ᠤᠳᠤᠭ ᠤᠨ ᠡᠮᠤᠨᠡᠳᠤ ᠬᠤᠰᠢᠭᠤ ᠤᠯᠤᠰ ᠤᠨ ᠴᠠᠬᠢᠯᠭᠠᠨ ᠬᠦᠴᠤᠨ ᠤ ᠬᠦᠭᠵᠢᠬᠦᠯᠤᠯᠳᠠ ᠶᠢᠨ ᠬᠤᠪᠢ ᠤᠷᠤᠭᠤᠯᠤᠯᠳᠠ ᠶᠢᠨ ᠬᠢᠵᠠᠭᠠᠷᠳᠤ ᠺᠤᠮᠫᠠᠨᠢ ᠲᠠᠢ ᠰᠠᠭᠤᠳᠠᠯ ᠤᠨ ᠬᠤᠷᠠᠯ ᠬᠢᠵᠤ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠬᠡᠯᠡᠯᠴᠡᠬᠡᠷ ᠳᠤᠭᠳᠠᠪᠠ
ᠨᠡᠶᠢᠲᠡᠯᠡᠭᠰᠡᠨ ᠴᠠᠭ᠄
2025/4/24
     4 ᠰᠠᠷ᠎ᠠ ᠶᠢᠨ 23 ᠤ ᠡᠳᠤᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ ᠤᠯᠤᠰ ᠤᠨ ᠴᠠᠬᠢᠯᠭᠠᠨ ᠬᠦᠴᠤᠨ ᠤ ᠬᠦᠭᠵᠢᠬᠦᠯᠤᠯᠳᠠ  ᠶᠢᠨ ᠬᠤᠪᠢ ᠤᠷᠤᠭᠤᠯᠤᠯᠳᠠ ᠶᠢᠨ ᠬᠢᠵᠠᠭᠠᠷᠳᠤ ᠺᠤᠮᠫᠠᠨᠢ ᠶᠢᠨ ᠨᠠᠮ ᠤᠨ ᠬᠤᠷᠢᠶᠠᠨ ᠤ ᠬᠡᠰᠢᠬᠦᠨ᠂ ᠳᠡᠳ᠋ ᠶᠠᠷᠤᠩᠬᠡᠢ ᠳᠠᠭᠠᠭᠠᠮᠠᠯ ᠵᠠᠩ ᠭᠥᠸᠧ ᠯᠢᠨ ᠨᠠᠷ ᠲᠠᠢ ᠲᠦᠷᠤᠯ ᠵᠦᠢᠯ ᠤᠨ ᠬᠠᠮᠳᠤᠷᠠᠯᠴᠠᠭᠠᠨ ᠤ ᠶᠠᠪᠤᠳᠠᠯ ᠤᠨ ᠳᠤᠭᠤᠷᠢᠨ ᠳᠤ ᠬᠦᠨᠵᠡᠬᠡᠢ ᠶᠠᠷᠢᠯᠴᠠᠭᠰᠡᠨ ᠮᠦᠷᠳᠡᠬᠡᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠬᠡᠯᠡᠯᠴᠡᠬᠡᠷ ᠳᠤᠭᠳᠠᠪᠠ᠃     ᠸᠠᠩ ᠢᠦᠢ ᠴᠢᠶᠠᠩ ᠠᠴᠠ ᠵᠠᠩ ᠭᠥᠸᠧ ᠯᠢᠨ ᠨᠠᠷ ᠤᠨ ᠬᠦᠷᠤᠯᠴᠡᠨ ᠢᠷᠡᠭᠰᠡᠨ ᠳᠤ ᠪᠠᠶᠠᠷᠯᠠᠨ ᠤᠭᠳᠤᠵᠤ ᠪᠠᠶᠢᠭ᠎ᠠ ᠪᠠᠨ ᠢᠯᠡᠤᠨᠬᠡᠪᠡ᠃ ᠳᠠᠷᠠ᠂ ᠤᠳᠤᠭ  ᠤᠨ ᠡᠮᠤᠨᠡᠳᠤ ᠬᠤᠰᠢᠭᠤ ᠤᠯᠤᠰ ᠤᠨ ᠴᠠᠬᠢᠯᠭᠠᠨ ᠬᠦᠴᠤᠨ ᠯᠦᠭᠡ ᠤᠬᠢ ᠰᠠᠶᠢᠨ ᠬᠠᠮᠳᠤᠷᠠᠯᠴᠠᠭᠠᠨ ᠤ ᠰᠠᠭᠤᠷᠢ ᠲᠠᠢ ᠪᠤᠯᠬᠤᠷ ᠬᠤᠶᠠᠷ ᠳᠠᠯ᠎ᠠ ᠪᠠᠷ ᠢᠶᠠᠨ ᠨᠡᠬᠦᠷᠡᠰᠤ  ᠶᠢ ᠴᠡᠪᠡᠷᠰᠢᠬᠦᠯᠬᠦ ᠬᠤᠪᠢᠷᠠᠭᠠᠯᠳᠠ᠂ ᠢᠯᠴᠢ ᠴᠠᠬᠢᠯᠭᠠᠨ ᠪᠠ ᠰᠢᠨ᠎ᠠ ᠡᠨᠧᠷᠬᠢ ᠶᠢᠨ ᠵᠤᠬᠢᠴᠠᠩᠭᠤᠢ ᠨᠡᠬᠡᠬᠡᠯᠳᠠ᠂ ᠨᠡᠬᠦᠷᠡᠰᠤᠳᠦ᠋ᠷᠦᠭᠴᠢ ᠶᠢ ᠬᠤᠷᠠᠮᠳᠤᠭᠤᠯᠤᠨ ᠪᠢᠳᠡᠬᠦᠮᠵᠢᠯᠡᠬᠦ ᠠᠰᠢᠭᠯᠠᠯᠳᠠ ︵CCUS︶᠂ ᠪᠤᠬᠢᠷᠳᠤᠯ ᠦᠬᠡᠢ ᠤᠰᠤᠳᠦ᠋ᠷᠦᠭᠴᠢ ᠰᠢᠪᠳᠤᠷ ᠤᠨ ᠡᠪᠰᠡᠯ ᠨᠡᠬᠦᠷᠡᠰᠤᠨ ᠴᠠᠬᠢᠯᠭᠠᠨ᠂ ᠤᠷᠤᠨ ᠠᠯᠤᠰᠯᠠᠭᠰᠡᠨ ᠰᠢᠨ᠎ᠠ ᠡᠨᠧᠷᠬᠢ ᠶᠢᠨ ᠰᠠᠭᠤᠷᠢᠨ ᠭᠠᠵᠠᠷ ᠤᠨ ᠪᠠᠶᠢᠭᠤᠯᠤᠯᠳᠠ᠂ ᠦᠪᠡᠷᠳᠡᠬᠡᠨ ᠬᠡᠷᠡᠭᠯᠡᠬᠦ ᠬᠡᠯᠪᠡᠷᠢ ᠶᠢᠨ ᠳᠠᠬᠢᠨ ᠡᠬᠦᠰᠴᠤ ᠪᠤᠯᠬᠤ ᠡᠨᠧᠷᠬᠢ ᠶᠢᠨ ᠰᠢᠰᠲ᠋ᠧᠮ ᠵᠢᠴᠢ ᠤᠯᠠᠨ ᠡᠨᠧᠷᠬᠢ ᠬᠠᠷᠢᠯᠴᠠᠨ  ᠨᠦᠬᠦᠪᠤᠷᠢᠯᠡᠭᠰᠡᠨ ᠶᠠᠷᠤᠩᠬᠡᠶᠢᠯᠡᠭᠰᠡᠨ ᠬᠡᠷᠡᠭᠯᠡᠭᠡ ᠵᠡᠷᠬᠡ ᠬᠦᠷᠢᠶ᠎ᠡ ᠴᠠᠷᠠᠭᠠᠨ ᠳᠤ ᠪᠦᠬᠦ ᠳᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭ᠎ᠠ ᠦᠷᠨᠢᠬᠦᠯᠤᠨ᠂ ᠳᠠᠭᠠᠭᠠᠮᠠᠭᠠᠢ ᠬᠠᠮᠳᠤᠷᠠᠯᠴᠠᠭᠠᠨ ᠤ ᠳᠤᠭᠳᠠᠴᠠ ᠪᠠᠶᠢᠭᠤᠯᠵᠤ᠂ ᠬᠠᠮᠳᠤᠷᠠᠯᠴᠠᠭᠠᠨ ᠤ ᠠᠭᠤᠯᠭ᠎ᠠ ᠪᠠᠨ ᠪᠦᠬᠦ ᠳᠠᠯ᠎ᠠ ᠪᠠᠷ ᠬᠦᠨᠵᠡᠬᠡᠶᠢᠷᠡᠬᠦᠯᠤᠨ᠂ ᠬᠠᠮᠳᠤᠷᠠᠯᠴᠠᠭᠠᠨ ᠤ ᠲᠦᠷᠤᠯ ᠵᠦᠢᠯ ᠢᠶᠠᠨ ᠨᠠᠶᠢᠳᠠᠪᠤᠷᠢᠵᠢᠭᠤᠯᠤᠨ ᠪᠤᠳᠠᠳᠠᠶᠢᠵᠢᠭᠤᠯᠬᠤ ᠶᠢ ᠬᠠᠮᠳᠤ ᠪᠠᠷ ᠠᠬᠢᠭᠤᠯᠬᠤ ᠶᠢ ᠬᠦᠰᠡᠵᠤ ᠪᠠᠶᠢᠨ᠎ᠠ᠃ ᠤᠳᠤᠭ ᠤᠨ ᠡᠮᠤᠨᠡᠳᠤ ᠬᠤᠰᠢᠭᠤ ᠴᠤ ᠦᠩᠬᠡᠷᠡᠭᠰᠡᠨ ᠲᠠᠢ ᠪᠠᠨ ᠠᠳᠠᠯᠢ ᠪᠠᠷ ᠤᠶᠢᠯᠡᠴᠢᠯᠡᠬᠡᠨ ᠤ ᠪᠠᠳᠤᠯᠠᠭ᠎ᠠ ᠶᠢᠨ ᠠᠵᠢᠯ ᠢᠶᠠᠨ ᠰᠠᠶᠢᠳᠤᠷ ᠬᠢᠵᠤ᠂ ᠠᠵᠤ ᠠᠬᠤᠶᠢᠯᠠᠯ ᠲᠠᠢ ᠬᠤᠯᠪᠤᠭᠠᠯᠠᠨ ᠬᠦᠭᠵᠢᠯᠳᠠ ᠶᠢᠨ ᠳᠤᠬᠢᠶᠠᠯ ᠢ ᠬᠠᠮᠳᠤ ᠪᠠᠷ ᠡᠬᠦᠳᠤᠨ ᠬᠠᠷᠢᠯᠴᠠᠨ ᠠᠰᠢᠭ ᠬᠦᠷᠳᠡᠵᠤ ᠬᠠᠮᠳᠤ ᠪᠠᠷ ᠢᠯᠠᠬᠤ ᠶᠢ ᠪᠡᠶᠡᠯᠡᠬᠦᠯᠤᠨ᠎ᠠ ᠬᠡᠪᠡ᠃     ᠵᠠᠩ ᠭᠥᠸᠧ ᠯᠢᠨ ᠠᠴᠠ ᠤᠳᠤᠭ ᠤᠨ ᠡᠮᠤᠨᠡᠳᠤ ᠬᠤᠰᠢᠭᠤᠨ ᠤ ᠬᠦᠴᠤᠳᠤ ᠳᠡᠮᠵᠢᠯᠬᠡ ᠳᠤ ᠳᠠᠯᠠᠷᠬᠠᠵᠤ ᠪᠠᠶᠢᠭ᠎ᠠ ᠪᠠᠨ ᠢᠯᠡᠤᠨᠬᠡᠪᠡ᠃ ᠳᠠᠷᠠ᠂ ᠤᠳᠤᠭ ᠤᠨ ᠡᠮᠤᠨᠡᠳᠤ ᠬᠤᠰᠢᠭᠤᠨ ᠤ ᠬᠦᠭᠵᠢᠯᠳᠠ ᠶᠢᠨ ᠦᠵᠡᠯᠳᠠ ᠤᠯᠤᠰ ᠤᠨ ᠴᠠᠬᠢᠯᠭᠠᠨ ᠤ ᠡᠨᠧᠷᠬᠢ ᠶᠢᠨ ᠬᠤᠪᠢᠷᠠᠭᠠᠯᠳᠠ ᠵᠡᠷᠬᠡ ᠳᠠᠯ᠎ᠠ ᠲᠠᠢ ᠳᠡᠬᠡᠳᠤ ᠬᠡᠮᠵᠢᠶ᠎ᠡ ᠪᠠᠷ ᠵᠤᠬᠢᠴᠠᠵᠤ ᠪᠠᠶᠢᠭ᠎ᠠ ᠪᠤᠯᠬᠤᠷ ᠳᠠᠷᠠᠭᠠᠴᠢ ᠶᠢᠨ ᠠᠯᠬᠤᠮ ᠳᠤ ᠡᠯ᠎ᠡ ᠲᠦᠷᠤᠯ ᠵᠦᠢᠯ ᠤᠨ ᠡᠮᠤᠨᠡᠬᠢ ᠬᠤᠭᠤᠴᠠᠭᠠᠨ ᠤ ᠪᠡᠯᠡᠤᠨᠬᠡᠯ ᠠᠵᠢᠯ ᠢ ᠲᠦᠷᠬᠡᠤᠨᠬᠡᠨ ᠠᠬᠢᠭᠤᠯᠵᠤ᠂ ᠬᠡᠷ᠎ᠡ ᠳᠤᠭᠳᠠᠭᠰᠡᠨ ᠲᠦᠷᠤᠯ ᠵᠦᠢᠯ ᠢ ᠡᠷᠳᠠ ᠤᠷᠤᠨᠵᠢᠭᠤᠯᠬᠤ ᠶᠢ ᠠᠬᠢᠭᠤᠯᠤᠨ᠂ ᠤᠷᠤᠨ ᠨᠤᠳᠤᠭ ᠤᠨ ᠠᠵᠤ ᠤᠶᠢᠯᠡᠰ ᠤᠨ ᠬᠤᠪᠢᠷᠠᠭᠠᠯᠳᠠ ᠪᠠ ᠠᠵᠤ ᠠᠬᠤᠢ ᠨᠡᠶᠢᠬᠡᠮ ᠤᠨ ᠴᠢᠨᠠᠷᠯᠢᠭ ᠬᠦᠭᠵᠢᠯᠳᠠ ᠳᠤ ᠬᠦᠴᠤᠨ ᠨᠡᠮᠡᠷᠢᠯᠡᠨ᠎ᠡ ᠬᠡᠪᠡ᠃     ᠳᠠᠷᠠᠭ᠎ᠠ ᠪᠠᠷ ᠨᠢ᠂ ᠤᠳᠤᠭ ᠤᠨ ᠡᠮᠤᠨᠡᠳᠤ ᠬᠤᠰᠢᠭᠤ ᠤᠯᠤᠰ ᠤᠨ ᠴᠠᠬᠢᠯᠭᠠᠨ ᠬᠦᠴᠤᠨ ᠤ ᠬᠦᠭᠵᠢᠬᠦᠯᠤᠯᠳᠠ ᠶᠢᠨ ᠬᠤᠪᠢ ᠤᠷᠤᠭᠤᠯᠤᠯᠳᠠ ᠶᠢᠨ ᠬᠢᠵᠠᠭᠠᠷᠳᠤ ᠺᠤᠮᠫᠠᠨᠢ ᠲᠠᠢ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠪᠤᠷᠤ ᠲᠦᠯᠤᠪ ᠤᠨ ᠬᠡᠯᠡᠯᠴᠡᠬᠡᠷ ᠳᠤᠭᠳᠠᠪᠠ᠃     ᠤᠯᠤᠰ ᠤᠨ ᠴᠠᠬᠢᠯᠭᠠᠨ ᠬᠦᠴᠤᠨ ᠤ ᠱᠤᠸᠠᠩ ᠸᠧᠢ ᠶᠢᠨ ᠦᠪᠤᠷ ᠮᠤᠩᠭᠤᠯ ᠤᠨ ᠱᠠᠩᠬᠠᠢ ᠶᠢᠨ ᠰᠦᠮ᠎ᠠ ᠡᠨᠧᠷᠬᠢ ᠶᠢᠨ ᠬᠢᠵᠠᠭᠠᠷᠳᠤ ᠺᠤᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠤᠨ ᠤᠨ ᠳᠠᠷᠤᠭ᠎ᠠ ᠶᠠᠩ ᠵᠧᠨ ᠶᠥᠩ᠂ ᠬᠤᠰᠢᠭᠤ ᠤᠳᠤᠷᠢᠳᠤᠯᠭ᠎ᠠ ᠶᠠᠩ ᠶᠢᠩ ᠰᠢᠨ᠂ ᠴᠢᠤ ᠯᠢᠨ᠂ ᠭᠤᠣ ᠢᠦᠢ᠂ ᠰᠢᠤᠸᠠᠢ ᠵᠣᠣ ᠰᠢᠩ᠂ ᠳ᠋ᠤᠸᠠᠨ ᡁᠢ ᠴᠢᠶᠠᠩ᠂ ᠯᠢ ᠷᠦᠢ᠂ ᠵᠢᠶᠠ ᠰᠢᠶᠠᠩ ᠪᠢᠩ ᠵᠢᠴᠢ ᠬᠤᠰᠢᠭᠤ ᠰᠢᠭᠤᠤᠨ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠳᠠᠨ ᠤᠷᠤᠯᠴᠠᠪᠠ᠃
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ