4 ᠰᠠᠷ᠎ᠠ ᠶᠢᠨ 23 ᠤ ᠡᠳᠤᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠬᠤᠰᠢᠭᠤ ᠳᠠᠷᠤᠭ᠎ᠠ᠂ ᠱᠠᠩᠬᠠᠢ ᠶᠢᠨ ᠰᠦᠮ᠎ᠠ | ᠠᠵᠤ ᠠᠬᠤᠢ ᠶᠢᠨ ᠨᠡᠬᠡᠬᠡᠯᠳᠠ ᠶᠢᠨ ᠤᠷᠤᠨ ᠤ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠶᠠᠩ ᠶᠢᠩ ᠰᠢᠨ ᠪᠡᠬᠡᠵᠢᠩ ᠤᠨ ᠳ᠋ᠧ ᠷᠦᠨ ᠴᠧᠨ ᠤᠷᠴᠢᠨ | ᠬᠠᠮᠠᠭᠠᠯᠠᠯᠳᠠ ᠶᠢᠨ ᠰᠢᠨᠵᠢᠯᠡᠭᠡ ᠮᠡᠷᠬᠡᠵᠢᠯ ᠤᠨ ᠬᠢᠵᠠᠭᠠᠷᠳᠤ ᠺᠤᠮᠫᠠᠨᠢ ᠶᠢᠨ ᠶᠡᠷᠤᠩᠬᠡᠢ ᠳᠠᠭᠠᠭᠠᠮᠠᠯ ᠴᠢᠤ ᠹᠧᠩ ᠨᠠᠷ ᠲᠠᠢ ᠲᠦᠷᠤᠯ ᠵᠦᠢᠯ ᠤᠨ ᠬᠠᠮᠳᠤᠷᠠᠯᠴᠠᠭᠠᠨ ᠤ | ᠶᠠᠪᠤᠳᠠᠯ ᠤᠨ ᠳᠤᠭᠤᠷᠢᠨ ᠳᠤ ᠬᠦᠨᠵᠡᠬᠡᠢ ᠶᠠᠷᠢᠯᠴᠠᠵᠤ᠂ ᠬᠠᠮᠳᠤᠷᠠᠯᠴᠠᠭᠠᠨ ᠤ ᠪᠤᠷᠤ ᠲᠦᠯᠤᠪ ᠤᠨ ᠬᠡᠯᠡᠯᠴᠡᠬᠡᠷ ᠳᠤᠭᠳᠠᠪᠠ᠃ | ᠶᠠᠩ ᠶᠢᠩ ᠰᠢᠨ ᠠᠴᠠ ᠴᠢᠤ ᠹᠧᠩ ᠨᠠᠷ ᠤᠨ ᠬᠦᠷᠤᠯᠴᠡᠨ ᠢᠷᠡᠭᠰᠡᠨ ᠳᠤ ᠪᠠᠶᠠᠷᠯᠠᠨ ᠤᠭᠳᠤᠵᠤ ᠪᠠᠶᠢᠭ᠎ᠠ ᠪᠠᠨ ᠢᠯᠡᠤᠨᠬᠡᠪᠡ᠃ ᠳᠠᠷᠠ᠂ ᠤᠳᠤᠭ ᠤᠨ | ᠡᠮᠤᠨᠡᠳᠤ ᠬᠤᠰᠢᠭᠤᠨ ᠤ ᠤᠷᠤᠨ ᠪᠠᠶᠢᠷᠢ ᠳᠠᠪᠠᠭᠤᠯᠢᠭ᠂ ᠡᠬᠢ ᠪᠠᠶᠠᠯᠢᠭ ᠡᠯᠪᠡᠭ᠂ ᠰᠢᠨ᠎ᠠ ᠡᠨᠧᠷᠬᠢ ᠶᠢᠨ ᠬᠦᠭᠵᠢᠯᠳᠠ ᠶᠢᠨ ᠢᠷᠡᠬᠡᠳᠤᠢ ᠠᠭᠤᠳᠠᠮ᠂ ᠪᠡᠬᠡᠵᠢᠩ ᠤᠨ | ᠳ᠋ᠧ ᠷᠦᠨ ᠴᠧᠨ ᠤᠷᠴᠢᠨ ᠬᠠᠮᠠᠭᠠᠯᠠᠯᠳᠠ ᠶᠢᠨ ᠰᠢᠨᠵᠢᠯᠡᠭᠡ ᠮᠡᠷᠬᠡᠵᠢᠯ ᠤᠨ ᠬᠢᠵᠠᠭᠠᠷᠳᠤ ᠺᠤᠮᠫᠠᠨᠢ ᠶᠢᠨ ᠰᠢᠨᠵᠢᠯᠡᠭᠡ ᠮᠡᠷᠬᠡᠵᠢᠯ ᠤᠨ ᠲᠦᠪᠰᠢᠨ ᠦᠨᠳᠤᠷ᠂ ᠵᠠᠬ᠎ᠠ | ᠳᠡᠯᠬᠡᠬᠦᠷ ᠪᠤᠯᠪᠠᠰᠤᠷᠠᠩᠭᠤᠢ ᠪᠤᠯᠬᠤᠷ ᠬᠤᠶᠠᠷ ᠳᠠᠯ᠎ᠠ ᠪᠠᠷ ᠢᠶᠠᠨ ᠪᠠᠶᠢᠩᠭᠤ ᠬᠠᠷᠢᠯᠴᠠᠵᠤ ᠬᠠᠮᠳᠤᠪᠠᠷ ᠬᠦᠴᠤᠯᠡᠨ᠂ ᠲᠦᠷᠤᠯ ᠵᠦᠢᠯ ᠢᠶᠠᠨ ᠡᠷᠳᠠ | ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠬᠠᠮᠳᠤ ᠪᠤᠬᠢᠷᠳᠤᠯ ᠦᠬᠡᠢ ᠤᠰᠤᠳᠦ᠋ᠷᠦᠭᠴᠢ ᠰᠢᠪᠳᠤᠷ ᠵᠡᠷᠬᠡ ᠬᠤᠶᠢᠰᠢᠳᠠ ᠶᠢᠨ ᠲᠦᠷᠤᠯ ᠵᠦᠢᠯ ᠢ ᠢᠳᠡᠪᠬᠢᠳᠠᠢ | ᠰᠦᠪᠡᠭᠴᠢᠯᠡᠵᠤ᠂ ᠱᠠᠩᠬᠠᠢ ᠶᠢᠨ ᠰᠦᠮ᠎ᠠ ᠠᠵᠤ ᠠᠬᠤᠢ ᠶᠢᠨ ᠨᠡᠬᠡᠬᠡᠯᠳᠠ ᠶᠢᠨ ᠤᠷᠤᠨ ᠤ ᠪᠤᠬᠢᠷᠳᠤᠯ ᠦᠬᠡᠢ ᠠᠵᠤ ᠤᠶᠢᠯᠡᠰ ᠤᠨ ᠬᠦᠷᠢᠶᠡᠯᠡᠩ ᠳᠤᠭᠤᠷᠢᠭ ᠤᠨ | ᠪᠠᠶᠢᠭᠤᠯᠤᠯᠳᠠ ᠶᠢ ᠬᠠᠮᠳᠤ ᠪᠠᠷ ᠠᠬᠢᠭᠤᠯᠬᠤ ᠶᠢ ᠬᠦᠰᠡᠵᠤ ᠪᠠᠶᠢᠨ᠎ᠠ᠃ ᠤᠳᠤᠭ ᠤᠨ ᠡᠮᠤᠨᠡᠳᠤ ᠬᠤᠰᠢᠭᠤ ᠪᠦᠬᠦ ᠬᠦᠴᠤᠨ ᠢᠶᠠᠷ ᠢᠶᠠᠨ ᠰᠢᠯᠢᠳᠡᠭ ᠤᠶᠢᠯᠡᠴᠢᠯᠡᠭᠡ | ᠬᠠᠩᠭᠠᠨ᠂ ᠠᠵᠤ ᠠᠬᠤᠶᠢᠯᠠᠯ ᠲᠠᠢ ᠬᠠᠮᠳᠤ ᠪᠠᠷ ᠬᠤᠶᠢᠰᠢᠳᠠ ᠶᠢᠨ ᠭᠤᠤᠯᠳᠠᠯᠭᠠᠳᠤ ᠬᠦᠭᠵᠢᠯᠳᠠ ᠶᠢᠨ ᠲᠦᠷᠤᠯ ᠵᠦᠢᠯ ᠢ ᠰᠠᠶᠢᠳᠤᠷ ᠰᠦᠪᠡᠭᠴᠢᠯᠡᠵᠤ᠂ ᠤᠷᠤᠨ | ᠨᠤᠳᠤᠭ ᠠᠵᠤ ᠠᠬᠤᠶᠢᠯᠠᠯ ᠤᠨ ᠴᠢᠨᠠᠷᠯᠢᠭ ᠬᠦᠭᠵᠢᠯᠳᠠ ᠶᠢ ᠪᠡᠶᠡᠯᠡᠬᠦᠯᠬᠦ ᠶᠢ ᠬᠠᠮᠳᠤ ᠪᠠᠷ ᠠᠬᠢᠭᠤᠯᠤᠨ᠎ᠠ ᠬᠡᠪᠡ᠃ | ᠴᠢᠤ ᠹᠧᠩ᠂ ᠤᠳᠤᠭ ᠤᠨ ᠡᠮᠤᠨᠡᠳᠤ ᠬᠤᠰᠢᠭᠤᠨ ᠤ ᠬᠦᠭᠵᠢᠯᠳᠠ ᠶᠢᠨ ᠤᠷᠤᠨ ᠵᠠᠢ ᠠᠭᠤᠳᠠᠮ᠂ ᠡᠬᠢ ᠪᠠᠶᠠᠯᠢᠭ ᠡᠯᠪᠡᠭ᠂ ᠤᠷᠴᠢᠨ ᠳᠤᠭᠤᠷᠢᠨ ᠤᠬᠢ | ᠪᠤᠯᠬᠤᠷ ᠠᠵᠤ ᠠᠬᠤᠶᠢᠯᠠᠯ ᠤᠷᠤᠨ ᠨᠤᠳᠤᠭ ᠲᠤ ᠬᠦᠭᠵᠢᠬᠦ ᠳᠤ ᠢᠳᠡᠬᠡᠯ ᠲᠦᠬᠦᠷᠡᠩ ᠪᠤᠢ᠂ ᠬᠤᠶᠠᠷ ᠳᠠᠯ᠎ᠠ ᠪᠠᠷ ᠬᠤᠯᠪᠤᠭᠠᠯᠠᠨ ᠬᠠᠮᠳᠤᠷᠠᠯᠴᠠᠵᠤ᠂ ᠲᠦᠷᠤᠯ ᠵᠦᠢᠯ | ᠤᠨ ᠨᠠᠶᠢᠳᠠᠪᠤᠷᠢᠵᠢᠭᠤᠯᠤᠯᠳᠠ ᠶᠢ ᠬᠠᠮᠳᠤ ᠪᠠᠷ ᠠᠬᠢᠭᠤᠯᠤᠨ᠂ ᠪᠤᠬᠢᠷᠳᠤᠯ ᠦᠬᠡᠢ ᠠᠵᠤ ᠤᠶᠢᠯᠡᠰ ᠤᠨ ᠳᠠᠭᠤᠷᠢᠶᠠᠯ ᠬᠦᠷᠢᠶᠡᠯᠡᠩ ᠳᠤᠭᠤᠷᠢᠭ ᠤᠨ ᠪᠠᠶᠢᠭᠤᠯᠤᠯᠳᠠ ᠳᠤ | ᠬᠦᠴᠤᠨ ᠨᠡᠮᠡᠷᠢᠯᠡᠵᠤ᠂ ᠤᠳᠤᠭ ᠤᠨ ᠡᠮᠤᠨᠡᠳᠤ ᠬᠤᠰᠢᠭᠤᠨ ᠤ ᠠᠵᠤ ᠠᠬᠤᠢ ᠨᠠᠶᠢᠬᠡᠮ ᠤᠨ ᠬᠦᠭᠵᠢᠯᠳᠠ ᠳᠤ ᠨᠠᠩ ᠠᠷᠪᠢᠨ ᠬᠦᠴᠤᠨ ᠴᠢᠳᠠᠯ ᠢᠶᠠᠨ ᠨᠡᠮᠡᠷᠢᠯᠡᠨ᠎ᠡ | ᠬᠡᠵᠤ ᠢᠯᠡᠷᠬᠡᠶᠢᠯᠡᠪᠡ᠃ | ᠳᠠᠷᠠᠭ᠎ᠠ ᠪᠠᠷ ᠨᠢ᠂ ᠤᠳᠤᠭ ᠤᠨ ᠡᠮᠤᠨᠡᠳᠤ ᠬᠤᠰᠢᠭᠤ ᠪᠡᠬᠡᠵᠢᠩ ᠤᠨ ᠳ᠋ᠧ ᠷᠦᠨ ᠴᠧᠨ ᠤᠷᠴᠢᠨ ᠬᠠᠮᠠᠭᠠᠯᠠᠯᠳᠠ ᠶᠢᠨ ᠰᠢᠨᠵᠢᠯᠡᠭᠡ ᠮᠡᠷᠬᠡᠵᠢᠯ ᠤᠨ ᠬᠢᠵᠠᠭᠠᠷᠳᠤ | ᠺᠤᠮᠫᠠᠨᠢ ᠲᠠᠢ ᠬᠠᠮᠳᠤᠷᠠᠯᠴᠠᠭᠠᠨ ᠤ ᠪᠤᠷᠤ ᠲᠦᠯᠤᠪ ᠤᠨ ᠬᠡᠯᠡᠯᠴᠡᠬᠡᠷ ᠳᠤᠭᠳᠠᠪᠠ᠃ | ᠬᠤᠰᠢᠭᠤ ᠤᠳᠤᠷᠢᠳᠤᠯᠭ᠎ᠠ ᠳ᠋ᠤᠸᠠᠨ ᡁᠢ ᠴᠢᠶᠠᠩ᠂ ᠱᠠᠩᠬᠠᠢ ᠶᠢᠨ ᠰᠦᠮ᠎ᠠ ᠠᠵᠤ ᠠᠬᠤᠢ ᠶᠢᠨ ᠨᠡᠬᠡᠬᠡᠯᠳᠠ ᠶᠢᠨ ᠤᠷᠤᠨ ᠤ ᠤᠳᠤᠷᠢᠳᠤᠯᠭ᠎ᠠ ᠯᠢ ᠷᠦᠢ ᠵᠢᠴᠢ | ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠤᠷᠤᠯᠴᠠᠪᠠ᠃ |