ᠣᠲᠤᠭ ᠡᠮᠦᠨᠡᠲᠦ ᠵᠠᠰᠠᠭ ᠲᠠᠷᠬᠠᠭᠠᠬᠤ  ﹇2025﹈ 4 ᠲᠤᠭᠠᠲᠤ
ᠨᠡᠶᠢᠲᠡᠯᠡᠭᠰᠡᠨ ᠴᠠᠭ᠄
2025/4/18
                ︽ᠣᠲᠤᠭ ᠤᠨ ᠡᠮᠦᠨᠡᠲᠦ ᠬᠤᠰᠢᠭᠤᠨ ᠤ 2025 ᠣᠨ ᠤ ᠭᠠᠵᠠᠷ ᠳᠣᠣᠷᠠᠬᠢ ᠣᠰᠣᠨ ᠤ ᠬᠡᠲᠦ ᠠᠰᠢᠭᠯᠠᠯᠲᠠ ᠶᠢᠨ                   ᠣᠷᠣᠨ ᠤ ᠵᠠᠰᠠᠯᠲᠠ ᠶᠢ ᠪᠠᠬᠢᠵᠢᠬᠦᠯᠬᠦ ᠲᠦᠷᠦ ᠶᠢᠨ ᠪᠤᠳᠤᠯᠭ᠎ᠠ ᠶᠢᠨ ᠠᠷᠭ᠎ᠠ ᠠᠪᠴᠠᠯ ᠤᠳ︾ ᠢ ᠳᠠᠷᠤᠮᠠᠯᠯᠠᠨ                    ᠲᠠᠷᠬᠠᠭᠠᠬᠤ ᠲᠤᠬᠠᠢ ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯᠣᠯᠵᠠᠴᠢ ᠪᠠᠯᠭᠠᠰᠣ᠂ ᠪᠤᠷᠤᠪᠠᠯᠭᠠᠰᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠬᠡᠴᠡ ᠳᠤ᠄     ᠬᠤᠰᠢᠭᠤ ᠠᠷᠠᠳ ᠤᠨ ᠵᠠᠰᠠᠭ ᠤᠨ ᠣᠷᠳᠣᠨ ᠤ 2025 ᠣᠨ ᠤ 2 ᠣᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠰᠣᠳᠣᠯᠣᠨ ᠵᠦᠪᠰᠢᠶᠡᠷᠡᠬᠦᠯᠦᠬᠡᠳ᠂ ︽ᠣᠲᠤᠭ ᠤᠨ ᠡᠮᠦᠨᠡᠲᠦ ᠬᠤᠰᠢᠭᠤᠨ ᠤ 2025 ᠣᠨ ᠤ ᠭᠠᠵᠠᠷ ᠳᠣᠣᠷᠠᠬᠢ ᠣᠰᠣᠨ ᠤ ᠬᠡᠲᠦ ᠠᠰᠢᠭᠯᠠᠯᠲᠠ ᠶᠢᠨ ᠣᠷᠣᠨ ᠤ ᠵᠠᠰᠠᠯᠲᠠ ᠶᠢ ᠪᠠᠬᠢᠵᠢᠬᠦᠯᠬᠦ ᠲᠦᠷᠦ  ᠶᠢᠨ ᠪᠤᠳᠤᠯᠭ᠎ᠠ ᠶᠢᠨ ᠠᠷᠭ᠎ᠠ ᠠᠪᠴᠠᠯ ᠤᠳ︾ ᠢ ᠡᠳᠦᠬᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠤᠲᠠᠲᠠᠢ ᠲᠠᠢ ᠪᠠᠨ ᠣᠶᠠᠯᠳᠣᠭᠤᠯᠵᠣ᠂ ᠬᠢᠨᠠᠮᠠᠭᠠᠢ ᠲᠤᠤᠱᠯᠠᠭᠤᠯᠤᠨ ᠬᠡᠷᠡᠭᠵᠢᠬᠦᠯᠰᠦᠬᠡᠢ᠃                                           ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ                                                          2025 ᠣᠨ ᠤ 3 ᠰᠠᠷ᠎ᠠ ᠶᠢᠨ 17 ᠤ ᠡᠳᠦᠷ                      ᠣᠲᠤᠭ ᠤᠨ ᠡᠮᠦᠨᠡᠲᠦ ᠬᠤᠰᠢᠭᠤᠨ ᠤ 2025 ᠣᠨ ᠤ ᠭᠠᠵᠠᠷ ᠳᠣᠣᠷᠠᠬᠢ ᠣᠰᠣᠨ ᠤ ᠬᠡᠲᠦ                 ᠠᠰᠢᠭᠯᠠᠯᠲᠠ ᠶᠢᠨ ᠣᠷᠣᠨ ᠤ ᠵᠠᠰᠠᠯᠲᠠ ᠶᠢ ᠪᠠᠬᠢᠵᠢᠬᠦᠯᠬᠦ ᠲᠦᠷᠦ ᠶᠢᠨ ᠪᠤᠳᠤᠯᠭ᠎ᠠ ᠶᠢᠨ ᠠᠷᠭ᠎ᠠ ᠠᠪᠴᠠᠯ ᠤᠳ     ᠣᠯᠵᠠᠴᠢ ᠪᠠᠯᠭᠠᠰᠣ᠂ ᠳᠠᠬᠢᠯᠲᠤ ᠶᠢᠨ ᠬᠡᠲᠦ ᠠᠰᠢᠭᠯᠠᠯᠲᠠ ᠶᠢᠨ ᠣᠷᠣᠨ ᠤ ᠵᠠᠰᠠᠯᠲᠠ ᠶᠢᠨ ᠪᠦᠲᠦᠮᠵᠢ ᠶᠢ ᠦᠷᠬᠦᠯᠵᠢᠯᠡᠨ ᠪᠠᠬᠢᠵᠢᠬᠦᠯᠵᠦ᠂ ᠰᠢᠨ᠎ᠡ ᠡᠬᠡᠯᠵᠢ  ᠶᠢᠨ ᠬᠡᠲᠦ ᠠᠰᠢᠭᠯᠠᠯᠲᠠ ᠶᠢᠨ ᠣᠷᠣᠨ ᠬᠤᠪᠢᠶᠠᠷᠢᠯᠠᠨ ᠲᠤᠭᠲᠠᠭᠠᠭᠰᠠᠨ ᠤ ᠳᠠᠷᠠᠭᠠᠬᠢ ᠬᠠᠰᠣᠨ ᠰᠢᠢᠳᠪᠦᠷᠢᠯᠡᠬᠦ ᠠᠵᠢᠯ ᠢ ᠦᠷᠬᠦᠯᠵᠢᠯᠡᠨ ᠰᠠᠶᠢᠲᠤᠷ ᠬᠢᠨ᠂ ᠬᠠᠮᠤᠭ  ᠤᠨ ᠴᠢᠩᠭ᠎ᠠ ᠣᠰᠣᠨ ᠰᠣᠷᠪᠣᠯᠵᠢ ᠶᠢᠨ ᠬᠠᠮᠢᠶᠠᠷᠤᠯᠲᠠ ᠶᠢᠨ ᠳᠦᠷᠢᠮ ᠢ ᠨᠠᠶᠢᠲᠠᠪᠤᠷᠢᠵᠢᠭᠤᠯᠵᠤ᠂ ᠭᠠᠵᠠᠷ ᠳᠣᠣᠷᠠᠬᠢ ᠣᠰᠣᠨ ᠰᠣᠷᠪᠣᠯᠵᠢ ᠶᠢ ᠵᠦᠢ ᠵᠤᠬᠢᠰᠲᠠᠢ ᠨᠡᠭᠡᠭᠡᠨ ᠠᠰᠢᠭᠯᠠᠵᠤ ᠪᠦᠲᠦᠮᠵᠢᠲᠡᠢ ᠬᠠᠮᠠᠭᠠᠯᠠᠨ᠂ ᠣᠰᠣᠨ ᠰᠣᠷᠪᠣᠯᠵᠢ ᠶᠢᠨ ᠦᠷᠬᠦᠯᠵᠢᠬᠦᠶᠢᠴᠡ ᠠᠰᠢᠭᠯᠠᠯᠲᠠ ᠶᠢ ᠠᠬᠢᠭᠤᠯᠵᠦ᠂ ᠭᠠᠵᠠᠷ ᠳᠣᠣᠷᠠᠬᠢ ᠣᠰᠣᠨ ᠤ ᠬᠡᠲᠦ ᠠᠰᠢᠭᠯᠠᠯᠲᠠ ᠶᠢᠨ ᠪᠠᠶᠢᠩᠭᠤᠵᠢᠢᠭᠰᠠᠨ ᠬᠠᠮᠢᠶᠠᠷᠤᠯᠲᠠ ᠶᠢ ᠠᠬᠢᠭᠤᠯᠤᠨ᠎ᠠ᠃     ᠨᠢᠭᠡ᠂ ᠣᠰᠣ ᠡᠵᠡᠮᠳᠡᠬᠦ ᠠᠷᠭ᠎ᠠ ᠠᠪᠴᠠᠯ ᠢ ᠨᠠᠶᠢᠲᠠᠪᠤᠷᠢᠵᠢᠭᠤᠯᠵᠤ᠂ ᠭᠠᠵᠠᠷ ᠳᠣᠣᠷᠠᠬᠢ ᠣᠰᠣᠨ ᠤ ᠠᠰᠢᠭᠯᠠᠯᠲᠠ ᠶᠢᠨ ᠬᠡᠮᠵᠢᠶ᠎ᠡ ᠶᠢ ᠪᠠᠭᠠᠰᠬᠠᠨ᠎ᠠ     1. ︽ᠣᠲᠤᠭ ᠤᠨ ᠡᠮᠦᠨᠡᠲᠦ ᠬᠤᠰᠢᠭᠤᠨ ᠤ ᠣᠯᠵᠠᠴᠢ ᠪᠠᠯᠭᠠᠰᠣ᠂ ᠳᠠᠬᠢᠯᠲᠤ ᠶᠢᠨ ᠬᠡᠲᠦ ᠠᠰᠢᠭᠯᠠᠯᠲᠠ ᠶᠢᠨ ᠣᠷᠣᠨ ᠤ ᠵᠠᠰᠠᠯᠲᠠ ᠶᠢ ᠪᠠᠬᠢᠵᠢᠬᠦᠯᠬᠦ ᠬᠡᠷᠡᠭᠵᠢᠬᠦᠯᠬᠦ ᠲᠦᠰᠦᠯ ᠢ ᠳᠠᠷᠤᠮᠠᠯᠯᠠᠨ ᠲᠠᠷᠬᠠᠭᠠᠬᠤ ᠲᠤᠬᠠᠢ ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ᠤᠨ ᠱᠠᠭᠠᠷᠳᠠᠯᠭ᠎ᠠ ᠶᠤᠰᠤᠭᠠᠷ᠂ 2025 ᠣᠨ ᠳᠤ ᠣᠯᠵᠠᠴᠢ ᠪᠠᠯᠭᠠᠰᠣ᠂ ᠳᠠᠬᠢᠯᠲᠤ ᠶᠢᠨ ᠬᠡᠲᠦ ᠠᠰᠢᠭᠯᠠᠯᠲᠠ ᠶᠢᠨ ᠣᠷᠣᠨ ᠤ ᠬᠡᠪᠴᠢᠶᠡᠨ ᠳᠤ ᠦᠷᠬᠦᠯᠵᠢᠯᠡᠨ 5000 ᠮᠣ᠋ ᠣᠰᠣᠯᠠᠯᠲᠠ ᠶᠢᠨ ᠭᠠᠵᠠᠷ ᠢ ᠰᠠᠯᠬᠦᠨ ᠲᠠᠷᠢᠵᠦ᠂ ᠰᠡᠯᠬᠦᠨ ᠲᠠᠷᠢᠬᠤ ᠪᠠᠷ ᠡᠷᠬᠡ ᠲᠤᠲᠤᠳᠬᠠᠭᠰᠠᠨ ᠣᠰᠣᠯᠠᠯᠲᠠ ᠶᠢᠨ ᠭᠠᠵᠠᠷ ᠤᠨ ᠮᠣ᠋ ᠪᠦᠷᠢ ᠳᠤ 1000 ᠲᠦᠬᠦᠷᠢᠭ ᠨᠦᠬᠦᠪᠦᠷᠢᠯᠡᠨ᠎ᠡ︔ ᠰᠡᠯᠬᠦᠨ ᠲᠠᠷᠢᠬᠤ ᠪᠠᠷ ᠡᠷᠬᠡ ᠲᠤᠲᠤᠳᠬᠠᠭᠰᠠᠨ ᠦᠬᠡᠢ ᠣᠰᠣᠯᠠᠯᠲᠠ ᠶᠢᠨ ᠭᠠᠵᠠᠷ ᠳᠠᠷᠤᠢ ᠬᠤᠰᠢᠭᠤ ᠣᠢ ᠰᠢᠭᠤᠢ ᠨᠤᠲᠤᠭ ᠪᠡᠯᠴᠢᠭᠡᠷ ᠤᠨ ᠳᠣᠪᠴᠢᠶ᠎ᠠ ᠠᠴᠠ ᠬᠢᠨᠠᠨ ᠴᠤᠬᠤᠯᠠᠪᠤᠷᠢᠯᠠᠭᠰᠠᠨ ᠲᠠᠷᠢᠮᠠᠯ ᠪᠡᠯᠴᠢᠭᠡᠷ ᠪᠠ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠳᠣᠪᠴᠢᠶ᠎ᠠ  ᠶᠢᠨ ︽ᠭᠤᠷᠪᠠᠨ ᠣᠷᠣᠨ ᠭᠤᠷᠪᠠᠨ ᠱᠣᠭᠤᠮ︾ ᠳᠤ ᠲᠤᠭᠲᠠᠭᠠᠭᠰᠠᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠤᠷᠢᠭ᠎ᠠ ᠱᠣᠭᠤᠮ ᠲᠤᠲᠤᠷᠠᠬᠢ ᠲᠠᠷᠢᠶᠠᠨ ᠭᠠᠵᠠᠷ  ᠲᠤ ᠮᠣ᠋ ᠪᠦᠷᠢ ᠳᠤ 700 ᠲᠦᠬᠦᠷᠢᠭ ᠨᠦᠬᠦᠪᠦᠷᠢᠯᠡᠨ᠎ᠡ᠃     2. ᠰᠢᠨ᠎ᠡ ᠡᠬᠡᠯᠵᠢ ᠶᠢᠨ ᠬᠡᠲᠦ ᠠᠰᠢᠭᠯᠠᠯᠲᠠ ᠶᠢᠨ ᠣᠷᠣᠨ ᠬᠤᠪᠢᠶᠠᠷᠢᠯᠠᠨ ᠲᠤᠭᠲᠠᠭᠠᠭᠰᠠᠨ ᠬᠡᠪᠴᠢᠶᠡᠨ ᠳᠤ᠂ ᠬᠤᠰᠢᠭᠤ ᠬᠠᠷᠢᠶ᠎ᠠ ᠣᠯᠣᠰ ᠤᠨ ᠦᠮᠴᠢᠯᠡᠯᠲᠦ ᠠᠵᠤ ᠠᠬᠤᠶᠢᠯᠠᠯ ᠠᠴᠠ 2 ᠲᠦᠮᠡᠨ ᠮᠣ᠋ ᠪᠤᠷᠤᠭᠠᠨ ᠢ ᠠᠰᠢᠭᠯᠠᠬᠤ ᠬᠠᠭᠤᠷᠠᠢ ᠲᠠᠷᠢᠶᠠᠯᠠᠭ᠎ᠠ ᠶᠢ ᠨᠠᠶᠢᠲᠠᠪᠤᠷᠢᠵᠢᠭᠤᠯᠵᠤ᠂ ᠡᠷᠬᠡ ᠲᠤᠲᠤᠳᠬᠠᠭᠰᠠᠨ ᠣᠰᠣᠯᠠᠯᠲᠠ ᠶᠢᠨ ᠭᠠᠵᠠᠷ ᠤᠨ ᠮᠣ᠋ ᠪᠦᠷᠢ ᠳᠤ 1000 ᠲᠦᠬᠦᠷᠢᠭ ᠨᠦᠬᠦᠪᠦᠷᠢᠯᠡᠨ᠎ᠡ︔ ᠡᠷᠬᠡ ᠲᠤᠲᠤᠳᠬᠠᠭᠰᠠᠨ ᠦᠬᠡᠢ ᠣᠰᠣᠯᠠᠯᠲᠠ ᠶᠢᠨ ᠭᠠᠵᠠᠷ ᠳᠠᠷᠤᠢ ᠬᠤᠰᠢᠭᠤ ᠣᠢ ᠰᠢᠭᠤᠢ ᠨᠤᠲᠤᠭ ᠪᠡᠯᠴᠢᠭᠡᠷ ᠤᠨ ᠳᠣᠪᠴᠢᠶ᠎ᠠ ᠠᠴᠠ ᠬᠢᠨᠠᠨ ᠴᠤᠬᠤᠯᠠᠪᠤᠷᠢᠯᠠᠭᠰᠠᠨ ᠲᠠᠷᠢᠮᠠᠯ ᠪᠡᠯᠴᠢᠭᠡᠷ ᠪᠠ ᠬᠤᠰᠢᠭᠤ ᠪᠠᠶᠢᠭᠠᠯᠢ ᠶᠢᠨ ᠡᠬᠢ ᠪᠠᠶᠠᠯᠢᠭ  ᠤᠨ ᠳᠣᠪᠴᠢᠶ᠎ᠠ ᠶᠢᠨ ︽ᠭᠤᠷᠪᠠᠨ ᠣᠷᠣᠨ ᠭᠤᠷᠪᠠᠨ ᠱᠣᠭᠤᠮ︾ ᠳᠤ ᠲᠤᠭᠲᠠᠭᠠᠭᠰᠠᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠤᠷᠢᠭ᠎ᠠ ᠱᠣᠭᠤᠮ ᠲᠤᠲᠤᠷᠠᠬᠢ ᠲᠠᠷᠢᠶᠠᠨ ᠭᠠᠵᠠᠷ ᠲᠤ ᠮᠣ᠋ ᠪᠦᠷᠢ ᠳᠤ 700 ᠲᠦᠬᠦᠷᠢᠭ ᠨᠦᠬᠦᠪᠦᠷᠢᠯᠡᠨ᠎ᠡ᠃ ᠰᠡᠯᠬᠦᠨ ᠲᠠᠷᠢᠬᠤ ᠣᠰᠣᠯᠠᠯᠲᠠ ᠶᠢᠨ ᠭᠠᠵᠠᠷ ᠲᠤ ᠭᠠᠩ ᠳᠤ ᠲᠡᠰᠪᠦᠷᠢᠲᠡᠢ ᠬᠠᠭᠤᠷᠠᠢ ᠲᠠᠷᠢᠶᠠᠯᠠᠭ᠎ᠠ ᠶᠢᠨ ᠲᠠᠷᠢᠮᠠᠯ ᠲᠠᠷᠢᠬᠤ ᠶᠢ ᠵᠤᠷᠢᠭᠵᠢᠭᠤᠯᠤᠨ᠂ ᠮᠣ᠋ ᠪᠦᠷᠢ ᠳᠤ 80 ᠲᠦᠬᠦᠷᠢᠭ ᠤᠨ ᠦᠷ᠎ᠡ ᠶᠢᠨ ᠨᠦᠬᠦᠪᠦᠷᠢ ᠣᠯᠭᠤᠵᠣ᠂ ᠲᠠᠷᠢᠶᠠᠨ ᠭᠠᠵᠠᠷ ᠢ ᠠᠲᠠᠷᠰᠢᠭᠤᠯᠬᠤ ᠦᠬᠡᠢ ᠪᠠᠶᠢᠯᠭᠠᠬᠤ ᠶᠢ ᠪᠠᠲᠤᠯᠠᠨ᠎ᠠ᠃     ᠪᠤᠲᠠᠲᠠᠢ ᠭᠠᠵᠠᠷ ᠢ ᠣᠯᠵᠠᠴᠢ ᠪᠠᠯᠭᠠᠰᠣ᠂ ᠪᠤᠷᠤᠪᠠᠯᠭᠠᠰᠣ ᠪᠠᠯᠭᠠᠰᠣ᠂ ᠮᠠᠯ ᠲᠠᠷᠢᠶᠠᠯᠠᠩ ᠪᠠ ᠣᠰᠣᠨ ᠠᠰᠢᠭᠯᠠᠯᠲᠠ ᠶᠢᠨ ᠳᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠳᠣᠪᠴᠢᠶ᠎ᠠ ᠠᠴᠠ ᠬᠠᠮᠲᠤᠪᠡᠷ ᠲᠤᠭᠲᠠᠭᠠᠵᠤ᠂ ᠨᠦᠬᠦᠪᠦᠷᠢ ᠶᠢᠨ ᠮᠦᠩᠭᠦ ᠶᠢ ᠬᠤᠰᠢᠭᠤ ᠬᠠᠷᠢᠶ᠎ᠠ ᠣᠯᠣᠰ ᠤᠨ ᠦᠮᠴᠢᠯᠡᠯᠲᠦ ᠠᠵᠤ ᠠᠬᠤᠶᠢᠯᠠᠯ ᠪᠠ ᠡᠯ᠎ᠡ ᠪᠠᠯᠭᠠᠰᠣ ᠠᠴᠠ ᠬᠠᠷᠢᠭᠤᠴᠠᠵᠤ ᠤᠯᠭᠤᠨ᠂ ᠨᠡᠶᠢᠲᠡ 2300 ᠲᠦᠮᠡᠨ ᠲᠦᠬᠦᠷᠢᠭ ᠤᠨ ᠪᠡᠯᠡ ᠮᠦᠩᠭᠦ ᠶᠢ ᠬᠤᠰᠢᠭᠤ ᠡᠳ᠋ ᠤᠨ ᠵᠠᠰᠠᠭ ᠤᠨ ᠪᠡᠯᠡ ᠮᠦᠩᠬᠦ ᠪᠠᠷ ᠢᠷᠡᠯᠲᠡ ᠪᠤᠯᠭᠠᠨ᠎ᠠ᠃     ᠬᠤᠶᠠᠷ᠂ ᠣᠰᠣ ᠲᠤᠬᠢᠷᠠᠭᠤᠯᠬᠤ ᠠᠷᠭ᠎ᠠ ᠠᠪᠴᠠᠯ ᠢ ᠨᠠᠶᠢᠲᠠᠪᠤᠷᠢᠵᠢᠭᠤᠯᠵᠤ᠂ ᠭᠠᠵᠠᠷ ᠤᠨ ᠭᠠᠳᠠᠷᠭᠤ ᠶᠢᠨ ᠣᠰᠣᠨ ᠤ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠬᠦᠯᠦᠨ᠎ᠡ     3. ᠣᠯᠵᠠᠴᠢ ᠪᠠᠯᠭᠠᠰᠣᠨ ᠤ ᠭᠠᠵᠠᠷ ᠳᠣᠣᠷᠠᠬᠢ ᠣᠰᠣᠨ ᠤ ᠬᠡᠲᠦ ᠠᠰᠢᠭᠯᠠᠯᠲᠠ ᠶᠢᠨ ᠣᠷᠣᠨ ᠤ ᠣᠰᠣᠨ ᠰᠣᠷᠪᠣᠯᠵᠢ ᠰᠣᠯᠢᠬᠤ ᠢᠨᠵᠧᠨᠧᠷᠢᠩ ᠢ ᠵᠤᠬᠢᠶᠠᠨ ᠪᠠᠶᠢᠭᠤᠯᠤᠨ ᠬᠡᠷᠡᠭᠵᠢᠬᠦᠯᠵᠦ᠂ ᠣᠯᠵᠠᠴᠢ ᠪᠠᠯᠭᠠᠰᠣᠨ ᠤ ᠭᠠᠵᠠᠷ ᠳᠣᠣᠷᠠᠬᠢ ᠣᠰᠣᠨ ᠤ ᠬᠡᠲᠦ ᠠᠰᠢᠭᠯᠠᠯᠲᠠ ᠶᠢᠨ ︵ᠣᠰᠣᠨ ᠤ ᠠᠮᠢ ᠠᠬᠤᠢ︶ ᠶᠢᠨ ᠶᠡᠷᠦᠩᠬᠡᠶᠢᠯᠡᠭᠰᠡᠨ ᠵᠠᠰᠠᠯᠲᠠ ᠶᠢᠨ ᠢᠨᠵᠧᠨᠧᠷᠢᠩ ᠤᠨ ᠣᠰᠣ ᠬᠠᠩᠭᠠᠵᠤ ᠪᠠᠶᠢᠭ᠎ᠠ ᠣᠯᠵᠠᠴᠢ ᠪᠠᠯᠭᠠᠰᠣᠨ ᠤ ᠭᠤᠯᠤᠮᠲᠠ ᠭᠠᠯ ᠴᠡᠴᠡᠷᠯᠢᠭ ᠤᠨ ᠵᠤᠬᠢᠶᠠᠮᠠᠯ ᠨᠠᠭᠤᠷ ᠢᠶᠠᠷ ᠣᠰᠣᠨ ᠰᠣᠷᠪᠣᠯᠵᠢ ᠪᠤᠯᠭᠠᠨ᠂ ᠣᠰᠣᠨ ᠬᠦᠬᠡᠷᠬᠡᠨ ᠦᠷᠲᠡᠭᠡ ᠶᠢ ᠰᠢᠨ᠎ᠡ ᠪᠠᠷ ᠪᠠᠶᠢᠭᠤᠯᠤᠨ᠂ ᠣᠰᠣ ᠳᠠᠮᠵᠢᠭᠤᠯᠬᠤ ᠭᠤᠤᠯ ᠬᠤᠭᠤᠯᠠᠢ ᠵᠢᠴᠢ ᠲᠦᠬᠦᠷᠴᠢᠯᠡᠭᠰᠡᠨ ᠳᠦᠬᠦᠬᠡᠷᠦᠮᠵᠢ ᠶᠢ ᠳᠡᠪᠢᠰᠦᠨ ᠣᠭᠰᠠᠷᠠᠵᠤ᠂ ᠣᠯᠵᠠᠴᠢ ᠪᠠᠯᠭᠠᠰᠣᠨ ᠤ ᠬᠡᠲᠦ ᠠᠰᠢᠭᠯᠠᠯᠲᠠ ᠶᠢᠨ ᠣᠷᠣᠨ ᠤ 5106 ᠮᠣ᠋ ᠣᠰᠣᠯᠠᠯᠲᠠ ᠶᠢᠨ ᠭᠠᠵᠠᠷ ᠤᠨ ᠬᠡᠷᠡᠭᠯᠡᠵᠦ ᠪᠠᠶᠢᠭ᠎ᠠ ᠴᠠᠬᠢᠯᠭᠠᠨ ᠬᠤᠳᠳᠤᠭ ᠢ ᠣᠰᠣᠨ ᠰᠣᠷᠪᠣᠯᠵᠢ ᠪᠠᠷ ᠰᠣᠯᠢᠨ᠂ ᠡᠬᠦᠨ ᠳᠤ ᠭᠤᠷᠪᠠᠨ ᠪᠤᠯᠠᠭ ᠲᠤᠰᠬᠤᠨ ᠤ ᠨᠡᠬᠦᠯᠬᠡᠨ ᠰᠢᠯᠵᠢᠬᠦᠯᠦᠭᠰᠡᠨ ᠣᠷᠣᠨ  ᠤ 1500 ᠮᠣ᠋᠂ ᠶᠡᠭᠡ ᠲᠤᠯᠤᠨ ᠲᠤᠰᠬᠤᠨ ᠤ 3606 ᠮᠣ᠋ ᠪᠠᠭᠲᠠᠵᠤ᠂ ᠣᠣᠯ ᠤᠨ ᠴᠠᠬᠢᠯᠭᠠᠨ ᠬᠤᠳᠳᠤᠭ ᠢᠶᠠᠨ ᠪᠡᠯᠡᠳᠬᠡᠯ ᠣᠰᠣᠨ ᠰᠣᠷᠪᠣᠯᠵᠢ ᠪᠤᠯᠭᠠᠨ᠂  ᠳᠡᠭᠡᠳᠦ ᠱᠠᠲᠤᠨ ᠤ ᠲᠤᠰᠬᠠᠢ ᠪᠡᠯᠡ ᠮᠦᠩᠬᠦ ᠪᠠᠷ ᠪᠡᠯᠡ ᠮᠦᠩᠭᠦᠨ ᠤ ᠢᠷᠡᠯᠲᠡ ᠪᠤᠯᠭᠠᠨ᠎ᠠ᠃     ᠭᠤᠷᠪᠠ᠂ ᠲᠠᠷᠢᠮᠠᠯ ᠤᠨ ᠪᠦᠲᠦᠴᠡ ᠪᠠᠨ ᠲᠤᠬᠢᠷᠠᠭᠤᠯᠤᠨ᠂ ᠮᠣ᠋ ᠪᠦᠷᠢ ᠶᠢᠨ ᠣᠰᠣ ᠬᠡᠷᠡᠭᠯᠡᠬᠦ ᠬᠡᠮᠵᠢᠶ᠎ᠡ ᠶᠢ ᠪᠠᠭᠠᠰᠬᠠᠨ᠎ᠠ     4. ᠬᠡᠲᠦ ᠠᠰᠢᠭᠯᠠᠯᠲᠠ ᠶᠢᠨ ᠣᠷᠣᠨ ᠳᠤ ︽ᠬᠤᠳᠳᠤᠭ ᠴᠠᠬᠢᠯᠭᠠᠨ ᠤ ᠬᠤᠤᠰ ᠡᠵᠡᠮᠳᠡᠯ︾ ᠤᠨ ᠬᠡᠮᠵᠢᠯᠲᠡ ᠶᠢᠨ ᠳᠦᠬᠦᠬᠡᠷᠦᠮᠵᠢ ᠣᠭᠰᠠᠷᠠᠭᠰᠠᠨ ᠮᠠᠯᠴᠢᠨ ᠲᠠᠷᠢᠶᠠᠴᠢᠨ ᠳᠤ  ᠲᠦᠷᠦ ᠶᠢᠨ ᠪᠤᠳᠤᠯᠭ᠎ᠠ ᠶᠢᠨ ᠴᠢᠨᠠᠷᠲᠠᠢ ᠨᠦᠬᠦᠪᠦᠷᠢ ᠣᠯᠭᠤᠬᠤ ᠪᠠᠷ ᠳᠠᠮᠵᠢᠭᠤᠯᠤᠨ ᠲᠠᠷᠢᠮᠠᠯ ᠤᠨ ᠪᠦᠲᠦᠴᠡ ᠪᠠᠨ ᠳᠣᠬᠢᠷᠠᠭᠤᠯᠬᠤ ᠶᠢ ᠵᠤᠷᠢᠭᠵᠢᠭᠤᠯᠵᠤ᠂ ᠬᠠᠷᠭᠤᠭᠤᠯᠤᠯᠲᠠ ᠲᠤᠭᠲᠠᠭᠠᠭᠰᠠᠨ ᠣᠰᠣᠨ ᠤ ᠬᠡᠮᠵᠢᠶᠡᠨ ᠤ ᠬᠡᠪᠴᠢᠶᠡᠨ ᠠᠴᠠ ᠬᠡᠲᠦᠷᠡᠭᠡᠳᠦᠢ ᠪᠠᠶᠢᠳᠠᠯ ᠳᠣᠣᠷ᠎ᠠ᠂ ᠪᠤᠷᠴᠠᠭ᠂ ᠰᠠᠭᠠᠭ᠂ ᠨᠠᠷᠢᠮᠣ᠂ ᠰᠢᠰᠢ ᠵᠡᠷᠭᠡ ᠣᠰᠣ ᠪᠠᠭ᠎ᠠ ᠬᠤᠷᠤᠭᠳᠠᠭᠤᠯᠬᠤ ᠠᠮᠣ ᠪᠤᠳᠠᠭᠠᠨ ᠤ ᠲᠠᠷᠢᠯᠠᠯ ᠲᠠᠷᠢᠭᠤᠯᠤᠨ᠂ ᠪᠤᠷᠴᠠᠭ ᠮᠣ᠋ ᠪᠦᠷᠢ ᠳᠤ 500 ᠲᠦᠬᠦᠷᠢᠭ᠂ ᠡᠯᠳᠡᠪ ᠠᠮᠤ ︵ᠰᠠᠭᠠᠭ᠂ ᠨᠠᠷᠢᠮᠣ᠂ ᠰᠢᠰᠢ︶ ᠮᠣ᠋ ᠪᠦᠷᠢ ᠳᠤ 300 ᠲᠦᠬᠦᠷᠢᠭ ᠤᠨ ᠲᠦᠷᠦ ᠶᠢᠨ ᠪᠤᠳᠤᠯᠭ᠎ᠠ ᠶᠢᠨ ᠴᠢᠨᠠᠷᠲᠠᠢ ᠨᠦᠬᠦᠪᠦᠷᠢ ᠶᠢ ᠲᠤᠰ ᠲᠤᠰ ᠤᠯᠭᠤᠵᠤ᠂ ᠪᠤᠷᠴᠠᠭ 4000 ᠮᠣ᠋᠂ ᠡᠯᠳᠡᠪ ᠠᠮᠤ 6000 ᠮᠣ᠋ ᠲᠠᠷᠢᠨ᠂ ᠪᠤᠲᠠᠲᠠᠢ ᠨᠦᠬᠦᠪᠦᠷᠢ ᠶᠢᠨ ᠬᠡᠪᠴᠢᠶ᠎ᠡ ᠪᠠ ᠲᠡᠯᠡᠪᠡᠢ ᠶᠢ ᠬᠤᠰᠢᠭᠤ ᠮᠠᠯ ᠲᠠᠷᠢᠶᠠᠯᠠᠩ ᠣᠰᠣᠨ ᠠᠰᠢᠭᠯᠠᠯᠲᠠ ᠶᠢᠨ ᠳᠣᠪᠴᠢᠶ᠎ᠠ ᠡᠯ᠎ᠡ ᠪᠠᠯᠭᠠᠰᠣ ᠬᠠᠮᠲᠤᠷᠠᠨ ᠲᠤᠭᠲᠠᠭᠠᠵᠤ᠂ ᠨᠡᠶᠢᠲᠡ 380 ᠲᠦᠮᠡᠨ ᠲᠦᠬᠦᠷᠢᠭ ᠨᠦᠬᠦᠪᠦᠷᠢᠯᠡᠨ᠎ᠡ᠂ ᠳᠡᠭᠡᠳᠦ ᠱᠠᠲᠤᠨ ᠤ ᠠᠮᠤ ᠪᠤᠳᠠᠭᠠᠨ ᠤ ᠨᠦᠬᠦᠪᠦᠷᠢ 200 ᠲᠦᠮᠡᠨ ᠲᠦᠬᠦᠷᠢᠭ᠂ ᠬᠤᠰᠢᠭᠤ ᠡᠳ᠋ ᠤᠨ ᠵᠠᠰᠠᠭ ᠤᠨ ᠪᠡᠯᠡ ᠮᠦᠩᠭᠦ 180 ᠲᠦᠮᠡᠨ ᠲᠦᠬᠦᠷᠢᠭ ᠢᠶᠠᠷ ᠪᠡᠯᠡ ᠮᠦᠩᠭᠦᠨ ᠤ ᠢᠷᠡᠯᠲᠡ ᠪᠤᠯᠭᠠᠨ᠎ᠠ᠃     5. ᠬᠡᠲᠦ ᠠᠰᠢᠭᠯᠠᠯᠲᠠ ᠶᠢᠨ ᠣᠷᠣᠨ ᠤ ᠨᠦᠬᠦᠴᠡᠯ ᠳᠤ ᠨᠡᠶᠢᠴᠡᠬᠦ ᠮᠦᠷᠲᠡᠭᠡᠨ ᠰᠡᠯᠬᠦᠨ ᠲᠠᠷᠢᠬᠤ ᠶᠢ ᠬᠡᠷᠡᠭᠵᠢᠬᠦᠯᠦᠬᠡᠳᠦᠢ ᠮᠠᠯᠴᠢᠨ ᠲᠠᠷᠢᠶᠠᠴᠢᠨ ᠰᠠᠶᠢᠨ ᠳᠣᠷ᠎ᠠ ᠠᠴᠠ ᠪᠠᠨ 2025 ᠠᠴᠠ 2027 ᠪᠤᠯᠲᠠᠯ᠎ᠠ ᠵᠢᠯ ᠪᠦᠷᠢ ᠰᠡᠯᠬᠦᠨ ᠲᠠᠷᠢᠬᠤ ᠪᠤᠶᠤ ᠪᠤᠷᠤᠭᠠᠨ ᠢ ᠠᠰᠢᠭᠯᠠᠬᠤ ᠬᠠᠭᠤᠷᠠᠢ ᠲᠠᠷᠢᠶᠠᠯᠠᠭ᠎ᠠ ᠶᠢ 25 ᠮᠣ᠋ ᠠᠴᠠ ᠳᠡᠭᠡᠭᠰᠢ ᠲᠠᠷᠢᠵᠦ᠂ ᠠᠷᠠᠴᠢᠯᠠᠨ ᠲᠡᠵᠢᠬᠡᠬᠦ ᠬᠦᠰᠡᠯ ᠡᠷᠡᠮᠡᠯᠵᠡᠯ᠂ ᠬᠦᠳᠡᠯᠮᠦᠷᠢ ᠬᠦᠴᠦᠨ ᠪᠠ ᠲᠡᠵᠢᠬᠡᠪᠦᠷᠢ ᠶᠢᠨ ᠫᠧᠩ ᠰᠠᠷᠠᠪᠴᠢ ᠶᠢᠨ ᠪᠠᠶᠢᠭᠤᠯᠤᠯᠲᠠ ᠶᠢᠨ ᠭᠠᠵᠠᠷ  ᠲᠠᠢ ᠮᠦᠷᠲᠡᠭᠡᠨ ᠣᠳᠣᠬᠠᠨ ᠳᠤ ᠠᠯᠠᠰᠢᠨ ᠮᠠᠯ ᠤᠨ ᠲᠡᠵᠢᠬᠡᠪᠦᠷᠢ ᠶᠢᠨ ᠫᠧᠩ ᠰᠠᠷᠠᠪᠴᠢ ᠪᠠᠶᠢᠬᠤ ᠦᠬᠡᠢ ᠮᠠᠯᠴᠢᠨ ᠲᠠᠷᠢᠶᠠᠴᠢᠨ ︽ᠣᠷᠢᠳᠠᠪᠠᠷ ᠪᠠᠶᠢᠭᠤᠯᠤᠨ ᠰᠡᠬᠦᠯᠡᠷ ᠨᠦᠬᠦᠪᠦᠷᠢᠯᠡᠬᠦ︾ ᠠᠷᠭ᠎ᠠ ᠠᠪᠴᠠᠯ ᠢᠶᠠᠷ ᠪᠠᠷᠢᠮᠵᠢᠶᠠᠵᠢᠭᠤᠯᠤᠭᠰᠠᠨ ᠲᠡᠵᠢᠬᠡᠨ ᠲᠠᠷᠭᠤᠯᠠᠭᠤᠯᠬᠤ ᠠᠯᠠᠰᠢᠨ ᠮᠠᠯ ᠤᠨ ᠲᠡᠵᠢᠬᠡᠪᠦᠷᠢ ᠶᠢᠨ ᠫᠧᠩ ᠰᠠᠷᠠᠪᠴᠢ ᠰᠢᠨ᠎ᠡ ᠪᠠᠷ ᠪᠠᠶᠢᠭᠤᠯᠪᠠᠯ᠂ ᠬᠤᠰᠢᠭᠤ ᠮᠠᠯ ᠲᠠᠷᠢᠶᠠᠯᠠᠩ ᠪᠠ ᠣᠰᠣᠨ ᠠᠰᠢᠭᠯᠠᠯᠲᠠ ᠶᠢᠨ ᠳᠣᠪᠴᠢᠶ᠎ᠠ ᠪᠠᠯᠭᠠᠰᠣ ᠲᠠᠢ ᠬᠠᠮᠲᠤᠷᠠᠨ ᠰᠢᠯᠭᠠᠨ ᠬᠤᠷᠢᠶᠠᠭᠠᠳ ᠬᠢᠷᠢ ᠲᠡᠩᠴᠡᠭᠰᠡᠨ ᠤ ᠳᠠᠷᠠᠭ᠎ᠠ᠂ ᠨᠢᠬᠡᠯᠡ ᠣᠳᠠᠭ᠎ᠠ ᠳᠤ 50% ᠶᠢᠨ ᠪᠠᠶᠢᠭᠤᠯᠤᠯᠲᠠ ᠶᠢᠨ ᠨᠦᠬᠦᠪᠦᠷᠢ ᠣᠯᠭᠤᠨ᠎ᠠ︔ ᠦᠯᠡᠳᠡᠭᠰᠡᠨ 50% ᠶᠢᠨ ᠪᠠᠶᠢᠭᠤᠯᠤᠯᠲᠠ ᠶᠢᠨ ᠵᠠᠷᠤᠳᠠᠯ ᠢ ︽ᠵᠢᠯ ᠪᠤᠯᠭᠠᠨ ᠰᠢᠯᠭᠠᠨ ᠬᠤᠷᠢᠶᠠᠵᠤ᠂ ᠭᠤᠷᠪᠠᠨ ᠵᠢᠯ ᠳᠤ ᠪᠦᠬᠦᠨ ᠢ ᠨᠦᠬᠦᠪᠦᠷᠢᠯᠡᠬᠦ︾ ᠵᠠᠷᠴᠢᠮ ᠶᠤᠰᠤᠭᠠᠷ᠂ ᠬᠤᠰᠢᠭᠤ ᠮᠠᠯ ᠲᠠᠷᠢᠶᠠᠯᠠᠩ ᠣᠰᠣᠨ ᠠᠰᠢᠭᠯᠠᠯᠲᠠ ᠶᠢᠨ ᠳᠣᠪᠴᠢᠶ᠎ᠠ ᠪᠠᠯᠭᠠᠰᠣ ᠲᠠᠢ ᠬᠠᠮᠲᠤᠷᠠᠨ ᠲᠡᠵᠢᠬᠡᠪᠦᠷᠢ ᠶᠢᠨ ᠬᠡᠪᠴᠢᠶᠡᠵᠢᠯ ᠢ ᠪᠠᠷᠢᠮᠵᠢᠶᠠᠨ ᠳᠤ ᠬᠦᠷᠬᠡᠬᠦ᠂ ᠡᠬᠦᠯᠳᠡᠷ ᠢ ᠨᠢᠬᠡᠳᠦᠯᠲᠡᠢ ᠪᠤᠯᠭᠠᠵᠤ᠂ ᠦᠷ᠎ᠡ ᠠᠰᠢᠭ ᠢ ᠪᠠᠷᠢᠮᠵᠢᠶ᠎ᠠ ᠳᠤ ᠬᠦᠷᠬᠡᠬᠦ ᠵᠡᠷᠭᠡ ᠠᠭᠤᠯᠭ᠎ᠠ ᠶᠢᠨ ᠲᠤᠭᠤᠷᠢᠨ ᠳᠤ ᠰᠢᠯᠭᠠᠨ ᠬᠤᠷᠢᠶᠠᠵᠤ ᠬᠢᠷᠢ ᠲᠡᠩᠴᠡᠭᠰᠡᠨ ᠤ ᠳᠠᠷᠠᠭ᠎ᠠ᠂ ᠨᠦᠬᠦᠪᠦᠷᠢ ᠮᠦᠩᠭᠦ ᠶᠢ ᠵᠢᠯ ᠬᠤᠪᠢᠶᠠᠨ ᠣᠯᠭᠤᠵᠣ᠂ ᠲᠡᠵᠢᠬᠡᠪᠦᠷᠢ ᠶᠢᠨ ᠳᠦᠬᠦᠬᠡᠷᠦᠮᠵᠢ ᠰᠣᠯᠠ ᠣᠷᠬᠢᠭᠳᠠᠬᠤ ᠦᠵᠡᠭᠳᠡᠯ ᠭᠠᠷᠬᠤ ᠶᠢ ᠪᠦᠲᠦᠮᠵᠢᠲᠡᠢ ᠰᠡᠷᠬᠡᠶᠢᠯᠡᠨ᠎ᠡ᠃15 ᠡᠷᠦᠬᠡ ᠠᠴᠠ ᠳᠠᠪᠠᠭᠰᠠᠨ ᠮᠠᠯᠴᠢᠨ ᠲᠠᠷᠢᠶᠠᠴᠢᠨ ᠤ ᠲᠤᠰᠬᠠᠢ ᠬᠤᠷᠰᠢᠶᠠᠵᠢᠯ ᠳᠤ᠂ ᠪᠠᠯᠭᠠᠰᠣᠨ ᠠᠴᠠ ᠲᠡᠵᠢᠬᠡᠨ ᠲᠠᠷᠭᠤᠯᠠᠭᠤᠯᠬᠤ ᠠᠯᠠᠰᠢᠨ ᠮᠠᠯ ᠤᠨ ᠲᠡᠵᠢᠬᠡᠪᠦᠷᠢ ᠶᠢᠨ ᠬᠦᠷᠢᠶᠡᠯᠡᠩ ᠲᠤᠭᠤᠷᠢᠭ ᠤᠨ ᠰᠠᠭᠤᠷᠢ ᠳᠦᠬᠦᠬᠡᠷᠦᠮᠵᠢ ᠶᠢ ᠨᠢᠬᠡᠳᠦᠯᠲᠡᠢ ᠲᠦᠯᠦᠪᠵᠢᠬᠦᠯᠵᠦ ᠲᠦᠪᠯᠡᠷᠡᠩᠬᠦᠢ ᠪᠠᠶᠢᠭᠤᠯᠤᠨ᠂ ᠨᠢᠬᠡᠳᠦᠯᠲᠡᠢ ᠡᠬᠦᠯᠳᠡᠷ  ᠤᠨ ᠲᠡᠵᠢᠬᠡᠪᠦᠷᠢ᠂ ᠨᠢᠬᠡᠳᠦᠯᠲᠡᠢ ᠲᠡᠵᠢᠬᠡᠨ ᠲᠠᠷᠭᠤᠯᠠᠭᠤᠯᠬᠤ ᠪᠠᠷᠢᠮᠵᠢᠶ᠎ᠠ᠂ ᠨᠢᠬᠡᠳᠦᠯᠲᠡᠢ ᠬᠠᠮᠢᠶᠠᠷᠤᠯᠲᠠ ᠶᠢᠨ ᠵᠠᠭᠪᠤᠷ᠂ ᠨᠢᠬᠡᠳᠦᠯᠲᠡᠢ ᠬᠢᠵᠢᠭ ᠡᠪᠡᠳᠴᠢᠨ ᠤ ᠰᠡᠷᠬᠡᠶᠢᠯᠡᠯ ᠵᠠᠰᠠᠯᠲᠠ᠂ ᠨᠢᠬᠡᠳᠦᠯᠲᠡᠢ ᠪᠤᠷᠤᠯᠠᠭᠤᠯᠭ᠎ᠠ ᠶᠢᠨ ᠠᠷᠭ᠎ᠠ ᠵᠠᠮ᠂ ᠨᠢᠬᠡᠳᠦᠯᠲᠡᠢ ᠨᠡᠷ᠎ᠡ ᠲᠡᠮᠲᠡᠭ ᠤᠨ ᠡᠵᠡᠩᠨᠡᠯᠲᠡ ᠵᠡᠷᠭᠡ ︽ᠵᠢᠷᠭᠤᠭᠠᠨ ᠨᠢᠬᠡᠳᠦᠯᠲᠡᠢ︾ ᠵᠠᠭᠪᠤᠷ ᠢ ᠬᠡᠷᠡᠭᠵᠢᠬᠦᠯᠵᠦ᠂ ᠪᠠᠯᠭᠠᠰᠣᠨ ᠠᠴᠠ ᠬᠤᠷᠰᠢᠶᠠᠵᠢᠯ ᠢ ᠵᠤᠬᠢᠶᠠᠨ ᠪᠠᠶᠢᠭᠤᠯᠤᠨ ᠲᠦᠷᠦᠯ ᠵᠦᠢᠯ ᠤᠨ ᠪᠠᠶᠢᠭᠤᠯᠤᠯᠲᠠ ᠶᠢᠨ ᠭᠠᠵᠠᠷ ᠢ ᠨᠡᠶᠢᠲᠡᠪᠤᠷᠢᠵᠢᠭᠤᠯᠤᠨ᠎ᠠ᠃     6. ᠡᠩ ᠲᠡᠷᠢᠬᠦᠨ ᠳᠤ ᠬᠡᠲᠦ ᠠᠰᠢᠭᠯᠠᠯᠲᠠ ᠶᠢᠨ ᠣᠷᠣᠨ ᠳᠤ ᠲᠠᠷᠬᠠᠢ ᠬᠡᠯᠪᠡᠷᠢ ᠶᠢᠨ ᠨᠠᠷᠠᠨ ᠡᠨᠧᠷᠬᠢ ᠶᠢ ᠬᠡᠷᠡᠭᠵᠢᠬᠦᠯᠵᠦ᠂ ᠮᠠᠯᠴᠢᠨ ᠲᠠᠷᠢᠶᠠᠴᠢᠳ ᠢᠳᠡᠰᠢᠨ ᠨᠣᠭᠤᠭ᠎ᠠ ᠶᠢᠨ ᠬᠦᠯᠡᠮᠵᠢ᠂ ᠲᠡᠵᠢᠬᠡᠪᠦᠷᠢ ᠶᠢᠨ ᠫᠧᠩ ᠰᠠᠷᠠᠪᠴᠢ᠂ ᠬᠡᠷ ᠤᠨ ᠣᠷᠣᠢ ᠵᠢᠴᠢ ᠠᠰᠢᠭᠯᠠᠭᠠᠳᠣᠢ ᠭᠠᠵᠠᠷ ᠤᠨ ᠬᠡᠪᠴᠢᠶᠡᠨ ᠳᠣᠲᠤᠷ᠎ᠠ᠂ ᠦᠢᠯᠡᠳᠪᠦᠷᠢᠯᠡᠯ ᠠᠮᠢᠳᠣᠷᠠᠯ ᠢ ᠨᠦᠯᠦᠬᠡᠯᠡᠬᠦ ᠦᠬᠡᠢ ᠨᠦᠬᠦᠴᠡᠯ ᠳᠣᠣᠷ᠎ᠠ ᠲᠠᠷᠬᠠᠢ ᠬᠡᠯᠪᠡᠷᠢ ᠶᠢᠨ ᠨᠠᠷᠠᠨ ᠡᠨᠧᠷᠬᠢ ᠶᠢ ᠬᠡᠷᠡᠭᠵᠢᠬᠦᠯᠦᠨ᠂ ᠲᠦᠷᠦᠯ ᠵᠦᠢᠯ ᠢᠶᠠᠷ ᠳᠠᠮᠵᠢᠭᠤᠯᠤᠨ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠬᠦᠯᠦᠨ᠎ᠡ᠃ ᠬᠡᠲᠦ ᠠᠰᠢᠭᠯᠠᠯᠲᠠ ᠶᠢᠨ ᠣᠷᠣᠨ ᠤ ᠪᠠᠯᠭᠠᠰᠣ ᠪᠠ ᠴᠠᠬᠢᠯᠭᠠᠨ ᠬᠠᠩᠭᠠᠬᠤ ᠬᠤᠪᠢᠶᠠᠷᠢ ᠺᠤᠮᠫᠠᠨᠢ ᠠᠴᠠ ᠬᠡᠲᠦ ᠠᠰᠢᠭᠯᠠᠯᠲᠠ ᠶᠢᠨ ᠣᠷᠣᠨ ᠤ ᠴᠠᠬᠢᠯᠭᠠᠨ ᠬᠤᠪᠢᠰᠬᠠᠭᠤᠷ ᠤᠨ ᠲᠤᠭ᠎ᠠ ᠬᠡᠮᠵᠢᠶ᠎ᠡ ᠪᠠᠭᠲᠠᠭᠠᠮᠵᠢ ᠵᠢᠴᠢ ᠴᠠᠬᠢᠯᠭᠠᠨ ᠬᠠᠩᠭᠠᠬᠤ ᠱᠣᠭᠤᠮ ᠢ ᠲᠤᠲᠤᠷᠬᠠᠶᠢᠯᠠᠨ ᠪᠠᠶᠢᠴᠠᠭᠠᠵᠤ᠂ ᠲᠦᠷᠦᠯ ᠵᠦᠢᠯ ᠤᠨ ᠬᠡᠷᠡᠭᠵᠢᠬᠦᠯᠦᠯᠲᠡ ᠶᠢᠨ ᠪᠡᠯᠡᠳᠬᠡᠯ ᠠᠵᠢᠯ ᠢᠶᠠᠨ ᠰᠠᠶᠢᠲᠤᠷ ᠬᠢᠨ᠎ᠡ᠃     7. ᠮᠦᠬᠦ ᠨᠠᠷᠢᠯᠢᠭ ᠡᠳ᠋ᠰᠢᠬᠦᠯᠬᠦ ᠣᠨᠴᠠᠯᠢᠭᠲᠤ ᠠᠵᠤ ᠦᠢᠯᠡᠰ ᠤᠨ ᠬᠦᠷᠢᠶᠡᠯᠡᠩ ᠤᠨ ᠪᠠᠶᠢᠭᠤᠯᠤᠯᠲᠠ ᠶᠢ ᠠᠬᠢᠭᠤᠯᠵᠤ᠂ ᠬᠡᠲᠦ ᠠᠰᠢᠭᠯᠠᠯᠲᠠ ᠶᠢᠨ ᠣᠷᠣᠨ ᠤ ᠮᠠᠯᠴᠢᠨ ᠲᠠᠷᠢᠶᠠᠴᠢᠳ ᠲᠤ ᠠᠵᠢᠯ ᠤᠨ ᠪᠠᠶᠢᠷᠢ ᠬᠠᠩᠭᠠᠨ᠎ᠠ᠃ ᠰᠠᠶᠢᠨ ᠳᠣᠷ᠎ᠠ ᠠᠴᠠ ᠪᠠᠨ 10 ᠮᠣ᠋ ᠬᠠᠣᠯᠢ ᠶᠤᠰᠤᠨ ᠤ ᠣᠰᠣᠯᠠᠯᠲᠠ ᠶᠢᠨ ᠭᠠᠵᠠᠷ ᠢᠶᠠᠨ 2 ᠰᠠᠭᠤᠷᠢ 0.8 ᠮᠣ᠋ ᠠᠴᠠ ᠳᠡᠭᠡᠭᠰᠢ ᠪᠠᠷᠢᠮᠵᠢᠶᠠᠵᠢᠭᠤᠯᠤᠭᠰᠠᠨ ᠮᠦᠬᠦ ᠶᠢᠨ ᠰᠦᠯᠢᠶᠤᠤ ᠬᠦᠯᠡᠮᠵᠢ ᠪᠠᠷ ᠰᠣᠯᠢᠭᠰᠠᠨ ᠮᠦᠷᠲᠡᠭᠡᠨ ᠦᠯᠡᠳᠡᠭᠰᠡᠨ 9.2 ᠮᠣ᠋ ᠭᠠᠵᠠᠷ ᠲᠤ  ᠪᠠᠨ ᠰᠠᠶᠢᠨ ᠳᠣᠷ᠎ᠠ ᠠᠴᠠ ᠪᠠᠨ 3 ᠵᠢᠯ ᠦᠷᠬᠦᠯᠵᠢᠯᠡᠨ 3 ᠣᠳᠠᠭ᠎ᠠ ᠣᠰᠣᠯᠠᠬᠤ ᠬᠠᠭᠤᠷᠠᠢ ᠲᠠᠷᠢᠶᠠᠯᠠᠭ᠎ᠠ ᠪᠤᠶᠤ ᠣᠰᠣ ᠬᠢᠵᠠᠭᠠᠷᠯᠠᠬᠤ ᠡᠯᠳᠡᠪ ᠠᠮᠣ ᠲᠠᠷᠢᠵᠦ᠂ ᠮᠣ᠋ ᠪᠦᠷᠢ ᠶᠢᠨ ᠬᠡᠷᠡᠭᠯᠡᠬᠦ ᠣᠰᠣ 60 ᠪᠤᠰᠤᠭ᠎ᠠ ᠳᠦᠷᠪᠡᠯᠵᠢᠨ ᠮᠧᠲᠷ ᠠᠴᠠ ᠬᠡᠲᠦᠷᠡᠭᠰᠡᠨ ᠦᠬᠡᠢ ᠮᠠᠯᠴᠢᠨ ᠲᠠᠷᠢᠶᠠᠴᠢᠳ ᠤᠨ ᠰᠦᠯᠢᠶᠤᠤ ᠬᠦᠯᠡᠮᠵᠢ ᠪᠦᠷᠢ ᠳᠤ 50% ᠶᠢᠨ ᠪᠠᠶᠢᠭᠤᠯᠤᠯᠲᠠ ᠶᠢᠨ ᠨᠦᠬᠦᠪᠦᠷᠢ ᠣᠯᠭᠤᠨ᠎ᠠ︔ ᠬᠡᠲᠦ ᠠᠰᠢᠭᠯᠠᠯᠲᠠ ᠶᠢᠨ ᠣᠷᠣᠨ ᠳᠤ ᠪᠠᠷᠢᠮᠵᠢᠶᠠᠲᠤ ᠰᠦᠯᠢᠶᠤᠤ ᠬᠦᠯᠡᠮᠵᠢ ᠦᠪᠡᠰᠦᠪᠡᠨ ᠪᠠᠶᠢᠭᠤᠯᠤᠭᠰᠠᠨ ᠮᠠᠯᠴᠢᠨ ᠲᠠᠷᠢᠶᠠᠴᠢᠳ ᠰᠠᠶᠢᠨ ᠳᠣᠷ᠎ᠠ ᠠᠴᠠ ᠪᠠᠨ ᠮᠦᠬᠦ ᠶᠢᠨ ᠰᠦᠯᠢᠶᠤᠤ ᠬᠦᠯᠡᠮᠵᠢ ᠪᠤᠯᠭᠠᠨ ᠦᠬᠡᠷᠡᠴᠢᠯᠡᠭᠰᠡᠨ ᠮᠦᠷᠲᠡᠭᠡᠨ ᠦᠯᠡᠳᠡᠭᠰᠡᠨ 9.2 ᠮᠣ᠋ ᠭᠠᠵᠠᠷ ᠲᠤ ᠪᠠᠨ ᠰᠠᠶᠢᠨ ᠳᠣᠷ᠎ᠠ ᠠᠴᠠ ᠪᠠᠨ 3 ᠵᠢᠯ ᠦᠷᠬᠦᠯᠵᠢᠯᠡᠨ 3 ᠣᠳᠠᠭ᠎ᠠ ᠣᠰᠣᠯᠠᠬᠤ ᠬᠠᠭᠤᠷᠠᠢ ᠲᠠᠷᠢᠶᠠᠯᠠᠭ᠎ᠠ ᠪᠤᠶᠤ ᠣᠰᠣ ᠬᠢᠵᠠᠭᠠᠷᠯᠠᠬᠤ ᠡᠯᠳᠡᠪ ᠠᠮᠣ ᠲᠠᠷᠢᠵᠦ᠂ ᠮᠣ᠋ ᠪᠦᠷᠢ ᠶᠢᠨ ᠬᠡᠷᠡᠭᠯᠡᠬᠦ ᠣᠰᠣ 60 ᠪᠤᠰᠤᠭ᠎ᠠ ᠳᠦᠷᠪᠡᠯᠵᠢᠨ ᠮᠧᠲᠷ ᠠᠴᠠ ᠬᠡᠲᠦᠷᠡᠭᠰᠡᠨ ᠦᠬᠡᠢ ᠪᠤᠯ᠂ ᠰᠦᠯᠢᠶᠤᠤ ᠬᠦᠯᠡᠮᠵᠢ ᠪᠦᠷᠢ ᠳᠤ 1 ᠲᠦᠮᠡᠨ ᠲᠦᠬᠦᠷᠢᠭ ᠤᠨ ᠦᠬᠡᠷᠡᠴᠢᠯᠡᠯᠲᠡ ᠶᠢᠨ ᠨᠦᠬᠦᠪᠦᠷᠢ ᠣᠯᠭᠤᠨ᠎ᠠ᠃ ᠮᠦᠬᠦ ᠨᠠᠷᠢᠯᠢᠭ ᠡᠳ᠋ᠰᠢᠬᠦᠯᠬᠦ ᠣᠨᠴᠠᠯᠢᠭᠲᠤ ᠠᠵᠤ ᠦᠢᠯᠡᠰ ᠤᠨ ᠬᠦᠷᠢᠶᠡᠯᠡᠩ ᠤᠨ ᠪᠠᠶᠢᠭᠤᠯᠤᠯᠲᠠ  ᠶᠢ ᠠᠬᠢᠭᠤᠯᠤᠨ᠂ ᠮᠦᠬᠦ ᠶᠢᠨ ᠦᠢᠯᠡᠳᠪᠦᠷᠢᠯᠡᠯ ᠤᠨ ᠦᠷᠲᠡᠭ ᠢ ᠪᠠᠭᠤᠷᠠᠭᠤᠯᠬᠤ ᠶᠢᠨ ᠲᠤᠰᠠᠳᠠ᠂ ᠮᠦᠬᠦ ᠶᠢᠨ ᠰᠠᠭᠤᠷᠢ ᠪᠦᠷᠢ ᠳᠤ 1.5 ᠲᠦᠬᠦᠷᠢᠭ ᠨᠦᠬᠦᠪᠦᠷᠢᠯᠡᠨ᠂ ᠬᠠᠮᠤᠭ ᠤᠨ ᠦᠨᠳᠦᠷ ᠲᠤ ᠪᠠᠨ 100 ᠲᠦᠮᠡᠨ ᠮᠦᠬᠦ ᠶᠢᠨ ᠰᠠᠭᠤᠷᠢ ᠳᠤ ᠨᠦᠬᠦᠪᠦᠷᠢ ᠣᠯᠭᠤᠨ᠎ᠠ᠃ ᠪᠠᠯᠭᠠᠰᠣ ᠠᠴᠠ ᠨᠢᠬᠡᠳᠦᠯᠲᠡᠢ ᠵᠤᠬᠢᠶᠠᠨ ᠪᠠᠶᠢᠭᠤᠯᠵᠤ᠂ ᠭᠠᠴᠠᠭ᠎ᠠ ᠲᠤᠰᠬᠤᠨ ᠠᠴᠠ ᠪᠤᠲᠠᠲᠠᠢ ᠬᠡᠷᠡᠭᠵᠢᠬᠦᠯᠦᠯᠲᠡ ᠶᠢ ᠬᠠᠷᠢᠭᠤᠴᠠᠨ᠎ᠠ᠃     8. ᠬᠡᠲᠦ ᠠᠰᠢᠭᠯᠠᠯᠲᠠ ᠶᠢᠨ ᠣᠷᠣᠨ ᠤ 2023 ᠣᠨ ᠠᠴᠠ ᠨᠠᠭᠠᠰᠢ ᠵᠠᠰᠠᠭ ᠤᠨ ᠣᠷᠳᠣᠨ ᠤ ᠨᠦᠬᠦᠪᠦᠷᠢ ᠪᠠᠷ ᠬᠡᠷᠡᠭᠵᠢᠬᠦᠯᠦᠭᠰᠡᠨ 133 ᠰᠠᠭᠤᠷᠢ ᠰᠣᠯᠢᠬᠤ ᠪᠠᠷ ᠦᠪᠡᠰᠦᠪᠡᠨ ᠪᠠᠶᠢᠭᠤᠯᠤᠭᠰᠠᠨ ᠪᠠᠷᠢᠮᠵᠢᠶᠠᠲᠤ ᠰᠦᠯᠢᠶᠤᠤ ᠬᠦᠯᠡᠮᠵᠢ ᠶᠢ ᠡᠬᠢᠯᠡᠬᠦᠯᠦᠨ ᠬᠡᠷᠡᠭᠯᠡᠨ᠎ᠡ᠃ ᠯᠠᠵᠤᠤ᠂ ᠲᠠᠷᠪᠤᠰ᠂ ᠠᠮᠲᠠᠲᠤ ᠬᠡᠮᠬᠡ ᠵᠡᠷᠭᠡ ᠠᠵᠣ ᠠᠬᠤᠢ ᠶᠢᠨ ᠲᠠᠷᠢᠮᠠᠯ ᠲᠠᠷᠢᠬᠤ ᠰᠦᠯᠢᠶᠤᠤ ᠬᠦᠯᠡᠮᠵᠢ ᠪᠦᠷᠢ ᠳᠤ 660 ᠪᠤᠰᠤᠭ᠎ᠠ ᠳᠦᠷᠪᠡᠯᠵᠢᠨ ᠮᠧᠲᠷ ᠣᠰᠣ ᠬᠠᠩᠭᠠᠨ᠎ᠠ︔ ᠨᠠᠪᠴᠢᠨ ᠤ ᠲᠦᠷᠦᠯ ᠵᠡᠷᠭᠡ ᠪᠤᠰᠣᠳ ᠲᠠᠷᠢᠮᠠᠯ ᠲᠠᠷᠢᠬᠤ ᠰᠦᠯᠢᠶᠤᠤ ᠬᠦᠯᠡᠮᠵᠢ ᠳᠤ ︽ᠣᠲᠤᠭ ᠤᠨ ᠡᠮᠦᠨᠡᠲᠦ ᠬᠤᠰᠢᠭᠤᠨ ᠤ ᠲᠠᠷᠢᠶᠠᠯᠠᠩ ᠤᠨ ᠦᠢᠯᠡᠰ ᠤᠨ ᠣᠰᠣᠨ ᠦᠨ᠎ᠡ ᠶᠢᠨ ᠶᠡᠷᠦᠩᠬᠡᠶᠢᠯᠡᠭᠰᠡᠨ ᠦᠬᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠤᠨ ᠲᠦᠰᠦᠯ ᠢ ᠳᠠᠷᠤᠮᠠᠯᠯᠠᠨ ᠲᠠᠷᠬᠠᠭᠠᠬᠤ ᠲᠤᠬᠠᠢ ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠣᠲᠤᠭ ᠡᠮᠦᠨᠡᠲᠦ ᠵᠠᠰᠠᠭ ᠠᠯᠪᠠᠨ ᠲᠠᠷᠬᠠᠭᠠᠬᠤ ﹇2023﹈ 63 ᠲᠤᠭᠠᠲᠤ︶ ᠶᠤᠰᠤᠭᠠᠷ ᠡᠷᠬᠡ ᠲᠤᠲᠤᠳᠬᠠᠭᠰᠠᠨ ᠣᠰᠣᠯᠠᠯᠲᠠ ᠶᠢᠨ ᠭᠠᠵᠠᠷ ᠲᠤ ᠣᠰᠣᠨ ᠤ ᠬᠦᠢᠴᠡᠳᠬᠡᠯ ᠲᠤᠭ᠎ᠠ ᠬᠤᠪᠢᠶᠠᠷᠢᠯᠠᠨ᠎ᠠ᠃ ᠰᠦᠯᠢᠶᠤᠤ ᠬᠦᠯᠡᠮᠵᠢ ᠪᠠᠨ ᠬᠡᠷᠡᠭᠯᠡᠬᠦ ᠦᠬᠡᠢ ᠳᠤ ᠨᠢ ᠣᠰᠣᠨ ᠤ ᠬᠦᠢᠴᠡᠳᠬᠡᠯ ᠲᠤᠭ᠎ᠠ ᠬᠤᠪᠢᠶᠠᠷᠢᠯᠠᠬᠤ ᠦᠬᠡᠢ᠃     9. ᠯᠠᠵᠤᠤ᠂ ᠲᠠᠷᠪᠤᠰ᠂ ᠠᠮᠲᠠᠲᠤ ᠬᠡᠮᠬᠡ ᠵᠡᠷᠭᠡ ᠠᠵᠣ ᠠᠬᠤᠢ ᠶᠢᠨ ᠲᠠᠷᠢᠮᠠᠯ ᠪᠤᠶᠤ ᠨᠠᠪᠴᠢᠨ ᠤ ᠲᠦᠷᠦᠯ ᠵᠡᠷᠭᠡ ᠪᠤᠰᠣᠳ ᠲᠠᠷᠢᠮᠠᠯ ᠲᠠᠷᠢᠭᠰᠠᠨ ᠰᠣᠯᠢᠬᠤ ᠪᠠᠷᠢᠮᠵᠢᠶᠠᠲᠤ ᠰᠦᠯᠢᠶᠤᠤ ᠬᠦᠯᠡᠮᠵᠢ ᠶᠢ ᠣᠯᠵᠠᠴᠢ ᠪᠠᠯᠭᠠᠰᠣ᠂ ᠪᠤᠷᠤᠪᠠᠯᠭᠠᠰᠣ ᠪᠠᠯᠭᠠᠰᠣ ᠠᠴᠠ ᠰᠢᠯᠭᠠᠨ ᠬᠤᠷᠢᠶᠠᠭᠠᠳ ᠬᠢᠷᠢ ᠲᠡᠩᠴᠡᠭᠰᠡᠨ ᠤ ᠳᠠᠷᠠᠭ᠎ᠠ᠂ ᠬᠤᠰᠢᠭᠤ ᠮᠠᠯ ᠲᠠᠷᠢᠶᠠᠯᠠᠩ ᠣᠰᠣᠨ ᠠᠰᠢᠭᠯᠠᠯᠲᠠ ᠶᠢᠨ ᠳᠣᠪᠴᠢᠶᠠᠨ ᠳᠤ ᠮᠡᠳᠡᠬᠦᠯᠦᠨ ᠳᠠᠩᠰᠠᠯᠠᠭᠤᠯᠵᠤ᠂ ᠬᠦᠯᠡᠮᠵᠢ ᠪᠠᠷ ᠰᠣᠯᠢᠭᠰᠠᠨ 9.2 ᠮᠣ᠋ ᠣᠰᠣᠯᠠᠯᠲᠠ ᠶᠢᠨ ᠭᠠᠵᠠᠷ  ᠲᠤ ︽ᠣᠲᠤᠭ ᠤᠨ ᠡᠮᠦᠨᠡᠲᠦ ᠬᠤᠰᠢᠭᠤᠨ ᠤ ᠲᠠᠷᠢᠶᠠᠯᠠᠩ ᠤᠨ ᠦᠢᠯᠡᠰ ᠤᠨ ᠣᠰᠣᠨ ᠦᠨ᠎ᠡ ᠶᠢᠨ ᠶᠡᠷᠦᠩᠬᠡᠶᠢᠯᠡᠭᠰᠡᠨ ᠦᠬᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠤᠨ ᠲᠦᠰᠦᠯ ᠢ ᠳᠠᠷᠤᠮᠠᠯᠯᠠᠨ ᠲᠠᠷᠬᠠᠭᠠᠬᠤ ᠲᠤᠬᠠᠢ ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠣᠲᠤᠭ ᠡᠮᠦᠨᠡᠲᠦ ᠵᠠᠰᠠᠭ ᠠᠯᠪᠠᠨ ᠲᠠᠷᠬᠠᠭᠠᠬᠤ ﹇2023﹈ 63 ᠲᠤᠭᠠᠲᠤ︶ ᠪᠢᠴᠢᠭ  ᠮᠡᠲ᠋ᠧᠷᠢᠶᠡᠯ ᠶᠤᠰᠤᠭᠠᠷ ᠡᠷᠬᠡ ᠲᠤᠲᠤᠳᠬᠠᠭᠰᠠᠨ ᠦᠬᠡᠢ ᠣᠰᠣᠯᠠᠯᠲᠠ ᠶᠢᠨ ᠭᠠᠵᠠᠷ ᠤᠨ ᠣᠰᠣᠨ ᠤ ᠬᠦᠢᠴᠡᠳᠬᠡᠯ ᠲᠤᠭ᠎ᠠ ᠬᠤᠪᠢᠶᠠᠷᠢᠯᠠᠨ᠎ᠠ᠃     ᠳᠦᠷᠪᠡ᠂ ᠲᠠᠷᠢᠶᠠᠯᠠᠩ ᠤᠨ ᠦᠢᠯᠡᠰ ᠤᠨ ᠣᠰᠣᠨ ᠦᠨ᠎ᠡ ᠶᠢᠨ ᠦᠬᠡᠷᠡᠴᠢᠯᠡᠯᠲᠡ ᠶᠢ ᠠᠬᠢᠭᠤᠯᠵᠤ᠂ ᠣᠰᠣ ᠬᠡᠷᠡᠭᠯᠡᠬᠦ ᠡᠷᠬᠡ ᠶᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠨ᠎ᠠ     10. ︽ᠣᠰᠣ ᠠᠷᠪᠢᠯᠠᠬᠤ ᠠᠵᠢᠯᠯᠠᠭ᠎ᠠ︾ ᠶᠢᠨ ᠠᠵᠢᠯ ᠤᠨ ᠱᠠᠭᠠᠷᠳᠠᠯᠭ᠎ᠠ ᠶᠤᠰᠤᠭᠠᠷ᠂ ᠳᠡᠭᠡᠳᠦ ᠱᠠᠲᠤᠨ ᠤ ᠪᠡᠯᠡ ᠮᠦᠩᠭᠦ ᠶᠢ ᠢᠳᠡᠪᠬᠢᠲᠡᠢ ᠪᠠᠷ ᠣᠯᠬᠤ  ᠪᠠᠷ ᠳᠠᠮᠵᠢᠭᠤᠯᠤᠨ᠂ ᠰᠢᠨ᠎ᠡ ᠪᠠᠷ ᠬᠤᠪᠢᠶᠠᠷᠢᠯᠠᠨ ᠲᠤᠭᠲᠠᠭᠠᠭᠰᠠᠨ ᠬᠡᠲᠦ ᠠᠰᠢᠭᠯᠠᠯᠲᠠ ᠶᠢᠨ ᠣᠷᠣᠨ ᠤ ᠬᠡᠪᠴᠢᠶᠡᠨ ᠳᠤ ᠬᠢ ᠣᠰᠣᠯᠠᠯᠲᠠ ᠶᠢᠨ ᠴᠠᠬᠢᠯᠭᠠᠨ ᠬᠤᠳᠳᠤᠭ ᠲᠤ ︽ᠬᠤᠳᠳᠤᠭ ᠴᠠᠬᠢᠯᠭᠠᠨ ᠤ ᠬᠤᠤᠰ ᠡᠵᠡᠮᠳᠡᠯ︾ ᠤᠨ ᠬᠡᠮᠵᠢᠯᠲᠡ ᠶᠢᠨ ᠳᠦᠬᠦᠬᠡᠷᠦᠮᠵᠢ ᠣᠭᠰᠠᠷᠠᠵᠤ᠂ ᠣᠰᠣ ᠬᠡᠷᠡᠭᠯᠡᠬᠦ ᠬᠡᠮᠵᠢᠯᠲᠡ ᠶᠢᠨ ᠬᠦᠳᠡᠯᠦᠩᠬᠦᠢ ᠬᠢᠨᠠᠨ ᠡᠵᠡᠮᠰᠢᠯ ᠢ ᠪᠡᠶᠡᠯᠡᠬᠦᠯᠦᠨ᠂ ᠬᠡᠲᠦ ᠠᠰᠢᠭᠯᠠᠯᠲᠠ ᠶᠢᠨ ᠣᠷᠣᠨ ᠤ ᠲᠠᠷᠢᠶᠠᠯᠠᠩ ᠤᠨ ᠣᠰᠣᠯᠠᠯᠲᠠ ᠶᠢᠨ ᠨᠠᠷᠢᠯᠢᠭ ᠣᠨᠣᠪᠴᠢᠲᠠᠢ ᠬᠡᠮᠵᠢᠯᠲᠡ ᠶᠢ ᠪᠠᠲᠤᠯᠠᠨ᠎ᠠ᠃ 2025 ᠣᠨ ᠳᠤ 4000 ᠢᠵᠢ ︽ᠬᠤᠳᠳᠤᠭ ᠴᠠᠬᠢᠯᠭᠠᠨ ᠤ ᠬᠤᠤᠰ ᠡᠵᠡᠮᠳᠡᠯ︾ ᠤᠨ ᠬᠡᠮᠵᠢᠯᠲᠡ ᠶᠢᠨ ᠳᠦᠬᠦᠬᠡᠷᠦᠮᠵᠢ ᠣᠭᠰᠠᠷᠠᠬᠤ ᠪᠠᠷ ᠲᠦᠯᠦᠪᠯᠡᠵᠦ᠂ ᠪᠠᠷᠤᠭᠴᠠᠭᠠᠯᠠᠭᠰᠠᠨ 2500 ᠲᠦᠮᠡᠨ ᠲᠦᠬᠦᠷᠢᠭ ᠪᠡᠯᠡ ᠣᠷᠣᠭᠤᠯᠣᠯᠲᠠ ᠶᠢ ᠳᠡᠭᠡᠳᠦ ᠱᠠᠲᠤᠨ ᠤ ᠲᠤᠰᠬᠠᠢ ᠪᠡᠯᠡ ᠮᠦᠩᠭᠦ ᠪᠠᠷ ᠪᠡᠯᠡ ᠮᠦᠩᠭᠦᠨ ᠤ ᠢᠷᠡᠯᠲᠡ ᠪᠤᠯᠭᠠᠨ᠎ᠠ᠃     11. ᠠᠩᠬᠠᠨ ᠤ ᠣᠰᠣᠨ ᠤ ᠡᠷᠬᠡ ᠶᠢᠨ ᠬᠤᠪᠢᠶᠠᠷᠢᠯᠠᠯ ᠢ ᠴᠢᠩᠭᠠᠳᠬᠠᠵᠤ᠂ ᠡᠷᠬᠡ ᠲᠤᠲᠤᠳᠬᠠᠭᠰᠠᠨ ᠣᠰᠣᠯᠠᠯᠲᠠ ᠶᠢᠨ ᠭᠠᠵᠠᠷ ᠲᠤ ᠮᠤ᠋ ᠪᠦᠷᠢ 220 ᠪᠤᠰᠤᠭ᠎ᠠ ᠳᠦᠷᠪᠡᠯᠵᠢᠨ ᠮᠧᠲᠷ᠂ ᠡᠷᠬᠡ ᠲᠤᠲᠤᠳᠬᠠᠭᠰᠠᠨ ᠦᠬᠡᠢ ᠣᠰᠣᠯᠠᠯᠲᠠ ᠶᠢᠨ ᠭᠠᠵᠠᠷ ᠲᠤ ᠮᠣ᠋ ᠪᠦᠷᠢ 100 ᠪᠤᠰᠤᠭ᠎ᠠ ᠳᠦᠷᠪᠡᠯᠵᠢᠨ ᠮᠧᠲᠷ ᠠᠩᠬᠠᠨ ᠤ ᠣᠰᠣᠨ ᠡᠷᠬᠡ ᠶᠢ ᠬᠤᠪᠢᠶᠠᠷᠢᠯᠠᠨ᠂ ᠣᠯᠣᠰ ᠤᠨ ᠨᠣᠲᠤᠭ ᠳᠡᠪᠢᠰᠬᠡᠷ ᠤᠨ ︽ᠭᠤᠷᠪᠠᠳᠣᠭᠠᠷ ᠪᠠᠶᠢᠴᠠᠭᠠᠯᠲᠠ︾ ᠶᠢᠨ ᠳᠠᠷᠠᠭᠠᠬᠢ ᠣᠢ ᠰᠢᠭᠤᠢ ᠶᠢ ᠰᠦᠢᠳᠬᠡᠵᠦ ᠠᠲᠠᠷ ᠬᠠᠭᠠᠯᠪᠤᠷᠢᠯᠠᠭᠰᠠᠨ ᠲᠠᠢ ᠬᠤᠯᠪᠤᠭᠳᠠᠭᠰᠠᠨ ᠠᠵᠢᠯᠯᠠᠭᠠᠨ ᠳᠤ ᠣᠰᠣ ᠬᠤᠪᠢᠶᠠᠷᠢᠯᠠᠬᠤ ᠦᠬᠡᠢ᠃ ︽ᠣᠲᠤᠭ ᠤᠨ ᠡᠮᠦᠨᠡᠲᠦ ᠬᠤᠰᠢᠭᠤᠨ ᠤ ᠲᠠᠷᠢᠶᠠᠯᠠᠩ ᠤᠨ ᠦᠢᠯᠡᠰ ᠤᠨ ᠣᠰᠣᠨ ᠦᠨ᠎ᠡ ᠶᠢᠨ ᠶᠡᠷᠦᠩᠬᠡᠶᠢᠯᠡᠭᠰᠡᠨ ᠦᠬᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠤᠨ ᠲᠦᠰᠦᠯ ᠢ ᠳᠠᠷᠤᠮᠠᠯᠯᠠᠨ ᠲᠠᠷᠬᠠᠭᠠᠬᠤ ᠲᠤᠬᠠᠢ ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠣᠲᠤᠭ ᠡᠮᠦᠨᠡᠲᠦ ᠵᠠᠰᠠᠭ ᠠᠯᠪᠠᠨ ᠲᠠᠷᠬᠠᠭᠠᠬᠤ ﹇2023﹈ 63 ᠲᠤᠭᠠᠲᠤ︶ ᠪᠢᠴᠢᠭ ᠮᠡᠲ᠋ᠧᠷᠢᠶᠡᠯ ᠤᠨ ᠱᠠᠭᠠᠷᠳᠠᠯᠭ᠎ᠠ ᠶᠤᠰᠤᠭᠠᠷ᠂ ᠡᠷᠬᠡ ᠲᠤᠲᠤᠳᠬᠠᠭᠰᠠᠨ ᠭᠠᠵᠠᠷ ᠤᠨ ᠣᠰᠣ ᠬᠡᠷᠡᠭᠯᠡᠬᠦ ᠬᠢᠵᠠᠭᠠᠷ ᠮᠣ᠋ ᠪᠦᠷᠢ 440 ᠪᠤᠰᠤᠭ᠎ᠠ ᠳᠦᠷᠪᠡᠯᠵᠢᠨ ᠮᠧᠲᠷ᠂ ᠡᠷᠬᠡ ᠲᠤᠲᠤᠳᠬᠠᠭᠰᠠᠨ ᠦᠬᠡᠢ ᠭᠠᠵᠠᠷ ᠤᠨ ᠣᠰᠣ ᠬᠡᠷᠡᠭᠯᠡᠬᠦ ᠬᠢᠵᠠᠭᠠᠷ ᠮᠣ᠋ ᠪᠦᠷᠢ 220 ᠪᠤᠰᠤᠭ᠎ᠠ ᠳᠦᠷᠪᠡᠯᠵᠢᠨ ᠮᠧᠲᠷ᠂ ᠲᠤᠭᠲᠠᠭᠰᠠᠨ ᠨᠣᠷᠮ᠎ᠠ ᠠᠴᠠ ᠳᠠᠪᠠᠭᠤᠯᠪᠠᠯ ᠬᠤᠷᠠᠮᠳᠣᠭᠤᠯᠣᠨ ᠨᠡᠮᠡᠬᠦ ᠠᠷᠭ᠎ᠠ ᠶᠢ ᠴᠢᠩᠭ᠎ᠠ ᠬᠡᠷᠡᠭᠵᠢᠬᠦᠯᠦᠨ᠎ᠡ᠃     12. ᠣᠰᠣᠨ ᠤ ᠦᠨ᠎ᠡ ᠶᠢ ᠵᠤᠬᠢᠰᠲᠠᠢ ᠲᠤᠬᠢᠷᠠᠭᠤᠯᠤᠨ᠂ ᠲᠠᠷᠢᠶᠠᠯᠠᠩ ᠤᠨ ᠦᠢᠯᠡᠰ ᠤᠨ ᠣᠰᠣᠨ ᠦᠨ᠎ᠡ ᠶᠢᠨ ᠶᠡᠷᠦᠩᠬᠡᠶᠢᠯᠡᠭᠰᠡᠨ ᠦᠬᠡᠷᠡᠴᠢᠯᠡᠯᠲᠡ ᠶᠢᠨ ᠣᠳᠣᠬᠢ ᠪᠠᠶᠢᠳᠠᠯ᠂ ᠣᠰᠣᠨ ᠰᠣᠷᠪᠣᠯᠵᠢ ᠶᠢᠨ ᠬᠡᠮᠵᠢᠶᠡᠨ ᠤ ᠠᠴᠢᠶᠠᠯᠠᠬᠤ ᠴᠢᠳᠠᠪᠤᠷᠢ᠂ ᠭᠠᠵᠠᠷ ᠳᠣᠣᠷᠠᠬᠢ ᠣᠰᠣᠨ ᠤ ᠬᠡᠲᠦ ᠠᠰᠢᠭᠯᠠᠯᠲᠠ ᠶᠢᠨ ᠣᠷᠣᠨ ᠤ ᠵᠠᠰᠠᠯᠲᠠ ᠶᠢᠨ ᠬᠡᠷᠡᠭᠴᠡᠭᠡ ᠱᠠᠭᠠᠷᠳᠠᠯᠭ᠎ᠠ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠤᠳᠣᠯᠬᠢᠯᠠᠵᠤ᠂ ᠬᠤᠰᠢᠭᠤ ᠬᠦᠭᠵᠢᠬᠦᠯᠦᠯᠲᠡ ᠦᠬᠡᠷᠡᠴᠢᠯᠡᠯᠲᠡ ᠶᠢᠨ ᠵᠦᠪᠯᠡᠯ  ᠠᠴᠠ ︽ᠣᠰᠣᠨ ᠠᠰᠢᠭᠯᠠᠯᠲᠠ ᠶᠢᠨ ᠢᠨᠵᠧᠨᠧᠷᠢᠩ ᠤᠨ ᠣᠰᠣ ᠬᠠᠩᠭᠠᠬᠤ ᠦᠨ᠎ᠡ ᠶᠢ ᠬᠠᠷᠭᠤᠭᠤᠯᠤᠨ ᠪᠤᠳᠣᠬᠤ ᠳᠦᠷᠢᠮᠵᠢᠯ︾ ᠶᠤᠰᠤᠭᠠᠷ᠂ ᠣᠰᠣ ᠬᠠᠩᠭᠠᠬᠤ ᠦᠷᠲᠡᠭ ᠢ ᠲᠤᠭᠲᠠᠮᠠᠯ ᠬᠤᠭᠤᠴᠠᠭ᠎ᠠ ᠲᠠᠢ ᠪᠠᠷ ᠬᠠᠷᠭᠤᠭᠤᠯᠤᠨ ᠪᠤᠳᠣᠬᠤ ᠳᠦᠷᠢᠮ ᠢ ᠲᠤᠭᠲᠠᠭᠠᠬᠤ ᠪᠠᠷ  ᠳᠠᠮᠵᠢᠭᠤᠯᠤᠨ ᠲᠠᠷᠢᠶᠠᠯᠠᠩ ᠤᠨ ᠦᠢᠯᠡᠰ ᠤᠨ ᠣᠰᠣ ᠬᠠᠩᠭᠠᠬᠤ ᠦᠷᠲᠡᠭ᠂ ᠵᠠᠷᠤᠳᠠᠯ ᠢ ᠣᠨᠣᠪᠴᠢᠲᠠᠢ ᠪᠠᠷ ᠬᠠᠷᠭᠤᠭᠤᠯᠵᠤ ᠲᠤᠭᠲᠠᠭᠠᠨ᠂ ᠢᠨᠵᠧᠨᠧᠷᠢᠩ ᠤᠨ ᠠᠵᠢᠯᠯᠠᠮᠵᠢ ᠶᠢᠨ ᠬᠠᠮᠠᠭᠠᠯᠠᠯᠲᠠ ᠶᠢᠨ ᠦᠷᠲᠡᠭ ᠢ ᠰᠢᠨᠵᠢᠯᠡᠬᠦ ᠤᠬᠠᠭᠠᠨᠴᠢ ᠪᠠᠷ ᠲᠦᠰᠦᠬᠡᠯᠡᠨ ᠪᠤᠳᠣᠵᠣ᠂ ᠣᠰᠣᠨ ᠤ ᠦᠨ᠎ᠡ ᠶᠢ ᠵᠤᠬᠢᠰᠲᠠᠢ ᠲᠤᠭᠲᠠᠭᠠᠬᠤ ᠶᠢᠨ ᠬᠠᠮᠲᠤ 5 ᠵᠢᠯ ᠤᠨ ᠠᠵᠢᠯᠯᠠᠮᠵᠢ ᠶᠢᠨ  ᠠᠵᠢᠭᠯᠠᠯᠲᠠ  ᠶᠢᠨ ᠬᠤᠭᠤᠴᠠᠭ᠎ᠠ ᠲᠤᠬᠢᠷᠠᠭᠤᠯᠤᠨ᠂ ᠠᠵᠢᠯᠯᠠᠮᠵᠢ ᠶᠢᠨ ᠦᠷ᠎ᠡ ᠳ᠋ᠦᠩ ᠢ ᠬᠤᠶᠢᠰᠢᠳᠠ ᠶᠢᠨ ᠬᠤᠭᠤᠴᠠᠭᠠᠨ ᠤ ᠣᠰᠣᠨ ᠦᠨ᠎ᠡ ᠶᠢᠨ ᠲᠤᠬᠢᠷᠠᠭᠤᠯᠤᠯᠲᠠ ᠶᠢᠨ ᠴᠢᠬᠤᠯᠠ ᠯᠠᠪᠯᠠᠯᠲᠠ ᠶᠢᠨ ᠦᠨᠳᠦᠰᠦᠯᠡᠯ ᠪᠤᠯᠭᠠᠨ᠎ᠠ᠃     ᠲᠠᠪᠤ᠂ ᠪᠠᠲᠤᠯᠠᠭ᠎ᠠ ᠶᠢᠨ ᠠᠷᠭ᠎ᠠ ᠠᠪᠴᠠᠯ ᠢ ᠴᠢᠩᠭᠠᠳᠬᠠᠵᠤ᠂ ᠣᠰᠣ ᠠᠷᠪᠢᠯᠠᠬᠤ ᠣᠬᠠᠮᠰᠠᠷ ᠢ ᠳᠡᠭᠡᠭᠰᠢᠯᠡᠬᠦᠯᠦᠨ᠎ᠡ     13. ᠬᠡᠲᠦ ᠠᠰᠢᠭᠯᠠᠯᠲᠠ ᠶᠢᠨ ᠣᠷᠣᠨ ᠤ ᠬᠡᠪᠴᠢᠶᠡᠨ ᠳᠤ ᠬᠢ ᠳᠦᠷᠢᠮ ᠵᠦᠷᠢᠴᠡᠨ ᠮᠠᠯᠲᠠᠭᠰᠠᠨ ᠬᠤᠳᠳᠤᠭ᠂ ᠪᠠᠯᠭᠠᠰᠣᠨ ᠤ ᠲᠤᠤᠷ ᠬᠤᠭᠤᠯᠠᠢ ᠶᠢᠨ ᠬᠡᠪᠴᠢᠶᠡᠨ ᠳᠤ ᠬᠢ ᠦᠪᠡᠷᠲᠡᠭᠡᠨ ᠬᠡᠷᠡᠭᠯᠡᠬᠦ ᠣᠰᠣᠨ ᠬᠤᠳᠳᠤᠭ ᠵᠢᠴᠢ ︽ᠬᠤᠳᠳᠤᠭ ᠴᠠᠬᠢᠯᠭᠠᠨ ᠤ ᠬᠤᠤᠰ ᠡᠵᠡᠮᠳᠡᠯ︾ ᠤᠨ ᠬᠡᠮᠵᠢᠯᠲᠡ ᠶᠢᠨ ᠳᠦᠬᠦᠬᠡᠷᠦᠮᠵᠢ ᠣᠭᠰᠠᠷᠠᠬᠤ ᠶᠢ ᠳᠡᠪᠴᠢᠭᠰᠡᠨ ᠳᠦᠷᠢᠮ ᠵᠦᠷᠢᠴᠡᠨ ᠣᠰᠣ  ᠬᠡᠷᠡᠭᠯᠡᠭᠰᠡᠨ ᠡᠷᠦᠬᠡ ᠳᠤ ᠴᠢᠭᠯᠡᠬᠦᠯᠦᠨ ᠬᠤᠰᠢᠭᠤ ᠮᠠᠯ ᠲᠠᠷᠢᠶᠠᠯᠠᠩ ᠤᠨ ᠦᠢᠯᠡᠰ ᠤᠨ ᠵᠠᠰᠠᠭ ᠵᠠᠬᠢᠷᠭᠠᠨ  ᠤ ᠶᠡᠷᠦᠩᠬᠡᠶᠢᠯᠡᠭᠰᠡᠨ ᠬᠠᠣᠯᠢ ᠬᠡᠷᠡᠭᠵᠢᠬᠦᠯᠬᠦ ᠶᠡᠭᠡ ᠠᠩᠬᠢ ᠶᠢᠨ ᠬᠢᠨ ᠡᠯ᠎ᠡ ᠪᠠᠯᠭᠠᠰᠣᠨ ᠤ ᠬᠠᠤᠯᠢ ᠬᠡᠷᠡᠭᠵᠢᠬᠦᠯᠬᠦ ᠲᠤᠪᠴᠢᠶ᠎ᠠ ᠲᠠᠢ ᠬᠠᠮᠲᠤᠷᠠᠨ ︽ᠪᠦᠬᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠣᠰᠣᠨ ᠤ ᠬᠠᠤᠯᠢ︾ ︽ᠣᠰᠣ ᠠᠷᠪᠢᠯᠠᠬᠤ ᠳᠦᠷᠢᠮ︾ ︽ᠭᠠᠵᠠᠷ ᠳᠣᠣᠷᠠᠬᠢ ᠣᠰᠣᠨ ᠤ ᠬᠠᠮᠢᠶᠠᠷᠤᠯᠲᠠ ᠶᠢᠨ ᠳᠦᠷᠢᠮ︾ ᠵᠡᠷᠭᠡ ᠬᠠᠣᠯᠢ ᠳᠦᠷᠢᠮ ᠶᠤᠰᠤᠭᠠᠷ ᠪᠠᠶᠢᠴᠠᠭᠠᠨ ᠰᠢᠢᠳᠪᠦᠷᠢᠯᠡᠵᠦ᠂ ᠴᠢᠬᠤᠯᠠ ᠲᠠᠢ ᠦᠶᠡᠰ ᠬᠤᠰᠢᠭᠤ ᠲᠤᠲᠤᠭᠠᠲᠤ ᠶᠢ ᠬᠠᠮᠠᠭᠠᠯᠠᠬᠤ ᠲᠤᠪᠴᠢᠶ᠎ᠠ ᠶᠢᠨ ᠢᠳᠡᠬᠡᠨ ᠣᠮᠳᠠᠭᠠᠨ ᠡᠮ ᠤᠨ ᠵᠦᠢᠯ ᠣᠷᠴᠢᠨ ᠲᠤᠭᠤᠷᠢᠨ ᠤ ᠶᠡᠭᠡ ᠠᠩᠬᠢ ᠲᠠᠢ ᠬᠤᠯᠪᠤᠭᠠᠯᠠᠵᠤ ᠬᠠᠤᠯᠢ ᠬᠡᠷᠡᠭᠵᠢᠬᠦᠯᠦᠨ᠂ ᠨᠢᠬᠡ ᠪᠦᠯᠦᠭ ᠨᠡᠶᠢᠲᠡᠯᠢᠭ ᠬᠡᠷᠡᠭ ᠤᠨ ᠵᠢᠱᠢᠶ᠎ᠡ ᠶᠢ ᠪᠠᠶᠢᠴᠠᠭᠠᠨ ᠰᠢᠢᠳᠬᠡᠵᠦ᠂ ᠪᠦᠬᠦ ᠬᠤᠰᠢᠭᠤᠨ ᠤ ᠬᠡᠪᠴᠢᠶᠡᠨ ᠳᠤ ᠰᠦᠷᠳᠡᠬᠦᠯᠬᠦ ᠦᠢᠯᠡᠳᠦᠯ ᠦᠵᠡᠬᠦᠯᠦᠨ᠂ ᠬᠠᠣᠯᠢ ᠪᠤᠰᠣ ᠪᠠᠷ ᠬᠤᠳᠳᠤᠭ ᠮᠠᠯᠲᠠᠬᠤ᠂ ᠣᠰᠣ ᠬᠡᠷᠡᠭᠯᠡᠬᠦ ᠠᠵᠢᠯᠯᠠᠭ᠎ᠠ ᠳᠤ ᠴᠢᠩᠭ᠎ᠠ ᠴᠤᠬᠢᠯᠲᠠ ᠦᠭᠭᠦᠨ᠎ᠡ᠃     14. ᠬᠤᠰᠢᠭᠤ ᠮᠠᠯ ᠲᠠᠷᠢᠶᠠᠯᠠᠩ ᠣᠰᠣᠨ ᠠᠰᠢᠭᠯᠠᠯᠲᠠ ᠶᠢᠨ ᠳᠣᠪᠴᠢᠶ᠎ᠠ᠂ ᠡᠯ᠎ᠡ ᠪᠠᠯᠭᠠᠰᠣ ᠠᠴᠠ ᠬᠡᠲᠦ ᠠᠰᠢᠭᠯᠠᠯᠲᠠ ᠶᠢᠨ ᠣᠷᠣᠨ ᠤ ᠵᠠᠰᠠᠯᠲᠠ ᠪᠠ ᠣᠰᠣ  ᠶᠢ ᠠᠷᠪᠢᠯᠠᠨ ᠭᠠᠮᠨᠠᠬᠤ ᠪᠠᠷ ᠭᠤᠤᠯ ᠰᠡᠳᠦᠪ ᠪᠤᠯᠭᠠᠵᠤ᠂ ᠮᠠᠯᠴᠢᠨ ᠲᠠᠷᠢᠶᠠᠴᠢᠳ ᠲᠤ ᠭᠠᠵᠠᠷ ᠳᠣᠣᠷᠠᠬᠢ ᠣᠰᠣᠨ ᠤ ᠬᠡᠲᠦ ᠠᠰᠢᠭᠯᠠᠯᠲᠠ ᠶᠢᠨ ᠬᠦᠨᠦᠬᠡᠯ ᠢ ᠬᠦᠢᠴᠡᠳ ᠲᠠᠨᠢᠭᠤᠯᠬᠤ ᠤᠬᠠᠭᠤᠯᠭ᠎ᠠ ᠵᠢᠯᠤᠭᠤᠳᠤᠯᠭ᠎ᠠ ᠶᠢ ᠦᠷᠬᠡᠨ ᠲᠦᠪᠯᠡᠷᠡᠩᠬᠦᠢ ᠦᠷᠨᠢᠬᠦᠯᠦᠨ᠂ ᠡᠳᠦᠷ ᠲᠤᠲᠤᠮ ᠤᠨ ᠦᠢᠯᠡᠳᠪᠦᠷᠢᠯᠡᠯ ᠠᠮᠢᠳᠣᠷᠠᠯ ᠳᠣᠮᠳᠠ ᠣᠰᠣ ᠶᠢ ᠠᠷᠪᠢᠯᠠᠨ ᠭᠠᠮᠨᠠᠬᠤ ᠣᠬᠠᠮᠰᠠᠷ ᠢ ᠨᠢ ᠪᠠᠲᠤᠳᠬᠠᠨ᠎ᠠ᠃ ᠬᠤᠰᠢᠭᠤ ᠬᠠᠮ ᠵᠠᠭᠤᠴᠢᠯᠠᠭᠤᠷ ᠤᠨ ᠲᠦᠪ ᠤᠨ ᠬᠢᠨ ᠸᠢᠴᠠᠲ᠂ ᠣᠯᠠᠨ ᠨᠠᠶᠢᠲᠠ ᠶᠢᠨ ᠳᠠᠪᠴᠠᠩ᠂ ᠬᠡᠷᠡᠭᠯᠡᠭᠴᠢᠳ ᠤᠨ ᠦᠵᠦᠬᠦᠷᠰᠢᠯ ᠵᠡᠷᠭᠡ ᠰᠢᠨ᠎ᠡ ᠵᠠᠭᠤᠴᠢᠯᠠᠭᠤᠷ ᠪᠠ ᠷᠠᠳᠢᠤ᠋ ᠲᠧᠯᠸᠢᠰ᠂ ᠰᠣᠨᠢᠨ ᠰᠡᠳᠬᠦᠯ ᠵᠡᠷᠭᠡ ᠣᠯᠠᠮᠵᠢᠯᠠᠯᠲᠤ ᠵᠠᠭᠤᠴᠢᠯᠠᠭᠤᠷ ᠢᠶᠠᠷ ᠮᠠᠯ ᠲᠠᠷᠢᠶᠠᠯᠠᠩ ᠤᠨ ᠦᠢᠯᠡᠰ ᠤᠨ ᠣᠰᠣ ᠠᠷᠪᠢᠯᠠᠬᠤ ᠣᠬᠠᠭᠤᠯᠭ᠎ᠠ ᠶᠢ ᠲᠦᠪᠯᠡᠷᠡᠩᠬᠦᠢ ᠶᠠᠪᠤᠭᠳᠠᠭᠤᠯᠵᠤ᠂ ᠨᠢᠬᠡ ᠪᠦᠯᠦᠭ ᠡᠰᠡᠷᠬᠦ ᠲᠠᠯ᠎ᠠ ᠶᠢᠨ ᠬᠡᠷᠡᠭ ᠤᠨ ᠵᠢᠱᠢᠶ᠎ᠡ ᠶᠢ ᠢᠯᠡᠴᠢᠯᠡᠨ᠂ ᠮᠠᠯᠴᠢᠨ ᠲᠠᠷᠢᠶᠠᠴᠢᠳ ᠤᠨ ᠣᠰᠣ ᠠᠷᠪᠢᠯᠠᠬᠤ ᠤᠬᠠᠮᠰᠠᠷ ᠢ ᠳᠡᠭᠡᠭᠰᠢᠯᠡᠬᠦᠯᠵᠦ᠂ ᠲᠠᠷᠢᠶᠠᠯᠠᠩ ᠤᠨ ᠦᠢᠯᠡᠰ ᠤᠨ ᠣᠬᠢ ᠰᠠᠶᠢᠨ ᠣᠰᠣ ᠠᠰᠢᠭᠯᠠᠬᠤ ᠳᠠᠳᠬᠠᠯ ᠢ ᠪᠤᠢ ᠪᠤᠯᠭᠠᠨ᠂ ᠣᠯᠠᠨ ᠲᠦᠮᠡᠨ ᠢ ᠵᠢᠯᠤᠭᠤᠳᠤᠨ ᠣᠰᠣ ᠠᠰᠢᠭᠯᠠᠬᠤ ᠣᠯᠠᠮᠵᠢᠯᠠᠯᠲᠤ ᠦᠵᠡᠯᠲᠡ ᠶᠢ ᠨᠢ ᠬᠤᠪᠢᠷᠠᠭᠤᠯᠵᠤ᠂ ᠣᠰᠣ ᠶᠢ ᠠᠷᠪᠢᠯᠠᠨ ᠭᠠᠮᠨᠠᠬᠤ ᠳᠤ ᠬᠦᠮᠦᠨ ᠪᠦᠬᠦᠨ ᠣᠷᠣᠯᠴᠠᠬᠤ᠂ ᠴᠢᠬᠤᠯᠠᠴᠢᠯᠠᠨ ᠬᠠᠯᠠᠮᠵᠢᠯᠠᠬᠤ ᠣᠬᠢ ᠰᠠᠶᠢᠨ ᠠᠭᠤᠷ ᠠᠮᠢᠰᠬᠤᠯ ᠢ ᠴᠢᠷᠮᠠᠶᠢᠨ ᠪᠤᠢ ᠪᠤᠯᠭᠠᠨ᠎ᠠ᠃     15. ᠬᠡᠲᠦ ᠠᠰᠢᠭᠯᠠᠯᠲᠠ ᠶᠢᠨ ᠣᠷᠣᠨ ᠤ ᠵᠠᠰᠠᠯᠲᠠ ᠶᠢᠨ ᠠᠵᠢᠯ ᠤᠨ ᠦᠨᠳᠦᠰᠦᠨ ᠵᠠᠷᠤᠳᠠᠯ ᠢ ᠲᠤᠬᠢᠷᠠᠭᠤᠯᠵᠤ᠂ ᠬᠤᠰᠢᠭᠤ ᠮᠠᠯ ᠲᠠᠷᠢᠶᠠᠯᠠᠩ ᠣᠰᠣᠨ ᠠᠰᠢᠭᠯᠠᠯᠲᠠ ᠶᠢᠨ ᠳᠣᠪᠴᠢᠶ᠎ᠠ ᠭᠤᠷᠪᠠᠳᠣᠭᠠᠷ ᠡᠲᠡᠭᠡᠳ ᠤᠨ ᠰᠢᠨᠵᠢᠯᠡᠭᠡ ᠮᠡᠷᠬᠡᠵᠢᠯ ᠤᠨ ᠰᠣᠳᠣᠯᠭᠠᠨ ᠤ ᠬᠦᠷᠢᠶᠡᠯᠡᠩ ᠳᠤ ᠨᠠᠶᠢᠲᠠᠨ᠂ ᠰᠢᠨ᠎ᠡ ᠪᠠᠷ ᠬᠤᠪᠢᠶᠠᠷᠢᠯᠠᠨ ᠲᠤᠭᠲᠠᠭᠠᠬᠤ ᠬᠡᠲᠦ ᠠᠰᠢᠭᠯᠠᠯᠲᠠ ᠶᠢᠨ ᠣᠷᠣᠨ ᠤ ᠬᠡᠪᠴᠢᠶ᠎ᠡ ᠵᠢᠴᠢ ᠬᠡᠲᠦ ᠠᠰᠢᠭᠯᠠᠯᠲᠠ ᠶᠢᠨ ᠬᠡᠮᠵᠢᠶ᠎ᠡ ᠶᠢ ᠵᠠᠳᠠᠯᠣᠨ ᠬᠠᠷᠭᠤᠭᠤᠯᠬᠤ ᠶᠢᠨ ᠬᠠᠮᠲᠤ ᠵᠠᠰᠠᠯᠲᠠ ᠶᠢᠨ ᠲᠦᠰᠦᠯ ᠢ ᠲᠤᠭᠤᠷᠪᠢᠭᠤᠯᠵᠤ᠂ ᠣᠯᠵᠠᠴᠢ ᠪᠠᠯᠭᠠᠰᠣ ᠵᠢᠴᠢ ᠪᠤᠷᠤᠪᠠᠯᠭᠠᠰᠣ ᠪᠠᠯᠭᠠᠰᠣ ᠬᠢᠷᠢ ᠬᠡᠮ ᠲᠠᠢ ᠬᠡᠮᠵᠢᠨ ᠵᠢᠷᠤᠭᠯᠠᠬᠤ ᠺᠤᠮᠫᠠᠨᠢ ᠶᠢ ᠣᠷᠢᠨ᠂ ᠬᠡᠲᠦ ᠠᠰᠢᠭᠯᠠᠯᠲᠠ ᠶᠢᠨ ᠣᠷᠣᠨ ᠤ ᠣᠰᠣᠯᠠᠯᠲᠠ ᠶᠢᠨ ᠭᠠᠵᠠᠷ ᠢ ᠬᠡᠮᠵᠢᠨ ᠵᠢᠷᠤᠭᠯᠠᠵᠤ᠂ ᠡᠯ ᠲᠦᠷᠦᠯ ᠤᠨ ᠵᠠᠰᠠᠯᠲᠠ ᠶᠢᠨ ᠲᠦᠷᠦ ᠶᠢᠨ ᠪᠤᠳᠤᠯᠭ᠎ᠠ ᠶᠢᠨ ᠪᠠᠬᠢᠵᠢᠬᠦᠯᠦᠯᠲᠡ  ᠳᠤ ᠦᠨᠳᠦᠰᠦᠯᠡᠯ ᠬᠠᠩᠭᠠᠨ᠎ᠠ᠃     16. ᠬᠡᠲᠦ ᠠᠰᠢᠭᠯᠠᠯᠲᠠ ᠶᠢᠨ ᠣᠷᠣᠨ ᠤ ᠮᠡᠷᠬᠡᠵᠢᠯ ᠤᠨ ᠦᠢᠯᠡᠴᠢᠯᠡᠬᠡᠨ ᠤ ᠵᠠᠷᠤᠳᠠᠯ ᠢ ᠲᠤᠬᠢᠷᠠᠭᠤᠯᠵᠤ᠂ ᠬᠤᠰᠢᠭᠤ ᠮᠠᠯ ᠲᠠᠷᠢᠶᠠᠯᠠᠩ ᠣᠰᠣᠨ ᠠᠰᠢᠭᠯᠠᠯᠲᠠ ᠶᠢᠨ ᠳᠣᠪᠴᠢᠶ᠎ᠠ ᠠᠴᠠ ᠨᠢᠬᠡᠳᠦᠯᠲᠡᠢ ᠵᠤᠬᠢᠶᠠᠨ ᠪᠠᠶᠢᠭᠤᠯᠵᠤ ᠬᠡᠷᠡᠭᠵᠢᠬᠦᠯᠦᠨ᠂ ᠮᠡᠷᠬᠡᠵᠢᠯ᠂ ᠪᠤᠲᠠᠲᠤ ᠬᠦᠴᠦᠨ ᠲᠠᠢ ᠬᠤᠪᠢ ᠬᠦᠮᠦᠨ ᠪᠠ ᠪᠦᠯᠬᠦᠮ ᠢ ᠣᠷᠢᠬᠤ ᠪᠠᠷ ᠳᠠᠮᠵᠢᠭᠤᠯᠤᠨ ᠮᠠᠯᠴᠢᠨ ᠲᠠᠷᠢᠶᠠᠴᠢᠳ ᠲᠤ ᠪᠦᠬᠦ ᠶᠠᠪᠤᠴᠠ ᠶᠢᠨ ᠲᠠᠷᠢᠵᠦ ᠲᠡᠵᠢᠬᠡᠬᠦ ᠮᠡᠷᠬᠡᠵᠢᠯ ᠤᠨ ᠦᠢᠯᠡᠴᠢᠯᠡᠭᠡ ᠬᠠᠩᠭᠠᠨ᠎ᠠ᠃     ᠳᠡᠭᠡᠷᠡᠬᠢ ᠠᠷᠭ᠎ᠠ ᠠᠪᠴᠠᠯ ᠳᠤ 120 ᠲᠦᠮᠡᠨ ᠲᠦᠬᠦᠷᠢᠭ ᠤᠨ ᠪᠡᠯᠡ ᠮᠦᠩᠭᠦ ᠵᠠᠷᠤᠴᠠᠭᠤᠯᠵᠤ᠂ ᠬᠤᠰᠢᠭᠤ ᠡᠳ᠋ ᠤᠨ ᠵᠠᠰᠠᠭ ᠤᠨ ᠪᠡᠯᠡ ᠮᠦᠩᠭᠦ ᠪᠠᠷ ᠪᠡᠯᠡ ᠮᠦᠩᠭᠦᠨ ᠤ ᠢᠷᠡᠯᠲᠡ ᠪᠤᠯᠭᠠᠨ᠎ᠠ᠃     ᠵᠢᠷᠭᠤᠭ᠎ᠠ᠂ ᠲᠠᠷᠢᠶᠠᠯᠠᠩ ᠤᠨ ᠦᠢᠯᠡᠰ ᠤᠨ ᠦᠨᠳᠦᠷ ᠪᠦᠲᠦᠮᠵᠢᠲᠡᠢ ᠪᠠᠷ ᠣᠰᠣ ᠠᠷᠪᠢᠯᠠᠬᠤ ᠦᠬᠡᠷᠡᠴᠢᠯᠡᠯᠲᠡ ᠶᠢᠨ ᠨᠦᠬᠦᠪᠦᠷᠢ ᠶᠢᠨ ᠲᠦᠷᠦ ᠶᠢᠨ ᠪᠤᠳᠤᠯᠭ᠎ᠠ  ᠶᠢ ᠨᠠᠶᠢᠲᠠᠪᠤᠷᠢᠵᠢᠭᠤᠯᠤᠨ᠎ᠠ     17. ᠲᠠᠷᠢᠶᠠᠯᠠᠩ ᠤᠨ ᠦᠢᠯᠡᠰ ᠤᠨ ᠣᠰᠣᠯᠠᠯᠲᠠ ᠶᠢᠨ ᠣᠰᠣᠨ ᠤ ᠬᠡᠷᠡᠭᠯᠡᠯᠲᠡ ᠶᠢᠨ ᠦᠷ᠎ᠡ ᠠᠰᠢᠭ ᠢ ᠣᠯᠠᠮ ᠳᠡᠭᠡᠭᠰᠢᠯᠡᠬᠦᠯᠵᠦ᠂ ᠭᠠᠵᠠᠷ ᠳᠣᠣᠷᠠᠬᠢ ᠣᠰᠣᠨ ᠤ ᠠᠰᠢᠭᠯᠠᠯᠲᠠ ᠶᠢᠨ ᠬᠡᠮᠵᠢᠶ᠎ᠡ ᠶᠢ ᠪᠠᠭᠠᠰᠬᠠᠨ᠂ ᠵᠠᠰᠠᠭ ᠤᠨ ᠣᠷᠳᠣᠨ ᠤ ᠨᠦᠬᠦᠪᠦᠷᠢ ᠪᠠᠷ ᠳᠠᠮᠵᠢᠭᠤᠯᠤᠨ ᠬᠡᠲᠦ ᠠᠰᠢᠭᠯᠠᠯᠲᠠ ᠶᠢᠨ ᠣᠷᠣᠨ ᠤ ᠮᠠᠯᠴᠢᠨ ᠲᠠᠷᠢᠶᠠᠴᠢᠳ ᠤᠨ ᠣᠳᠣ ᠪᠠᠶᠢᠭ᠎ᠠ ᠣᠰᠣᠯᠠᠯᠲᠠ ᠶᠢᠨ ᠳᠦᠬᠦᠬᠡᠷᠦᠮᠵᠢ ᠪᠠᠨ ᠣᠰᠣ ᠠᠷᠪᠢᠯᠠᠬᠤ ᠳᠦᠬᠦᠬᠡᠷᠦᠮᠵᠢ ᠪᠤᠯᠭᠠᠨ ᠦᠬᠡᠷᠡᠴᠢᠯᠡᠬᠦ᠂ ᠣᠰᠣ ᠠᠷᠪᠢᠯᠠᠬᠤ ᠴᠢᠨᠠᠷ  ᠢᠶᠠᠷ ᠨᠡᠩ ᠦᠨᠳᠦᠷ ᠲᠤᠰᠤᠯᠭᠠᠨ ᠣᠰᠣᠯᠠᠬᠤ ᠳᠦᠬᠦᠬᠡᠷᠦᠮᠵᠢ ᠰᠣᠩᠭᠤᠬᠤ ᠶᠢ  ᠵᠣᠷᠢᠭᠵᠢᠭᠤᠯᠤᠨ᠂ ᠲᠠᠷᠢᠶᠠᠯᠠᠩ ᠤᠨ ᠪᠣᠷᠳᠣᠭᠤᠷ ᠤᠨ ᠬᠡᠮᠵᠢᠶ᠎ᠡ ᠶᠢ ᠪᠠᠭᠠᠰᠬᠠᠬᠤ᠂ ᠪᠣᠬᠢᠷᠳᠣᠯ ᠦᠬᠡᠢ ᠪᠠᠷ ᠰᠡᠷᠬᠡᠶᠢᠯᠡᠨ ᠡᠵᠡᠮᠳᠡᠬᠦ᠂ ᠨᠢᠬᠡᠳᠦᠯᠲᠡᠢ ᠰᠡᠷᠬᠡᠶᠢᠯᠡᠨ ᠨᠢᠬᠡᠳᠦᠯᠲᠡᠢ ᠵᠠᠰᠠᠬᠤ᠂ ᠰᠢᠯᠵᠢᠮᠡᠯ ᠦᠢᠯᠡᠴᠢᠯᠡᠬᠡᠨ ᠤ ᠦᠷᠲᠡᠭᠡ ᠵᠡᠷᠭᠡ ᠨᠡᠶᠢᠬᠡᠮᠴᠢᠯᠡᠭᠰᠡᠨ ᠦᠢᠯᠡᠴᠢᠯᠡᠭᠡ ᠪᠠᠷ ᠮᠡᠷᠬᠡᠵᠢᠯ ᠤᠨ ᠲᠣᠯᠭᠠᠭᠤᠷᠢᠯᠠᠯ ᠪᠤᠯᠭᠠᠵᠤ᠂ ᠬᠡᠲᠦ ᠠᠰᠢᠭᠯᠠᠯᠲᠠ ᠶᠢᠨ ᠣᠷᠣᠨ ᠤ 3 ᠲᠦᠮᠡᠨ ᠮᠣ᠋  ᠣᠰᠣᠯᠠᠯᠲᠠ ᠶᠢᠨ ᠭᠠᠵᠠᠷ ᠢ ᠦᠨᠳᠦᠷ ᠪᠦᠲᠦᠮᠵᠢᠲᠡᠢ ᠣᠰᠣ ᠠᠷᠪᠢᠯᠠᠬᠤ ᠣᠰᠣᠯᠠᠯᠲᠠ ᠪᠠᠷ ᠦᠬᠡᠷᠡᠴᠢᠯᠡᠨ᠎ᠡ᠂ ᠡᠬᠦᠨ ᠳᠤ ᠣᠯᠵᠠᠴᠢ ᠪᠠᠯᠭᠠᠰᠣ 2.2 ᠲᠦᠮᠡᠨ ᠮᠣ᠋᠂ ᠪᠤᠷᠤᠪᠠᠯᠭᠠᠰᠣ ᠪᠠᠯᠭᠠᠰᠣ 0.8 ᠲᠦᠮᠡᠨ ᠮᠣ᠋᠂ ᠭᠤᠤᠯᠳᠠᠭᠤ ᠬᠡᠲᠦ ᠠᠰᠢᠭᠯᠠᠯᠲᠠ ᠶᠢᠨ ᠣᠷᠣᠨ ᠤ ᠲᠦᠪᠯᠡᠷᠡᠨ ᠵᠠᠯᠭᠠᠯᠳᠣᠵᠣ ᠲᠠᠷᠢᠶᠠᠯᠠᠭᠰᠠᠨ ᠮᠦᠷᠲᠡᠭᠡᠨ ᠴᠠᠬᠢᠯᠭᠠᠨ ᠬᠤᠳᠳᠤᠭ ᠨᠡᠯᠢᠶᠡᠳ ᠣᠯᠠᠨ ᠭᠠᠵᠠᠷ ᠲᠤ ᠬᠡᠷᠡᠭᠵᠢᠬᠦᠯᠦᠨ᠂ ᠣᠰᠣ ᠪᠣᠷᠳᠣᠭᠤᠷ ᠢ ᠴᠤᠭᠴᠠᠵᠢᠭᠤᠯᠤᠭᠰᠠᠨ ᠳᠦᠬᠦᠭᠡᠷᠦᠮᠵᠢ ᠪᠠ ᠲᠤᠰᠤᠯᠭᠠᠨ ᠣᠰᠣᠯᠠᠬᠤ ᠳᠦᠬᠦᠬᠡᠷᠦᠮᠵᠢ ᠶᠢ ᠲᠦᠬᠦᠷᠴᠢᠯᠡᠨ᠎ᠡ᠂ ᠪᠤᠲᠠᠲᠠᠢ ᠭᠠᠵᠠᠷ ᠢ ᠣᠯᠵᠠᠴᠢ ᠪᠠᠯᠭᠠᠰᠣ᠂ ᠪᠤᠷᠤᠪᠠᠯᠭᠠᠰᠣ ᠪᠠᠯᠭᠠᠰᠣ ᠬᠤᠰᠢᠭᠤ ᠮᠠᠯ ᠲᠠᠷᠢᠶᠠᠯᠠᠩ ᠣᠰᠣᠨ ᠠᠰᠢᠭᠯᠠᠯᠲᠠ ᠶᠢᠨ ᠳᠣᠪᠴᠢᠶ᠎ᠠ ᠲᠠᠢ ᠬᠠᠮᠲᠤᠷᠠᠵᠤ ᠲᠤᠭᠲᠠᠭᠠᠨ᠂ ᠮᠣ᠋ ᠪᠦᠷᠢ ᠶᠢᠨ ᠨᠦᠬᠦᠪᠦᠷᠢ ᠶᠢ 350 ᠲᠦᠬᠦᠷᠢᠭ ᠣᠷᠴᠢᠮ ᠬᠢᠵᠠᠭᠠᠷᠯᠠᠵᠤ᠂ 1050 ᠲᠦᠮᠡᠨ ᠲᠦᠬᠦᠷᠢᠭ ᠪᠡᠯᠡ ᠮᠦᠩᠭᠦ ᠵᠠᠷᠤᠴᠠᠭᠤᠯᠬᠤ ᠪᠠᠷ ᠲᠦᠯᠦᠪᠯᠡᠨ᠂ ᠬᠤᠰᠢᠭᠤ ᠡᠳ᠋ ᠤᠨ ᠵᠠᠰᠠᠭ ᠤᠨ ᠪᠡᠯᠡ ᠮᠦᠩᠭᠦ ᠪᠠᠷ ᠪᠡᠯᠡ ᠮᠦᠩᠭᠦᠨ ᠤ ᠢᠷᠡᠯᠲᠡ ᠪᠤᠯᠭᠠᠨ᠎ᠠ᠃ᠳᠣᠯᠤᠭ᠎ᠠ᠂ ᠣᠰᠣ ᠠᠷᠪᠢᠯᠠᠨ ᠡᠵᠡᠮᠳᠡᠬᠦ ᠨᠦᠬᠦᠪᠦᠷᠢ ᠶᠢᠨ ᠲᠦᠷᠦ ᠶᠢᠨ ᠪᠣᠳᠣᠯᠭ᠎ᠠ ᠶᠢ ᠨᠡᠶᠢᠲᠡᠪᠦᠷᠢᠵᠢᠭᠤᠯᠤᠨ᠎ᠠ     18. ᠬᠡᠲᠦ ᠠᠰᠢᠭᠯᠠᠯᠲᠠ ᠶᠢᠨ ᠣᠷᠣᠨ ᠤ ︽ᠬᠤᠳᠳᠤᠭ ᠴᠠᠬᠢᠯᠭᠠᠨ ᠤ ᠬᠤᠤᠰ ᠡᠵᠡᠮᠳᠡᠯ︾ ᠤᠨ ᠬᠡᠮᠵᠢᠯᠲᠡ ᠶᠢᠨ ᠳᠦᠬᠦᠬᠡᠷᠦᠮᠵᠢ ᠣᠭᠰᠠᠷᠠᠭᠰᠠᠨ ᠮᠦᠷᠲᠡᠬᠡᠨ ᠰᠡᠯᠬᠦᠨ ᠲᠠᠷᠢᠬᠤ ᠵᠢᠴᠢ ᠪᠤᠰᠣᠳ ᠨᠦᠬᠦᠪᠦᠷᠢ ᠶᠢᠨ ᠲᠦᠷᠦ ᠶᠢᠨ ᠪᠤᠳᠣᠯᠭ᠎ᠠ ᠡᠳ᠋ᠯᠡᠭᠰᠡᠨ ᠦᠬᠡᠢ ᠮᠠᠯᠴᠢᠨ ᠲᠠᠷᠢᠶᠠᠴᠢᠳ ᠢ ᠡᠷᠦᠬᠡ ᠪᠠᠷ ᠨᠢᠬᠡᠴᠢ ᠪᠤᠯᠭᠠᠨ ᠂ ᠣᠰᠣᠯᠠᠯᠲᠠ ᠶᠢᠨ ᠭᠠᠵᠠᠷ 15 ᠮᠣ᠋ ᠵᠢᠴᠢ ᠲᠡᠬᠦᠨ ᠠᠴᠠ ᠪᠠᠭ᠎ᠠ ᠳᠤᠨᠢ ᠮᠣ᠋ ᠪᠦᠷᠢ 400 ᠲᠦᠬᠦᠷᠢᠭ ᠨᠦᠬᠦᠪᠦᠷᠢᠯᠡᠵᠦ᠂ ᠡᠷᠦᠬᠡ ᠪᠦᠷᠢ ᠳᠤ ᠬᠠᠮᠤᠭ ᠤᠨ ᠦᠨᠳᠦᠷ ᠲᠡᠭᠡᠨ 6000 ᠲᠦᠬᠦᠷᠢᠭ ᠨᠦᠬᠦᠪᠦᠷᠢᠯᠡᠨ᠎ᠡ︔ ᠣᠰᠣᠯᠠᠯᠲᠠ ᠶᠢᠨ ᠭᠠᠵᠠᠷ 20 ᠮᠣ᠋ ᠵᠢᠴᠢ ᠲᠡᠬᠦᠨ ᠠᠴᠠ ᠪᠠᠭ᠎ᠠ ᠮᠠᠯᠴᠢᠨ ᠲᠠᠷᠢᠶᠠᠴᠢᠳ ᠲᠤ ᠮᠣ᠋ ᠪᠦᠷᠢ 275 ᠲᠦᠬᠦᠷᠢᠭ ᠨᠦᠬᠦᠪᠦᠷᠢᠯᠡᠨ᠂ ᠡᠷᠦᠬᠡ ᠪᠦᠷᠢ ᠳᠤ ᠬᠠᠮᠤᠭ ᠤᠨ ᠦᠨᠳᠦᠷ ᠲᠡᠭᠡᠨ 5500 ᠲᠦᠬᠦᠷᠢᠭ ᠨᠦᠬᠦᠪᠦᠷᠢᠯᠡᠨ᠎ᠡ︔ ᠣᠰᠣᠯᠠᠯᠲᠠ ᠶᠢᠨ ᠭᠠᠵᠠᠷ 25 ᠮᠣ᠋ ᠵᠢᠴᠢ ᠲᠡᠬᠦᠨ ᠠᠴᠠ ᠪᠠᠭ᠎ᠠ ᠮᠠᠯᠴᠢᠨ ᠲᠠᠷᠢᠶᠠᠴᠢᠳ ᠲᠤ ᠮᠣ᠋ ᠪᠦᠷᠢ 200 ᠲᠦᠬᠦᠷᠢᠭ ᠨᠦᠬᠦᠪᠦᠷᠢᠯᠡᠵᠦ᠂ ᠡᠷᠦᠬᠡ ᠪᠦᠷᠢ ᠳᠤ ᠬᠠᠮᠤᠭ ᠤᠨ ᠦᠨᠳᠦᠷ ᠲᠡᠭᠡᠨ 5000 ᠲᠦᠬᠦᠷᠢᠭ ᠨᠦᠬᠦᠪᠦᠷᠢᠯᠡᠨ᠎ᠡ᠃ ᠨᠦᠬᠦᠪᠦᠷᠢ ᠶᠢᠨ ᠲᠦᠷᠦ ᠶᠢᠨ ᠪᠤᠳᠤᠯᠭ᠎ᠠ ᠡᠳ᠋ᠯᠡᠭᠰᠡᠨ ᠦᠬᠡᠢ ᠶᠠᠳᠠᠭᠤ ᠠᠴᠠ ᠠᠩᠬᠢᠵᠢᠷᠠᠭᠤᠯᠤᠭᠰᠠᠨ ᠡᠷᠦᠬᠡ ᠪᠠ ᠬᠦᠳᠡᠯᠦᠩᠬᠦᠢ ᠬᠢᠨᠠᠨ ᠡᠵᠡᠮᠰᠢᠯ ᠤᠨ ᠡᠷᠦᠬᠡ ᠳᠤ᠂ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠳᠣᠪᠴᠢᠶ᠎ᠠ ᠶᠢᠨ ︽ᠭᠤᠷᠪᠠᠨ ᠲᠤᠭᠤᠷᠢᠭ ᠭᠤᠷᠪᠠᠨ ᠱᠣᠭᠤᠮ︾  ᠳᠤ ᠬᠤᠪᠢᠶᠠᠷᠢᠯᠠᠨ ᠲᠤᠭᠲᠠᠭᠠᠭᠰᠠᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠢᠵᠠᠭᠠᠷ ᠱᠣᠭᠤᠮ ᠤᠨ ᠬᠡᠪᠴᠢᠶᠡᠨ ᠳᠤ ᠲᠠᠷᠢᠶᠠᠯᠠᠭᠰᠠᠨ ᠡᠷᠦᠬᠡ ᠳᠤ ᠮᠣ᠋ ᠪᠦᠷᠢ 200 ᠲᠦᠬᠦᠷᠢᠭ ᠨᠦᠬᠦᠪᠦᠷᠢᠯᠡᠨ᠎ᠡ᠃ ᠪᠤᠲᠠᠲᠠᠢ ᠨᠦᠬᠦᠪᠦᠷᠢᠯᠡᠬᠦ ᠡᠷᠦᠬᠡ ᠶᠢ ᠪᠠᠯᠭᠠᠰᠣ ᠠᠴᠠ ᠲᠤᠭᠲᠠᠭᠠᠨ᠂ 200 ᠲᠦᠮᠡᠨ ᠲᠦᠬᠦᠷᠢᠭ ᠤᠨ ᠪᠡᠯᠡ ᠮᠦᠩᠭᠦ ᠲᠤᠬᠢᠷᠠᠭᠤᠯᠵᠤ᠂ ᠬᠤᠰᠢᠭᠤ ᠡᠳ᠋ ᠤᠨ ᠵᠠᠰᠠᠭ ᠤᠨ ᠪᠡᠯᠡ ᠮᠦᠩᠭᠦ ᠪᠠᠷ ᠪᠡᠯᠡ ᠮᠦᠩᠭᠦᠨ ᠤ ᠢᠷᠡᠯᠲᠡ ᠪᠤᠯᠭᠠᠨ᠎ᠠ᠃     ᠨᠠᠢᠮᠠ᠂ ᠵᠢᠬᠡᠯᠡᠯᠭᠡ ᠶᠢᠨ ᠬᠦᠦ ᠮᠦᠩᠭᠦ ᠶᠢ ᠣᠷᠣᠯᠠᠨ ᠦᠭᠭᠦ ᠲᠦᠷᠦ ᠶᠢᠨ ᠪᠤᠳᠤᠯᠭ᠎ᠠ ᠶᠢ ᠨᠠᠶᠢᠲᠠᠪᠤᠷᠢᠵᠢᠭᠤᠯᠤᠨ᠎ᠠ     19. ᠬᠡᠲᠦ ᠠᠰᠢᠭᠯᠠᠯᠲᠠ ᠶᠢᠨ ᠣᠷᠣᠨ ᠤ ᠮᠠᠯᠴᠢᠨ ᠲᠠᠷᠢᠶᠠᠴᠢᠳ ᠲᠤ ᠵᠠᠯᠭᠠᠭ᠎ᠠ ᠪᠠᠷ 3 ᠵᠢᠯ ᠬᠦᠦ ᠮᠦᠩᠭᠦ ᠶᠢ ᠣᠷᠣᠯᠠᠨ ᠦᠭᠭᠦ ᠨᠦᠬᠦᠪᠦᠷᠢ ᠬᠠᠩᠭᠠᠵᠤ᠂ ᠬᠠᠮᠤᠭ ᠤᠨ ᠦᠨᠳᠦᠷ ᠵᠢᠬᠡᠯᠡᠯᠬᠡ ᠶᠢᠨ ᠮᠦᠩᠬᠦ 10 ᠲᠦᠮᠡᠨ ᠲᠦᠬᠦᠷᠢᠭ ᠪᠤᠯᠤᠨ᠎ᠠ᠃ ᠲᠠᠷᠢᠵᠦ ᠲᠡᠵᠢᠬᠡᠬᠦ ᠠᠵᠤ ᠦᠢᠯᠡᠰ ᠢᠶᠠᠷ ᠬᠦᠭᠵᠢᠬᠦ ᠮᠠᠯᠴᠢᠨ ᠲᠠᠷᠢᠶᠠᠴᠢᠳ  ᠲᠤ ᠵᠢᠬᠡᠯᠡᠯᠭᠡ ᠶᠢᠨ ᠡᠬᠡ ᠮᠦᠩᠭᠦ ᠶᠢᠨ 2 ᠯᠢ ᠬᠦᠦ ᠮᠦᠩᠭᠦ ᠶᠢ ᠣᠷᠣᠯᠠᠨ ᠦᠭᠭᠦ ᠨᠦᠬᠦᠪᠦᠷᠢ ᠶᠢ ᠬᠠᠩᠭᠠᠨ᠎ᠠ︔ ᠪᠠᠷᠢᠮᠵᠢᠶᠠᠵᠢᠭᠤᠯᠤᠭᠰᠠᠨ ᠲᠡᠵᠢᠬᠡᠨ ᠲᠠᠷᠭᠤᠯᠠᠭᠤᠯᠬᠤ ᠠᠯᠠᠰᠢᠨ ᠮᠠᠯ ᠤᠨ ᠲᠡᠵᠢᠬᠡᠪᠦᠷᠢ ᠶᠢᠨ ᠫᠧᠩ ᠰᠠᠷᠠᠪᠴᠢ ᠳᠤ ᠬᠡᠷᠡᠭᠯᠡᠬᠦ ᠮᠠᠯᠴᠢᠨ ᠲᠠᠷᠢᠶᠠᠴᠢᠳ ᠲᠤ ᠦᠪᠡᠷᠲᠡᠭᠡᠨ ᠭᠠᠷᠭᠠᠬᠤ 50% ᠶᠢᠨ ᠪᠠᠶᠢᠭᠤᠯᠤᠯᠲᠠ ᠶᠢᠨ ᠵᠠᠷᠤᠳᠠᠯ ᠤᠨ 2 ᠯᠢ ᠶᠢᠨ ᠬᠦᠦ ᠮᠦᠩᠬᠦ ᠶᠢ ᠣᠷᠣᠯᠠᠨ ᠦᠭᠭᠦ ᠨᠦᠬᠦᠪᠦᠷᠢ ᠬᠠᠩᠭᠠᠨ᠎ᠠ︔ ᠮᠦᠬᠦ ᠶᠢᠨ ᠪᠠᠷᠢᠮᠵᠢᠶᠠᠲᠤ ᠰᠦᠯᠢᠶᠤᠤ ᠬᠦᠯᠡᠮᠵᠢ ᠶᠢ ᠰᠢᠨ᠎ᠡ ᠪᠠᠷ ᠪᠠ ᠦᠬᠡᠷᠡᠴᠢᠯᠡᠨ ᠪᠠᠶᠢᠭᠤᠯᠤᠭᠰᠠᠨ ᠮᠦᠷᠲᠡᠭᠡᠨ 3 ᠵᠢᠯ ᠵᠠᠯᠭᠠᠭ᠎ᠠ ᠪᠠᠷ ᠬᠡᠷᠡᠭᠯᠡᠭᠰᠡᠨ ᠮᠠᠯᠴᠢᠨ ᠲᠠᠷᠢᠶᠠᠴᠢᠳ ᠲᠤ᠂ ᠦᠪᠡᠷᠲᠡᠭᠡᠨ ᠭᠠᠷᠭᠠᠬᠤ 50%  ᠶᠢᠨ ᠪᠠᠶᠢᠭᠤᠯᠤᠯᠲᠠ ᠶᠢᠨ ᠵᠠᠷᠤᠳᠠᠯ ᠪᠠ ᠮᠦᠬᠦ ᠶᠢᠨ ᠰᠠᠭᠤᠷᠢ ᠬᠤᠳᠠᠯᠳᠣᠨ ᠠᠪᠤᠭᠰᠠᠨ ᠦᠨ᠎ᠡ ᠶᠢᠨ ᠡᠬᠡ ᠮᠦᠩᠭᠦ 10 ᠲᠦᠮᠡᠨ ᠲᠦᠬᠦᠷᠢᠭ   ᠠᠴᠠ ᠳᠠᠪᠠᠭᠰᠠᠨ ᠦᠬᠡᠢ ᠪᠠᠶᠢᠪᠠᠯ ᠪᠦᠬᠦ ᠬᠦᠦ ᠮᠦᠩᠭᠦ ᠶᠢ ᠣᠷᠣᠯᠠᠨ ᠦᠭᠭᠦ ᠨᠦᠬᠦᠪᠦᠷᠢ ᠬᠠᠩᠭᠠᠨ᠎ᠠ᠃ ᠬᠦᠦ ᠮᠦᠩᠭᠦ ᠶᠢ ᠣᠷᠣᠯᠠᠨ ᠦᠭᠭᠦ ᠪᠡᠯᠡ ᠮᠦᠩᠭᠦ ᠳᠤ ᠪᠠᠷᠤᠭ 200 ᠲᠦᠮᠡᠨ ᠲᠦᠬᠦᠷᠢᠭ ᠵᠠᠷᠤᠴᠠᠭᠤᠯᠵᠤ᠂ ᠬᠤᠰᠢᠭᠤ ᠡᠳ᠋ ᠤᠨ ᠵᠠᠰᠠᠭ ᠤᠨ ᠪᠡᠯᠡ ᠮᠦᠩᠭᠦ ᠪᠠᠷ ᠪᠡᠯᠡ ᠮᠦᠩᠭᠦᠨ ᠤ ᠢᠷᠡᠯᠲᠡ ᠪᠤᠯᠭᠠᠨ᠎ᠠ᠃     ᠣᠯᠵᠠᠴᠢ ᠪᠠᠯᠭᠠᠰᠣ᠂ ᠪᠤᠷᠤᠪᠠᠯᠭᠠᠰᠣ ᠪᠠᠯᠭᠠᠰᠣ ᠠᠴᠠ ᠬᠡᠲᠦ ᠠᠰᠢᠭᠯᠠᠯᠲᠠ ᠶᠢᠨ ᠣᠷᠣᠨ ᠤ ᠮᠠᠯᠴᠢᠨ ᠲᠠᠷᠢᠶᠠᠴᠢᠳ ᠤᠨ ᠣᠰᠣᠯᠠᠯᠲᠠ ᠶᠢᠨ ᠭᠠᠵᠠᠷ ᠤᠨ ᠲᠦᠷᠦᠯ ᠤᠨ ᠴᠢᠨᠠᠷ᠂ ᠣᠰᠣᠯᠠᠯᠲᠠ ᠶᠢᠨ ᠲᠠᠯᠠᠪᠠᠢ᠂ ᠰᠡᠯᠬᠦᠨ ᠲᠠᠷᠢᠬᠤ ᠭᠠᠵᠠᠷ᠂ ᠦᠨᠳᠦᠷ ᠪᠦᠲᠦᠮᠵᠢᠲᠡᠢ ᠣᠰᠣ ᠠᠷᠪᠢᠯᠠᠬᠤ ᠣᠰᠣᠯᠠᠯᠲᠠ ᠪᠠᠷ ᠦᠬᠡᠷᠡᠴᠢᠯᠡᠬᠦ ᠭᠠᠵᠠᠷ᠂ ᠪᠠᠶᠢᠭᠤᠯᠤᠭᠰᠠᠨ ᠬᠦᠯᠡᠮᠵᠢ᠂ ᠵᠢᠬᠡᠯᠡᠯᠬᠡ ᠠᠪᠬᠤ ᠰᠠᠨᠠᠮᠵᠢ ᠲᠠᠢ ᠮᠠᠯᠴᠢᠨ ᠲᠠᠷᠢᠶᠠᠴᠢᠳ ᠵᠡᠷᠭᠡ ᠦᠨᠳᠦᠰᠦᠨ ᠪᠠᠶᠢᠳᠠᠯ ᠤᠨ ᠲᠤᠭ᠎ᠠ ᠪᠦᠷᠢᠳᠬᠡᠯ ᠢ ᠬᠠᠷᠢᠭᠤᠴᠠᠵᠤ᠂ ᠲᠦᠪᠯᠡᠷᠡᠩᠬᠦᠢ ᠲᠡᠵᠢᠬᠡᠪᠦᠷᠢ᠂ ᠲᠠᠷᠬᠠᠢ ᠬᠡᠯᠪᠡᠷᠢ ᠶᠢᠨ ᠨᠠᠷᠠᠨ ᠡᠨᠧᠷᠬᠢ᠂ ᠮᠦᠬᠦ ᠶᠢᠨ ᠲᠦᠷᠦᠯ ᠵᠦᠢᠯ ᠤᠨ ᠲᠦᠷᠦ ᠶᠢᠨ ᠪᠤᠳᠤᠯᠭ᠎ᠠ ᠡᠳ᠋ᠯᠡᠬᠦ ᠰᠠᠨᠠᠮᠵᠢ ᠲᠠᠢ ᠮᠠᠯᠴᠢᠨ ᠲᠠᠷᠢᠶᠠᠴᠢᠳ ᠢ ᠲᠤᠲᠤᠷᠬᠠᠶᠢᠯᠠᠬᠤ ᠶᠢᠨ ᠬᠠᠮᠲᠤ ᠳᠠᠩᠰᠠ ᠪᠠᠶᠢᠭᠤᠯᠤᠨ᠂ ᠡᠯ᠎ᠡ ᠲᠦᠷᠦᠯ ᠤᠨ ᠠᠵᠢᠯ ᠤᠨ ᠡᠬᠦᠷᠭᠡ ᠶᠢ ᠨᠠᠶᠢᠲᠠᠪᠤᠷᠢᠵᠢᠭᠤᠯᠬᠤ  ᠳᠤ ᠳᠦᠬᠦᠮ ᠪᠤᠯᠭᠠᠨ᠎ᠠ᠃ ᠬᠤᠰᠢᠭᠤ ᠮᠠᠯ ᠲᠠᠷᠢᠶᠠᠯᠠᠩ ᠣᠰᠣᠨ ᠠᠰᠢᠭᠯᠠᠯᠲᠠ ᠶᠢᠨ ᠳᠣᠪᠴᠢᠶ᠎ᠠ᠂ ᠴᠠᠬᠢᠯᠭᠠᠨ ᠬᠠᠩᠭᠠᠬᠤ ᠬᠤᠪᠢᠶᠠᠷᠢ ᠺᠤᠮᠫᠠᠨᠢ ᠠᠴᠠ ᠲᠤᠰᠬᠠᠢ ᠬᠦᠮᠦᠨ ᠰᠣᠩᠭᠤᠨ ᠦᠢᠯᠡᠴᠢᠯᠡᠬᠡᠨ ᠤ ᠠᠩᠬᠢ ᠪᠠᠶᠢᠭᠤᠯᠵᠤ᠂ ᠲᠠᠷᠢᠵᠦ ᠲᠡᠵᠢᠬᠡᠬᠦ ᠴᠢᠨᠠᠷ ᠡᠬᠦᠯᠳᠡᠷ ᠰᠣᠩᠭᠤᠬᠤ᠂ ︽ᠬᠤᠳᠳᠤᠭ ᠴᠠᠬᠢᠯᠭᠠᠨ ᠤ ᠬᠤᠤᠰ ᠡᠵᠡᠮᠳᠡᠯ︾  ᠢᠶᠠᠷ ᠣᠰᠣ ᠠᠰᠢᠭᠯᠠᠬᠤ᠂ ᠪᠣᠷᠳᠣᠭᠤᠷ ᠣᠷᠣᠭᠤᠯᠣᠨ ᠡᠪᠡᠰᠦ ᠠᠷᠢᠯᠭᠠᠬᠤ ᠵᠡᠷᠭᠡ ᠭᠤᠭᠴᠣᠭᠠᠨ ᠤ ᠪᠦᠬᠦ ᠶᠠᠪᠤᠴᠠ ᠳᠤ ᠮᠡᠷᠬᠡᠵᠢᠯ ᠤᠨ ᠵᠢᠯᠤᠭᠤᠳᠤᠯᠭ᠎ᠠ ᠬᠠᠩᠭᠠᠨ᠂ ᠲᠠᠷᠢᠮᠠᠯ ᠤᠨ ᠪᠤᠶᠢᠵᠢᠯᠲᠡ ᠶᠢ ᠨᠦᠯᠦᠬᠡᠯᠡᠬᠦ ᠦᠬᠡᠢ ᠪᠠᠶᠢᠬᠤ ᠶᠢ ᠪᠠᠲᠤᠯᠠᠵᠤ᠂ ᠮᠠᠯᠴᠢᠨ ᠲᠠᠷᠢᠶᠠᠴᠢᠳ ᠣᠰᠣ ᠠᠷᠪᠢᠯᠠᠬᠤ ᠲᠦᠷᠦ ᠶᠢᠨ ᠪᠤᠳᠤᠯᠭ᠎ᠠ ᠶᠢ ᠨᠠᠶᠢᠲᠠᠪᠤᠷᠢᠵᠢᠭᠤᠯᠬᠤ ᠶᠢᠨ ᠬᠠᠮᠲᠤ ᠣᠷᠣᠯᠭ᠎ᠠ ᠪᠠᠨ ᠨᠡᠮᠡᠭᠳᠡᠬᠦᠯᠬᠦ ᠶᠢ ᠪᠡᠶᠡᠯᠡᠬᠦᠯᠦᠨ᠎ᠡ᠃ 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ