ᠤᠳᠤᠭ ᠤᠨ ᠡᠮᠤᠨᠡᠳᠤ ᠬᠤᠰᠢᠭᠤ ᠬᠠᠤᠯᠢ ᠶᠢ ᠵᠦᠷᠢᠴᠡᠨ ᠠᠳᠠᠷ ᠬᠠᠭᠠᠯᠪᠤᠷᠢᠯᠠᠭᠰᠡᠨ ᠠᠵᠢᠯᠯᠠᠭ᠎ᠠ ᠳᠤ ᠲᠦᠪᠯᠡᠷᠡᠬᠦᠯᠤᠨ ᠴᠢᠩᠭ᠎ᠠ ᠴᠤᠬᠢᠯᠳᠠ ᠦᠭᠬᠦ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2025/4/27
      4 ᠰᠠᠷ᠎ᠠ ᠶᠢᠨ 24 ᠤ ᠡᠳᠤᠷ᠂ ᠤᠳᠤᠭ ᠤᠨ ᠡᠮᠤᠨᠡᠳᠤ ᠬᠤᠰᠢᠭᠤᠨ ᠤ ᠳᠤᠳᠤᠭᠠᠳᠤ ᠶᠢ ᠬᠠᠮᠠᠭᠠᠯᠠᠬᠤ ᠳᠤᠪᠴᠢᠶ᠎ᠠ᠂ ᠬᠤᠰᠢᠭᠤᠨ ᠤ ᠤᠢ ᠰᠢᠭᠤᠢ ᠨᠤᠳᠤᠭ ᠪᠡᠯᠴᠢᠬᠡᠷ ᠤᠨ ᠳᠤᠪᠴᠢᠶ᠎ᠠ ᠬᠤᠯᠪᠤᠭᠠᠯᠠᠨ ᠬᠠᠤᠯᠢ ᠪᠤᠰᠤ ᠪᠠᠷ ᠠᠳᠠᠷ ᠬᠠᠭᠠᠯᠪᠤᠷᠢᠯᠠᠭᠰᠡᠨ ᠠᠵᠢᠯᠯᠠᠭ᠎ᠠ ᠳᠤ ᠲᠦᠪᠯᠡᠷᠡᠬᠦᠯᠤᠨ ᠴᠢᠩᠭ᠎ᠠ ᠴᠤᠬᠢᠯᠳᠠ ᠦᠭᠬᠦ ᠠᠵᠢᠯᠯᠠᠭ᠎ᠠ  ᠶᠢ ᠡᠬᠢᠯᠡᠬᠦᠯᠪᠡ᠃      ᠠᠵᠢᠯᠯᠠᠭ᠎ᠠ ᠳᠤ᠂ ᠤᠳᠤᠭ ᠤᠨ ᠡᠮᠤᠨᠡᠳᠤ ᠬᠤᠰᠢᠭᠤᠨ ᠤ ᠳᠤᠳᠤᠭᠠᠳᠤ ᠶᠢ ᠬᠠᠮᠠᠭᠠᠯᠠᠬᠤ ᠳᠤᠪᠴᠢᠶ᠎ᠠ ᠪᠤᠯᠤᠨ ᠤᠢ ᠰᠢᠭᠤᠢ ᠨᠤᠳᠤᠭ ᠪᠡᠯᠴᠢᠬᠡᠷ ᠤᠨ ᠰᠠᠯᠠᠭ᠎ᠠ ᠮᠦᠴᠢᠷ ᠬᠡᠪ ᠤᠨ ᠵᠤᠷᠰᠢᠯ ᠢᠶᠠᠨ ᠡᠪᠳᠠᠨ᠂ ᠠᠷᠭ᠎ᠠ ᠬᠡᠮᠵᠢᠶ᠎ᠡ ᠪᠠᠨ ᠰᠢᠨᠡᠴᠢᠯᠡᠵᠤ᠂ ︽ᠡᠭᠴᠡ ᠨᠢᠰᠬᠡᠯ ᠢᠶᠠᠷ ᠴᠠᠭᠳᠠᠨ ᠪᠠᠶᠢᠴᠠᠭᠠᠬᠤ  + ᠴᠠᠭᠳᠠᠭᠠᠨ ᠤ ᠳᠡᠷᠬᠡ ᠪᠠᠷ ᠴᠠᠭᠳᠠᠨ ᠪᠠᠶᠢᠴᠠᠭᠠᠬᠤ  + ᠬᠠᠤᠯᠢ ᠬᠡᠷᠡᠭᠵᠢᠬᠦᠯᠬᠦ ᠳᠡᠷᠬᠡ ᠪᠠᠷ ᠬᠡᠷᠡᠭ ᠰᠢᠢᠤᠨᠪᠤᠷᠢᠯᠡᠬᠦ︾ ᠶᠢ ᠨᠢᠬᠡ ᠴᠤᠭᠴᠠᠵᠢᠭᠤᠯᠤᠨ ᠬᠠᠮᠳᠤᠷᠠᠨ ᠠᠵᠢᠯᠯᠠᠬᠤ ᠰᠢᠰᠲ᠋ᠧᠮ ᠢ ᠪᠠᠶᠢᠭᠤᠯᠵᠤ᠂ 2 ᠡᠭᠴᠠ ᠨᠢᠰᠬᠡᠯ ᠢᠶᠠᠷ ᠪᠦᠬᠦ ᠬᠤᠰᠢᠭᠤᠨ ᠤ ᠡᠯ᠎ᠡ ᠭᠠᠴᠠᠭ᠎ᠠ ᠳᠤᠰᠬᠤᠨ ᠤ ᠨᠤᠳᠤᠭ ᠪᠡᠯᠴᠢᠬᠡᠷ ᠤᠨ ᠦᠨᠴᠦᠭ ᠪᠤᠯᠦᠩ ᠪᠦᠷᠢ ᠶᠢ ᠦᠯᠡᠳᠡᠬᠡᠯ ᠦᠬᠡᠢ ᠪᠠᠶᠢᠴᠠᠭᠠᠬᠤ᠂ 23 ᠴᠠᠭᠳᠠᠭᠠᠨ ᠤ ᠳᠡᠷᠬᠡ ᠬᠦᠳᠡᠭᠡ ᠳᠤᠰᠬᠤᠨ ᠤ ᠵᠠᠮ ᠢᠶᠠᠷ ᠳᠤᠭᠤᠷᠢᠨ ᠪᠠᠶᠢᠴᠠᠭᠠᠬᠤ᠂ 18 ᠬᠠᠤᠯᠢ ᠬᠡᠷᠡᠭᠵᠢᠬᠦᠯᠬᠦ ᠳᠡᠷᠬᠡ ᠬᠠᠤᠯᠢ ᠶᠢ ᠵᠦᠷᠢᠴᠡᠭᠰᠡᠨ ᠰᠦᠪᠡᠭᠴᠢ ᠶᠢ ᠢᠯᠡᠷᠡᠬᠦᠯᠤᠨ ᠳᠠᠷᠤᠢ ᠲᠦᠷᠬᠡᠨ ᠰᠢᠢᠤᠨᠪᠤᠷᠢᠯᠡᠬᠦ ᠭᠤᠷᠪᠠᠨ ᠳᠠᠯ᠎ᠠ ᠶᠢᠨ ᠬᠦᠴᠤᠨ ᠢ ᠨᠢᠭᠳᠠᠷᠠᠭᠤᠯᠵᠠᠢ᠃      ᠳᠤᠰ ᠤᠳᠠᠭᠠᠨ ᠤ ᠠᠵᠢᠯᠯᠠᠭ᠎ᠠ ᠨᠢ᠂ ᠨᠢᠬᠡ ᠰᠠᠷ᠎ᠠ ᠶᠢᠨ ᠬᠤᠭᠤᠴᠠᠭ᠎ᠠ ᠲᠠᠢ ᠶᠠᠪᠤᠭᠳᠠᠵᠤ᠂ ᠬᠠᠤᠯᠢ ᠶᠢ ᠵᠦᠷᠢᠴᠡᠨ ᠠᠳᠠᠷ ᠬᠠᠭᠠᠯᠪᠤᠷᠢᠯᠠᠬᠤ᠂ ᠳᠠᠬᠢᠨ ᠬᠠᠭᠠᠯᠪᠤᠷᠢᠯᠠᠬᠤ ᠪᠤᠶᠤ ᠪᠡᠯᠴᠢᠬᠡᠷᠯᠡᠬᠦᠯᠬᠦ ᠶᠢ ᠴᠠᠭᠠᠵᠠᠯᠠᠬᠤ ᠳᠤ ᠴᠢᠩᠭ᠎ᠠ ᠰᠡᠷᠡᠮᠵᠢ ᠶᠢᠨ ᠳᠤᠬᠢᠶ᠎ᠠ ᠪᠤᠯᠭᠠᠵᠤ᠂ ᠬᠠᠤᠯᠢ ᠪᠤᠰᠤ ᠡᠳᠡᠬᠡᠤᠨ ᠲᠤ ᠬᠦᠴᠤᠳᠠᠢ ᠰᠦᠷᠳᠡᠬᠦᠯᠤᠯ ᠦᠭᠴᠤ᠂ ᠠᠮᠢ ᠠᠬᠤᠢ ᠤᠷᠴᠢᠨ ᠳᠤᠭᠤᠷᠢᠨ ᠢ ᠡᠪᠳᠡᠭᠰᠡᠨ ᠠᠯᠢᠪᠠ ᠬᠠᠤᠯᠢ ᠠᠴᠠ ᠵᠦᠷᠢᠴᠡᠭᠰᠡᠨ ᠤᠶᠢᠯᠡ ᠠᠵᠢᠯᠯᠠᠭ᠎ᠠ ᠶᠢᠨ ᠳᠠᠯᠳᠠ ᠬᠡᠮ ᠢ ᠠᠷᠢᠯᠭᠠᠨ᠂ ᠪᠦᠬᠦ ᠬᠤᠰᠢᠭᠤᠨ ᠤ ᠠᠮᠢ ᠠᠬᠤᠢ ᠤᠷᠴᠢᠨ ᠳᠤᠭᠤᠷᠢᠨ ᠳᠤ ᠪᠠᠳᠤ ᠪᠠᠬᠢ ᠰᠡᠷᠬᠡᠶᠢᠯᠡᠯᠳᠠ ᠶᠢᠨ ᠱᠤᠭᠤᠮ ᠢ ᠪᠠᠶᠢᠭᠤᠯᠤᠭᠰᠡᠨ ᠪᠠᠶᠢᠨ᠎ᠠ᠃
 
ᠢᠷᠡᠯᠲᠡ᠄ ᠤᠳᠤᠭ ᠤᠨ ᠡᠮᠤᠨᠡᠳᠤ ᠬᠤᠰᠢᠭᠤᠨ ᠤ ᠬᠠᠮ ᠵᠠᠭᠤᠴᠢᠯᠠᠭᠤᠷ ᠤᠨ ᠲᠦᠪ