4 ᠰᠠᠷ᠎ᠠ ᠶᠢᠨ 8 ᠤ ᠡᠳᠤᠷ᠂ ᠪᠦᠬᠦ ᠬᠤᠰᠢᠭᠤᠨ ᠤ ᠠᠮᠢ ᠠᠬᠤᠢ ᠤᠷᠴᠢᠨ ᠬᠠᠮᠠᠭᠠᠯᠠᠯᠳᠠ ᠶᠢᠨ ᠬᠤᠷᠠᠯ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ | ᠱᠦᠵᠢ ᠸᠠᠩ ᠢᠦᠢ ᠴᠢᠶᠠᠩ ᠬᠤᠷᠠᠯ ᠳᠤ ᠤᠷᠤᠯᠴᠠᠨ ᠶᠠᠷᠢᠶ᠎ᠠ ᠳᠠᠯᠪᠢᠪᠠ᠃ | ᠸᠠᠩ ᠢᠦᠢ ᠴᠢᠶᠠᠩ᠂ ᠤᠯᠤᠰ ᠲᠦᠷᠤ ᠶᠢᠨ ᠵᠤᠭᠰᠤᠴᠠ ᠪᠠᠨ ᠳᠡᠬᠡᠭᠰᠢᠯᠡᠬᠦᠯᠤᠨ᠂ ᠡᠬᠦᠷᠬᠡᠯᠡᠯ ᠬᠠᠷᠢᠭᠤᠴᠠᠯᠭ᠎ᠠ ᠪᠠᠨ ᠪᠠᠳᠤ ᠡᠬᠦᠷᠬᠡᠯᠡᠵᠤ᠂ ᠠᠮᠢ ᠠᠬᠤᠢ | ᠤᠷᠴᠢᠨ ᠬᠠᠮᠠᠭᠠᠯᠠᠯᠳᠠ ᠶᠢᠨ ︽ᠦᠵᠡᠯ ᠰᠠᠨᠠᠭᠠᠨ ᠤ ᠬᠦᠪᠴᠢ︾ ᠪᠠᠨ ᠢᠮᠠᠭᠳᠠ ᠴᠢᠩᠭᠠᠤᠨᠬᠠᠬᠤ ᠬᠡᠷᠡᠭᠳᠠᠢ᠃ ᠠᠮᠢ ᠠᠬᠤᠢ ᠤᠷᠴᠢᠨ ᠬᠠᠮᠠᠭᠠᠯᠠᠯᠳᠠ ᠶᠢᠨ ᠠᠵᠢᠯ | ᠢ ᠰᠠᠶᠢᠳᠤᠷ ᠬᠢᠬᠦ ᠬᠠᠷᠢᠭᠤᠴᠠᠯᠭᠠᠳᠤ ᠰᠡᠤᠨᠬᠢᠯᠬᠡ ᠪᠠ ᠡᠬᠦᠷᠬᠡᠯᠡᠯᠳᠤ ᠤᠪᠤᠷ ᠢᠶᠠᠨ ᠦᠨᠡᠨᠬᠦ ᠴᠢᠩᠭᠠᠤᠨᠬᠠᠨ᠂ ᠬᠦᠨᠳᠤ ᠨᠤᠴᠢᠳᠠᠢ ᠪᠠᠶᠢᠳᠠᠯ ᠢᠶᠠᠨ ᠬᠦᠨᠵᠡᠬᠡᠢ ᠳᠠᠨᠢᠵᠤ | ᠠᠵᠢᠯ ᠤᠨ ᠱᠠᠭᠠᠷᠳᠠᠯᠭ᠎ᠠ ᠪᠠᠨ ᠤᠨᠤᠪᠴᠢᠳᠠᠢ ᠡᠵᠡᠮᠳᠡᠨ ᠠᠵᠢᠯ ᠤᠨ ᠡᠬᠦᠷᠬᠡ ᠪᠠᠨ ᠵᠦᠢᠯ ᠳᠠᠷᠠᠭᠠᠯᠠᠨ ᠲᠦᠯᠤᠪᠵᠢᠬᠦᠯᠵᠤ᠂ ᠠᠮᠢ ᠠᠬᠤᠢ ᠤᠷᠴᠢᠨ ᠬᠠᠮᠠᠭᠠᠯᠠᠯᠳᠠ | ᠶᠢᠨ ᠡᠯ᠎ᠡ ᠲᠦᠷᠤᠯ ᠤᠨ ᠠᠵᠢᠯ ᠪᠤᠳᠠᠳᠤ ᠪᠦᠳᠤᠮᠵᠢ ᠤᠯᠬᠤ ᠶᠢ ᠭᠤᠶᠢᠪᠢᠰᠢ ᠦᠬᠡᠢ ᠠᠬᠢᠭᠤᠯᠬᠤ ᠬᠡᠷᠡᠭᠳᠠᠢ᠃ ᠠᠰᠠᠭᠤᠳᠠᠯ ᠤᠨ ᠤᠳᠤᠷᠢᠳᠤᠮᠵᠢ ᠶᠢ ᠳᠤᠪᠤᠶᠢᠯᠭᠠᠨ᠂ | ᠴᠡᠭᠴᠡᠯᠡᠯᠳᠠ ᠵᠠᠰᠠᠯᠳᠠ ᠪᠠᠨ ᠰᠠᠶᠢᠳᠤᠷ ᠠᠤᠨᠬᠤᠵᠤ᠂ ᠠᠮᠢ ᠠᠬᠤᠢ ᠤᠷᠴᠢᠨ ᠬᠠᠮᠠᠭᠠᠯᠠᠯᠳᠠ ᠶᠢᠨ ᠰᠠᠨᠠᠭᠠᠴᠢᠯᠠᠭᠠᠳᠤ ᠠᠵᠢᠯ ᠢ ᠪᠦᠬᠦ ᠬᠦᠴᠤᠨ ᠢᠶᠠᠷ ᠰᠠᠶᠢᠳᠤᠷ ᠬᠢᠬᠦ | ᠬᠡᠷᠡᠭᠳᠠᠢ᠃ ᠦᠤᠨᠳᠡᠷ ᠬᠦᠳᠡᠯᠤᠯᠴᠡᠨ ᠦᠪᠡᠷᠳᠡᠬᠡᠨ ᠪᠠᠶᠢᠴᠠᠭᠠᠵᠤ ᠦᠪᠡᠷᠳᠡᠬᠡᠨ ᠵᠠᠯᠠᠷᠠᠭᠤᠯᠤᠨ᠂ ᠠᠮᠢ ᠠᠬᠤᠢ ᠤᠷᠴᠢᠨ ᠳᠤᠭᠤᠷᠢᠨ ᠤ ᠠᠰᠠᠭᠤᠳᠠᠯ ᠤᠨ | ᠪᠠᠶᠢᠴᠠᠭᠠᠯᠳᠠ ᠶᠢᠨ ᠠᠵᠢᠯ ᠢ ᠬᠦᠨᠵᠡᠬᠡᠢ ᠨᠠᠷᠢᠯᠢᠭ ᠬᠢᠬᠦ ᠬᠡᠷᠡᠭᠳᠠᠢ᠃ ᠱᠠᠭᠠᠷᠳᠠᠨ ᠪᠠᠶᠢᠴᠠᠭᠠᠯᠳᠠ ᠠᠴᠠ ᠤᠷᠢᠳᠠᠢ ᠵᠠᠯᠠᠷᠠᠭᠤᠯᠤᠨ᠂ ᠪᠠᠶᠢᠴᠠᠭᠠᠬᠤ ᠶᠢᠨ ᠳᠠᠭᠠᠤ | ᠵᠠᠯᠠᠷᠠᠭᠤᠯᠵᠤ᠂ ᠬᠦᠴᠤᠳᠠᠢ ᠠᠷᠭ᠎ᠠ ᠠᠪᠴᠠᠯ ᠢ ᠠᠰᠢᠭᠯᠠᠨ ᠲᠦᠢᠯᠪᠤᠷᠢᠳᠠᠢ ᠴᠡᠭᠴᠡᠯᠡᠨ ᠵᠠᠯᠠᠷᠠᠭᠤᠯᠬᠤ ᠬᠡᠷᠡᠭᠳᠠᠢ᠃ ᠨᠢᠬᠡ ᠠᠴᠠ ᠨᠦᠬᠦᠬᠡ ᠶᠢ ᠵᠦᠢᠴᠢᠯᠡᠨ ᠤᠷᠳᠤ | ᠬᠤᠭᠤᠴᠠᠭᠠᠨ ᠤ ᠳᠠᠭᠠᠭᠠᠮᠠᠭᠠᠢ ᠳᠤᠭᠳᠠᠴᠠ ᠶᠢ ᠪᠦᠷᠢᠯᠳᠤᠬᠦᠯᠵᠤ᠂ ᠰᠤᠯᠠᠷᠠᠰᠢ ᠦᠬᠡᠢ ᠵᠤᠷᠢᠭ ᠰᠠᠨᠠᠭ᠎ᠠ ᠪᠠᠷ ᠠᠰᠠᠭᠤᠳᠠᠯ ᠤᠨ ᠲᠦᠢᠯᠪᠤᠷᠢᠳᠠᠢ ᠰᠢᠢᠤᠨᠪᠤᠷᠢᠯᠡᠯᠳᠠ ᠶᠢ | ᠬᠢᠨᠠᠨ ᠠᠬᠢᠭᠤᠯᠬᠤ ᠬᠡᠷᠡᠭᠳᠠᠢ᠃ ᠭᠤᠤᠯᠳᠠᠯᠭᠠᠳᠤ ᠡᠬᠦᠷᠬᠡ ᠳᠤ ᠠᠩᠬᠠᠷᠤᠯ ᠢᠶᠠᠨ ᠬᠠᠨᠳᠤᠭᠤᠯᠤᠨ᠂ ᠴᠢᠩᠭ᠎ᠠ ᠠᠤᠨᠬᠤᠵᠤ ᠴᠢᠩᠭ᠎ᠠ ᠬᠠᠮᠢᠶᠠᠷᠤᠨ ᠴᠢᠩᠭ᠎ᠠ ᠵᠠᠰᠠᠵᠤ᠂ | ᠠᠮᠢ ᠠᠬᠤᠢ ᠤᠷᠴᠢᠨ ᠬᠠᠮᠠᠭᠠᠯᠠᠯᠳᠠ ᠶᠢᠨ ︽ᠠᠮᠢ ᠨᠠᠰᠤᠨ ᠤ ᠱᠤᠭᠤᠮ︾ ᠢ ᠪᠠᠳᠤ ᠰᠠᠬᠢᠬᠤ ᠬᠡᠷᠡᠭᠳᠠᠢ᠃ ᠡᠯᠡᠰᠤ ᠶᠢ ᠰᠡᠷᠬᠡᠶᠢᠯᠡᠨ ᠵᠠᠰᠠᠬᠤ ᠳᠤ ᠦᠤᠨᠳᠠᠷ | ᠬᠦᠳᠡᠯᠤᠯᠴᠡᠨ᠂ ᠤᠰᠤ ᠠᠷᠪᠢᠯᠠᠬᠤ ᠠᠵᠢᠯᠯᠠᠭ᠎ᠠ ᠳᠤ ᠪᠦᠳᠤᠮᠵᠢ ᠭᠠᠷᠭᠠᠵᠤ᠂ ᠤᠢ ᠰᠢᠭᠤᠢ ᠨᠤᠳᠤᠭ ᠪᠡᠯᠴᠢᠬᠡᠷ ᠤᠨ ᠬᠠᠮᠠᠭᠠᠯᠠᠯᠳᠠ ᠳᠤ ᠪᠤᠳᠠᠳᠠᠢ ᠠᠵᠢᠯᠯᠠᠨ᠂ | ᠬᠠᠳᠠᠭᠤ ᠪᠡᠶᠡᠳᠤ ᠬᠠᠶᠠᠭᠳᠠᠮᠠᠯ ᠪᠤᠳᠠᠰ ᠤᠨ ᠰᠢᠢᠤᠨᠪᠤᠷᠢᠯᠡᠯᠳᠠ ᠳᠤ ᠴᠢᠩᠭ᠎ᠠ ᠠᠷᠭ᠎ᠠ ᠠᠪᠴᠠᠯ ᠠᠪᠴᠤ᠂ ᠵᠡᠷᠬᠡᠪᠡᠷ ᠠᠤᠨᠬᠤᠨ ᠬᠠᠮᠳᠤ ᠪᠠᠷ ᠬᠠᠮᠢᠶᠠᠷᠴᠤ᠂ | ᠬᠤᠯᠪᠤᠭᠠᠯᠠᠨ ᠬᠠᠮᠳᠤ ᠪᠠᠷ ᠵᠠᠰᠠᠬᠤ ᠤᠬᠢ ᠰᠠᠶᠢᠨ ᠪᠠᠶᠢᠳᠠᠯ ᠢ ᠪᠦᠷᠢᠯᠳᠤᠬᠦᠯᠬᠦ ᠬᠡᠷᠡᠭᠳᠠᠢ᠃ ᠬᠠᠷᠢᠭᠤᠴᠠᠯᠭ᠎ᠠ ᠶᠢᠨ ᠬᠡᠯᠬᠢᠶᠡᠵᠢᠯ ᠢ ᠴᠢᠩᠭᠠᠤᠨᠬᠠᠨ ᠠᠵᠢᠯ ᠤᠨ ᠬᠠᠮ | ᠬᠦᠴᠤ ᠶᠢ ᠪᠦᠷᠢᠯᠳᠤᠬᠦᠯᠵᠤ᠂ ᠠᠮᠢ ᠠᠬᠤᠢ ᠤᠷᠴᠢᠨ ᠬᠠᠮᠠᠭᠠᠯᠠᠯᠳᠠ ᠶᠢᠨ ᠪᠦᠬᠦᠶᠢᠯᠡ ᠴᠤᠭᠴᠠ ᠶᠢᠨ ᠠᠵᠢᠯ ᠢ ᠦᠨᠡᠨᠬᠦ ᠰᠠᠶᠢᠳᠤᠷ ᠬᠢᠬᠦ ᠬᠡᠷᠡᠭᠳᠠᠢ᠃ ᠡᠯ᠎ᠡ ᠬᠠᠮᠢᠶ᠎ᠠ | ᠪᠦᠬᠦᠢ ᠰᠢᠶᠠᠨ ᠤ ᠳᠡᠰ ᠤᠨ ᠤᠳᠤᠷᠢᠳᠤᠯᠭ᠎ᠠ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭᠠᠨ ᠤ ᠡᠯ᠎ᠡ ᠡᠬᠦᠷᠬᠡ ᠶᠢᠨ ᠨᠠᠶᠢᠳᠠᠪᠤᠷᠢᠵᠢᠭᠤᠯᠤᠯᠳᠠ | ᠪᠤᠳᠠᠳᠠᠶᠢᠵᠢᠭᠤᠯᠤᠯᠳᠠ ᠪᠠᠨ ᠨᠢᠬᠡᠳᠤᠯᠳᠠᠢ ᠲᠦᠯᠤᠪᠵᠢᠬᠦᠯᠤᠨ ᠰᠠᠶᠢᠳᠤᠷ ᠠᠤᠨᠬᠤᠬᠤ ᠬᠡᠷᠡᠭᠳᠠᠢ᠃ ᠬᠤᠰᠢᠭᠤ ᠠᠮᠢ ᠠᠬᠤᠢ ᠤᠷᠴᠢᠨ ᠳᠤᠭᠤᠷᠢᠨ ᠤ ᠬᠤᠪᠢᠶᠠᠷᠢ | ᠳᠤᠪᠴᠢᠶ᠎ᠠ ᠳᠤᠯᠤᠭᠠᠶᠢᠯᠠᠨ ᠶᠠᠷᠤᠩᠬᠡᠶᠢᠯᠡᠨ ᠠᠤᠨᠬᠤᠬᠤ᠂ ᠨᠢᠬᠡᠳᠤᠯᠳᠠᠢ ᠲᠦᠯᠤᠪᠵᠢᠬᠦᠯᠤᠨ ᠵᠤᠬᠢᠴᠠᠭᠤᠯᠬᠤ᠂ ᠬᠢᠨᠠᠯᠳᠠ ᠳᠠᠯᠪᠢᠨ ᠬᠠᠮᠢᠶᠠᠷᠬᠤ ᠴᠢᠳᠠᠪᠬᠢ ᠪᠠᠨ | ᠰᠠᠶᠢᠳᠤᠷ ᠪᠠᠳᠠᠷᠠᠭᠤᠯᠬᠤ ᠬᠡᠷᠡᠭᠳᠠᠢ︔ ᠡᠯ᠎ᠡ ᠪᠠᠯᠭᠠᠰᠤ ᠬᠠᠷᠢᠶᠠᠳᠤ ᠭᠠᠵᠠᠷ ᠤᠨ ᠬᠠᠷᠢᠭᠤᠴᠠᠯᠭ᠎ᠠ ᠪᠠ ᠳᠠᠭᠠᠭᠠᠴᠢᠯᠠᠵᠤ ᠪᠠᠶᠢᠭ᠎ᠠ ᠬᠠᠷᠢᠭᠤᠴᠠᠯᠭ᠎ᠠ ᠪᠠᠨ ᠪᠦᠬᠦ ᠳᠠᠯ᠎ᠠ | ᠪᠠᠷ ᠰᠠᠶᠢᠳᠤᠷ ᠬᠡᠷᠡᠭᠵᠢᠬᠦᠯᠬᠦ ᠬᠡᠷᠡᠭᠳᠠᠢ︔ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠳᠤᠰ ᠠᠵᠢᠯ ᠲᠦᠷᠤᠯ ᠳᠤᠰ ᠬᠦᠷᠢᠶ᠎ᠡ ᠴᠠᠷᠠᠭᠠᠨ ᠤ ᠠᠮᠢ ᠠᠬᠤᠢ | ᠤᠷᠴᠢᠨ ᠳᠤᠭᠤᠷᠢᠨ ᠤ ᠵᠠᠰᠠᠯᠳᠠ ᠶᠢᠨ ᠠᠵᠢᠯ ᠢᠶᠠᠨ ᠳᠡᠷᠢᠬᠦᠯᠡᠨ ᠰᠠᠶᠢᠳᠤᠷ ᠠᠤᠨᠬᠤᠵᠤ᠂ ᠠᠮᠢ ᠠᠬᠤᠢ ᠤᠷᠴᠢᠨ ᠬᠠᠮᠠᠭᠠᠯᠠᠯᠳᠠ ᠶᠢᠨ ᠰᠢᠨ᠎ᠠ ᠰᠢᠪᠳᠤᠯᠤᠯᠳᠠ ᠤᠯᠬᠤ | ᠶᠢ ᠪᠦᠬᠦ ᠬᠦᠴᠤᠨ ᠢᠶᠠᠷ ᠠᠬᠢᠭᠤᠯᠤᠨ᠂ ᠭᠠᠷᠮᠠᠭᠠᠶᠢᠯᠠᠨ ᠳᠠᠪᠰᠢᠬᠤ ᠤᠳᠤᠭ ᠤᠨ ᠡᠮᠤᠨᠡᠳᠤ ᠬᠤᠰᠢᠭᠤᠨ ᠤ ᠭᠤᠴᠤ ᠰᠢᠨ᠎ᠠ ᠬᠠᠭᠤᠳᠠᠰᠤ ᠶᠢ ᠴᠢᠷᠮᠠᠶᠢᠨ ᠵᠢᠷᠤᠭᠯᠠᠬᠤ | ᠬᠡᠷᠡᠭᠳᠠᠢ ᠬᠡᠪᠡ᠃ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠬᠤᠰᠢᠭᠤ ᠳᠠᠷᠤᠭ᠎ᠠ ᠶᠠᠩ ᠶᠢᠩ ᠰᠢᠨ ᠬᠤᠷᠠᠯ ᠡᠷᠬᠢᠯᠡᠪᠡ᠃ ᠳᠠᠷᠠ᠂ ᠰᠢ ᠶᠢᠨ | ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠪᠠ ᠳᠡᠬᠡᠳᠤ ᠱᠠᠳᠤᠨ ᠤ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠬᠦᠨᠵᠡᠬᠡᠢ ᠳᠤᠤᠱᠯᠠᠭᠤᠯᠤᠨ | ᠨᠠᠶᠢᠳᠠᠪᠤᠷᠢᠵᠢᠭᠤᠯᠵᠤ᠂ ᠠᠮᠢ ᠠᠬᠤᠢ ᠤᠷᠴᠢᠨ ᠬᠠᠮᠠᠭᠠᠯᠠᠯᠳᠠ ᠶᠢᠨ ᠤᠯᠤᠰ ᠲᠦᠷᠤ ᠶᠢᠨ ᠬᠠᠷᠢᠭᠤᠴᠠᠯᠭ᠎ᠠ ᠪᠠᠨ ᠪᠠᠳᠤ ᠡᠬᠦᠷᠬᠡᠯᠡᠨ᠂ ᠭᠤᠤᠯᠳᠠᠯᠭᠠᠳᠤ ᠬᠦᠷᠢᠶ᠎ᠡ | ᠴᠠᠷᠠᠭᠠᠨ ᠳᠤ ᠠᠩᠬᠠᠷᠤᠯ ᠢᠶᠠᠨ ᠲᠦᠪᠯᠡᠷᠡᠬᠦᠯᠵᠤ᠂ ᠠᠰᠠᠭᠤᠳᠠᠯ ᠤᠨ ᠴᠡᠭᠴᠡᠯᠡᠯᠳᠠ ᠶᠢ ᠲᠦᠷᠬᠡᠤᠨᠬᠡᠨ ᠪᠦᠬᠦ ᠳᠠᠯ᠎ᠠ ᠪᠠᠷ ᠳᠠᠪᠳᠠᠨ ᠬᠢᠨᠠᠵᠤ ᠪᠦᠬᠦᠶᠢᠯᠡ ᠴᠤᠭᠴᠠ ᠶᠢᠨ | ᠦᠵᠡᠯ ᠰᠠᠨᠠᠭ᠎ᠠ ᠪᠠᠨ ᠪᠠᠳᠤᠤᠨᠬᠠᠨ᠂ ᠬᠠᠷᠢᠶᠠᠳᠤ ᠭᠠᠵᠠᠷ ᠤᠨ ᠬᠠᠮᠢᠶᠠᠷᠤᠯᠳᠠ ᠬᠠᠷᠢᠭᠤᠴᠠᠯᠭ᠎ᠠ᠂ ᠰᠠᠯᠠᠭ᠎ᠠ ᠮᠦᠴᠢᠷ ᠤᠨ ᠬᠢᠨᠠᠯᠳᠠ ᠬᠠᠮᠢᠶᠠᠷᠤᠯᠳᠠ ᠶᠢᠨ | ᠬᠠᠷᠢᠭᠤᠴᠠᠯᠭ᠎ᠠ ᠪᠠ ᠠᠵᠤ ᠠᠬᠤᠶᠢᠯᠠᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠠᠮᠢ ᠠᠬᠤᠢ ᠤᠷᠴᠢᠨ ᠬᠠᠮᠠᠭᠠᠯᠠᠯᠳᠠ ᠶᠢᠨ | ᠪᠤᠳᠠᠳᠤ ᠪᠦᠳᠤᠮᠵᠢ ᠪᠠᠷ ᠲᠦᠷᠪᠡᠨ ᠤᠷᠤᠨ ᠤ ᠪᠠᠶᠢᠭᠤᠯᠤᠯᠳᠠ ᠶᠢᠨ ᠳᠡᠰ ᠳᠠᠪᠰᠢᠯᠳᠠ ᠳᠤ ᠬᠦᠴᠤᠨ ᠨᠡᠮᠡᠷᠢᠯᠡᠬᠦ ᠬᠡᠷᠡᠭᠳᠠᠢ ᠬᠡᠪᠡ᠃ | ᠬᠤᠷᠠᠯ ᠠᠴᠠ ᠪᠦᠬᠦ ᠤᠯᠤᠰ᠂ ᠪᠦᠬᠦ ᠤᠷᠤᠨ᠂ ᠪᠦᠬᠦ ᠬᠤᠳᠠ ᠶᠢᠨ ᠠᠮᠢ ᠠᠬᠤᠢ ᠤᠷᠴᠢᠨ ᠬᠠᠮᠠᠭᠠᠯᠠᠯᠳᠠ ᠶᠢᠨ ᠬᠠᠮᠢᠶ᠎ᠠ ᠪᠦᠬᠦᠢ ᠬᠤᠷᠠᠯ ᠤᠨ ᠵᠤᠷᠢᠭ ᠰᠠᠨᠠᠭ᠎ᠠ᠂ | ᠦᠪᠡᠷᠳᠡᠬᠡᠨ ᠵᠠᠰᠠᠬᠤ ᠤᠷᠤᠨ ᠤ ︽ᠨᠠᠢᠮᠠᠨ ᠵᠦᠢᠯ ᠤᠨ ᠭᠤᠤᠯᠳᠠᠯᠭᠠᠳᠤ ᠡᠬᠦᠷᠬᠡ ᠶᠢ ᠪᠦᠬᠦ ᠳᠠᠯ᠎ᠠ ᠪᠠᠷ ᠰᠠᠶᠢᠳᠤᠷ ᠨᠠᠶᠢᠳᠠᠪᠤᠷᠢᠵᠢᠭᠤᠯᠬᠤ ᠳᠤᠬᠠᠢ ᠮᠡᠳᠡᠭᠳᠡᠯ︾ ᠤᠨ | ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠳᠤ ᠪᠦᠬᠦ ᠬᠤᠰᠢᠭᠤᠨ ᠤ ᠠᠮᠢ ᠠᠬᠤᠢ ᠤᠷᠴᠢᠨ ᠬᠠᠮᠠᠭᠠᠯᠠᠯᠳᠠ ᠶᠢᠨ ᠭᠤᠤᠯᠳᠠᠯᠭᠠᠳᠤ ᠠᠵᠢᠯ ᠤᠨ ᠪᠠᠶᠢᠳᠠᠯ | ᠢ ᠨᠡᠶᠢᠳᠡᠯᠡᠵᠤ᠂ ᠱᠠᠩᠬᠠᠢ ᠶᠢᠨ ᠰᠦᠮ᠎ᠠ ᠠᠵᠤ ᠠᠬᠤᠢ ᠶᠢᠨ ᠨᠡᠬᠡᠬᠡᠯᠳᠠ ᠶᠢᠨ ᠤᠷᠤᠨ᠂ ᠤᠯᠵᠠᠴᠢ ᠪᠠᠯᠭᠠᠰᠤ᠂ ᠱᠠᠩᠬᠠᠢ ᠶᠢᠨ ᠰᠦᠮ᠎ᠠ ᠪᠠᠯᠭᠠᠰᠤ᠂ ᠪᠤᠷᠤᠪᠠᠯᠭᠠᠰᠤ | ᠪᠠᠯᠭᠠᠰᠤ᠂ ᠨᠠᠩᠰᠤ ᠪᠠᠯᠭᠠᠰᠤ᠂ ᠮᠠᠯ ᠳᠠᠷᠢᠶᠠᠯᠠᠩ ᠪᠠ ᠤᠰᠤᠨ ᠠᠰᠢᠭᠯᠠᠯᠳᠠ ᠶᠢᠨ ᠳᠤᠪᠴᠢᠶ᠎ᠠ᠂ ᠤᠢ ᠰᠢᠭᠤᠢ ᠨᠤᠳᠤᠭ ᠪᠡᠯᠴᠢᠬᠡᠷ ᠤᠨ ᠳᠤᠪᠴᠢᠶ᠎ᠠ᠂ ᠠᠮᠢ ᠠᠬᠤᠢ | ᠤᠷᠴᠢᠨ ᠳᠤᠭᠤᠷᠢᠨ ᠤ ᠬᠤᠪᠢᠶᠠᠷᠢ ᠳᠤᠪᠴᠢᠶ᠎ᠠ ᠳᠡᠰ ᠳᠠᠷᠠᠭᠠᠯᠠᠨ ᠤᠪᠤᠷ ᠢᠶᠠᠨ ᠢᠯᠡᠤᠨᠬᠡᠬᠦ ᠶᠠᠷᠢᠶ᠎ᠠ ᠳᠠᠯᠪᠢᠪᠠ᠃ | ᠬᠤᠰᠢᠭᠤ ᠲᠦᠷᠪᠡᠨ ᠶᠡᠭᠡ ᠤᠳᠤᠷᠢᠤᠨᠬᠤ ᠪᠠᠭ᠂ ᠰᠢᠬᠦᠬᠦ ᠬᠤᠷᠢᠶ᠎ᠠ᠂ ᠱᠠᠩᠬᠠᠢ ᠶᠢᠨ ᠰᠦᠮ᠎ᠠ ᠠᠵᠤ ᠠᠬᠤᠢ ᠶᠢᠨ ᠨᠡᠬᠡᠬᠡᠯᠳᠠ ᠶᠢᠨ ᠤᠷᠤᠨ ᠤ ᠬᠠᠮᠢᠶ᠎ᠠ ᠪᠦᠬᠦᠢ | ᠰᠢᠶᠠᠨ ᠤ ᠳᠡᠰ ᠤᠨ ᠤᠳᠤᠷᠢᠳᠤᠯᠭ᠎ᠠ᠂ ᠡᠯ᠎ᠡ ᠪᠠᠯᠭᠠᠰᠤ᠂ ᠬᠤᠰᠢᠭᠤ ᠰᠢᠭᠤᠤᠨ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ᠂ ᠤᠯᠤᠰ ᠤᠨ ᠦᠮᠴᠢᠯᠡᠯᠳᠤ ᠠᠵᠤ | ᠠᠬᠤᠶᠢᠯᠠᠯ ᠤᠨ ᠭᠤᠤᠯ ᠬᠠᠷᠢᠭᠤᠴᠠᠯᠭᠠᠳᠠᠨ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠤᠳᠤᠷᠢᠤᠨᠬᠤ ᠪᠠᠭ ᠤᠨ ᠪᠦᠷᠢᠯᠳᠤᠬᠦᠨ᠂ ᠳᠤᠬᠠᠶᠢᠯᠠᠭᠰᠡᠨ ᠠᠵᠢᠯ ᠤᠨ | ᠳᠠᠰᠤᠭ ᠤᠨ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃ |