ᠳᠠᠯᠠᠤᠨ ᠬᠤᠰᠢᠭᠤᠨ ᠤ ᠰᠢᠨᠵᠢᠯᠡᠨ ᠪᠠᠶᠢᠴᠠᠭᠠᠬᠤ ᠳᠤᠭᠤᠶᠢᠯᠠᠩ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2025/4/22
     4 ᠰᠠᠷ᠎ᠠ ᠶᠢᠨ 21 ᠤ ᠡᠳᠤᠷ᠂ ᠳᠠᠯᠠᠤᠨ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠸᠠᠩ ᠰᠢᠶᠣᠣ ᠫᠢᠩ ᠨᠠᠷ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠳᠠ ᠬᠢᠵᠤ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ ᠪᠠᠷᠠᠭᠠᠳᠠᠪᠠ᠃     ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠤᠨ ᠬᠤᠵᠢᠤᠨ ᠨᠠᠩᠰᠤ ᠪᠠᠯᠭᠠᠰᠤᠨ ᠤ ᠬᠠᠷᠭᠠᠨ᠎ᠠ ᠶᠢᠨ ᠠᠵᠤ ᠤᠶᠢᠯᠡᠰᠵᠢᠭᠰᠡᠨ ᠰᠤᠳᠤᠯᠤᠨ ᠨᠡᠬᠡᠬᠡᠯᠳᠠ  ᠶᠢᠨ ᠲᠦᠪ᠂ ᠤᠯᠵᠠᠴᠢ ᠪᠠᠯᠭᠠᠰᠤᠨ ᠤ ᠶᠡᠷᠤᠩᠬᠡᠶᠢᠯᠡᠭᠰᠡᠨ ᠠᠵᠤ ᠤᠶᠢᠯᠡᠰ ᠤᠨ ᠬᠦᠷᠢᠶᠡᠯᠡᠩ ᠤᠨ ᠭᠠᠵᠠᠷ ᠳᠤᠤᠷᠠᠬᠢ ᠤᠰᠤᠨ ᠤ ᠬᠡᠳᠤ ᠠᠰᠢᠭᠯᠠᠯᠳᠠ ᠶᠢᠨ ᠶᠡᠷᠤᠩᠬᠡᠶᠢᠯᠡᠭᠰᠡᠨ ᠵᠠᠰᠠᠯᠳᠠ ᠶᠢᠨ ᠢᠨᠵᠧᠨᠧᠷᠢᠩ ᠤᠨ ᠤᠰᠤ ᠴᠡᠪᠡᠷᠰᠢᠬᠦᠯᠬᠦ ᠤᠶᠢᠯᠡᠤᠨᠪᠤᠷᠢ᠂ ᠤᠯᠵᠠᠴᠢ ᠪᠠᠯᠭᠠᠰᠤᠨ ᠤ ︽ᠤᠯᠵᠠᠴᠢ ᠡᠬᠦᠯᠡᠨ ᠤᠶᠤᠨᠴᠢ︾ ᠬᠢᠨᠠᠯᠳᠠ ᠬᠠᠮᠢᠶᠠᠷᠤᠯᠳᠠ ᠶᠢᠨ ᠳᠠᠪᠴᠠᠩ᠂ ᠢᠮᠠᠭᠠᠯᠠᠢ ᠶᠢᠨ ᠡᠯᠡᠰᠤ ᠰᠡᠷᠬᠡᠶᠢᠯᠡᠨ ᠵᠠᠰᠠᠬᠤ ᠠᠵᠢᠯ ᠤᠨ ᠳᠤᠭᠤᠷᠢᠭ᠂ ᠪᠤᠷᠤᠪᠠᠯᠭᠠᠰᠤ ᠪᠠᠯᠭᠠᠰᠤᠨ ᠤ ᠮᠠᠯᠴᠢᠨ ᠳᠠᠷᠢᠶᠠᠴᠢᠨ ᠡᠷᠤᠬᠡ ᠳᠤ ᠬᠦᠷᠴᠤ ᠪᠤᠳᠠᠳᠤ ᠭᠠᠵᠠᠷ ᠲᠤ ᠪᠠᠶᠢᠴᠠᠭᠠᠨ ᠦᠵᠡᠬᠦ᠂ ᠳᠠᠨᠢᠯᠴᠠᠭᠤᠯᠭ᠎ᠠ ᠰᠤᠨᠤᠰᠬᠤ ᠵᠡᠷᠬᠡ ᠬᠡᠯᠪᠡᠷᠢ ᠪᠠᠷ ᠮᠠᠨ ᠤ ᠬᠤᠰᠢᠭᠤᠨ ᠤ ᠡᠯᠡᠰᠤ ᠰᠡᠷᠬᠡᠶᠢᠯᠡᠨ ᠵᠠᠰᠠᠯᠳᠠ᠂ ᠤᠢ ᠰᠢᠭᠤᠢ ᠨᠤᠳᠤᠭ  ᠪᠡᠯᠴᠢᠬᠡᠷ ᠤᠨ ᠳᠤᠯᠪᠤᠳᠤ ᠵᠢᠷᠤᠭ ᠤᠨ ᠴᠡᠭᠴᠡᠯᠡᠯᠳᠠ᠂ ᠠᠵᠤ ᠤᠶᠢᠯᠡᠰ ᠤᠨ ᠬᠦᠭᠵᠢᠯᠳᠠ᠂ ᠤᠷᠴᠢᠨ ᠬᠠᠮᠠᠭᠠᠯᠠᠯᠳᠠ᠂ ᠭᠠᠵᠠᠷ ᠳᠤᠤᠷᠠᠬᠢ ᠤᠰᠤᠨ ᠤ ᠬᠡᠳᠤ ᠠᠰᠢᠭᠯᠠᠯᠳᠠ ᠶᠢᠨ ᠶᠡᠷᠤᠩᠬᠡᠶᠢᠯᠡᠭᠰᠡᠨ ᠵᠠᠰᠠᠯᠳᠠ ᠵᠡᠷᠬᠡ ᠳᠠᠯ᠎ᠠ ᠶᠢᠨ ᠳᠤᠷᠰᠢᠯᠭ᠎ᠠ ᠪᠠ ᠠᠷᠭ᠎ᠠ ᠪᠠᠷᠢᠯ ᠢ ᠨᠠᠷᠢᠯᠢᠭ ᠤᠶᠢᠯᠠᠭᠠᠪᠠ᠃
微信图片_20250422105001.jpg
     △ ᠤᠯᠵᠠᠴᠢ ᠪᠠᠯᠭᠠᠰᠤᠨ ᠤ ᠶᠡᠷᠤᠩᠬᠡᠶᠢᠯᠡᠭᠰᠡᠨ ᠠᠵᠤ ᠤᠶᠢᠯᠡᠰ ᠤᠨ ᠬᠦᠷᠢᠶᠡᠯᠡᠩ ᠤᠨ ᠭᠠᠵᠠᠷ ᠳᠤᠤᠷᠠᠬᠢ ᠤᠰᠤᠨ ᠤ ᠬᠡᠳᠤ ᠠᠰᠢᠭᠯᠠᠯᠳᠠ ᠶᠢᠨ   ᠶᠡᠷᠤᠩᠬᠡᠶᠢᠯᠡᠭᠰᠡᠨ ᠵᠠᠰᠠᠯᠳᠠ ᠶᠢᠨ ᠢᠨᠵᠧᠨᠧᠷᠢᠩ ᠤᠨ ᠤᠰᠤ ᠴᠡᠪᠡᠷᠰᠢᠬᠦᠯᠬᠦ ᠤᠶᠢᠯᠡᠤᠨᠪᠤᠷᠢ ᠳᠤ ᠪᠠᠶᠢᠴᠠᠭᠠᠨ ᠰᠤᠳᠤᠯᠤᠯᠳᠠ ᠬᠢᠪᠡ     ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠤ ᠡᠯᠡᠰᠤ ᠰᠡᠷᠬᠡᠶᠢᠯᠡᠨ ᠵᠠᠰᠠᠯᠳᠠ᠂ ᠤᠢ ᠰᠢᠭᠤᠢ ᠨᠤᠳᠤᠭ ᠪᠡᠯᠴᠢᠬᠡᠷ ᠤᠨ ᠳᠤᠯᠪᠤᠳᠤ ᠵᠢᠷᠤᠭ ᠤᠨ ᠴᠡᠭᠴᠡᠯᠡᠯᠳᠠ᠂ ᠠᠵᠤ ᠤᠶᠢᠯᠡᠰ ᠤᠨ ᠬᠦᠭᠵᠢᠯᠳᠠ᠂ ᠤᠷᠴᠢᠨ ᠬᠠᠮᠠᠭᠠᠯᠠᠯᠳᠠ᠂ ᠭᠠᠵᠠᠷ ᠳᠤᠤᠷᠠᠬᠢ ᠤᠰᠤᠨ ᠤ ᠬᠡᠳᠤ ᠠᠰᠢᠭᠯᠠᠯᠳᠠ ᠶᠢᠨ ᠶᠡᠷᠤᠩᠬᠡᠶᠢᠯᠡᠭᠰᠡᠨ ᠵᠠᠰᠠᠯᠳᠠ ᠵᠡᠷᠬᠡ ᠳᠠᠯ᠎ᠠ ᠶᠢᠨ ᠠᠵᠢᠯ ᠢ ᠳᠡᠬᠡᠳᠤ ᠬᠡᠮᠵᠢᠶ᠎ᠡ ᠪᠠᠷ ᠦᠨᠡᠯᠡᠬᠦ ᠶᠢᠨ ᠬᠠᠮᠳᠤ ᠤᠳᠤᠭ ᠤᠨ ᠡᠮᠤᠨᠡᠳᠤ ᠬᠤᠰᠢᠭᠤ ᠡᠯᠡᠰᠤ ᠰᠡᠷᠬᠡᠶᠢᠯᠡᠨ ᠵᠠᠰᠠᠯᠳᠠ᠂ ᠤᠢ ᠰᠢᠭᠤᠢ ᠨᠤᠳᠤᠭ ᠪᠡᠯᠴᠢᠬᠡᠷ ᠤᠨ ᠳᠤᠯᠪᠤᠳᠤ ᠵᠢᠷᠤᠭ ᠤᠨ ᠴᠡᠭᠴᠡᠯᠡᠯᠳᠠ᠂ ᠤᠷᠴᠢᠨ ᠬᠠᠮᠠᠭᠠᠯᠠᠯᠳᠠ ᠵᠡᠷᠬᠡ ᠳᠠᠯ᠎ᠠ ᠪᠠᠷ ᠬᠢ ᠠᠵᠢᠯ ᠤᠨ ᠠᠷᠭ᠎ᠠ ᠠᠪᠴᠠᠯ ᠨᠠᠷᠢᠯᠢᠭ ᠤᠨᠤᠪᠴᠢᠳᠠᠢ᠂ ᠪᠦᠳᠤᠮᠵᠢ ᠪᠠᠷ ᠢᠯᠡᠷᠬᠡᠢ᠂ ᠠᠵᠢᠯ ᠤᠨ ᠳᠤᠭᠳᠠᠴᠠ ᠪᠦᠷᠢᠨ᠂ ᠰᠢᠨᠵᠢᠯᠡᠭᠡ ᠮᠡᠷᠬᠡᠵᠢᠯ ᠤᠨ ᠬᠡᠷᠡᠭᠯᠡᠯᠳᠠ ᠪᠠᠷ ᠦᠷᠬᠡᠨ ᠳᠤᠯᠠ ᠪᠢᠳᠠᠨ ᠤ ᠬᠠᠮᠢᠶ᠎ᠠ ᠪᠦᠬᠦᠢ ᠠᠵᠢᠯ ᠢᠶᠠᠨ ᠦᠷᠨᠢᠬᠦᠯᠬᠦ ᠳᠤ ᠯᠠᠪᠯᠠᠯᠳᠠ ᠬᠠᠩᠭᠠᠪᠠ᠃ ᠳᠤᠰ ᠤᠳᠠᠭᠠᠨ ᠤ ᠰᠢᠨᠵᠢᠯᠡᠨ ᠪᠠᠶᠢᠴᠠᠭᠠᠯᠳᠠ ᠪᠠᠷ ᠳᠤᠬᠢᠶᠠᠯ ᠪᠤᠯᠭᠠᠨ᠂ ᠰᠤᠯᠢᠯᠴᠠᠭ᠎ᠠ ᠬᠠᠷᠢᠯᠴᠠᠭ᠎ᠠ ᠪᠠᠨ ᠴᠢᠩᠭᠠᠤᠨᠬᠠᠵᠤ᠂ ᠬᠦᠨᠵᠡᠬᠡᠢ ᠰᠤᠷᠤᠯᠴᠠᠵᠤ ᠬᠠᠷᠢᠯᠴᠠᠨ ᠳᠤᠯᠢᠳᠠᠨ᠂ ᠡᠯᠡᠰᠤ ᠰᠡᠷᠬᠡᠶᠢᠯᠡᠨ ᠵᠠᠰᠠᠯᠳᠠ᠂ ᠤᠢ ᠰᠢᠭᠤᠢ ᠨᠤᠳᠤᠭ ᠪᠡᠯᠴᠢᠬᠡᠷ ᠤᠨ ᠳᠤᠯᠪᠤᠳᠤ ᠵᠢᠷᠤᠭ ᠤᠨ ᠴᠡᠭᠴᠡᠯᠡᠯᠳᠠ᠂ ᠤᠷᠴᠢᠨ ᠬᠠᠮᠠᠭᠠᠯᠠᠯᠳᠠ ᠵᠡᠷᠬᠡ ᠠᠵᠢᠯ ᠢ ᠬᠦᠴᠤᠳᠠᠢ ᠪᠦᠳᠤᠮᠵᠢᠳᠠᠢ ᠦᠷᠨᠢᠬᠦᠯᠬᠦ ᠶᠢ ᠬᠠᠮᠳᠤ ᠪᠠᠷ ᠠᠬᠢᠭᠤᠯᠬᠤ ᠶᠢ ᠬᠦᠰᠡᠵᠤ ᠪᠠᠶᠢᠨ᠎ᠠ ᠬᠡᠵᠤ ᠢᠯᠡᠷᠬᠡᠶᠢᠯᠡᠪᠡ᠃     ᠬᠤᠰᠢᠭᠤ ᠤᠳᠤᠷᠢᠳᠤᠯᠭ᠎ᠠ ᠭᠤᠣ ᠢᠦᠢ᠂ ᠶᠢᠤ ᠵᠢᠶᠠᠨ ᠴᠢᠩ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠪᠠᠷᠠᠭᠠᠳᠠᠪᠠ᠃
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ