ᠪᠦᠬᠦ ᠬᠤᠰᠢᠭᠤᠨ ᠤ ᠠᠵᠣ ᠠᠬᠤᠢ ᠶᠢᠨ ᠠᠵᠢᠯᠯᠠᠮᠵᠢ ᠶᠢᠨ ᠲᠣᠬᠢᠷᠠᠭᠤᠯᠣᠯᠳᠠ ᠶᠢᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2025/4/30
     4 ᠰᠠᠷ᠎ᠠ ᠶᠢᠨ 30 ᠡᠳᠦᠷ᠂ ᠬᠤᠰᠢᠭᠤ ᠠᠷᠠᠳ ᠤᠨ ᠵᠠᠰᠠᠭ ᠤᠨ ᠣᠷᠳᠣᠨ ᠠᠴᠠ ᠪᠦᠬᠦ ᠬᠤᠰᠢᠭᠤᠨ ᠤ ᠠᠵᠣ ᠠᠬᠤᠢ ᠶᠢᠨ ᠠᠵᠢᠯᠯᠠᠮᠵᠢ ᠶᠢᠨ ᠲᠣᠬᠢᠷᠠᠭᠤᠯᠣᠯᠳᠠ ᠶᠢᠨ ᠬᠤᠷᠠᠯ ᠬᠤᠷᠠᠯᠳᠣᠭᠤᠯᠪᠠ᠃     ᠬᠤᠷᠠᠯ ᠲᠡᠭᠡᠷ᠎ᠡ ᠶᠡᠷᠦᠩᠬᠡᠢ ᠱᠦᠵᠢ ᠰᠢ ᠶᠢᠨ ᠫᠢᠩ ᠤᠨ ᠯᠢᠶᠣᠣᠨᠢᠩ ᠤᠨ ᠯᠢᠶᠣᠣ ᠶᠠᠩ ᠤᠨ ᠴᠠᠭᠠᠨ ᠰᠣᠪᠣᠷᠭ᠎ᠠ ᠲᠣᠭᠤᠷᠢᠭ ᠤᠨ ᠭᠠᠯ ᠤᠨ ᠭᠠᠮᠰᠢᠭ ᠤᠨ ᠠᠳᠡᠯ ᠤᠨ ᠲᠣᠬᠠᠢ ᠴᠢᠬᠤᠯᠠ ᠵᠢᠭᠠᠪᠦᠷᠢ ᠶᠢᠨ ᠵᠣᠷᠢᠭ ᠰᠠᠨᠠᠭ᠎ᠠ᠂ 4 ᠰᠠᠷ᠎ᠠ ᠶᠢᠨ 25 ᠤ ᠡᠳᠦᠷ ᠤᠨ ᠨᠠᠮ ᠤᠨ ᠲᠦᠪ ᠬᠤᠷᠢᠶᠠᠨ ᠤ ᠣᠯᠣᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠪᠦᠬᠦ ᠣᠷᠣᠨ ᠤ ᠠᠵᠣ ᠠᠬᠤᠢ ᠶᠢᠨ ᠠᠵᠢᠯ ᠤᠨ ᠵᠠᠳᠠᠯᠣᠯᠳᠠ ᠶᠢᠨ ᠬᠤᠷᠠᠯ ᠤᠨ ᠵᠣᠷᠢᠭ ᠰᠠᠨᠠᠭ᠎ᠠ ᠪᠣᠯᠣᠨ ᠬᠤᠳᠠ  ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠪᠠᠶᠢᠷᠢᠯᠠᠭᠤᠯᠣᠯᠳᠠ ᠱᠠᠭᠠᠷᠳᠠᠯᠭ᠎ᠠ ᠶᠢ ᠣᠯᠠᠮᠵᠢᠯᠠᠨ ᠰᠣᠷᠣᠯᠴᠠᠪᠠ᠃ ᠪᠦᠬᠦ ᠬᠤᠰᠢᠭᠤᠨ ᠤ ᠠᠵᠣ ᠠᠬᠤᠢ ᠶᠢᠨ ᠠᠵᠢᠯᠯᠠᠮᠵᠢ ᠶᠢᠨ ᠪᠠᠶᠢᠳᠠᠯ ᠢ ᠨᠡᠶᠢᠳᠡᠯᠡᠨ᠂ ᠣᠷᠣᠰᠢᠵᠣ ᠪᠠᠶᠢᠭ᠎ᠠ ᠠᠰᠠᠭᠤᠳᠠᠯ ᠢ ᠵᠠᠳᠠᠯᠣᠨ ᠰᠣᠳᠣᠯᠵᠣ᠂ ᠲᠠᠷᠠᠭ᠎ᠠ ᠠᠯᠬᠤᠮ ᠤᠨ ᠠᠵᠢᠯ ᠢᠶᠠᠨ ᠪᠠᠶᠢᠷᠢᠯᠠᠭᠤᠯᠪᠠ᠃     ᠬᠤᠷᠠᠯ ᠠᠴᠠ᠂ ᠬᠤᠶᠠᠳᠣᠭᠠᠷ ᠣᠯᠠᠷᠢᠯ ᠪᠣᠯ ᠬᠦᠭᠵᠢᠯᠳᠡ ᠶᠢ ᠠᠳᠬᠤᠬᠤ ᠰᠢᠵᠢᠷ ᠠᠯᠳᠠᠨ ᠬᠤᠭᠤᠴᠠᠭ᠎ᠠ ᠪᠣᠯᠬᠤᠷ ᠡᠯ᠎ᠡ ᠱᠠᠳᠣ ᠡᠯ᠎ᠡ ᠰᠠᠯᠠᠭ᠎ᠠ ᠮᠦᠴᠢᠷ ᠤᠨ  ᠬᠢᠨ ᠪᠠᠶᠢᠳᠠᠯ ᠡᠭᠦᠷᠭᠡ ᠪᠠᠨ ᠦᠨᠡᠨᠬᠦ ᠲᠣᠳᠣᠷᠬᠠᠢ ᠲᠠᠨᠢᠵᠣ᠂ ᠢᠳᠡᠭᠡᠯ ᠵᠣᠷᠢᠭ ᠢᠶᠠᠨ ᠬᠦᠪᠴᠢᠯᠡᠨ᠂ ᠭᠤᠣᠯᠳᠠᠯᠭᠠᠳᠦ ᠠᠵᠢᠯ ᠲᠦᠷᠦᠯ᠂ ᠭᠤᠣᠯᠳᠠᠯᠭᠠᠳᠦ ᠠᠵᠣ ᠠᠬᠤᠶᠢᠯᠠᠯ᠂ ᠴᠢᠬᠤᠯᠠ ᠨᠡᠮᠡᠭᠳᠡᠯ ᠤᠨ ᠴᠡᠭ ᠢ ᠦᠷᠭᠦᠯᠵᠢᠯᠡᠨ ᠪᠠᠳᠦ ᠡᠵᠡᠮᠳᠡᠵᠣ᠂ ᠵᠢᠯ ᠤᠨ ᠡᠬᠢᠨ ᠳᠤ ᠲᠣᠭᠳᠠᠭᠠᠭᠰᠠᠨ ᠬᠠᠷᠠᠯᠳᠠ ᠡᠭᠦᠷᠭᠡ ᠪᠠᠨ ᠭᠤᠶᠢᠪᠢᠰᠢ ᠦᠭᠡᠢ ᠪᠠᠷᠢᠮᠳᠠᠯᠠᠵᠣ᠂ ᠪᠦᠬᠦ ᠬᠦᠴᠦᠨ ᠢᠶᠠᠷ ᠠᠵᠣ ᠠᠬᠤᠢ ᠶᠢ ᠬᠦᠭᠡᠭᠡᠴᠡᠯᠳᠣᠨ᠂ ᠬᠦᠭᠵᠢᠯᠳᠡ ᠶᠢ ᠠᠬᠢᠭᠤᠯᠵᠣ᠂ ᠲᠦᠷᠦᠯ ᠵᠣᠶᠢᠯ ᠢ ᠲᠦᠷᠭᠡᠳᠬᠡᠨ᠂ ᠣᠷᠣᠭᠰᠢᠯᠠᠨ ᠲᠠᠪᠰᠢᠵᠣ᠂ ᠠᠷᠭ᠎ᠠ ᠪᠦᠬᠦᠨ ᠢ ᠰᠦᠪᠡᠭᠴᠢᠯᠡᠨ ᠲᠦᠷᠦᠯ ᠵᠣᠶᠢᠯ ᠢ ᠣᠷᠣᠭᠤᠯᠣᠨ᠂ ᠪᠡᠯᠡ ᠣᠷᠣᠭᠤᠯᠣᠯᠳᠠ ᠪᠠᠨ ᠦᠷᠭᠡᠳᠬᠡᠵᠣ᠂ ᠬᠡᠷᠡᠭᠯᠡᠭᠡ ᠶᠢ ᠲᠡᠭᠡᠭᠰᠢᠯᠡᠭᠦᠯᠦᠨ᠂ ᠠᠷᠠᠳ ᠢ ᠬᠠᠷᠠᠭᠠᠯᠵᠠᠵᠣ᠂ ᠠᠵᠣ ᠠᠬᠤᠶᠢᠯᠠᠯ ᠤᠨ ᠲᠣᠭᠳᠠᠭᠤᠨ ᠦᠢᠯᠠᠳᠪᠦᠷᠢᠯᠠᠯ᠂ ᠲᠤᠭ᠎ᠠ ᠪᠠᠷᠢᠮᠳᠠ ᠶᠢᠨ ᠪᠦᠷᠢᠳᠬᠡᠯ᠂ ᠲᠦᠷᠦᠯ ᠵᠣᠶᠢᠯ ᠤᠨ ᠨᠠᠶᠢᠳᠠᠪᠦᠷᠢᠵᠢᠭᠤᠯᠣᠯᠳᠠ ᠶᠢ ᠪᠦᠬᠦ ᠬᠦᠴᠦᠨ ᠢᠶᠠᠷ ᠰᠠᠶᠢᠳᠦᠷ ᠠᠳᠬᠤᠨ᠂ ᠦᠪᠡᠷᠳᠡᠭᠡᠨ ᠵᠠᠰᠠᠬᠤ ᠣᠷᠣᠨ᠂ ᠬᠤᠳᠠ ᠪᠣᠯᠣᠨ ᠬᠤᠰᠢᠭᠤ ᠨᠠᠮ ᠤᠨ ᠬᠤᠷᠢᠶ᠎ᠠ᠂ ᠵᠠᠰᠠᠭ  ᠤᠨ ᠣᠷᠳᠣᠨ ᠤ ᠠᠵᠢᠯ ᠤᠨ ᠪᠠᠶᠢᠷᠢᠯᠠᠭᠤᠯᠣᠯᠳᠠ ᠶᠣᠰᠣᠭᠠᠷ ᠲᠡᠭᠡᠳᠦ ᠬᠠᠭᠠᠰ ᠵᠢᠯ ᠳᠤ ︽ᠬᠤᠣᠰ ᠬᠠᠭᠠᠰᠯᠠᠬᠤ︾ ᠬᠠᠷᠠᠯᠳᠠ ᠪᠠᠨ ᠪᠡᠶᠡᠯᠡᠭᠦᠯᠬᠦ ᠪᠠᠷ ᠴᠢᠷᠮᠠᠶᠢᠬᠤ ᠬᠡᠷᠡᠭᠳᠡᠢ ᠭᠡᠵᠣ ᠴᠢᠬᠤᠯᠠᠴᠢᠯᠠᠪᠠ᠃     ᠬᠤᠷᠠᠯ ᠠᠴᠠ᠂ ᠴᠠᠭ ᠬᠤᠭᠤᠴᠠᠭ᠎ᠠ ᠶᠢ ᠠᠮᠵᠢᠨ ᠲᠠᠯᠳᠠ ᠬᠦᠴᠦᠨ ᠢᠶᠠᠨ ᠠᠭᠤᠳᠠᠯᠣᠨ᠂ ᠭᠤᠣᠯ ᠰᠢᠪᠳᠣᠯᠣᠯᠳᠠ ᠶᠢᠨ ᠴᠡᠭ ᠪᠣᠯᠣᠨ ᠬᠦᠴᠦᠯᠡᠭᠦ ᠴᠡᠭ ᠢᠶᠠᠨ ᠣᠨᠣᠪᠴᠢᠳᠠᠢ ᠡᠷᠢᠵᠣ᠂ ᠲᠠᠯᠳᠠ ᠬᠦᠴᠦᠨ ᠢ ᠭᠦᠢᠴᠡᠳ ᠠᠭᠤᠳᠠᠯᠣᠨ᠂ ᠬᠠᠳᠠᠭᠠᠯᠠᠯ ᠢᠶᠠᠨ ᠦᠷᠭᠡᠳᠬᠡᠨ ᠰᠢᠨᠡᠴᠢᠯᠡᠨ ᠨᠡᠮᠡᠭᠳᠡᠭᠦᠯᠵᠣ᠂ ᠪᠦᠷᠢᠳᠬᠡᠪᠡᠰᠦ ᠵᠣᠬᠢᠬᠤ ᠶᠢ  ᠨᠢ ᠪᠦᠬᠦᠨ ᠪᠦᠷᠢᠳᠬᠡᠬᠦ ᠬᠡᠷᠡᠭᠳᠡᠢ᠃ ᠠᠷᠭ᠎ᠠ ᠪᠣᠳᠣᠯᠭ᠎ᠠ ᠶᠢ ᠣᠨᠣᠪᠴᠢᠳᠠᠢ ᠬᠡᠷᠡᠭᠵᠢᠭᠦᠯᠦᠨ ᠨᠡᠮᠡᠭᠳᠡᠯ ᠢᠶᠠᠨ ᠲᠣᠭᠳᠠᠪᠦᠷᠢᠵᠢᠭᠤᠯᠵᠣ᠂ ᠰᠠᠨᠠᠭᠠᠴᠢᠯᠠᠭ᠎ᠠ ᠪᠠᠨ ᠠᠵᠣ ᠠᠬᠤᠶᠢᠯᠠᠯ ᠢ ᠬᠠᠪᠰᠣᠷᠣᠨ ᠪᠣᠷᠣᠯᠠᠭᠤᠯᠭ᠎ᠠ ᠶᠢᠨ ᠵᠠᠮ ᠢ ᠨᠢ ᠦᠷᠭᠡᠳᠬᠡᠨ᠂ ᠦᠢᠯᠠᠳᠪᠦᠷᠢᠯᠠᠯ ᠤᠨ ᠴᠢᠳᠠᠪᠬᠢ ᠶᠢ ᠨᠢ ᠰᠢᠩᠭᠡᠭᠡᠵᠣ᠂ ᠦᠪᠡᠷ ᠤᠨ ᠦᠷᠳᠡᠭ ᠢ ᠨᠢ ᠪᠠᠭᠤᠷᠠᠭᠤᠯᠣᠨ᠂ ᠪᠦᠳᠦᠮᠵᠢᠳᠡᠢ ᠱᠠᠭᠠᠷᠳᠠᠯᠭ᠎ᠠ ᠶᠢ ᠴᠢᠩᠭ᠎ᠠ ᠠᠩᠬᠠᠷᠴᠦ᠂ ᠲᠦᠷᠦ ᠶᠢᠨ ᠪᠣᠳᠣᠯᠭ᠎ᠠ ᠶᠢᠨ ᠣᠷᠮᠠᠰᠢᠭᠤᠯᠣᠯ ᠢᠶᠠᠨ ᠴᠢᠩᠭᠠᠳᠬᠠᠨ᠂ ᠬᠡᠷᠡᠭᠯᠡᠭᠡᠨ ᠤ ᠵᠣᠶᠢᠯᠠᠰ ᠳᠤ ᠨᠦᠬᠦᠪᠦᠷᠢ ᠣᠯᠭᠤᠬᠤ ᠶᠢ ᠲᠦᠷᠭᠡᠳᠬᠡᠵᠣ᠂ ᠬᠡᠷᠡᠭᠯᠡᠭᠡᠨ ᠤ ᠲᠠᠯᠳᠠ ᠬᠦᠴᠦᠨ ᠢ ᠦᠷᠭᠦᠯᠵᠢᠯᠡᠨ ᠪᠠᠳᠠᠷᠠᠭᠤᠯᠬᠤ ᠬᠡᠷᠡᠭᠳᠡᠢ᠃ ᠲᠦᠷᠦᠯ ᠵᠣᠶᠢᠯ ᠢ ᠯᠠᠪᠳᠠᠭᠤᠨ ᠪᠠᠳᠣᠳᠠᠢ ᠠᠳᠬᠤᠨ᠂ ᠬᠤᠭᠤᠴᠠᠭ᠎ᠠ ᠬᠢᠵᠠᠭᠠᠷᠯᠠᠨ ᠵᠢᠷᠤᠭ ᠲᠦᠯᠤᠪᠯᠡᠭᠡ ᠶᠤᠰᠤᠭᠠᠷ ᠠᠵᠢᠯᠯᠠᠵᠤ᠂ ᠲᠦᠷᠦᠯ ᠵᠣᠶᠢᠯ ᠤᠨ ᠪᠠᠶᠢᠭᠤᠯᠣᠯᠳᠠ ᠶᠢᠨ ᠠᠬᠢᠴᠠ  ᠶᠢ ᠲᠦᠷᠭᠡᠳᠬᠡᠨ᠂ ᠦᠢᠯᠡᠴᠢᠯᠡᠭᠡ ᠪᠠᠨ ᠴᠢᠩᠭᠠᠳᠬᠠᠵᠣ᠂ ᠪᠦᠳᠦᠮᠵᠢ ᠶᠢ ᠲᠡᠭᠡᠭᠰᠢᠯᠡᠭᠦᠯᠦᠨ᠂ ᠬᠦᠴᠦᠨ ᠵᠣᠶᠢᠯ ᠤᠨ ᠪᠠᠳᠣᠯᠠᠭ᠎ᠠ ᠶᠢᠨ ᠡᠷᠴᠢᠮ ᠢᠶᠠᠨ ᠴᠢᠩᠭᠠᠷᠠᠭᠤᠯᠵᠣ᠂ ᠴᠢᠬᠤᠯᠠ ᠶᠡᠭᠡ ᠲᠦᠷᠦᠯ ᠵᠣᠶᠢᠯ ᠤᠨ ᠲᠦᠯᠦᠪᠵᠢᠭᠦᠯᠭᠡ ᠨᠦᠭᠡᠴᠡ ᠶᠢ ᠰᠠᠶᠢᠳᠦᠷ ᠬᠢᠬᠦ ᠬᠡᠷᠡᠭᠳᠡᠢ ᠭᠡᠵᠣ ᠴᠢᠬᠤᠯᠠᠴᠢᠯᠠᠪᠠ᠃     ᠬᠤᠷᠠᠯ ᠠᠴᠠ ᠪᠠᠰᠠ ︽ᠲᠠᠪᠣᠨ ᠰᠠᠷ᠎ᠠ ᠶᠢᠨ ᠨᠢᠭᠡᠨ︾ ᠤ ᠠᠮᠠᠷᠠᠯᠳᠠ ᠶᠢᠨ ᠬᠤᠭᠤᠴᠠᠭᠠᠨ ᠤ ᠬᠠᠮᠢᠶ᠎ᠠ ᠪᠦᠬᠦᠢ ᠠᠵᠢᠯ ᠳᠤ ᠲᠣᠬᠢᠷᠠᠭᠤᠯᠣᠯᠳᠠ ᠬᠢᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ ᠠᠮᠣᠷ ᠲᠦᠪᠰᠢᠨ ᠢ ᠴᠢᠩᠭ᠎ᠠ ᠠᠳᠬᠤᠵᠣ᠂ ︽ᠭᠤᠷᠪᠠᠨ ᠬᠠᠮᠢᠶᠠᠷᠣᠯᠳᠠ ᠭᠤᠷᠪᠠᠨ ᠡᠷᠬᠡᠪᠰᠢ︾ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠦᠷᠢᠵᠢᠭᠤᠯᠣᠨ᠂ ᠦᠢᠯᠠᠳᠪᠦᠷᠢᠯᠠᠯ ᠤᠨ ᠠᠵᠣ ᠠᠬᠤᠶᠢᠯᠠᠯ᠂ ᠵᠢᠭᠤᠯᠴᠢᠯᠠᠯ ᠤᠨ ᠣᠷᠣᠨ᠂ ᠨᠠᠭᠠᠳᠣᠮ ᠴᠡᠩᠬᠡᠭᠦᠨ ᠤ ᠭᠠᠵᠠᠷ᠂ ᠬᠤᠭᠤᠯᠠᠨ ᠭᠡᠷ᠂ ᠨᠡᠶᠢᠳᠡ ᠶᠢᠨ ᠲᠠᠯᠠᠪᠦᠷ ᠤᠨ ᠠᠮᠣᠷ ᠲᠦᠪᠰᠢᠨ ᠤ ᠲᠠᠯᠳᠠ ᠭᠡᠮ ᠤᠨ ᠪᠠᠶᠢᠴᠠᠭᠠᠯᠳᠠ ᠶᠢ ᠴᠢᠩᠭᠠᠳᠬᠠᠵᠣ᠂ ᠣᠢ ᠰᠢᠭᠤᠢ ᠨᠣᠳᠤᠭ ᠪᠡᠯᠴᠢᠭᠡᠷ ᠤᠨ ᠭᠠᠯ ᠢ ᠰᠡᠷᠭᠡᠶᠢᠯᠡᠭᠦ᠂ ᠣᠰᠣᠨ ᠤ ᠠᠶᠣᠯ ᠤᠨ ᠰᠡᠷᠡᠮᠵᠢ ᠶᠢᠨ ᠬᠦᠮᠦᠵᠢᠯ ᠢ ᠯᠠᠪᠳᠠᠭᠤᠨ ᠦᠷᠨᠢᠭᠦᠯᠵᠣ᠂ ᠵᠠᠮ ᠬᠠᠷᠢᠯᠴᠠᠭᠠᠨ ᠤ ᠠᠮᠣᠷ ᠲᠦᠪᠰᠢᠨ ᠤ ᠬᠠᠮᠢᠶᠠᠷᠣᠯᠳᠠ ᠶᠢ ᠴᠢᠩᠭᠠᠷᠠᠭᠤᠯᠣᠨ᠂ ᠲᠦᠭᠰᠢᠭᠦᠷᠢ ᠶᠢ ᠰᠡᠷᠭᠡᠶᠢᠯᠡᠭᠦ᠂ ᠠᠮᠣᠷ ᠲᠦᠪᠰᠢᠨ ᠢ ᠪᠠᠳᠣᠯᠠᠬᠤ᠂ ᠲᠣᠭᠳᠠᠭᠤᠨ ᠢ ᠬᠠᠮᠠᠭᠠᠯᠠᠬᠤ ᠡᠯ᠎ᠡ ᠲᠦᠷᠦᠯ ᠤᠨ ᠠᠵᠢᠯ ᠢ ᠰᠠᠶᠢᠳᠦᠷ ᠬᠢᠬᠦ ᠬᠡᠷᠡᠭᠳᠡᠢ ᠭᠡᠵᠣ ᠴᠢᠬᠤᠯᠠᠴᠢᠯᠠᠪᠠ᠃     ᠴᠢᠦ ᠯᠢᠨ ᠬᠤᠷᠠᠯ ᠢ ᠡᠷᠬᠢᠯᠡᠨ᠂ ᠹᠦ᠋ ᠺᠧ᠂ ᠰᠢᠤᠸᠠᠢ ᠵᠣᠣ ᠰᠢᠩ᠂ ᠹᠧᠩ ᠴᠦᠨ ᠬᠤᠸᠠ᠂ ᠵᠠᠩ ᡁᠢ ᠶᠥᠩ ᠬᠤᠷᠠᠯ ᠳᠤ ᠣᠷᠣᠯᠴᠠᠪᠠ᠃
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ