ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ︽ᠬᠥᠳᠡᠭᠡ ᠠᠵᠤ ᠠᠬᠤᠢ ᠶᠢᠨ | ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ ᠲᠥᠯᠦᠪᠵᠢᠭᠦᠯᠭᠡ ︵2024 - 2035 ᠣᠨ︶︾ ᠶᠢ ᠳᠠᠷᠤᠮᠠᠯᠯᠠᠨ ᠲᠠᠷᠬᠠᠭᠠᠭᠰᠠᠨ ᠪᠥᠭᠡᠳ | ᠮᠡᠳᠡᠭᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃ | ︽ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ ᠲᠥᠯᠦᠪᠵᠢᠭᠦᠯᠭᠡ ︵2024 - 2035 ᠣᠨ︶︾ ᠶᠢᠨ | ᠭᠤᠣᠯ ᠠᠭᠤᠯᠭ᠎ᠠ ᠨᠢ ᠳᠣᠣᠷᠠᠬᠢ ᠮᠡᠲᠦ᠃ ᠤᠯᠤᠰ ᠬᠦᠴᠦᠷᠬᠡᠭᠵᠢᠬᠦ ᠳᠤ ᠡᠷᠬᠡᠪᠰᠢ ᠤᠷᠢᠳ ᠢᠶᠠᠷ ᠬᠥᠳᠡᠭᠡ ᠠᠵᠤ ᠠᠬᠤᠢ ᠶᠢ ᠬᠦᠴᠦᠷᠬᠡᠭᠵᠢᠭᠦᠯᠵᠦ᠂ ᠬᠥᠳᠡᠭᠡ | ᠠᠵᠤ ᠠᠬᠤᠢ ᠬᠦᠴᠦᠷᠬᠡᠭᠵᠢᠪᠡᠯ ᠰᠠᠶ᠋ᠢ ᠤᠯᠤᠰ ᠬᠦᠴᠦᠷᠬᠡᠭᠵᠢᠵᠦ ᠴᠢᠳᠠᠨ᠎ᠠ᠃ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠪᠣᠯ ᠨᠡᠶᠢᠭᠡᠮ ᠵᠢᠷᠤᠮ ᠤᠨ | ᠣᠳᠣᠬᠢᠴᠢᠯᠠᠭᠰᠠᠨ ᠬᠦᠴᠦᠷᠬᠡᠭ ᠤᠯᠤᠰ ᠤᠨ ᠦᠨᠳᠦᠰᠦ ᠰᠠᠭᠤᠷᠢ ᠮᠥᠨ᠃ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠶᠢᠨ ᠡᠮᠦᠨ᠎ᠡ᠂ ᠡᠷᠬᠡᠪᠰᠢ ᠬᠥᠳᠡᠭᠡ ᠠᠵᠤ | ᠠᠬᠤᠢ ᠶᠢᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ ᠶᠠᠪᠤᠳᠠᠯ ᠢ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ | ᠶᠡᠷᠦᠩᠬᠡᠶᠢᠯᠡᠨ ᠵᠢᠯᠣᠭᠤᠳᠤᠭᠤᠯᠬᠤ ᠪᠠᠶᠢᠯᠳᠤᠬᠤ ᠪᠣᠳᠣᠯᠭ᠎ᠠ ᠶᠢᠨ ᠶᠡᠷᠦᠩᠬᠡᠢ ᠬᠥᠲᠥᠯᠪᠦᠷᠢ ᠪᠤᠯᠭᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ | ᠤᠯᠤᠰ ᠢ ᠪᠦᠲᠦᠭᠡᠨ ᠪᠠᠶᠢᠭᠤᠯᠬᠤ ᠴᠢᠬᠤᠯᠠ ᠪᠠᠶᠢᠷᠢᠨ ᠳᠤ ᠲᠠᠯᠪᠢᠬᠤ ᠬᠡᠷᠡᠭᠲᠡᠢ᠃ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ | ᠪᠠᠶᠢᠭᠤᠯᠬᠤ ᠶᠢᠨ ᠲᠥᠯᠥᠭᠡ ᠲᠤᠰ ᠲᠥᠯᠦᠪᠵᠢᠭᠦᠯᠭᠡ ᠶᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠤᠯᠭᠠᠬᠤ ᠶᠢ ᠪᠠᠷᠢᠮᠲᠠᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ | ᠲᠤᠬᠠᠢ ᠴᠢᠬᠤᠯᠠ ᠥᠭᠦᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ | ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ | ᠠᠬᠢᠭᠤᠯᠵᠤ᠂ ᠤᠯᠤᠰ ᠤᠨ ᠪᠠᠶᠢᠳᠠᠯ ᠲᠠᠷᠢᠶᠠᠯᠠᠩ ᠤᠨ ᠪᠠᠶᠢᠳᠠᠯ ᠳᠤ ᠰᠠᠭᠤᠷᠢᠯᠠᠨ᠂ ᠳᠤᠮᠳᠠᠳᠤ ᠤᠯᠤᠰ ᠤᠨ ᠣᠨᠴᠠᠯᠢᠭ ᠢ ᠢᠯᠡᠷᠡᠭᠦᠯᠵᠦ᠂ ᠪᠠᠶᠢᠯᠳᠤᠬᠤ | ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠤᠳᠠᠭᠠᠨ ᠳᠠᠭᠠᠭᠠᠮᠠᠭᠠᠢ ᠪᠠᠷᠢᠮᠲᠠᠯᠠᠨ᠂ ᠬᠥᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳ ᠢᠶᠠᠷ | ᠬᠥᠭᠵᠢᠭᠦᠯᠬᠦ ᠶᠢ ᠪᠠᠷᠢᠮᠲᠠᠯᠠᠨ᠂ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠬᠡᠷᠡᠭᠯᠡᠵᠦ᠂ ᠬᠥᠳᠡᠭᠡ ᠲᠣᠰᠬᠤᠨ ᠢ ᠪᠦᠭᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠦᠨ᠂ ᠬᠤᠲᠠ ᠬᠥᠳᠡᠭᠡ ᠶᠢ ᠠᠭᠤᠰᠤᠯᠴᠠᠭᠤᠯᠤᠨ | ᠬᠥᠭᠵᠢᠭᠦᠯᠬᠦ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠪᠠ ᠬᠥᠳᠡᠭᠡ ᠲᠣᠰᠬᠤᠨ ᠤ ᠣᠳᠣᠬᠢᠴᠢᠯᠠᠯᠲᠠ ᠶᠢ | ᠨᠢᠭᠡ ᠴᠣᠭᠴᠠᠵᠢᠭᠤᠯᠤᠨ ᠠᠬᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠪᠠ ᠲᠠᠷᠢᠶᠠᠨ ᠭᠠᠵᠠᠷ ᠤᠨ ᠬᠠᠮᠠᠭᠠᠯᠠᠯᠲᠠ ᠶᠢᠨ | ᠤᠯᠠᠭᠠᠨ ᠱᠤᠭᠤᠮ ᠢ ᠨᠠᠩ ᠥᠨᠳᠥᠷ ᠲᠦᠪᠰᠢᠨ ᠢᠶᠠᠷ ᠪᠠᠲᠤ ᠰᠠᠬᠢᠵᠤ᠂ ᠠᠵᠢᠯᠯᠠᠵᠤ ᠠᠮᠢᠳᠤᠷᠠᠬᠤ ᠳᠤ ᠲᠣᠬᠢᠲᠠᠢ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ | ᠬᠥᠳᠡᠭᠡ ᠲᠣᠰᠬᠤᠨ ᠢ ᠲᠦᠷᠭᠡᠳᠬᠡᠨ ᠪᠦᠲᠦᠭᠡᠨ ᠪᠠᠶᠢᠭᠤᠯᠵᠤ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ | ᠪᠦᠲᠦᠮᠵᠢᠲᠡᠶ ᠠᠬᠢᠭᠤᠯᠵᠤ᠂ ᠬᠠᠩᠭᠠᠯᠭ᠎ᠠ ᠶᠢᠨ ᠪᠠᠲᠤᠯᠠᠭ᠎ᠠ ᠴᠢᠩᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠨᠣᠭᠯᠠᠯ ᠴᠢᠩᠭ᠎ᠠ᠂ ᠡᠵᠡᠩᠨᠡᠯᠲᠡ ᠶᠢᠨ | ᠰᠢᠰᠲ᠋ᠧᠮ ᠴᠢᠩᠭ᠎ᠠ᠂ ᠠᠵᠤ ᠦᠢᠯᠡᠰ ᠤᠨ ᠤᠶᠠᠨ ᠬᠠᠳᠠᠨ ᠴᠢᠨᠠᠷ ᠴᠢᠩᠭ᠎ᠠ᠂ ᠥᠷᠢᠰᠦᠯᠳᠦᠬᠦ ᠴᠢᠳᠠᠪᠤᠷᠢ ᠪᠠᠷ ᠴᠢᠩᠭ᠎ᠠ ᠬᠥᠳᠡᠭᠡ ᠠᠵᠤ ᠠᠬᠤᠢ ᠶᠢᠨ ᠬᠦᠴᠦᠷᠬᠡᠭ | ᠤᠯᠤᠰ ᠢ ᠲᠦᠷᠭᠡᠳᠬᠡᠨ ᠪᠠᠶᠢᠭᠤᠯᠵᠤ᠂ ᠥᠷᠭᠡᠨ ᠣᠯᠠᠨ ᠲᠠᠷᠢᠶᠠᠴᠢᠳ ᠢ ᠨᠠᠩ ᠰᠠᠶᠢᠨ ᠰᠠᠶᠢᠬᠠᠨ ᠠᠮᠢᠳᠤᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ | ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ | ᠠᠵᠢᠯ ᠤᠨ ᠳᠤᠮᠳᠠ ᠪᠠᠨ ᠪᠡᠶᠡᠯᠡᠭᠦᠯᠬᠦ ᠵᠦᠢᠯ᠄ ᠦᠢᠯᠡᠳᠪᠦᠷᠢᠯᠡᠯ ᠤᠨ ᠴᠢᠳᠠᠪᠤᠷᠢ ᠪᠠᠨ ᠪᠠᠬᠢᠵᠢᠭᠦᠯᠵᠦ᠂ ᠰᠠᠭᠤᠷᠢ ᠪᠠᠨ ᠪᠠᠲᠤ ᠴᠣᠭᠴᠠᠯᠠᠵᠤ᠂ ᠬᠥᠳᠡᠭᠡ ᠠᠵᠤ | ᠠᠬᠤᠢ ᠶᠢᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ ᠶᠢ ᠨᠠᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠠᠮᠤ ᠪᠤᠳᠠᠭ᠎ᠠ ᠪᠠ ᠴᠢᠬᠤᠯᠠ | ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠳᠤᠲᠠᠭᠤᠳᠠᠯ ᠲᠠᠢ ᠨᠢᠭᠲᠠ ᠤᠶᠠᠯᠳᠤᠭᠤᠯᠤᠨ᠂ ᠲᠣᠨᠤᠭ ᠲᠥᠬᠦᠭᠡᠷᠦᠮᠵᠢ ᠶᠢᠨ ᠰᠠᠭᠤᠷᠢ᠂ | ᠮᠡᠷᠭᠡᠵᠢᠯ ᠤᠨ ᠰᠠᠭᠤᠷᠢ᠂ ᠲᠣᠨᠣᠭᠯᠠᠯ ᠤᠨ ᠰᠠᠭᠤᠷᠢ᠂ ᠲᠥᠷᠥ ᠶᠢᠨ ᠪᠣᠳᠣᠯᠭ᠎ᠠ ᠶᠢᠨ ᠰᠠᠭᠤᠷᠢ᠂ ᠳᠦᠷᠢᠮ ᠤᠨ ᠰᠠᠭᠤᠷᠢ ᠶᠢ ᠪᠠᠬᠢᠵᠢᠭᠦᠯᠵᠦ᠂ ᠠᠮᠤ ᠪᠤᠳᠠᠭᠠᠨ ᠤ | ᠠᠮᠤᠷ ᠲᠦᠪᠰᠢᠨ ᠤ ᠰᠠᠨᠠᠭᠠᠴᠢᠯᠠᠭᠠᠲᠤ ᠡᠷᠬᠡ ᠶᠢ ᠥᠨᠳᠥᠷ ᠲᠦᠪᠰᠢᠨ ᠢᠶᠠᠷ ᠪᠠᠲᠤ ᠡᠵᠡᠮᠳᠡᠨ᠎ᠡ᠃ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠵᠤ᠂ ᠬᠥᠳᠡᠯᠭᠡᠬᠦ | ᠡᠨᠧᠷᠭᠢ ᠶᠢ ᠨᠡᠮᠡᠭᠳᠡᠭᠦᠯᠵᠦ᠂ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠦᠭᠦ ᠲᠠᠯ᠎ᠠ ᠳᠠᠬᠢ ᠰᠢᠨ᠎ᠡ ᠶᠢ ᠡᠭᠦᠳᠬᠦ ᠶᠢᠨ ᠭᠤᠣᠯᠯᠠᠬᠤ ᠪᠠᠶᠢᠷᠢ ᠰᠠᠭᠤᠷᠢ ᠶᠢ | ᠪᠠᠷᠢᠮᠲᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠥᠭᠡᠷᠡᠴᠢᠯᠡᠯᠲᠡ ᠶᠢᠨ ᠬᠤᠣᠰ ᠬᠥᠳᠡᠯᠭᠡᠭᠦᠷ ᠢ ᠴᠢᠩᠭᠠᠳᠬᠠᠵᠤ᠂ ᠬᠥᠳᠡᠭᠡ ᠠᠵᠤ ᠠᠬᠤᠢ ᠶᠢᠨ | ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠡᠷᠴᠢᠮ ᠢ ᠴᠢᠩᠭᠠᠷᠠᠭᠤᠯᠵᠤ᠂ ᠬᠥᠳᠡᠭᠡ ᠲᠣᠰᠬᠤᠨ ᠤ ᠥᠭᠡᠷᠡᠴᠢᠯᠡᠯᠲᠡ ᠶᠢ ᠤᠯᠠᠮ ᠨᠢᠭᠡ | ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠬᠥᠳᠡᠭᠡ ᠠᠵᠤ ᠠᠬᠤᠢ ᠶᠢᠨ ᠰᠢᠨ᠎ᠡ ᠶᠢ ᠡᠭᠦᠳᠬᠦ ᠬᠦᠴᠦᠨ᠂ ᠥᠷᠢᠰᠦᠯᠳᠦᠬᠦ ᠬᠦᠴᠦᠨ᠂ ᠪᠦᠭᠦ ᠡᠯᠧᠮᠧᠨ᠋ᠲ ᠤᠨ | ᠦᠢᠯᠡᠳᠪᠦᠷᠢᠯᠡᠯ ᠤᠨ ᠨᠤᠷᠮ᠎ᠠ ᠶᠢ ᠳᠡᠭᠡᠭᠰᠢᠯᠡᠭᠦᠯᠵᠦ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠨᠥᠭᠡᠴᠡ ᠬᠦᠴᠦᠨ ᠢ | ᠴᠢᠩᠭᠠᠷᠠᠭᠤᠯᠤᠨ᠎ᠠ᠃ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ᠂ ᠰᠠᠭᠤᠷᠢ ᠥᠩᠭᠡ ᠶᠢ ᠢᠯᠡᠷᠡᠭᠦᠯᠵᠦ᠂ ᠨᠣᠮᠢᠨ ᠤᠰᠤ ᠬᠥᠬᠡᠮᠳᠦᠭ ᠠᠭᠤᠯᠠ ᠪᠣᠯ ᠠᠯᠲᠠᠨ | ᠠᠭᠤᠯᠠ ᠮᠥᠩᠭᠦᠨ ᠬᠠᠶᠢᠷᠬᠠᠨ ᠮᠥᠨ ᠭᠡᠬᠦ ᠣᠶᠢᠯᠠᠭᠠᠭᠳᠠᠬᠤᠨ ᠢ ᠪᠠᠲᠤ ᠪᠤᠶ ᠪᠤᠯᠭᠠᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠦᠢᠯᠡᠳᠪᠦᠷᠢᠯᠡᠯ | ᠠᠮᠢᠳᠤᠷᠠᠯ ᠤᠨ ᠠᠷᠭ᠎ᠠ ᠭᠡᠯᠪᠡᠷᠢ ᠶᠢ ᠲᠦᠷᠭᠡᠨ ᠪᠤᠶ ᠪᠤᠯᠭᠠᠵᠤ᠂ ᠪᠣᠬᠢᠷᠳᠤᠯ ᠦᠭᠡᠢ ᠣᠷᠴᠢᠯᠲᠤ᠂ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠬᠥᠳᠡᠭᠡ ᠠᠵᠤ | ᠠᠬᠤᠢ ᠶᠢᠨ ᠬᠦᠴᠦᠷᠬᠡᠭ ᠤᠯᠤᠰ ᠤᠨ ᠢᠯᠡ ᠲᠣᠳᠣ ᠰᠠᠭᠤᠷᠢ ᠥᠩᠭᠡ ᠪᠣᠯᠭᠠᠨ᠎ᠠ᠃ ᠬᠠᠮᠲᠤ ᠪᠠᠷ ᠪᠠᠶᠢᠭᠤᠯᠤᠨ ᠬᠠᠮᠲᠤ ᠪᠠᠷ ᠡᠳ᠋ᠯᠡᠵᠦ᠂ ᠲᠠᠷᠢᠶᠠᠴᠢᠳ ᠢ | ᠪᠠᠶᠠᠵᠢᠭᠤᠯᠤᠨ᠂ ᠵᠢᠵᠢᠭ ᠲᠠᠷᠢᠶᠠᠴᠢᠨ ᠡᠷᠦᠭᠡ ᠶᠢᠨ ᠠᠰᠢᠭ ᠲᠤᠰᠠ ᠶᠢ ᠬᠠᠮᠠᠭᠠᠯᠠᠬᠤ ᠶᠢ ᠴᠢᠬᠤᠯᠠᠴᠢᠯᠠᠵᠤ᠂ ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ | ᠨᠡᠮᠡᠭᠳᠡᠭᠦᠯᠬᠦ᠂ ᠬᠤᠳᠠ ᠬᠥᠳᠡᠭᠡ ᠶᠢᠨ ᠣᠷᠣᠯᠭ᠎ᠠ ᠶᠢᠨ ᠵᠥᠷᠢᠶ᠎ᠡ ᠶᠢ ᠦᠷᠭᠦᠯᠵᠢᠯᠡᠨ ᠪᠠᠭᠠᠰᠬᠠᠬᠤ ᠪᠠᠷ ᠭᠤᠣᠯᠳᠠᠯᠭ᠎ᠠ ᠪᠣᠯᠭᠠᠨ᠂ ᠠᠵᠤ ᠦᠢᠯᠡᠰ ᠤᠨ ᠬᠥᠭᠵᠢᠯᠲᠡ᠂ | ᠠᠵᠢᠯ ᠡᠷᠭᠢᠯᠡᠭᠦ ᠠᠵᠢᠯ ᠣᠯᠭᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠥᠳᠡᠭᠡ ᠠᠵᠤ ᠠᠬᠤᠢ ᠶᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ | ᠬᠦᠷᠲᠡᠭᠡᠵᠦ ᠲᠠᠷᠢᠶᠠᠴᠢᠳ ᠢ ᠪᠠᠶᠠᠵᠢᠭᠤᠯᠬᠤ ᠶᠢ ᠳᠡᠮᠵᠢᠬᠦ ᠳᠦᠷᠢᠮ ᠢ ᠲᠡᠭᠦᠯᠳᠡᠷᠵᠢᠭᠦᠯᠦᠨ᠂ ᠬᠡᠪᠴᠢᠶᠡᠵᠢᠯ ᠤᠨ ᠴᠢᠨᠠᠷᠲᠠᠢ ᠲᠠᠭᠢᠨ ᠶᠠᠳᠠᠭᠤᠷᠠᠬᠤ ᠶᠠᠪᠤᠳᠠᠯ ᠦᠯᠦ | ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠵᠤ᠂ ᠬᠤᠳᠠ ᠬᠥᠳᠡᠭᠡ ᠶᠢᠨ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠤᠨ᠂ ᠬᠥᠳᠡᠭᠡ ᠠᠵᠤ ᠠᠬᠤᠢ ᠶᠢᠨ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠲᠠᠷᠢᠶᠠᠴᠢᠳ ᠲᠤ ᠨᠡᠩ ᠤᠯᠠᠨ ᠨᠡᠩ ᠭᠤᠣᠯᠴᠢ ᠪᠠᠷ ᠬᠦᠷᠲᠡᠭᠡᠨ᠎ᠡ᠃ ᠠᠯᠬᠤᠮ | ᠲᠠᠷᠠᠭ᠎ᠠ ᠲᠠᠢ ᠪᠠᠷ ᠠᠬᠢᠭᠤᠯᠵᠤ᠂ ᠯᠠᠪᠳᠠᠭᠤᠨ ᠪᠠᠲᠤᠲᠠᠢ ᠠᠵᠢᠯᠯᠠᠵᠤ᠂ ᠡᠬᠢ ᠪᠠᠶᠠᠯᠢᠭ ᠤᠨ ᠳᠠᠪᠠᠭᠤᠯᠢᠭ ᠪᠠ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠬᠥᠮᠥᠨ | ᠠᠮᠠ ᠶᠢᠨ ᠬᠤᠪᠢᠷᠠᠯᠲᠠ ᠶᠢᠨ ᠬᠠᠨᠳᠤᠰᠢ ᠳᠤ ᠵᠣᠬᠢᠴᠠᠭᠤᠯᠵᠤ᠂ ᠬᠥᠳᠡᠭᠡ ᠲᠣᠰᠬᠤᠨ ᠤ ᠬᠥᠭᠵᠢᠯᠲᠡ ᠶᠢᠨ ᠵᠢᠮ᠎ᠡ ᠶᠣᠰᠣ ᠶᠢ ᠬᠦᠨᠳᠦᠳᠬᠡᠨ᠂ ᠬᠥᠳᠡᠭᠡ ᠠᠵᠤ ᠠᠬᠤᠢ | ᠬᠥᠳᠡᠭᠡ ᠲᠣᠰᠬᠤᠨ ᠤ ᠬᠥᠭᠵᠢᠯᠲᠡ ᠳᠤ ᠬᠠᠮᠤᠭ ᠤᠨ ᠲᠤᠯᠭᠠᠮ᠂ ᠲᠠᠷᠢᠶᠠᠴᠢᠳ ᠤᠨ ᠲᠤᠰᠬᠠᠯ ᠬᠠᠮᠤᠭ ᠤᠨ ᠴᠢᠩᠭ᠎ᠠ ᠪᠠᠶᠢᠭ᠎ᠠ ᠪᠣᠳᠠᠲᠠᠢ ᠠᠰᠠᠭᠤᠳᠠᠯ ᠠᠴᠠ | ᠭᠠᠷᠳᠠᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠱᠠᠲᠤ ᠦᠶ᠎ᠡ ᠬᠤᠪᠢᠶᠠᠨ ᠯᠠᠪᠳᠠᠭᠤᠨ | ᠪᠠᠲᠤᠲᠠᠢ ᠪᠠᠷ ᠠᠬᠢᠭᠤᠯᠤᠨ᠎ᠠ᠃ | ᠭᠤᠣᠯ ᠬᠠᠷᠠᠯᠲᠠ᠄ 2027 ᠣᠨ ᠪᠤᠯᠬᠤ ᠳᠤ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠢᠯᠡᠳᠲᠡ | ᠠᠬᠢᠴᠠ ᠲᠠᠢ ᠪᠣᠯᠭᠠᠨ᠎ᠠ᠃ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠠᠵᠢᠯ ᠮᠥᠨ ᠴᠢᠨᠠᠷ ᠤᠨ ᠠᠬᠢᠴᠠ ᠲᠠᠢ ᠪᠣᠯᠵᠤ᠂ ᠬᠥᠳᠡᠭᠡ | ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠲᠠᠯ᠎ᠠ ᠪᠠᠷ ᠰᠢᠨ᠎ᠡ ᠳᠡᠭᠲᠡᠷ ᠲᠤ ᠭᠠᠷᠤᠨ᠎ᠠ᠃ ᠤᠨᠠᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ | ᠪᠠᠲᠤᠯᠠᠬᠤ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ 1.4 ᠲᠦᠮᠡᠨ ᠳ᠋ᠦᠩᠰᠢᠭᠤᠷ | ᠵᠢᠩ ᠳᠤ ᠬᠦᠷᠭᠡᠵᠦ᠂ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠵᠦᠢ ᠵᠣᠬᠢᠰᠲᠠᠢ ᠥᠪᠡᠷ ᠢ ᠪᠠᠨ ᠬᠠᠩᠭᠠᠬᠤ ᠲᠦᠪᠰᠢᠨ ᠢ ᠪᠠᠲᠤᠯᠠᠨ᠎ᠠ᠃ ᠬᠥᠳᠡᠭᠡ ᠠᠵᠤ | ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠨᠣᠭᠯᠠᠯ ᠤᠨ ᠲᠤᠯᠭᠠᠭᠤᠷᠢᠯᠠᠯ ᠦᠷᠭᠦᠯᠵᠢᠯᠡᠨ ᠴᠢᠩᠭᠠᠷᠠᠵᠤ᠂ ᠵᠠᠩᠭᠢᠯᠠᠭ᠎ᠠ ᠶᠢᠨ ᠭᠤᠣᠯᠯᠠᠬᠤ | ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠰᠢᠪᠲᠤᠯᠤᠯᠲᠠ ᠲᠠᠢ ᠪᠣᠯᠵᠤ᠂ ᠦᠷ᠎ᠡ ᠡᠭᠦᠯᠳᠡᠷ ᠪᠤᠶᠢᠵᠢᠭᠤᠯᠬᠤ ᠪᠣᠭᠤᠮᠲᠠ ᠰᠢᠪᠲᠤᠯᠬᠤ ᠠᠵᠢᠯ ᠢᠯᠡᠳᠲᠡ | ᠠᠬᠢᠴᠠ ᠲᠠᠢ ᠪᠣᠯᠵᠤ᠂ ᠲᠠᠷᠢᠶᠠᠯᠠᠩ ᠤᠨ ᠮᠠᠰᠢᠨ ᠲᠣᠨᠣᠭᠯᠠᠯ ᠤᠨ ᠳᠤᠲᠠᠭᠤᠳᠠᠯ ᠢ ᠨᠥᠬᠦᠪᠦᠷᠢᠯᠡᠬᠦ ᠠᠵᠢᠯ ᠱᠠᠲᠤᠴᠢ ᠴᠢᠨᠠᠷᠲᠠᠢ ᠦᠷ᠎ᠡ ᠪᠦᠲᠦᠮᠵᠢ ᠣᠯᠣᠨ᠎ᠠ᠃ ᠤᠳᠤ | ᠦᠶ᠎ᠡ ᠶᠢᠨ ᠬᠥᠳᠡᠭᠡ ᠲᠣᠰᠬᠤᠨ ᠤ ᠠᠵᠤ ᠦᠢᠯᠡᠰ ᠤᠨ ᠰᠢᠰᠲ᠋ᠧᠮ ᠢ ᠦᠨᠳᠦᠰᠦᠨ ᠳᠡᠭᠡᠨ ᠪᠦᠷᠢᠨᠰᠢᠭᠦᠯᠵᠦ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ | ᠬᠡᠯᠬᠢᠶ᠎ᠡ ᠦᠷᠳᠡᠭ ᠤᠨ ᠬᠡᠯᠬᠢᠶ᠎ᠡ ᠶᠢ ᠤᠷᠲᠤᠳᠬᠠᠨ ᠥᠷᠭᠡᠳᠬᠡᠵᠦ᠂ ᠬᠥᠳᠡᠭᠡ ᠠᠵᠤ ᠠᠬᠤᠢ ᠶᠢᠨ ᠳᠡᠯᠡᠬᠡᠢ ᠳᠡᠭᠡᠷᠡᠬᠢ ᠥᠷᠢᠰᠦᠯᠳᠦᠬᠦ ᠬᠦᠴᠦᠨ ᠢ ᠤᠯᠠᠮ ᠨᠢᠭᠡ | ᠠᠯᠬᠤᠮ ᠳᠡᠭᠡᠭᠰᠢᠯᠡᠭᠦᠯᠦᠨ᠎ᠡ᠃ ᠠᠵᠢᠯᠯᠠᠵᠤ ᠠᠮᠢᠳᠤᠷᠠᠬᠤ ᠳᠤ ᠲᠣᠬᠢᠲᠠᠢ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠢᠳᠡᠪᠬᠢᠲᠡᠢ ᠠᠬᠢᠵᠤ᠂ ᠬᠥᠳᠡᠭᠡ ᠲᠣᠰᠬᠤᠨ ᠤ ᠠᠮᠢ ᠠᠬᠤᠢ ᠣᠷᠴᠢᠨ ᠲᠣᠭᠤᠷᠢᠨ ᠢᠯᠡᠳᠲᠡ ᠰᠠᠶᠢᠵᠢᠷᠠᠵᠤ᠂ ᠣᠯᠠᠨ ᠲᠦᠮᠡᠨ ᠳᠤ ᠮᠡᠳᠡᠭᠳᠡᠮ᠎ᠡ | ᠮᠡᠳᠡᠷᠡᠭᠳᠡᠮᠡ ᠨᠢᠭᠡ ᠪᠦᠯᠦᠭ ᠪᠣᠳᠠᠲᠤ ᠶᠠᠪᠤᠳᠠᠯ ᠢ ᠬᠦᠴᠦᠨ ᠢᠶᠠᠨ ᠲᠥᠪᠯᠡᠷᠡᠭᠦᠯᠦᠨ ᠰᠠᠶᠢᠲᠤᠷ ᠠᠳᠬᠤᠨ ᠪᠡᠶᠡᠯᠡᠭᠦᠯᠵᠦ᠂ ᠶᠠᠪᠤᠵᠤ ᠰᠠᠭᠤᠬᠤ᠂ ᠤᠰᠤ ᠬᠡᠷᠡᠭᠯᠡᠬᠦ᠂ | ᠵᠣᠷᠯᠣᠩ ᠬᠡᠷᠡᠭᠯᠡᠬᠦ ᠳᠤ ᠲᠥᠭᠦᠮ ᠪᠤᠯᠭᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠪᠣᠬᠢᠷ ᠤᠰᠤ ᠶᠢ ᠵᠠᠰᠠᠬᠤ᠂ ᠣᠨᠣᠰᠢᠯᠠᠨ ᠡᠮᠨᠡᠬᠦ ᠦᠢᠯᠡᠴᠢᠯᠡᠭᠡ᠂ | ᠨᠠᠰᠤᠵᠢᠯ ᠤᠨ ᠠᠰᠠᠷᠠᠮᠵᠢ ᠶᠢᠨ ᠪᠠᠲᠤᠯᠠᠭ᠎ᠠ᠂ ᠨᠤᠲᠤᠭ ᠤᠨ ᠰᠤᠷᠲᠠᠯ ᠪᠣᠯᠪᠠᠰᠤᠨ᠂ ᠠᠵᠤ ᠦᠢᠯᠡᠰ ᠢᠶᠠᠷ ᠲᠠᠷᠢᠶᠠᠯᠠᠩ ᠢ ᠳᠠᠶᠢᠴᠢᠯᠠᠬᠤ ᠲᠦᠪᠰᠢᠨ ᠢ ᠯᠠᠪᠳᠠᠭᠤᠨ ᠢᠶᠠᠷ | ᠳᠡᠭᠡᠭᠰᠢᠯᠡᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠤ | ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ ᠶᠢᠨ ᠨᠡᠮᠡᠭᠳᠡᠯ ᠬᠢᠭᠡᠳ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ | ᠶᠡᠷᠦᠩᠬᠡᠢ ᠦᠷᠲᠡᠭ ᠤᠨ ᠨᠡᠮᠡᠭᠳᠡᠯ ᠢ ᠦᠨᠳᠦᠰᠦᠨ ᠳᠡᠭᠡᠨ ᠠᠳᠠᠯᠢ ᠠᠯᠬᠤᠮ ᠲᠠᠢ ᠪᠠᠶᠢᠯᠭᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ | ᠵᠥᠷᠢᠶ᠎ᠡ ᠶᠢ ᠦᠷᠭᠦᠯᠵᠢᠯᠡᠨ ᠪᠠᠭᠠᠰᠬᠠᠨ᠎ᠠ᠃ 2035 ᠣᠨ ᠪᠤᠯᠬᠤ ᠳᠤ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ | ᠢᠯᠡᠳᠲᠡ ᠦᠷ᠎ᠡ ᠪᠦᠲᠦᠮᠵᠢ ᠣᠯᠣᠨ᠎ᠠ᠃ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠠᠵᠢᠯ ᠰᠢᠢᠳᠪᠦᠷᠢᠲᠦ ᠴᠢᠨᠠᠷᠲᠠᠢ ᠠᠬᠢᠴᠠ ᠲᠠᠢ | ᠪᠣᠯᠵᠤ᠂ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠬᠥᠳᠡᠭᠡ ᠲᠣᠰᠬᠤᠨ ᠳᠤ ᠤᠳᠤ ᠦᠶ᠎ᠡ ᠶᠢᠨ ᠠᠮᠢᠳᠤᠷᠠᠯ ᠤᠨ | ᠨᠥᠬᠦᠴᠡᠯ ᠢ ᠦᠨᠳᠦᠰᠦᠨ ᠳᠡᠭᠡᠨ ᠪᠦᠷᠢᠯᠳᠦᠭᠦᠯᠦᠨ᠎ᠡ᠃ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠲᠣᠭᠲᠠᠭᠤᠨ᠂ ᠬᠠᠩᠭᠠᠯᠭ᠎ᠠ ᠨᠠᠩ ᠠᠮᠤᠷ ᠲᠦᠪᠰᠢᠨ | ᠪᠣᠯᠵᠤ᠂ ᠬᠥᠳᠡᠭᠡ ᠲᠣᠰᠬᠤᠨ ᠤ ᠠᠵᠤ ᠦᠢᠯᠡᠰ ᠤᠨ ᠬᠡᠯᠬᠢᠶ᠎ᠡ ᠶᠢᠨ ᠲᠠᠰ ᠳᠡᠪᠰᠢᠵᠦ ᠲᠡᠭᠦᠯᠳᠡᠷᠵᠢᠬᠦ᠂ ᠠᠭᠤᠰᠤᠯᠴᠠᠬᠤ ᠨᠠᠩ ᠭᠦᠢᠴᠡᠳ ᠪᠣᠯᠵᠤ᠂ ᠬᠥᠳᠡᠭᠡ | ᠲᠣᠰᠬᠤᠨ ᠤ ᠲᠥᠬᠦᠭᠡᠷᠦᠮᠵᠢ ᠪᠦᠷᠢᠨ ᠲᠥᠬᠦᠷ᠂ ᠠᠮᠢᠳᠤᠷᠠᠯ ᠨᠠᠩ ᠳᠥᠭᠦᠮ ᠳᠥᠲᠡ ᠪᠣᠯᠵᠤ᠂ ᠬᠥᠳᠡᠭᠡ ᠲᠣᠰᠬᠤᠨ ᠤ ᠣᠯᠠᠨ ᠨᠡᠶᠢᠲᠡ ᠶᠢᠨ ᠦᠢᠯᠡᠴᠢᠯᠡᠭᠡ | ᠲᠦᠭᠡᠮᠡᠯ ᠬᠠᠷᠠᠭᠠᠯᠵᠠᠯᠲᠤ ᠠᠳᠠᠯᠢ ᠲᠡᠭᠰᠢ ᠪᠣᠯᠵᠤ᠂ ᠪᠠᠲᠤᠯᠠᠭ᠎ᠠ ᠨᠠᠩ ᠬᠦᠴᠦᠲᠡᠢ ᠪᠣᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠬᠠᠤᠯᠢ ᠪᠠᠷ ᠵᠠᠰᠠᠬᠤ | ᠪᠠᠶᠢᠭᠤᠯᠤᠯᠲᠠ ᠨᠠᠩ ᠲᠡᠭᠦᠯᠳᠡᠷᠵᠢᠵᠦ᠂ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠦᠨᠳᠦᠰᠦᠨ ᠳᠡᠭᠡᠨ ᠲᠡᠭᠦᠯᠳᠡᠷᠵᠢᠵᠦ᠂ ᠨᠡᠶᠢᠭᠡᠮ ᠨᠠᠩ ᠠᠮᠤᠷ | ᠲᠣᠭᠲᠠᠭᠤᠨ ᠪᠣᠯᠵᠤ᠂ ᠲᠠᠷᠢᠶᠠᠴᠢᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠵᠦ᠂ ᠬᠤᠲᠠ ᠬᠥᠳᠡᠭᠡ ᠶᠢᠨ ᠬᠥᠭᠵᠢᠯᠲᠡ ᠨᠠᠩ ᠵᠣᠬᠢᠴᠠᠩᠭᠤᠢ ᠪᠣᠯᠣᠨ᠎ᠠ᠃ ᠲᠤᠰ | ᠵᠠᠭᠤᠨ ᠤ ᠳᠤᠮᠳᠠᠴᠢ ᠪᠤᠯᠬᠤ ᠳᠤ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠠᠶᠢᠭᠤᠯᠤᠨ ᠪᠦᠲᠦᠭᠡᠨ᠎ᠡ᠃ ᠬᠠᠩᠭᠠᠯᠭ᠎ᠠ ᠶᠢᠨ | ᠪᠠᠲᠤᠯᠠᠭ᠎ᠠ ᠠᠮᠤᠷ ᠲᠦᠪᠰᠢᠨ ᠨᠠᠶᠢᠳᠠᠪᠤᠷᠢᠲᠠᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠨᠢ ᠪᠡᠶ᠎ᠡ ᠪᠠᠨ ᠳᠠᠭᠠᠭᠠᠵᠤ ᠬᠦᠴᠦᠷᠬᠡᠭᠵᠢᠵᠦ᠂ | ᠲᠤᠨᠤᠭ ᠲᠥᠬᠦᠭᠡᠷᠦᠮᠵᠢ ᠨᠢ ᠢᠵᠢ ᠪᠦᠷᠢᠳᠦᠨ ᠲᠡᠭᠦᠯᠳᠡᠷᠵᠢᠵᠦ᠂ ᠬᠥᠳᠡᠭᠡ ᠲᠣᠰᠬᠤᠨ ᠤ ᠠᠵᠤ ᠦᠢᠯᠡᠰ ᠤᠨ ᠬᠡᠯᠬᠢᠶ᠎ᠡ ᠪᠦᠷᠢᠨᠰᠢᠭᠰᠡᠨ ᠪᠥᠭᠡᠳ ᠥᠨᠳᠥᠷ | ᠪᠦᠲᠦᠮᠵᠢᠲᠡᠢ ᠪᠣᠯᠵᠤ᠂ ᠬᠥᠳᠡᠭᠡ ᠲᠣᠰᠬᠤᠨ ᠪᠣᠯᠪᠠᠰᠤᠨ ᠦᠵᠡᠰᠬᠦᠯᠡᠩᠲᠦ ᠰᠠᠶᠢᠬᠠᠨ᠂ ᠲᠠᠷᠢᠶᠠᠴᠢᠳ ᠤᠨ ᠠᠮᠢᠳᠤᠷᠠᠯ ᠵᠣᠯ ᠵᠢᠷᠭᠠᠯ ᠲᠠᠢ ᠰᠠᠶᠢᠨ ᠰᠠᠶᠢᠬᠠᠨ ᠪᠣᠯᠵᠤ᠂ | ᠤᠯᠠᠨ ᠤᠯᠤᠰ ᠤᠨ ᠥᠷᠢᠰᠦᠯᠳᠦᠭᠡᠨ ᠤ ᠳᠠᠪᠠᠭᠤᠯᠢᠭ ᠢᠯᠡᠷᠬᠡᠢ ᠪᠣᠯᠵᠤ᠂ ᠬᠤᠳᠠ ᠬᠥᠳᠡᠭᠡ ᠪᠦᠭᠦ ᠲᠠᠯ᠎ᠠ ᠪᠠᠷ ᠠᠭᠤᠰᠤᠯᠴᠠᠵᠤ᠂ ᠬᠥᠳᠡᠭᠡ ᠲᠣᠰᠬᠤᠨ ᠢ ᠪᠦᠭᠦ | ᠲᠠᠯ᠎ᠠ ᠪᠠᠷ ᠬᠥᠭᠵᠢᠭᠦᠯᠦᠨ ᠮᠠᠨᠳᠤᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠪᠦᠭᠦ ᠲᠠᠯ᠎ᠠ ᠪᠠᠷ ᠪᠡᠶᠡᠯᠡᠭᠦᠯᠦᠨ᠎ᠡ᠃ | ᠬᠤᠶᠠᠷ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠦᠭᠦ ᠲᠠᠯ᠎ᠠ ᠪᠠᠷ ᠪᠠᠬᠢᠵᠢᠭᠦᠯᠵᠦ᠂ ᠳᠤᠮᠳᠠᠳᠤᠴᠤᠳ ᠤᠨ ᠪᠤᠳᠠᠭᠠᠨ ᠠᠶᠠᠭ᠎ᠠ ᠶᠢ ᠨᠠᠩ ᠪᠠᠲᠤ | ᠨᠠᠩ ᠯᠠᠪᠳᠠᠭᠤᠨ ᠪᠠᠶᠢᠯᠭᠠᠨ᠎ᠠ | ᠠᠮᠤ ᠪᠤᠳᠠᠭ᠎ᠠ ᠪᠣᠯᠣᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠲᠣᠭᠲᠠᠭᠤᠨ ᠠᠮᠤᠷ ᠲᠦᠪᠰᠢᠨ ᠬᠠᠩᠭᠠᠯᠭ᠎ᠠ ᠶᠢ ᠪᠠᠲᠤᠯᠠᠬᠤ ᠶᠢ ᠲᠡᠷᠢᠭᠦᠨ ᠴᠢᠬᠤᠯᠠ | ᠶᠠᠪᠤᠳᠠᠯ ᠪᠤᠯᠭᠠᠵᠤ᠂ ᠲᠠᠷᠢᠶᠠᠨ ᠭᠠᠵᠠᠷ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠪᠠᠲᠤᠯᠠᠬᠤ᠂ ᠮᠡᠷᠭᠡᠵᠢᠯ ᠢᠶᠠᠷ ᠠᠮᠤ ᠪᠤᠳᠠᠭᠠᠨ ᠤ ᠤᠨᠠᠯᠲᠠ ᠶᠢ | ᠨᠡᠮᠡᠭᠳᠡᠭᠦᠯᠬᠦ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ | ᠪᠣᠳᠠᠰ ᠤᠨ ᠰᠠᠭᠤᠷᠢ ᠶᠢ ᠪᠠᠲᠤ ᠴᠣᠭᠴᠠᠯᠠᠨ᠎ᠠ᠃ | ︵ᠨᠢᠭᠡ︶ ᠲᠠᠷᠢᠶᠠᠨ ᠭᠠᠵᠠᠷ ᠤᠨ ᠬᠠᠮᠠᠭᠠᠯᠠᠯᠲᠠ ᠪᠣᠯᠣᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠨ᠎ᠠ᠃ ᠲᠠᠷᠢᠶᠠᠨ ᠭᠠᠵᠠᠷ ᠤᠨ ᠲᠤᠭ᠎ᠠ | ᠬᠡᠮᠵᠢᠶ᠎ᠡ᠂ ᠶᠠᠰᠤ ᠴᠢᠨᠠᠷ᠂ ᠠᠮᠢ ᠠᠬᠤᠢ ᠶᠢᠨ ︽ᠭᠤᠷᠪᠠ ᠶᠢ ᠨᠢᠭᠡ ᠴᠣᠭᠴᠠᠵᠢᠭᠤᠯᠬᠤ︾ ᠬᠠᠮᠠᠭᠠᠯᠠᠯᠲᠠ ᠶᠢᠨ ᠳᠦᠷᠢᠮ ᠤᠨ ᠰᠢᠰᠲ᠋ᠧᠮ ᠢ ᠪᠦᠷᠢᠨᠰᠢᠭᠦᠯᠵᠦ᠂ | ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠳᠦᠷᠢᠮ ᠢ ᠥᠭᠡᠷᠡᠴᠢᠯᠡᠨ ᠲᠡᠭᠦᠯᠳᠡᠷᠵᠢᠭᠦᠯᠵᠦ᠂ ᠡᠯ᠎ᠡ ᠲᠥᠷᠥᠯ ᠤᠨ ᠲᠠᠷᠢᠶᠠᠨ | ᠭᠠᠵᠠᠷ ᠢ ᠡᠵᠡᠯᠡᠨ ᠬᠡᠷᠡᠭᠯᠡᠬᠦ ᠶᠢ ᠨᠢᠭᠡᠳᠦᠯᠲᠡᠢ ᠬᠠᠮᠢᠶᠠᠷᠤᠯᠲᠠ ᠳᠤ ᠣᠷᠣᠭᠤᠯᠤᠨ᠂ ᠲᠠᠷᠢᠶᠠᠨ ᠭᠠᠵᠠᠷ ᠤᠨ ᠶᠠᠰᠤ ᠴᠢᠨᠠᠷ ᠢ ᠰᠢᠯᠭᠠᠨ ᠠᠪᠬᠤ ᠲᠣᠭᠲᠠᠴᠠ ᠶᠢ | ᠨᠥᠬᠦᠪᠦᠷᠢᠯᠡᠨ ᠲᠡᠭᠦᠯᠳᠡᠷᠵᠢᠭᠦᠯᠵᠦ᠂ ᠲᠡᠩᠴᠡᠭᠦᠷᠢᠲᠡᠢ ᠪᠠᠶᠢᠯᠭᠠᠬᠤ ᠪᠠᠷᠢᠮᠵᠢᠶ᠎ᠠ ᠳᠤ ᠬᠦᠷᠭᠡᠬᠦ ᠶᠢ ᠦᠨᠡᠨ ᠬᠦ ᠪᠠᠲᠤᠯᠠᠨ᠎ᠠ᠃ 18.65 ᠳ᠋ᠦᠩᠰᠢᠭᠤᠷ ᠮᠦ ᠲᠠᠷᠢᠶᠠᠨ | ᠭᠠᠵᠠᠷ ᠪᠠ 15.46 ᠳ᠋ᠦᠩᠰᠢᠭᠤᠷ ᠮᠦ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠪᠠᠲᠤ ᠰᠠᠬᠢᠨ᠎ᠠ᠃ | ᠬᠤᠵᠢᠷᠯᠢᠭ ᠭᠠᠵᠠᠷ ᠢ ᠵᠠᠰᠠᠵᠤ ᠰᠠᠶᠢᠵᠢᠷᠠᠭᠤᠯᠬᠤ ᠠᠵᠢᠯ ᠢ ᠣᠷᠣᠨ ᠬᠤᠪᠢᠶᠠᠨ ᠲᠥᠷᠥᠯ ᠬᠤᠪᠢᠶᠠᠨ ᠥᠷᠨᠢᠭᠦᠯᠵᠦ᠂ ᠬᠤᠵᠢᠷᠯᠢᠭ ᠭᠠᠵᠠᠷ ᠵᠡᠷᠭᠡ ᠲᠠᠷᠢᠶᠠᠨ | ᠭᠠᠵᠠᠷ ᠤᠨ ᠨᠥᠭᠡᠴᠡ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠬᠢᠭᠤᠯᠤᠨ᠎ᠠ᠃ ᠵᠡᠭᠦᠨ | ᠬᠤᠶᠢᠲᠤ ᠶᠢᠨ ᠬᠠᠷ᠎ᠠ ᠬᠥᠷᠥᠰᠥᠲᠦ ᠭᠠᠵᠠᠷ᠂ ᠲᠠᠯ᠎ᠠ ᠭᠠᠵᠠᠷ᠂ ᠤᠰᠤᠨ ᠠᠰᠢᠭᠯᠠᠯᠲᠠ ᠶᠢᠨ ᠤᠰᠤᠯᠠᠯᠲᠠ ᠶᠢᠨ ᠨᠥᠬᠦᠴᠡᠯ ᠢ ᠪᠦᠷᠢᠯᠳᠦᠭᠦᠯᠦᠭᠰᠡᠨ ᠭᠠᠵᠠᠷ ᠣᠷᠣᠨ ᠤ | ᠲᠠᠷᠢᠶᠠᠨ ᠭᠠᠵᠠᠷ ᠢ ᠤᠷᠢᠳ ᠢᠶᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠵᠤ᠂ ᠪᠦᠲᠦᠭᠡᠨ ᠪᠠᠶᠢᠭᠤᠯᠬᠤ ᠪᠠᠷᠢᠮᠵᠢᠶ᠎ᠠ ᠪᠠ ᠶᠠᠰᠤ | ᠴᠢᠨᠠᠷ ᠢ ᠳᠡᠭᠡᠭᠰᠢᠯᠡᠭᠦᠯᠦᠨ᠂ ᠨᠥᠬᠦᠴᠡᠯ ᠪᠦᠷᠢᠯᠳᠦᠭᠦᠯᠦᠭᠰᠡᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠪᠦᠭᠦᠨ ᠢ ᠠᠯᠬᠤᠮ ᠠᠯᠬᠤᠮ ᠢᠶᠠᠷ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ | ᠰᠢᠯᠭᠠᠨ ᠠᠪᠬᠤ᠂ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ | ᠴᠢᠨᠠᠷ ᠲᠤ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠰᠢᠰᠲ᠋ᠧᠮ ᠢ ᠪᠠᠶᠢᠭᠤᠯᠤᠨ ᠪᠦᠷᠢᠨᠰᠢᠭᠦᠯᠦᠨ᠎ᠡ᠃ ᠲᠠᠷᠢᠶᠠᠨ ᠭᠠᠵᠠᠷ ᠤᠨ ᠣᠷᠭᠠᠨᠢᠭ ᠴᠢᠨᠠᠷ ᠢ ᠳᠡᠭᠡᠭᠰᠢᠯᠡᠭᠦᠯᠭᠦ | ᠠᠵᠢᠯᠯᠠᠭ᠎ᠠ ᠶᠢ ᠬᠡᠷᠡᠭᠵᠢᠭᠦᠯᠵᠦ᠂ ᠬᠠᠷ᠎ᠠ ᠬᠥᠷᠥᠰᠥᠲᠦ ᠭᠠᠵᠠᠷ ᠢ ᠬᠠᠮᠠᠭᠠᠯᠠᠨ ᠠᠰᠢᠭᠯᠠᠬᠤ ᠪᠠ ᠲᠠᠴᠢᠷᠳᠠᠭᠰᠠᠨ ᠲᠠᠷᠢᠶᠠᠨ ᠭᠠᠵᠠᠷ ᠢ ᠵᠠᠰᠠᠬᠤ ᠠᠵᠢᠯ ᠢ ᠴᠢᠩᠭᠠᠳᠬᠠᠨ᠎ᠠ᠃ | ᠣᠳᠣᠬᠢᠴᠢᠯᠠᠭᠰᠠᠨ ᠤᠰᠤᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠥᠭᠡᠷᠡᠴᠢᠯᠡᠯᠲᠡ ᠶᠢ ᠴᠢᠩᠭᠠᠳᠬᠠᠵᠤ᠂ ᠬᠥᠳᠡᠭᠡ ᠠᠵᠤ ᠠᠬᠤᠢ ᠶᠢᠨ ᠤᠰᠤᠨ | ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠲᠣᠣᠷ ᠢ ᠲᠡᠭᠦᠯᠳᠡᠷᠵᠢᠭᠦᠯᠦᠨ᠎ᠡ᠃ ᠬᠥᠳᠡᠭᠡ ᠠᠵᠤ ᠠᠬᠤᠢ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ | ᠭᠠᠮᠰᠢᠭ ᠠᠴᠠ ᠠᠪᠤᠷᠠᠬᠤ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠦᠨ᠎ᠡ᠃ | ︵ᠬᠤᠶᠠᠷ︶ ᠠᠮᠤ ᠪᠤᠳᠠᠭ᠎ᠠ ᠪᠣᠯᠣᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠲᠦᠪᠰᠢᠨ ᠢ ᠳᠡᠭᠡᠭᠰᠢᠯᠡᠭᠦᠯᠦᠨ᠎ᠡ᠃ ᠰᠢᠨ᠎ᠡ ᠨᠢᠭᠡ | ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠭᠦ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ | ᠠᠮᠤ ᠪᠤᠳᠠᠭ᠎ᠠ ᠲᠣᠰᠣ ᠵᠡᠷᠭᠡ ᠭᠤᠣᠯ ᠪᠤᠯᠬᠤ ᠲᠠᠷᠢᠮᠠᠯ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ | ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠠᠵᠤ ᠦᠢᠯᠡᠰ ᠤᠨ ᠪᠦᠰᠡ ᠶᠢ ᠲᠦᠷᠭᠡᠳᠬᠡᠨ ᠪᠠᠶᠢᠭᠤᠯᠤᠨ᠎ᠠ᠃ ᠤᠰᠤᠨ ᠲᠤᠲᠤᠷᠭ᠎ᠠ᠂ ᠪᠤᠭᠤᠳᠠᠢ ᠶᠢᠨ | ᠦᠢᠯᠡᠳᠪᠦᠷᠢᠯᠡᠯ ᠢ ᠲᠣᠭᠲᠠᠪᠤᠷᠢᠵᠢᠭᠤᠯᠵᠤ᠂ ᠪᠦᠲᠦᠴᠡ ᠶᠢ ᠰᠢᠯᠢᠳᠡᠭᠵᠢᠭᠦᠯᠬᠦ ᠪᠠ ᠶᠠᠰᠤ ᠴᠢᠨᠠᠷ ᠢ ᠳᠡᠭᠡᠭᠰᠢᠯᠡᠭᠦᠯᠭᠦ ᠶᠢ ᠠᠬᠢᠭᠤᠯᠤᠨ᠎ᠠ᠃ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ ᠲᠥᠮᠥᠰᠥ ᠶᠢᠨ ᠲᠥᠷᠥᠯ ᠤᠨ ᠡᠯᠳᠡᠪ ᠠᠮᠤ ᠶᠢ ᠬᠥᠭᠵᠢᠭᠦᠯᠦᠨ᠎ᠡ᠃ ᠰᠢᠯᠢᠮᠳᠡᠭ᠂ ᠯᠣᠬᠠᠱᠧᠩ ᠵᠡᠷᠭᠡ ᠲᠣᠰᠣᠯᠢᠭ ᠲᠠᠷᠢᠮᠠᠯ ᠤᠨ | ᠦᠢᠯᠡᠳᠪᠦᠷᠢᠯᠡᠯ ᠤᠨ ᠳᠠᠯᠳᠠ ᠬᠦᠴᠦᠨ ᠢ ᠠᠭᠤᠳᠠᠯᠵᠤ᠂ ᠲᠣᠰᠣᠨ ᠴᠠᠢ᠂ ᠠᠮᠢᠲᠠᠨ ᠤ ᠥᠭᠡᠬᠦ ᠶᠢᠨ ᠲᠣᠰᠣ ᠵᠡᠷᠭᠡ ᠲᠣᠰᠣᠨ ᠤ ᠢᠷᠡᠯᠲᠡ ᠶᠢ ᠥᠷᠭᠡᠳᠬᠡᠨ᠎ᠡ᠃ | ︽ᠢᠳᠡᠰᠢ ᠶᠢᠨ ᠨᠣᠭᠤᠭ᠎ᠠ︾ ᠶᠢᠨ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭᠠᠳᠬᠠᠵᠤ᠂ ᠡᠮᠦᠨᠡᠲᠦ ᠶᠢᠨ ᠨᠣᠭᠤᠭ᠎ᠠ ᠶᠢ ᠤᠮᠠᠷᠠᠰᠢ | ᠵᠥᠭᠡᠭᠡᠪᠦᠷᠢᠯᠡᠬᠦ ᠪᠠ ᠬᠦᠢᠲᠡᠨ ᠰᠡᠷᠢᠭᠦᠨ ᠭᠠᠵᠠᠷ ᠣᠷᠣᠨ ᠤ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠢ ᠬᠥᠭᠵᠢᠭᠦᠯᠵᠦ᠂ ᠭᠠᠭ᠋ᠠᠢ ᠶᠢᠨ ᠠᠵᠤ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠵᠤ᠂ ᠰᠦ ᠶᠢᠨ ᠦᠢᠯᠡᠰ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠮᠢᠬᠠᠨ ᠤ ᠦᠬᠡᠷ ᠬᠤᠨᠢᠨ ᠤ ᠲᠤᠭ᠎ᠠ ᠬᠡᠮᠵᠢᠶ᠎ᠡ ᠶᠢ | ᠨᠡᠮᠡᠭᠳᠡᠭᠦᠯᠦᠨ ᠶᠠᠰᠤ ᠴᠢᠨᠠᠷ ᠢ ᠳᠡᠭᠡᠭᠰᠢᠯᠡᠭᠦᠯᠭᠦ ᠠᠵᠢᠯᠯᠠᠭ᠎ᠠ ᠶᠢ ᠥᠷᠨᠢᠭᠦᠯᠵᠦ᠂ ᠣᠲᠣ ᠦᠶ᠎ᠡ ᠶᠢᠨ ᠵᠢᠭᠠᠰᠤᠨ ᠠᠵᠤ ᠠᠬᠤᠢ ᠶᠢ ᠬᠥᠭᠵᠢᠭᠦᠯᠦᠨ᠎ᠡ᠃ ᠰᠢᠬᠢᠷᠯᠢᠭ | ᠲᠠᠷᠢᠮᠠᠯ ᠤᠨ ᠨᠢᠰᠢᠩᠭᠦ ᠶᠢᠨ ᠰᠠᠶᠢᠨ ᠡᠭᠦᠯᠳᠡᠷ ᠢ ᠢᠳᠡᠪᠬᠢᠲᠡᠢ ᠪᠤᠶᠢᠵᠢᠭᠤᠯᠤᠨ ᠳᠡᠯᠭᠡᠷᠡᠭᠦᠯᠵᠦ᠂ ᠮᠧᠬᠠᠨᠢᠭᠵᠢᠭᠤᠯᠤᠯᠲᠠ ᠶᠢᠨ ᠲᠦᠪᠰᠢᠨ ᠢ ᠲᠦᠷᠭᠡᠳᠬᠡᠨ | ᠳᠡᠭᠡᠭᠰᠢᠯᠡᠭᠦᠯᠦᠨ᠎ᠡ᠃ ᠪᠠᠶᠢᠭᠠᠯᠢ ᠶᠢᠨ ᠭᠤᠮ ᠤᠨ ᠬᠠᠭᠤᠴᠢᠨ ᠭᠤᠮ ᠤᠨ ᠬᠦᠷᠢᠶᠡᠯᠡᠩ ᠢ ᠰᠢᠨᠡᠳᠬᠡᠨ ᠥᠭᠡᠷᠡᠴᠢᠯᠡᠬᠦ ᠶᠢ ᠠᠬᠢᠭᠤᠯᠵᠤ᠂ ᠣᠨᠴᠠ ᠲᠥᠷᠥᠯ ᠤᠨ | ᠭᠤᠮ ᠤᠨ ᠬᠦᠷᠢᠶᠡᠯᠡᠩ ᠢ ᠲᠦᠷᠭᠡᠳᠬᠡᠨ ᠪᠠᠶᠢᠭᠤᠯᠤᠨ᠎ᠠ᠃ | ︵ᠭᠤᠷᠪᠠ︶ ᠠᠮᠤ ᠪᠤᠳᠠᠭᠠᠨ ᠤ ᠦᠢᠯᠡᠳᠪᠦᠷᠢᠯᠡᠯ ᠢ ᠲᠡᠳᠬᠦᠬᠦ ᠲᠥᠷᠥ ᠶᠢᠨ ᠪᠣᠳᠣᠯᠭ᠎ᠠ ᠶᠢ ᠪᠦᠷᠢᠨᠰᠢᠭᠦᠯᠦᠨ᠎ᠡ᠃ ᠲᠠᠷᠢᠶᠠᠨ ᠭᠠᠵᠠᠷ ᠢ ᠬᠠᠮᠠᠭᠠᠯᠠᠬᠤ ᠪᠠ ᠠᠮᠤ | ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠠᠮᠤ ᠪᠤᠳᠠᠭ᠎ᠠ︾ ᠶᠢᠨ | ᠬᠠᠩᠭᠠᠯᠭ᠎ᠠ ᠶᠢ ᠪᠠᠲᠤᠯᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠲᠠᠷᠢᠶᠠᠨ ᠭᠠᠵᠠᠷ ᠢ ᠦᠨᠳᠦᠰᠦᠨ ᠲᠠᠷᠢᠮᠠᠯ ᠳᠤ ᠬᠡᠷᠡᠭᠯᠡᠬᠦ ᠬᠠᠮᠢᠶᠠᠷᠤᠯᠲᠠ ᠶᠢᠨ ᠰᠢᠰᠲ᠋ᠧᠮ ᠢ | ᠪᠠᠲᠤᠯᠠᠨ ᠪᠦᠷᠢᠨᠰᠢᠭᠦᠯᠵᠦ᠂ ᠠᠮᠤ ᠪᠤᠳᠠᠭ᠎ᠠ ᠳᠠᠷᠢᠬᠤ ᠲᠠᠯᠠᠪᠠᠶ ᠶᠢ 17.5 ᠳ᠋ᠦᠩᠰᠢᠭᠤᠷ ᠮᠦ ᠣᠷᠴᠢᠮ᠂ ᠠᠮᠤ ᠪᠤᠳᠠᠭᠠᠨ ᠤ ᠲᠠᠯᠠᠪᠠᠶ ᠶᠢ 14.5 ᠳ᠋ᠦᠩᠰᠢᠭᠤᠷ ᠮᠦ | ᠣᠷᠴᠢᠮ ᠲᠣᠭᠲᠠᠪᠤᠷᠢᠵᠢᠭᠤᠯᠬᠤ ᠶᠢ ᠪᠠᠲᠤᠯᠠᠨ᠎ᠠ᠃ ᠠᠮᠤ ᠪᠤᠳᠠᠭ᠎ᠠ ᠲᠠᠷᠢᠬᠤ ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠬᠤ ᠲᠣᠭᠲᠠᠴᠠ ᠶᠢ ᠲᠦᠷᠭᠡᠳᠬᠡᠨ | ᠪᠦᠷᠢᠨᠰᠢᠭᠦᠯᠵᠦ᠂ ᠦᠨ᠎ᠡ ᠬᠠᠩᠰᠢ᠂ ᠨᠥᠬᠦᠪᠦᠷᠢ᠂ ᠳᠠᠭᠠᠳᠬᠠᠯ ᠵᠡᠷᠭᠡ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠠᠮᠤ ᠪᠤᠳᠠᠭ᠎ᠠ ᠵᠡᠷᠭᠡ | ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠨ᠎ᠡ ᠬᠠᠩᠰᠢ ᠶᠢ ᠵᠦᠢ ᠵᠣᠬᠢᠰᠲᠠᠢ ᠲᠦᠪᠰᠢᠨ ᠳᠤ ᠪᠠᠶᠢᠯᠭᠠᠬᠤ ᠶᠢ ᠠᠬᠢᠭᠤᠯᠤᠨ᠎ᠠ᠃ ᠲᠠᠷᠢᠶᠠᠯᠠᠩ ᠤᠨ | ᠳᠠᠭᠠᠳᠬᠠᠯ ᠤᠨ ᠶᠡᠭᠡ ᠭᠠᠮᠰᠢᠭ ᠤᠨ ᠠᠶᠤᠯ ᠲᠦᠭᠰᠢᠭᠦᠷᠢ ᠶᠢ ᠵᠠᠳᠠᠷᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠮᠤ ᠪᠤᠳᠠᠭᠠᠨ ᠤ ᠭᠤᠣᠯ ᠭᠠᠷᠤᠯᠲᠠ ᠶᠢᠨ | ᠣᠷᠣᠨ ᠤ ᠠᠰᠢᠭ ᠲᠤᠰᠠ ᠶᠢᠨ ᠨᠥᠬᠦᠪᠦᠷᠢ ᠶᠢᠨ ᠲᠣᠭᠲᠠᠴᠠ ᠶᠢ ᠪᠦᠷᠢᠨᠰᠢᠭᠦᠯᠵᠦ᠂ ᠠᠮᠤ ᠪᠤᠳᠠᠭᠠᠨ ᠤ ᠭᠠᠷᠤᠯᠲᠠ ᠶᠡᠬᠡᠲᠡᠢ ᠰᠢᠶᠠᠨ ᠳᠤ ᠱᠠᠩᠨᠠᠯ ᠨᠥᠬᠦᠪᠦᠷᠢ ᠥᠭᠬᠦ | ᠳᠦᠷᠢᠮ ᠢ ᠲᠡᠭᠦᠯᠳᠡᠷᠵᠢᠭᠦᠯᠦᠨ᠂ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠲᠡᠶᠢᠰᠢ | ᠬᠡᠯᠪᠠᠶᠢᠯᠭᠡᠵᠦ᠂ ᠮᠤᠵᠢ ᠶᠢᠨ ᠱᠠᠲᠤᠨ ᠠᠴᠠ ᠨᠢᠭᠡᠳᠦᠯᠲᠡᠢ ᠲᠥᠯᠥᠪᠯᠡᠬᠦ ᠭᠠᠵᠠᠷ ᠰᠢᠷᠣᠢ ᠶᠢ ᠰᠢᠯᠵᠢᠭᠦᠯᠦᠨ ᠥᠭᠬᠦ ᠣᠷᠣᠯᠭ᠎ᠠ ᠶᠢ ᠲᠣᠭᠲᠠᠭᠠᠯ ᠶᠣᠰᠣᠭᠠᠷ ᠠᠮᠤ | ᠪᠤᠳᠠᠭᠠᠨ ᠤ ᠭᠤᠣᠯ ᠭᠠᠷᠤᠯᠲᠠ ᠶᠢᠨ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠤᠳᠤ ᠦᠶ᠎ᠡ ᠶᠢᠨ ᠦᠷ᠎ᠡ ᠶᠢᠨ | ᠦᠢᠯᠡᠰ ᠤᠨ ᠳᠡᠭᠡᠭᠰᠢᠯᠡᠯᠲᠡ ᠵᠡᠷᠭᠡ ᠳᠤ ᠬᠡᠷᠡᠭᠯᠡᠵᠦ᠂ ᠠᠮᠤ ᠪᠤᠳᠠᠭᠠᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠣᠷᠣᠨ ᠤ ᠮᠤᠵᠢ ᠶᠢᠨ ᠬᠤᠭᠤᠷᠣᠨᠳᠣᠭᠢ ᠬᠥᠨᠳᠡᠯᠡᠨ | ᠴᠢᠭᠯᠡᠯ ᠤᠨ ᠠᠰᠢᠭ ᠲᠤᠰᠠ ᠶᠢᠨ ᠨᠥᠬᠦᠪᠦᠷᠢ ᠶᠢᠨ ᠲᠣᠭᠲᠠᠴᠠ ᠶᠢ ᠨᠢᠭᠡᠳᠦᠯᠲᠡᠢ ᠲᠥᠯᠥᠪᠵᠢᠭᠦᠯᠦᠨ ᠪᠠᠶᠢᠭᠤᠯᠤᠨ᠎ᠠ᠃ | ︵ᠳᠥᠷᠪᠡ︶ ᠠᠮᠤ ᠪᠤᠳᠠᠭ᠎ᠠ ᠪᠣᠯᠣᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠨᠥᠭᠡᠴᠡᠯᠡᠵᠦ ᠲᠣᠬᠢᠷᠠᠭᠤᠯᠤᠨ ᠡᠵᠡᠮᠳᠡᠬᠦ ᠶᠢ ᠴᠢᠩᠭᠠᠳᠬᠠᠨ᠎ᠠ᠃ | ᠤᠯᠤᠰ ᠤᠨ ᠨᠥᠭᠡᠴᠡᠯᠡᠬᠦ ᠰᠢᠰᠲ᠋ᠧᠮ ᠢ ᠲᠦᠷᠭᠡᠳᠬᠡᠨ ᠲᠡᠭᠦᠯᠳᠡᠷᠵᠢᠭᠦᠯᠦᠨ᠎ᠡ᠃ ᠠᠮᠤ ᠪᠤᠳᠠᠭ᠎ᠠ ᠬᠤᠳᠠᠯᠳᠤᠨ ᠠᠪᠬᠤ ᠪᠣᠷᠣᠯᠠᠭᠤᠯᠬᠤ ᠪᠠ ᠨᠥᠭᠡᠴᠡᠯᠡᠬᠦ | ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠢᠨᠠᠯᠲᠠ ᠬᠠᠮᠢᠶᠠᠷᠤᠯᠲᠠ ᠶᠢᠨ ᠰᠢᠨ᠎ᠡ | ᠵᠠᠭᠪᠤᠷ ᠢ ᠪᠠᠶᠢᠭᠤᠯᠤᠨ᠎ᠠ᠃ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠪᠦᠭᠦ ᠬᠡᠯᠬᠢᠶᠡᠨ ᠤ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ | ᠰᠢᠰᠲ᠋ᠧᠮ ᠢ ᠲᠡᠭᠦᠯᠳᠡᠷᠵᠢᠭᠦᠯᠦᠨ᠎ᠡ᠃ ᠪᠣᠷᠳᠣᠭᠠᠨ ᠳᠤ ᠬᠡᠷᠡᠭᠯᠡᠬᠦ ᠪᠤᠷᠴᠠᠭ ᠤᠨ ᠰᠢᠬᠠᠳᠠᠰᠤ ᠶᠢ ᠪᠠᠭᠠᠰᠬᠠᠨ ᠣᠷᠣᠯᠠᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ | ᠤᠭᠤᠷᠠᠭ ᠪᠠᠭᠠᠲᠠᠢ ᠬᠤᠨᠤᠭ ᠤᠨ ᠠᠮᠤ ᠶᠢᠨ ᠮᠡᠷᠭᠡᠵᠢᠯ ᠢ ᠳᠡᠯᠭᠡᠷᠡᠭᠦᠯᠦᠨ᠎ᠡ᠃ ᠠᠮᠤ ᠪᠤᠳᠠᠭ᠎ᠠ ᠪᠠ ᠢᠳᠡᠭᠡᠨ ᠢ ᠠᠷᠪᠢᠯᠠᠨ ᠭᠠᠮᠨᠠᠬᠤ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠵᠦ᠂ ᠠᠮᠤ ᠪᠤᠳᠠᠭ᠎ᠠ ᠳᠠᠷᠢᠬᠤ᠂ ᠬᠤᠷᠢᠶᠠᠬᠤ᠂ ᠬᠠᠳᠠᠭᠠᠯᠠᠵᠤ ᠵᠥᠭᠡᠭᠡᠪᠦᠷᠢᠯᠡᠬᠦ᠂ ᠡᠳ᠋ᠰᠢᠭᠦᠯᠬᠦ᠂ ᠬᠡᠷᠡᠭᠯᠡᠬᠦ ᠵᠡᠷᠭᠡ ᠪᠦᠭᠦ | ᠬᠡᠯᠬᠢᠶ᠎ᠡ ᠪᠦᠭᠦ ᠭᠤᠭᠴᠤᠭ᠎ᠠ ᠪᠠᠷ ᠠᠷᠪᠢᠯᠠᠨ ᠭᠠᠮᠨᠠᠵᠤ ᠬᠤᠬᠢᠷᠠᠯ ᠢ ᠪᠠᠭᠠᠰᠬᠠᠬᠤ ᠶᠢ ᠠᠬᠢᠭᠤᠯᠵᠤ᠂ ᠢᠳᠡᠭᠡᠨ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠳᠦᠷᠢᠮ ᠢ | ᠲᠡᠭᠦᠯᠳᠡᠷᠵᠢᠭᠦᠯᠦᠨ᠎ᠡ᠃ | ︵ᠲᠠᠪᠤ︶ ᠢᠳᠡᠭᠡᠨ ᠤ ᠣᠯᠠᠨ ᠡᠰᠢᠵᠢᠭᠰᠡᠨ ᠬᠠᠩᠭᠠᠯᠭ᠎ᠠ ᠶᠢᠨ ᠰᠢᠰᠲ᠋ᠧᠮ ᠢ ᠪᠠᠶᠢᠭᠤᠯᠤᠨ᠎ᠠ᠃ ᠬᠠᠮ ᠲᠠᠷᠢᠶᠠᠯᠠᠩ ᠤᠨ ᠦᠵᠡᠯᠲᠡ᠂ ᠬᠠᠮ ᠢᠳᠡᠭᠡᠨ ᠤ | ᠦᠵᠡᠯᠲᠡ ᠶᠢ ᠪᠤᠢ ᠪᠤᠯᠭᠠᠵᠤ᠂ ᠢᠳᠡᠭᠡᠨ ᠤ ᠡᠬᠢ ᠪᠠᠶᠠᠯᠢᠭ ᠢ ᠪᠦᠭᠦ ᠲᠠᠯ᠎ᠠ ᠪᠠᠷ᠂ ᠤᠯᠠᠨ ᠠᠷᠭ᠎ᠠ ᠵᠠᠮ ᠢᠶᠠᠷ ᠨᠡᠭᠡᠭᠡᠨ ᠬᠥᠭᠵᠢᠭᠦᠯᠦᠨ᠎ᠡ᠃ ᠠᠮᠢ ᠠᠬᠤᠢ ᠣᠷᠴᠢᠨ | ᠲᠣᠭᠤᠷᠢᠨ ᠢ ᠰᠠᠶᠢᠲᠤᠷ ᠬᠠᠮᠠᠭᠠᠯᠠᠭᠰᠠᠨ ᠤᠷᠢᠲᠠᠯ ᠳᠣᠣᠷ᠎ᠠ᠂ ᠮᠣᠳᠣᠯᠢᠭ ᠠᠮᠤ ᠲᠣᠰᠣ ᠶᠢ ᠬᠥᠭᠵᠢᠭᠦᠯᠦᠨ᠎ᠡ᠃ ᠴᠢᠨᠠᠷ ᠰᠠᠶᠢᠲᠠᠢ ᠤᠰᠤ ᠠᠷᠪᠢᠯᠠᠬᠤ ᠥᠨᠳᠥᠷ | ᠤᠨᠠᠯᠲᠠ ᠲᠠᠢ ᠲᠡᠵᠢᠭᠡᠯ ᠡᠪᠡᠰᠦᠨ ᠤ ᠦᠢᠯᠡᠳᠪᠦᠷᠢᠯᠡᠯ ᠢ ᠬᠥᠭᠵᠢᠭᠦᠯᠦᠨ᠎ᠡ᠃ ᠶᠡᠭᠡ ᠤᠰᠤᠨ ᠭᠠᠳᠠᠷᠭᠤ ᠶᠢᠨ ᠠᠮᠢ ᠠᠬᠤᠢ ᠶᠢᠨ ᠵᠢᠭᠠᠰᠤᠨ ᠠᠵᠤ ᠠᠬᠤᠢ ᠶᠢ | ᠬᠥᠭᠵᠢᠭᠦᠯᠵᠦ᠂ ᠡᠬᠡ ᠬᠠᠭᠤᠷᠠᠢ ᠶᠢᠨ ᠰᠠᠭᠤᠷᠢ ᠪᠠ ᠠᠯᠤᠰ ᠳᠠᠯᠠᠢ ᠶᠢᠨ ᠲᠡᠵᠢᠭᠡᠨ ᠦᠷᠡᠵᠢᠭᠦᠯᠬᠦ ᠵᠢᠭᠠᠰᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ | ᠠᠬᠢᠭᠤᠯᠵᠤ᠂ ᠣᠶᠢᠷ᠎ᠠ ᠳᠠᠯᠠᠢ ᠠᠴᠠ ᠠᠩᠨᠠᠵᠤ ᠱᠦᠭᠦᠬᠦ ᠪᠠ ᠠᠯᠤᠰ ᠳᠠᠯᠠᠢ ᠶᠢᠨ ᠵᠢᠭᠠᠰᠤᠨ ᠠᠵᠤ ᠠᠬᠤᠢ ᠶᠢ ᠵᠢᠷᠤᠮᠵᠢᠭᠤᠯᠤᠨ ᠬᠥᠭᠵᠢᠭᠦᠯᠦᠨ᠎ᠡ᠃ | ᠲᠥᠬᠦᠭᠡᠷᠦᠮᠵᠢᠲᠦ ᠲᠠᠷᠢᠶᠠᠯᠠᠩ ᠤᠨ ᠣᠳᠣᠬᠢᠴᠢᠯᠠᠯᠲᠠ ᠶᠢ ᠳᠡᠭᠡᠭᠰᠢᠯᠡᠭᠦᠯᠭᠦ ᠠᠵᠢᠯᠯᠠᠭ᠎ᠠ ᠶᠢ ᠬᠡᠷᠡᠭᠵᠢᠭᠦᠯᠵᠦ᠂ ᠪᠠᠷᠢᠮᠵᠢᠶ᠎ᠠ ᠨᠢ ᠵᠢᠷᠤᠮᠵᠢᠭᠤᠨ᠂ ᠲᠣᠨᠣᠭᠯᠠᠯ ᠨᠢ | ᠲᠡᠷᠢᠭᠦᠨ ᠤ᠂ ᠭᠠᠷᠭᠠᠯᠲᠠ ᠨᠢ ᠥᠨᠳᠥᠷ ᠪᠦᠲᠦᠮᠵᠢᠲᠡᠶ ᠣᠲᠣ ᠦᠶ᠎ᠡ ᠶᠢᠨ ᠳᠠᠷᠢᠵᠤ ᠲᠡᠵᠢᠭᠡᠬᠦ ᠲᠥᠬᠦᠭᠡᠷᠦᠮᠵᠢ ᠶᠢ ᠪᠠᠶᠢᠭᠤᠯᠵᠤ᠂ ᠲᠠᠷᠢᠶᠠᠯᠠᠩ ᠤᠨ ᠦᠢᠯᠡᠳᠪᠦᠷᠢ | ᠵᠡᠷᠭᠡ ᠰᠢᠨ᠎ᠡ ᠭᠡᠯᠪᠡᠷᠢ ᠶᠢ ᠬᠥᠭᠵᠢᠭᠦᠯᠦᠨ᠎ᠡ᠃ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠮᠢᠳᠤ ᠪᠣᠳᠠᠰ ᠤᠨ ᠠᠵᠤ ᠦᠢᠯᠡᠰ ᠢ | ᠬᠥᠭᠵᠢᠭᠦᠯᠵᠦ᠂ ᠢᠳᠡᠰᠢᠨ ᠤ ᠮᠥᠭᠦ ᠶᠢᠨ ᠠᠵᠤ ᠦᠢᠯᠡᠰ ᠢ ᠪᠤᠵᠠᠭᠠᠶᠢᠷᠠᠭᠤᠯᠤᠨ᠂ ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰᠵᠢᠯᠲᠡ ᠶᠢ ᠠᠬᠢᠭᠤᠯᠤᠨ᠎ᠠ᠃ | ᠭᠤᠷᠪᠠ᠂ ᠪᠦᠭᠦ ᠬᠦᠷᠢᠶᠡᠨ ᠳᠤ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ ᠰᠢᠨ᠎ᠡ ᠶᠢ | ᠡᠭᠦᠳᠬᠦ ᠶᠢ ᠠᠬᠢᠭᠤᠯᠵᠤ᠂ ᠥᠨᠳᠥᠷ ᠲᠦᠪᠰᠢᠨ ᠪᠦᠬᠦᠢ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ | ᠬᠦᠴᠦᠷᠬᠡᠭᠵᠢᠬᠦ ᠶᠢ ᠲᠦᠷᠭᠡᠳᠬᠡᠨ ᠪᠡᠶᠡᠯᠡᠭᠦᠯᠦᠨ᠎ᠡ | ᠬᠥᠳᠡᠭᠡ ᠠᠵᠤ ᠠᠬᠤᠢ ᠶᠢᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠪᠠᠷ ᠤᠳᠤᠷᠢᠳᠤᠮᠵᠢ ᠪᠤᠯᠭᠠᠵᠤ᠂ ᠠᠵᠤ ᠦᠢᠯᠡᠰ ᠤᠨ | ᠪᠠᠴᠢᠮ ᠬᠡᠷᠡᠭᠴᠡᠭᠡ ᠪᠠᠷ ᠤᠳᠤᠷᠢᠳᠤᠮᠵᠢ ᠪᠤᠯᠭᠠᠵᠤ᠂ ᠦᠷ᠎ᠡ ᠶᠢᠨ ᠦᠢᠯᠡᠰ ᠢᠶᠠᠷ ᠭᠤᠣᠯᠳᠠᠯᠭ᠎ᠠ ᠪᠤᠯᠭᠠᠬᠰᠠᠨ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠦᠷᠭᠡᠳᠬᠡᠵᠦ᠂ ᠴᠢᠬᠤᠯᠠ ᠶᠡᠭᠡ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠪᠲᠤᠯᠤᠯᠲᠠ ᠶᠢ ᠠᠬᠢᠭᠤᠯᠵᠤ᠂ ᠲᠠᠷᠢᠶᠠᠯᠠᠩ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠠᠷ ᠬᠥᠳᠡᠭᠡ ᠠᠵᠤ ᠠᠬᠤᠢ ᠶᠢᠨ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ | ︵ᠵᠢᠷᠭᠤᠭ᠎ᠠ︶ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠦᠪᠰᠢᠨ ᠢ ᠪᠦᠬᠦᠯᠢ ᠴᠣᠭᠴᠠ ᠪᠠᠷ ᠨᠢ | ᠳᠡᠭᠡᠭᠰᠢᠯᠡᠭᠦᠯᠭᠦ ᠶᠢ ᠲᠦᠷᠭᠡᠳᠬᠡᠨ᠎ᠡ᠃ ᠤᠯᠤᠰ ᠤᠨ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠯᠳᠤᠬᠤ ᠪᠣᠳᠣᠯᠭ᠎ᠠ ᠶᠢᠨ | ᠬᠦᠴᠦᠨ ᠤ ᠪᠠᠶᠢᠭᠤᠯᠤᠯᠲᠠ ᠶᠢ ᠴᠢᠩᠭᠠᠳᠬᠠᠨ᠂ ᠬᠥᠳᠡᠭᠡ ᠠᠵᠤ ᠠᠬᠤᠢ ᠶᠢᠨ ᠰᠠᠭᠤᠷᠢ ᠰᠤᠳᠤᠯᠤᠯ ᠪᠣᠯᠣᠨ ᠨᠡᠶᠢᠲᠡ ᠶᠢᠨ ᠠᠰᠠᠷᠠᠮᠵᠢ ᠶᠢᠨ ᠰᠢᠨᠵᠢᠯᠡᠬᠦ ᠤᠬᠠᠭᠠᠨ ᠤ | ᠰᠤᠳᠤᠯᠤᠯ ᠤᠨ ᠪᠠᠶᠢᠭᠤᠯᠤᠮᠵᠢ ᠶᠢ ᠲᠣᠭᠲᠠᠭᠤᠨ ᠢᠶᠠᠷ ᠳᠡᠮᠵᠢᠵᠦ᠂ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ | ᠠᠵᠤ ᠠᠬᠤᠶᠢᠯᠠᠯ ᠢ ᠪᠤᠶᠢᠵᠢᠭᠤᠯᠤᠨ᠂ ᠳᠡᠰ ᠳᠠᠪᠬᠤᠷᠭ᠎ᠠ ᠨᠢ ᠲᠣᠳᠣᠷᠬᠠᠢ᠂ ᠠᠵᠢᠯ ᠢᠶᠠᠨ ᠬᠤᠪᠢᠳᠠᠨ ᠬᠠᠮᠵᠢᠯᠴᠠᠭᠰᠠᠨ᠂ ᠵᠣᠬᠢᠰᠲᠠᠢ ᠥᠷᠢᠰᠦᠯᠳᠦᠭᠰᠡᠨ ᠬᠥᠳᠡᠭᠡ | ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠢ ᠴᠣᠭᠴᠠᠯᠠᠨ ᠪᠠᠶᠢᠭᠤᠯᠤᠨ᠎ᠠ᠃ ᠬᠥᠳᠡᠭᠡ ᠠᠵᠤ ᠠᠬᠤᠢ ᠶᠢᠨ | ᠰᠠᠭᠤᠷᠢ ᠰᠤᠳᠤᠯᠭᠠᠨ ᠤ ᠪᠠᠷᠠᠯᠠᠯᠳᠦ ᠴᠢᠨᠠᠷ᠂ ᠪᠠᠶᠢᠯᠳᠤᠬᠤ ᠪᠣᠳᠣᠯᠭ᠎ᠠ ᠶᠢᠨ ᠴᠢᠨᠠᠷ᠂ ᠰᠢᠰᠲ᠋ᠧᠮᠲᠦ ᠴᠢᠨᠠᠷ ᠤᠨ ᠪᠠᠶᠢᠷᠢᠰᠢᠭᠤᠯᠤᠯᠲᠠ ᠶᠢ ᠴᠢᠩᠭᠠᠳᠬᠠᠵᠤ᠂ ᠭᠧᠨ ᠤ | ᠪᠦᠯᠦᠭ ᠤᠨ ᠤᠬᠠᠭᠠᠨ᠂ ᠮᠠᠯ ᠡᠮᠨᠡᠯᠭᠡ ᠶᠢᠨ ᠤᠬᠠᠭᠠᠨ ᠢ ᠤᠷᠢᠳᠴᠢᠯᠠᠨ ᠰᠡᠷᠭᠡᠶᠢᠯᠡᠬᠦ᠂ ᠬᠦᠨᠳᠦ ᠶᠡᠭᠡ ᠡᠪᠡᠳᠴᠢᠨ ᠬᠤᠷᠣᠬᠠᠢ ᠶᠢᠨ ᠭᠠᠮᠰᠢᠭ ᠪᠤᠯᠬᠤ ᠪᠠ ᠴᠠᠭ | ᠠᠭᠤᠷ ᠠᠴᠠ ᠪᠣᠯᠵᠤ ᠭᠠᠮᠰᠢᠭᠳᠠᠭᠰᠠᠨ ᠵᠢᠮ᠎ᠡ ᠬᠠᠤᠯᠢ ᠵᠡᠷᠭᠡ ᠰᠤᠳᠤᠯᠭᠠᠨ ᠤ ᠰᠢᠪᠲᠤᠯᠤᠯᠲᠠ ᠶᠢ ᠲᠦᠷᠭᠡᠳᠬᠡᠨ᠎ᠡ᠃ ᠬᠥᠳᠡᠭᠡ ᠠᠵᠤ ᠠᠬᠤᠢ ᠶᠢᠨ ᠬᠦᠷᠢᠶᠡᠨ ᠳᠠᠬᠢ | ᠤᠯᠤᠰ ᠤᠨ ᠲᠤᠷᠰᠢᠯᠲᠠ ᠶᠢᠨ ᠲᠠᠰᠤᠭ ᠪᠠ ᠪᠦᠭᠦ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠨᠥᠬᠦᠴᠡᠯ ᠢ ᠰᠠᠶᠢᠵᠢᠷᠠᠭᠤᠯᠵᠤ᠂ ᠨᠢᠭᠡ ᠪᠦᠯᠦᠭ | ᠳᠡᠯᠡᠬᠡᠢ ᠶᠢᠨ ᠲᠡᠷᠢᠭᠦᠨ ᠵᠡᠷᠭᠡ ᠶᠢᠨ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠠ ᠰᠤᠳᠤᠯᠭᠠᠨ ᠤ ᠭᠡᠯᠪᠡᠷᠢ ᠶᠢᠨ | ᠲᠠᠷᠢᠶᠠᠯᠠᠩ ᠤᠨ ᠳᠡᠭᠡᠳᠦ ᠰᠤᠷᠭᠠᠭᠤᠯᠢ ᠶᠢ ᠪᠠᠶᠢᠭᠤᠯᠤᠨ᠎ᠠ᠃ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ | ᠤᠯᠠᠷᠢᠭᠤᠯᠬᠤ ᠶᠢ ᠴᠢᠩᠭᠠᠳᠬᠠᠵᠤ᠂ ᠬᠥᠳᠡᠭᠡ ᠠᠵᠤ ᠠᠬᠤᠢ ᠶᠢᠨ ᠭᠤᠣᠯ ᠭᠠᠷᠤᠯᠲᠠ ᠶᠢᠨ ᠣᠷᠣᠨ ᠬᠢᠭᠡᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠬᠥᠭᠵᠢᠶᠡᠨᠲᠦ ᠣᠷᠣᠨ ᠤ ᠭᠦᠨᠵᠡᠭᠡᠢ ᠬᠠᠮᠲᠤᠷᠠᠯᠴᠠᠭ᠎ᠠ ᠶᠢ ᠠᠬᠢᠭᠤᠯᠤᠨ᠎ᠠ᠃ ᠬᠥᠳᠡᠭᠡ ᠠᠵᠤ ᠠᠬᠤᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠬᠠᠮᠠᠭᠠᠯᠠᠯᠲᠠ ᠪᠠ ᠡᠷᠬᠡ ᠳᠤ ᠬᠠᠯᠳᠠᠭᠰᠠᠨ ᠳᠤ ᠴᠣᠬᠢᠯᠲᠠ ᠥᠭᠬᠦ ᠠᠵᠢᠯ ᠢ ᠴᠢᠩᠭᠠᠳᠬᠠᠨ᠎ᠠ᠃ ᠨᠡᠶᠢᠲᠡ ᠶᠢᠨ ᠠᠰᠠᠷᠠᠮᠵᠢ ᠶᠢᠨ ᠴᠢᠨᠠᠷ ᠪᠠ | ᠡᠵᠡᠩᠨᠡᠯᠲᠡ ᠶᠢᠨ ᠴᠢᠨᠠᠷ ᠢ ᠤᠶᠠᠯᠳᠤᠭᠤᠯᠤᠭᠰᠠᠨ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠳᠡᠯᠭᠡᠷᠡᠭᠦᠯᠬᠦ ᠰᠢᠰᠲ᠋ᠧᠮ ᠢ | ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ | ︵ᠳᠣᠯᠤᠭ᠎ᠠ︶ ᠦᠷ᠎ᠡ ᠶᠢᠨ ᠦᠢᠯᠡᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠦᠨ ᠪᠦᠭᠦ ᠲᠠᠯ᠎ᠠ ᠪᠠᠷ ᠰᠢᠪᠲᠤᠯᠤᠯᠲᠠ ᠭᠠᠷᠭᠠᠬᠤ ᠶᠢ ᠠᠬᠢᠭᠤᠯᠤᠨ᠎ᠠ᠃ | ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠪᠡᠶ᠎ᠡ ᠪᠠᠨ ᠳᠠᠭᠠᠭᠠᠨ ᠬᠦᠴᠦᠷᠬᠡᠭᠵᠢᠬᠦ᠂ ᠦᠷ᠎ᠡ ᠶᠢᠨ ᠢᠷᠡᠯᠲᠡ ᠶᠢ ᠪᠡᠶ᠎ᠡ ᠪᠠᠨ ᠳᠠᠭᠠᠭᠠᠨ ᠡᠵᠡᠮᠳᠡᠵᠦ ᠳᠡᠶᠢᠯᠭᠦ ᠶᠢ ᠲᠦᠷᠭᠡᠳᠬᠡᠨ ᠪᠡᠶᠡᠯᠡᠭᠦᠯᠦᠨ᠎ᠡ᠃ | ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ᠂ ᠳᠡᠯᠡᠬᠡᠢ ᠳᠡᠭᠡᠷᠡᠬᠢ ᠲᠡᠷᠢᠭᠦᠨ ᠤ ᠤᠯᠤᠰ ᠤᠨ ᠦᠷ᠎ᠡ ᠡᠳ᠋ ᠤᠨ ᠡᠬᠢ ᠪᠠᠶᠠᠯᠢᠭ ᠢ | ᠬᠠᠳᠠᠭᠠᠯᠠᠬᠤ᠂ ᠬᠢᠨᠠᠨ ᠲᠣᠭᠲᠠᠭᠠᠬᠤ᠂ ᠡᠭᠦᠳᠦᠨ ᠪᠦᠲᠦᠭᠡᠬᠦ ᠪᠠ ᠭᠧᠨ ᠢ ᠠᠭᠤᠳᠠᠯᠬᠤ ᠴᠢᠬᠤᠯᠠ ᠶᠡᠭᠡ ᠲᠥᠬᠦᠭᠡᠷᠦᠮᠵᠢ ᠶᠢ ᠪᠦᠲᠦᠭᠡᠨ ᠪᠠᠶᠢᠭᠤᠯᠵᠤ᠂ ᠦᠷ᠎ᠡ | ᠡᠳ᠋ ᠤᠨ ᠡᠬᠢ ᠪᠠᠶᠠᠯᠢᠭ ᠢ ᠰᠣᠯᠢᠯᠴᠠᠵᠤ ᠬᠠᠮᠲᠤ ᠪᠠᠷ ᠡᠳ᠋ᠯᠡᠬᠦ ᠶᠢ ᠠᠬᠢᠭᠤᠯᠤᠨ᠎ᠠ᠃ ᠡᠭᠦᠯᠳᠡᠷ ᠪᠤᠶᠢᠵᠢᠭᠤᠯᠬᠤ ᠶᠢᠨ ᠬᠠᠮᠲᠤᠷᠠᠨ ᠪᠣᠭᠤᠮᠲᠠ ᠰᠢᠪᠲᠤᠯᠬᠤ ᠪᠠ ᠮᠠᠯ | ᠵᠢᠭᠦᠷᠲᠡᠨ ᠤ ᠤᠳᠤᠮᠯᠠᠯ ᠢ ᠰᠠᠶᠢᠵᠢᠷᠠᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠡᠮᠦᠨᠡᠲᠦ ᠶᠢᠨ ᠦᠷ᠎ᠡ ᠪᠤᠶᠢᠵᠢᠭᠤᠯᠬᠤ ᠴᠠᠬᠢᠭᠤᠷᠲᠤ ᠬᠥᠨᠳᠡᠢ ᠶᠢ ᠲᠦᠷᠭᠡᠳᠬᠡᠨ | ᠪᠦᠲᠦᠭᠡᠨ ᠪᠠᠶᠢᠭᠤᠯᠤᠨ᠎ᠠ᠃ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ ᠴᠢᠬᠤᠯᠠ ᠶᠡᠭᠡ ᠲᠤᠰᠬᠠᠢ ᠵᠦᠢᠯ ᠢ ᠬᠡᠷᠡᠭᠵᠢᠭᠦᠯᠵᠦ᠂ ᠲᠣᠰᠣ ᠶᠡᠬᠡᠲᠡᠢ ᠭᠠᠷᠤᠯᠲᠠ | ᠶᠡᠬᠡᠲᠡᠢ ᠰᠢᠷ᠎ᠠ ᠪᠤᠷᠴᠠᠭ᠂ ᠬᠤᠵᠢᠷ ᠲᠤ ᠳᠠᠭᠠᠭᠠᠮᠠᠭᠠᠢ ᠲᠠᠷᠢᠮᠠᠯ ᠵᠡᠷᠭᠡ ᠡᠭᠦᠯᠳᠡᠷ ᠢ ᠰᠣᠩᠭᠤᠨ ᠪᠤᠶᠢᠵᠢᠭᠤᠯᠵᠤ᠂ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ ᠶᠢ | ᠠᠵᠤ ᠦᠢᠯᠡᠰᠵᠢᠭᠦᠯᠦᠨ ᠬᠡᠷᠡᠭᠯᠡᠬᠦ ᠶᠢ ᠲᠦᠷᠭᠡᠳᠬᠡᠨ᠎ᠡ᠃ ᠤᠷᠭᠤᠮᠠᠯ ᠤᠨ ᠰᠢᠨ᠎ᠡ ᠡᠭᠦᠯᠳᠡᠷ ᠢ ᠬᠠᠮᠠᠭᠠᠯᠠᠬᠤ ᠳᠦᠷᠢᠮ ᠢ ᠲᠡᠭᠦᠯᠳᠡᠷᠵᠢᠭᠦᠯᠦᠨ᠎ᠡ᠃ ᠣᠳᠣᠬᠢᠴᠢᠯᠠᠭᠰᠠᠨ | ᠦᠷ᠎ᠡ ᠪᠤᠶᠢᠵᠢᠭᠤᠯᠬᠤ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠴᠢᠬᠤᠯᠠ ᠶᠡᠭᠡ ᠡᠭᠦᠯᠳᠡᠷ ᠤᠨ ᠲᠤᠯᠭᠠᠭᠤᠷᠢᠯᠠᠨ ᠳᠡᠯᠭᠡᠷᠡᠭᠦᠯᠬᠦ ᠰᠢᠰᠲ᠋ᠧᠮ | ᠪᠣᠯᠣᠨ ᠦᠷ᠎ᠡ ᠶᠢᠨ ᠢᠷᠡᠯᠲᠡ ᠶᠢᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ᠎ᠡ᠃ | ︵ᠨᠠᠢᠮᠠ︶ ᠲᠠᠷᠢᠶᠠᠯᠠᠩ ᠤᠨ ᠮᠠᠰᠢᠨ ᠤ ᠲᠣᠨᠤᠭ ᠲᠥᠬᠦᠭᠡᠷᠦᠮᠵᠢ ᠶᠢᠨ ᠪᠦᠭᠦ ᠶᠠᠪᠤᠴᠠ ᠶᠢ ᠪᠦᠭᠦ ᠲᠠᠯ᠎ᠠ ᠪᠠᠷ ᠲᠠᠰ ᠳᠡᠪᠰᠢᠭᠦᠯᠬᠦ ᠶᠢ ᠠᠬᠢᠭᠤᠯᠤᠨ᠎ᠠ᠃ ᠲᠣᠮᠣ | ᠭᠡᠯᠪᠡᠷᠢ ᠶᠢᠨ ᠳᠡᠭᠡᠳᠦ ᠲᠠᠰ ᠤᠨ ᠣᠶᠤᠨᠴᠢ ᠲᠠᠷᠢᠶᠠᠯᠠᠩ ᠤᠨ ᠮᠠᠰᠢᠨ᠂ ᠳᠣᠪᠣᠷᠬᠠᠭ ᠠᠭᠤᠯᠠᠷᠬᠠᠭ ᠣᠷᠣᠨ ᠳᠤ ᠲᠣᠬᠢᠷᠠᠬᠤ ᠵᠢᠵᠢᠭ ᠭᠡᠯᠪᠡᠷᠢ ᠶᠢᠨ ᠮᠠᠰᠢᠨ ᠮᠧᠬᠠᠨᠢᠭ | ᠵᠡᠷᠭᠡ ᠲᠠᠷᠢᠶᠠᠯᠠᠩ ᠤᠨ ᠮᠠᠰᠢᠨ ᠤ ᠲᠣᠨᠤᠭ ᠲᠥᠬᠦᠭᠡᠷᠦᠮᠵᠢ ᠪᠠ ᠵᠠᠩᠭᠢᠯᠠᠭ᠎ᠠ ᠶᠢᠨ ᠰᠡᠯᠪᠢᠭ ᠲᠣᠨᠤᠭ ᠢ ᠰᠤᠳᠤᠯᠤᠨ ᠨᠡᠭᠡᠭᠡᠵᠦ ᠬᠡᠷᠡᠭᠯᠡᠬᠦ ᠶᠢ ᠴᠢᠩᠭᠠᠳᠬᠠᠵᠤ᠂ | ᠤᠯᠤᠰ ᠲᠠᠭᠠᠨ ᠦᠢᠯᠡᠳᠪᠦᠷᠢᠯᠡᠭᠰᠡᠨ ᠲᠠᠷᠢᠶᠠᠯᠠᠩ ᠤᠨ ᠮᠠᠰᠢᠨ ᠤ ᠲᠣᠨᠤᠭ ᠲᠥᠬᠦᠭᠡᠷᠦᠮᠵᠢ ᠶᠢ ᠪᠦᠭᠦ ᠲᠠᠯ᠎ᠠ ᠪᠠᠷ ᠬᠥᠳᠡᠭᠡ ᠠᠵᠤ ᠠᠬᠤᠢ ᠶᠢᠨ ᠴᠢᠨᠠᠷ ᠰᠠᠶᠢᠲᠠᠢ | ᠥᠨᠳᠥᠷ ᠪᠦᠲᠦᠮᠵᠢᠲᠡᠶ ᠬᠥᠭᠵᠢᠯᠲᠡ ᠶᠢ ᠲᠤᠯᠭᠠᠭᠤᠷᠢᠯᠠᠬᠤ ᠶᠢ ᠲᠦᠷᠭᠡᠳᠬᠡᠨ ᠪᠡᠶᠡᠯᠡᠭᠦᠯᠦᠨ᠎ᠡ᠃ ᠬᠠᠭᠤᠴᠢᠷᠠᠭᠰᠠᠨ ᠪᠠ ᠬᠠᠭᠤᠴᠢᠨ ᠲᠠᠷᠢᠶᠠᠯᠠᠩ ᠤᠨ ᠮᠠᠰᠢᠨ ᠢ | ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠶᠢ ᠠᠬᠢᠭᠤᠯᠵᠤ᠂ ᠲᠠᠷᠢᠶᠠᠯᠠᠩ ᠤᠨ ᠮᠠᠰᠢᠨ ᠤ ᠲᠣᠨᠤᠭ ᠲᠥᠬᠦᠭᠡᠷᠦᠮᠵᠢ ᠶᠢᠨ ᠪᠦᠲᠦᠴᠡ ᠶᠢ ᠰᠢᠯᠢᠳᠡᠭᠵᠢᠭᠦᠯᠦᠨ᠎ᠡ᠃ | ᠴᠢᠬᠤᠯᠠ ᠲᠠᠷᠢᠶᠠᠯᠠᠩ ᠤᠨ ᠮᠠᠰᠢᠨ ᠲᠣᠨᠣᠭᠯᠠᠯ ᠤᠨ ᠠᠵᠤ ᠦᠢᠯᠡᠰ ᠤᠨ ᠪᠥᠭᠡᠮᠨᠡᠷᠡᠯ ᠢ ᠪᠤᠢ ᠪᠤᠯᠭᠠᠵᠤ᠂ ᠳᠡᠭᠡᠳᠦ ᠳᠣᠣᠷᠠᠳᠤ ᠤᠷᠤᠰᠬᠠᠯ ᠤᠨ ᠲᠣᠭᠲᠠᠭᠤᠨ ᠪᠥᠭᠡᠳ | ᠢᠵᠢ ᠪᠦᠷᠢᠳᠦᠭᠰᠡᠨ᠂ ᠢᠨᠵᠧᠨᠧᠷᠢᠩ ᠡᠯᠧᠺᠳ᠋ᠷᠣᠨ ᠵᠡᠷᠭᠡ ᠬᠦᠷᠢᠶᠡᠨ ᠳᠠᠬᠢ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠮᠵᠢᠯᠴᠠᠨ ᠣᠷᠣᠯᠴᠠᠬᠰᠠᠨ ᠠᠵᠤ | ᠦᠢᠯᠡᠰ ᠤᠨ ᠪᠠᠶᠢᠷᠢᠰᠢᠯ ᠢ ᠪᠠᠶᠢᠭᠤᠯᠤᠨ᠎ᠠ᠃ ᠲᠠᠷᠢᠶᠠᠯᠠᠩ ᠤᠨ ᠮᠠᠰᠢᠨ ᠲᠠᠷᠢᠶᠠᠯᠠᠩ ᠤᠨ ᠤᠷ᠎ᠠ ᠮᠡᠷᠭᠡᠰᠢᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ | ᠲᠠᠷᠢᠶᠠᠯᠠᠩ ᠤᠨ ᠮᠠᠰᠢᠨ ᠲᠣᠨᠣᠭᠯᠠᠯ ᠢ ᠰᠤᠳᠤᠯᠤᠨ ᠨᠡᠭᠡᠭᠡᠵᠦ ᠦᠢᠯᠡᠳᠬᠦ᠂ ᠪᠣᠯᠪᠠᠰᠤᠷᠠᠩᠭᠤᠢ ᠪᠣᠯᠭᠠᠨ ᠬᠡᠯᠪᠡᠷᠢᠵᠢᠭᠦᠯᠬᠦ᠂ ᠳᠡᠯᠭᠡᠷᠡᠭᠦᠯᠦᠨ ᠬᠡᠷᠡᠭᠯᠡᠬᠦ ᠶᠢ ᠵᠣᠯᠭᠠᠭᠤᠯᠤᠨ | ᠨᠡᠪᠲᠡᠷᠡᠭᠦᠯᠬᠦ ᠶᠢ ᠠᠬᠢᠭᠤᠯᠵᠤ᠂ ᠲᠠᠷᠢᠵᠤ ᠲᠡᠵᠢᠭᠡᠬᠦ ᠡᠳ᠋ᠰᠢᠭᠦᠯᠬᠦ ᠪᠦᠭᠦ ᠬᠡᠯᠬᠢᠶᠡᠨ ᠤ ᠥᠨᠳᠥᠷ ᠴᠢᠳᠠᠪᠬᠢᠲᠤ ᠲᠠᠷᠢᠶᠠᠯᠠᠩ ᠤᠨ ᠮᠠᠰᠢᠨ ᠲᠣᠨᠣᠭᠯᠠᠯ ᠤᠨ ᠬᠡᠷᠡᠭᠯᠡᠯᠲᠡ ᠶᠢ | ᠪᠦᠭᠦᠨ ᠢ ᠪᠦᠷᠬᠦᠭᠦᠯᠬᠦ ᠶᠢ ᠪᠡᠶᠡᠯᠡᠭᠦᠯᠦᠨ᠎ᠡ᠃ | ︵ᠶᠢᠰᠦ︶ ᠲᠣᠭᠠᠴᠢᠯᠠᠭᠰᠠᠨ ᠮᠡᠷᠭᠡᠵᠢᠯ ᠬᠢᠭᠡᠳ ᠣᠲᠣ ᠦᠶ᠎ᠡ ᠶᠢᠨ ᠬᠥᠳᠡᠭᠡ ᠠᠵᠤ ᠠᠬᠤᠢ ᠶᠢᠨ ᠪᠦᠭᠦ ᠲᠠᠯ᠎ᠠ ᠶᠢᠨ ᠠᠭᠤᠰᠤᠯᠴᠠᠯ ᠢ ᠠᠬᠢᠭᠤᠯᠤᠨ᠎ᠠ᠃ | ᠰᠠᠨᠰᠠᠷ ᠠᠭᠠᠷ ᠭᠠᠵᠠᠷ ᠢ ᠨᠢᠭᠡ ᠴᠣᠭᠴᠠᠵᠢᠭᠤᠯᠤᠭᠰᠠᠨ ᠬᠥᠳᠡᠭᠡ ᠠᠵᠤ ᠠᠬᠤᠢ ᠶᠢᠨ ᠠᠵᠢᠭᠯᠠᠨ ᠬᠡᠮᠵᠢᠬᠦ ᠰᠦᠯᠵᠢᠶ᠎ᠡ ᠶᠢ ᠪᠠᠶᠢᠭᠤᠯᠤᠨ ᠪᠦᠷᠢᠨᠰᠢᠭᠦᠯᠵᠦ᠂ ᠬᠥᠳᠡᠭᠡ | ᠠᠵᠤ ᠠᠬᠤᠢ ᠬᠥᠳᠡᠭᠡ ᠲᠣᠰᠬᠤᠨ ᠤ ᠲᠤᠭ᠎ᠠ ᠪᠦᠷᠢᠳᠬᠡᠯ ᠤᠨ ᠪᠠᠶᠢᠴᠠᠭᠠᠵᠤ ᠬᠢᠨᠠᠨ ᠬᠡᠮᠵᠢᠬᠦ ᠰᠢᠰᠲ᠋ᠧᠮ ᠢ ᠲᠡᠭᠦᠯᠳᠡᠷᠵᠢᠭᠦᠯᠦᠨ᠂ ᠪᠦᠭᠦ ᠬᠦᠷᠢᠶ᠎ᠡ ᠶᠢ ᠬᠠᠮᠤᠷᠤᠭᠰᠠᠨ᠂ | ᠣᠯᠠᠨ ᠲᠠᠰ ᠳᠠᠪᠬᠤᠷᠭ᠎ᠠ ᠪᠠᠷ ᠬᠤᠯᠪᠣᠯᠳᠤᠨ ᠨᠡᠪᠲᠡᠷᠡᠯᠴᠡᠭᠰᠡᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠲᠣᠮᠣ ᠳ᠋ᠠᠶᠢᠲ᠋ᠠ ᠶᠢᠨ ᠲᠠᠪᠴᠠᠩ ᠢ ᠪᠠᠶᠢᠭᠤᠯᠵᠤ᠂ | ᠲᠠᠷᠢᠶᠠᠯᠠᠩ ᠳᠤ ᠬᠤᠯᠪᠣᠭᠳᠠᠬᠤ ᠲᠤᠭ᠎ᠠ ᠪᠠᠷᠢᠮᠲᠠ ᠶᠢ ᠨᠡᠭᠡᠭᠡᠨ ᠬᠥᠭᠵᠢᠭᠦᠯᠵᠦ ᠠᠰᠢᠭᠯᠠᠬᠤ ᠲᠣᠭᠲᠠᠴᠠ ᠶᠢ ᠪᠦᠷᠢᠨᠰᠢᠭᠦᠯᠦᠨ᠎ᠡ᠃ ᠪᠡᠶ᠎ᠡ ᠪᠠᠨ ᠳᠠᠭᠠᠭᠠᠭᠰᠠᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ ᠣᠶᠤᠨᠲᠤ ᠲᠠᠷᠢᠶᠠᠯᠠᠩ ᠤᠨ ᠮᠡᠷᠭᠡᠵᠢᠯ ᠢ ᠰᠤᠳᠤᠯᠤᠨ ᠨᠡᠭᠡᠭᠡᠵᠦ᠂ ᠣᠶᠤᠨᠲᠤ ᠲᠠᠷᠢᠶᠠᠯᠠᠩ ᠤᠨ | ᠪᠠᠷᠢᠮᠵᠢᠶ᠎ᠠ ᠶᠢᠨ ᠰᠢᠰᠲ᠋ᠧᠮ ᠢ ᠪᠦᠷᠢᠨᠰᠢᠭᠦᠯᠵᠦ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠲᠣᠭᠠᠴᠢᠯᠠᠭᠰᠠᠨ ᠦᠢᠯᠡᠳᠪᠦᠷᠢᠯᠡᠯ ᠤᠨ ᠬᠦᠴᠦᠨ ᠢ | ᠪᠠᠳᠠᠷᠠᠭᠤᠯᠤᠨ᠎ᠠ᠃ ᠣᠶᠤᠨᠴᠢ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠬᠡᠪᠴᠢᠶᠡᠵᠢᠭᠰᠡᠨ ᠲᠠᠷᠢᠶᠠᠯᠠᠩ ᠤᠨ ᠲᠠᠯᠠᠪᠠᠶ | ︵ᠮᠠᠯᠵᠢᠯ ᠤᠨ ᠲᠠᠯᠠᠪᠠᠶ᠂ ᠵᠢᠭᠠᠰᠤᠨ ᠲᠠᠯᠠᠪᠠᠶ︶ ᠶᠢᠨ ᠲᠣᠭᠠᠴᠢᠯᠠᠭᠰᠠᠨ ᠲᠡᠶᠢᠰᠢ ᠲᠠᠰ ᠳᠡᠪᠰᠢᠭᠦᠯᠬᠦ ᠶᠢ ᠠᠬᠢᠭᠤᠯᠵᠤ᠂ ᠬᠡᠯᠬᠢᠶ᠎ᠡ ᠨᠢ ᠪᠦᠷᠢᠨ ᠪᠦᠲᠦᠨ᠂ ᠬᠠᠮᠵᠢᠯᠴᠠᠨ | ᠬᠤᠯᠪᠤᠭᠠᠯᠠᠨ ᠬᠥᠳᠡᠯᠦᠯᠴᠡᠭᠰᠡᠨ ᠣᠶᠤᠨᠴᠢ ᠲᠠᠷᠢᠶᠠᠯᠠᠩ ᠤᠨ ᠪᠦᠯᠦᠭᠵᠢᠯ ᠢ ᠪᠤᠶᠢᠵᠢᠭᠤᠯᠤᠨ᠎ᠠ᠃ | ᠳᠥᠷᠪᠡ᠂ ᠪᠦᠭᠦ ᠭᠤᠭᠴᠤᠭ᠎ᠠ ᠶᠢᠨ ᠣᠳᠣ ᠦᠶ᠎ᠡ ᠶᠢᠨ ᠬᠥᠳᠡᠭᠡ ᠠᠵᠤ ᠠᠬᠤᠢ ᠶᠢᠨ ᠡᠵᠡᠩᠨᠡᠯᠲᠡ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠵᠢᠵᠢᠭ | ᠲᠠᠷᠢᠶᠠᠴᠢᠨ ᠡᠷᠦᠭᠡ ᠪᠣᠯᠣᠨ ᠣᠳᠣ ᠦᠶ᠎ᠡ ᠶᠢᠨ ᠬᠥᠳᠡᠭᠡ ᠠᠵᠤ ᠠᠬᠤᠢ ᠶᠢᠨ ᠬᠥᠭᠵᠢᠯᠲᠡ ᠶᠢ ᠣᠷᠭᠠᠨᠢᠭ ᠢᠶᠠᠷ ᠵᠣᠯᠭᠠᠭᠤᠯᠬᠤ ᠶᠢ ᠠᠬᠢᠭᠤᠯᠤᠨ᠎ᠠ | ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ ᠲᠡᠭᠦᠯᠳᠡᠷᠵᠢᠭᠦᠯᠵᠦ᠂ ᠭᠠᠵᠠᠷ ᠰᠢᠷᠣᠢ ᠶᠢᠨ ᠨᠡᠶᠢᠲᠡ ᠶᠢᠨ ᠥᠮᠴᠢᠯᠡᠯ ᠤᠨ | ᠰᠢᠨᠵᠢ ᠴᠢᠨᠠᠷ ᠢ ᠬᠤᠪᠢᠷᠠᠭᠤᠯᠬᠤ ᠦᠭᠡᠢ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠳᠠᠪᠠᠭ᠋ᠤ ᠦᠭᠡᠢ᠂ ᠲᠠᠷᠢᠶᠠᠴᠢᠳ ᠤᠨ ᠠᠰᠢᠭ ᠲᠤᠰᠠ ᠶᠢ ᠬᠤᠬᠢᠷᠠᠭᠤᠯᠬᠤ | ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠵᠤ᠂ ᠬᠥᠳᠡᠭᠡ ᠠᠵᠤ ᠠᠬᠤᠢ ᠶᠢᠨ ᠵᠣᠬᠢᠬᠤ ᠬᠡᠪᠴᠢᠶᠡᠲᠦ ᠡᠵᠡᠩᠨᠡᠯᠲᠡ ᠶᠢ ᠬᠥᠭᠵᠢᠭᠦᠯᠦᠨ᠂ ᠬᠥᠳᠡᠭᠡ ᠠᠵᠤ | ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ | ᠲᠦᠷᠭᠡᠳᠬᠡᠨ ᠪᠠᠶᠢᠭᠤᠯᠬᠤ ᠳᠤ ᠬᠥᠳᠡᠯᠭᠡᠭᠴᠢ ᠡᠨᠧᠷᠭᠢ ᠨᠡᠮᠡᠷᠢᠯᠡᠨ᠎ᠡ᠃ | ︵ᠠᠷᠪᠠ︶ ᠭᠡᠷ ᠪᠦᠯᠢ ᠶᠢᠨ ᠡᠵᠡᠩᠨᠡᠯᠲᠡ ᠶᠢᠨ ᠡᠷᠴᠢᠮᠵᠢᠭᠦᠯᠦᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ | ᠳᠠᠭᠠᠭᠠᠴᠢᠯᠠᠯᠲᠠ ᠶᠢᠨ ᠬᠤᠭᠤᠴᠠᠭ᠎ᠠ ᠲᠤᠯᠤᠭᠰᠠᠨ ᠤ ᠲᠠᠷᠠᠭ᠎ᠠ ᠲᠠᠭᠢᠨ 30 ᠵᠢᠯ ᠤᠷᠲᠤᠳᠬᠠᠬᠤ ᠲᠤᠷᠰᠢᠯᠲᠠ ᠶᠢᠨ ᠴᠡᠭ ᠢ ᠡᠮᠬᠢ ᠵᠢᠷᠤᠮ ᠲᠠᠢ ᠪᠠᠷ ᠠᠬᠢᠭᠤᠯᠵᠤ᠂ | ᠤᠷᠲᠤᠳᠬᠠᠨ ᠳᠠᠭᠠᠭᠠᠴᠢᠯᠠᠭᠤᠯᠬᠤ ᠢᠵᠢ ᠪᠦᠷᠢᠳᠦᠭᠰᠡᠨ ᠳᠦᠷᠢᠮ ᠢ ᠪᠦᠷᠢᠨᠰᠢᠭᠦᠯᠦᠨ᠎ᠡ᠃ ᠳᠠᠭᠠᠭᠠᠴᠢᠯᠠᠭᠰᠠᠨ ᠭᠠᠵᠠᠷ ᠰᠢᠷᠣᠢ ᠶᠢᠨ ᠥᠮᠴᠢᠯᠡᠯ ᠤᠨ ᠡᠷᠬᠡ᠂ | ᠳᠠᠭᠠᠭᠠᠴᠢᠯᠠᠯᠲᠠ ᠶᠢᠨ ᠡᠷᠬᠡ᠂ ᠡᠵᠡᠩᠨᠡᠯᠲᠡ ᠶᠢᠨ ᠡᠷᠬᠡ ᠶᠢ ᠰᠠᠯᠭᠠᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠠᠭᠠᠭᠠᠴᠢᠯᠠᠭᠰᠠᠨ ᠭᠠᠵᠠᠷ ᠰᠢᠷᠣᠢ ᠶᠢᠨ | ᠬᠠᠮᠲᠤ ᠶᠢᠨ ᠥᠮᠴᠢᠯᠡᠯ ᠤᠨ ᠡᠷᠬᠡ ᠶᠢ ᠬᠡᠷᠡᠭᠵᠢᠭᠦᠯᠬᠦ ᠲᠣᠭᠲᠠᠴᠠ ᠶᠢ ᠪᠦᠷᠢᠨᠰᠢᠭᠦᠯᠵᠦ᠂ ᠳᠠᠭᠠᠭᠠᠴᠢᠯᠠᠭᠰᠠᠨ ᠲᠠᠷᠢᠶᠠᠴᠢᠨ ᠡᠷᠦᠭᠡ ᠶᠢᠨ ᠬᠠᠤᠯᠢ ᠶᠣᠰᠣᠨ ᠤ ᠭᠠᠵᠠᠷ | ᠰᠢᠷᠣᠢ ᠶᠢᠨ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠠᠮᠢᠳᠤᠯᠢᠭᠵᠢᠭᠤᠯᠬᠤ ᠪᠦᠲᠦᠮᠵᠢᠲᠡᠢ ᠠᠷᠭ᠎ᠠ | ᠵᠠᠮ ᠢ ᠰᠦᠪᠡᠭᠴᠢᠯᠡᠨ᠎ᠡ᠃ ᠵᠢᠵᠢᠭ ᠲᠠᠷᠢᠶᠠᠴᠢᠨ ᠡᠷᠦᠭᠡ ᠶᠢᠨ ᠴᠢᠳᠠᠪᠤᠷᠢ ᠶᠢ ᠳᠡᠭᠡᠭᠰᠢᠯᠡᠭᠦᠯᠭᠦ ᠢᠨᠵᠧᠨᠧᠷᠢᠩ ᠢ ᠬᠡᠷᠡᠭᠵᠢᠭᠦᠯᠵᠦ᠂ ᠵᠢᠵᠢᠭ ᠲᠠᠷᠢᠶᠠᠴᠢᠨ ᠡᠷᠦᠭᠡ ᠶᠢᠨ | ᠡᠷᠦᠭᠡ ᠬᠤᠯᠪᠤᠭᠠᠯᠠᠨ ᠡᠵᠡᠩᠨᠡᠬᠦ᠂ ᠬᠤᠯᠪᠤᠭᠠᠯᠠᠨ ᠲᠠᠷᠢᠶᠠᠯᠠᠵᠤ ᠬᠤᠯᠪᠤᠭᠠᠯᠠᠨ ᠳᠠᠷᠢᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠦᠢᠯᠡᠳᠪᠦᠷᠢᠯᠡᠯ ᠥᠷᠨᠢᠭᠦᠯᠬᠦ ᠶᠢ | ᠵᠣᠷᠢᠭᠵᠢᠭᠤᠯᠤᠨ᠎ᠠ᠃ | ︵ᠠᠷᠪᠠᠨ ᠨᠢᠭᠡ︶ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠡᠷᠬᠡ ᠶᠢ ᠠᠮᠢᠳᠤᠯᠢᠭᠵᠢᠭᠤᠯᠤᠨ ᠡᠨᠧᠷᠭᠢ ᠣᠯᠭᠤᠬᠤ ᠶᠢ ᠠᠬᠢᠭᠤᠯᠤᠨ᠎ᠠ᠃ | ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠬᠠᠮᠲᠤ ᠶᠢᠨ ᠡᠳ᠋ | ᠬᠥᠷᠥᠩᠭᠡ ᠶᠢ ᠬᠢᠨᠠᠵᠤ ᠬᠠᠮᠢᠶᠠᠷᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠶᠢᠨ ᠲᠠᠷᠢᠶᠠᠴᠢᠨ ᠡᠷᠦᠭᠡ ᠳᠤ ᠣᠶᠢᠷᠠᠳᠬᠤ᠂ ᠶᠡᠷᠦᠩᠬᠡᠶᠢᠯᠡᠭᠰᠡᠨ ᠦᠢᠯᠡᠴᠢᠯᠡᠭᠡ ᠬᠢᠬᠦ᠂ ᠨᠥᠯᠥᠭᠡᠯᠡᠨ ᠳᠠᠶᠢᠴᠢᠯᠠᠬᠤ ᠵᠡᠷᠭᠡ ᠳᠠᠪᠠᠭᠤᠯᠢᠭ ᠢ | ᠪᠠᠳᠠᠷᠠᠭᠤᠯᠵᠤ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠲᠠᠷᠢᠶᠠᠯᠠᠩ ᠤᠨ ᠦᠢᠯᠡᠳᠪᠦᠷᠢᠯᠡᠯ ᠳᠤ ᠦᠢᠯᠡᠴᠢᠯᠡᠬᠦ | ᠲᠠᠯ᠎ᠠ ᠪᠠᠷ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠴᠢᠳᠠᠮᠵᠢ ᠶᠢ ᠲᠡᠭᠦᠯᠳᠡᠷᠵᠢᠭᠦᠯᠦᠨ᠎ᠡ᠃ ᠰᠢᠨ᠎ᠡ ᠭᠡᠯᠪᠡᠷᠢ ᠶᠢᠨ ᠬᠥᠳᠡᠭᠡ ᠲᠣᠰᠬᠤᠨ ᠤ ᠬᠠᠮᠲᠤ ᠶᠢᠨ ᠠᠵᠤ | ᠠᠬᠤᠢ ᠶᠢ ᠬᠥᠭᠵᠢᠭᠦᠯᠵᠦ᠂ ᠥᠮᠴᠢᠯᠡᠯ ᠤᠨ ᠡᠷᠬᠡ ᠨᠢ ᠲᠣᠳᠣᠷᠬᠠᠢ᠂ ᠬᠤᠪᠢᠶᠠᠷᠢᠯᠠᠯᠲᠠ ᠨᠢ ᠵᠦᠢ ᠵᠣᠬᠢᠰᠲᠠᠢ ᠠᠵᠢᠯᠯᠠᠭᠠᠨ ᠤ ᠲᠣᠭᠲᠠᠴᠠ ᠶᠢ ᠪᠠᠶᠢᠭᠤᠯᠵᠤ᠂ | ᠲᠠᠷᠢᠶᠠᠴᠢᠳ ᠲᠤ ᠨᠡᠩ ᠭᠦᠢᠴᠡᠳ ᠡᠳ᠋ ᠬᠥᠷᠥᠩᠭᠡ ᠶᠢᠨ ᠡᠷᠬᠡ ᠠᠰᠢᠭ ᠣᠯᠭᠤᠨ᠎ᠠ᠃ | ︵ᠠᠷᠪᠠᠨ ᠬᠤᠶᠠᠷ︶ ᠰᠢᠨ᠎ᠡ ᠭᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠶᠢ ᠠᠬᠢᠭᠤᠯᠤᠨ᠎ᠠ᠃ ᠲᠠᠷᠢᠶᠠᠴᠢᠨ ᠡᠷᠦᠭᠡ ᠶᠢ ᠬᠥᠲᠥᠯᠥᠨ ᠵᠢᠯᠤᠭᠤᠳᠴᠤ ᠪᠠᠶᠢᠭᠠᠳ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠶᠢ ᠬᠥᠭᠵᠢᠭᠦᠯᠵᠦ᠂ | ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠠᠷᠢᠶᠠᠴᠢᠳ ᠤᠨ ᠬᠤᠷᠰᠢᠶ᠎ᠠ ᠶᠢᠨ ᠬᠠᠤᠯᠢ | ᠶᠣᠰᠣᠭᠠᠷ ᠰᠠᠶᠢᠨ ᠳᠤᠷ᠎ᠠ ᠠᠴᠠ ᠪᠠᠨ ᠬᠤᠯᠪᠣᠭᠠᠲᠤ ᠬᠤᠷᠰᠢᠶ᠎ᠠ ᠪᠠᠶᠢᠭᠤᠯᠬᠤ ᠶᠢ ᠲᠡᠮᠵᠢᠵᠤ᠂ ᠲᠠᠷᠢᠶᠠᠴᠢᠳ ᠤᠨ ᠬᠤᠷᠰᠢᠶ᠎ᠠ ᠶᠢᠨ ᠲᠠᠷᠢᠶᠠᠯᠠᠩ ᠤᠨ ᠪᠦᠲᠦᠭᠡᠭᠳᠡᠬᠦᠨ ᠢ | ᠪᠤᠯᠪᠠᠰᠤᠷᠠᠭᠤᠯᠬᠤ᠂ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡ᠂ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠤᠯᠲᠠ ᠵᠡᠷᠭᠡ ᠶᠢ ᠥᠷᠨᠢᠭᠦᠯᠬᠦ ᠶᠢ | ᠵᠣᠷᠢᠭᠵᠢᠭᠤᠯᠤᠨ᠎ᠠ᠃ ᠲᠠᠷᠢᠶᠠᠯᠠᠩ ᠤᠨ ᠡᠵᠡᠩᠨᠡᠯᠲᠡ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠳᠠᠭᠠᠭᠠᠴᠢᠯᠠᠭᠰᠠᠨ ᠭᠠᠵᠠᠷ ᠤᠨ ᠡᠵᠡᠩᠨᠡᠯᠲᠡ ᠶᠢᠨ ᠡᠷᠬᠡ ᠶᠢᠨ | ᠭᠦᠢᠯᠭᠡᠭᠡᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠵᠦ᠂ ᠲᠠᠷᠢᠶᠠᠴᠢᠳ ᠤᠨ ᠬᠤᠷᠰᠢᠨ ᠡᠵᠡᠩᠨᠡᠬᠦ ᠶᠢ ᠠᠬᠢᠭᠤᠯᠵᠤ᠂ ᠰᠢᠨ᠎ᠡ | ᠭᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ ᠲᠡᠳᠬᠦᠨ ᠳᠡᠮᠵᠢᠬᠦ ᠲᠦᠷᠦ ᠶᠢᠨ ᠪᠣᠳᠣᠯᠭ᠎ᠠ ᠶᠢ ᠲᠠᠷᠢᠶᠠᠴᠢᠨ ᠡᠷᠦᠭᠡ ᠶᠢᠨ ᠣᠷᠣᠯᠭ᠎ᠠ ᠶᠢᠨ | ᠨᠡᠮᠡᠭᠳᠡᠯ ᠲᠠᠢ ᠬᠤᠯᠪᠣᠬᠤ ᠶᠢ ᠠᠬᠢᠭᠤᠯᠤᠨ᠎ᠠ᠃ ᠲᠠᠷᠢᠶᠠᠯᠠᠩ ᠤᠨ ᠠᠵᠤ ᠦᠢᠯᠡᠰᠵᠢᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠡᠯ᠎ᠡ ᠲᠦᠷᠦᠯ ᠤᠨ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠠᠰᠢᠭ ᠲᠤᠰᠠ ᠶᠢᠨ ᠬᠤᠯᠪᠤᠭ᠎ᠠ ᠶᠢᠨ ᠲᠣᠭᠲᠠᠴᠠ ᠶᠢ | ᠪᠦᠷᠢᠨᠰᠢᠭᠦᠯᠦᠨ᠎ᠡ᠃ ᠬᠠᠩᠭᠠᠨ ᠪᠣᠷᠣᠯᠠᠭᠤᠯᠬᠤ ᠬᠤᠷᠰᠢᠶ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠤᠯᠤᠰ ᠤᠨ ᠥᠮᠴᠢᠯᠡᠯ ᠤᠨ | ᠲᠠᠷᠢᠶᠠᠯᠠᠩ ᠤᠨ ᠲᠠᠯᠠᠪᠠᠢ ᠶᠢᠨ ᠲᠠᠷᠢᠶᠠᠯᠠᠩ ᠤᠨ ᠨᠢᠭᠡᠳᠦᠯᠲᠡᠢ ᠡᠵᠡᠩᠨᠡᠯᠲᠡ ᠬᠠᠮᠢᠶᠠᠷᠤᠯᠲᠠ ᠪᠠ ᠦᠢᠯᠡᠴᠢᠯᠡᠭᠡᠨ ᠤ ᠡᠭᠦᠷᠭᠡ ᠴᠢᠳᠠᠪᠤᠷᠢ ᠶᠢ ᠴᠢᠩᠭᠠᠳᠬᠠᠵᠤ᠂ ᠬᠤᠳᠠ | ᠬᠥᠳᠡᠭᠡ ᠵᠢᠴᠢ ᠠᠲᠠᠷ ᠬᠠᠭᠠᠯᠪᠤᠷᠢᠯᠠᠯᠲᠠ ᠶᠢᠨ ᠣᠷᠣᠨ ᠢ ᠨᠢᠭᠡ ᠴᠣᠭᠴᠠᠵᠢᠭᠤᠯᠤᠨ ᠵᠣᠬᠢᠴᠠᠩᠭᠤᠢ ᠪᠠᠷ ᠬᠥᠭᠵᠢᠭᠦᠯᠬᠦ ᠶᠢ ᠠᠬᠢᠭᠤᠯᠤᠨ᠎ᠠ᠃ | ︵ᠠᠷᠪᠠᠨ ᠭᠤᠷᠪᠠ︶ ᠳᠥᠭᠦᠮ ᠠᠪᠰᠠᠷ ᠥᠨᠳᠥᠷ ᠪᠦᠲᠦᠮᠵᠢᠲᠡᠶ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ᠎ᠡ᠃ | ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠭᠤᠣᠯ ᠴᠣᠭᠴᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠯᠠᠩ ᠳᠤ ᠬᠤᠯᠪᠣᠭᠳᠠᠬᠤ | ᠡᠯ᠎ᠡ ᠲᠦᠷᠦᠯ ᠤᠨ ᠭᠤᠣᠯ ᠴᠣᠭᠴᠠ ᠶᠢ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮᠴᠢᠯᠡᠭᠰᠡᠨ ᠦᠢᠯᠡᠴᠢᠯᠡᠭᠡᠨ ᠤ ᠬᠦᠷᠢᠶ᠎ᠡ ᠲᠡᠶᠢᠰᠢ ᠥᠷᠭᠡᠳᠬᠡᠨ᠎ᠡ᠃ ᠲᠠᠩ | ᠭᠤᠭᠴᠤᠭ᠎ᠠ᠂ ᠤᠯᠠᠨ ᠭᠤᠭᠴᠤᠭ᠎ᠠ ᠪᠠᠷ ᠨᠠᠶᠢᠳᠠᠨ ᠬᠠᠮᠢᠶᠠᠷᠤᠭᠤᠯᠬᠤ ᠵᠡᠷᠭᠡ ᠦᠢᠯᠡᠴᠢᠯᠡᠭᠡᠨ ᠤ ᠵᠠᠭᠪᠤᠷ ᠢ ᠰᠢᠨ᠎ᠡ ᠪᠠᠷ ᠡᠭᠦᠳᠦᠨ ᠳᠡᠯᠭᠡᠷᠡᠭᠦᠯᠵᠦ᠂ ᠦᠢᠯᠡᠴᠢᠯᠡᠭᠡ ᠶᠢ | ᠠᠮᠤ ᠪᠤᠳᠠᠭ᠎ᠠ ᠳᠤᠰᠤᠨ ᠤ ᠲᠠᠷᠢᠮᠠᠯ ᠠᠴᠠ ᠠᠵᠤ ᠠᠬᠤᠢ ᠶᠢᠨ ᠲᠠᠷᠢᠮᠠᠯ᠂ ᠮᠠᠯ ᠵᠢᠭᠦᠷᠲᠡᠨ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠵᠡᠷᠭᠡ ᠬᠦᠷᠢᠶ᠎ᠡ ᠲᠡᠶᠢᠰᠢ | ᠥᠷᠭᠡᠳᠬᠡᠵᠦ᠂ ᠦᠢᠯᠡᠳᠪᠦᠷᠢᠯᠡᠬᠦ ᠶᠠᠪᠤᠴᠠ ᠠᠴᠠ ᠦᠢᠯᠡᠳᠪᠦᠷᠢᠯᠡᠬᠦ ᠠᠴᠠ ᠡᠮᠦᠨᠡᠬᠢ᠂ ᠦᠢᠯᠡᠳᠪᠦᠷᠢᠯᠡᠯ ᠤᠨ ᠳᠠᠷᠠᠭᠠᠬᠢ ᠭᠤᠭᠴᠤᠭ᠎ᠠ ᠲᠡᠶᠢᠰᠢ ᠤᠷᠲᠤᠳᠬᠠᠬᠤ ᠶᠢ | ᠠᠬᠢᠭᠤᠯᠤᠨ᠎ᠠ᠃ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠵᠢᠷᠤᠮᠵᠢᠬᠰᠠᠨ ᠦᠢᠯᠡᠴᠢᠯᠡᠭᠡᠨ ᠤ ᠲᠦᠪᠰᠢᠨ ᠢ | ᠳᠡᠭᠡᠭᠰᠢᠯᠡᠭᠦᠯᠦᠨ᠎ᠡ᠃ | ᠲᠠᠪᠤ᠂ ᠬᠥᠳᠡᠭᠡ ᠠᠵᠤ ᠠᠬᠤᠢ ᠶᠢᠨ ᠠᠵᠤ ᠦᠢᠯᠡᠰ ᠤᠨ ᠰᠢᠰᠲ᠋ᠧᠮ ᠤᠨ ᠳᠡᠰ ᠳᠡᠪᠰᠢᠭᠦᠯᠬᠦ ᠶᠢ ᠪᠦᠭᠦ ᠬᠡᠯᠬᠢᠶ᠎ᠡ ᠪᠠᠷ ᠠᠬᠢᠭᠤᠯᠵᠤ᠂ ᠬᠥᠳᠡᠭᠡ ᠠᠵᠤ ᠠᠬᠤᠢ ᠶᠢᠨ | ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠦᠨ᠎ᠡ | ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠨᠴᠠᠯᠢᠭᠲᠤ ᠡᠬᠢ ᠪᠠᠶᠠᠯᠢᠭ ᠲᠤ ᠲᠦᠰᠢᠭᠯᠡᠵᠦ᠂ ᠬᠥᠳᠡᠭᠡ ᠠᠵᠤ ᠠᠬᠤᠢ ᠶᠢᠨ ᠤᠯᠠᠨ ᠵᠦᠢᠯ ᠤᠨ | ᠴᠢᠳᠠᠮᠵᠢ ᠶᠢ ᠨᠡᠭᠡᠭᠡᠨ ᠬᠥᠭᠵᠢᠭᠦᠯᠵᠦ᠂ ᠬᠥᠳᠡᠭᠡ ᠲᠣᠰᠬᠤᠨ ᠤ ᠤᠯᠠᠨ ᠡᠰᠢᠲᠦ ᠦᠷᠳᠡᠭ ᠢ ᠠᠭᠤᠳᠠᠯᠵᠤ᠂ ᠠᠮᠤ ᠪᠤᠳᠠᠭ᠎ᠠ ᠠᠵᠤ ᠠᠬᠤᠢ ᠲᠡᠵᠢᠭᠡᠯ ᠪᠣᠷᠳᠤᠭ᠎ᠠ ᠶᠢ | ᠨᠢᠭᠡᠳᠦᠯᠲᠡᠢ ᠲᠥᠯᠥᠪᠯᠡᠬᠦ᠂ ᠲᠠᠷᠢᠶᠠᠯᠠᠩ ᠤᠢ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠶᠢ ᠵᠡᠷᠭᠡ ᠪᠠᠷ ᠬᠥᠭᠵᠢᠭᠦᠯᠬᠦ᠂ ᠦᠢᠯᠡᠳᠪᠦᠷᠢᠯᠡᠯ ᠡᠳ᠋ᠰᠢᠭᠦᠯᠭᠡ | ᠪᠣᠷᠤᠯᠠᠭᠤᠯᠭ᠎ᠠ ᠶᠢ ᠨᠡᠪᠲᠡᠷᠡᠭᠦᠯᠬᠦ᠂ ᠲᠠᠷᠢᠶᠠᠯᠠᠩ ᠰᠣᠶᠣᠯ ᠵᠢᠭᠤᠯᠴᠢᠯᠠᠯ ᠠᠭᠤᠰᠤᠯᠴᠠᠭᠰᠠᠨ ᠤᠳᠤ ᠦᠶ᠎ᠡ ᠶᠢᠨ ᠬᠥᠳᠡᠭᠡ ᠲᠣᠰᠬᠤᠨ ᠤ ᠠᠵᠤ ᠦᠢᠯᠡᠰ ᠤᠨ | ᠰᠢᠰᠲ᠋ᠧᠮ ᠢ ᠲᠦᠷᠭᠡᠳᠬᠡᠨ ᠪᠠᠶᠢᠭᠤᠯᠵᠤ᠂ ᠬᠥᠳᠡᠭᠡ ᠠᠵᠤ ᠠᠬᠤᠢ ᠶᠢ ᠣᠳᠣᠬᠢᠴᠢᠯᠠᠭᠰᠠᠨ ᠲᠣᠮᠣ ᠠᠵᠤ ᠦᠢᠯᠡᠰ ᠪᠣᠯᠭᠠᠨ ᠪᠦᠲᠦᠭᠡᠨ ᠪᠠᠶᠢᠭᠤᠯᠤᠨ᠎ᠠ᠃ | ︵ᠠᠷᠪᠠᠨ ᠳᠥᠷᠪᠡ︶ ᠲᠠᠷᠢᠶᠠᠯᠠᠩ ᠤᠨ ᠪᠦᠲᠦᠭᠡᠭᠳᠡᠬᠦᠨ ᠢ ᠪᠤᠯᠪᠠᠰᠤᠷᠠᠭᠤᠯᠬᠤ ᠭᠦᠢᠯᠭᠡᠭᠡ ᠶᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠠᠬᠢᠭᠤᠯᠤᠨ᠎ᠠ᠃ | ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠢ ᠪᠤᠯᠪᠠᠰᠤᠷᠠᠭᠤᠯᠬᠤ ᠮᠡᠷᠭᠡᠵᠢᠯ ᠤᠨ ᠰᠤᠳᠤᠯᠤᠨ ᠨᠡᠭᠡᠭᠡᠬᠦ ᠰᠢᠰᠲ᠋ᠧᠮ ᠢ ᠲᠡᠭᠦᠯᠳᠡᠷᠵᠢᠭᠦᠯᠵᠦ᠂ ᠲᠦᠷᠦᠯ ᠵᠦᠢᠯ ᠤᠯᠠᠨ | ᠶᠠᠩᠵᠤ᠂ ᠶᠠᠰᠤ ᠴᠢᠨᠠᠷ ᠰᠢᠯᠢᠳᠡᠭ ᠰᠠᠶᠢᠨ ᠪᠤᠯᠪᠠᠰᠤᠷᠠᠭᠤᠯᠬᠤ ᠦᠢᠯᠡᠳᠬᠦᠨ ᠢ ᠨᠡᠭᠡᠭᠡᠨ ᠬᠥᠭᠵᠢᠭᠦᠯᠦᠨ᠎ᠡ᠃ ᠪᠦᠭᠦ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ | ᠭᠦᠢᠯᠭᠡᠭᠡᠨ ᠤ ᠭᠤᠣᠯᠯᠠᠭᠴᠢ ᠲᠣᠣᠷ ᠢ ᠲᠡᠭᠦᠯᠳᠡᠷᠵᠢᠭᠦᠯᠵᠦ᠂ ᠭᠠᠷᠤᠯᠲᠠ ᠶᠢᠨ ᠣᠷᠣᠨ ᠤ ᠬᠦᠢᠲᠡᠨ ᠬᠡᠯᠬᠢᠶ᠎ᠡ ᠶᠢᠨ ᠲᠥᠪᠯᠡᠷᠡᠭᠦᠯᠦᠨ ᠲᠣᠬᠢᠷᠠᠭᠤᠯᠬᠤ ᠲᠥᠪ ᠤᠨ | ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠬᠡᠷᠡᠭᠴᠡᠭᠡ ᠱᠠᠭᠠᠷᠳᠠᠯᠭ᠎ᠠ ᠲᠠᠢ ᠰᠢᠶᠠᠨ ᠰᠢᠶᠠᠩ ᠲᠣᠰᠬᠤᠨ ᠤ ᠲᠠᠷᠢᠶᠠᠨ ᠦᠵᠦᠭᠦᠷ ᠲᠤ ᠬᠦᠢᠲᠡᠨ ᠢᠶᠠᠷ ᠬᠠᠳᠠᠭᠠᠯᠠᠵᠤ | ᠰᠣᠷᠭᠤᠭ ᠪᠠᠶᠢᠯᠭᠠᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠶᠢ ᠠᠬᠢᠭᠤᠯᠤᠨ᠎ᠠ᠃ ᠰᠢᠶᠠᠨ ᠰᠢᠶᠠᠩ ᠲᠣᠰᠬᠤᠨ ᠤ ᠪᠠᠷᠠᠭᠠᠨ ᠤ | ᠭᠦᠢᠯᠭᠡᠭᠡ ᠶᠢᠨ ᠲᠣᠬᠢᠷᠠᠭᠤᠯᠤᠨ ᠬᠦᠷᠭᠡᠬᠦ ᠰᠢᠰᠲ᠋ᠧᠮ ᠢ ᠲᠡᠭᠦᠯᠳᠡᠷᠵᠢᠭᠦᠯᠵᠦ᠂ ᠲᠣᠮᠣ ᠭᠡᠯᠪᠡᠷᠢ ᠶᠢᠨ ᠡᠯᠧᠺᠳ᠋ᠷᠣᠨ ᠬᠤᠳᠠᠯᠳᠤᠭᠠᠨ ᠤ ᠲᠠᠪᠴᠠᠩ᠂ ᠪᠠᠷᠠᠭᠠᠨ ᠤ | ᠭᠦᠢᠯᠭᠡᠭᠡ᠂ ᠠᠷᠠᠯᠵᠢᠶ᠎ᠠ ᠬᠤᠳᠠᠯᠳᠤᠭ᠎ᠠ ᠵᠡᠷᠭᠡ ᠭᠤᠣᠯ ᠴᠣᠭᠴᠠ ᠶᠢᠨ ᠬᠥᠳᠡᠭᠡ ᠲᠣᠰᠬᠤᠨ ᠳᠤ ᠪᠠᠭᠤᠬᠤ ᠶᠢ ᠵᠣᠷᠢᠭᠵᠢᠭᠤᠯᠵᠤ᠂ ᠬᠥᠳᠡᠭᠡ ᠲᠣᠰᠬᠤᠨ ᠤ ᠡᠯᠧᠺᠳ᠋ᠷᠣᠨ | ᠬᠤᠳᠠᠯᠳᠤᠭᠠᠨ ᠤ ᠦᠢᠯᠡᠴᠢᠯᠡᠭᠡᠨ ᠤ ᠲᠣᠣᠷ ᠴᠡᠭ ᠢ ᠬᠥᠭᠵᠢᠭᠦᠯᠦᠨ᠎ᠡ᠃ | ︵ᠠᠷᠪᠠᠨ ᠲᠠᠪᠤ︶ ᠬᠥᠳᠡᠭᠡ ᠠᠵᠤ ᠠᠬᠤᠢ ᠶᠢᠨ ᠴᠢᠨᠠᠷᠵᠢᠯᠲᠠ ᠲᠥᠷᠥᠯ ᠲᠡᠮᠳᠡᠭᠵᠢᠭᠦᠯᠤᠯᠲᠡ ᠶᠢᠨ ᠳᠡᠭᠡᠭᠰᠢᠯᠡᠯᠲᠡ ᠶᠢ ᠠᠬᠢᠭᠤᠯᠤᠨ᠎ᠠ᠃ ᠲᠠᠷᠢᠶᠠᠯᠠᠩ ᠤᠨ | ᠡᠭᠦᠯᠳᠡᠷ ᠢ ᠪᠤᠶᠢᠵᠢᠭᠤᠯᠬᠤ᠂ ᠶᠠᠰᠤ ᠴᠢᠨᠠᠷ ᠢ ᠳᠡᠭᠡᠭᠰᠢᠯᠡᠭᠦᠯᠭᠦ᠂ ᠲᠦᠷᠦᠯ ᠲᠡᠮᠳᠡᠭᠲᠦ ᠶᠢ ᠡᠭᠦᠳᠬᠦ ᠪᠠ ᠪᠠᠷᠢᠮᠵᠢᠶᠠᠵᠢᠭᠤᠯᠤᠨ ᠦᠢᠯᠡᠳᠪᠦᠷᠢᠯᠡᠬᠦ ᠶᠢ ᠭᠦᠨᠵᠡᠭᠡᠢ | ᠠᠬᠢᠭᠤᠯᠵᠤ᠂ ᠪᠣᠬᠢᠷᠳᠤᠯ ᠦᠭᠡᠢ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠲᠠᠷᠢᠶᠠᠯᠠᠩ ᠤᠨ | ᠪᠠᠷᠢᠮᠵᠢᠶᠠᠵᠢᠭᠤᠯᠤᠯᠲᠠ ᠶᠢ ᠳᠡᠭᠡᠭᠰᠢᠯᠡᠭᠦᠯᠭᠦ ᠲᠥᠯᠥᠪᠯᠡᠭᠡ ᠶᠢ ᠬᠡᠷᠡᠭᠵᠢᠭᠦᠯᠦᠨ᠎ᠡ᠃ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠢ ᠦᠨᠡᠯᠡᠬᠦ ᠪᠠ ᠭᠡᠷᠡᠴᠢᠯᠡᠬᠦ | ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠬᠢᠨᠠᠨ | ᠬᠡᠮᠵᠢᠯᠲᠡ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠶᠠᠰᠤ ᠴᠢᠨᠠᠷ ᠢᠶᠠᠷ ᠰᠠᠶᠢᠨ᠂ ᠥᠷᠢᠰᠦᠯᠳᠦᠬᠦ ᠬᠦᠴᠦᠨ ᠢᠶᠠᠷ ᠴᠢᠩᠭ᠎ᠠ ᠨᠢᠭᠡ ᠪᠦᠯᠦᠭ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ᠂ ᠠᠵᠤ ᠠᠬᠤᠶᠢᠯᠠᠯ ᠤᠨ ᠲᠥᠷᠥᠯ ᠲᠡᠮᠳᠡᠭᠲᠦ ᠪᠠ ᠦᠢᠯᠡᠳᠬᠦᠨ ᠤ ᠲᠥᠷᠥᠯ ᠲᠡᠮᠳᠡᠭᠲᠦ ᠶᠢ ᠪᠤᠶᠢᠵᠢᠭᠤᠯᠤᠨ᠎ᠠ᠃ | ᠳᠤᠮᠳᠠᠳᠤ ᠤᠯᠤᠰ ᠤᠨ ᠲᠠᠷᠢᠶᠠᠯᠠᠩ ᠤᠨ ᠲᠥᠷᠥᠯ ᠲᠡᠮᠳᠡᠭᠲᠦ ᠶᠢᠨ ᠰᠣᠶᠣᠯ ᠤᠨ ᠡᠨᠧᠷᠭᠢ ᠣᠯᠭᠤᠯᠲᠠ ᠶᠢ ᠴᠢᠩᠭᠠᠳᠬᠠᠵᠤ᠂ ᠲᠠᠷᠢᠶᠠᠯᠠᠩ ᠤᠨ ᠲᠥᠷᠥᠯ ᠲᠡᠮᠳᠡᠭᠲᠦ | ᠬᠢᠭᠡᠳ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠡᠯᠧᠮᠧᠨ᠋ᠲ ᠤᠨ ᠬᠠᠷᠢᠯᠴᠠᠨ ᠠᠭᠤᠰᠤᠯᠴᠠᠬᠤ ᠶᠢ ᠠᠬᠢᠭᠤᠯᠤᠨ᠎ᠠ᠃ | ︵ᠠᠷᠪᠠᠨ ᠵᠢᠷᠭᠤᠭ᠎ᠠ︶ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠢ ᠲᠦᠷᠭᠡᠳᠬᠡᠨ ᠬᠥᠭᠵᠢᠭᠦᠯᠦᠨ᠎ᠡ᠃ ᠬᠥᠳᠡᠭᠡ ᠲᠣᠰᠬᠤᠨ ᠤ ᠣᠨᠴᠠᠯᠢᠭᠲᠤ | ᠳᠠᠷᠢᠵᠤ ᠲᠡᠵᠢᠭᠡᠬᠦ ᠦᠢᠯᠡᠰ ᠢ ᠨᠠᠷᠢᠯᠢᠭ ᠰᠢᠯᠢᠳᠡᠭ ᠬᠢᠵᠦ᠂ ᠣᠷᠣᠨ ᠨᠤᠲᠤᠭ ᠤᠨ ᠣᠨᠴᠠᠯᠢᠭᠲᠤ ᠡᠭᠦᠯᠳᠡᠷ ᠢ ᠰᠢᠯᠢᠨ ᠰᠣᠩᠭᠤᠬᠤ ᠠᠵᠢᠯ ᠢ ᠰᠠᠶᠢᠲᠤᠷ ᠬᠢᠵᠦ᠂ | ᠭᠠᠷᠤᠯᠲᠠ ᠶᠢᠨ ᠣᠷᠣᠨ ᠤ ᠠᠷᠢᠭᠤᠨ ᠴᠡᠪᠡᠷ᠂ ᠪᠦᠭᠦ ᠶᠠᠪᠤᠴᠠ ᠳᠤ ᠪᠠᠷᠢᠮᠵᠢᠶ᠎ᠠ ᠳᠤ ᠨᠡᠶᠢᠴᠡᠭᠰᠡᠨ᠂ ᠴᠢᠨᠠᠷ ᠰᠠᠶᠢᠲᠠᠢ ᠣᠨᠴᠠᠯᠢᠭᠲᠤ ᠳᠠᠷᠢᠵᠤ ᠲᠡᠵᠢᠭᠡᠬᠦ ᠶᠢ | ᠬᠥᠭᠵᠢᠭᠦᠯᠦᠨ᠎ᠡ᠃ ᠬᠥᠳᠡᠭᠡ ᠲᠣᠰᠬᠤᠨ ᠤ ᠣᠨᠴᠠᠯᠢᠭᠲᠤ ᠭᠠᠷ ᠦᠢᠯᠡᠳᠪᠦᠷᠢ ᠶᠢ ᠰᠢᠨ᠎ᠡ ᠶᠢ ᠡᠭᠦᠳᠦᠨ ᠬᠥᠭᠵᠢᠭᠦᠯᠵᠦ᠂ ᠬᠥᠳᠡᠭᠡ ᠲᠣᠰᠬᠤᠨ ᠤ ᠤᠷᠠᠨ ᠲᠠᠷᠬᠠᠨ ᠢ | ᠪᠤᠶᠢᠵᠢᠭᠤᠯᠵᠤ᠂ ᠬᠥᠳᠡᠭᠡ ᠲᠣᠰᠬᠤᠨ ᠤ ᠤᠯᠠᠮᠵᠢᠯᠠᠯᠲᠤ ᠭᠠᠷ ᠤᠷᠠᠯᠠᠯ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ ᠬᠥᠳᠡᠭᠡ ᠲᠣᠰᠬᠤᠨ ᠤ ᠣᠨᠴᠠᠯᠢᠭᠲᠤ | ᠰᠣᠶᠣᠯ ᠤᠨ ᠠᠵᠤ ᠦᠢᠯᠡᠰ ᠢ ᠭᠦᠨᠵᠡᠭᠡᠢ ᠨᠡᠭᠡᠭᠡᠨ ᠬᠥᠭᠵᠢᠭᠦᠯᠵᠦ᠂ ᠲᠠᠷᠢᠶᠠᠯᠠᠩ ᠤᠨ ᠰᠣᠶᠣᠯ ᠤᠨ ᠥᠪ᠂ ᠦᠨᠳᠦᠰᠦᠲᠡᠨ ᠤ ᠠᠶᠢᠯ ᠲᠣᠰᠬᠤᠨ᠂ ᠤᠯᠠᠮᠵᠢᠯᠠᠯᠲᠤ | ᠪᠠᠷᠢᠯᠭ᠎ᠠ ᠵᠡᠷᠭᠡ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ | ︵ᠠᠷᠪᠠᠨ ᠳᠣᠯᠤᠭ᠎ᠠ︶ ᠬᠥᠳᠡᠭᠡ ᠲᠣᠰᠬᠤᠨ ᠤ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠦᠢᠯᠡᠳᠪᠦᠷᠢᠯᠡᠯ᠂ ᠡᠳ᠋ᠰᠢᠭᠦᠯᠭᠡ᠂ | ᠭᠦᠢᠯᠭᠡᠭᠡ ᠵᠡᠷᠭᠡ ᠪᠦᠭᠦ ᠭᠤᠭᠴᠤᠭ᠎ᠠ ᠶᠢᠨ ᠲᠡᠰ ᠳᠡᠪᠰᠢᠭᠦᠯᠬᠦ ᠶᠢ ᠠᠬᠢᠭᠤᠯᠵᠤ᠂ ᠠᠵᠤ ᠦᠢᠯᠡᠰ ᠤᠨ ᠦᠷᠳᠡᠭ ᠨᠡᠮᠡᠭᠳᠡᠯ ᠦᠷ᠎ᠡ ᠠᠰᠢᠭ ᠤᠨ ᠨᠡᠮᠡᠭᠳᠡᠯ ᠤᠨ ᠣᠷᠣᠨ | ᠵᠠᠢ ᠶᠢ ᠥᠷᠭᠡᠳᠬᠡᠨ᠎ᠡ᠃ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠦᠯᠦᠭᠵᠢᠯ᠂ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ | ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠬᠥᠳᠡᠭᠡ ᠲᠣᠰᠬᠤᠨ ᠤ ᠠᠵᠤ ᠦᠢᠯᠡᠰ ᠢ | ᠠᠭᠤᠰᠤᠯᠴᠠᠭᠤᠯᠤᠨ ᠬᠥᠭᠵᠢᠭᠦᠯᠬᠦ ᠲᠦᠷᠦᠯ ᠵᠦᠢᠯ ᠢ ᠬᠡᠷᠡᠭᠵᠢᠭᠦᠯᠦᠨ᠎ᠡ᠃ ᠲᠠᠷᠢᠶᠠᠯᠠᠩ ᠤᠨ ᠠᠵᠤ ᠦᠢᠯᠡᠰᠵᠢᠯᠲᠡ ᠶᠢᠨ ᠳᠠᠭᠠᠭᠤᠯᠤᠭᠴᠢ ᠠᠵᠤ ᠠᠬᠤᠶᠢᠯᠠᠯ ᠢ | ᠲᠡᠳᠬᠦᠨ ᠬᠦᠴᠦᠷᠬᠡᠭᠵᠢᠭᠦᠯᠵᠦ᠂ ᠠᠵᠢᠯ ᠲᠥᠷᠥᠯ ᠤᠨ ᠬᠥᠭᠵᠢᠯᠲᠡ ᠶᠢ ᠬᠥᠲᠥᠯᠥᠨ ᠳᠠᠭᠠᠭᠤᠯᠬᠤ ᠠᠵᠤ ᠦᠢᠯᠡᠰ ᠤᠨ ᠬᠡᠯᠬᠢᠶ᠎ᠡ ᠶᠢᠨ ︽ᠬᠡᠯᠬᠢᠶ᠎ᠡ ᠶᠢᠨ ᠡᠵᠡᠨ︾ | ᠠᠵᠤ ᠠᠬᠤᠶᠢᠯᠠᠯ ᠪᠠ ᠣᠷᠣᠨ ᠪᠦᠰᠡ ᠶᠢᠨ ᠲᠣᠯᠣᠭᠠᠢ ᠶᠢᠨ ᠬᠡᠰᠡᠭ ᠤᠨ ᠠᠵᠤ ᠠᠬᠤᠶᠢᠯᠠᠯ ᠢ ᠪᠤᠵᠠᠭᠠᠶᠢᠷᠠᠭᠤᠯᠵᠤ᠂ ᠳᠤᠮᠳᠠ ᠪᠠᠭ᠎ᠠ ᠠᠵᠤ ᠠᠬᠤᠶᠢᠯᠠᠯ ᠢ | ᠰᠢᠯᠢᠳᠡᠭᠵᠢᠭᠦᠯᠵᠦ᠂ ᠦᠢᠯᠡᠳᠪᠦᠷᠢᠯᠡᠯ ᠬᠠᠮᠵᠢᠯᠴᠠᠭᠰᠠᠨ᠂ ᠮᠡᠷᠭᠡᠵᠢᠯ ᠬᠠᠷᠢᠯᠴᠠᠨ ᠨᠥᠬᠦᠪᠦᠷᠢᠯᠡᠭᠰᠡᠨ᠂ ᠬᠦᠴᠦᠨ ᠵᠦᠢᠯ ᠢ ᠬᠠᠮᠲᠤ ᠪᠠᠷ ᠡᠳ᠋ᠯᠡᠬᠦ ᠠᠵᠤ ᠠᠬᠤᠶᠢᠯᠠᠯ ᠤᠨ | ᠬᠥᠭᠵᠢᠯᠲᠡ ᠶᠢᠨ ᠵᠢᠭᠰᠠᠭᠠᠯ ᠤᠨ ᠭᠡᠯᠪᠡᠷᠢ ᠶᠢ ᠪᠤᠶ ᠪᠣᠯᠭᠠᠨ᠎ᠠ᠃ ᠬᠥᠳᠡᠭᠡ ᠲᠣᠰᠬᠤᠨ ᠤ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠭᠡᠯᠪᠡᠷᠢ ᠶᠢ ᠶᠡᠭᠡ ᠪᠠᠷ | ᠪᠤᠶᠢᠵᠢᠭᠤᠯᠵᠤ᠂ ᠲᠠᠷᠢᠶᠠᠯᠠᠩ ᠪᠠ ᠵᠢᠭᠤᠯᠴᠢᠯᠠᠯ᠂ ᠰᠤᠷᠭᠠᠨ ᠬᠥᠮᠦᠵᠢᠯ᠂ ᠡᠷᠡᠭᠦᠯᠵᠢᠯ ᠰᠤᠪᠢᠯᠠᠯᠲᠠ ᠵᠡᠷᠭᠡ ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ | ᠠᠬᠢᠭᠤᠯᠵᠤ᠂ ᠰᠡᠯᠡᠭᠦᠴᠡᠯ ᠤᠨ ᠲᠠᠷᠢᠶᠠᠯᠠᠩ ᠪᠠ ᠬᠥᠳᠡᠭᠡ ᠲᠣᠰᠬᠤᠨ ᠤ ᠵᠢᠭᠤᠯᠴᠢᠯᠠᠯ ᠤᠨ ᠪᠦᠲᠦᠭᠡᠭᠳᠡᠬᠦᠨ ᠢ ᠪᠠᠶᠠᠯᠢᠭᠵᠢᠭᠤᠯᠤᠨ᠎ᠠ᠃ | ︵ᠠᠷᠪᠠᠨ ᠨᠠᠢᠮᠠ︶ ᠬᠥᠳᠡᠭᠡ ᠠᠵᠤ ᠠᠬᠤᠢ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠭᠡᠯᠪᠡᠷᠢ ᠶᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠤᠨ᠎ᠠ᠃ | ᠲᠠᠷᠢᠶᠠᠯᠠᠩ ᠳᠤ ᠬᠡᠷᠡᠭᠯᠡᠬᠦ ᠤᠰᠤᠨ ᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠪᠠ ᠨᠤᠷᠮ᠎ᠠ ᠲᠣᠭᠲᠠᠭᠠᠨ ᠬᠠᠮᠢᠶᠠᠷᠬᠤ ᠶᠢ ᠪᠦᠭᠦ ᠲᠠᠯ᠎ᠠ ᠪᠠᠷ ᠬᠡᠷᠡᠭᠵᠢᠭᠦᠯᠵᠦ᠂ ᠭᠠᠵᠠᠷ | ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠪᠠᠶᠢᠳᠠᠯ ᠢ ᠶᠡᠷᠦᠩᠬᠡᠶᠢᠯᠡᠨ ᠵᠠᠰᠠᠬᠤ ᠠᠵᠢᠯ ᠢ ᠥᠷᠨᠢᠭᠦᠯᠵᠦ᠂ ᠲᠠᠷᠢᠶᠠᠯᠠᠩ ᠤᠨ ᠤᠰᠤᠨ ᠤ ᠦᠨ᠎ᠡ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠤᠨ᠎ᠠ᠃ ᠲᠠᠷᠢᠶᠠᠨ ᠭᠠᠵᠠᠷ ᠢ ᠡᠭᠡᠯᠵᠢᠯᠡᠨ ᠲᠠᠷᠢᠬᠤ ᠪᠠ ᠰᠡᠯᠭᠦᠵᠦ ᠲᠠᠷᠢᠬᠤ ᠳᠦᠷᠢᠮ ᠢ ᠪᠦᠷᠢᠨᠰᠢᠭᠦᠯᠵᠦ᠂ | ᠪᠣᠬᠢᠷᠲᠤᠭᠰᠠᠨ ᠲᠠᠷᠢᠶᠠᠨ ᠭᠠᠵᠠᠷ ᠢ ᠵᠠᠰᠠᠬᠤ ᠪᠠ ᠠᠮᠤᠷ ᠲᠦᠪᠰᠢᠨ ᠠᠰᠢᠭᠯᠠᠬᠤ ᠶᠢ ᠴᠢᠩᠭᠠᠳᠬᠠᠨ᠎ᠠ᠃ ᠴᠢᠬᠤᠯᠠ ᠠᠮᠢᠳᠤ ᠪᠣᠳᠠᠰ ᠤᠨ ᠳᠦᠷᠰᠦ ᠪᠠ ᠤᠳᠤᠮᠯᠠᠯ ᠤᠨ | ᠡᠬᠢ ᠪᠠᠶᠠᠯᠢᠭ ᠢ ᠬᠠᠮᠠᠭᠠᠯᠠᠵᠤ᠂ ᠲᠠᠷᠢᠶᠠᠯᠠᠩ ᠤᠨ ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠴᠢᠬᠤᠯᠠ ᠲᠠᠷᠢᠶᠠᠯᠠᠩ ᠤᠨ ᠡᠬᠢ | ᠪᠠᠶᠠᠯᠢᠭ ᠤᠨ ᠡᠬᠡ ᠲᠠᠩᠰᠠ ᠶᠢᠨ ᠳᠦᠷᠢᠮ ᠢ ᠪᠦᠷᠢᠨᠰᠢᠭᠦᠯᠦᠨ᠎ᠡ᠃ ᠲᠠᠷᠢᠶᠠᠯᠠᠩ ᠤᠨ ᠤᠯᠠᠨ ᠡᠬᠢᠲᠦ ᠪᠣᠬᠢᠷᠳᠤᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ | ᠠᠬᠢᠭᠤᠯᠵᠤ᠂ ᠠᠮᠢ ᠠᠬᠤᠢ ᠶᠢᠨ ᠣᠷᠴᠢᠯ ᠲᠠᠷᠢᠶᠠᠯᠠᠩ ᠢ ᠬᠥᠭᠵᠢᠭᠦᠯᠦᠨ᠎ᠡ᠃ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ | ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠪᠠᠷ ᠵᠠᠰᠠᠬᠤ ᠲᠣᠭᠲᠠᠴᠠ ᠶᠢ ᠪᠦᠷᠢᠨᠰᠢᠭᠦᠯᠦᠨ᠎ᠡ᠃ ᠬᠥᠬᠡᠮᠥ᠋ᠷᠡᠨ ᠤ ᠠᠷᠪᠠᠨ ᠵᠢᠯ ᠳᠤ | ᠵᠢᠭᠠᠰᠤ ᠠᠩᠨᠠᠬᠤ ᠶᠢ ᠴᠠᠭᠠᠵᠠᠯᠠᠬᠤ ᠪᠠ ᠲᠠᠯᠠᠢ ᠲᠠᠩᠭᠢᠰ ᠤᠨ ᠹᠦ᠋ ᠶᠢᠨ ᠤᠯᠠᠷᠢᠯ ᠳᠤ ᠵᠢᠭᠠᠰᠤ ᠠᠩᠨᠠᠬᠤ ᠶᠢ ᠬᠤᠷᠢᠭᠯᠠᠬᠤ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ | ᠬᠠᠳᠤᠨ ᠭᠤᠣᠯ ᠤᠨ ᠰᠠᠪᠠ ᠭᠠᠵᠠᠷ ᠤᠨ ᠲᠠᠷᠢᠶᠠᠯᠠᠩ ᠤᠨ ᠭᠦᠨᠵᠡᠭᠡᠢ ᠤᠰᠤ ᠠᠷᠪᠢᠯᠠᠵᠤ ᠤᠰᠤ ᠶᠢ ᠬᠢᠵᠠᠭᠠᠷᠯᠠᠬᠤ ᠶᠢ ᠠᠬᠢᠭᠤᠯᠤᠨ᠎ᠠ᠃ ᠬᠥᠳᠡᠭᠡ ᠠᠵᠤ ᠠᠬᠤᠢ ᠶᠢᠨ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠬᠡᠮᠵᠢᠯᠲᠡ ᠶᠢᠨ ᠳᠦᠷᠢᠮ ᠢ ᠪᠠᠶᠢᠭᠤᠯᠤᠨ᠎ᠠ᠃ ᠠᠮᠢ ᠠᠬᠤᠢ ᠶᠢᠨ ᠶᠡᠷᠦᠩᠬᠡᠶᠢᠯᠡᠭᠰᠡᠨ ᠨᠥᠬᠦᠪᠦᠷᠢ ᠶᠢ | ᠠᠬᠢᠭᠤᠯᠵᠤ᠂ ᠬᠥᠨᠳᠡᠯᠡᠨ ᠢᠶᠠᠷ ᠠᠮᠢ ᠠᠬᠤᠢ ᠶᠢ ᠬᠠᠮᠠᠭᠠᠯᠠᠬᠤ ᠨᠥᠬᠦᠪᠦᠷᠢ ᠶᠢᠨ ᠲᠣᠭᠲᠠᠴᠠ ᠶᠢ ᠪᠦᠷᠢᠨᠰᠢᠭᠦᠯᠵᠦ᠂ ᠠᠮᠢ ᠠᠬᠤᠢ ᠣᠷᠴᠢᠨ ᠲᠣᠭᠤᠷᠢᠨ ᠢ ᠡᠪᠳᠡᠵᠦ | ᠬᠤᠬᠢᠷᠠᠭᠤᠯᠤᠭᠰᠠᠨ ᠲᠥᠯᠥᠪᠦᠷᠢ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃ | ᠵᠢᠷᠭᠤᠭ᠎ᠠ᠂ ᠬᠥᠳᠡᠭᠡ ᠠᠵᠤ ᠠᠬᠤᠢ ᠶᠢᠨ ᠭᠠᠳᠠᠭᠠᠳᠤ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠥᠳᠡᠭᠡ ᠠᠵᠤ ᠠᠬᠤᠢ ᠶᠢᠨ | ᠳᠡᠯᠡᠬᠡᠢ ᠶᠢᠨ ᠥᠷᠢᠰᠦᠯᠳᠦᠭᠡᠨ ᠤ ᠰᠢᠨ᠎ᠡ ᠳᠠᠪᠠᠭᠤᠯᠢᠭ ᠢ ᠪᠤᠶᠢᠵᠢᠭᠤᠯᠤᠨ᠎ᠠ | ᠨᠡᠭᠡᠭᠡᠯᠲᠡ ᠬᠢᠬᠦ ᠳᠤᠮᠳᠠ ᠬᠠᠮᠲᠤᠷᠠᠯᠴᠠᠬᠤ ᠶᠢ ᠪᠠᠷᠢᠮᠲᠠᠯᠠᠵᠤ᠂ ᠬᠠᠮᠲᠤᠷᠠᠯᠴᠠᠭ᠎ᠠ ᠳᠤ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ᠂ ᠤᠯᠤᠰ ᠤᠨ | ᠳᠣᠲᠣᠭᠠᠳᠤ ᠶᠢᠨ ᠪᠠ ᠳᠡᠯᠡᠬᠡᠢ ᠶᠢᠨ ᠬᠤᠶᠠᠷ ᠵᠠᠬ᠎ᠠ ᠳᠡᠯᠭᠡᠭᠦᠷ ᠤᠨ ᠬᠤᠶᠠᠷ ᠵᠦᠢᠯ ᠤᠨ ᠡᠬᠢ ᠪᠠᠶᠠᠯᠢᠭ ᠤᠨ ᠬᠤᠯᠪᠤᠭᠠᠯᠠᠨ ᠬᠥᠳᠡᠯᠦᠯᠴᠡᠬᠦ ᠦᠢᠯᠡᠳᠦᠯ ᠢ | ᠴᠢᠩᠭᠠᠳᠬᠠᠵᠤ᠂ ᠨᠡᠩ ᠶᠡᠭᠡ ᠬᠡᠪᠴᠢᠶ᠎ᠡ᠂ ᠨᠡᠩ ᠥᠷᠭᠡᠨ ᠬᠦᠷᠢᠶ᠎ᠡ᠂ ᠨᠡᠩ ᠭᠦᠨ ᠳᠠᠪᠬᠤᠷᠭ᠎ᠠ ᠶᠢᠨ ᠬᠥᠳᠡᠭᠡ ᠠᠵᠤ ᠠᠬᠤᠢ ᠶᠢᠨ ᠭᠠᠳᠠᠭᠠᠳᠤ ᠬᠠᠮᠲᠤᠷᠠᠯᠴᠠᠭᠠᠨ ᠤ | ᠰᠢᠨ᠎ᠡ ᠪᠠᠶᠢᠳᠠᠯ ᠢ ᠬᠦᠴᠦᠯᠡᠨ ᠡᠭᠦᠳᠦᠨ᠎ᠡ᠃ | ︵ᠠᠷᠪᠠ ᠶᠢᠰᠦ︶ ᠬᠥᠳᠡᠭᠡ ᠠᠵᠤ ᠠᠬᠤᠢ ᠶᠢᠨ ᠳᠡᠯᠡᠬᠡᠢ ᠶᠢᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠤᠯᠤᠰ ᠤᠨ ᠳᠣᠲᠣᠭᠠᠳᠤ ᠶᠢᠨ ᠳᠠᠪᠠᠭᠤᠯᠢᠭ | ᠲᠠᠷᠢᠶᠠᠯᠠᠩ ᠤᠨ ᠪᠦᠲᠦᠭᠡᠭᠳᠡᠬᠦᠨ ᠤ ᠳᠡᠯᠡᠬᠡᠢ ᠶᠢᠨ ᠥᠷᠢᠰᠦᠯᠳᠦᠭᠡᠨ ᠳᠤ ᠣᠷᠤᠯᠴᠠᠬᠤ ᠶᠢ ᠵᠣᠷᠢᠭᠵᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ | ᠠᠷᠠᠯᠵᠢᠶ᠎ᠠ ᠶᠢᠨ ᠭᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠲᠦᠯᠬᠢᠨ ᠠᠬᠢᠭᠤᠯᠤᠨ᠎ᠠ᠃ ᠲᠠᠷᠢᠶᠠᠯᠠᠩ ᠤᠨ ᠦᠢᠯᠡᠴᠢᠯᠡᠭᠡᠨ ᠤ ᠠᠷᠠᠯᠵᠢᠶ᠎ᠠ ᠶᠢ ᠠᠬᠢᠭᠤᠯᠬᠤ | ᠠᠵᠢᠯᠯᠠᠭ᠎ᠠ ᠶᠢ ᠬᠡᠷᠡᠭᠵᠢᠭᠦᠯᠦᠨ᠎ᠡ᠃ ᠬᠥᠳᠡᠭᠡ ᠠᠵᠤ ᠠᠬᠤᠢ ᠶᠢᠨ ᠬᠦᠷᠢᠶᠡᠨ ᠳᠠᠬᠢ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠶᠢ ᠵᠥᠪᠰᠢᠶᠡᠷᠡᠬᠦ | ᠣᠨᠴᠠᠭᠠᠶ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠰᠢᠯᠢᠳᠡᠭᠵᠢᠭᠦᠯᠵᠦ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ᠂ ᠬᠠᠶᠢᠨᠠᠨ ᠤ ᠴᠢᠯᠦᠭᠡᠲᠦ | ᠠᠷᠠᠯᠵᠢᠶᠠᠨ ᠤ ᠭᠠᠷᠠᠮ ᠵᠡᠷᠭᠡ ᠶᠢᠨ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠦᠢᠯᠡᠳᠦᠯ ᠢ ᠪᠠᠳᠠᠷᠠᠭᠤᠯᠤᠨ᠎ᠠ᠃ ᠤᠯᠠᠨ ᠲᠠᠯᠠᠲᠤ ᠬᠤᠶᠠᠷ ᠲᠠᠯᠠᠲᠤ | ᠬᠥᠳᠡᠭᠡ ᠠᠵᠤ ᠠᠬᠤᠢ ᠶᠢᠨ ᠬᠠᠮᠲᠤᠷᠠᠯᠴᠠᠭᠠᠨ ᠤ ᠬᠠᠷᠢᠴᠠᠭ᠎ᠠ ᠶᠢ ᠭᠦᠨᠵᠡᠭᠡᠢ ᠰᠦᠪᠡᠭᠴᠢᠯᠡᠵᠦ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢᠨ ᠠᠮᠤ | ᠪᠤᠳᠠᠭᠠᠨ ᠤ ᠠᠮᠤᠷ ᠲᠦᠪᠰᠢᠨ ᠤ ᠬᠦᠷᠢᠶᠡᠨ ᠳᠠᠬᠢ ᠬᠠᠮᠲᠤᠷᠠᠯᠴᠠᠭ᠎ᠠ ᠶᠢ ᠠᠬᠢᠭᠤᠯᠤᠨ᠎ᠠ᠃ ᠬᠥᠳᠡᠭᠡ ᠠᠵᠤ ᠠᠬᠤᠢ ᠶᠢᠨ ᠬᠦᠷᠢᠶᠡᠨ ᠳᠠᠬᠢ ᠤᠯᠠᠨ ᠤᠯᠤᠰ ᠤᠨ ᠲᠣᠮᠣ | ᠰᠢᠨᠵᠢᠯᠡᠬᠦ ᠤᠬᠠᠭᠠᠨ ᠤ ᠲᠥᠯᠥᠪᠯᠡᠭᠡ ᠪᠠ ᠲᠣᠮᠣ ᠰᠢᠨᠵᠢᠯᠡᠬᠦ ᠤᠬᠠᠭᠠᠨ ᠤ ᠢᠨᠵᠧᠨᠧᠷᠢᠩ ᠢ ᠬᠡᠷᠡᠭᠵᠢᠭᠦᠯᠦᠨ᠎ᠡ᠃ ᠪᠦᠭᠦ ᠪᠥᠮᠪᠥᠷᠴᠡᠭ ᠤᠨ ᠠᠮᠤ ᠪᠤᠳᠠᠭ᠎ᠠ ᠬᠥᠳᠡᠭᠡ | ᠠᠵᠤ ᠠᠬᠤᠢ ᠶᠢᠨ ᠵᠠᠰᠠᠯᠲᠠ ᠳᠤ ᠭᠦᠨᠵᠡᠭᠡᠢ ᠣᠷᠣᠯᠴᠠᠨ᠎ᠠ᠃ | ᠳᠣᠯᠤᠭ᠎ᠠ᠂ ᠣᠷᠣᠰᠢᠨ ᠰᠠᠭᠤᠬᠤ ᠠᠵᠢᠯ ᠦᠢᠯᠡᠰ ᠪᠣᠰᠬᠠᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠵᠤ᠂ ᠬᠥᠳᠡᠭᠡ ᠲᠣᠰᠬᠤᠨ ᠤ ᠣᠲᠣ ᠦᠶ᠎ᠡ ᠶᠢᠨ ᠠᠮᠢᠳᠤᠷᠠᠯ ᠤᠨ ᠲᠦᠪᠰᠢᠨ ᠢ ᠳᠡᠭᠡᠭᠰᠢᠯᠡᠭᠦᠯᠦᠨ᠎ᠡ | ᠬᠥᠳᠡᠭᠡ ᠲᠣᠰᠬᠤᠨ ᠳᠤ ᠤᠳᠤ ᠦᠶ᠎ᠡ ᠶᠢᠨ ᠠᠮᠢᠳᠤᠷᠠᠯ ᠤᠨ ᠨᠥᠬᠦᠴᠡᠯ ᠢ ᠦᠨᠳᠦᠰᠦᠨ ᠳᠡᠭᠡᠨ ᠪᠦᠷᠢᠯᠳᠦᠭᠦᠯᠬᠦ ᠪᠠᠷ ᠪᠠᠷᠢᠮᠵᠢᠶ᠎ᠠ ᠪᠤᠯᠭᠠᠵᠤ᠂ ᠪᠣᠳᠠᠰ ᠤᠨ | ᠪᠣᠯᠪᠠᠰᠤᠨ ᠪᠠ ᠤᠶᠤᠨ ᠤ ᠪᠣᠯᠪᠠᠰᠤᠨ ᠤ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠬᠥᠳᠡᠭᠡ ᠲᠣᠰᠬᠤᠨ ᠤ ᠪᠦᠭᠦ ᠲᠠᠯ᠎ᠠ ᠶᠢᠨ ᠳᠡᠭᠡᠭᠰᠢᠯᠡᠯᠲᠡ ᠶᠢ ᠪᠡᠶᠡᠯᠡᠭᠦᠯᠵᠦ᠂ | ᠲᠠᠷᠢᠶᠠᠴᠢᠳ ᠲᠤ ᠲᠤᠬᠠᠢ ᠶᠢᠨ ᠭᠠᠵᠠᠷ ᠲᠤᠨᠢ ᠤᠳᠤ ᠦᠶ᠎ᠡ ᠶᠢᠨ ᠪᠣᠯᠪᠠᠰᠤᠨ ᠠᠮᠢᠳᠤᠷᠠᠯ ᠢ ᠡᠳ᠋ᠯᠡᠭᠦᠯᠦᠨ᠎ᠡ᠃ | ︵ᠬᠤᠷᠢ︶ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠰᠢᠶᠠᠨ ᠤ ᠬᠡᠪᠴᠢᠶᠡᠨ ᠤ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ᠬᠤᠲᠠ ᠪᠠᠯᠭᠠᠰᠤ᠂ ᠠᠶᠢᠯ ᠲᠣᠰᠬᠤᠨ᠂ ᠠᠵᠤ ᠦᠢᠯᠡᠰ ᠤᠨ ᠬᠦᠷᠢᠶᠡᠯᠡᠩ | ᠲᠣᠭᠤᠷᠢᠭ ᠵᠡᠷᠭᠡ ᠣᠷᠣᠨ ᠵᠠᠢ ᠶᠢᠨ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠠᠶᠢᠯ ᠲᠣᠰᠬᠤᠨ ᠤ ᠲᠥᠯᠦᠪᠵᠢᠭᠦᠯᠭᠡ ᠶᠢ | ᠲᠥᠷᠥᠯ ᠬᠤᠪᠢᠶᠠᠨ ᠨᠠᠶᠢᠷᠠᠭᠤᠯᠤᠨ ᠵᠣᠬᠢᠶᠠᠨ᠎ᠠ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠬᠥᠳᠡᠭᠡ | ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠷᠢᠨ ᠲᠥᠬᠦᠷ ᠬᠡᠮᠵᠢᠶ᠎ᠡ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠦᠭᠦᠮ ᠦᠵᠡᠭᠦᠯᠭᠦ ᠬᠡᠮᠵᠢᠶ᠎ᠡ᠂ ᠬᠥᠮᠥᠰ ᠤᠨ | ᠣᠷᠣᠰᠢᠨ ᠰᠠᠭᠤᠬᠤ ᠣᠷᠴᠢᠨ ᠨᠥᠬᠦᠴᠡᠯ ᠤᠨ ᠲᠠᠭᠠᠯᠠᠮᠵᠢᠲᠠᠢ ᠪᠠᠶᠢᠬᠤ ᠬᠡᠮᠵᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠰᠠᠭᠤᠷᠢ | ᠲᠥᠬᠦᠭᠡᠷᠦᠮᠵᠢ ᠶᠢᠨ ᠲᠡᠰ ᠳᠡᠪᠰᠢᠭᠦᠯᠬᠦ ᠶᠢ ᠠᠬᠢᠭᠤᠯᠵᠤ᠂ ᠬᠥᠳᠡᠭᠡ ᠲᠣᠰᠬᠤᠨ ᠤ ᠵᠠᠮ ᠲᠡᠭᠡᠭᠡᠪᠦᠷᠢ ᠶᠢᠨ ᠲᠣᠣᠷ᠂ ᠤᠰᠤ ᠬᠠᠩᠭᠠᠬᠤ ᠲᠥᠬᠦᠭᠡᠷᠦᠮᠵᠢ᠂ | ᠡᠨᠧᠷᠭᠢ ᠶᠢᠨ ᠰᠢᠰᠲ᠋ᠧᠮ ᠪᠠ ᠰᠢᠨ᠎ᠡ ᠭᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠬᠥᠳᠡᠭᠡ ᠲᠣᠰᠬᠤᠨ ᠤ ᠤᠯᠠᠨ | ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠬᠥᠳᠡᠭᠡ | ᠲᠣᠰᠬᠤᠨ ᠤ ᠴᠢᠬᠤᠯᠠ ᠪᠦᠬᠦᠢ ᠪᠠᠭ᠎ᠠ ᠬᠡᠪᠴᠢᠶᠡᠨ ᠤ ᠰᠤᠷᠭᠠᠭᠤᠯᠢ ᠶᠢ ᠰᠠᠶᠢᠲᠤᠷ ᠡᠷᠭᠢᠯᠡᠵᠦ᠂ ᠬᠥᠳᠡᠭᠡ ᠲᠣᠰᠬᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠰᠢᠰᠲ᠋ᠧᠮ ᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ | ᠬᠥᠳᠡᠭᠡ ᠲᠣᠰᠬᠤᠨ ᠤ ᠨᠠᠰᠤᠲᠠᠶᠢᠴᠤᠳ᠂ ᠭᠡᠷ ᠲᠡᠭᠡᠨ ᠬᠤᠴᠣᠷᠤᠭᠰᠠᠨ ᠡᠮᠡᠭᠲᠡᠶᠢᠴᠦᠳ ᠬᠡᠦᠬᠡᠳ ᠪᠠ ᠵᠡᠮᠳᠡᠭᠴᠦᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ | ᠰᠢᠰᠲ᠋ᠧᠮ ᠢ ᠪᠦᠷᠢᠨᠰᠢᠭᠦᠯᠦᠨ᠎ᠡ᠃ ᠬᠥᠳᠡᠭᠡ ᠲᠣᠰᠬᠤᠨ ᠤ ᠵᠣᠷᠯᠣᠩ ᠤᠨ ᠬᠤᠪᠢᠰᠬᠠᠯ ᠢ ᠯᠠᠪᠳᠠᠭᠤᠨ ᠪᠠᠲᠤᠲᠠᠢ ᠠᠬᠢᠭᠤᠯᠵᠤ᠂ ᠬᠥᠳᠡᠭᠡ ᠲᠣᠰᠬᠤᠨ ᠤ | ᠠᠮᠢᠳᠤᠷᠠᠯ ᠤᠨ ᠪᠣᠬᠢᠷ ᠤᠰᠤ ᠬᠤᠭ ᠨᠣᠪᠰᠢ ᠶᠢ ᠵᠠᠰᠠᠬᠤ ᠠᠵᠢᠯ ᠢ ᠣᠷᠣᠨ ᠲᠦᠷᠦᠯ ᠬᠤᠪᠢᠶᠠᠨ ᠠᠬᠢᠭᠤᠯᠵᠤ᠂ ᠬᠥᠳᠡᠭᠡ ᠲᠣᠰᠬᠤᠨ ᠤ ᠬᠥᠮᠥᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠤ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠦᠨ᠎ᠡ᠃ ᠲᠣᠰᠬᠤᠨ ᠤ ᠳᠦᠷᠢ | ᠲᠥᠷᠬᠦ ᠶᠢ ᠳᠡᠭᠡᠭᠰᠢᠯᠡᠭᠦᠯᠭᠦ ᠤᠳᠤᠷᠢᠳᠤᠮᠵᠢ ᠶᠢᠨ ᠳᠦᠷᠢᠮ ᠢ ᠨᠠᠶᠢᠷᠠᠭᠤᠯᠤᠨ ᠵᠣᠬᠢᠶᠠᠵᠤ᠂ ᠬᠥᠳᠡᠭᠡ ᠲᠣᠰᠬᠤᠨ ᠤ ᠣᠨᠴᠠᠯᠢᠭᠲᠤ ᠳᠦᠷᠰᠦ ᠪᠠᠶᠢᠳᠠᠯ ᠢ ᠬᠠᠮᠠᠭᠠᠯᠠᠨ᠎ᠠ᠃ | | ︵ᠬᠤᠷᠢᠨ ᠨᠢᠭᠡ︶ ᠬᠥᠳᠡᠭᠡ ᠲᠣᠰᠬᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠪᠦᠬᠦᠯᠢ ᠴᠣᠭᠴᠠ ᠪᠠᠷ ᠳᠡᠭᠡᠭᠰᠢᠯᠡᠭᠦᠯᠦᠨ᠎ᠡ᠃ ᠰᠢᠨ᠎ᠡ ᠴᠠᠭ ᠦᠶ᠎ᠡ ᠶᠢᠨ | ︽ᠹᠧᠩᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠥᠪᠡᠷᠲᠡᠭᠡᠨ ᠵᠠᠰᠠᠬᠤ᠂ | ᠬᠠᠤᠯᠢ ᠪᠠᠷ ᠵᠠᠰᠠᠬᠤ᠂ ᠮᠣᠷᠠᠯ ᠢᠶᠠᠷ ᠵᠠᠰᠠᠬᠤ ᠶᠢ ᠤᠶᠠᠯᠳᠤᠭᠤᠯᠤᠭᠰᠠᠨ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠦᠨ᠎ᠡ᠃ ᠨᠠᠮ ᠤᠨ | ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢ ᠭᠦᠨᠵᠡᠭᠡᠢ ᠠᠬᠢᠭᠤᠯᠵᠤ᠂ ᠬᠥᠳᠡᠭᠡ | ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠰᠠᠶᠢᠲᠤᠷ ᠪᠠᠶᠢᠭᠤᠯᠤᠨ ᠬᠦᠴᠦᠷᠬᠡᠭᠵᠢᠭᠦᠯᠵᠦ᠂ ᠡᠳ᠋ ᠤᠨ ᠵᠠᠰᠠᠭ ᠤᠨ | ᠣᠷᠣᠭᠤᠯᠤᠯᠲᠠ ᠪᠠᠷ ᠭᠤᠣᠯ ᠪᠤᠯᠭᠠᠬᠰᠠᠨ ᠲᠣᠭᠲᠠᠭᠤᠨ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯᠯᠠᠭᠠᠨ ᠤ ᠵᠠᠷᠤᠳᠠᠯ ᠤᠨ ᠪᠠᠲᠤᠯᠠᠭ᠎ᠠ ᠶᠢᠨ | ᠳᠦᠷᠢᠮ ᠢ ᠪᠦᠷᠢᠨᠰᠢᠭᠦᠯᠦᠨ᠎ᠡ᠃ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠭᠠᠭᠤᠯᠤᠭᠴᠢ ᠶᠢ ᠬᠥᠮᠥᠵᠢᠭᠦᠯᠵᠦ ᠰᠣᠩᠭᠤᠨ ᠳᠡᠪᠰᠢᠭᠦᠯᠦᠨ᠎ᠡ᠃ | ᠦᠨᠳᠦᠰᠦᠨ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠵᠣᠬᠢᠶᠠᠨ ᠪᠠᠶᠢᠭᠤᠯᠤᠯᠲᠠ ᠪᠣᠯᠣᠨ ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ | ᠵᠥᠪᠯᠡᠯ ᠤᠨ ᠪᠦᠲᠦᠮᠵᠢᠲᠡᠶ ᠵᠣᠯᠭᠠᠯᠴᠠᠭ᠎ᠠ ᠶᠢ ᠠᠬᠢᠭᠤᠯᠤᠨ᠎ᠠ᠃ ᠲᠣᠰᠬᠤᠨ ᠤ ᠠᠷᠠᠳ ᠤᠨ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢ ᠵᠢᠷᠤᠮᠵᠢᠭᠤᠯᠬᠤ | ᠪᠠᠶᠢᠭᠤᠯᠤᠯᠲᠠ ᠶᠢ ᠠᠬᠢᠭᠤᠯᠵᠤ᠂ ᠦᠨᠳᠦᠰᠦᠨ ᠱᠠᠲᠤᠨ ᠤ ᠣᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠨ᠂ | ᠬᠥᠳᠡᠭᠡ ᠲᠣᠰᠬᠤᠨ ᠤ ᠦᠢᠯᠡᠴᠢᠯᠡᠭᠡᠨ ᠤ ᠴᠢᠨᠠᠷᠲᠠᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ᠂ ᠬᠠᠪᠰᠤᠷᠤᠯᠴᠠᠬᠤ ᠴᠢᠨᠠᠷᠲᠠᠢ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠭᠠᠴᠠᠭᠠᠨ ᠤ ᠠᠷᠠᠳ ᠤᠨ ᠬᠤᠷᠠᠯ᠂ ᠭᠠᠴᠠᠭᠠᠨ ᠤ ᠠᠷᠠᠳ ᠤᠨ ᠲᠥᠯᠥᠭᠡᠯᠡᠭᠴᠢᠳ ᠤᠨ ᠬᠤᠷᠠᠯ | ᠵᠡᠷᠭᠡ ᠳᠦᠷᠢᠮ ᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ | ᠰᠢᠰᠲ᠋ᠧᠮ ᠢ ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠᠶᠢᠩᠭᠤᠵᠢᠭᠰᠠᠨ ᠲᠣᠭᠲᠠᠴᠠ ᠶᠢ | ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠤᠨ᠎ᠠ᠃ ᠵᠠᠰᠠᠬᠤ ᠪᠠ ᠦᠢᠯᠡᠴᠢᠯᠡᠬᠦ | ᠭᠤᠣᠯᠳᠠᠯᠭ᠎ᠠ ᠶᠢ ᠦᠨᠳᠦᠰᠦᠨ ᠱᠠᠲᠤ ᠲᠡᠶᠢᠰᠢ ᠰᠢᠯᠵᠢᠭᠦᠯᠬᠦ ᠶᠢ ᠠᠬᠢᠭᠤᠯᠵᠤ᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠲᠤᠰᠢᠶᠠᠯ ᠬᠠᠷᠢᠭᠤᠴᠠᠯᠭ᠎ᠠ ᠪᠠ | ᠡᠷᠬᠡ᠂ ᠡᠬᠢ ᠪᠠᠶᠠᠯᠢᠭ ᠢ ᠬᠠᠷᠢᠯᠴᠠᠨ ᠲᠣᠬᠢᠷᠠᠭᠤᠯᠬᠤ ᠳᠦᠷᠢᠮ ᠢ ᠪᠦᠷᠢᠨᠰᠢᠭᠦᠯᠦᠨ᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠦᠢᠯᠡᠴᠢᠯᠡᠭᠡ | ᠬᠠᠮᠢᠶᠠᠷᠤᠯᠲᠠ ᠶᠢᠨ ᠬᠦᠴᠦᠨ ᠢ ᠴᠢᠩᠭᠠᠳᠬᠠᠵᠤ᠂ ᠪᠣᠳᠠᠲᠠᠢ ᠶᠢ ᠡᠷᠬᠢᠮᠯᠡᠭᠰᠡᠨ ᠲᠤᠰᠠᠲᠠᠢ ᠵᠠᠰᠠᠯᠲᠠ ᠶᠢᠨ ᠠᠷᠭ᠎ᠠ ᠮᠠᠶ᠋ᠢᠭ ᠢ ᠳᠡᠯᠭᠡᠷᠡᠭᠦᠯᠦᠨ᠎ᠡ᠃ ᠰᠢᠶᠠᠨ ᠰᠢᠶᠠᠩ | ᠲᠣᠰᠬᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠪᠣᠯᠣᠨ ᠭᠠᠯ ᠰᠡᠷᠭᠡᠶᠢᠯᠡᠬᠦ ᠠᠮᠤᠷ ᠲᠦᠪᠰᠢᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ | ︵ᠬᠤᠷᠢᠨ ᠬᠤᠶᠠᠷ︶ ᠬᠥᠳᠡᠭᠡ ᠲᠣᠰᠬᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ ᠨᠡᠶᠢᠭᠡᠮ ᠵᠢᠷᠤᠮ ᠤᠨ ᠭᠤᠣᠯᠯᠠᠭᠴᠢ | ᠦᠷᠳᠡᠭ ᠤᠨ ᠦᠵᠡᠯᠲᠡ ᠶᠢ ᠪᠠᠳᠠᠷᠠᠭᠤᠯᠤᠨ ᠦᠢᠯᠡᠳᠦᠯᠭᠡᠵᠢᠭᠦᠯᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢ | ᠥᠷᠭᠡᠳᠬᠡᠵᠦ᠂ ᠰᠢᠨ᠎ᠡ ᠴᠠᠭ ᠦᠶ᠎ᠡ ᠶᠢᠨ ᠲᠠᠷᠢᠶᠠᠴᠢᠨ ᠢ ᠬᠥᠮᠥᠵᠢᠭᠦᠯᠦᠨ᠎ᠡ᠃ ᠪᠣᠯᠪᠠᠰᠤᠨ ᠬᠥᠳᠡᠭᠡ ᠶᠢᠨ ᠰᠤᠷᠲᠠᠯ ᠤᠨ ᠪᠠᠶᠢᠭᠤᠯᠤᠯᠲᠠ ᠶᠢᠨ ᠢᠨᠵᠧᠨᠧᠷᠢᠩ ᠢ | ᠬᠡᠷᠡᠭᠵᠢᠭᠦᠯᠵᠦ᠂ ᠶᠣᠰᠣ ᠰᠤᠷᠲᠠᠬᠤᠨ ᠤ ᠰᠡᠬᠡᠭᠡᠷᠡᠭᠦᠯᠦᠯ ᠪᠣᠯᠣᠨ ᠤᠷᠮᠠᠰᠢᠭᠤᠯᠤᠯ ᠬᠢᠵᠠᠭᠠᠷᠯᠠᠯ ᠢ ᠴᠢᠩᠭᠠᠳᠬᠠᠵᠤ᠂ ᠬᠥᠳᠡᠭᠡ ᠲᠣᠰᠬᠤᠨ ᠤ ᠵᠠᠩ ᠳᠠᠳᠬᠠᠯ ᠢ | ᠥᠭᠡᠷᠡᠴᠢᠯᠡᠬᠦ ᠶᠢ ᠦᠷᠭᠦᠯᠵᠢᠯᠡᠨ ᠠᠬᠢᠭᠤᠯᠤᠨ᠎ᠠ᠃ ᠤᠯᠠᠮᠵᠢᠯᠠᠯᠲᠤ ᠠᠶᠢᠯ ᠲᠣᠰᠬᠤᠨ ᠢ ᠬᠠᠮᠠᠭᠠᠯᠠᠵᠤ ᠤᠯᠠᠮᠵᠢᠯᠠᠬᠤ ᠶᠢ ᠴᠢᠩᠭᠠᠳᠬᠠᠨ᠎ᠠ᠃ ᠳᠤᠮᠳᠠᠳᠤ ᠤᠯᠤᠰ ᠤᠨ | ᠤᠯᠠᠮᠵᠢᠯᠠᠯᠲᠤ ᠪᠠᠶᠠᠷ ᠤᠨ ᠡᠳᠦᠷ ᠤᠨ ᠬᠥᠭᠵᠢᠯ ᠮᠠᠨᠳᠤᠯ ᠢ ᠠᠬᠢᠭᠤᠯᠵᠤ᠂ ᠲᠠᠷᠢᠶᠠᠴᠢᠨ ᠢᠶᠠᠷ ᠭᠤᠣᠯ ᠴᠣᠭᠴᠠ ᠪᠤᠯᠭᠠᠵᠤ ᠳᠤᠮᠳᠠᠳᠤ ᠤᠯᠤᠰ ᠤᠨ ᠲᠠᠷᠢᠶᠠᠴᠢᠳ ᠤᠨ | ᠡᠯᠪᠡᠭ ᠬᠤᠷᠢᠶᠠᠯᠲᠠ ᠶᠢᠨ ᠪᠠᠶᠠᠷ ᠢ ᠰᠠᠶᠢᠲᠤᠷ ᠡᠷᠭᠢᠯᠡᠨ᠎ᠡ᠃ ᠲᠠᠷᠢᠶᠠᠯᠠᠬᠤ ᠰᠣᠶᠣᠯ ᠢ ᠤᠯᠠᠮᠵᠢᠯᠠᠨ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠲᠠᠷᠢᠶᠠᠯᠠᠩ ᠤᠨ | ᠰᠣᠶᠣᠯ ᠤᠨ ᠥᠪ ᠢ ᠠᠭᠤᠳᠠᠯᠤᠨ ᠡᠮᠬᠢᠳᠬᠡᠬᠦ ᠪᠠ ᠬᠠᠮᠠᠭᠠᠯᠠᠨ ᠠᠰᠢᠭᠯᠠᠬᠤ ᠶᠢ ᠴᠢᠩᠭᠠᠳᠬᠠᠨ᠎ᠠ᠃ ᠬᠥᠳᠡᠭᠡ ᠲᠣᠰᠬᠤᠨ ᠤ ᠣᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠦᠨ᠎ᠡ᠃ | ᠬᠥᠳᠡᠭᠡ ᠲᠣᠰᠬᠤᠨ ᠤ ᠤᠯᠠᠨ ᠲᠦᠮᠡᠨ ᠤ ᠤᠳᠬ᠎ᠠ ᠤᠷᠠᠯᠢᠭ ᠢ ᠲᠡᠳᠬᠦᠨ ᠳᠡᠮᠵᠢᠬᠦ ᠲᠣᠭᠲᠠᠴᠠ ᠶᠢ ᠲᠡᠭᠦᠯᠳᠡᠷᠵᠢᠭᠦᠯᠵᠦ᠂ ᠲᠠᠷᠢᠶᠠᠯᠠᠬᠤ ᠰᠣᠶᠣᠯ ᠤᠨ ᠤᠳᠬ᠎ᠠ | ᠠᠭᠤᠯᠭ᠎ᠠ ᠪᠣᠯᠣᠨ ᠦᠨᠦᠷ ᠠᠮᠲᠠ ᠪᠠᠷ ᠪᠢᠯᠬᠠᠮ᠎ᠠ᠂ ᠡᠶ᠎ᠡ ᠵᠣᠬᠢᠴᠠᠩᠭᠤᠢ ᠡᠪ ᠨᠠᠶᠢᠷᠲᠠᠢ ᠪᠥᠭᠡᠳ ᠭᠤᠸ᠎ᠠ ᠰᠠᠶᠢᠬᠠᠨ ᠢ ᠢᠯᠡᠷᠡᠭᠦᠯᠦᠭᠰᠡᠨ ᠬᠥᠳᠡᠭᠡ ᠲᠣᠰᠬᠤᠨ ᠤ | ᠰᠣᠶᠣᠯ ᠤᠨ ᠪᠦᠲᠦᠭᠡᠭᠳᠡᠬᠦᠨ ᠤ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ | ᠨᠠᠢᠮᠠ᠂ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠬᠤᠲᠠ ᠬᠥᠳᠡᠭᠡ ᠶᠢᠨ ᠵᠥᠷᠢᠶ᠎ᠡ ᠶᠢ ᠪᠠᠭᠠᠰᠬᠠᠨ᠎ᠠ | ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠭᠤᠣᠯ ᠡᠭᠦᠷᠭᠡ | ᠪᠤᠯᠭᠠᠬᠤ ᠶᠢ ᠪᠠᠷᠢᠮᠲᠠᠯᠠᠵᠤ᠂ ᠨᠡᠩ ᠤᠯᠠᠨ ᠡᠬᠢ ᠪᠠᠶᠠᠯᠢᠭ ᠢ ᠠᠵᠤ ᠦᠢᠯᠡᠰ ᠠᠵᠢᠯ ᠣᠯᠭᠤᠯᠲᠠ ᠳᠡᠭᠡᠷ᠎ᠡ ᠲᠣᠬᠢᠷᠠᠭᠤᠯᠵᠤ᠂ ᠠᠷᠠᠳ ᠤᠨ ᠠᠮᠢᠳᠤᠷᠠᠯ ᠤᠨ ᠠᠵᠠ | ᠵᠢᠷᠭᠠᠯ ᠢ ᠦᠨᠡᠨ ᠬᠦ ᠨᠡᠮᠡᠭᠳᠡᠭᠦᠯᠦᠨ᠎ᠡ᠃ | ︵ᠬᠤᠷᠢᠨ ᠭᠤᠷᠪᠠ︶ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠬᠤ ᠠᠷᠭ᠎ᠠ ᠵᠠᠮ ᠢ ᠥᠷᠭᠡᠳᠬᠡᠨ᠎ᠡ᠃ ᠰᠢᠶᠠᠨ ᠤ ᠬᠡᠪᠴᠢᠶᠡᠨ ᠤ ᠠᠷᠠᠳ ᠢ | ᠪᠠᠶᠠᠵᠢᠭᠤᠯᠬᠤ ᠠᠵᠤ ᠦᠢᠯᠡᠰ ᠢ ᠪᠤᠵᠠᠭᠠᠶᠢᠷᠠᠭᠤᠯᠤᠨ᠂ ᠰᠢᠶᠠᠨ ᠤ ᠬᠡᠪᠴᠢᠶᠡᠨ ᠤ ᠠᠵᠤ ᠦᠢᠯᠡᠰ ᠤᠨ ᠬᠥᠷᠰᠢ ᠵᠡᠷᠭᠡᠯᠡᠳᠡᠭᠡ ᠲᠣᠮᠣ ᠳᠤᠮᠳᠠ ᠬᠤᠲᠠ ᠶᠢᠨ ᠠᠵᠤ | ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠰᠢᠨ᠎ᠡ ᠶᠢ ᠡᠭᠦᠳᠬᠦ ᠬᠡᠯᠬᠢᠶ᠎ᠡ ᠳᠤ ᠲᠦᠷᠭᠡᠨ ᠠᠭᠤᠰᠤᠯᠴᠠᠬᠤ ᠶᠢ ᠠᠬᠢᠭᠤᠯᠵᠤ᠂ ᠭᠦᠳᠡᠯᠮᠦᠷᠢ ᠨᠢᠭᠲᠠᠷᠠᠭᠰᠠᠨ | ᠭᠡᠯᠪᠡᠷᠢ ᠶᠢᠨ ᠠᠵᠤ ᠦᠢᠯᠡᠰ ᠤᠨ ᠱᠠᠲᠤᠯᠢᠭ ᠢᠶᠠᠷ ᠰᠢᠶᠠᠨ ᠤ ᠬᠡᠪᠴᠢᠶ᠎ᠡ ᠲᠡᠶᠢᠰᠢ ᠰᠢᠯᠵᠢᠭᠦ ᠶᠢ ᠬᠥᠲᠥᠯᠥᠨ ᠵᠢᠯᠣᠭᠤᠳᠤᠨ᠎ᠠ᠃ ᠲᠠᠷᠢᠶᠠᠯᠠᠩ ᠳᠤ ᠬᠤᠯᠪᠣᠭᠳᠠᠬᠤ ᠶᠡᠭᠡ | ᠳᠡᠭᠡᠳᠦ ᠰᠤᠷᠭᠠᠭᠤᠯᠢ᠂ ᠠᠵᠤ ᠠᠬᠤᠶᠢᠯᠠᠯ ᠤᠨ ᠴᠢᠨᠠᠷ ᠰᠠᠶᠢᠲᠠᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠰᠠᠶᠢᠲᠤᠷ ᠡᠷᠭᠢᠯᠡᠭᠦ ᠶᠢ ᠳᠡᠮᠵᠢᠵᠦ᠂ | ᠬᠥᠯᠥᠰᠦᠨ ᠠᠵᠢᠯᠴᠢᠨ ᠤ ᠪᠠᠴᠢᠮ ᠬᠡᠷᠡᠭᠴᠡᠭᠡ ᠲᠠᠢ ᠲᠤᠲᠠᠭᠳᠠᠵᠤ ᠪᠠᠶᠢᠭ᠎ᠠ ᠠᠵᠢᠯ ᠮᠡᠷᠭᠡᠵᠢᠯ ᠤᠨ ᠲᠤᠰᠬᠠᠢ ᠪᠣᠯᠪᠠᠰᠤᠷᠠᠯ ᠢ ᠥᠷᠨᠢᠭᠦᠯᠬᠦ ᠶᠢ ᠵᠣᠷᠢᠭᠵᠢᠭᠤᠯᠵᠤ᠂ | ᠣᠷᠣᠨ ᠪᠦᠰᠡ ᠠᠯᠤᠰᠯᠠᠨ ᠠᠵᠢᠯ ᠣᠯᠭᠤᠬᠤ ᠦᠢᠯᠡᠴᠢᠯᠡᠭᠡᠨ ᠤ ᠲᠣᠭᠲᠠᠴᠠ ᠶᠢ ᠪᠦᠷᠢᠨᠰᠢᠭᠦᠯᠵᠦ᠂ ᠣᠷᠣᠨ ᠪᠦᠰᠡ ᠶᠢᠨ ᠭᠦᠳᠡᠯᠮᠦᠷᠢ ᠦᠢᠯᠡᠴᠢᠯᠡᠭᠡᠨ ᠤ | ᠬᠠᠮᠵᠢᠯᠴᠠᠭᠠᠨ ᠤ ᠲᠠᠪᠴᠠᠩ ᠢ ᠪᠠᠶᠢᠭᠤᠯᠵᠤ᠂ ᠲᠠᠷᠢᠶᠠᠴᠢᠳ ᠤᠨ ᠠᠵᠢᠯ ᠣᠯᠵᠤ ᠠᠵᠢᠯ ᠤᠨ ᠪᠠᠶᠢᠷᠢ ᠪᠠᠨ ᠥᠷᠭᠡᠳᠬᠡᠨ ᠣᠷᠣᠯᠭ᠎ᠠ ᠪᠠᠨ ᠨᠡᠮᠡᠭᠳᠡᠭᠦᠯᠬᠦ ᠶᠢ | ᠠᠬᠢᠭᠤᠯᠤᠨ᠎ᠠ᠃ ᠬᠥᠳᠡᠭᠡ ᠲᠣᠰᠬᠤᠨ ᠤ ᠭᠡᠷ ᠪᠠᠶᠢᠰᠢᠩ ᠤᠨ ᠰᠠᠭᠤᠷᠢᠨ ᠭᠠᠵᠠᠷ ᠤᠨ ᠵᠢᠷᠤᠮᠵᠢᠬᠰᠠᠨ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠴᠢᠨ ᠡᠷᠦᠭᠡ ᠶᠢᠨ | ᠬᠠᠤᠯᠢ ᠶᠣᠰᠣᠨ ᠤ ᠣᠷᠣᠨ ᠰᠠᠭᠤᠴᠠ ᠪᠠᠨ ᠲᠦᠷᠢᠶᠡᠰᠦᠯᠡᠭᠦᠯᠬᠦ᠂ ᠬᠤᠪᠢ ᠣᠷᠣᠭᠤᠯᠬᠤ᠂ ᠬᠤᠷᠰᠢᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ᠠᠮᠢᠳᠤᠯᠢᠭᠵᠢᠭᠤᠯᠤᠨ ᠠᠰᠢᠭᠯᠠᠬᠤ ᠶᠢ ᠵᠥᠪᠰᠢᠶᠡᠷᠡᠨ᠎ᠡ᠃ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠥᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠠᠬᠢᠭᠤᠯᠵᠤ᠂ ᠭᠠᠵᠠᠷ ᠰᠢᠷᠣᠢ ᠶᠢᠨ ᠦᠷᠳᠡᠭ ᠨᠡᠮᠡᠭᠳᠡᠯ ᠤᠨ ᠠᠰᠢᠭ | ᠣᠷᠣᠯᠭ᠎ᠠ ᠶᠢ ᠬᠤᠪᠢᠶᠠᠷᠢᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠪᠡᠯᠡ ᠮᠥᠩᠭᠦ ᠴᠤᠭᠯᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠦᠨᠳᠦᠰᠦᠨ ᠨᠠᠰᠤᠵᠢᠯ ᠤᠨ ᠳᠠᠭᠠᠳᠬᠠᠯ ᠤᠨ ᠳᠦᠷᠢᠮ ᠤᠨ ᠬᠥᠳᠡᠭᠡ | ᠲᠣᠰᠬᠤᠨ ᠤ ᠪᠦᠭᠦ ᠰᠠᠭᠤᠭᠠᠯᠢ ᠠᠷᠠᠳ ᠢ ᠬᠠᠮᠤᠷᠬᠤ ᠶᠢ ᠠᠬᠢᠭᠤᠯᠬᠤ ᠶᠢᠨ ᠬᠠᠮᠲᠤ ᠰᠠᠭᠤᠷᠢ ᠨᠠᠰᠤᠵᠢᠯ ᠤᠨ ᠮᠥᠩᠭᠦ ᠶᠢᠨ ᠪᠠᠷᠢᠮᠵᠢᠶ᠎ᠠ ᠶᠢ ᠴᠠᠭ ᠲᠤᠨᠢ ᠲᠣᠬᠢᠷᠠᠭᠤᠯᠤᠨ | ᠳᠡᠭᠡᠭᠰᠢᠯᠡᠭᠦᠯᠵᠦ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠲᠣᠭᠲᠠᠭᠠᠬᠤ ᠪᠠ ᠬᠥᠳᠡᠯᠦᠩᠭᠦᠢ ᠲᠣᠬᠢᠷᠠᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ | ︵ᠬᠤᠷᠢᠨ ᠳᠥᠷᠪᠡ︶ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ᠂ ᠰᠢᠨ᠎ᠡ | ᠭᠡᠯᠪᠡᠷᠢ ᠶᠢᠨ ᠬᠤᠲᠠ ᠪᠠᠯᠭᠠᠰᠤᠵᠢᠯᠲᠠ ᠪᠣᠯᠣᠨ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ | ᠬᠤᠲᠠ ᠬᠥᠳᠡᠭᠡ ᠶᠢᠨ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠵᠠᠰᠠᠯᠲᠠ ᠶᠢᠨ ᠠᠭᠤᠰᠤᠯᠴᠠᠯ ᠤᠨ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠦᠨ᠎ᠡ᠃ | ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠯ ᠲᠣᠭᠲᠠᠴᠠ ᠪᠠ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠤᠲᠠ | ᠬᠥᠳᠡᠭᠡ ᠶᠢᠨ ᠡᠯᠧᠮᠧᠨ᠋ᠲ ᠤᠨ ᠡᠷᠬᠡ ᠲᠡᠭᠰᠢ ᠪᠠᠷ ᠰᠣᠯᠢᠯᠴᠠᠬᠤ᠂ ᠬᠤᠣᠰ ᠴᠢᠭᠯᠡᠯ ᠢᠶᠠᠷ ᠰᠢᠯᠵᠢᠭᠦ ᠶᠢ ᠠᠬᠢᠭᠤᠯᠵᠤ᠂ ᠣᠯᠠᠨ ᠨᠡᠶᠢᠲᠡ ᠶᠢᠨ ᠡᠬᠢ ᠪᠠᠶᠠᠯᠢᠭ ᠢ | ᠲᠡᠩᠴᠡᠭᠦᠷᠢᠲᠡᠢ ᠲᠣᠬᠢᠷᠠᠭᠤᠯᠬᠤ ᠶᠢ ᠠᠬᠢᠭᠤᠯᠤᠨ᠎ᠠ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠬᠢᠭᠡᠳ ᠮᠥᠩᠭᠦᠨ ᠭᠦᠢᠯᠭᠡᠭᠡᠨ᠂ ᠨᠡᠶᠢᠭᠡᠮ ᠤᠨ | ᠣᠷᠣᠭᠤᠯᠤᠯᠲᠠ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠭᠦᠯᠵᠦ᠂ ᠭᠠᠵᠠᠷ ᠰᠢᠷᠣᠢ ᠶᠢ ᠬᠢᠮᠳᠠ ᠦᠨ᠎ᠡ ᠪᠠᠷ ᠬᠤᠳᠠᠯᠳᠤᠭᠰᠠᠨ ᠣᠷᠣᠯᠭ᠎ᠠ ᠶᠢᠨ | ᠲᠠᠷᠢᠶᠠᠯᠠᠩ ᠬᠥᠳᠡᠭᠡ ᠲᠣᠰᠬᠤᠨ ᠳᠤ ᠬᠡᠷᠡᠭᠯᠡᠬᠦ ᠬᠠᠷᠢᠴᠠᠯ ᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠬᠤᠳᠠ ᠬᠥᠳᠡᠭᠡ ᠶᠢᠨ ᠨᠢᠭᠡᠳᠦᠯᠲᠡᠢ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠵᠠᠬ᠎ᠠ ᠳᠡᠯᠭᠡᠭᠦᠷ ᠢ ᠪᠠᠶᠢᠭᠤᠯᠵᠤ᠂ ᠰᠢᠶᠠᠨ ᠰᠢᠶᠠᠩ ᠤᠨ ᠱᠠᠲᠤᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ | ᠵᠠᠢ ᠶᠢᠨ ᠲᠥᠯᠦᠪᠵᠢᠭᠦᠯᠭᠡ ᠶᠢ ᠰᠢᠨ᠎ᠡ ᠪᠠᠷ ᠨᠠᠶᠢᠷᠠᠭᠤᠯᠬᠤ ᠳᠠᠭᠠᠨ 10% ᠠᠴᠠ ᠳᠣᠣᠷ᠎ᠠ ᠦᠭᠡᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠵᠢᠭᠠᠯᠲᠠ | ᠲᠤᠭ᠎ᠠ ᠶᠢ ᠲᠠᠷᠢᠶᠠᠯᠠᠩ ᠬᠥᠳᠡᠭᠡ ᠲᠣᠰᠬᠤᠨ ᠳᠤ ᠲᠣᠬᠢᠷᠠᠭᠤᠯᠵᠤ ᠬᠡᠷᠡᠭᠯᠡᠨ᠎ᠡ᠃ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠬᠤᠳᠠ ᠶᠢᠨ ᠠᠷᠠᠳ ᠪᠤᠯᠭᠠᠬᠤ | ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠪᠠᠶᠢᠩᠭᠤ ᠰᠠᠭᠤᠭ᠎ᠠ ᠭᠠᠵᠠᠷ ᠠᠴᠠ ᠡᠷᠣᠭᠡ ᠠᠮᠠ ᠳᠠᠩᠰᠠᠯᠠᠵᠥ ᠦᠨᠳᠦᠰᠦᠨ | ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠳᠦᠷᠢᠮ ᠢ ᠬᠡᠷᠡᠭᠵᠢᠭᠦᠯᠵᠦ᠂ ᠨᠥᠬᠦᠴᠡᠯ ᠳᠤ ᠨᠡᠶᠢᠴᠡᠬᠦ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢᠨ | ᠨᠡᠶᠢᠭᠡᠮ ᠤᠨ ᠳᠠᠭᠠᠳᠬᠠᠯ᠂ ᠣᠷᠣᠨ ᠰᠠᠭᠤᠴᠠ ᠶᠢᠨ ᠪᠠᠲᠤᠯᠠᠭ᠎ᠠ᠂ ᠲᠠᠭᠠᠵᠥ ᠨᠡᠭᠦᠭᠰᠡᠨ ᠦᠷ᠎ᠡ ᠬᠡᠦᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠵᠡᠷᠭᠡ ᠳᠤ | ᠨᠡᠭᠦᠵᠦ ᠣᠴᠢᠭᠰᠠᠨ ᠭᠠᠵᠠᠷ ᠤᠨ ᠡᠷᠣᠭᠡ ᠠᠮᠠ ᠶᠢᠨ ᠳᠠᠩᠰᠠ ᠶᠢᠨ ᠬᠥᠮᠥᠨ ᠠᠮᠠ ᠯᠤᠭ᠎ᠠ ᠠᠳᠠᠯᠢ ᠲᠡᠭᠰᠢ ᠡᠷᠬᠡ ᠡᠳ᠋ᠯᠡᠬᠦ ᠶᠢ ᠠᠬᠢᠭᠤᠯᠤᠨ᠎ᠠ᠃ ᠰᠢᠶᠠᠨ ᠤ | ᠬᠡᠪᠴᠢᠶ᠎ᠡ ᠶᠢ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠴᠢᠬᠤᠯᠠ ᠭᠠᠷᠳᠠᠴᠠ ᠪᠤᠯᠭᠠᠵᠤ᠂ ᠬᠤᠲᠠ ᠬᠥᠳᠡᠭᠡ ᠶᠢᠨ ᠵᠠᠮ ᠬᠠᠷᠢᠯᠴᠠᠭᠠᠨ ᠤ ᠵᠠᠮ ᠢ | ᠬᠤᠯᠪᠣᠬᠤ᠂ ᠴᠠᠭᠢᠯᠭᠠᠨ ᠬᠠᠩᠭᠠᠬᠤ ᠲᠣᠣᠷ ᠰᠦᠯᠵᠢᠶ᠎ᠡ ᠶᠢ ᠬᠤᠯᠪᠣᠯᠳᠤᠭᠤᠯᠬᠤ᠂ ᠠᠶᠠᠨᠴᠢᠳ ᠤᠨ ᠵᠥᠭᠡᠭᠡᠪᠦᠷᠢ ᠪᠠᠷᠠᠭᠠᠨ ᠤ ᠭᠦᠢᠯᠭᠡᠭᠡ ᠶᠢ ᠨᠢᠭᠡ | ᠴᠣᠭᠴᠠᠵᠢᠭᠤᠯᠬᠤ ᠶᠢ ᠠᠬᠢᠭᠤᠯᠵᠤ᠂ ᠬᠤᠲᠠ ᠬᠥᠳᠡᠭᠡ ᠶᠢᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠪᠠᠷᠢᠮᠵᠢᠶ᠎ᠠ ᠶᠢ ᠨᠢᠭᠡᠳᠬᠡᠬᠦ᠂ ᠳᠦᠷᠢᠮ ᠢ | ᠨᠢᠭᠡᠳᠬᠡᠬᠦ ᠶᠢ ᠠᠬᠢᠭᠤᠯᠤᠨ᠎ᠠ᠃ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ | ᠬᠡᠷᠡᠭᠯᠡᠭᠡᠨ ᠤ ᠳᠠᠯᠳᠠ ᠬᠦᠴᠦᠨ ᠢ ᠠᠭᠤᠳᠠᠯᠠᠨ᠎ᠠ᠃ | ︵ᠬᠤᠷᠢᠨ ᠲᠠᠪᠤ︶ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠪᠠ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠤ ᠳᠣᠲᠣᠭᠠᠳᠤ ᠬᠥᠭᠵᠢᠯᠲᠡ ᠶᠢᠨ | ᠬᠥᠳᠡᠯᠭᠡᠬᠦ ᠬᠦᠴᠦᠨ ᠢ ᠴᠢᠩᠭᠠᠷᠠᠭᠤᠯᠤᠨ᠎ᠠ᠃ ᠬᠥᠳᠡᠭᠡ ᠲᠣᠰᠬᠤᠨ ᠤ ᠬᠥᠮᠥᠨ ᠠᠮᠠ ᠶᠢ ᠬᠠᠮᠤᠷᠤᠭᠰᠠᠨ ᠳᠠᠭᠢᠨ ᠶᠠᠳᠠᠭᠤᠷᠠᠬᠤ ᠪᠠ ᠶᠠᠳᠠᠭᠤᠷᠠᠬᠤ ᠶᠢ ᠰᠡᠷᠭᠡᠶᠢᠯᠡᠬᠦ | ᠪᠠᠶᠢᠩᠭᠤᠵᠢᠭᠰᠠᠨ ᠲᠣᠭᠲᠠᠴᠠ ᠶᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ ᠪᠣᠯᠣᠨ ᠬᠥᠭᠵᠢᠭᠡᠳᠦᠢ ᠭᠠᠵᠠᠷ ᠣᠷᠣᠨ ᠤ | ᠱᠠᠲᠤ ᠬᠤᠪᠢᠶᠠᠨ ᠲᠦᠷᠦᠯ ᠬᠤᠪᠢᠶᠠᠨ ᠬᠠᠪᠰᠤᠷᠤᠨ ᠲᠡᠳᠬᠦᠬᠦ ᠳᠦᠷᠢᠮ ᠢ ᠪᠠᠶᠢᠭᠤᠯᠤᠨ᠎ᠠ᠃ ᠪᠠᠬᠢᠵᠢᠭᠦᠯᠬᠦ᠂ ᠳᠡᠰ ᠳᠡᠪᠰᠢᠭᠦᠯᠬᠦ᠂ ᠠᠮᠢᠳᠤᠯᠢᠭᠵᠢᠭᠤᠯᠬᠤ᠂ | ᠲᠣᠬᠢᠷᠠᠭᠤᠯᠬᠤ ᠵᠠᠷᠴᠢᠮ ᠶᠣᠰᠣᠭᠠᠷ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠬᠠᠪᠰᠤᠷᠤᠨ ᠲᠡᠳᠬᠦᠬᠦ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ᠂ ᠪᠤᠶᠢᠵᠢᠯᠲᠠ ᠶᠢᠨ ᠴᠢᠨᠠᠷ ᠢᠶᠠᠷ ᠰᠠᠶᠢᠨ᠂ ᠳᠠᠶᠢᠴᠢᠯᠠᠬᠤ ᠬᠦᠴᠦᠨ ᠢᠶᠠᠷ ᠴᠢᠩᠭ᠎ᠠ ᠬᠠᠪᠰᠤᠷᠤᠨ ᠲᠡᠳᠬᠦᠬᠦ ᠠᠵᠤ ᠦᠢᠯᠡᠰ ᠤᠨ | ᠰᠢᠰᠲ᠋ᠧᠮ ᠢ ᠪᠠᠶᠢᠭᠤᠯᠵᠤ᠂ ᠲᠠᠷᠢᠶᠠᠯᠠᠩ ᠢ ᠬᠤᠯᠪᠤᠭᠠᠯᠠᠨ ᠲᠠᠷᠢᠶᠠᠯᠠᠩ ᠢ ᠳᠠᠶᠢᠴᠢᠯᠠᠵᠤ ᠲᠠᠷᠢᠶᠠᠴᠢᠳ ᠢ ᠪᠠᠶᠠᠵᠢᠭᠤᠯᠬᠤ ᠠᠵᠤ ᠦᠢᠯᠡᠰ ᠢ ᠬᠥᠭᠵᠢᠭᠦᠯᠬᠦ ᠶᠢ ᠲᠥᠪ ᠤᠨ | ᠡᠳ᠋ ᠤᠨ ᠵᠠᠰᠠᠭ ᠤᠨ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠦᠷᠢ ᠶᠢᠨ ᠪᠡᠯᠡ ᠮᠥᠩᠭᠦ ᠶᠢ ᠤᠷᠢᠳ ᠢᠶᠠᠷ | ᠳᠡᠮᠵᠢᠬᠦ ᠠᠭᠤᠯᠭ᠎ᠠ ᠪᠣᠯᠭᠠᠨ᠎ᠠ᠃ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ | ᠲᠦᠷᠭᠡᠳᠬᠡᠨ ᠨᠥᠬᠦᠪᠦᠷᠢᠯᠡᠵᠦ᠂ ᠠᠵᠤ ᠦᠢᠯᠡᠰ ᠤᠨ ᠬᠥᠭᠵᠢᠯᠲᠡ ᠳᠤ ᠬᠡᠷᠡᠭᠰᠡᠬᠦ ᠢᠵᠢ ᠪᠦᠷᠢᠳᠦᠭᠦᠯᠬᠦ ᠲᠥᠬᠦᠭᠡᠷᠦᠮᠵᠢ ᠶᠢ ᠤᠷᠢᠳ ᠢᠶᠠᠷ ᠪᠠᠶᠢᠷᠢᠰᠢᠭᠤᠯᠤᠨ᠎ᠠ᠃ | ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠳᠤ ᠬᠠᠨᠳᠤᠭᠤᠯᠤᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠥᠭᠵᠢᠭᠦᠯᠵᠦ᠂ ︽ᠬᠤᠷ᠎ᠠ ᠪᠣᠷᠣᠭᠠᠨ | ᠲᠥᠯᠥᠪᠯᠡᠭᠡ +︾ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠲᠥᠪ ᠤᠨ ᠪᠠᠶᠢᠭᠤᠯᠭ᠎ᠠ ᠨᠢᠭᠡᠴᠢ ᠶᠢᠨ ᠴᠡᠭ ᠲᠣᠭᠲᠠᠭᠠᠨ | ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ︽ᠲᠦᠮᠡᠨ ᠠᠵᠤ | ᠠᠬᠤᠶᠢᠯᠠᠯ ᠲᠦᠮᠡᠨ ᠲᠣᠰᠬᠤᠨ ᠢ ᠬᠥᠭᠵᠢᠭᠦᠯᠬᠦ︾ ᠠᠵᠢᠯᠯᠠᠭ᠎ᠠ ᠶᠢ ᠠᠬᠢᠭᠤᠯᠤᠨ᠎ᠠ᠃ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠢ ᠲᠥᠪᠯᠡᠷᠡᠭᠦᠯᠦᠨ ᠳᠡᠮᠵᠢᠵᠦ᠂ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠭᠰᠡᠨ ᠤ ᠳᠠᠷᠠᠭᠠᠬᠢ | ᠲᠡᠳᠬᠦᠮᠵᠢ ᠶᠢ ᠴᠢᠩᠭᠠᠳᠬᠠᠨ᠎ᠠ᠃ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠬᠢ ᠤᠯᠤᠰ ᠤᠨ ᠣᠷᠣᠭᠤᠯᠤᠯᠲᠠ ᠶᠢᠨ ᠡᠳ᠋ ᠬᠥᠷᠥᠩᠭᠡ ᠪᠣᠯᠵᠤ ᠪᠦᠷᠢᠯᠳᠦᠭᠦᠯᠬᠦ ᠤᠷᠲᠤ | ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ᠎ᠡ᠃ | ᠶᠢᠰᠦ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠬᠤ ᠳᠤ ᠡᠷᠬᠡᠪᠰᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠵᠤ᠂ ᠨᠠᠮ ᠤᠨ ᠤᠳᠤᠷᠢᠳᠤᠯᠭ᠎ᠠ ᠶᠢ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠡᠯ᠎ᠡ ᠬᠦᠷᠢᠶ᠎ᠡ ᠡᠯ᠎ᠡ ᠭᠤᠭᠴᠤᠭ᠎ᠠ ᠳᠤ | ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ | ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠤᠨ | ᠪᠦᠲᠦᠭᠡᠨ ᠪᠠᠶᠢᠭᠤᠯᠤᠯᠲᠠ ᠶᠢ ᠡᠳᠦᠷ ᠲᠤᠳᠤᠮ ᠤᠨ ᠴᠢᠬᠤᠯᠠ ᠵᠥᠪᠯᠡᠬᠦ ᠵᠦᠢᠯ᠂ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ | ᠲᠥᠯᠦᠪᠵᠢᠭᠦᠯᠭᠡ ᠵᠡᠷᠭᠡ ᠳᠤ ᠣᠷᠣᠭᠤᠯᠵᠤ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠡᠭᠦᠷᠭᠡ | ᠲᠠᠰᠤᠷᠠᠯᠳᠠ ᠦᠭᠡᠢ ᠪᠣᠳᠠᠲᠤ ᠠᠬᠢᠴᠠ ᠲᠠᠢ ᠪᠤᠯᠬᠤ ᠶᠢ ᠪᠠᠲᠤᠯᠠᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠥᠷᠥ ᠶᠢᠨ ᠪᠣᠳᠣᠯᠭ᠎ᠠ ᠶᠢᠨ | ᠬᠠᠮᠵᠢᠯᠴᠠᠭ᠎ᠠ ᠪᠠᠨ ᠴᠢᠩᠭᠠᠳᠬᠠᠵᠤ᠂ ᠲᠥᠯᠦᠪᠵᠢᠭᠦᠯᠭᠡ᠂ ᠲᠥᠷᠥᠯ ᠵᠦᠢᠯ᠂ ᠪᠡᠯᠡ ᠮᠥᠩᠭᠦ᠂ ᠬᠦᠴᠦᠨ ᠵᠦᠢᠯ ᠤᠨ ᠬᠤᠭᠤᠷᠣᠨᠳᠣᠭᠢ ᠪᠦᠲᠦᠮᠵᠢᠲᠡᠶ | ᠵᠣᠯᠭᠠᠭᠤᠯᠤᠯᠲᠠ ᠶᠢ ᠴᠢᠩᠭᠠᠷᠠᠭᠤᠯᠤᠨ᠂ ᠳᠠᠪᠬᠤᠷᠳᠠᠭᠤᠯᠤᠨ ᠪᠦᠲᠦᠭᠡᠨ ᠪᠠᠶᠢᠭᠤᠯᠬᠤ ᠠᠴᠠ ᠵᠠᠶᠢᠯᠠᠰᠬᠢᠬᠦ ᠬᠡᠷᠡᠭᠲᠡᠢ᠃ ᠲᠤᠰ ᠲᠥᠯᠦᠪᠵᠢᠭᠦᠯᠭᠡ ᠳᠤ ᠲᠣᠭᠲᠠᠭᠠᠭᠰᠠᠨ | ᠴᠢᠬᠤᠯᠠ ᠶᠡᠭᠡ ᠡᠭᠦᠷᠭᠡ ᠪᠠ ᠴᠢᠬᠤᠯᠠ ᠶᠡᠭᠡ ᠢᠨᠵᠧᠨᠧᠷᠢᠩ ᠤᠨ ᠲᠦᠷᠦᠯ ᠵᠦᠢᠯ ᠨᠢ ᠭᠠᠵᠠᠷ ᠰᠢᠷᠣᠢ ᠶᠢᠨ ᠬᠠᠩᠭᠠᠯᠭ᠎ᠠ ᠶᠢ ᠤᠷᠢᠳ ᠢᠶᠠᠷ ᠪᠠᠲᠤᠯᠠᠨ᠎ᠠ᠃ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠵᠦ᠂ ᠣᠯᠠᠨ ᠲᠠᠰ ᠳᠠᠪᠬᠤᠷᠭ᠎ᠠ ᠶᠢᠨ ᠲᠠᠷᠢᠶᠠᠯᠠᠩ ᠤᠨ ᠳᠠᠭᠠᠳᠬᠠᠯ ᠢ ᠬᠥᠭᠵᠢᠭᠦᠯᠵᠦ᠂ ᠬᠥᠳᠡᠭᠡ ᠠᠵᠤ ᠠᠬᠤᠢ ᠶᠢᠨ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠵᠠᠩᠭᠢᠯᠠᠭ᠎ᠠ ᠶᠢᠨ ᠬᠦᠷᠢᠶ᠎ᠡ ᠪᠠ ᠪᠠᠭᠤᠷᠠᠢ ᠭᠤᠭᠴᠤᠭ᠎ᠠ ᠶᠢ ᠭᠤᠣᠯᠳᠠᠯᠭ᠎ᠠ ᠲᠠᠢ ᠳᠡᠮᠵᠢᠨ᠎ᠡ᠃ | ᠲᠠᠷᠢᠶᠠᠯᠠᠩ ᠳᠤ ᠬᠤᠯᠪᠣᠭᠳᠠᠬᠤ ᠺᠠᠳ᠋ᠷ ᠤᠨ ᠪᠣᠯᠪᠠᠰᠤᠷᠠᠯ ᠢ ᠴᠢᠩᠭᠠᠳᠬᠠᠵᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ | ᠴᠢᠳᠠᠪᠤᠷᠢ ᠶᠢ ᠳᠡᠭᠡᠭᠰᠢᠯᠡᠭᠦᠯᠵᠦ᠂ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ᠂ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠳᠤ ᠵᠣᠬᠢᠴᠠᠭᠰᠠᠨ᠂ ᠬᠥᠳᠡᠭᠡ ᠠᠵᠤ | ᠠᠬᠤᠢ ᠶᠢᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ ᠴᠢᠳᠠᠪᠤᠷᠢ ᠲᠠᠢ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ | ᠤ ᠺᠠᠳ᠋ᠷ ᠤᠨ ᠡᠩᠨᠡᠭᠡ ᠶᠢ ᠪᠠᠶᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠢ ᠳᠡᠮᠵᠢᠬᠦ ᠲᠥᠯᠥᠪᠯᠡᠭᠡ ᠶᠢ ᠬᠡᠷᠡᠭᠵᠢᠭᠦᠯᠵᠦ᠂ | ᠲᠤᠰ ᠭᠠᠵᠠᠷ ᠣᠷᠣᠨ ᠳᠠᠭᠠᠨ ᠬᠥᠮᠥᠵᠢᠭᠦᠯᠬᠦ ᠪᠠ ᠭᠠᠳᠠᠨ᠎ᠠ ᠠᠴᠠ ᠣᠷᠣᠭᠤᠯᠤᠨ ᠠᠪᠴᠢᠷᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠶᠡᠭᠡ ᠳᠡᠭᠡᠳᠦ | ᠰᠤᠷᠭᠠᠭᠤᠯᠢ ᠶᠢᠨ ᠬᠥᠳᠡᠭᠡ ᠠᠵᠤ ᠠᠬᠤᠢ ᠳᠤ ᠬᠤᠯᠪᠣᠭᠳᠠᠬᠤ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠲᠦᠪᠰᠢᠨ ᠢ ᠳᠡᠭᠡᠭᠰᠢᠯᠡᠭᠦᠯᠵᠦ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠴᠢᠳᠠᠪᠤᠷᠢᠲᠠᠨ ᠤ | ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠦᠨ᠎ᠡ᠃ ᠬᠥᠳᠡᠭᠡ ᠠᠵᠤ ᠠᠬᠤᠢ ᠬᠥᠳᠡᠭᠡ ᠲᠣᠰᠬᠤᠨ ᠤ ᠬᠠᠤᠯᠢ ᠴᠠᠭᠠᠵᠠ ᠶᠢᠨ ᠵᠢᠷᠤᠮᠵᠢᠯ ᠤᠨ ᠰᠢᠰᠲ᠋ᠧᠮ ᠢ ᠪᠠᠶᠢᠭᠤᠯᠤᠨ | ᠲᠡᠭᠦᠯᠳᠡᠷᠵᠢᠭᠦᠯᠦᠨ᠎ᠡ᠃ ᠵᠡᠭᠦᠨ ᠬᠡᠰᠡᠭ ᠤᠨ ᠳᠠᠯᠠᠶ ᠳᠠᠭᠠᠤ ᠬᠥᠭᠵᠢᠭᠰᠡᠨ ᠭᠠᠵᠠᠷ ᠣᠷᠣᠨ ᠤ ᠨᠥᠬᠦᠴᠡᠯ ᠲᠠᠢ ᠮᠤᠵᠢ ᠶᠢᠨ ᠬᠥᠳᠡᠭᠡ ᠠᠵᠤ ᠠᠬᠤᠢ ᠶᠢᠨ ᠬᠦᠴᠦᠷᠬᠡᠭ | ᠮᠤᠵᠢ ᠶᠢ ᠤᠷᠢᠳ ᠢᠶᠠᠷ ᠪᠠᠶᠢᠭᠤᠯᠬᠤ ᠶᠢ ᠠᠬᠢᠭᠤᠯᠵᠤ᠂ ᠳᠤᠮᠳᠠ ᠪᠠ ᠪᠠᠷᠠᠭᠤᠨ ᠬᠡᠰᠡᠭ ᠤᠨ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠲᠦᠪᠰᠢᠨ | ᠢᠶᠠᠷ ᠨᠡᠯᠢᠶᠡᠳ ᠥᠨᠳᠥᠷ᠂ ᠡᠬᠢ ᠪᠠᠶᠠᠯᠢᠭ ᠤᠨ ᠨᠥᠬᠦᠴᠡᠯ ᠢᠶᠠᠷ ᠨᠡᠯᠢᠶᠡᠳ ᠰᠠᠶᠢᠨ ᠬᠤᠲᠠ ᠭᠠᠵᠠᠷ ᠢ ᠵᠣᠷᠢᠭᠵᠢᠭᠤᠯᠤᠨ ᠬᠥᠳᠡᠭᠡ ᠠᠵᠤ ᠠᠬᠤᠢ ᠶᠢᠨ ᠬᠦᠴᠦᠷᠬᠡᠭ | ᠬᠤᠲᠠ ᠶᠢ ᠲᠦᠷᠭᠡᠳᠬᠡᠨ ᠪᠦᠲᠦᠭᠡᠨ ᠪᠠᠶᠢᠭᠤᠯᠵᠤ᠂ ᠨᠥᠬᠦᠴᠡᠯ ᠲᠠᠢ ᠰᠢᠶᠠᠨ ︵ᠬᠤᠲᠠ᠂ ᠲᠣᠭᠤᠷᠢᠭ︶ ᠢ ᠬᠥᠲᠥᠯᠥᠨ ᠵᠢᠯᠤᠭᠤᠳᠴᠤ ᠪᠠᠶᠢᠭᠠᠳ ᠬᠥᠳᠡᠭᠡ ᠠᠵᠤ | ᠠᠬᠤᠢ ᠶᠢᠨ ᠬᠦᠴᠦᠷᠬᠡᠭ ᠰᠢᠶᠠᠨ ᠢ ᠲᠦᠷᠭᠡᠳᠬᠡᠨ ᠪᠦᠲᠦᠭᠡᠨ ᠪᠠᠶᠢᠭᠤᠯᠵᠤ᠂ ᠵᠦᠷᠢᠶᠡᠴᠢᠯᠡᠭᠰᠡᠨ᠂ ᠣᠨᠴᠠᠯᠢᠭᠲᠤ ᠬᠥᠭᠵᠢᠯᠲᠡ ᠶᠢᠨ ᠵᠠᠭᠪᠤᠷ ᠢ ᠲᠥᠷᠥᠯ ᠬᠤᠪᠢᠶᠠᠨ | ᠰᠦᠪᠡᠭᠴᠢᠯᠡᠨ᠎ᠡ᠃ ᠴᠢᠬᠤᠯᠠ ᠶᠡᠭᠡ ᠤᠴᠢᠷ ᠶᠠᠪᠤᠳᠠᠯ ᠢ ᠴᠠᠭ ᠲᠤᠬᠠᠢ ᠳᠤᠨᠢ ᠲᠡᠰ ᠳᠠᠷᠠᠭᠠᠯᠠᠯ ᠶᠣᠰᠣᠭᠠᠷ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ | ᠬᠤᠷᠢᠶ᠎ᠠ ᠠᠴᠠ ᠵᠢᠭᠠᠪᠤᠷᠢ ᠠᠪᠴᠤ ᠮᠡᠳᠡᠭᠦᠯᠦᠨ᠎ᠡ᠃ | ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 7 ᠤ ᠴᠠᠭᠢᠯᠭᠠᠨ ᠮᠡᠳᠡᠭᠡ |