4 ᠰᠠᠷ᠎ᠠ ᠶᠢᠨ 27 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠲᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠲᠠᠷᠤᠭ᠎ᠠ ᠶᠠᠩ ᠶᠢᠩ ᠰᠢᠨ | ᠬᠤᠰᠢᠭᠤ ᠠᠷᠠᠳ ᠤᠨ ᠵᠠᠰᠠᠭ ᠤᠨ ᠣᠷᠳᠣᠨ ᠤ 2025 ᠣᠨ ᠤ 5 ᠳ᠋ᠣᠭᠠᠷ ᠣᠳᠠᠭᠠᠨ ᠤ ᠪᠠᠶᠢᠩᠭᠤ ᠶᠢᠨ ᠬᠤᠷᠠᠯ ᠵᠢᠴᠢ ᠠᠶᠣᠯᠭᠦᠢ ᠦᠢᠯᠠᠳᠪᠦᠷᠢᠯᠠᠯ ᠤᠨ ᠵᠦᠪᠯᠡᠯ | ᠤᠨ ᠬᠤᠷᠠᠯ ᠢ ᠡᠷᠬᠢᠯᠡᠨ ᠬᠤᠷᠠᠯᠳᠣᠭᠤᠯᠪᠠ᠃ ᠬᠤᠰᠢᠭᠤ ᠠᠷᠠᠳ ᠤᠨ ᠵᠠᠰᠠᠭ ᠤᠨ ᠣᠷᠳᠣᠨ ᠤ ᠣᠳᠣᠷᠢᠳᠬᠤ ᠪᠠᠭ ᠤᠨ ᠪᠦᠷᠢᠯᠳᠦᠭᠦᠨ᠂ ᠠᠯᠪᠠᠨ ᠭᠡᠷ ᠡᠷᠬᠢᠯᠡᠭᠴᠢ | ᠬᠤᠷᠠᠯ ᠳᠤ ᠣᠷᠣᠯᠴᠠᠪᠠ᠃ | ᠬᠤᠷᠠᠯ ᠲᠡᠭᠡᠷ᠎ᠡ ᠶᠡᠷᠦᠩᠬᠡᠢ ᠱᠦᠵᠢ ᠰᠢ ᠶᠢᠨ ᠫᠢᠩ ᠤᠨ ︽ᠰᠢᠨᠵᠢᠯᠡᠭᠡ ᠮᠡᠷᠭᠡᠵᠢᠯ ᠤᠨ ᠬᠦᠴᠦᠷᠬᠡᠭ ᠣᠯᠣᠰ ᠢ ᠪᠠᠶᠢᠭᠤᠯᠬᠤ ᠠᠤᠭ᠎ᠠ ᠬᠠᠷᠠᠯᠳᠠ ᠲᠡᠶᠢᠰᠢ | ᠣᠷᠣᠭᠰᠢᠯᠠᠶ᠎ᠠ︾᠂ ︽ᠰᠣᠶᠣᠯ ᠤᠨ ᠬᠦᠴᠦᠷᠬᠡᠭ ᠣᠯᠣᠰ ᠤᠨ ᠪᠠᠶᠢᠭᠤᠯᠣᠯᠳᠠ ᠶᠢ ᠲᠦᠷᠭᠡᠳᠬᠡᠶ᠎ᠡ︾ ᠵᠡᠷᠭᠡ ᠴᠢᠬᠤᠯᠠ ᠡᠭᠦᠯᠡᠮᠵᠢ ᠶᠢᠨ ᠵᠣᠷᠢᠭ ᠰᠠᠨᠠᠭ᠎ᠠ ᠪᠣᠯᠣᠨ | ᠬᠤᠶᠠᠷ ᠢ ᠬᠦᠷᠢᠶᠡᠯᠡᠭᠦ ᠠᠵᠢᠯ ᠤᠨ ᠴᠢᠬᠤᠯᠠ ᠵᠢᠭᠠᠪᠦᠷᠢ ᠶᠢᠨ ᠵᠣᠷᠢᠭ ᠰᠠᠨᠠᠭ᠎ᠠ᠂ ᠨᠠᠮ ᠤᠨ ᠲᠦᠪ ᠬᠤᠷᠢᠶᠠᠨ ᠤ ᠣᠯᠣᠰ ᠲᠦᠷᠦ ᠶᠢᠨ ᠲᠣᠪᠴᠢᠶᠠᠨ ᠤ ᠬᠤᠷᠠᠯ ᠤᠨ | ᠵᠣᠷᠢᠭ ᠰᠠᠨᠠᠭ᠎ᠠ ᠶᠢ ᠣᠯᠠᠮᠵᠢᠯᠠᠨ ᠰᠣᠷᠣᠯᠴᠠᠪᠠ᠃ ᠬᠤᠷᠠᠯ ᠠᠴᠠ᠂ ︽ᠰᠢᠨᠵᠢᠯᠡᠭᠦ ᠣᠬᠠᠭᠠᠨ ᠲᠧᠭᠨᠢᠭ ᠮᠡᠷᠭᠡᠵᠢᠯ ᠢᠶᠠᠷ ᠦᠪᠦᠷ ᠮᠣᠩᠭᠤᠯ ᠢᠶᠠᠨ ᠬᠦᠭᠵᠢᠭᠦᠯᠬᠦ︾ | ᠠᠵᠢᠯᠯᠠᠭ᠎ᠠ᠂ ᠰᠢᠨᠵᠢᠯᠡᠭᠦ ᠣᠬᠠᠭᠠᠨ ᠲᠧᠭᠨᠢᠭ ᠮᠡᠷᠭᠡᠵᠢᠯ ᠢᠶᠠᠷ ︽ᠪᠦᠰᠡᠯᠡᠯᠳᠡ ᠰᠢᠪᠳᠣᠯᠬᠤ︾ ᠢᠨᠵᠧᠨᠧᠷᠢᠩ ᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠂ ︽ᠣᠮᠠᠷᠠᠳᠦ | ᠬᠢᠯᠢ ᠶᠢᠨ ᠰᠣᠶᠣᠯ ᠤᠨ ᠪᠠᠶᠢᠭᠤᠯᠣᠯᠳᠠ ᠶᠢᠨ ᠲᠡᠭᠡᠭᠰᠢᠯᠡᠭᠦᠯᠦᠯᠳᠡ ᠶᠢᠨ ᠠᠵᠢᠯᠯᠠᠭᠠᠨ︾ ᠤ ᠡᠯ᠎ᠡ ᠲᠦᠷᠦᠯ ᠤᠨ ᠡᠭᠦᠷᠭᠡ ᠶᠢᠨ ᠨᠠᠶᠢᠳᠠᠪᠦᠷᠢᠵᠢᠭᠤᠯᠣᠯᠳᠠ ᠶᠢ | ᠲᠦᠷᠭᠡᠳᠬᠡᠬᠦ ᠬᠡᠷᠡᠭᠳᠡᠢ᠃ ᠠᠮᠢ ᠠᠬᠤᠢ ᠣᠷᠴᠢᠨ ᠬᠠᠮᠠᠭᠠᠯᠠᠯᠳᠠ ᠶᠢᠨ ᠣᠯᠣᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠨ᠂ ᠣᠢ ᠰᠢᠭᠤᠢ ᠨᠣᠳᠤᠭ | ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ᠂ ᠡᠯᠡᠰᠦ ᠰᠡᠷᠭᠡᠶᠢᠯᠡᠨ ᠵᠠᠰᠠᠬᠤ ᠵᠡᠷᠭᠡ ᠭᠤᠣᠯᠳᠠᠯᠭᠠᠳᠦ ᠠᠵᠢᠯ ᠢ ᠯᠠᠪᠳᠠᠭᠤᠨ ᠪᠠᠳᠣᠳᠠᠢ ᠠᠬᠢᠭᠤᠯᠵᠣ᠂ ᠲᠦᠪ | ᠪᠣᠯᠣᠨ ᠡᠯ᠎ᠡ ᠱᠠᠳᠣᠨ ᠤ ᠣᠷᠴᠢᠨ ᠬᠠᠮᠠᠭᠠᠯᠠᠯᠳᠠ ᠶᠢᠨ ᠱᠠᠭᠠᠷᠳᠠᠨ ᠪᠠᠶᠢᠴᠠᠭᠠᠯᠳᠠ ᠶᠢᠨ ᠬᠠᠷᠢᠭᠤ ᠲᠣᠰᠬᠠᠭᠰᠠᠨ ᠠᠰᠠᠭᠤᠳᠠᠯ ᠤᠨ ᠴᠡᠭᠴᠡᠯᠡᠯᠳᠡ ᠪᠣᠯᠣᠨ ︽ᠲᠠᠪᠳᠠᠨ | ᠬᠢᠨᠠᠯᠳᠠ︾ ᠶᠢ ᠪᠦᠬᠦ ᠬᠦᠴᠦᠨ ᠢᠶᠠᠷ ᠰᠠᠶᠢᠳᠦᠷ ᠠᠳᠬᠤᠬᠤ ᠬᠡᠷᠡᠭᠳᠡᠢ᠃ ᠣᠯᠣᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠣᠯᠣᠨ ᠪᠡᠯᠡᠳᠬᠡᠯ ᠬᠦᠴᠦᠨ ᠤ | ᠪᠠᠶᠢᠭᠤᠯᠣᠯᠳᠠ ᠶᠢ ᠪᠦᠬᠦ ᠲᠠᠯ᠎ᠠ ᠪᠠᠷ ᠴᠢᠩᠭᠠᠳᠬᠠᠨ᠂ ᠴᠡᠷᠢᠭ ᠠᠷᠠᠳ ᠢᠶᠠᠨ ᠬᠠᠶᠢᠷᠠᠯᠠᠬᠤ᠂ ᠠᠷᠠᠳ ᠴᠡᠷᠢᠭ ᠢᠶᠠᠨ ᠬᠦᠷᠢᠶᠡᠯᠡᠭᠦ ᠣᠬᠢ ᠰᠠᠶᠢᠨ ᠣᠷᠴᠢᠨ ᠢ | ᠦᠷᠭᠦᠯᠵᠢᠯᠡᠨ ᠪᠦᠷᠢᠯᠳᠦᠭᠦᠯᠵᠣ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠣᠬᠢ ᠰᠠᠶᠢᠨ ᠣᠷᠴᠢᠨ ᠢ ᠪᠠᠬᠢᠵᠢᠭᠦᠯᠦᠨ ᠬᠦᠭᠵᠢᠭᠦᠯᠬᠦ ᠬᠡᠷᠡᠭᠳᠡᠢ ᠭᠡᠵᠣ | ᠴᠢᠬᠤᠯᠠᠴᠢᠯᠠᠪᠠ᠃ | ᠬᠤᠷᠠᠯ ᠲᠡᠭᠡᠷ᠎ᠡ ᠬᠡᠯᠪᠡᠷᠢ ᠶᠢᠨ ᠦᠵᠡᠯ ᠤᠨ ᠴᠡᠭᠴᠡᠯᠡᠨ ᠵᠠᠰᠠᠯᠳᠠ ᠪᠠᠷ ᠦᠨᠳᠦᠰᠦᠨ ᠱᠠᠳᠣᠨ ᠤ ᠲᠠᠷᠣᠭᠠᠰᠦ ᠶᠢ ᠬᠦᠩᠭᠡᠷᠡᠭᠦᠯᠬᠦ ᠠᠵᠢᠯ ᠤᠨ ᠪᠢᠴᠢᠭ | ᠮᠡᠲ᠋ᠧᠷᠢᠶᠠᠯ ᠪᠣᠯᠣᠨ ᠴᠣᠬᠤᠯᠠᠪᠦᠷᠢ ᠶᠢᠨ ᠵᠣᠷᠢᠭ ᠰᠠᠨᠠᠭ᠎ᠠ ᠶᠢ ᠣᠯᠠᠮᠵᠢᠯᠠᠨ ᠰᠣᠷᠣᠯᠴᠠᠪᠠ᠃ ᠬᠤᠷᠠᠯ ᠠᠴᠠ᠂ ︽ᠱᠠᠳᠦ ᠱᠠᠳᠦ ᠪᠠᠷ ᠱᠠᠭᠠᠷᠳᠠᠯᠭ᠎ᠠ ᠨᠡᠮᠡᠭᠦ︾ ᠬᠡᠯᠪᠡᠷᠢ | ᠪᠠᠷ ᠨᠠᠶᠢᠳᠠᠪᠦᠷᠢᠵᠢᠭᠤᠯᠣᠯᠳᠠ ᠶᠢ ᠠᠳᠬᠤᠬᠤ ᠶᠢ ᠡᠷᠡᠰ ᠬᠤᠷᠢᠭᠯᠠᠨ᠂ ᠦᠨᠳᠦᠰᠣᠨ ᠱᠠᠳᠣᠨ ᠤ ᠺᠠᠳ᠋ᠷᠴᠣᠳ ᠢ ᠬᠡᠯᠪᠡᠷᠢ ᠶᠢᠨ ᠦᠵᠡᠯ ᠤᠨ ᠬᠦᠯᠢᠶᠡᠰᠦᠯᠠᠯ ᠠᠴᠠ | ᠦᠨᠡᠨᠬᠦ ᠰᠠᠯᠭᠠᠵᠣ᠂ ᠨᠡᠩ ᠣᠯᠠᠨ ᠣᠶᠣᠨ ᠴᠢᠳᠠᠯ ᠢᠶᠠᠨ ᠣᠯᠠᠨ ᠲᠦᠮᠡᠨ ᠳᠤ ᠪᠣᠳᠠᠳᠠᠢ ᠠᠵᠢᠯ ᠬᠢᠬᠦ᠂ ᠪᠦᠬᠦ ᠬᠤᠰᠢᠭᠤᠨ ᠤ ᠬᠦᠭᠵᠢᠯᠳᠡ ᠶᠢ ᠠᠬᠢᠭᠤᠯᠬᠤ ᠠᠵᠢᠯ | ᠳᠤ ᠵᠣᠷᠢᠭᠤᠯᠵᠣ᠂ ᠪᠣᠳᠠᠳᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠭᠦ ᠣᠬᠢ ᠰᠠᠶᠢᠨ ᠣᠷᠴᠢᠨ ᠢ ᠪᠦᠷᠢᠯᠳᠦᠭᠦᠯᠭᠦ ᠭᠡᠷᠡᠭᠳᠡᠢ᠃ | ᠬᠤᠷᠠᠯ ᠲᠡᠭᠡᠷ᠎ᠡ ︽ᠲᠤᠭ᠎ᠠ ᠪᠦᠷᠢᠳᠬᠡᠯ ᠤᠨ ᠬᠤᠳᠠᠯ ᠬᠠᠭᠤᠷᠮᠠᠭ ᠢ ᠰᠠᠷᠭᠡᠶᠢᠯᠡᠨ ᠵᠠᠰᠠᠬᠤ ᠴᠢᠩᠭ᠎ᠠ ᠲᠦᠷᠢᠮ ᠢ ᠲᠣᠭᠳᠠᠭᠠᠨ ᠬᠡᠷᠡᠭᠵᠢᠭᠦᠯᠬᠦ ᠲᠦᠰᠦᠯ︾᠂ | ︽2024 ᠣᠨ ᠤ ᠡᠷᠭᠡ ᠲᠡᠭᠰᠢ ᠪᠠᠷ ᠦᠷᠢᠰᠦᠯᠳᠦᠭᠡᠨ ᠢ ᠬᠢᠨᠠᠨ ᠪᠠᠶᠢᠴᠠᠭᠠᠵᠣ ᠰᠣᠭᠤᠯᠣᠨ ᠪᠠᠶᠢᠴᠠᠭᠠᠭᠰᠠᠨ ᠨᠡᠶᠢᠳᠡᠯᠢᠭ ᠵᠢᠱᠢᠶ᠎ᠡ︾᠂ ︽ᠲᠣᠮᠳᠠ ᠪᠠᠭ᠎ᠠ ᠠᠵᠣ | ᠠᠬᠤᠶᠢᠯᠠᠯ ᠤᠨ ᠲᠣᠭᠠᠴᠠᠭᠠᠨ ᠤ ᠪᠠᠳᠣᠯᠠᠭ᠎ᠠ ᠶᠢᠨ ᠲᠦᠷᠢᠮ︾ ᠢ ᠣᠯᠠᠮᠵᠢᠯᠠᠨ ᠰᠣᠷᠣᠯᠴᠠᠪᠠ᠃ ᠬᠤᠷᠠᠯ ᠠᠴᠠ ᠵᠦᠪ ᠣᠨᠣᠪᠴᠢᠳᠠᠢ ᠠᠵᠢᠯ ᠤᠨ ᠪᠦᠳᠦᠮᠵᠢ ᠶᠢᠨ | ᠦᠵᠡᠯᠳᠡ᠂ ᠬᠦᠭᠵᠢᠯᠳᠡ ᠶᠢᠨ ᠦᠵᠡᠯᠳᠡ᠂ ᠲᠤᠭ᠎ᠠ ᠪᠠᠷᠢᠮᠳᠠ ᠶᠢᠨ ᠦᠵᠡᠯᠳᠡ ᠶᠢ ᠪᠣᠢ ᠪᠣᠯᠭᠠᠨ᠂ ᠲᠤᠭ᠎ᠠ ᠪᠦᠷᠢᠳᠬᠡᠯ ᠤᠨ ᠬᠠᠭᠤᠷᠮᠠᠭ ᠢ ᠡᠷᠡᠰ ᠰᠡᠷᠭᠡᠶᠢᠯᠡᠨ | ᠲᠤᠭ᠎ᠠ ᠪᠦᠷᠢᠳᠬᠡᠯ ᠤᠨ ᠠᠵᠢᠯ ᠤᠨ ᠬᠤᠷᠢᠭ᠎ᠠ ᠱᠤᠭᠤᠮ ᠢ ᠦᠨᠡᠨᠬᠦ ᠪᠠᠳᠦ ᠰᠠᠬᠢᠬᠤ ᠬᠡᠷᠡᠭᠳᠡᠢ᠃ ᠬᠡᠷᠡᠭ ᠢᠶᠠᠷ ᠲᠣᠯᠢ ᠪᠣᠯᠭᠠᠨ᠂ ᠡᠷᠭᠡ ᠲᠡᠭᠰᠢ ᠦᠷᠢᠰᠦᠯᠳᠦᠭᠡᠨ ᠤ | ᠬᠢᠨᠠᠨ ᠪᠠᠶᠢᠴᠠᠭᠠᠯᠳᠠ ᠶᠢᠨ ᠬᠠᠳᠠᠭᠤ ᠴᠢᠨᠠᠷᠳᠦ ᠬᠢᠵᠠᠭᠠᠷᠯᠠᠯ ᠢ ᠴᠢᠩᠭ᠎ᠠ ᠬᠡᠷᠡᠭᠵᠢᠭᠦᠯᠣᠨ᠂ ᠡᠷᠭᠡ ᠲᠡᠭᠰᠢ ᠦᠷᠢᠰᠦᠯᠳᠦᠭᠡᠨ ᠤ ᠬᠢᠨᠠᠨ ᠪᠠᠶᠢᠴᠠᠭᠠᠯᠳᠠ ᠶᠢᠨ ᠶᠠᠪᠣᠴᠠ | ᠶᠢ ᠵᠠᠰᠠᠭ ᠤᠨ ᠣᠷᠳᠣᠨ ᠤ ᠲᠦᠷᠦ ᠶᠢᠨ ᠪᠣᠳᠣᠯᠭ᠎ᠠ ᠲᠣᠭᠳᠠᠭᠠᠬᠤ ᠪᠦᠬᠦ ᠶᠠᠪᠣᠴᠠ ᠳᠤ ᠲᠣᠣᠱᠯᠠᠭᠤᠯᠬᠤ ᠬᠡᠷᠡᠭᠳᠡᠢ᠃ ᠠᠵᠣ ᠠᠬᠤᠶᠢᠯᠠᠯ ᠤᠨ ᠲᠠᠩᠰᠠ | ᠢᠯᠭᠠᠷᠠᠭᠤᠯᠬᠤ ᠠᠵᠢᠯ ᠢ ᠦᠷᠭᠦᠯᠵᠢᠯᠡᠨ ᠠᠬᠢᠭᠤᠯᠵᠣ᠂ ᠣᠬᠠᠭᠤᠯᠣᠨ ᠲᠠᠶᠢᠯᠪᠦᠷᠢᠯᠠᠬᠤ ᠠᠵᠢᠯ ᠢ ᠰᠠᠶᠢᠳᠦᠷ ᠬᠢᠨ᠂ ᠲᠣᠮᠳᠠ ᠪᠠᠭ᠎ᠠ ᠠᠵᠣ ᠠᠬᠤᠶᠢᠯᠠᠯ ᠤᠨ ᠬᠠᠣᠯᠢ | ᠶᠣᠰᠣᠨ ᠤ ᠡᠷᠭᠡ ᠠᠰᠢᠭ ᠢ ᠰᠠᠶᠢᠳᠦᠷ ᠪᠠᠳᠣᠯᠠᠵᠣ᠂ ᠬᠤᠳᠠᠯᠳᠤᠭ᠎ᠠ ᠡᠵᠡᠩᠨᠡᠯᠳᠡ ᠶᠢᠨ ᠣᠷᠴᠢᠨ ᠢ ᠰᠢᠯᠢᠳᠡᠭᠵᠢᠭᠦᠯᠬᠦ ᠬᠡᠷᠡᠭᠳᠡᠢ ᠭᠡᠵᠣ ᠴᠢᠬᠤᠯᠠᠴᠢᠯᠠᠪᠠ᠃ | ᠬᠤᠷᠠᠯ ᠲᠡᠭᠡᠷ᠎ᠡ ᠡᠯ᠎ᠡ ᠱᠠᠳᠣᠨ ᠤ ᠠᠶᠣᠯᠭᠦᠢ ᠦᠢᠯᠠᠳᠪᠦᠷᠢᠯᠠᠯ ᠤᠨ ᠭᠤᠣᠯᠳᠠᠯᠭᠠᠳᠦ ᠬᠤᠷᠠᠯ᠂ ᠬᠡᠷᠡᠭ ᠶᠠᠪᠣᠳᠠᠯ ᠤᠨ ᠨᠡᠶᠢᠳᠡᠯᠡᠯ ᠤᠨ ᠵᠣᠷᠢᠭ ᠰᠠᠨᠠᠭ᠎ᠠ ᠶᠢ | ᠣᠯᠠᠮᠵᠢᠯᠠᠨ ᠰᠣᠷᠣᠯᠴᠠᠵᠣ᠂ ᠪᠦᠬᠦ ᠬᠤᠰᠢᠭᠤᠨ ᠤ ᠠᠶᠣᠯᠭᠦᠢ ᠦᠢᠯᠠᠳᠪᠦᠷᠢᠯᠠᠯ᠂ ᠦᠶᠡᠷ ᠢ ᠰᠡᠷᠭᠡᠶᠢᠯᠡᠨ ᠭᠠᠮᠰᠢᠭ ᠲᠠᠢ ᠲᠡᠮᠡᠴᠡᠭᠦ᠂ ᠭᠠᠮᠰᠢᠭ ᠢ ᠰᠡᠷᠭᠡᠶᠢᠯᠡᠨ | ᠪᠠᠭᠠᠰᠬᠠᠬᠤ᠂ ᠣᠢ ᠰᠢᠭᠤᠢ ᠨᠣᠳᠤᠭ ᠪᠡᠯᠴᠢᠭᠡᠷ ᠤᠨ ᠭᠠᠯ ᠢ ᠰᠡᠷᠭᠡᠶᠢᠯᠡᠨ ᠭᠠᠯ ᠣᠨᠳᠠᠷᠠᠭᠠᠬᠤ᠂ ᠠᠮᠢᠳᠠᠨ ᠤ ᠬᠢᠵᠢᠭ ᠪᠣᠯᠣᠨ ᠬᠤᠯᠣᠭᠠᠨ᠎ᠠ ᠶᠢᠨ ᠬᠢᠵᠢᠭ ᠢ | ᠰᠡᠷᠭᠡᠶᠢᠯᠡᠨ ᠡᠵᠡᠮᠳᠡᠭᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠣᠨᠣᠰᠴᠣ᠂ ᠬᠤᠶᠠᠳᠣᠭᠠᠷ ᠣᠯᠠᠷᠢᠯ ᠪᠣᠯᠣᠨ ︽ᠲᠠᠪᠣᠨ ᠰᠠᠷ᠎ᠠ ᠶᠢᠨ ᠨᠢᠭᠡᠨ︾ ᠤ | ᠠᠮᠠᠷᠠᠯᠳᠠ ᠶᠢᠨ ᠬᠤᠭᠤᠴᠠᠭᠠᠨ ᠳᠤ ᠭᠤᠣᠯᠳᠠᠯᠭᠠᠳᠦ ᠠᠵᠢᠯ ᠢᠶᠠᠨ ᠪᠠᠶᠢᠷᠢᠯᠠᠭᠤᠯᠣᠨ ᠲᠣᠬᠢᠷᠠᠭᠤᠯᠪᠠ᠃ ᠬᠤᠷᠠᠯ ᠠᠴᠠ᠂ ᠠᠶᠣᠯᠭᠦᠢ ᠦᠢᠯᠠᠳᠪᠦᠷᠢᠯᠠᠯ ᠤᠨ ᠬᠤᠷᠢᠭ᠎ᠠ | ᠱᠣᠭᠤᠮ ᠢ ᠪᠠᠳᠦ ᠰᠠᠬᠢᠨ᠂ ᠵᠠᠮ ᠬᠠᠷᠢᠯᠴᠠᠭ᠎ᠠ ᠲᠡᠭᠡᠭᠡᠪᠦᠷᠢ᠂ ᠵᠢᠭᠤᠯᠴᠢᠯᠠᠯ ᠤᠨ ᠣᠷᠣᠨ᠂ ᠠᠭᠤᠷᠬᠠᠢ ᠶᠢᠨ ᠣᠷᠣᠨ ᠵᠡᠷᠭᠡ ᠭᠤᠣᠯᠳᠠᠯᠭᠠᠳᠦ ᠬᠦᠷᠢᠶ᠎ᠡ ᠴᠠᠷᠠᠭᠠᠨ ᠤ | ᠠᠮᠣᠷ ᠲᠦᠪᠰᠢᠨ ᠤ ᠬᠢᠨᠠᠯᠳᠠ ᠬᠠᠮᠢᠶᠠᠷᠣᠯᠳᠠ ᠶᠢ ᠴᠢᠩᠭᠠᠳᠬᠠᠵᠣ᠂ 24 ᠴᠠᠭ ᠢᠶᠠᠷ ᠵᠢᠵᠢᠭᠦᠷᠯᠡᠨ ᠪᠠᠴᠢᠮ ᠢ ᠠᠷᠭᠠᠴᠠᠬᠤ ᠶᠢ ᠴᠢᠩᠳᠠᠯᠠᠵᠣ᠂ ᠭᠤᠣᠯᠳᠠᠯᠭᠠᠳᠦ | ᠬᠦᠷᠢᠶ᠎ᠠ ᠴᠠᠷᠠᠭ᠎ᠠ ᠪᠣᠯᠣᠨ ᠨᠡᠶᠢᠳᠡ ᠶᠢᠨ ᠲᠠᠯᠠᠪᠣᠷ ᠤᠨ ᠲᠦᠭᠰᠢᠭᠦᠷᠢ ᠶᠢᠨ ᠲᠠᠯᠳᠠ ᠭᠡᠮ ᠢ ᠪᠦᠬᠦ ᠲᠠᠯ᠎ᠠ ᠪᠠᠷ ᠪᠠᠶᠢᠴᠠᠭᠠᠨ ᠴᠡᠭᠴᠡᠯᠡᠭᠦ ᠬᠡᠷᠡᠭᠳᠡᠢ᠃ ᠨᠠᠭᠤᠷ | ᠴᠦᠬᠦᠷᠦᠮ᠂ ᠬᠤᠳᠠ ᠶᠢᠨ ᠣᠰᠣᠳᠣᠯ ᠵᠡᠷᠭᠡ ᠦᠶᠡᠷ ᠢ ᠰᠡᠷᠭᠡᠶᠢᠯᠡᠯᠳᠡ ᠶᠢ ᠭᠤᠣᠯᠳᠠᠯᠭ᠎ᠠ ᠲᠠᠢ ᠴᠢᠩᠭ᠎ᠠ ᠠᠳᠬᠤᠨ᠂ ᠠᠭᠤᠷ ᠠᠮᠢᠰᠬᠤᠯ ᠤᠨ ᠣᠷᠢᠳᠴᠢᠯᠠᠨ | ᠰᠡᠷᠡᠮᠵᠢᠯᠡᠭᠦᠯᠬᠦ ᠲᠣᠭᠳᠠᠴᠠ ᠶᠢ ᠲᠡᠭᠦᠯᠳᠡᠷᠵᠢᠭᠦᠯᠵᠣ᠂ ᠬᠠᠪᠣᠷ ᠤᠨ ᠲᠠᠷᠢᠶᠠᠯᠠᠭ᠎ᠠ ᠶᠢᠨ ᠣᠰᠣ ᠬᠡᠷᠡᠭᠯᠡᠭᠦ ᠪᠠᠳᠣᠯᠠᠭ᠎ᠠ ᠪᠣᠯᠣᠨ ᠬᠦᠮᠦᠨ ᠤ ᠬᠦᠴᠦ ᠪᠠᠷ ᠪᠣᠷᠣᠭᠠᠨ | ᠣᠷᠣᠭᠤᠯᠬᠤ ᠶᠢ ᠨᠢᠭᠡᠳᠦᠯᠳᠡᠢ ᠲᠦᠯᠦᠪᠵᠢᠭᠦᠯᠦᠨ᠂ ᠠᠮᠣᠷ ᠲᠦᠪᠰᠢᠨ ᠤ ᠪᠠᠳᠣᠯᠠᠭ᠎ᠠ ᠪᠣᠯᠣᠨ ᠡᠮᠬᠢ ᠲᠢᠭᠯᠢᠮ ᠲᠠᠢ ᠪᠠᠷ ᠬᠠᠪᠣᠷ ᠤᠨ ᠲᠠᠷᠢᠶᠠᠯᠠᠭ᠎ᠠ ᠬᠢᠬᠦ ᠶᠢ | ᠪᠠᠳᠣᠯᠠᠬᠤ ᠬᠡᠷᠡᠭᠳᠡᠢ᠃ ᠣᠢ ᠰᠢᠭᠤᠢ ᠨᠣᠳᠤᠭ ᠪᠡᠯᠴᠢᠭᠡᠷ ᠤᠨ ᠭᠠᠯ ᠤᠨ ᠠᠶᠣᠯ ᠢ ᠴᠢᠩᠭ᠎ᠠ ᠰᠡᠷᠭᠡᠶᠢᠯᠡᠨ᠂ ᠣᠢ ᠶᠢᠨ ᠲᠠᠷᠣᠭᠠᠴᠢ ᠶᠢᠨ ᠲᠦᠷᠢᠮ ᠤᠨ | ᠲᠣᠣᠷᠵᠢᠭᠰᠠᠨ ᠬᠠᠮᠢᠶᠠᠷᠣᠯᠳᠠ ᠶᠢ ᠨᠠᠶᠢᠳᠠᠪᠦᠷᠢᠵᠢᠭᠤᠯᠵᠣ᠂ ᠬᠠᠪᠣᠷ ᠤᠨ ᠲᠠᠷᠢᠶᠠᠯᠠᠭ᠎ᠠ ᠶᠢᠨ ᠬᠤᠭᠤᠴᠠᠭᠠᠨ ᠳᠤ ᠭᠠᠯ ᠤᠨ ᠢᠷᠠᠯᠳᠠ ᠶᠢᠨ ᠬᠠᠮᠢᠶᠠᠷᠣᠯᠳᠠ ᠡᠵᠡᠮᠳᠡᠯ ᠢ | ᠴᠢᠩᠭᠠᠷᠠᠭᠤᠯᠣᠨ᠂ ᠦᠨᠳᠦᠰᠦᠨ ᠱᠠᠳᠣᠨ ᠳᠠᠬᠢ ᠲᠣᠭᠤᠷᠢᠨ ᠪᠠᠶᠢᠴᠠᠭᠠᠯᠳᠠ ᠬᠠᠣᠯᠢ ᠬᠡᠷᠡᠭᠵᠢᠭᠦᠯᠦᠯᠳᠡ ᠪᠠᠨ ᠴᠢᠩᠭᠠᠳᠬᠠᠬᠤ ᠬᠡᠷᠡᠭᠳᠡᠢ᠃ ᠬᠤᠯᠣᠭᠠᠨ᠎ᠠ ᠶᠢᠨ ᠬᠢᠵᠢᠭ | ᠪᠣᠯᠣᠨ ᠠᠮᠢᠳᠠᠨ ᠤ ᠬᠢᠵᠢᠭ ᠤᠨ ᠰᠡᠷᠭᠡᠶᠢᠯᠡᠨ ᠡᠵᠡᠮᠳᠡᠯ ᠤᠨ ᠬᠠᠷᠢᠭᠤᠴᠠᠯᠭ᠎ᠠ ᠪᠠᠨ ᠪᠣᠳᠠᠳᠠᠶᠢᠵᠢᠭᠤᠯᠣᠨ᠂ ᠬᠠᠮᠠᠭᠠᠯᠠᠯᠳᠠ ᠶᠢᠨ ᠴᠢᠨᠠᠷᠳᠠᠢ ᠬᠤᠯᠣᠭᠠᠨ᠎ᠠ᠂ ᠨᠣᠬᠠᠢ ᠶᠢᠨ | ᠪᠦᠭᠡᠰᠦ ᠣᠰᠠᠳᠬᠠᠬᠤ ᠪᠠ ᠬᠠᠪᠣᠷ ᠤᠨ ᠣᠯᠠᠷᠢᠯ ᠤᠨ ᠠᠮᠢᠳᠠᠨ ᠤ ᠲᠦᠪᠯᠡᠷᠡᠩᠬᠦᠢ ᠦᠯᠦ ᠬᠠᠯᠳᠠᠭᠠᠯᠳᠠ ᠶᠢ ᠦᠷᠨᠢᠭᠦᠯᠵᠣ᠂ ᠠᠮᠢᠳᠠᠨ ᠤ ᠬᠢᠵᠢᠭ ᠡᠪᠡᠳᠴᠢᠨ ᠤ | ᠮᠡᠳᠡᠯᠭᠡ ᠶᠢᠨ ᠣᠬᠠᠭᠤᠯᠭ᠎ᠠ ᠶᠢ ᠴᠢᠩᠭᠠᠳᠬᠠᠨ᠂ ᠬᠢᠵᠢᠭ ᠡᠪᠡᠳᠴᠢᠨ ᠤ ᠰᠡᠷᠭᠡᠶᠢᠯᠡᠨ ᠡᠵᠡᠮᠳᠡᠯ ᠤᠨ ᠲᠣᠣᠷ ᠢ ᠴᠢᠩᠭᠠᠷᠠᠭᠤᠯᠬᠤ ᠬᠡᠷᠡᠭᠳᠡᠢ ᠭᠡᠵᠣ ᠴᠢᠬᠤᠯᠠᠴᠢᠯᠠᠪᠠ᠃ | ᠬᠤᠷᠠᠯ ᠠᠴᠠ ᠪᠠᠰᠠ ᠪᠣᠰᠣᠳ ᠵᠣᠶᠢᠯᠠᠰ ᠢ ᠰᠣᠳᠣᠯᠪᠠ᠃ | ᠬᠤᠰᠢᠭᠤ ᠣᠳᠣᠷᠢᠳᠣᠯᠭ᠎ᠠ ᠭᠤᠸᠠᠨ ᠫᠢᠩ᠂ ᠨᠡᠭᠡᠭᠡᠯᠳᠡ ᠶᠢᠨ ᠣᠷᠣᠨ ᠤ ᠣᠳᠣᠷᠢᠳᠣᠯᠭ᠎ᠠ ᠯᠢ ᠷᠦᠢ ᠬᠤᠷᠠᠯ ᠳᠤ ᠰᠣᠯᠠ ᠣᠷᠣᠯᠴᠠᠪᠠ᠃ |