4 ᠰᠠᠷ᠎ᠠ ᠶᠢᠨ 7 ᠤ ᠡᠳᠦᠷ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠶᠠᠩ ᠶᠢᠩ ᠰᠢᠨ ᠠᠯᠪᠠᠯᠠᠬᠤ | ᠬᠤᠷᠠᠯ ᠢ ᠡᠷᠬᠢᠯᠡᠨ ᠬᠤᠷᠠᠯᠳᠣᠭᠤᠯᠵᠣ᠂ ᠣᠯᠠᠨ ᠲᠦᠮᠡᠨ ᠤ ︽ᠦᠨᠡᠮᠯᠡᠯ ᠠᠪᠬᠤ ᠬᠦᠴᠢᠷ︾ ᠠᠰᠠᠭᠤᠳᠠᠯ ᠢ ᠰᠢᠢᠳᠪᠦᠷᠢᠯᠡᠬᠦ ᠠᠵᠢᠯ ᠢ ᠲᠤᠰᠬᠠᠢ ᠰᠡᠳᠦᠪ ᠢᠶᠠᠷ | ᠲᠤᠬᠢᠷᠠᠭᠤᠯᠪᠠ᠃ | ᠶᠠᠩ ᠶᠢᠩ ᠰᠢᠨ ᠠᠴᠠ ︽ᠦᠨᠡᠮᠯᠡᠯ ᠠᠪᠬᠤ ᠬᠦᠴᠢᠷ︾ ᠠᠰᠠᠭᠤᠳᠠᠯ ᠤᠨ ᠰᠢᠢᠳᠪᠦᠷᠢᠯᠡᠯᠲᠡ ᠨᠢ ᠠᠷᠠᠳ ᠤᠯᠠᠨ ᠤ ᠬᠤᠪᠢ ᠪᠡᠶ᠎ᠡ ᠶᠢᠨ ᠠᠰᠢᠭ ᠲᠤᠰᠠ ᠲᠠᠢ | ᠬᠤᠯᠪᠤᠭᠳᠠᠬᠤ ᠲᠤᠯᠠ ᠭᠤᠶᠢᠪᠢᠰᠢ ᠦᠬᠡᠢ ᠪᠡᠶᠡᠯᠡᠬᠦᠯᠬᠦ ᠴᠢᠬᠤᠯᠠ ᠣᠯᠣᠰ ᠲᠦᠷᠦ ᠶᠢᠨ ᠡᠬᠦᠷᠭᠡ ᠪᠤᠯᠬᠤ ᠶᠤᠮ᠃ ᠣᠯᠣᠰ ᠲᠦᠷᠦ ᠶᠢᠨ ᠬᠠᠷᠢᠭᠤᠴᠠᠯᠭ᠎ᠠ ᠪᠠᠨ | ᠡᠬᠦᠷᠭᠡᠯᠡᠵᠦ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠲᠡ ᠶᠢᠨ ᠦᠵᠡᠯᠲᠡ ᠶᠢ ᠪᠠᠲᠤᠳᠬᠠᠨ᠂ ᠨᠡᠩ ᠬᠠᠷᠢᠭᠤᠴᠠᠯᠭᠠᠲᠤ ᠤᠪᠤᠷ᠂ ᠨᠡᠩ ᠡᠷᠴᠢᠮᠲᠡᠢ ᠠᠷᠭ᠎ᠠ | ᠠᠪᠴᠠᠯ᠂ ᠨᠡᠩ ᠪᠤᠲᠠᠲᠠᠢ ᠰᠣᠷᠲᠠᠯ ᠢᠶᠠᠷ ᠣᠯᠠᠨ ᠲᠦᠮᠡᠨ ᠤ ︽ᠦᠨᠡᠮᠯᠡᠯ ᠠᠪᠬᠤ ᠬᠦᠴᠢᠷ︾ ᠠᠰᠠᠭᠤᠳᠠᠯ ᠤᠨ ᠰᠢᠢᠳᠪᠦᠷᠢᠯᠡᠯᠲᠡ ᠶᠢ ᠪᠦᠬᠦ ᠬᠦᠴᠦᠨ ᠢᠶᠠᠷ | ᠠᠬᠢᠭᠤᠯᠬᠤ ᠬᠡᠷᠡᠭᠲᠡᠢ᠃ ᠠᠰᠠᠭᠤᠳᠠᠯ ᠤᠨ ᠣᠳᠣᠷᠢᠳᠣᠮᠵᠢ ᠶᠢ ᠪᠠᠷᠢᠮᠲᠠᠯᠠᠵᠤ᠂ ᠰᠢᠢᠳᠪᠦᠷᠢᠯᠡᠬᠦ ᠰᠡᠳᠬᠢᠬᠦᠢ ᠶᠢ ᠴᠢᠩᠭᠠᠳᠬᠠᠨ᠂ ᠲᠦᠷᠦ ᠶᠢᠨ ᠪᠤᠳᠤᠯᠭ᠎ᠠ ᠶᠢ | ᠬᠢᠨᠠᠮᠠᠭᠠᠢ ᠰᠣᠳᠣᠯᠵᠤ᠂ ᠠᠵᠢᠯ ᠤᠨ ᠰᠡᠳᠬᠢᠮᠵᠢ ᠪᠠᠨ ᠲᠤᠲᠤᠷᠬᠠᠶᠢᠯᠠᠨ᠂ ᠬᠠᠤᠯᠢ ᠳᠦᠷᠢᠮ ᠶᠤᠰᠤᠭᠠᠷ᠂ ᠦᠨᠡᠨ ᠠᠴᠠ ᠵᠦᠪ ᠢ ᠡᠷᠢᠵᠦ᠂ ᠡᠷᠬᠡ ᠳᠡᠭᠰᠢ ᠲᠦᠪ | ᠭᠤᠤᠯᠴᠢ᠂ ᠬᠢᠨᠠᠭᠤᠷ ᠲᠤᠬᠢᠲᠠᠢ ᠪᠠᠷ ᠲᠡᠣᠬᠡᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠡᠬᠦᠷᠬᠡᠯᠡᠯ ᠬᠠᠷᠢᠭᠤᠴᠯᠠᠭ᠎ᠠ ᠪᠠᠨ ᠴᠢᠩᠭᠠᠳᠬᠠᠨ᠂ | ᠰᠢᠷᠭᠠᠭᠤ ᠠᠵᠢᠯᠯᠠᠨ ᠦᠳᠲᠡᠷ ᠬᠦᠳᠡᠯᠦᠯᠴᠡᠵᠦ᠂ ᠠᠵᠢᠯ ᠤᠨ ᠨᠠᠶᠢᠲᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠠᠵᠢᠯ ᠤᠨ ᠠᠷᠭ᠎ᠠ ᠠᠪᠴᠠᠯ ᠢᠶᠠᠨ | ᠴᠢᠩᠭᠠᠳᠬᠠᠵᠤ᠂ ᠬᠤᠭᠤᠴᠠᠭ᠎ᠠ ᠬᠢᠵᠠᠭᠠᠷ ᠢ ᠲᠤᠲᠤᠷᠬᠠᠶᠢᠯᠠᠨ᠂ ᠠᠬᠢᠴᠠ ᠶᠢ ᠬᠤᠭᠤᠴᠠᠭᠠᠯᠠᠨ ᠲᠤᠭᠲᠠᠭᠠᠵᠤ᠂ ᠦᠨᠡᠨ ᠪᠤᠲᠠᠲᠠᠢ ᠠᠵᠢᠯ ᠤᠨ ᠪᠦᠲᠦᠮᠵᠢ ᠪᠠᠷ ᠣᠯᠠᠨ | ᠲᠦᠮᠡᠨ ᠤ ᠬᠤᠪᠢ ᠪᠡᠶ᠎ᠡ ᠶᠢᠨ ᠠᠰᠢᠭ ᠲᠤᠰᠠ ᠶᠢ ᠰᠠᠶᠢᠲᠤᠷ ᠬᠠᠮᠠᠭᠠᠯᠠᠬᠤ ᠬᠡᠷᠡᠭᠲᠡᠢ ᠬᠡᠪᠡ᠃ | ᠬᠤᠷᠠᠯ ᠠᠴᠠ ᠪᠠᠰᠠ ᠬᠠᠣᠯᠢ ᠳᠦᠷᠢᠮ ᠢ ᠵᠦᠷᠢᠴᠡᠨ ᠭᠠᠵᠠᠷ ᠬᠡᠷᠡᠭᠯᠡᠭᠰᠡᠨ ᠠᠰᠠᠭᠤᠳᠠᠯ ᠤᠨ ᠴᠡᠭᠴᠡᠯᠡᠯᠲᠡ ᠶᠢᠨ ᠠᠵᠢᠯ ᠢ ᠰᠣᠳᠣᠯᠪᠠ᠃ | ᠬᠤᠰᠢᠭᠤ ᠣᠳᠣᠷᠢᠳᠣᠯᠭ᠎ᠠ ᠴᠢᠦ ᠯᠢᠨ᠂ ᠰᠢᠦᠸᠡᠢ ᠵᠤᠤ ᠰᠢᠩ᠂ ᠶᠢᠦ ᠵᠢᠶᠡᠨ ᠴᠢᠩ᠂ ᠳ᠋ᠣᠸᠡᠨ ᡁᠢ ᠴᠢᠶᠠᠩ᠂ ᠹᠧᠩ ᠴᠦᠨ ᠬᠤᠸᠠ᠂ ᠱᠠᠩᠬᠠᠢ ᠶᠢᠨ ᠰᠦᠮ᠎ᠡ | ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠣᠳᠣᠷᠢᠳᠣᠯᠭ᠎ᠠ ᠵᠢᠶᠠ ᠰᠢᠶᠠᠩ ᠪᠢᠩ ᠬᠤᠷᠠᠯ ᠳᠤ ᠣᠷᠣᠯᠴᠠᠪᠠ᠃ |