ᠪᠦᠬᠦ ᠬᠤᠰᠢᠭᠤᠨ ᠤ ᠣᠢ ᠰᠢᠭᠤᠢ ᠨᠣᠲᠤᠭ ᠪᠡᠯᠴᠢᠭᠡᠷ ᠢ ᠰᠦᠢᠳᠬᠡᠵᠦ ᠬᠠᠤᠯᠢ ᠳᠦᠷᠢᠮ ᠠᠴᠠ ᠵᠦᠷᠢᠴᠡᠭᠰᠡᠨ ᠠᠵᠢᠯᠯᠠᠭᠠᠨ ᠤ ᠲᠦᠪᠯᠡᠷᠡᠩᠬᠦᠢ ᠴᠡᠭᠴᠡᠯᠡᠯᠲᠡ  ᠶᠢᠨ ᠠᠵᠢᠯ ᠤᠨ ᠠᠬᠢᠭᠤᠯᠤᠯᠲᠠ ᠶᠢᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2025/4/16
     ᠣᠢ ᠰᠢᠭᠤᠢ ᠨᠣᠲᠤᠭ ᠪᠡᠯᠴᠢᠭᠡᠷ ᠢ ᠰᠦᠢᠳᠬᠡᠵᠦ ᠬᠠᠣᠯᠢ ᠳᠦᠷᠢᠮ ᠠᠴᠠ ᠵᠦᠷᠢᠴᠡᠭᠰᠡᠨ ᠠᠵᠢᠯᠯᠠᠭᠠᠨ ᠤ ᠲᠦᠪᠯᠡᠷᠡᠩᠬᠦᠢ ᠴᠡᠭᠴᠡᠯᠡᠯᠲᠡ ᠶᠢ ᠯᠠᠪᠳᠠᠭᠤᠨ ᠪᠠᠲᠤᠲᠠᠢ ᠪᠠᠷ ᠠᠬᠢᠭᠤᠯᠵᠤ᠂ ᠣᠢ ᠰᠢᠭᠤᠢ ᠨᠣᠲᠤᠭ ᠪᠡᠯᠴᠢᠭᠡᠷ ᠢ ᠰᠦᠢᠳᠬᠡᠬᠦ ᠠᠵᠢᠯᠯᠠᠭ᠎ᠠ ᠶᠢ ᠡᠷᠡᠰ ᠬᠤᠷᠢᠭᠯᠠᠨ᠂ ᠲᠦᠪᠯᠡᠷᠡᠩᠬᠦᠢ ᠴᠡᠭᠴᠡᠯᠡᠯᠲᠡ ᠶᠢᠨ ᠶᠡᠷᠦᠩᠬᠡᠢ ᠳᠠᠶᠢᠨ᠂ ᠰᠢᠪᠲᠤᠯᠤᠯᠲᠠ ᠶᠢᠨ ᠠᠵᠢᠯᠯᠠᠭᠠᠨ ᠢ ᠡᠬᠢᠯᠡᠬᠦᠯᠬᠦ ᠶᠢᠨ ᠲᠤᠰᠠᠳᠠ 4 ᠰᠠᠷ᠎ᠠ ᠶᠢᠨ 15 ᠤ ᠡᠳᠦᠷ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠶᠠᠩ ᠶᠢᠩ ᠰᠢᠨ ᠬᠤᠷᠠᠯ ᠢ ᠡᠷᠬᠢᠯᠡᠨ ᠬᠤᠷᠠᠯᠳᠣᠭᠤᠯᠵᠣ᠂ ᠣᠢ ᠰᠢᠭᠤᠢ ᠨᠣᠲᠤᠭ ᠪᠡᠯᠴᠢᠭᠡᠷ ᠢ ᠰᠦᠢᠳᠬᠡᠵᠦ ᠬᠠᠣᠯᠢ ᠳᠦᠷᠢᠮ ᠠᠴᠠ ᠵᠦᠷᠢᠴᠡᠭᠰᠡᠨ ᠠᠵᠢᠯᠯᠠᠭᠠᠨ ᠤ ᠲᠦᠪᠯᠡᠷᠡᠩᠬᠦᠢ ᠴᠡᠭᠴᠡᠯᠡᠯᠲᠡ ᠶᠢᠨ ᠠᠵᠢᠯ ᠢ ᠲᠤᠰᠬᠠᠢ ᠰᠡᠳᠣᠪ ᠢᠶᠠᠷ ᠲᠤᠬᠢᠷᠠᠭᠤᠯᠪᠠ᠃     ᠬᠤᠷᠠᠯ ᠠᠴᠠ ᠣᠳᠣᠬᠠᠨ ᠤ ᠣᠢ ᠰᠢᠭᠤᠢ ᠨᠣᠲᠤᠭ ᠪᠡᠯᠴᠢᠭᠡᠷ ᠢ ᠰᠦᠢᠳᠬᠡᠵᠦ ᠬᠠᠣᠯᠢ ᠳᠦᠷᠢᠮ ᠠᠴᠠ ᠵᠦᠷᠢᠴᠡᠭᠰᠡᠨ ᠠᠵᠢᠯᠯᠠᠭᠠᠨ ᠤ ᠲᠦᠪᠯᠡᠷᠡᠩᠬᠦᠢ ᠴᠡᠭᠴᠡᠯᠡᠯᠲᠡ ᠶᠢᠨ ᠠᠵᠢᠯ ᠤᠨ ᠠᠬᠢᠴᠠ ᠶᠢ ᠨᠡᠶᠢᠲᠡᠯᠡᠵᠦ᠂ ᠣᠷᠣᠰᠢᠵᠦ ᠪᠠᠶᠢᠭ᠎ᠠ ᠠᠰᠠᠭᠤᠳᠠᠯ ᠢ ᠰᠣᠳᠣᠯᠣᠨ᠂ ᠲᠦᠪᠯᠡᠷᠡᠩᠬᠦᠢ ᠴᠡᠭᠴᠡᠯᠡᠯᠲᠡ ᠶᠢᠨ ᠠᠵᠢᠯ ᠢ ᠳᠠᠬᠢᠨᠲᠠ ᠪᠠᠶᠢᠷᠢᠯᠠᠭᠤᠯᠤᠨ ᠳᠠᠬᠢᠨᠲᠠ ᠴᠢᠬᠤᠯᠠᠴᠢᠯᠠᠨ ᠠᠬᠢᠭᠤᠯᠪᠠ᠃ᠶᠠᠩ ᠶᠢᠩ ᠰᠢᠨ ᠠᠴᠠ ᠣᠢ ᠰᠢᠭᠤᠢ ᠨᠣᠲᠤᠭ ᠪᠡᠯᠴᠢᠭᠡᠷ ᠢ ᠰᠦᠢᠳᠬᠡᠵᠦ ᠬᠠᠣᠯᠢ ᠳᠦᠷᠢᠮ ᠠᠴᠠ ᠵᠦᠷᠢᠴᠡᠭᠰᠡᠨ ᠠᠵᠢᠯᠯᠠᠭᠠᠨ ᠤ ᠲᠦᠪᠯᠡᠷᠡᠩᠬᠦᠢ ᠴᠡᠭᠴᠡᠯᠡᠯᠲᠡ ᠶᠢᠨ ᠴᠢᠬᠤᠯᠠ ᠴᠢᠨᠠᠷ ᠲᠤᠯᠭᠠᠮ᠎ᠠ ᠴᠢᠨᠠᠷ ᠢ ᠬᠦᠨᠵᠡᠬᠡᠢ ᠲᠠᠨᠢᠵᠦ᠂ ᠲᠤᠰ ᠲᠤᠰ ᠤᠨ ᠡᠬᠦᠷᠭᠡ ᠬᠠᠷᠢᠭᠤᠴᠠᠯᠭ᠎ᠠ ᠪᠠᠨ ᠬᠦᠢᠴᠡᠳᠬᠡᠨ᠂ ᠬᠠᠷᠢᠶ᠎ᠠ ᠭᠠᠵᠠᠷ ᠢᠶᠠᠨ ᠴᠢᠩᠭ᠎ᠠ ᠬᠠᠮᠢᠶᠠᠷᠴᠣ᠂ ᠡᠯ᠎ᠡ ᠲᠦᠷᠦᠯ ᠤᠨ ᠡᠬᠦᠷᠭᠡ ᠶᠢᠨ ᠨᠠᠶᠢᠲᠠᠪᠤᠷᠢᠵᠢᠭᠤᠯᠤᠯᠲᠠ ᠶᠢ ᠭᠤᠶᠢᠪᠢᠰᠢ ᠦᠬᠡᠢ ᠪᠤᠲᠠᠲᠠᠢ ᠰᠠᠶᠢᠲᠤᠷ ᠠᠳᠬᠤᠬᠤ ᠬᠡᠷᠡᠭᠲᠡᠢ᠃ ᠠᠰᠠᠭᠤᠳᠠᠯ ᠤᠨ ᠣᠳᠣᠷᠢᠳᠣᠮᠵᠢ᠂ ᠦᠷ᠎ᠡ ᠳ᠋ᠦᠩ ᠤᠨ ᠣᠳᠣᠷᠢᠳᠣᠮᠵᠢ ᠶᠢ ᠪᠠᠷᠢᠮᠲᠠᠯᠠᠨ᠂ ᠰᠢᠢᠳᠪᠦᠷᠢᠯᠡᠬᠦ ᠰᠡᠳᠬᠢᠬᠦᠢ ᠪᠠᠨ ᠪᠠᠲᠤᠳᠬᠠᠵᠤ᠂ ᠬᠠᠳᠠᠭᠠᠯᠠᠭᠳᠠᠴᠠ ᠪᠠᠨ ᠦᠬᠡᠶᠢᠰᠬᠡᠨ ᠨᠡᠮᠡᠭᠳᠡᠯ ᠢ ᠬᠢᠵᠠᠭᠠᠷᠯᠠᠨ᠂ ᠬᠠᠣᠯᠢ ᠳᠦᠷᠢᠮ ᠬᠤᠭᠤᠴᠠᠭ᠎ᠠ ᠶᠤᠰᠤᠭᠠᠷ ᠴᠡᠭᠴᠡᠯᠡᠨ ᠵᠠᠰᠠᠯᠲᠠ ᠶᠢ ᠪᠡᠶᠡᠯᠡᠬᠦᠯᠵᠦ᠂ ᠣᠢ ᠰᠢᠭᠤᠢ ᠨᠣᠲᠤᠭ ᠪᠡᠯᠴᠢᠭᠡᠷ ᠢ ᠰᠦᠢᠳᠬᠡᠵᠦ ᠬᠠᠣᠯᠢ ᠳᠦᠷᠢᠮ ᠠᠴᠠ ᠵᠦᠷᠢᠴᠡᠭᠰᠡᠨ ᠠᠵᠢᠯᠯᠠᠭᠠᠨ ᠤ ᠲᠦᠪᠯᠡᠷᠡᠩᠬᠦᠢ ᠴᠡᠭᠴᠡᠯᠡᠯᠲᠡ ᠶᠢᠨ ᠶᠡᠷᠦᠩᠬᠡᠢ ᠳᠠᠶᠢᠨ ᠤ ᠢᠯᠠᠯᠲᠠ ᠶᠢ ᠡᠷᠡᠰ ᠣᠯᠬᠤ ᠬᠡᠷᠡᠭᠲᠡᠢ᠃ ᠳᠡᠭᠡᠳᠦ ᠳᠣᠣᠷᠠᠲᠤ ᠱᠠᠲᠤ ᠬᠤᠯᠪᠤᠭᠠᠯᠠᠨ ᠬᠦᠳᠡᠯᠦᠯᠴᠡᠵᠦ ᠬᠠᠮᠲᠤᠷᠠᠨ ᠬᠦᠴᠦᠯᠡᠬᠦ ᠪᠠᠨ ᠴᠢᠩᠭᠠᠳᠬᠠᠨ᠂ ᠬᠠᠮᠲᠤᠷᠠᠨ ᠬᠠᠤᠯᠢ ᠬᠡᠷᠡᠭᠵᠢᠬᠦᠯᠬᠦ᠂ ᠬᠡᠷᠡᠭ ᠢ ᠨᠤᠲᠠᠯᠠᠬᠤ᠂ ᠲᠤᠯᠪᠤᠲᠤ ᠵᠢᠷᠤᠭ ᠢ ᠰᠢᠯᠵᠢᠬᠦᠯᠦᠨ ᠲᠤᠰᠢᠶᠠᠬᠤ ᠵᠡᠷᠭᠡ ᠲᠠᠯ᠎ᠠ ᠪᠠᠷ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠨ ᠨᠢᠭᠲᠠ ᠬᠠᠮᠵᠢᠯᠴᠠᠵᠤ᠂ ᠴᠡᠭᠴᠡᠯᠡᠨ ᠰᠢᠢᠳᠪᠦᠷᠢᠯᠡᠬᠦ ᠶᠢ ᠦᠳᠲᠡᠷ ᠪᠡᠶᠡᠯᠡᠬᠦᠯᠬᠦ ᠬᠡᠷᠡᠭᠲᠡᠢ᠃ ᠦᠩᠬᠡᠨ ᠲᠠᠯ᠎ᠠ ᠪᠠ ᠦᠨᠳᠦᠰᠦᠨ ᠠᠴᠠ ᠨᠢ ᠵᠠᠰᠠᠬᠤ ᠶᠢ ᠪᠠᠷᠢᠮᠲᠠᠯᠠᠨ᠂ ᠣᠷᠢᠳᠴᠢᠯᠠᠨ ᠰᠡᠷᠬᠡᠶᠢᠯᠡᠬᠦ ᠪᠠᠨ ᠴᠢᠩᠭᠠᠳᠬᠠᠵᠤ᠂ ᠬᠦᠮᠦᠨ ᠤ ᠬᠦᠴᠦ ᠪᠠᠷ ᠰᠡᠷᠬᠡᠶᠢᠯᠡᠬᠦ ᠮᠡᠷᠬᠡᠵᠢᠯ ᠢᠶᠠᠷ ᠰᠡᠷᠬᠡᠶᠢᠯᠡᠬᠦ ᠠᠷᠭ᠎ᠠ ᠪᠠᠷᠢᠯ ᠢ ᠠᠰᠢᠭᠯᠠᠨ᠂ ᠬᠠᠤᠯᠢ ᠵᠦᠷᠢᠴᠡᠭᠰᠡᠨ ᠶᠠᠯᠠᠲᠤ ᠠᠵᠢᠯᠯᠠᠭᠠᠨ ᠳᠤ ᠴᠢᠩᠭ᠎ᠠ ᠴᠣᠬᠢᠯᠲᠠ ᠦᠭᠴᠦ᠂ ᠴᠢᠩᠭ᠎ᠠ ᠴᠣᠬᠢᠯᠲᠠ ᠦᠭᠭᠦ ᠰᠦᠷᠳᠡᠬᠦᠯᠦᠯ ᠤᠨ ᠪᠠᠶᠢᠳᠠᠯ ᠢᠶᠠᠨ ᠪᠠᠷᠢᠮᠲᠠᠯᠠᠬᠤ ᠬᠡᠷᠡᠭᠲᠡᠢ᠃ ᠲᠦᠷᠦ ᠶᠢᠨ ᠪᠤᠳᠤᠯᠭ᠎ᠠ  ᠶᠢᠨ ᠣᠬᠠᠭᠤᠯᠭ᠎ᠠ ᠪᠠᠨ ᠴᠢᠩᠭᠠᠳᠬᠠᠨ᠂ ᠬᠡᠷᠡᠭ ᠢᠶᠠᠷ ᠰᠡᠷᠡᠮᠵᠢᠯᠡᠬᠦᠯᠬᠦ᠂ ᠬᠡᠷᠡᠭ ᠢᠶᠠᠷ ᠬᠠᠣᠯᠢ ᠲᠠᠶᠢᠯᠪᠤᠷᠢᠯᠠᠬᠤ ᠪᠠᠷ ᠳᠠᠮᠵᠢᠭᠤᠯᠤᠨ ᠬᠠᠮᠢᠶ᠎ᠠ ᠪᠦᠬᠦᠢ ᠬᠠᠣᠯᠢ ᠳᠦᠷᠢᠮ ᠪᠠ ᠲᠦᠷᠦ ᠶᠢᠨ ᠪᠤᠳᠤᠯᠭ᠎ᠠ ᠶᠢᠨ ᠦᠨᠳᠦᠰᠦᠯᠡᠯ ᠢ ᠰᠠᠶᠢᠲᠤᠷ ᠲᠠᠶᠢᠯᠪᠤᠷᠢᠯᠠᠵᠤ᠂ ︽ᠬᠦᠮᠦᠨ ᠪᠦᠬᠦᠨ ᠣᠷᠤᠯᠴᠠᠬᠤ᠂ ᠬᠦᠮᠦᠨ ᠪᠤᠯᠭᠠᠨ ᠬᠢᠨᠠᠯᠲᠠ ᠲᠠᠯᠪᠢᠬᠤ︾ ᠣᠬᠢ ᠰᠠᠶᠢᠨ ᠠᠭᠤᠷ ᠠᠮᠢᠰᠬᠤᠯ ᠢ ᠪᠤᠢ ᠪᠤᠯᠭᠠᠵᠤ᠂ ᠲᠦᠪᠯᠡᠷᠡᠩᠬᠦᠢ ᠴᠡᠭᠴᠡᠯᠡᠯᠲᠡ ᠪᠤᠲᠠᠲᠠᠢ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠬᠡᠪᠡ᠃     ᠬᠤᠲᠠ ᠶᠢᠨ ᠬᠢᠨᠠᠨ ᠵᠢᠯᠤᠭᠤᠳᠬᠤ ᠳᠣᠭᠤᠶᠢᠯᠠᠩ ᠤᠨ ᠣᠳᠣᠷᠢᠳᠣᠯᠭ᠎ᠠ ᠡᠾᠸᠣ ᠶᠦᠩ ᠰᠢᠶᠠᠩ᠂ ᠬᠤᠰᠢᠭᠤ ᠣᠳᠣᠷᠢᠳᠣᠯᠭ᠎ᠠ ᠶᠢᠦ ᠵᠢᠶᠡᠨ ᠴᠢᠩ ᠬᠤᠷᠠᠯ ᠳᠤ ᠣᠷᠣᠯᠴᠠᠪᠠ᠃
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ