ᠴᠡᠷᠢᠭ ᠠᠷᠠᠤᠨ ᠤᠨ ᠠᠮᠢᠨ ᠳᠡᠵᠢᠬᠡᠯ ᠸᠠᠩ ᠵᠧᠨ ᠤ ᠬᠤᠤᠨᠳᠤᠭ — ᠳᠠᠪᠤᠳᠤᠭᠠᠷ ᠪᠦᠯᠦᠭ ︵ᠳᠠᠪᠤ︶
ᠨᠡᠶᠢᠲᠡᠯᠡᠭᠰᠡᠨ ᠴᠠᠭ᠄
2025/4/22
ᠳᠠᠪᠤᠳᠤᠭᠠᠷ ᠪᠦᠯᠦᠭ  ᠪᠤᠷᠤᠪᠠᠯᠭᠠᠰᠤᠨ ᠤ ᠰᠠᠭᠤᠷᠢᠨ ᠭᠠᠵᠠᠷᠳᠠᠪᠤ᠂ ᠪᠤᠷᠤᠪᠠᠯᠭᠠᠰᠤᠨ ᠳᠠᠬᠢ ᠨᠠᠮ ᠤᠨ ᠵᠣᠬᠢᠶᠡᠨ ᠪᠠᠶᠢᠭᠤᠯᠣᠯᠳᠠ ᠶᠢ ᠪᠦᠷᠢᠳᠦᠭᠦᠯᠦᠨ ᠪᠠᠶᠢᠭᠤᠯᠣᠭᠰᠠᠨ ᠨᠢ     1942 ᠣᠨ ᠤ 9 ᠰᠠᠷ᠎ᠠ ᠳᠤ᠂ ᠳᠣᠮᠳᠠᠳᠣ ᠣᠯᠣᠰ ᠤᠨ ᠡᠪ ᠬᠠᠮᠳᠣ ᠨᠠᠮ ᠤᠨ ᠪᠠᠷᠠᠭᠤᠨ ᠬᠤᠶᠢᠳᠣ ᠶᠢᠨ ᠳᠣᠪᠴᠢᠶ᠎ᠠ ᠠᠴᠠ ᠳᠤᠮᠳᠠᠳᠤ ᠤᠯᠤᠰ ᠤᠨ ᠡᠪ ᠬᠠᠮᠳᠤ ᠨᠠᠮ ᠤᠨ ᠪᠤᠷᠤᠪᠠᠯᠭᠠᠰᠤᠨ ᠤ ᠠᠵᠢᠯᠯᠠᠬᠤ ᠬᠤᠷᠢᠶ᠎ᠠ ᠶᠢ  ᠵᠤᠬᠢᠶᠠᠨ ᠪᠠᠶᠢᠭᠤᠯᠵᠣ᠂ ᠭᠤᠷᠪᠡᠨ ᠬᠢᠵᠠᠭᠠᠷ ᠤᠨ ᠤᠷᠤᠨ ᠨᠤᠳᠤᠭ ᠤᠨ ᠨᠠᠮ ᠤᠨ ᠬᠤᠷᠢᠶ᠎ᠠ ᠠᠴᠠ ᠭᠦᠮᠦᠨ ᠳᠣᠮᠢᠯᠠᠨ ᠠᠵᠢᠯ ᠦᠷᠨᠢᠭᠦᠯᠵᠣ᠂ ᠪᠣᠷᠣᠪᠠᠯᠭᠠᠰᠣᠨ ᠤ ᠴᠠᠶᠢᠵᠠ ᠳᠣᠳᠣᠷᠡᠬᠢ ᠮᠣᠩᠭᠤᠯ ᠬᠢᠳᠠᠳ ᠬᠤᠳᠠᠯᠳᠤᠭ᠎ᠠ ᠪᠠᠷ ᠬᠠᠯᠬᠠᠪᠴᠢ ᠪᠤᠯᠭᠠᠪᠠ᠃ ᠡᠬᠦᠨ ᠳᠤ ᠠᠵᠢᠯᠯᠠᠬᠤ ᠬᠤᠷᠢᠶ᠎ᠠ ᠶᠢᠨ ᠠᠩᠬᠠᠨ ᠤ ᠱᠦᠵᠢ  ᠰᠢᠤᠸᠠᠢ ᠰᠢᠶᠠᠩ ᠴᠧᠨ ︵1942 ᠣᠨ ᠤ 9 ᠰᠠᠷ᠎ᠠ ᠠᠴᠠ 1943 ᠣᠨ ᠤ ᠬᠠᠪᠣᠷ︶᠂ ᠳᠤᠰᠢᠶᠠᠯ ᠵᠠᠯᠭᠠᠨ ᠡᠭᠦᠷᠭᠡᠯᠡᠭᠰᠡᠨ ᠱᠦᠵᠢ  ᠵᠣᠣ ᠶᠢᠩ ︵1943 ᠣᠨ ᠤ ᠬᠠᠪᠣᠷ ᠠᠴᠠ 1944 ᠣᠨ ᠤ 9 ᠰᠠᠷ᠎ᠠ︶᠂ ᠭᠤᠣ ᠽᠧᠩ ᠫᠧᠢ ︵1944 ᠣᠨ ᠤ 9 ᠰᠠᠷ᠎ᠠ ᠠᠴᠠ 1945 ᠣᠨ ᠤ 2 ᠰᠠᠷ᠎ᠠ︶᠂ ᠭᠡᠰᠢᠭᠦᠨ ᠨᠢ ᠣᠷᠢᠳ ᠬᠤᠵᠢᠳ ᠵᠣᠣ ᠶᠢᠩ᠂ ᠦ᠋ ᠽᠢ ᠮᠢᠩ᠂ ᠯᠢᠣ ᠵᠢᠩ ᠫᠢᠩ ᠨᠠᠷ ᠪᠠᠶᠢᠪᠠ᠃      1945 ᠣᠨ ᠳᠤ᠂ ᠪᠣᠷᠣᠪᠠᠯᠭᠠᠰᠣᠨ ᠤ ᠠᠵᠢᠯᠯᠠᠬᠤ ᠬᠤᠷᠢᠶ᠎ᠠ ᠶᠢ ᠦᠭᠡᠷᠡᠴᠢᠯᠡᠭᠡᠳ ᠶᠡᠭᠡ ᠵᠣᠣ ᠶᠢᠨ ᠴᠢᠭᠤᠯᠭᠠᠨ ᠤ ᠠᠵᠢᠯᠯᠠᠬᠤ ᠬᠤᠷᠢᠶ᠎ᠠ ᠶᠢᠨ ᠰᠢᠭᠤᠳ ᠬᠠᠷᠢᠶ᠎ᠠ ᠪᠣᠷᠣᠪᠠᠯᠭᠠᠰᠣᠨ ᠤ ᠳᠤᠭᠤᠷᠢᠭ ᠤᠨ ᠨᠠᠮ ᠤᠨ ᠬᠤᠷᠢᠶ᠎ᠠ ᠪᠣᠯᠭᠠᠵᠣ᠂ ᠱᠦᠵᠢ ᠨᠢ ᠸᠠᠩ ᠳ᠋ᠧ ᠱᠧᠩ᠂ ᠭᠡᠰᠢᠭᠦᠨ ᠨᠢ ᠲᠢᠶᠠᠨ ᠪᠣᠣ ︵ᠰᠠᠩᠵᠠᠶᠢᠶᠧᠰᠢ︶᠂ ᠬᠠᠨ ᠭᠧ ᠯᠤ᠋᠂ ᠯᠢᠣ ᠶᠥᠩ ᠹᠧᠢ ᠪᠡᠶᠢᠵᠡᠢ᠃  
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ