4 ᠰᠠᠷ᠎ᠠ ᠶᠢᠨ 15 ᠠᠴᠠ 18 ᠤ ᠡᠳᠦᠷ ᠪᠣᠯᠳᠠᠯ᠎ᠠ ᠬᠤᠰᠢᠭᠤ ᠨᠠᠮ ᠤᠨ ᠬᠤᠷᠢᠶ᠎ᠠ ᠶᠢᠨ ᠱᠦᠵᠢ ᠸᠠᠩ ᠢᠦᠢ ᠴᠢᠶᠠᠩ ᠪᠦᠯᠬᠦᠮ ᠲᠠᠭᠠᠭᠤᠯᠣᠨ ᠬᠤᠪᠸᠢ᠂ | ᠠᠨᠾᠦ᠋ᠢ᠂ ᠵᠧᠵᠢᠶᠠᠩ᠂ ᠱᠠᠩᠬᠠᠢ ᠪᠠᠷ ᠬᠤᠳᠠᠯᠳᠣᠭᠠᠴᠢᠨ ᠣᠷᠢᠵᠣ ᠪᠡᠯᠡ ᠲᠠᠳᠠᠨ ᠰᠢᠨᠵᠢᠯᠡᠨ ᠰᠣᠷᠣᠯᠴᠠᠪᠠ᠃ | | | | | △ ᠬᠤᠸᠠ ᠵᠦᠩ ᠲᠠᠷᠢᠶᠠᠯᠠᠩ ᠤᠨ ᠶᠡᠭᠡ ᠰᠣᠷᠭᠠᠭᠤᠯᠢ ᠳᠤ ᠰᠢᠨᠵᠢᠯᠡᠨ ᠪᠠᠶᠢᠴᠠᠭᠠᠵᠣ ᠰᠣᠷᠣᠯᠴᠠᠨ᠂ ᠬᠤᠸᠠ ᠵᠦᠩ ᠲᠠᠷᠢᠶᠠᠯᠠᠩ ᠤᠨ ᠶᠡᠭᠡ ᠰᠣᠷᠭᠠᠭᠤᠯᠢ | ᠶᠢᠨ ᠵᠠᠬᠢᠷᠣᠯ ᠶᠠᠨ ᠵᠢᠶᠠᠨ ᠪᠢᠩ ᠯᠤᠭ᠎ᠠ ᠰᠠᠭᠤᠳᠠᠯ ᠤᠨ ᠬᠤᠷᠠᠯ ᠬᠤᠷᠠᠯᠳᠣᠨ ᠶᠠᠷᠢᠯᠴᠠᠪᠠ᠃ | ᠸᠠᠩ ᠢᠦᠢ ᠴᠢᠠᠩ᠂ ᠬᠤᠸᠠ ᠵᠦᠩ ᠲᠠᠷᠢᠶᠠᠯᠠᠩ ᠤᠨ ᠶᠡᠭᠡ ᠰᠣᠷᠭᠠᠭᠤᠯᠢ ᠪᠠᠷ ᠭᠦᠨᠵᠡᠭᠡᠢ ᠰᠢᠨᠵᠢᠯᠡᠨ ᠰᠣᠷᠣᠯᠴᠠᠬᠤ ᠶᠢᠨ ᠬᠠᠮᠳᠦ ᠬᠤᠸᠠ ᠵᠦᠩ ᠲᠠᠷᠢᠶᠠᠯᠠᠩ | ᠤᠨ ᠶᠡᠭᠡ ᠰᠣᠷᠭᠠᠭᠤᠯᠢ ᠶᠢᠨ ᠵᠠᠬᠢᠷᠣᠯ ᠶᠠᠨ ᠵᠢᠶᠠᠨ ᠪᠢᠩ ᠯᠤᠭ᠎ᠠ ᠰᠠᠭᠤᠳᠠᠯ ᠤᠨ ᠬᠤᠷᠠᠯ ᠬᠤᠷᠠᠯᠳᠣᠨ ᠶᠠᠷᠢᠯᠴᠠᠪᠠ᠃ ᠸᠠᠩ ᠢᠦᠢ ᠴᠢᠶᠠᠩ᠂ ᠣᠳᠤᠭ ᠤᠨ ᠡᠮᠦᠨᠡᠳᠦ | ᠬᠤᠰᠢᠭᠤ ᠬᠤᠸᠠ ᠵᠦᠩ ᠲᠠᠷᠢᠶᠠᠯᠠᠩ ᠤᠨ ᠶᠡᠭᠡ ᠰᠣᠷᠭᠠᠭᠤᠯᠢ ᠲᠠᠢ ᠣᠬᠢ ᠰᠠᠶᠢᠨ ᠬᠠᠮᠳᠣᠷᠠᠯᠴᠠᠭ᠎ᠠ ᠪᠠᠨ ᠪᠠᠷᠢᠮᠳᠠᠯᠠᠵᠣ᠂ ᠬᠤᠶᠠᠷ ᠲᠠᠯ᠎ᠠ ᠪᠠᠷ ᠢᠶᠠᠨ ᠰᠢᠨᠵᠢᠯᠡᠭᠡ | ᠮᠡᠷᠭᠡᠵᠢᠯ ᠰᠢᠨᠡᠴᠢᠯᠡᠯᠳᠡ᠂ ᠮᠡᠷᠭᠡᠵᠢᠯ ᠲᠦᠭᠡᠮᠡᠯᠵᠢᠯᠡᠯᠳᠡ᠂ ᠴᠢᠳᠠᠪᠦᠷᠢᠳᠠᠨ ᠤ ᠬᠦᠮᠦᠵᠢᠯ ᠵᠡᠷᠭᠡ ᠲᠠᠯ᠎ᠠ ᠪᠠᠷ ᠣᠬᠢ ᠰᠠᠶᠢᠨ ᠬᠠᠮᠳᠣᠷᠠᠯᠴᠠᠭᠠᠨ ᠤ ᠰᠠᠭᠤᠷᠢ ᠲᠠᠢ ᠶᠣᠮ᠃ | ᠲᠣᠰ ᠣᠳᠠᠭᠠᠨ ᠤ ᠶᠠᠷᠢᠯᠴᠠᠭᠠᠨ ᠤ ᠲᠣᠬᠢᠶᠠᠯ ᠢᠶᠠᠷ ᠰᠣᠷᠭᠠᠭᠤᠯᠢ ᠣᠷᠣᠨ ᠨᠣᠳᠤᠭ ᠤᠨ ᠬᠠᠮᠳᠣᠷᠠᠯᠴᠠᠭ᠎ᠠ ᠪᠠᠨ ᠣᠯᠠᠮ ᠭᠦᠨᠵᠡᠭᠡᠶᠢᠷᠡᠭᠦᠯᠣᠨ᠂ ᠣᠰᠣ ᠶᠢ ᠦᠨᠳᠦᠷ | ᠪᠦᠳᠦᠮᠵᠢᠳᠡᠢ ᠠᠰᠢᠭᠯᠠᠬᠤ ᠣᠶᠣᠨᠴᠢ ᠲᠠᠷᠢᠶᠠᠯᠠᠩ ᠤᠨ ᠰᠣᠳᠣᠯᠭᠠᠨ ᠤ ᠲᠦᠪ ᠤᠨ ᠪᠠᠶᠢᠭᠤᠯᠣᠯᠳᠠ ᠶᠢ ᠲᠦᠷᠭᠡᠳᠬᠡᠨ ᠠᠬᠢᠭᠤᠯᠵᠣ᠂ ᠮᠠᠨ ᠤ ᠬᠤᠰᠢᠭᠤᠨ ᠳᠤ ᠨᠡᠩ | ᠣᠯᠠᠨ ᠲᠣᠰᠬᠠᠢ ᠮᠡᠷᠭᠡᠵᠢᠯᠳᠡᠨ ᠲᠣᠮᠢᠯᠠᠨ ᠡᠷᠳᠡᠮ ᠰᠢᠨᠵᠢᠯᠡᠭᠡᠨ ᠦᠷᠨᠢᠭᠦᠯᠣᠨ᠂ ᠡᠷᠳᠡᠮ ᠰᠢᠨᠵᠢᠯᠡᠭᠡᠨ ᠤ ᠪᠦᠳᠦᠮᠵᠢ ᠶᠢᠨ ᠬᠤᠪᠢᠷᠠᠭᠠᠯᠳᠠ ᠶᠢ ᠬᠠᠮᠳᠦ ᠪᠠᠷ | ᠠᠬᠢᠭᠤᠯᠵᠣ᠂ ᠰᠣᠷᠭᠠᠭᠤᠯᠢ ᠣᠷᠣᠨ ᠨᠣᠳᠤᠭ ᠤᠨ ᠬᠠᠮᠳᠣᠷᠠᠯᠴᠠᠭ᠎ᠠ ᠶᠢ ᠨᠡᠩ ᠦᠨᠳᠦᠷ ᠲᠠᠪᠬᠤᠷᠭ᠎ᠠ ᠲᠡᠶᠢᠰᠢ ᠠᠬᠢᠭᠤᠯᠬᠤ ᠶᠢ ᠬᠦᠰᠡᠪᠡ᠃ ᠣᠳᠤᠭ ᠤᠨ ᠡᠮᠦᠨᠡᠳᠦ | ᠬᠤᠰᠢᠭᠤ ᠪᠦᠬᠦ ᠬᠦᠴᠦᠨ ᠢᠶᠠᠷ ᠢᠶᠠᠨ ᠰᠣᠷᠭᠠᠭᠤᠯᠢ ᠣᠷᠣᠨ ᠨᠣᠳᠤᠭ ᠤᠨ ᠬᠠᠮᠳᠣᠷᠠᠯᠴᠠᠭᠠᠨ ᠳᠤ ᠬᠠᠮᠤᠭ ᠲᠦᠬᠦᠮ ᠨᠦᠬᠦᠴᠡᠯ ᠪᠣᠯᠣᠨ ᠬᠠᠮᠤᠭ ᠰᠢᠯᠢᠳᠡᠭ ᠴᠢᠨᠠᠷ | ᠤᠨ ᠦᠢᠯᠡᠴᠢᠯᠡᠭᠡ ᠬᠠᠩᠭᠠᠨ᠂ ᠰᠣᠷᠭᠠᠭᠤᠯᠢ ᠣᠷᠣᠨ ᠨᠣᠳᠤᠭ ᠤᠨ ᠲᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠭᠦ᠂ ᠬᠠᠮᠳᠦ ᠪᠠᠷ ᠠᠰᠢᠭ ᠲᠣᠰᠠ ᠬᠦᠷᠳᠡᠬᠦ᠂ | ᠬᠠᠮᠳᠦ ᠪᠠᠷ ᠬᠦᠭᠵᠢᠭᠦ ᠶᠢ ᠴᠢᠷᠮᠠᠶᠢᠨ ᠪᠡᠶᠡᠯᠡᠭᠦᠯᠦᠨ᠎ᠡ ᠭᠡᠪᠡ᠃ ᠶᠠᠨ ᠵᠢᠶᠠᠨ ᠪᠢᠩ ᠣᠳᠤᠭ ᠤᠨ ᠡᠮᠦᠨᠡᠳᠦ ᠬᠤᠰᠢᠭᠤᠨ ᠤ ᠲᠡᠮᠵᠢᠯᠭᠡ ᠳᠤ ᠲᠠᠯᠠᠷᠬᠠᠯ ᠢᠶᠠᠨ | ᠢᠯᠡᠷᠬᠡᠶᠢᠯᠡᠪᠡ᠂ ᠲᠡᠷᠡ᠂ ᠬᠤᠸᠠ ᠵᠦᠩ ᠲᠠᠷᠢᠶᠠᠯᠠᠩ ᠤᠨ ᠶᠡᠭᠡ ᠰᠣᠷᠭᠠᠭᠤᠯᠢ ᠣᠳᠤᠭ ᠤᠨ ᠡᠮᠦᠨᠡᠳᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ | ᠲᠠᠪᠠᠭᠤᠯᠢᠭ ᠲᠤ ᠲᠦᠰᠢᠭᠯᠡᠨ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠪᠣᠯᠣᠨ ᠴᠢᠳᠠᠪᠦᠷᠢᠳᠠᠨ ᠤ ᠲᠠᠯ᠎ᠠ ᠶᠢᠨ ᠲᠠᠪᠠᠭᠤᠯᠢᠭ ᠢᠶᠠᠨ ᠭᠦᠢᠴᠡᠳ ᠪᠠᠳᠠᠷᠠᠭᠤᠯᠵᠣ᠂ | ᠣᠳᠤᠭ ᠤᠨ ᠡᠮᠦᠨᠡᠳᠦ ᠬᠤᠰᠢᠭᠤᠨ ᠤ ᠮᠠᠯ ᠲᠠᠷᠢᠶᠠᠯᠠᠩ ᠤᠨ ᠣᠶᠢᠯᠠᠰ ᠤᠨ ᠣᠰᠣᠨ ᠤ ᠦᠨᠳᠦᠷ ᠪᠦᠳᠦᠮᠵᠢᠳᠡᠢ ᠠᠰᠢᠭᠯᠠᠯᠳᠠ᠂ ᠴᠢᠨᠠᠷᠯᠢᠭ᠂ ᠣᠶᠣᠨᠴᠢᠯᠠᠭᠰᠠᠨ | ᠬᠦᠭᠵᠢᠯᠳᠡ ᠶᠢ ᠠᠬᠢᠭᠤᠯᠣᠨ᠎ᠠ ᠭᠡᠵᠣ ᠢᠯᠡᠷᠬᠡᠶᠢᠯᠡᠪᠡ᠃ | | | | | △ ᠴᠢᠶᠠᠩ ᠶᠢᠩ ᠪᠦᠯᠦᠭᠯᠡᠯ ᠤᠨ ᠮᠧᠩ ᠴᠧᠩ ᠰᠠᠭᠤᠷᠢᠨ ᠭᠠᠵᠠᠷ ᠤᠨ ᠨᠣᠭᠤᠰᠣᠨ ᠤ ᠲᠡᠵᠢᠭᠡᠨ ᠦᠷᠡᠵᠢᠭᠦᠯᠭᠡ᠂ ᠨᠢᠳᠦᠯᠠᠨ ᠪᠣᠯᠪᠠᠰᠣᠷᠠᠭᠤᠯᠬᠤ | ᠦᠢᠯᠠᠳᠪᠦᠷᠢ᠂ ᠦᠳᠦ ᠨᠣᠣᠯᠣᠭᠤᠷ ᠤᠨ ᠦᠢᠯᠡᠳᠪᠦᠷᠢᠯᠡᠯ ᠤᠨ ᠪᠠᠶᠢᠳᠠᠯ ᠢ ᠰᠢᠨᠵᠢᠯᠡᠨ ᠪᠠᠶᠢᠴᠠᠭᠠᠪᠠ | ᠸᠠᠩ ᠢᠦᠢ ᠴᠢᠶᠠᠩ᠂ ᠴᠢᠶᠠᠩ ᠶᠢᠩ ᠪᠦᠯᠦᠭᠯᠡᠯ ᠤᠨ ᠮᠧᠩ ᠴᠧᠩ ᠰᠠᠭᠤᠷᠢᠨ ᠭᠠᠵᠠᠷ ᠤᠨ ᠨᠣᠭᠤᠰᠣᠨ ᠤ ᠲᠡᠵᠢᠭᠡᠨ ᠦᠷᠡᠵᠢᠭᠦᠯᠭᠡ᠂ ᠨᠢᠳᠦᠯᠠᠨ | ᠪᠣᠯᠪᠠᠰᠣᠷᠠᠭᠤᠯᠬᠤ ᠦᠢᠯᠠᠳᠪᠦᠷᠢ᠂ ᠦᠳᠦ ᠨᠣᠣᠯᠣᠭᠤᠷ ᠤᠨ ᠦᠢᠯᠡᠳᠪᠦᠷᠢᠯᠡᠯ ᠤᠨ ᠪᠠᠶᠢᠳᠠᠯ ᠢ ᠰᠢᠨᠵᠢᠯᠡᠨ ᠪᠠᠶᠢᠴᠠᠭᠠᠬᠤ ᠶᠢᠨ ᠬᠠᠮᠳᠦ ᠴᠢᠶᠠᠩ ᠶᠢᠩ ᠢᠳᠡᠭᠡᠨ ᠤ | ᠪᠦᠯᠦᠭᠯᠡᠯ ᠤᠨ ᠬᠢᠵᠠᠭᠠᠷᠳᠦ ᠺᠣᠮᠫᠠᠨᠢ ᠶᠢᠨ ᠬᠡᠷᠡᠭ ᠮᠡᠳᠡᠭᠴᠢ ᠯᠢᠩ ᡁᠢ ᠴᠢᠶᠠᠩ ᠯᠤᠭ᠎ᠠ ᠶᠠᠷᠢᠯᠴᠠᠭ᠎ᠠ ᠬᠢᠪᠠ᠃ ᠸᠠᠩ ᠢᠦᠢ ᠴᠢᠶᠠᠩ ᠠᠴᠠ ᠴᠢᠶᠠᠩ ᠶᠢᠩ ᠪᠦᠯᠦᠭᠯᠡᠯ | ᠤᠨ ᠣᠳᠤᠭ ᠤᠨ ᠡᠮᠦᠨᠡᠳᠦ ᠬᠤᠰᠢᠭᠤᠨ ᠳᠤ ᠪᠡᠯᠡ ᠣᠷᠣᠭᠤᠯᠣᠨ ᠦᠢᠯᠠᠰ ᠬᠦᠭᠵᠢᠭᠦᠯᠦᠭᠰᠡᠨ ᠳᠤ ᠲᠠᠯᠠᠷᠬᠠᠯ ᠢᠶᠠᠨ ᠢᠯᠡᠷᠭᠡᠶᠢᠯᠡᠪᠡ᠂ ᠲᠡᠷᠡ᠂ ᠣᠳᠤᠭ ᠤᠨ | ᠡᠮᠦᠨᠡᠳᠦ ᠬᠤᠰᠢᠭᠤᠨ ᠤ ᠴᠢᠶᠠᠩ ᠶᠢᠩ ᠨᠣᠭᠤᠰᠣᠨ ᠤ ᠲᠡᠵᠢᠭᠡᠨ ᠦᠷᠡᠵᠢᠭᠦᠯᠭᠡ ᠶᠢᠨ ᠰᠠᠭᠤᠷᠢᠨ ᠭᠠᠵᠠᠷ ᠤᠨ ᠲᠦᠷᠦᠯ ᠵᠣᠶᠢᠯ ᠪᠣᠯ ᠣᠷᠣᠨ ᠨᠣᠳᠤᠭ ᠠᠵᠣ | ᠠᠬᠤᠶᠢᠯᠠᠯ ᠬᠤᠶᠠᠷ ᠲᠠᠯ᠎ᠠ ᠶᠢᠨ ᠭᠦᠨᠵᠡᠭᠡᠢ ᠬᠠᠮᠳᠣᠷᠠᠯᠴᠠᠭ᠎ᠠ᠂ ᠬᠠᠮᠳᠦ ᠶᠢᠨ ᠢᠯᠠᠯᠳᠠ ᠶᠢᠨ ᠦᠷ᠎ᠡ ᠳ᠋ᠦᠩ ᠪᠣᠯᠬᠤ ᠶᠣᠮ᠂ ᠣᠯᠠᠮᠵᠢᠯᠠᠯᠳᠦ ᠲᠡᠵᠢᠭᠡᠨ ᠦᠷᠡᠵᠢᠭᠦᠯᠭᠡ | ᠶᠢᠨ ᠪᠦᠳᠦᠴᠠ ᠶᠢ ᠲᠡᠰ ᠲᠡᠪᠰᠢᠭᠦᠯᠬᠦ᠂ ᠠᠮᠢ ᠠᠬᠤᠢ ᠣᠷᠴᠢᠨ ᠢ ᠰᠠᠶᠢᠵᠢᠷᠠᠭᠤᠯᠬᠤ᠂ ᠣᠷᠣᠨ ᠨᠣᠳᠤᠭ ᠤᠨ ᠠᠷᠠᠳ ᠲᠦᠮᠡᠨ ᠢ ᠲᠠᠶᠢᠴᠢᠯᠠᠨ ᠣᠷᠣᠯᠭ᠎ᠠ ᠶᠢ ᠨᠢ | ᠨᠡᠮᠡᠭᠳᠡᠭᠦᠯᠬᠦ ᠳᠤ ᠪᠣᠳᠠᠳᠠᠢ ᠠᠴᠢ ᠬᠤᠯᠪᠣᠭᠳᠠᠯ ᠲᠠᠢ ᠶᠣᠮ᠃ ᠣᠷᠣᠨ ᠨᠣᠳᠤᠭ ᠠᠵᠣ ᠠᠬᠤᠶᠢᠯᠠᠯ ᠬᠤᠶᠠᠷ ᠲᠠᠯ᠎ᠠ ᠪᠠᠷ ᠢᠶᠠᠨ ᠬᠠᠮᠳᠣᠷᠠᠯᠴᠠᠨ᠂ ᠣᠳᠤᠭ ᠤᠨ | ᠡᠮᠦᠨᠡᠳᠦ ᠬᠤᠰᠢᠭᠤᠨ ᠤ ᠴᠢᠶᠠᠩ ᠶᠢᠩ ᠨᠣᠭᠤᠰᠣᠨ ᠤ ᠲᠡᠵᠢᠭᠡᠨ ᠦᠷᠡᠵᠢᠭᠦᠯᠭᠡ ᠶᠢᠨ ᠰᠠᠭᠤᠷᠢᠨ ᠭᠠᠵᠠᠷ ᠤᠨ ᠲᠦᠷᠦᠯ ᠵᠣᠶᠢᠯ ᠤᠨ ᠪᠠᠶᠢᠭᠤᠯᠣᠯᠳᠠ ᠶᠢᠨ | ᠠᠰᠢᠭᠯᠠᠯᠳᠠ ᠣᠷᠣᠬᠤ ᠶᠢ ᠲᠦᠷᠭᠡᠳᠭᠡᠵᠣ᠂ ᠲᠣᠣᠷ᠎ᠠ ᠦᠷᠳᠡᠭ᠂ ᠲᠣᠣᠷ᠎ᠠ ᠲᠦᠭᠰᠢᠭᠦᠷᠢ ᠶᠢᠨ ᠵᠠᠭᠪᠣᠷ ᠢᠶᠠᠷ ᠣᠷᠣᠨ ᠨᠣᠳᠤᠭ ᠤᠨ ᠮᠠᠯᠴᠢᠨ ᠲᠠᠷᠢᠶᠠᠴᠢᠨ ᠤ | ᠣᠷᠣᠯᠭ᠎ᠠ ᠶᠢ ᠨᠡᠮᠡᠭᠳᠡᠭᠦᠯᠦᠨ ᠪᠠᠶᠠᠵᠢᠬᠤ ᠶᠢ ᠲᠠᠶᠢᠴᠢᠯᠠᠨ᠂ ᠣᠷᠴᠢᠨ ᠲᠣᠭᠤᠷᠢᠨ ᠲᠠᠢ ᠨᠦᠬᠦᠷᠰᠡᠭ ᠪᠠ ᠠᠵᠣ ᠠᠬᠤᠢ ᠶᠢᠨ ᠨᠡᠮᠡᠭᠳᠡᠯ ᠤᠨ ᠵᠣᠬᠢᠴᠠᠩᠭᠤᠢ | ᠬᠦᠭᠵᠢᠯᠳᠡ ᠶᠢ ᠪᠡᠶᠡᠯᠡᠭᠦᠯᠬᠦ ᠶᠢᠨ ᠬᠠᠮᠳᠦ ᠨᠣᠭᠤᠰᠦ ᠨᠢᠳᠦᠯᠬᠤ ᠪᠣᠯᠪᠠᠰᠣᠷᠠᠭᠤᠯᠬᠤ ᠦᠢᠯᠠᠳᠪᠦᠷᠢ᠂ ᠦᠳᠦ ᠨᠣᠣᠯᠣᠭᠤᠷ ᠪᠣᠯᠪᠠᠰᠣᠷᠠᠭᠤᠯᠬᠤ ᠦᠢᠯᠠᠳᠪᠦᠷᠢ ᠵᠡᠷᠭᠡ | ᠬᠡᠯᠬᠢᠶ᠎ᠡ ᠶᠢ ᠣᠷᠳᠣᠳᠬᠠᠬᠤ ᠲᠦᠷᠦᠯ ᠵᠣᠶᠢᠯ ᠤᠨ ᠲᠠᠯ᠎ᠠ ᠪᠠᠷ ᠢᠳᠡᠪᠬᠢᠳᠡᠢ ᠰᠦᠪᠡᠭᠴᠢᠯᠡᠨ ᠭᠦᠨᠵᠡᠭᠡᠢ ᠬᠠᠮᠳᠣᠷᠠᠯᠴᠠᠵᠣ᠂ ᠲᠣᠣᠷᠠᠳᠦ ᠣᠷᠣᠰᠬᠠᠯ ᠤᠨ ᠠᠵᠣ ᠦᠢᠯᠠᠰ | ᠤᠨ ᠬᠡᠯᠬᠢᠶᠡᠵᠢᠯ ᠤᠨ ᠲᠦᠷᠦᠯ ᠵᠣᠶᠢᠯ ᠢ ᠡᠷᠳᠡᠬᠡᠨ ᠨᠠᠶᠢᠳᠠᠪᠦᠷᠢᠵᠢᠭᠤᠯᠬᠤ ᠶᠢ ᠠᠬᠢᠭᠤᠯᠣᠨ᠎ᠠ ᠭᠡᠪᠡ᠃ ᠯᠢᠩ ᡁᠢ ᠴᠢᠶᠠᠩ ᠣᠳᠤᠭ ᠤᠨ ᠡᠮᠦᠨᠡᠳᠦ ᠬᠤᠰᠢᠭᠤᠨ ᠤ | ᠬᠠᠯᠠᠭᠤᠨ ᠲᠡᠮᠵᠢᠯᠭᠡ ᠳᠤ ᠲᠠᠯᠠᠷᠬᠠᠯ ᠢᠶᠠᠨ ᠢᠯᠡᠷᠬᠡᠶᠢᠯᠡᠪᠡ᠂ ᠲᠡᠷᠡ᠂ ᠣᠳᠤᠭ ᠤᠨ ᠡᠮᠦᠨᠡᠳᠦ ᠬᠤᠰᠢᠭᠤᠨ ᠤ ᠴᠢᠶᠠᠩ ᠶᠢᠩ ᠨᠣᠭᠤᠰᠣᠨ ᠤ ᠲᠡᠵᠢᠭᠡᠨ ᠦᠷᠡᠵᠢᠭᠦᠯᠭᠡ | ᠶᠢᠨ ᠰᠠᠭᠤᠷᠢᠨ ᠭᠠᠵᠠᠷ ᠤᠨ ᠲᠦᠷᠦᠯ ᠵᠣᠶᠢᠯ ᠢ ᠠᠰᠢᠭᠯᠠᠯᠳᠠ ᠳᠤ ᠣᠷᠣᠭᠤᠯᠬᠤ ᠶᠢ ᠪᠦᠬᠦ ᠬᠦᠴᠦᠨ ᠢᠶᠠᠷ ᠠᠬᠢᠭᠤᠯᠬᠤ ᠶᠢᠨ ᠬᠠᠮᠳᠦ ᠢᠳᠡᠪᠬᠢᠳᠡᠢ ᠰᠦᠪᠡᠭᠴᠢᠯᠡᠨ | ᠲᠣᠣᠷᠠᠳᠦ ᠣᠷᠣᠰᠬᠠᠯ ᠤᠨ ᠠᠵᠣ ᠦᠢᠯᠠᠰ ᠢ ᠬᠦᠭᠵᠢᠭᠦᠯᠵᠣ᠂ ᠣᠷᠣᠨ ᠨᠣᠳᠤᠭ ᠤᠨ ᠠᠵᠣ ᠠᠬᠤᠢ ᠨᠡᠶᠢᠭᠡᠮ ᠤᠨ ᠬᠦᠭᠵᠢᠯᠳᠡ᠂ ᠠᠷᠠᠳ ᠲᠦᠮᠡᠨ ᠤ ᠣᠷᠣᠯᠭ᠎ᠠ ᠶᠢ | ᠨᠡᠮᠡᠭᠳᠡᠭᠦᠯᠦᠨ ᠪᠠᠶᠠᠵᠢᠭᠤᠯᠬᠤ ᠳᠤ ᠬᠦᠴᠦᠨ ᠢᠶᠠᠨ ᠨᠡᠮᠡᠷᠢᠯᠡᠨ᠎ᠡ ᠭᠡᠪᠡ᠃ | | | | | △ ᠬᠤᠵᠧᠵᠣ ᠬᠤᠳᠠ ᠶᠢᠨ ᠭᠥᠸᠧ ᠺᠧ ᠲᠠᠮ ᠮᠧᠢ ᠺᠣᠮᠫᠠᠨᠢ ᠪᠠᠷ ᠰᠢᠨᠵᠢᠯᠡᠨ ᠰᠣᠷᠣᠯᠴᠠᠪᠠ | ᠸᠠᠩ ᠢᠦᠢ ᠴᠢᠶᠠᠩ᠂ ᠬᠤᠵᠧᠵᠣ ᠬᠤᠳᠠ ᠶᠢᠨ ᠭᠥᠸᠧ ᠺᠧ ᠲᠠᠨ ᠮᠧᠢ ᠺᠣᠮᠫᠠᠨᠢ᠂ ᠴᠣᠣ ᠸᠧᠢ ᠪᠦᠯᠦᠭᠯᠡᠯ ᠢᠶᠠᠷ ᠬᠠᠳᠠᠭᠤ ᠨᠡᠭᠦᠷᠡᠰᠦ᠂ ᠣᠯᠠᠨ ᠰᠦᠪᠡᠳᠦ | ᠨᠡᠭᠦᠷᠡᠰᠣᠨ ᠤ ᠰᠣᠳᠣᠯᠣᠨ ᠨᠡᠭᠡᠭᠡᠯᠳᠡ ᠶᠢᠨ ᠦᠢᠯᠠᠳᠪᠦᠷᠢᠯᠠᠯ᠂ ᠰᠢᠨ᠎ᠡ ᠮᠡᠲ᠋ᠧᠷᠢᠶᠡᠯ ᠤᠨ ᠳ᠋ᠢᠶᠠᠨ ᡂᠢ ᠵᠡᠷᠭᠡ ᠶᠢ ᠨᠠᠷᠢᠨ ᠰᠢᠨᠵᠢᠯᠡᠨ ᠰᠣᠷᠣᠯᠴᠠᠬᠤ ᠶᠢᠨ ᠬᠠᠮᠳᠦ | ᠭᠥᠸᠧ ᠺᠧ ᠮᠧᠢ ᠲᠠᠨ ᠺᠣᠮᠫᠠᠨᠢ ᠶᠢᠨ ᠬᠡᠷᠡᠭ ᠮᠡᠳᠡᠭᠴᠢ ᠴᠧᠨ ᠴᠧᠩ ᠮᠧᠩ ᠯᠦᠭᠡ ᠶᠠᠷᠢᠯᠴᠠᠭ᠎ᠠ ᠬᠢᠪᠡ᠃ ᠸᠠᠩ ᠢᠦᠢ ᠴᠢᠶᠠᠩ᠂ ᠣᠳᠤᠭ ᠤᠨ ᠡᠮᠦᠨᠡᠳᠦ | ᠬᠤᠰᠢᠭᠤᠨ ᠤ ᠡᠬᠢ ᠪᠠᠶᠠᠯᠢᠭ ᠡᠯᠪᠡᠭ᠂ ᠣᠷᠣᠨ ᠪᠠᠶᠢᠷᠢᠰᠢᠯ ᠲᠠᠪᠠᠭᠤᠯᠢᠭ᠂ ᠣᠨᠴᠠᠭᠠᠶᠢᠯᠠᠨ ᠲᠡᠭᠡᠳᠦ ᠲᠡᠰ ᠤᠨ ᠨᠡᠭᠦᠷᠡᠰᠦ ᠬᠢᠮᠢ ᠶᠢᠨ ᠠᠵᠣ ᠦᠢᠯᠠᠳᠪᠦᠷᠢ ᠶᠢ | ᠬᠦᠭᠵᠢᠭᠦᠯᠬᠦ ᠦᠪᠡᠷᠮᠢᠴᠡ ᠲᠠᠪᠠᠭᠤᠯᠢᠭ ᠪᠣᠯᠣᠨ ᠠᠵᠠ ᠲᠣᠬᠢᠶᠠᠯ ᠲᠠᠢ ᠶᠣᠮ᠃ ᠭᠥᠸᠧ ᠺᠧ ᠲᠠᠨ ᠮᠧᠢ ᠺᠣᠮᠫᠠᠨᠢ ᠶᠢᠨ ᠨᠡᠭᠦᠷᠡᠰᠣᠨ ᠮᠡᠲ᠋ᠧᠷᠢᠶᠡᠯ ᠨᠢ ᠰᠢᠨ᠎ᠡ ᠡᠨᠧᠷᠬᠢ᠂ | ᠠᠭᠠᠷ ᠠᠶᠠᠯᠠᠯ ᠵᠡᠷᠭᠡ ᠬᠡᠪᠴᠢᠶᠡᠨ ᠳᠤ ᠦᠷᠭᠡᠨ ᠬᠡᠷᠡᠭᠯᠡᠯᠳᠡ ᠲᠠᠢ ᠪᠠᠶᠢᠵᠣ᠂ ᠠᠵᠣ ᠠᠬᠤᠶᠢᠯᠠᠯ ᠬᠢᠭᠡᠳ ᠣᠳᠤᠭ ᠤᠨ ᠡᠮᠦᠨᠡᠳᠦ ᠬᠤᠰᠢᠭᠤᠨ ᠤ ᠠᠵᠣ ᠦᠢᠯᠠᠰ | ᠤᠨ ᠰᠠᠭᠤᠷᠢᠨ ᠭᠠᠵᠠᠷ ᠪᠣᠯᠣᠨ ᠡᠬᠢ ᠪᠠᠶᠠᠯᠢᠭ ᠯᠤᠭ᠎ᠠ ᠨᠠᠯᠢᠶᠠᠳ ᠴᠢᠩᠭ᠎ᠠ ᠵᠣᠬᠢᠴᠠᠩᠭᠤᠢ ᠴᠢᠨᠠᠷ ᠲᠠᠢ ᠪᠣᠯᠬᠤᠷ ᠠᠵᠣ ᠠᠬᠤᠶᠢᠯᠠᠯ ᠠᠴᠠ ᠣᠳᠤᠭ ᠤᠨ ᠡᠮᠦᠨᠡᠳᠦ | ᠬᠤᠰᠢᠭᠤᠨ ᠳᠤ ᠪᠡᠯᠡ ᠣᠷᠣᠭᠤᠯᠣᠨ ᠣᠶᠢᠯᠠᠰ ᠢᠶᠠᠨ ᠬᠦᠭᠵᠢᠭᠦᠯᠬᠦ ᠶᠢᠨ ᠬᠠᠮᠳᠦ ᠨᠡᠩ ᠣᠯᠠᠨ ᠲᠣᠣᠷᠠᠳᠦ ᠣᠷᠣᠰᠬᠠᠯ ᠤᠨ ᠠᠵᠣ ᠠᠬᠤᠶᠢᠯᠠᠯ ᠢ ᠲᠠᠶᠢᠴᠢᠯᠠᠨ | ᠬᠦᠭᠵᠢᠯᠳᠡ ᠶᠢᠨ ᠠᠯᠣᠰ ᠤᠨ ᠬᠠᠷᠠᠯᠳᠠ ᠶᠢ ᠬᠠᠮᠳᠦ ᠪᠠᠷ ᠰᠦᠪᠡᠭᠴᠢᠯᠡᠵᠣ᠂ ᠬᠠᠮᠳᠣᠷᠠᠯᠴᠠᠭᠠᠨ ᠤ ᠣᠷᠣᠨ ᠵᠠᠢ ᠪᠠᠨ ᠦᠷᠭᠡᠳᠬᠡᠨ᠂ ᠲᠦᠷᠦᠯ ᠵᠣᠶᠢᠯ ᠢ | ᠪᠠᠶᠢᠷᠢᠯᠠᠭᠤᠯᠣᠨ ᠬᠡᠷᠡᠭᠵᠢᠭᠦᠯᠵᠣ᠂ ᠬᠠᠮᠳᠦ ᠪᠠᠷ ᠠᠰᠢᠭ ᠬᠦᠷᠳᠡᠬᠦ ᠬᠦᠭᠵᠢᠯᠳᠡ ᠶᠢᠨ ᠰᠢᠨ᠎ᠡ ᠣᠷᠣᠨ ᠵᠠᠢ ᠶᠢ ᠡᠭᠦᠳᠬᠦ ᠶᠢ ᠬᠦᠰᠡᠪᠡ᠃ ᠴᠧᠨ ᠴᠧᠩ ᠮᠧᠩ ᠣᠳᠤᠭ | ᠤᠨ ᠡᠮᠦᠨᠡᠳᠦ ᠬᠤᠰᠢᠭᠤᠨ ᠤ ᠢᠳᠡᠭᠡᠯ ᠪᠣᠯᠣᠨ ᠬᠦᠨᠳᠦᠳᠬᠡᠯ ᠳᠤ ᠲᠠᠯᠠᠷᠬᠠᠯ ᠢᠶᠠᠨ ᠢᠯᠡᠷᠬᠡᠶᠢᠯᠡᠵᠣ᠂ ᠣᠳᠤᠭ ᠤᠨ ᠡᠮᠦᠨᠡᠳᠦ ᠬᠤᠰᠢᠭᠤᠨ ᠳᠤ ᠪᠡᠯᠡ ᠣᠷᠣᠭᠤᠯᠣᠨ | ᠦᠢᠯᠠᠰ ᠢᠶᠠᠨ ᠬᠦᠭᠵᠢᠭᠦᠯᠬᠦ ᠲᠣᠷᠠᠳᠠᠢ ᠮᠦᠷᠳᠡᠭᠡᠨ ᠨᠡᠩ ᠣᠯᠠᠨ ᠠᠵᠣ ᠠᠬᠤᠶᠢᠯᠠᠯ ᠤᠨ ᠣᠳᠤᠭ ᠤᠨ ᠡᠮᠦᠨᠡᠳᠦ ᠬᠤᠰᠢᠭᠤ ᠯᠤᠭ᠎ᠠ ᠶᠢᠨ ᠬᠠᠮᠳᠣᠷᠠᠯᠴᠠᠭ᠎ᠠ ᠶᠢ | ᠲᠠᠶᠢᠴᠢᠯᠠᠨ᠂ ᠬᠤᠶᠠᠷ ᠲᠠᠯ᠎ᠠ ᠶᠢᠨ ᠬᠠᠮᠳᠣᠷᠠᠯᠴᠠᠭ᠎ᠠ ᠬᠠᠷᠢᠯᠴᠠᠭ᠎ᠠ ᠶᠢ ᠴᠢᠩᠭᠠᠳᠬᠠᠵᠣ᠂ ᠲᠦᠷᠦᠯ ᠵᠣᠶᠢᠯ ᠤᠨ ᠨᠠᠶᠢᠳᠠᠪᠦᠷᠢᠵᠢᠭᠤᠯᠣᠯᠳᠠ ᠶᠢ ᠠᠬᠢᠭᠤᠯᠣᠨ᠂ ᠬᠠᠮᠳᠦ | ᠶᠢᠨ ᠢᠯᠠᠯᠳᠠ ᠬᠠᠮᠳᠦ ᠶᠢᠨ ᠠᠰᠢᠭ ᠲᠣᠰᠨ ᠶᠢ ᠪᠡᠶᠡᠯᠡᠭᠦᠯᠬᠦ ᠪᠠᠷ ᠢᠯᠡᠷᠬᠡᠶᠢᠯᠡᠪᠡ᠃ | ᠸᠠᠩ ᠢᠦᠢ ᠴᠢᠶᠠᠩ᠂ ᠳ᠋ᠢ ᠮᠠᠨ ᠱᠧᠨ ︵ᠱᠠᠩᠬᠠᠢ︶ ᠰᠢᠨᠵᠢᠯᠡᠭᠡ ᠮᠡᠷᠭᠡᠵᠢᠯ ᠤᠨ ᠬᠢᠵᠠᠭᠠᠷᠳᠦ ᠺᠣᠮᠫᠠᠨᠢ ᠳᠤ ᠠᠵᠣ ᠠᠬᠤᠶᠢᠯᠠᠯ ᠤᠨ ᠲᠣᠬᠠᠶᠢᠯᠠᠭᠰᠠᠨ ᠠᠵᠢᠯ | ᠤᠨ ᠪᠠᠶᠢᠷᠢᠯᠠᠭᠤᠯᠣᠯᠳᠠ ᠪᠣᠯᠣᠨ ᠮᠡᠷᠭᠡᠵᠢᠯ ᠤᠨ ᠰᠣᠳᠣᠯᠭᠠᠨ ᠤ ᠪᠦᠳᠦᠮᠵᠢ ᠶᠢ ᠨᠠᠷᠢᠨ ᠣᠶᠢᠯᠠᠭᠠᠬᠤ ᠶᠢᠨ ᠬᠠᠮᠳᠦ ᠣᠶᠣᠨᠴᠢ ᠪᠣᠳᠣᠯᠳᠠ᠂ ᠣᠨᠴᠠᠭᠠᠢ ᠮᠠᠰᠢᠨ | ᠬᠦᠮᠦᠨ ᠤ ᠰᠣᠳᠣᠯᠭ᠎ᠠ ᠵᠡᠷᠭᠡ ᠲᠠᠯ᠎ᠠ ᠶᠢᠨ ᠦᠷ᠎ᠡ ᠪᠦᠳᠦᠮᠵᠢ ᠶᠢᠨ ᠦᠵᠡᠭᠦᠯᠦᠯᠭᠡ ᠶᠢ ᠲᠣᠭᠤᠷᠢᠨ ᠰᠣᠷᠣᠯᠴᠠᠪᠠ᠃ ᠬᠤᠶᠠᠷ ᠲᠠᠯ᠎ᠠ ᠪᠠᠷ ᠬᠠᠮᠳᠣᠷᠠᠯᠴᠠᠭ᠎ᠠ | ᠬᠠᠷᠢᠯᠴᠠᠭ᠎ᠠ ᠪᠠᠨ ᠴᠢᠩᠭᠠᠳᠬᠠᠨ᠂ ᠪᠣᠳᠠᠳᠠᠢ ᠬᠠᠮᠳᠣᠷᠠᠯᠴᠠᠭ᠎ᠠ ᠪᠠᠨ ᠭᠦᠨᠵᠡᠭᠡᠶᠢᠷᠡᠭᠦᠯᠵᠣ᠂ ᠣᠶᠣᠨᠴᠢ ᠮᠠᠰᠢᠨ ᠬᠦᠮᠦᠨ ᠤ ᠮᠡᠷᠭᠡᠵᠢᠯ ᠤᠨ ᠰᠣᠳᠣᠯᠭ᠎ᠠ ᠨᠡᠭᠡᠭᠡᠯᠳᠡ᠂ | ᠬᠡᠷᠡᠭᠯᠡᠯᠳᠡ ᠲᠦᠭᠡᠮᠡᠯᠵᠢᠯ ᠵᠡᠷᠭᠡ ᠲᠠᠯ᠎ᠠ ᠪᠠᠷ ᠭᠦᠨᠵᠡᠭᠡᠢ ᠬᠠᠮᠳᠣᠷᠠᠯᠴᠠᠭ᠎ᠠ ᠦᠷᠨᠢᠭᠦᠯᠵᠣ᠂ ᠣᠶᠣᠨᠴᠢ ᠮᠠᠰᠢᠨ ᠬᠦᠮᠦᠨ ᠤ ᠮᠡᠷᠭᠡᠵᠢᠯ ᠤᠨ ᠣᠷᠣᠨ ᠨᠣᠳᠤᠭ ᠤᠨ ᠠᠵᠣ | ᠦᠢᠯᠠᠰ ᠳᠠᠬᠢ ᠬᠡᠷᠡᠭᠯᠡᠯᠳᠡ ᠪᠣᠯᠣᠨ ᠬᠤᠪᠢᠷᠠᠭᠠᠯᠳᠠ ᠶᠢ ᠰᠦᠪᠡᠭᠴᠢᠯᠡᠨ᠂ ᠣᠷᠣᠨ ᠨᠣᠳᠤᠭ ᠤᠨ ᠠᠵᠣ ᠦᠢᠯᠠᠰ ᠤᠨ ᠬᠡᠯᠪᠡᠷᠢ ᠶᠢᠨ ᠬᠤᠪᠢᠷᠠᠯᠳᠠ ᠲᠡᠰ ᠲᠡᠪᠰᠢᠯᠳᠡ | ᠶᠢ ᠬᠠᠮᠳᠦ ᠪᠠᠷ ᠠᠬᠢᠭᠤᠯᠣᠨ᠎ᠠ ᠭᠡᠵᠣ ᠢᠯᠡᠷᠬᠡᠶᠢᠯᠡᠪᠡ᠃ | ᠸᠠᠩ ᠢᠦᠢ ᠴᠢᠶᠠᠩ᠂ ᠪᠠᠰᠠ ᠰᠢᠦᠢ ᠬᠤᠢ ᠲᠣᠳᠣᠭᠠᠳᠦ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠳᠤ ᠰᠢᠨᠵᠢᠯᠡᠨ ᠰᠣᠷᠣᠯᠴᠠᠬᠤ ᠶᠢᠨ ᠬᠠᠮᠳᠦ ᠰᠢᠦᠢ ᠬᠤᠢ | ᠲᠣᠭᠤᠷᠢᠭ ᠤᠨ ᠲᠡᠳ᠋ ᠲᠣᠭᠤᠷᠢᠭ ᠤᠨ ᠲᠠᠷᠤᠭ᠎ᠠ᠂ ᠲᠣᠳᠣᠭᠠᠳᠦ ᠶᠢ ᠬᠠᠮᠠᠭᠠᠯᠠᠬᠤ ᠲᠣᠪᠴᠢᠶᠠᠨ ᠤ ᠲᠠᠷᠤᠭ᠎ᠠ ᠦ᠋ ᠵᠢᠶᠧ ᠯᠤᠭ᠎ᠠ ᠶᠠᠷᠢᠯᠴᠠᠭ᠎ᠠ ᠬᠢᠨ᠂ ᠰᠢᠦᠢ ᠬᠤᠢ | ᠲᠣᠳᠣᠭᠠᠳᠦ ᠶᠢ ᠬᠠᠮᠠᠭᠠᠯᠠᠬᠤ ᠲᠣᠪᠴᠢᠶᠠᠨ ᠤ ᠰᠢᠨᠵᠢᠯᠡᠭᠡ ᠮᠡᠷᠭᠡᠵᠢᠯ ᠢᠶᠠᠷ ᠴᠢᠭᠳᠠᠭ᠎ᠠ ᠪᠠᠨ ᠬᠦᠴᠦᠷᠭᠡᠭᠵᠢᠭᠦᠯᠬᠦ᠂ ᠰᠢᠨᠵᠢᠯᠡᠭᠡ ᠮᠡᠷᠭᠡᠵᠢᠯ ᠢᠶᠠᠷ ᠴᠢᠭᠳᠠᠭ᠎ᠠ ᠪᠠᠨ | ᠵᠠᠰᠠᠬᠤ ᠰᠠᠶᠢᠨ ᠲᠣᠷᠰᠢᠯᠭ᠎ᠠ᠂ ᠰᠠᠶᠢᠨ ᠠᠷᠭ᠎ᠠ ᠠᠪᠴᠠᠯ ᠢ ᠰᠣᠷᠣᠯᠴᠠᠪᠠ᠃ | ᠬᠤᠰᠢᠭᠤ ᠣᠳᠣᠷᠢᠳᠣᠯᠭ᠎ᠠ ᠸᠠᠩ ᠬᠤᠣ ᠷᠠᠨ᠂ ᠰᠢᠦᠢ ᠬᠤᠣ ᠪᠥᠸᠧ᠂ ᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ ᠶᠢᠨ ᠣᠷᠣᠨ ᠤ | ᠣᠳᠣᠷᠢᠳᠣᠯᠭ᠎ᠠ ᠯᠢ ᠷᠦᠢ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠬᠠᠮᠳᠦ ᠰᠢᠨᠵᠢᠯᠡᠨ ᠰᠣᠷᠣᠯᠴᠠᠪᠠ᠃ |