4 ᠰᠠᠷ᠎ᠠ ᠶᠢᠨ 25 ᠤ ᠡᠳᠤᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ | ᠵᠠᠰᠠᠭ ᠤᠨ ᠤᠷᠳᠤᠨ ᠤ ᠬᠤᠰᠢᠭᠤ ᠳᠠᠷᠤᠭ᠎ᠠ ᠶᠠᠩ ᠶᠢᠩ ᠰᠢᠨ ᠭᠥᠸᠧ ᠺᠧ ᠲᠠᠨ ᠮᠧᠢ ᠰᠢᠨ᠎ᠠ ᠮᠠᠲ᠋ᠧᠷᠢᠶᠠᠯ ︵ᠬᠤᠵᠸᠤ︶ ᠤᠨ ᠬᠢᠵᠠᠭᠠᠷᠳᠤ ᠺᠤᠮᠫᠠᠨᠢ ᠶᠢᠨ ᠬᠡᠷᠡᠭ | ᠮᠡᠳᠡᠭᠴᠢᠤᠨ ᠤᠨ ᠳᠠᠷᠤᠭ᠎ᠠ ᠴᠧᠨ ᠴᠧᠩ ᠮᠧᠩ ᠨᠠᠷ ᠲᠠᠢ ᠲᠦᠷᠤᠯ ᠵᠦᠢᠯ ᠤᠨ ᠬᠠᠮᠳᠤᠷᠠᠯᠴᠠᠭᠠᠨ ᠤ ᠶᠠᠪᠤᠳᠠᠯ ᠤᠨ ᠳᠤᠭᠤᠷᠢᠨ ᠳᠤ ᠰᠠᠭᠤᠳᠠᠯ ᠤᠨ ᠬᠤᠷᠠᠯ ᠬᠢᠵᠤ | ᠬᠠᠮᠳᠤᠷᠠᠯᠴᠠᠭᠠᠨ ᠤ ᠪᠤᠷᠤ ᠲᠦᠯᠤᠪ ᠤᠨ ᠬᠡᠯᠡᠯᠴᠡᠬᠡᠷ ᠳᠤᠭᠳᠠᠪᠠ᠃ | ᠸᠠᠩ ᠢᠦᠢ ᠴᠢᠶᠠᠩ ᠠᠴᠠ ᠴᠧᠨ ᠴᠧᠩ ᠮᠧᠩ ᠨᠠᠷ ᠤᠨ ᠬᠦᠷᠤᠯᠴᠡᠨ ᠢᠷᠡᠭᠰᠡᠨ ᠳᠤ ᠪᠠᠶᠠᠷᠯᠠᠨ ᠤᠭᠳᠤᠵᠤ ᠪᠠᠶᠢᠭ᠎ᠠ ᠠᠴᠠ ᠢᠯᠡᠤᠨᠬᠡᠪᠡ᠃ ᠳᠠᠷᠠ᠂ ᠤᠳᠤᠭ | ᠤᠨ ᠡᠮᠤᠨᠡᠳᠤ ᠬᠤᠰᠢᠭᠤᠨ ᠤ ᠡᠬᠢ ᠪᠠᠶᠠᠯᠢᠭ ᠡᠯᠪᠡᠭ᠂ ᠤᠷᠤᠨ ᠪᠠᠶᠢᠷᠢᠰᠢᠯ ᠳᠠᠪᠠᠭᠤᠯᠢᠭ᠂ ᠦᠵᠤᠬᠦᠷᠰᠢᠯ ᠨᠡᠬᠦᠷᠡᠰᠤ ᠬᠢᠮᠢ ᠶᠢᠨ ᠠᠵᠤ ᠤᠶᠢᠯᠡᠰ ᠢ ᠬᠦᠭᠵᠢᠬᠦᠯᠬᠦ | ᠳᠤ ᠦᠪᠡᠷᠮᠢᠴᠠ ᠳᠠᠪᠠᠭᠤᠯᠢᠭ ᠲᠠᠢ᠂ ᠭᠥᠸᠧ ᠺᠧ ᠲᠠᠨ ᠮᠧᠢ ᠺᠤᠮᠫᠠᠨᠢ ᠳᠡᠷᠢᠬᠦᠨ ᠤ ᠨᠡᠬᠦᠷᠡᠰᠤᠨ ᠮᠠᠲ᠋ᠧᠷᠢᠶᠡᠯ ᠢ ᠰᠤᠳᠤᠯᠤᠨ ᠨᠡᠬᠡᠬᠡᠬᠦ ᠪᠠ ᠠᠵᠤ ᠤᠶᠢᠯᠡᠰᠵᠢᠬᠦᠯᠬᠦ | ᠳᠤ ᠬᠦᠴᠤᠯᠡᠵᠤ ᠪᠠᠶᠢᠭ᠎ᠠ ᠪᠤᠯᠬᠤᠷ ᠬᠤᠶᠠᠷ ᠳᠠᠯ᠎ᠠ ᠶᠢᠨ ᠬᠦᠭᠵᠢᠯᠳᠠ ᠶᠢᠨ ᠰᠡᠤᠨᠬᠢᠮᠵᠢ ᠳᠡᠬᠡᠳᠤ ᠬᠡᠮᠵᠢᠶ᠎ᠡ ᠪᠠᠷ ᠳᠤᠬᠢᠷᠠᠵᠤ ᠪᠠᠶᠢᠭ᠎ᠠ ᠮᠦᠷᠳᠡᠬᠡᠨ ᠤᠯᠠᠨ ᠤᠳᠠᠭ᠎ᠠ | ᠬᠠᠷᠢᠯᠴᠠᠨ ᠰᠠᠨᠠᠯ ᠢᠶᠠᠨ ᠰᠤᠯᠢᠯᠴᠠᠪᠠ᠃ ᠬᠤᠶᠠᠷ ᠳᠠᠯ᠎ᠠ ᠪᠠᠷ ᠢᠶᠠᠨ ᠪᠡᠯᠡ ᠤᠷᠤᠭᠤᠯᠤᠯᠳᠠ ᠪᠠ ᠲᠦᠷᠤᠯ ᠵᠦᠢᠯ ᠤᠨ ᠨᠠᠶᠢᠳᠠᠪᠤᠷᠢᠵᠢᠭᠤᠯᠤᠯᠳᠠ ᠶᠢᠨ ᠶᠠᠪᠤᠳᠠᠯ ᠢᠶᠠᠨ | ᠲᠦᠷᠬᠡᠨ ᠳᠤᠭᠳᠠᠭᠠᠵᠤ᠂ ᠲᠦᠷᠤᠯ ᠵᠦᠢᠯ ᠤᠨ ᠨᠠᠶᠢᠳᠠᠪᠤᠷᠢᠵᠢᠭᠤᠯᠤᠯᠳᠠ ᠪᠤᠳᠠᠳᠠᠶᠢᠵᠢᠭᠤᠯᠤᠯᠳᠠ ᠶᠢ ᠬᠠᠮᠳᠤ ᠪᠠᠷ ᠠᠬᠢᠭᠤᠯᠬᠤ ᠶᠢ ᠬᠦᠰᠡᠵᠤ ᠪᠠᠶᠢᠨ᠎ᠠ᠃ ᠤᠳᠤᠭ | ᠤᠨ ᠡᠮᠤᠨᠡᠳᠤ ᠬᠤᠰᠢᠭᠤ ᠬᠦᠴᠤᠨ ᠵᠦᠢᠯ ᠤᠨ ᠪᠠᠳᠤᠯᠠᠭ᠎ᠠ᠂ ᠭᠠᠷ ᠬᠦᠢᠴᠡᠤᠨᠬᠡᠯ ᠵᠡᠷᠬᠡ ᠳᠠᠯ᠎ᠠ ᠳᠤ ᠪᠦᠬᠦ ᠳᠠᠯ᠎ᠠ ᠶᠢᠨ ᠤᠶᠢᠯᠡᠴᠢᠯᠡᠭᠡ ᠬᠠᠩᠭᠠᠨ᠂ ᠲᠦᠷᠤᠯ ᠵᠦᠢᠯ ᠢ | ᠨᠠᠶᠢᠳᠠᠪᠤᠷᠢᠵᠢᠭᠤᠯᠤᠨ ᠪᠦᠳᠤᠮᠵᠢ ᠭᠠᠷᠭᠠᠬᠤ ᠶᠢ ᠪᠦᠬᠦ ᠬᠦᠴᠤᠨ ᠢᠶᠠᠷ ᠪᠠᠳᠤᠯᠠᠨ᠎ᠠ ᠬᠡᠪᠡ᠃ | ᠶᠠᠩ ᠶᠢᠩ ᠰᠢᠨ ᠰᠠᠭᠤᠳᠠᠯ ᠤᠨ ᠬᠤᠷᠠᠯ ᠢ ᠡᠷᠬᠢᠯᠡᠵᠤ᠂ ᠬᠤᠶᠠᠷ ᠳᠠᠯ᠎ᠠ ᠪᠠᠷ ᠢᠶᠠᠨ ᠲᠦᠷᠤᠯ ᠵᠦᠢᠯ ᠤᠨ ᠨᠠᠶᠢᠳᠠᠪᠤᠷᠢᠵᠢᠭᠤᠯᠤᠯᠳᠠ ᠪᠠᠷ ᠤᠳᠤᠷᠢᠳᠤᠮᠵᠢ | ᠪᠤᠯᠭᠠᠨ᠂ ᠬᠠᠷᠢᠯᠴᠠᠭ᠎ᠠ ᠬᠤᠯᠪᠤᠭ᠎ᠠ ᠪᠠᠨ ᠤᠯᠠᠮ ᠨᠢᠬᠡ ᠠᠯᠬᠤᠮ ᠴᠢᠩᠭᠠᠤᠨᠬᠠᠵᠤ᠂ ᠲᠦᠷᠤᠯ ᠵᠦᠢᠯ ᠤᠨ ᠪᠡᠯᠡ ᠤᠷᠤᠭᠤᠯᠤᠯᠳᠠ ᠪᠠ ᠨᠠᠶᠢᠳᠠᠪᠤᠷᠢᠵᠢᠭᠤᠯᠤᠯᠳᠠ ᠶᠢᠨ | ᠲᠦᠰᠤᠯ ᠢᠶᠠᠨ ᠨᠠᠷᠢᠯᠢᠭᠵᠢᠭᠤᠯᠤᠨ᠂ ᠬᠠᠮᠳᠤᠷᠠᠯᠴᠠᠭᠠᠨ ᠤ ᠤᠷᠤᠨ ᠵᠠᠢ ᠪᠠᠨ ᠢᠳᠡᠪᠬᠢᠳᠠᠢ ᠦᠷᠬᠡᠤᠨᠬᠡᠨ ᠠᠵᠤ ᠤᠶᠢᠯᠡᠰ ᠤᠨ ᠬᠡᠯᠬᠢᠶᠡᠵᠢᠯ ᠢᠶᠠᠨ ᠤᠷᠳᠤᠤᠨᠬᠠᠵᠤ᠂ | ᠬᠠᠷᠢᠯᠴᠠᠨ ᠠᠰᠢᠭ ᠤᠯᠵᠤ ᠬᠠᠮᠳᠤ ᠶᠢᠨ ᠢᠯᠠᠯᠳᠠ ᠶᠢ ᠠᠬᠢᠭᠤᠯᠬᠤ ᠶᠢ ᠬᠦᠰᠡᠵᠤ ᠪᠠᠶᠢᠨ᠎ᠠ᠃ ᠤᠳᠤᠭ ᠤᠨ ᠡᠮᠤᠨᠡᠳᠤ ᠬᠤᠰᠢᠭᠤ ᠡᠯ᠎ᠡ ᠲᠦᠷᠤᠯ ᠤᠨ ᠠᠵᠢᠯ ᠤᠨ | ᠪᠠᠳᠤᠯᠠᠭ᠎ᠠ ᠶᠢ ᠪᠦᠬᠦ ᠳᠠᠯ᠎ᠠ ᠪᠠᠷ ᠰᠠᠶᠢᠳᠤᠷ ᠬᠢᠵᠤ᠂ ᠠᠵᠤ ᠠᠬᠤᠶᠢᠯᠠᠯ ᠳᠤ ᠴᠢᠨᠠᠷᠯᠢᠭ ᠤᠶᠢᠯᠡᠴᠢᠯᠡᠭᠡ ᠬᠠᠩᠭᠠᠨ᠂ ᠲᠦᠷᠤᠯ ᠵᠦᠢᠯ ᠢ ᠡᠷᠳᠠ ᠤᠷᠤᠨᠵᠢᠭᠤᠯᠬᠤ ᠶᠢ | ᠠᠬᠢᠭᠤᠯᠤᠨ᠎ᠠ ᠬᠡᠪᠡ᠃ | ᠴᠧᠨ ᠴᠧᠩ ᠮᠧᠩ ᠠᠴᠠ ᠤᠳᠤᠭ ᠤᠨ ᠡᠮᠤᠨᠡᠳᠤ ᠬᠤᠰᠢᠭᠤᠨ ᠤ ᠬᠠᠯᠠᠮᠵᠢᠯᠠᠯ ᠪᠠ ᠳᠡᠮᠵᠢᠯᠬᠡ ᠳᠤ ᠳᠠᠯᠠᠷᠬᠠᠵᠤ ᠪᠠᠶᠢᠭ᠎ᠠ ᠪᠠᠨ ᠢᠯᠡᠤᠨᠬᠡᠬᠦ ᠶᠢᠨ ᠬᠠᠮᠳᠤ | ᠺᠤᠮᠫᠠᠨᠢ ᠶᠢᠨ ᠮᠡᠷᠬᠡᠵᠢᠯ ᠤᠨ ᠰᠤᠳᠤᠯᠤᠨ ᠨᠡᠬᠡᠬᠡᠯᠳᠠ᠂ ᠠᠵᠤ ᠤᠶᠢᠯᠡᠰᠵᠢᠬᠦᠯᠤᠯᠳᠠ ᠶᠢᠨ ᠴᠢᠳᠠᠪᠤᠷᠢ ᠵᠢᠴᠢ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠪᠠᠨ | ᠨᠠᠷᠢᠯᠢᠭ ᠳᠠᠨᠢᠯᠴᠠᠭᠤᠯᠪᠠ᠃ ᠳᠠᠷᠠ᠂ ᠭᠥᠸᠧ ᠺᠧ ᠲᠠᠨ ᠮᠧᠢ ᠺᠤᠮᠫᠠᠨᠢ ᠳᠤᠬᠢᠶᠠᠯ ᠢ ᠡᠵᠡᠮᠳᠡᠨ᠂ ᠲᠦᠷᠤᠯ ᠵᠦᠢᠯ ᠤᠨ ᠨᠠᠶᠢᠳᠠᠪᠤᠷᠢᠵᠢᠭᠤᠯᠤᠯᠳᠠ ᠶᠢ ᠢᠳᠡᠪᠬᠢᠳᠠᠢ | ᠠᠬᠢᠭᠤᠯᠬᠤ ᠶᠢᠨ ᠬᠠᠮᠳᠤ ᠠᠵᠤ ᠠᠬᠤᠶᠢᠯᠠᠯ ᠤᠨ ᠮᠡᠷᠬᠡᠵᠢᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠤᠯᠠᠮᠵᠢᠯᠠᠯᠳᠤ ᠡᠨᠧᠷᠬᠢ ᠶᠢᠨ ᠬᠡᠯᠪᠡᠷᠢ ᠬᠤᠪᠢᠷᠠᠭᠠᠯᠳᠠ ᠳᠡᠰ | ᠳᠡᠪᠰᠢᠯᠳᠠ ᠳᠤ ᠬᠦᠴᠤᠨ ᠨᠡᠮᠡᠷᠢᠯᠡᠨ᠂ ᠨᠡᠬᠦᠷᠡᠰᠤ ᠬᠢᠮᠢ ᠶᠢᠨ ᠠᠵᠤ ᠤᠶᠢᠯᠡᠰ ᠤᠨ ᠴᠢᠨᠠᠷᠯᠢᠭ ᠬᠦᠭᠵᠢᠯᠳᠠ ᠶᠢ ᠠᠬᠢᠭᠤᠯᠤᠨ᠎ᠠ ᠬᠡᠵᠤ ᠢᠯᠡᠷᠬᠡᠶᠢᠯᠡᠪᠡ᠃ | ᠰᠠᠭᠤᠳᠠᠯ ᠤᠨ ᠬᠤᠷᠠᠯ ᠳᠡᠬᠡᠷ᠎ᠡ᠂ ᠬᠤᠶᠠᠷ ᠳᠠᠯ᠎ᠠ ᠪᠠᠷ ᠲᠦᠷᠤᠯ ᠵᠦᠢᠯ ᠤᠨ ᠪᠡᠯᠡ ᠤᠷᠤᠭᠤᠯᠤᠯᠳᠠ ᠪᠠ ᠨᠠᠶᠢᠳᠠᠪᠤᠷᠢᠵᠢᠭᠤᠯᠤᠯᠳᠠ ᠶᠢᠨ ᠳᠤᠭᠤᠷᠢᠨ ᠳᠤ | ᠨᠠᠷᠢᠯᠢᠭ ᠶᠠᠷᠢᠯᠴᠠᠭᠰᠡᠨ ᠮᠦᠷᠳᠡᠬᠡᠨ ᠬᠠᠮᠳᠤᠷᠠᠯᠴᠠᠭᠠᠨ ᠤ ᠪᠤᠷᠤ ᠲᠦᠯᠤᠪ ᠤᠨ ᠬᠡᠯᠡᠯᠴᠡᠬᠡᠷ ᠳᠤᠭᠳᠠᠪᠠ᠃ | ᠬᠤᠰᠢᠭᠤ ᠤᠳᠤᠷᠢᠳᠤᠯᠭ᠎ᠠ ᠭᠤᠣ ᠢᠦᠢ᠂ ᠳ᠋ᠤᠸᠠᠨ ᡁᠢ ᠴᠢᠶᠠᠩ᠂ ᠱᠠᠩᠬᠠᠢ ᠶᠢᠨ ᠰᠦᠮ᠎ᠠ ᠠᠵᠤ ᠠᠬᠤᠢ ᠶᠢᠨ ᠨᠡᠬᠡᠬᠡᠯᠳᠠ ᠶᠢᠨ ᠤᠷᠤᠨ ᠤ ᠤᠳᠤᠷᠢᠳᠤᠯᠭ᠎ᠠ | ᠯᠢ ᠷᠦᠢ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ᠂ ᠭᠥᠸᠧ ᠺᠧ ᠲᠠᠨ ᠮᠧᠢ ᠰᠢᠨ᠎ᠠ ᠮᠠᠲ᠋ᠧᠷᠢᠶᠡᠯ ︵ᠬᠤᠵᠸᠤ︶ ᠤᠨ ᠬᠢᠵᠠᠭᠠᠷᠳᠤ ᠺᠤᠮᠫᠠᠨᠢ | ᠶᠢᠨ ᠬᠠᠮᠢᠶ᠎ᠠ ᠪᠦᠬᠦᠢ ᠤᠳᠤᠷᠢᠳᠤᠯᠭ᠎ᠠ ᠤᠷᠤᠯᠴᠠᠪᠠ᠃ |