠨ ᠪᠠᠶᠢᠳᠠᠯ ᠢ ᠦᠨᠳᠦᠰᠦᠯᠡᠨ ᠵᠦᠷᠢᠶᠡᠴᠢᠯᠡᠭᠰᠡᠨ ᠬᠠᠮᠢᠶᠠᠷᠤᠯᠲᠠ ᠪᠠ ᠦᠢᠯᠡᠴᠢᠯᠡᠭᠡ ᠶᠢ ᠬᠡᠷᠡᠭᠵᠢᠭᠦᠯᠵᠦ᠂ ᠬᠠᠤᠯᠢ ᠶᠢ ᠰᠠᠬᠢᠵᠤ ᠦᠨᠡᠨᠴᠢ | ᠢᠲᠡᠭᠡᠮᠵᠢ ᠲᠠᠢ ᠪᠠᠷ ᠡᠵᠡᠩᠨᠡᠬᠦ ᠭᠤᠣᠯ ᠴᠣᠭᠴᠠ ᠳᠤ ᠨᠠᠩ ᠣᠯᠠᠨ ᠬᠠᠷᠠᠭᠠᠯᠵᠠᠯ ᠪᠠ ᠳᠥᠭᠦᠮ ᠦᠵᠡᠭᠦᠯᠵᠦ᠂ ᠬᠠᠤᠯᠢ ᠠᠴᠠ ᠵᠥᠷᠢᠴᠡᠵᠦ ᠢᠲᠡᠭᠡᠮᠵᠢ ᠠᠯᠳᠠᠭᠰᠠᠨ | ᠡᠵᠡᠩᠨᠡᠯᠲᠡ ᠶᠢᠨ ᠭᠤᠣᠯ ᠴᠣᠭᠴᠠ ᠶᠢ ᠲᠠᠪᠴᠠᠩ ᠤᠨ ᠳᠦᠷᠢᠮ ᠤᠨ ᠳᠣᠲᠣᠷ᠎ᠠ ᠬᠢᠵᠠᠭᠠᠷᠯᠠᠬᠤ ᠠᠷᠭ᠎ᠠ ᠶᠢ ᠬᠡᠷᠡᠭᠵᠢᠭᠦᠯᠦᠨ᠎ᠡ᠃ ᠰᠦᠯᠵᠢᠶᠡᠨ ᠤ ᠭᠤᠣᠯ | ᠨᠡᠪᠲᠡᠷᠡᠭᠦᠯᠦᠭᠴᠢ᠂ ᠬᠤᠪᠢ ᠶᠢᠨ ᠵᠠᠭᠤᠴᠢᠯᠠᠭᠤᠷ᠂ ᠰᠦᠯᠵᠢᠶᠡᠨ ᠤ ᠮᠡᠳᠡᠭᠡ ᠵᠠᠩᠭᠢ ᠶᠢᠨ ᠠᠭᠤᠯᠭ᠎ᠠ ᠶᠢ ᠣᠯᠠᠨ ᠠᠷᠭ᠎ᠠ ᠵᠠᠮ ᠢᠶᠠᠷ ᠬᠤᠪᠢᠶᠠᠨ ᠲᠠᠷᠬᠠᠭᠠᠬᠤ | ᠦᠢᠯᠡᠴᠢᠯᠡᠭᠡᠨ ᠤ ᠪᠠᠶᠢᠭᠤᠯᠤᠮᠵᠢ ︵MCN ᠪᠠᠶᠢᠭᠤᠯᠤᠮᠵᠢ︶ ᠵᠡᠷᠭᠡ ᠳᠠᠬᠢ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ | ︵ᠬᠤᠷᠢᠨ ᠭᠤᠷᠪᠠ︶ ᠥᠨᠳᠥᠷ ᠬᠢᠷᠢ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠳᠤ ᠦᠢᠯᠡᠴᠢᠯᠡᠨ᠎ᠡ᠃ ᠠᠮᠤᠷ ᠲᠦᠪᠰᠢᠨ ᠢ ᠦᠨᠡᠨ ᠬᠦ ᠪᠠᠲᠤᠯᠠᠭᠰᠠᠨ | ᠤᠷᠢᠲᠠᠯ ᠳᠣᠣᠷ᠎ᠠ᠂ ᠢᠲᠡᠭᠡᠮᠵᠢ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠬᠢᠯᠢ ᠠᠯᠤᠰᠯᠠᠨ ᠭᠦᠢᠯᠭᠡᠭᠡᠬᠦ ᠶᠢ ᠬᠠᠤᠯᠢ ᠲᠣᠭᠲᠠᠭᠠᠯ ᠶᠣᠰᠣᠭᠠᠷ ᠠᠬᠢᠭᠤᠯᠵᠤ᠂ | ᠬᠢᠯᠢ ᠠᠯᠤᠰᠯᠠᠭᠰᠠᠨ ᠢᠲᠡᠭᠡᠮᠵᠢ ᠶᠢᠨ ᠬᠠᠮᠲᠤᠷᠠᠯᠴᠠᠭ᠎ᠠ ᠶᠢ ᠡᠮᠬᠢ ᠵᠢᠷᠤᠮ ᠲᠠᠢ ᠥᠷᠨᠢᠭᠦᠯᠦᠨ᠂ ᠢᠲᠡᠭᠡᠮᠵᠢ ᠶᠢᠨ ᠦᠨᠡᠯᠡᠯᠲᠡ᠂ ᠢᠲᠡᠭᠡᠮᠵᠢ ᠶᠢᠨ ᠮᠡᠳᠡᠭᠦᠯᠦᠯᠲᠡ ᠵᠡᠷᠭᠡ | ᠢᠲᠡᠭᠡᠮᠵᠢ ᠶᠢᠨ ᠦᠢᠯᠡᠳᠬᠦᠨ ᠤ ᠬᠢᠯᠢ ᠠᠯᠤᠰᠯᠠᠨ ᠬᠠᠷᠢᠯᠴᠠᠨ ᠮᠡᠳᠡᠷᠡᠬᠦ ᠶᠢ ᠠᠬᠢᠭᠤᠯᠤᠨ᠎ᠠ᠃ ᠤᠯᠤᠰ ᠤᠨ ᠳᠣᠲᠣᠭᠠᠳᠤ ᠶᠢᠨ ᠢᠲᠡᠭᠡᠮᠵᠢ ᠶᠢᠨ ᠦᠢᠯᠡᠴᠢᠯᠡᠭᠡᠨ ᠤ | ᠪᠠᠶᠢᠭᠤᠯᠤᠮᠵᠢ ᠪᠣᠯᠣᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠤᠯᠤᠰ᠂ ᠠᠯᠳᠠᠨ ᠲᠣᠭᠤᠰᠭ᠋᠎ᠠ ᠤᠯᠤᠰ ᠤᠳ ᠯᠤᠭ᠎ᠠ ᠪᠡᠶ᠎ᠡ ᠪᠠᠨ | ᠳᠠᠭᠠᠭᠠᠭᠰᠠᠨ᠂ ᠲᠥᠪ ᠭᠤᠣᠯᠴᠢ ᠭᠤᠷᠪᠠᠳᠠᠭᠴᠢ ᠡᠲᠡᠭᠡᠳ ᠤᠨ ᠢᠲᠡᠭᠡᠮᠵᠢ ᠶᠢᠨ ᠦᠢᠯᠡᠴᠢᠯᠡᠭᠡᠨ ᠤ ᠬᠠᠮᠲᠤᠷᠠᠯᠴᠠᠭ᠎ᠠ ᠥᠷᠨᠢᠭᠦᠯᠬᠦ ᠶᠢ ᠲᠡᠮᠵᠢᠨ᠎ᠠ᠃ ᠣᠯᠠᠨ | ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠰᠣᠯᠢᠯᠴᠠᠭ᠎ᠠ ᠪᠠᠨ ᠴᠢᠩᠭᠠᠳᠬᠠᠵᠤ᠂ ᠣᠯᠠᠨ ᠤᠯᠤᠰ ᠤᠨ ᠥᠷᠢᠰᠦᠯᠳᠦᠬᠦ ᠬᠦᠴᠦᠨ ᠪᠠ | ᠨᠥᠯᠥᠭᠡᠯᠡᠬᠦ ᠬᠦᠴᠦᠨ ᠲᠠᠢ ᠢᠲᠡᠭᠡᠮᠵᠢ ᠶᠢᠨ ᠮᠡᠳᠡᠭᠡ ᠵᠠᠩᠭᠢ ᠴᠤᠭᠯᠠᠭᠤᠯᠬᠤ ᠪᠠᠶᠢᠭᠤᠯᠤᠮᠵᠢ ᠶᠢ ᠢᠳᠡᠪᠬᠢᠲᠡᠢ ᠪᠤᠶᠢᠵᠢᠭᠤᠯᠤᠨ᠎ᠠ᠃ ᠤᠯᠤᠰ ᠤᠨ ᠳᠣᠲᠣᠭᠠᠳᠤ ᠶᠢᠨ | ᠢᠲᠡᠭᠡᠮᠵᠢ ᠶᠢᠨ ᠲᠠᠰ ᠲᠣᠭᠲᠠᠭᠠᠬᠤ ᠪᠠᠶᠢᠭᠤᠯᠤᠮᠵᠢ ᠶᠢᠨ ᠳᠡᠯᠡᠬᠡᠶᠢᠴᠢᠯᠡᠭᠰᠡᠨ ᠬᠥᠭᠵᠢᠯᠲᠡ ᠶᠢ ᠠᠬᠢᠭᠤᠯᠤᠨ᠎ᠠ᠃ | ᠳᠣᠯᠤᠭ᠎ᠠ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠴᠢᠩᠭᠠᠳᠬᠠᠨ᠎ᠠ | ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ | ᠳᠣᠣᠷ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠰ ᠰᠠᠨᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠳᠡᠭᠡᠷ᠎ᠡ ᠳᠣᠣᠷ᠎ᠠ | ᠱᠠᠲᠤ ᠬᠤᠯᠪᠤᠭᠠᠯᠠᠨ ᠬᠥᠳᠡᠯᠦᠯᠴᠡᠬᠦ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ ᠠᠵᠢᠯ ᠤᠨ | ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠳᠤᠮᠳᠠᠳᠤ ᠤᠯᠤᠰ ᠤᠨ ᠠᠷᠠᠳ ᠤᠨ ᠪᠠᠩᠬᠢ | ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠣᠰ ᠬᠦᠷᠢᠶᠡᠨ ᠳᠠᠬᠢ | ᠢᠲᠡᠭᠡᠮᠵᠢ ᠶᠢᠨ ᠪᠠᠶᠢᠭᠤᠯᠤᠯᠲᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠪᠦᠭᠦ | ᠤᠯᠤᠰ ᠤᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠭᠦ ᠣᠷᠣᠨ ᠢ ᠡᠭᠦᠳᠦᠨ ᠪᠠᠶᠢᠭᠤᠯᠬᠤ ᠠᠵᠢᠯ ᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠬᠢᠵᠦ᠂ ᠵᠢᠱᠢᠶ᠎ᠡ ᠦᠵᠡᠭᠦᠯᠭᠦ ᠣᠷᠣᠨ ᠤ ᠰᠡᠭᠦᠯᠡᠷ ᠨᠢ ᠦᠨᠡᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠬᠤᠲᠠ ᠶᠢᠨ | ᠢᠲᠡᠭᠡᠮᠵᠢ ᠶᠢᠨ ᠬᠢᠨᠠᠨ ᠬᠡᠮᠵᠢᠯᠲᠡ ᠶᠢ ᠦᠷᠭᠦᠯᠵᠢᠯᠡᠨ ᠥᠷᠨᠢᠭᠦᠯᠦᠨ᠎ᠡ᠃ ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠤᠯᠵᠤ᠂ ᠦᠨᠡᠨᠴᠢ ᠢᠲᠡᠭᠡᠮᠵᠢ ᠶᠢᠨ | ᠬᠥᠮᠦᠵᠢᠯ ᠢ ᠲᠦᠭᠡᠮᠡᠯᠵᠢᠭᠦᠯᠵᠦ᠂ ᠬᠦᠨᠳᠦ ᠨᠣᠴᠢᠲᠠᠢ ᠢᠲᠡᠭᠡᠮᠵᠢ ᠠᠯᠳᠠᠭᠰᠠᠨ ᠠᠵᠢᠯᠯᠠᠭ᠎ᠠ ᠶᠢ ᠢᠯᠡᠴᠢᠯᠡᠬᠦ ᠡᠷᠴᠢᠮ ᠢᠶᠠᠨ ᠬᠠᠤᠯᠢ ᠲᠣᠭᠲᠠᠭᠠᠯ ᠶᠣᠰᠣᠭᠠᠷ | ᠴᠢᠩᠭᠠᠷᠠᠭᠤᠯᠵᠤ᠂ ᠰᠣᠨᠢᠨ ᠮᠡᠳᠡᠭᠡᠨ ᠤ ᠵᠠᠭᠤᠴᠢᠯᠠᠭᠤᠷ ᠤᠨ ᠦᠨᠡᠨᠴᠢ ᠢᠲᠡᠭᠡᠮᠵᠢ ᠶᠢᠨ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠶᠢ ᠳᠡᠮᠵᠢᠨ᠎ᠡ᠃ | ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ︽ᠦᠨᠡᠨᠴᠢ ᠢᠲᠡᠭᠡᠮᠵᠢ ᠶᠢᠨ ᠣᠳᠣᠨ︾ | ᠤ ᠤᠬᠠᠭᠤᠯᠭ᠎ᠠ ᠪᠠ ︽ᠦᠨᠡᠨᠴᠢ ᠢᠲᠡᠭᠡᠮᠵᠢ ᠪᠠᠷ ᠬᠤᠳᠠᠯᠳᠤᠭ᠎ᠠ ᠶᠢ ᠬᠥᠭᠵᠢᠭᠦᠯᠬᠦ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ | ᠢᠲᠡᠭᠡᠮᠵᠢ ᠶᠢ ᠵᠢᠷᠤᠮᠯᠠᠨ ᠠᠮᠠᠯᠠᠯᠲᠠ ᠪᠠᠨ ᠦᠢᠯᠡᠳᠦᠯᠭᠡᠵᠢᠭᠦᠯᠬᠦ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠤᠶ ᠪᠤᠯᠭᠠᠬᠤ ᠶᠢ ᠠᠬᠢᠭᠤᠯᠬᠤ ᠬᠡᠷᠡᠭᠲᠡᠢ᠃ | ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠢ ᠴᠠᠭ ᠲᠤᠬᠠᠢ ᠳᠤᠨᠢ ᠳ᠋ᠦᠩᠨᠡᠨ ᠳᠡᠯᠭᠡᠷᠡᠭᠦᠯᠬᠦ ᠬᠡᠷᠡᠭᠲᠡᠢ᠃ ᠴᠢᠬᠤᠯᠠ ᠶᠡᠭᠡ ᠤᠴᠢᠷ ᠶᠠᠪᠤᠳᠠᠯ ᠢ ᠴᠠᠭ ᠲᠤᠬᠠᠢ ᠳᠤᠨᠢ ᠲᠡᠰ | ᠳᠠᠷᠠᠭᠠᠯᠠᠯ ᠶᠣᠰᠣᠭᠠᠷ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠵᠢᠭᠠᠪᠤᠷᠢ ᠠᠪᠴᠤ ᠮᠡᠳᠡᠭᠦᠯᠬᠦ ᠬᠡᠷᠡᠭᠲᠡᠢ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 31 ᠤ ᠴᠠᠭᠢᠯᠭᠠᠨ ᠮᠡᠳᠡᠭᠡ︶ |