4 ᠰᠠᠷ᠎ᠠ ᠶᠢᠨ 8 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠤᠷᠠᠯ ᠬᠤᠷᠠᠯᠳᠣᠪᠠ᠃ ᠬᠤᠰᠢᠭᠤ ᠨᠠᠮ ᠤᠨ ᠬᠤᠷᠢᠶ᠎ᠠ ᠶᠢᠨ | ᠱᠦᠵᠢ ᠸᠠᠩ ᠢᠦᠢ ᠴᠢᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠪᠠ᠃ | ᠸᠠᠩ ᠢᠦᠢ ᠴᠢᠶᠠᠩ᠂ ᠨᠠᠮ ᠤᠨ ᠲᠦᠪ ᠬᠤᠷᠢᠶ᠎ᠠ ᠠᠴᠠ ᠨᠡᠶᠢᠭᠡᠮ ᠤᠨ ᠠᠵᠢᠯ ᠤᠨ ᠰᠠᠯᠠᠭ᠎ᠠ ᠮᠦᠴᠢᠷ ᠢ ᠪᠠᠶᠢᠭᠤᠯᠣᠭᠰᠠᠨ ᠪᠠᠶᠢᠯᠳᠣᠬᠤ ᠪᠣᠳᠣᠯᠭ᠎ᠠ ᠶᠢᠨ | ᠪᠣᠳᠣᠯᠬᠢᠯᠠᠯ ᠪᠣᠯᠣᠨ ᠨᠡᠶᠢᠭᠡᠮ ᠤᠨ ᠠᠵᠢᠯ ᠢ ᠰᠠᠶᠢᠳᠦᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠨ᠂ ᠶᠡᠷᠦᠩᠬᠡᠢ ᠱᠦᠵᠢ ᠰᠢ ᠶᠢᠨ ᠫᠢᠩ ᠤᠨ | ᠨᠡᠶᠢᠭᠡᠮ ᠤᠨ ᠠᠵᠢᠯ ᠤᠨ ᠲᠣᠬᠠᠢ ᠴᠢᠬᠤᠯᠠ ᠦᠭᠦᠯᠡᠮᠵᠢ ᠪᠣᠯᠣᠨ ᠴᠢᠬᠤᠯᠠ ᠵᠢᠭᠠᠪᠦᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠰᠣᠷᠣᠯᠴᠠᠨ ᠲᠣᠣᠱᠯᠠᠭᠤᠯᠵᠣ᠂ ᠰᠢᠨ᠎ᠡ | ᠴᠠᠭ ᠦᠶ᠎ᠡ ᠶᠢᠨ ᠨᠡᠶᠢᠭᠡᠮ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠪᠠᠶᠢᠷᠢ ᠲᠣᠭᠳᠠᠭᠠᠯᠳᠠ᠂ ᠡᠭᠦᠷᠭᠡ ᠬᠠᠷᠢᠭᠤᠴᠠᠯᠭ᠎ᠠ᠂ ᠦᠨᠳᠦᠰᠦᠨ ᠵᠠᠷᠴᠢᠮ᠂ ᠦᠷᠳᠡᠭ | ᠤᠨ ᠬᠠᠨᠳᠣᠰᠢ᠂ ᠭᠦᠭᠵᠢᠯᠳᠡ ᠶᠢᠨ ᠴᠢᠭᠯᠡᠯ᠂ ᠦᠨᠳᠦᠰᠦᠨ ᠪᠠᠳᠣᠯᠠᠭ᠎ᠠ ᠵᠡᠷᠭᠡ ᠶᠢ ᠪᠠᠳᠦ ᠡᠵᠡᠮᠳᠡᠨ᠂ ᠵᠣᠷᠢᠭᠳᠠᠢ ᠪᠠᠷ ᠦᠢᠯᠡᠳᠦᠯᠭᠡᠵᠢᠭᠦᠯᠦᠨ ᠰᠦᠪᠡᠭᠴᠢᠯᠡᠵᠣ᠂ | ᠡᠭᠦᠷᠭᠡ ᠬᠠᠷᠢᠭᠤᠴᠠᠯᠭ᠎ᠠ ᠪᠠᠨ ᠯᠠᠪᠳᠠᠭᠤᠨ ᠪᠠᠳᠣᠳᠠᠢ ᠭᠦᠢᠴᠡᠳᠬᠡᠨ᠂ ᠰᠢᠨ᠎ᠡ ᠴᠠᠭ ᠦᠶ᠎ᠡ ᠶᠢᠨ ᠭᠠᠷᠮᠠᠭᠠᠶᠢᠯᠠᠨ ᠲᠠᠪᠰᠢᠬᠤ ᠣᠳᠤᠭ ᠤᠨ ᠡᠮᠦᠨᠡᠳᠦ ᠬᠤᠰᠢᠭᠤᠨ ᠤ | ᠨᠡᠶᠢᠭᠡᠮ ᠤᠨ ᠠᠵᠢᠯ ᠤᠨ ᠴᠢᠨᠠᠷᠯᠢᠭ ᠬᠦᠭᠵᠢᠯᠳᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠳᠡᠢ ᠭᠡᠪᠡ᠃ | ᠸᠠᠩ ᠢᠦᠢ ᠴᠢᠶᠠᠩ᠂ ᠰᠢᠨ᠎ᠡ ᠪᠠᠷ ᠮᠠᠨᠳᠣᠭᠰᠠᠨ ᠬᠦᠷᠢᠶ᠎ᠡ ᠬᠡᠪᠴᠢᠶᠡᠨ ᠤ ᠨᠠᠮ ᠤᠨ ᠪᠠᠶᠢᠭᠤᠯᠣᠯᠳᠠ ᠶᠢᠨ ᠨᠢᠭᠳᠠᠷᠠᠯ ᠤᠨ ᠬᠦᠴᠦᠨ ᠢ ᠦᠷᠭᠡᠳᠬᠡᠨ | ᠴᠢᠩᠭᠠᠳᠬᠠᠬᠤ ᠬᠡᠷᠡᠭᠳᠡᠢ᠃ ᠵᠣᠬᠢᠶᠠᠨ ᠪᠠᠶᠢᠭᠤᠯᠣᠯᠳᠠ ᠶᠢᠨ ᠪᠠᠶᠢᠷᠢᠯᠠᠭᠤᠯᠣᠯᠳᠠ ᠶᠢᠨ ᠰᠢᠨ᠎ᠡ ᠶᠢ ᠡᠭᠦᠳᠦᠨ᠂ ᠠᠵᠢᠯ ᠤᠨ ᠠᠷᠭ᠎ᠠ ᠠᠪᠴᠠᠯ ᠢᠶᠠᠨ ᠪᠠᠶᠠᠯᠢᠭᠵᠢᠭᠤᠯᠵᠣ᠂ | ᠦᠢᠯᠠᠳᠣᠯ ᠢᠶᠠᠨ ᠪᠠᠳᠠᠷᠠᠭᠤᠯᠬᠤ ᠶᠢ ᠵᠢᠯᠣᠭᠤᠳᠣᠨ᠂ ᠰᠢᠨ᠎ᠡ ᠪᠠᠷ ᠬᠦᠭᠵᠢᠭᠰᠡᠨ ᠬᠦᠷᠢᠶ᠎ᠡ ᠴᠠᠷᠠᠭᠠᠨ ᠤ ᠡᠯ᠎ᠡ ᠲᠦᠷᠦᠯ ᠤᠨ ᠬᠠᠮᠳᠣᠯᠢᠭ ᠡᠷᠡᠰ ᠴᠢᠩᠭ᠎ᠠ ᠭᠤᠶᠢᠪᠢᠰᠢ | ᠦᠭᠡᠢ ᠪᠠᠷ ᠨᠠᠮ ᠳᠤ ᠪᠠᠨ ᠲᠠᠯᠠᠷᠬᠠᠵᠣ᠂ ᠨᠠᠮ ᠤᠨ ᠦᠭᠡ ᠶᠢ ᠰᠣᠨᠣᠰᠣᠨ᠂ ᠨᠠᠮ ᠢᠶᠠᠨ ᠲᠠᠭᠠᠬᠤ ᠶᠢ ᠵᠢᠯᠣᠭᠤᠳᠬᠤ ᠬᠡᠷᠡᠭᠳᠡᠢ᠃ ᠰᠠᠭᠤᠷᠢ ᠪᠠᠨ ᠪᠠᠳᠣᠳᠬᠠᠨ᠂ ᠨᠠᠮ | ᠤᠨ ᠪᠠᠶᠢᠭᠤᠯᠣᠯᠳᠠ ᠶᠢᠨ ᠦᠨᠳᠦᠰᠦᠨ ᠱᠠᠳᠣᠨ ᠤ ᠵᠠᠰᠠᠯᠳᠠ ᠶᠢ ᠵᠢᠯᠣᠭᠤᠳᠬᠤ ᠲᠠᠶᠢᠴᠢᠯᠠᠬᠤ ᠬᠦᠴᠦᠨ ᠢ ᠲᠡᠭᠡᠭᠰᠢᠯᠡᠭᠦᠯᠬᠦ ᠬᠡᠷᠡᠭᠳᠡᠢ᠃ ᠦᠨᠳᠦᠰᠣᠨ ᠱᠠᠳᠣᠨ ᠤ | ᠲᠠᠷᠣᠭᠠᠰᠦ ᠶᠢ ᠬᠦᠩᠭᠡᠷᠡᠭᠦᠯᠬᠦ ᠶᠢ ᠴᠢᠩᠭᠠᠳᠬᠠᠨ᠂ ᠡᠷᠦᠢ ᠬᠤᠷᠣᠢ ᠦᠵᠡᠭᠳᠡᠯ ᠢ ᠦᠷᠭᠦᠯᠵᠢᠯᠡᠨ ᠵᠠᠯᠠᠷᠠᠭᠤᠯᠣᠨ ᠵᠠᠰᠠᠵᠣ᠂ ᠵᠦᠷᠢᠴᠡᠯ ᠰᠢᠢᠳᠪᠦᠷᠢᠯᠡᠭᠦ ᠶᠢ | ᠭᠦᠨᠵᠡᠭᠡᠶᠢᠷᠡᠭᠦᠯᠣᠨ᠂ ᠨᠠᠮ ᠤᠨ ᠪᠠᠶᠢᠭᠤᠯᠣᠯᠳᠠ ᠶᠢᠨ ᠦᠨᠳᠦᠰᠦᠨ ᠱᠠᠳᠣᠨ ᠤ ᠵᠠᠰᠠᠯᠳᠠ ᠶᠢᠨ ᠠᠵᠢᠯ ᠢ ᠵᠢᠯᠣᠭᠤᠳᠬᠤ ᠪᠦᠳᠦᠮᠵᠢ ᠪᠠᠨ ᠲᠠᠰᠣᠷᠠᠯᠳᠠ ᠦᠭᠡᠢ | ᠲᠡᠭᠡᠭᠰᠢᠯᠡᠭᠦᠯᠬᠦ ᠬᠡᠷᠡᠭᠳᠡᠢ᠃ ᠠᠷᠠᠳ ᠲᠦᠮᠡᠨ ᠳᠤ ᠠᠰᠢᠭ ᠵᠢᠷᠭᠠᠯ ᠬᠦᠷᠳᠡᠭᠡᠨ᠂ ᠣᠯᠠᠨ ᠲᠦᠮᠡᠨ ᠳᠤ ᠦᠢᠯᠡᠴᠢᠯᠡᠭᠦ ᠠᠵᠢᠯ ᠤᠨ ︽ᠲᠦᠪᠯᠡᠷᠡᠩᠬᠦᠢ ᠬᠦᠴᠦᠨ︾ | ᠢᠶᠠᠨ ᠪᠠᠳᠠᠷᠠᠭᠤᠯᠬᠤ ᠬᠡᠷᠡᠭᠳᠡᠢ᠃ ᠣᠯᠠᠨ ᠲᠦᠮᠡᠨ ᠤ ᠬᠦᠮᠦᠵᠢᠯ ᠢ ᠦᠷᠭᠦᠯᠵᠢ ᠴᠢᠩᠭᠠᠳᠬᠠᠨ᠂ ᠠᠷᠠᠳ ᠲᠦᠮᠡᠨ ᠤ ᠰᠠᠨᠠᠭᠤᠯᠭ᠎ᠠ ᠶᠢ ᠴᠣᠭᠯᠠᠭᠤᠯᠵᠣ᠂ ᠰᠠᠶᠢᠨ | ᠲᠣᠷ᠎ᠠ ᠶᠢᠨ ᠦᠢᠯᠡᠴᠢᠯᠡᠭᠡ ᠶᠢ ᠯᠠᠪᠳᠠᠭᠤᠨ ᠰᠠᠶᠢᠳᠦᠷ ᠬᠢᠵᠣ᠂ ᠦᠨᠳᠦᠰᠦᠨ ᠱᠠᠳᠣᠨ ᠤ ᠠᠷᠠᠳ ᠣᠯᠠᠨ ᠢ ᠡᠭᠦᠷᠢᠳᠡ ᠨᠠᠮ ᠤᠨ ᠲᠣᠭᠤᠷᠢᠨ ᠳᠤ ᠨᠢᠭᠳᠠᠷᠠᠨ | ᠪᠦᠯᠬᠦᠮᠳᠡᠭᠦᠯᠬᠦ ᠬᠡᠷᠡᠭᠳᠡᠢ ᠬᠡᠷᠡᠭᠳᠡᠢ᠃ ᠬᠠᠷᠢᠭᠤᠴᠠᠯᠭ᠎ᠠ ᠪᠠᠨ ᠨᠠᠶᠢᠳᠠᠪᠦᠷᠢᠵᠢᠭᠤᠯᠣᠨ᠂ ᠵᠡᠷᠭᠡ ᠪᠠᠷ ᠠᠳᠬᠤᠵᠣ ᠬᠠᠮᠳᠦ ᠪᠠᠷ ᠬᠠᠮᠢᠶᠠᠷᠬᠤ ᠨᠡᠶᠢᠭᠡᠮ ᠤᠨ ᠠᠵᠢᠯ ᠤᠨ | ︽ᠪᠠᠳᠣᠯᠠᠭ᠎ᠠ ᠶᠢᠨ ᠬᠦᠴᠦᠨ︾ ᠢ ᠨᠢᠭᠳᠠᠷᠠᠭᠤᠯᠬᠤ ᠬᠡᠷᠡᠭᠳᠡᠢ᠃ ᠨᠡᠶᠢᠭᠡᠮ ᠤᠨ ᠠᠵᠢᠯ ᠤᠨ ᠰᠢᠰᠲ᠋ᠧᠮ ᠪᠣᠯᠣᠨ ᠠᠵᠢᠯ ᠤᠨ ᠲᠣᠭᠳᠠᠴᠠ ᠶᠢ ᠦᠷᠭᠦᠯᠵᠢᠯᠡᠨ | ᠪᠠᠶᠢᠭᠤᠯᠣᠨ ᠲᠡᠭᠦᠯᠳᠡᠷᠵᠢᠭᠦᠯᠵᠣ᠂ ᠬᠤᠰᠢᠭᠤ ᠨᠠᠮ ᠤᠨ ᠬᠤᠷᠢᠶ᠎ᠠ ᠨᠢᠭᠡᠳᠦᠯᠳᠡᠢ ᠣᠳᠣᠷᠢᠳᠬᠤ᠂ ᠬᠤᠰᠢᠭᠤ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ | ᠬᠡᠯᠳᠡᠰ ᠨᠢᠭᠡᠳᠦᠯᠳᠡᠢ ᠲᠦᠯᠦᠪᠵᠢᠭᠦᠯᠦᠨ ᠵᠣᠬᠢᠴᠠᠭᠤᠯᠬᠤ᠂ ᠡᠯ᠎ᠡ ᠱᠠᠳᠣᠨ ᠤ ᠡᠯ᠎ᠡ ᠰᠠᠯᠠᠭ᠎ᠠ ᠮᠦᠴᠢᠷ ᠬᠠᠮᠵᠢᠯᠴᠠᠬᠤ᠂ ᠪᠦᠬᠦ ᠨᠡᠶᠢᠭᠡᠮ ᠢᠶᠠᠷ ᠢᠶᠠᠨ ᠬᠠᠮᠳᠦ ᠪᠠᠷ | ᠪᠠᠶᠢᠭᠤᠯᠣᠨ ᠬᠠᠮᠳᠦ ᠡᠳ᠋ᠯᠡᠭᠦ ᠠᠵᠢᠯ ᠤᠨ ᠪᠠᠶᠢᠳᠠᠯ ᠤᠨ ᠪᠦᠷᠢᠯᠳᠦᠯ ᠢ ᠲᠦᠷᠭᠡᠳᠬᠡᠬᠦ ᠬᠡᠷᠡᠭᠳᠡᠢ ᠬᠡᠪᠡ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠡᠶᠢᠭᠡᠮ ᠤᠨ ᠠᠵᠢᠯ ᠤᠨ ᠴᠢᠬᠤᠯᠠ ᠵᠢᠭᠠᠪᠦᠷᠢ ᠶᠢᠨ ᠵᠣᠷᠢᠭ ᠰᠠᠨᠠᠭ᠎ᠠ᠂ ᠲᠦᠪ ᠬᠤᠷᠢᠶᠠᠨ ᠤ ᠨᠠᠶᠢᠭᠡᠮ | ᠤᠨ ᠠᠵᠢᠯ ᠤᠨ ᠬᠤᠷᠠᠯ᠂ ᠪᠦᠬᠦ ᠣᠯᠣᠰ ᠤᠨ ᠨᠡᠶᠢᠭᠡᠮ ᠤᠨ ᠠᠵᠢᠯ ᠤᠨ ᠬᠡᠯᠳᠡᠰ ᠤᠨ ᠲᠠᠷᠤᠭ᠎ᠠ ᠶᠢᠨ ᠬᠤᠷᠠᠯ ᠤᠨ ᠵᠣᠷᠢᠭ ᠰᠠᠨᠠᠭ᠎ᠠ᠂ ᠦᠪᠡᠷᠳᠡᠭᠡᠨ ᠵᠠᠰᠠᠬᠤ ᠣᠷᠣᠨ | ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠣᠯᠠᠮᠵᠢᠯᠠᠪᠠ᠃ ᠪᠣᠷᠣᠪᠠᠯᠭᠠᠰᠣ | ᠪᠠᠯᠭᠠᠰᠣ᠂ ᠠᠷᠠᠳ ᠤᠨ ᠶᠠᠪᠣᠳᠠᠯ ᠤᠨ ᠲᠣᠪᠴᠢᠶ᠎ᠠ᠂ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠠ ᠶᠢᠨ ᠲᠣᠪᠴᠢᠶ᠎ᠠ᠂ ᠣᠯᠵᠠᠴᠢ ᠪᠠᠯᠭᠠᠰᠣᠨ ᠤ ᠢᠦᠢ ᠼᠠᠢ | ᠨᠡᠶᠢᠭᠡᠮ ᠲᠣᠭᠤᠷᠢᠭ ᠤᠨ ᠬᠢᠨ ᠶᠠᠷᠢᠯᠴᠠᠭ᠎ᠠ ᠬᠢᠪᠠ᠃ | ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠳᠡᠰ ᠤᠨ ᠲᠠᠷᠤᠭ᠎ᠠ ᠸᠠᠩ ᠬᠤᠣ ᠷᠠᠨ ᠬᠤᠷᠠᠯ ᠡᠷᠬᠢᠯᠡᠨ᠂ | ᠬᠤᠰᠢᠭᠤ ᠣᠳᠣᠷᠢᠳᠣᠯᠭ᠎ᠠ ᠭᠤᠣ ᠢᠦᠢ᠂ ᠭᠤᠸᠠᠨ ᠫᠢᠩ᠂ ᠰᠢᠦᠢ ᠬᠤᠣ ᠪᠥᠸᠧ᠂ ᠭᠤᠣ ᠶᠠᠨ ᠵᠢᠴᠢ ᠡᠯ᠎ᠡ ᠪᠠᠯᠭᠠᠰᠣ᠂ ᠬᠤᠰᠢᠭᠤ ᠰᠢᠭᠤᠳ ᠬᠠᠷᠢᠶ᠎ᠠ ᠡᠯ᠎ᠡ | ᠰᠠᠯᠠᠭ᠎ᠠ ᠮᠦᠴᠢᠷ ᠵᠢᠴᠢ ᠡᠯ᠎ᠡ ᠠᠷᠠᠳ ᠤᠨ ᠪᠦᠯᠬᠦᠮ ᠤᠨ ᠭᠤᠣᠯ ᠬᠠᠷᠢᠭᠤᠴᠠᠯᠭᠠᠳᠠᠳ᠂ ᠬᠤᠰᠢᠭᠤ ︽ᠬᠤᠶᠠᠷ ᠰᠢᠨ᠎ᠡ︾ ᠠᠵᠢᠯ ᠤᠨ ᠵᠦᠪᠯᠡᠯ ᠤᠨ ᠬᠠᠷᠢᠶᠠᠳᠦ | ᠨᠠᠮ ᠤᠨ ᠵᠣᠬᠢᠶᠠᠨ ᠪᠠᠶᠢᠭᠤᠯᠣᠯᠳᠠ ᠵᠢᠴᠢ ᠬᠤᠰᠢᠭᠤᠨ ᠤ ᠬᠡᠰᠡᠭ ᠭᠤᠣᠯᠳᠠᠯᠭ᠎ᠠ ᠲᠠᠢ ᠨᠡᠶᠢᠳᠡ ᠶᠢᠨ ᠦᠮᠴᠢᠯᠡᠯ ᠤᠨ ᠪᠣᠰᠣ ᠠᠵᠣ ᠠᠬᠤᠶᠢᠯᠠᠯ᠂ ᠬᠤᠰᠢᠭᠤ ᠱᠠᠳᠣᠨ | ᠤ ᠠᠵᠢᠯ ᠲᠦᠷᠦᠯ ᠤᠨ ᠨᠡᠶᠢᠭᠡᠮᠯᠢᠭ ᠬᠤᠳᠠᠯᠳᠣᠭᠠᠨ ᠤ ᠡᠪᠯᠡᠯ ᠤᠨ ᠲᠦᠯᠦᠭᠡᠯᠡᠭᠴᠢ᠂ ᠬᠡᠰᠡᠭ ᠰᠢᠨ᠎ᠡ ᠪᠠᠷ ᠠᠵᠢᠯ ᠣᠯᠣᠭᠰᠠᠨ ᠬᠦᠮᠦᠰ᠂ ᠰᠠᠶᠢᠨ ᠲᠣᠷ᠎ᠠ ᠶᠢᠨ | ᠦᠢᠯᠡᠴᠢᠯᠡᠭᠡᠨ ᠤ ᠵᠣᠬᠢᠶᠠᠨ ᠪᠠᠶᠢᠭᠤᠯᠣᠯᠳᠠ᠂ ᠨᠡᠶᠢᠭᠡᠮ ᠤᠨ ᠠᠵᠢᠯ ᠤᠨ ᠪᠠᠶᠢᠭᠤᠯᠣᠮᠵᠢ᠂ ᠨᠡᠶᠢᠭᠡᠮ ᠤᠨ ᠠᠵᠢᠯ ᠤᠨ ᠴᠢᠳᠠᠪᠦᠷᠢᠳᠠᠨ ᠤ ᠲᠦᠯᠦᠭᠡᠯᠡᠭᠴᠢ᠂ ᠬᠤᠰᠢᠭᠤ | ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠳᠡᠰ᠂ ᠣᠯᠣᠰ ᠲᠦᠷᠦ ᠬᠠᠣᠯᠢ ᠴᠠᠭᠠᠵᠠ ᠶᠢᠨ ᠵᠦᠪᠯᠡᠯ ︵ᠶᠡᠷᠦᠩᠬᠡᠶᠢᠯᠡᠭᠰᠡᠨ ᠵᠠᠰᠠᠯᠳᠠ ᠶᠢᠨ ᠲᠦᠪ︶᠂ | ᠬᠤᠰᠢᠭᠤ ᠵᠠᠬᠢᠳᠠᠯ ᠰᠣᠷᠪᠣᠯᠵᠢᠯᠠᠭ᠎ᠠ ᠶᠢᠨ ᠲᠣᠪᠴᠢᠶ᠎ᠠ ᠶᠢᠨ ᠣᠳᠣᠷᠢᠳᠬᠤ ᠪᠠᠭ ᠤᠨ ᠪᠦᠷᠢᠯᠳᠦᠭᠦᠨ ᠬᠤᠷᠠᠯ ᠳᠤ ᠣᠷᠣᠯᠴᠠᠪᠠ᠃ |