ᠶᠠᠩ ᠶᠢᠩ ᠰᠢᠨ ᠠᠮᠢ ᠠᠬᠤᠢ ᠣᠷᠴᠢᠨ ᠬᠠᠮᠠᠭᠠᠯᠠᠯᠲᠠ᠂ ᠠᠷᠠᠳ ᠤᠨ ᠠᠮᠢᠳᠣᠷᠠᠯ ᠤᠨ ᠭᠤᠤᠯᠳᠠᠯᠭᠠᠲᠤ ᠲᠦᠷᠦᠯ ᠵᠦᠢᠯ ᠤᠨ ᠪᠠᠶᠢᠭᠤᠯᠤᠯᠲᠠ ᠶᠢᠨ ᠪᠠᠶᠢᠳᠠᠯ  ᠢ ᠪᠠᠶᠢᠴᠠᠭᠠᠨ ᠰᠣᠳᠣᠯᠵᠣ ᠬᠢᠨᠠᠨ ᠵᠢᠯᠤᠭᠤᠳᠪᠠ
ᠨᠡᠶᠢᠲᠡᠯᠡᠭᠰᠡᠨ ᠴᠠᠭ᠄
2025/4/18
     4 ᠰᠠᠷ᠎ᠠ ᠶᠢᠨ 17 ᠤ ᠡᠳᠦᠷ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠶᠠᠩ ᠶᠢᠩ ᠰᠢᠨ ᠣᠯᠵᠠᠴᠢ ᠪᠠᠯᠭᠠᠰᠣᠨ ᠳᠤ ᠬᠦᠨᠵᠡᠬᠡᠶᠢᠷᠡᠨ ᠠᠮᠢ ᠠᠬᠤᠢ ᠣᠷᠴᠢᠨ ᠬᠠᠮᠠᠭᠠᠯᠠᠯᠲᠠ᠂ ᠠᠷᠠᠳ ᠤᠨ ᠠᠮᠢᠳᠣᠷᠠᠯ ᠤᠨ ᠭᠤᠤᠯᠳᠠᠯᠭᠠᠲᠤ ᠲᠦᠷᠦᠯ ᠵᠦᠢᠯ ᠤᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠣᠳᠣᠯᠵᠣ ᠬᠢᠨᠠᠨ ᠵᠢᠯᠤᠭᠤᠳᠪᠠ᠃
微信图片_20250418111042.jpg
     ᠶᠠᠩ ᠶᠢᠩ ᠰᠢᠨ ᠨᠣᠭᠤ ᠭᠠᠵᠠᠷ ᠤᠨ ᠴᠡᠴᠡᠷᠯᠢᠭ ᠲᠤ ᠳᠠᠬᠢᠯᠲᠠ ᠣᠰᠣᠨ ᠤ ᠣᠷᠴᠢᠯ ᠠᠰᠢᠭᠯᠠᠯᠲᠠ ᠶᠢᠨ ᠲᠦᠷᠦᠯ ᠵᠦᠢᠯ ᠤᠨ ᠪᠠᠶᠢᠳᠠᠯ ᠢ ᠨᠠᠷᠢᠨ ᠣᠶᠢᠯᠠᠭᠠᠪᠠ᠃     ᠪᠠᠷᠢᠯᠭ᠎ᠠ ᠶᠢᠨ ᠬᠤᠭ ᠨᠤᠪᠰᠢ ᠰᠢᠢᠳᠪᠦᠷᠢᠯᠡᠬᠦ ᠦᠢᠯᠡᠳᠪᠦᠷᠢ᠂ ᠨᠤᠭᠤ ᠭᠠᠵᠠᠷ ᠤᠨ ᠴᠡᠴᠡᠷᠯᠢᠭ᠂ ᠣᠷᠴᠢᠨ ᠲᠤᠭᠤᠷᠢᠨ ᠤ ᠡᠷᠡᠬᠦᠯ ᠬᠠᠮᠠᠭᠠᠯᠠᠯ ᠤᠨ ᠮᠠᠰᠢᠨ ᠤ ᠵᠤᠭᠰᠣᠭᠠᠯ᠂ ᠰᠢᠨ᠎ᠡ ᠢᠯᠴᠢ ᠡᠬᠦᠰᠬᠡᠬᠦ ᠲᠦᠷᠦᠯ ᠵᠦᠢᠯ ᠤᠨ ᠠᠬᠤᠢ ᠲᠠᠯᠠᠪᠠᠢ᠂ ᠣᠰᠣ ᠲᠦᠬᠡᠬᠡᠬᠦ ᠦᠢᠯᠡᠳᠪᠦᠷᠢ ᠵᠡᠷᠭᠡ ᠭᠠᠵᠠᠷ ᠲᠤ᠂ ᠶᠠᠩ ᠶᠢᠩ ᠰᠢᠨ ᠪᠠᠷᠢᠯᠭ᠎ᠠ  ᠶᠢᠨ ᠬᠤᠭ ᠨᠤᠪᠰᠢ ᠶᠢᠨ ᠬᠠᠲᠠᠭᠤ ᠪᠡᠶᠡᠲᠦ ᠪᠤᠳᠠᠰ ᠤᠨ ᠣᠷᠴᠢᠯ ᠠᠰᠢᠭᠯᠠᠯᠲᠠ᠂ ᠳᠠᠬᠢᠯᠲᠠ ᠣᠰᠣᠨ ᠤ ᠣᠷᠴᠢᠯ ᠠᠰᠢᠭᠯᠠᠯᠲᠠ᠂ ᠣᠷᠴᠢᠨ ᠲᠤᠭᠤᠷᠢᠨ ᠤ ᠡᠷᠡᠬᠦᠯ ᠬᠠᠮᠠᠭᠠᠯᠠᠯ ᠤᠨ ᠲᠤᠨᠤᠭ ᠳᠦᠬᠦᠬᠡᠷᠦᠮᠵᠢ ᠶᠢᠨ ᠰᠢᠨᠡᠴᠢᠯᠡᠯᠲᠡ᠂ ᠣᠰᠣ ᠲᠦᠬᠡᠬᠡᠬᠦ ᠦᠢᠯᠡᠳᠪᠦᠷᠢ ᠶᠢᠨ ᠲᠦᠷᠦᠯ ᠵᠦᠢᠯ ᠤᠨ ᠪᠠᠶᠢᠭᠤᠯᠤᠯᠲᠠ ᠶᠢᠨ ᠪᠠᠶᠢᠳᠠᠯ ᠢ ᠨᠠᠷᠢᠯᠢᠭ ᠣᠶᠢᠯᠠᠭᠠᠬᠤ ᠶᠢᠨ ᠬᠠᠮᠲᠤ ᠠᠬᠤᠢ ᠲᠠᠯᠠᠪᠠᠢ ᠳᠤ ᠠᠯᠪᠠᠯᠠᠨ ᠲᠦᠷᠦᠯ ᠵᠦᠢᠯ ᠤᠨ ᠪᠠᠶᠢᠭᠤᠯᠤᠯᠲᠠ ᠳᠤ ᠣᠷᠣᠰᠢᠵᠦ ᠪᠠᠶᠢᠭ᠎ᠠ ᠬᠦᠴᠢᠷᠳᠡᠯ ᠠᠰᠠᠭᠤᠳᠠᠯ ᠢ ᠵᠤᠬᠢᠴᠠᠭᠤᠯᠤᠨ ᠰᠢᠢᠳᠪᠦᠷᠢᠯᠡᠪᠡ᠃     ᠶᠠᠩ ᠶᠢᠩ ᠰᠢᠨ ᠠᠴᠠ ᠰᠢᠨᠵᠢᠯᠡᠬᠦ ᠣᠬᠠᠭᠠᠨᠴᠢ ᠪᠠᠷ ᠲᠦᠰᠦᠪᠯᠡᠨ ᠲᠦᠯᠦᠪᠵᠢᠬᠦᠯᠵᠦ᠂ ᠬᠤᠲᠠ ᠶᠢᠨ ᠢᠷᠡᠭᠡᠳᠦᠢ ᠶᠢᠨ ᠬᠦᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠬᠦᠢᠴᠡᠳ ᠪᠤᠳᠣᠯᠬᠢᠯᠠᠨ᠂ ᠪᠠᠷᠢᠯᠭ᠎ᠠ ᠶᠢᠨ ᠬᠤᠭ ᠨᠤᠪᠰᠢ ᠰᠢᠢᠳᠪᠦᠷᠢᠯᠡᠬᠦ ᠲᠦᠷᠦᠯ ᠵᠦᠢᠯ ᠤᠨ ᠪᠠᠶᠢᠭᠤᠯᠤᠯᠲᠠ ᠶᠢ ᠵᠦᠢ ᠵᠤᠬᠢᠰᠲᠠᠢ ᠲᠦᠯᠦᠪᠵᠢᠬᠦᠯᠵᠦ᠂ ᠡᠵᠡᠩᠨᠡᠯᠲᠡ ᠶᠢᠨ ᠵᠠᠭᠪᠤᠷ ᠢᠶᠠᠨ ᠲᠡᠬᠦᠯᠳᠡᠷᠵᠢᠬᠦᠯᠦᠨ᠂ ᠬᠠᠶᠠᠭᠳᠠᠮᠠᠯ ᠤᠨ ᠳᠠᠬᠢᠨ ᠠᠰᠢᠭᠯᠠᠯᠲᠠ ᠶᠢ ᠠᠬᠢᠭᠤᠯᠵᠤ᠂ ᠪᠠᠷᠢᠯᠭ᠎ᠠ ᠶᠢᠨ ᠬᠤᠭ ᠨᠤᠪᠰᠢ ᠶᠢ ᠬᠤᠤᠷ ᠦᠬᠡᠶᠢᠳᠡᠬᠦᠯᠦᠨ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠳᠦᠪᠰᠢᠨ ᠢ ᠲᠠᠰᠣᠷᠠᠯᠲᠠ ᠦᠬᠡᠢ ᠳᠡᠭᠡᠭᠰᠢᠯᠡᠬᠦᠯᠬᠦ ᠬᠡᠷᠡᠭᠲᠡᠢ᠃ ᠳᠠᠬᠢᠯᠲᠠ ᠣᠰᠣᠨ ᠤ ᠣᠷᠴᠢᠯ ᠠᠰᠢᠭᠯᠠᠯᠲᠠ ᠶᠢᠨ ᠢᠨᠵᠧᠨᠧᠷᠢᠩ ᠤᠨ ᠪᠠᠶᠢᠭᠤᠯᠤᠯᠲᠠ ᠶᠢ ᠲᠦᠷᠬᠡᠳᠬᠡᠨ᠂ ᠡᠵᠡᠩᠨᠡᠯᠲᠡ ᠬᠠᠮᠢᠶᠠᠷᠤᠯᠲᠠ ᠪᠠᠨ ᠴᠢᠩᠭᠠᠳᠬᠠᠵᠤ᠂ ᠠᠵᠢᠯᠯᠠᠮᠵᠢ ᠶᠢᠨ ᠴᠢᠨᠠᠷ ᠪᠦᠲᠦᠮᠵᠢ ᠪᠠᠨ ᠳᠡᠭᠡᠭᠰᠢᠯᠡᠬᠦᠯᠦᠨ᠂ ᠣᠰᠣᠨ ᠤ ᠣᠷᠴᠢᠨ ᠲᠤᠭᠤᠷᠢᠨ ᠤ ᠵᠠᠰᠠᠯᠲᠠ ᠶᠢᠨ ᠪᠦᠲᠦᠮᠵᠢ ᠪᠠ ᠳᠦᠪᠰᠢᠨ ᠢ ᠪᠦᠬᠦ ᠲᠠᠯ᠎ᠠ ᠪᠠᠷ ᠳᠡᠭᠡᠭᠰᠢᠯᠡᠬᠦᠯᠬᠦ ᠬᠡᠷᠡᠭᠲᠡᠢ᠃ ᠰᠢᠨ᠎ᠡ ᠢᠯᠴᠢ ᠡᠬᠦᠰᠬᠡᠬᠦ ᠲᠦᠷᠦᠯ ᠵᠦᠢᠯ ᠤᠨ ᠪᠦᠬᠦ ᠬᠤᠭᠤᠴᠠᠭ᠎ᠠ ᠭᠤᠭᠴᠣᠭᠠᠨ ᠤ ᠬᠠᠮᠢᠶᠠᠷᠤᠯᠲᠠ ᠶᠢ ᠴᠢᠩᠭᠠᠳᠬᠠᠵᠤ᠂ ᠶᠠᠰᠣ ᠴᠢᠨᠠᠷ᠂ ᠠᠬᠢᠴᠠ᠂ ᠠᠮᠣᠷ ᠳᠦᠪᠰᠢᠨ ᠤ ᠪᠤᠭᠤᠮᠲᠠ ᠶᠢ ᠴᠢᠩᠭ᠎ᠠ ᠡᠵᠡᠮᠳᠡᠨ᠂ ᠳᠣᠯᠠᠭᠠᠯᠠᠭ᠎ᠠ ᠬᠠᠩᠭᠠᠬᠤ ᠠᠴᠠ ᠡᠮᠦᠨᠡᠬᠢ ᠡᠯ᠎ᠡ ᠲᠦᠷᠦᠯ ᠤᠨ ᠪᠡᠯᠡᠳᠬᠡᠯ ᠠᠵᠢᠯ ᠢᠶᠠᠨ ᠰᠠᠶᠢᠲᠤᠷ ᠬᠢᠵᠦ᠂ ᠲᠦᠷᠦᠯ ᠵᠦᠢᠯ ᠤᠨ ᠪᠠᠶᠢᠭᠤᠯᠤᠯᠲᠠ ᠶᠢᠨ ᠶᠠᠪᠤᠴᠠ ᠳᠤ ᠳᠣᠯᠭᠠᠷᠠᠭᠰᠠᠨ ᠬᠦᠴᠢᠷᠳᠡᠯ ᠠᠰᠠᠭᠤᠳᠠᠯ ᠢ ᠰᠢᠢᠳᠪᠦᠷᠢᠯᠡᠨ᠂ ︽ᠲᠤᠯᠠᠭᠠᠨ ᠢᠨᠵᠧᠨᠧᠷᠢᠩ︾ ᠤᠨ ᠪᠤᠲᠠᠲᠤ ᠶᠠᠪᠤᠳᠠᠯ ᠢ ᠰᠠᠶᠢᠲᠤᠷ ᠬᠢᠬᠦ ᠶᠢ ᠪᠠᠲᠤᠯᠠᠬᠤ ᠬᠡᠷᠡᠭᠲᠡᠢ᠃ ︽ᠭᠤᠷᠪᠠ ᠶᠢ ᠬᠠᠮᠢᠶᠠᠷᠬᠤ ᠭᠤᠷᠪᠠᠨ ᠡᠷᠬᠡᠪᠰᠢ︾ ᠱᠠᠭᠠᠷᠳᠠᠯᠭ᠎ᠠ ᠶᠢ ᠡᠷᠡᠰ ᠨᠠᠶᠢᠲᠠᠪᠤᠷᠢᠵᠢᠭᠤᠯᠵᠤ᠂ ᠲᠦᠷᠦᠯ ᠵᠦᠢᠯ ᠤᠨ ᠪᠠᠷᠢᠯᠭ᠎ᠠ ᠪᠠ ᠦᠢᠯᠡᠳᠪᠦᠷᠢᠯᠡᠯ ᠠᠵᠢᠯᠯᠠᠮᠵᠢ ᠵᠡᠷᠭᠡ ᠭᠤᠤᠯᠳᠠᠯᠭᠠᠲᠤ ᠭᠤᠭᠴᠣᠭᠠᠨ ᠳᠤ ᠠᠩᠬᠠᠷᠤᠯ ᠢᠶᠠᠨ ᠲᠦᠪᠯᠡᠷᠡᠬᠦᠯᠦᠨ᠂ ᠪᠠᠷᠢᠯᠭ᠎ᠠ ᠶᠢᠨ ᠠᠮᠣᠷ ᠳᠦᠪᠰᠢᠨ᠂ ᠭᠠᠯ ᠰᠡᠷᠬᠡᠶᠢᠯᠡᠯᠲᠡ ᠶᠢᠨ ᠠᠮᠣᠷ ᠳᠦᠪᠰᠢᠨ ᠵᠡᠷᠭᠡ ᠲᠠᠯ᠎ᠠ ᠶᠢᠨ ᠲᠤᠭᠤᠷᠢᠨ ᠪᠠᠶᠢᠴᠠᠭᠠᠯᠲᠠ ᠪᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠳᠬᠠᠵᠤ᠂ ᠠᠶᠤᠯᠬᠦᠢ ᠦᠢᠯᠡᠳᠪᠦᠷᠢᠯᠡᠯ ᠤᠨ ᠡᠯ᠎ᠡ ᠲᠦᠷᠦᠯ ᠤᠨ ᠠᠵᠢᠯ ᠢ ᠦᠨᠡᠨ ᠬᠦ ᠨᠡᠶᠢᠲᠡᠪᠤᠷᠢᠵᠢᠭᠤᠯᠬᠤ ᠬᠡᠷᠡᠭᠲᠡᠢ ᠬᠡᠪᠡ᠃     ᠬᠤᠰᠢᠭᠤ ᠣᠳᠣᠷᠢᠳᠣᠯᠭ᠎ᠠ ᠹᠦ᠋ ᠺᠧ ᠣᠷᠣᠯᠴᠠᠪᠠ᠃
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ