ᠶᠠᠩ ᠶᠢᠩ ᠰᠢᠨ ᠪᠦᠬᠦ ᠬᠤᠰᠢᠭᠤᠨ ᠤ ᠠᠮᠢ ᠠᠬᠤᠢ ᠣᠷᠴᠢᠨ ᠬᠠᠮᠠᠭᠠᠯᠠᠯᠳᠠ ᠶᠢᠨ ᠶᠡᠭᠡ ᠪᠠᠶᠢᠴᠠᠭᠠᠯᠳᠠ ᠶᠡᠭᠡ ᠴᠡᠭᠴᠡᠯᠡᠯᠳᠡ ᠶᠢᠨ ᠲᠣᠰᠬᠠᠢ ᠲᠦᠷᠦᠯ ᠤᠨ ᠠᠵᠢᠯᠯᠠᠭᠠᠨ ᠤ ᠠᠬᠢᠭᠤᠯᠣᠯᠳᠠ ᠶᠢᠨ ᠬᠤᠷᠠᠯ ᠬᠤᠷᠠᠯᠳᠣᠭᠤᠯᠣᠨ ᠱᠠᠭᠠᠷᠳᠠᠨ ᠪᠠᠶᠢᠴᠠᠭᠠᠯᠳᠠ ᠦᠷᠨᠢᠭᠦᠯᠪᠡ
ᠨᠡᠶᠢᠲᠡᠯᠡᠭᠰᠡᠨ ᠴᠠᠭ᠄
2025/5/12
     5 ᠰᠠᠷ᠎ᠠ ᠶᠢᠨ 10 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠲᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠲᠠᠷᠤᠭ᠎ᠠ᠂ ᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ ᠶᠢᠨ ᠣᠷᠣᠨ ᠤ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠶᠠᠩ ᠶᠢᠩ ᠰᠢᠨ ᠪᠦᠬᠦ ᠬᠤᠰᠢᠭᠤᠨ ᠤ ᠠᠮᠢ ᠠᠬᠤᠢ ᠣᠷᠴᠢᠨ ᠬᠠᠮᠠᠭᠠᠯᠠᠯᠳᠠ ᠶᠢᠨ ᠶᠡᠭᠡ ᠪᠠᠶᠢᠴᠠᠭᠠᠯᠳᠠ ᠶᠡᠭᠡ ᠴᠡᠭᠴᠡᠯᠡᠯᠳᠡ ᠶᠢᠨ ᠲᠣᠰᠬᠠᠢ ᠲᠦᠷᠦᠯ ᠤᠨ ᠠᠵᠢᠯᠯᠠᠭᠠᠨ ᠤ ᠠᠬᠢᠭᠤᠯᠣᠯᠳᠠ ᠶᠢᠨ ᠬᠤᠷᠠᠯ ᠬᠤᠷᠠᠯᠳᠣᠭᠤᠯᠣᠨ᠂ ᠬᠤᠳᠠ ᠶᠢᠨ ᠠᠵᠢᠯ ᠤᠨ ᠪᠠᠶᠢᠷᠢᠯᠠᠭᠤᠯᠣᠯᠳᠠ ᠱᠠᠭᠠᠷᠳᠠᠯᠭ᠎ᠠ ᠶᠢ ᠣᠯᠠᠮᠵᠢᠯᠠᠨ ᠰᠣᠷᠣᠯᠴᠠᠵᠣ᠂ ᠬᠠᠮᠳᠦ ᠪᠠᠷ ᠰᠡᠷᠡᠮᠵᠢᠯᠡᠭᠦᠯᠬᠦ ᠹᠢᠯᠢᠮ ᠦᠵᠡᠨ᠂ ᠪᠦᠬᠦ ᠬᠤᠰᠢᠭᠤᠨ ᠤ ᠡᠯ᠎ᠡ ᠲᠦᠷᠦᠯ ᠤᠨ ᠣᠷᠴᠢᠨ ᠬᠠᠮᠠᠭᠠᠯᠠᠯᠳᠠ ᠶᠢᠨ ᠠᠰᠠᠭᠤᠳᠠᠯ ᠤᠨ ᠴᠡᠭᠴᠡᠯᠡᠯᠳᠡ ᠶᠢᠨ ᠪᠠᠶᠢᠳᠠᠯ ᠢ ᠰᠣᠨᠣᠰᠴᠦ᠂ ᠣᠷᠣᠰᠢᠵᠣ ᠪᠠᠶᠢᠭ᠎ᠠ ᠠᠰᠠᠭᠤᠳᠠᠯ ᠬᠦᠷᠦᠯᠴᠡᠭᠦ ᠲᠠᠯ᠎ᠠ ᠪᠠᠨ ᠮᠠᠭᠠᠳᠯᠠᠵᠣ ᠵᠠᠳᠠᠯᠣᠨ᠂ ᠲᠠᠷᠠᠭ᠎ᠠ ᠠᠯᠬᠤᠮ ᠤᠨ ᠠᠵᠢᠯ ᠢᠶᠠᠨ ᠪᠠᠶᠢᠷᠢᠯᠠᠭᠤᠯᠪᠠ᠃
1.jpg
     ᠶᠠᠩ ᠶᠢᠩ ᠰᠢᠨ᠂ ᠠᠮᠢ ᠠᠬᠤᠢ ᠣᠷᠴᠢᠨ ᠬᠠᠮᠠᠭᠠᠯᠠᠯᠳᠠ ᠶᠢᠨ ᠣᠯᠣᠰ ᠲᠦᠷᠦ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠨ᠂ ᠣᠷᠣᠰᠢᠵᠣ ᠪᠠᠶᠢᠭ᠎ᠠ ᠠᠰᠠᠭᠤᠳᠠᠯ ᠢ ᠲᠡᠭᠡᠳᠦ ᠬᠡᠮᠵᠢᠶ᠎ᠡ ᠪᠠᠷ ᠰᠡᠷᠡᠮᠵᠢᠯᠡᠭᠦᠯᠵᠣ᠂ ᠭᠦᠨᠵᠡᠭᠡᠢ ᠰᠣᠷᠭᠠᠮᠵᠢ ᠪᠣᠯᠭᠠᠨ᠂ ᠲᠦᠪ ᠬᠤᠷᠢᠶ᠎ᠠ᠂ ᠦᠪᠡᠷᠳᠡᠭᠡᠨ ᠵᠠᠰᠠᠬᠤ ᠣᠷᠣᠨ᠂ ᠬᠤᠳᠠ ᠪᠣᠯᠣᠨ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠲᠦᠷᠦᠯ ᠤᠨ ᠪᠠᠶᠢᠷᠢᠯᠠᠭᠤᠯᠣᠯᠳᠠ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠦᠷᠢᠵᠢᠭᠤᠯᠵᠣ᠂ ᠪᠦᠬᠦ ᠬᠤᠰᠢᠭᠤᠨ ᠤ ᠣᠷᠴᠢᠨ ᠬᠠᠮᠠᠭᠠᠯᠠᠯᠳᠠ ᠶᠢᠨ ᠠᠵᠢᠯ ᠤᠨ ᠦᠷᠭᠦᠯᠵᠢᠭᠦᠶᠢᠴᠡ ᠲᠣᠭᠳᠠᠭᠤᠨ ᠲᠡᠭᠡᠭᠰᠢᠯᠡᠭᠦᠯᠦᠯᠳᠡ ᠶᠢ ᠪᠠᠳᠣᠯᠠᠬᠤ ᠬᠡᠷᠡᠭᠳᠡᠢ᠃ ᠣᠷᠣᠰᠢᠵᠣ ᠪᠠᠶᠢᠭ᠎ᠠ ᠠᠰᠠᠭᠤᠳᠠᠯ ᠤᠨ ᠪᠠᠶᠢᠴᠠᠭᠠᠯᠳᠠ ᠴᠡᠭᠴᠡᠯᠡᠯᠳᠡ ᠶᠢ ᠪᠦᠬᠦ ᠬᠦᠴᠦᠨ ᠢᠶᠠᠷ ᠰᠠᠶᠢᠳᠦᠷ ᠠᠳᠬᠤᠵᠣ᠂ ᠦᠨᠳᠦᠰᠦᠨ ᠱᠠᠳᠣᠨ ᠳᠤ ᠭᠦᠨᠵᠡᠭᠡᠶᠢᠷᠡᠭᠦᠯᠦᠨ᠂ ᠣᠰᠣ᠂ ᠠᠭᠠᠷ᠂ ᠬᠠᠳᠠᠭᠤ ᠪᠡᠶᠡᠳᠦ ᠬᠠᠶᠠᠭᠳᠠᠮᠠᠯ ᠪᠣᠳᠠᠰ᠂ ᠪᠠᠷᠢᠯᠭ᠎ᠠ ᠶᠢᠨ ᠬᠤᠭ ᠨᠣᠪᠰᠢ ᠵᠡᠷᠭᠡ ᠭᠤᠣᠯᠳᠠᠯᠭᠠᠳᠦ ᠲᠠᠯᠳᠠ ᠭᠡᠮ ᠤᠨ ᠲᠣᠭᠤᠷᠢᠨ ᠳᠤ ᠭᠤᠣᠯ ᠭᠤᠷᠤᠬ᠎ᠠ ᠨᠠᠭᠤᠷ ᠴᠦᠭᠦᠷᠦᠮ ᠤᠨ ᠡᠷᠬᠢ᠂ ᠪᠠᠶᠢᠭᠠᠯᠢ ᠶᠢᠨ ᠬᠠᠮᠠᠭᠠᠯᠠᠯᠳᠠ ᠶᠢᠨ ᠣᠷᠣᠨ᠂ ᠪᠡᠯᠴᠢᠭᠡᠷᠯᠡᠭᠦᠯᠬᠦ ᠶᠢ ᠬᠤᠷᠢᠭᠯᠠᠨ ᠰᠡᠯᠭᠦᠨ ᠮᠠᠯᠵᠢᠬᠤ ᠵᠡᠷᠭᠡ ᠭᠤᠣᠯᠳᠠᠯᠭᠠᠳᠦ ᠬᠦᠷᠢᠶ᠎ᠠ ᠴᠠᠷᠠᠭ᠎ᠠ ᠳᠤ ᠶᠡᠭᠡ ᠪᠠᠶᠢᠴᠠᠭᠠᠯᠳᠠ ᠶᠡᠭᠡ ᠴᠡᠭᠴᠡᠯᠡᠯᠳᠡ ᠦᠷᠨᠢᠭᠦᠯᠵᠣ᠂ ᠬᠢᠨᠠᠯᠳᠠ ᠬᠠᠮᠢᠶᠠᠷᠣᠯᠳᠠ ᠶᠢᠨ ᠪᠠᠯᠠᠢ ᠣᠷᠣᠨ ᠢ ᠡᠷᠡᠰ ᠠᠷᠢᠯᠭᠠᠨ᠂ ᠠᠮᠢ ᠠᠬᠤᠢ ᠣᠷᠴᠢᠨ ᠬᠠᠮᠠᠭᠠᠯᠠᠯᠳᠠ ᠶᠢᠨ ᠠᠵᠢᠯ ᠢ ᠪᠣᠳᠠᠳᠠᠢ ᠨᠠᠶᠢᠳᠠᠪᠦᠷᠢᠵᠢᠭᠤᠯᠣᠨ ᠦᠷ᠎ᠡ ᠪᠦᠳᠦᠮᠵᠢ ᠭᠠᠷᠭᠠᠬᠤ ᠬᠡᠷᠡᠭᠳᠡᠢ᠃ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠭᠦ᠂ ᠨᠢᠭᠡ ᠪᠠᠶᠢᠷᠢ ᠬᠤᠣᠰ ᠬᠠᠷᠢᠭᠤᠴᠠᠯᠭ᠎ᠠ ᠡᠭᠦᠷᠭᠡᠯᠡᠭᠦ᠂ ᠬᠠᠷᠢᠭᠤᠴᠠᠯᠭ᠎ᠠ ᠠᠯᠳᠠᠪᠠᠯ ᠨᠡᠭᠡᠮᠵᠢᠯᠡᠭᠦ︾ ᠪᠠ ᠠᠮᠢ ᠠᠬᠤᠢ ᠣᠷᠴᠢᠨ ᠬᠠᠮᠠᠭᠠᠯᠠᠯᠳᠠ ᠶᠢᠨ ︽ᠭᠤᠷᠪᠠᠨ ᠬᠠᠮᠢᠶᠠᠷᠣᠯᠳᠠ ᠭᠤᠷᠪᠠᠨ ᠡᠷᠬᠡᠪᠰᠢ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠦᠷᠢᠵᠢᠭᠤᠯᠣᠨ᠂ ᠱᠠᠳᠦ ᠱᠠᠳᠦ ᠪᠠᠷ ᠡᠷᠴᠢᠮᠵᠢᠭᠦᠯᠦᠨ᠂ ᠡᠯ᠎ᠡ ᠲᠦᠷᠦᠯ ᠤᠨ ᠬᠠᠷᠢᠭᠤᠴᠠᠯᠭ᠎ᠠ ᠪᠠᠨ ᠨᠠᠶᠢᠳᠠᠪᠦᠷᠢᠵᠢᠭᠤᠯᠵᠣ᠂ ᠴᠡᠭᠴᠡᠯᠡᠯᠳᠡ ᠶᠢᠨ ᠬᠠᠷᠢᠭᠤᠴᠠᠯᠭ᠎ᠠ ᠶᠢᠨ ᠨᠠᠷᠢᠨ ᠲᠠᠩᠰᠠ ᠪᠠᠶᠢᠭᠤᠯᠣᠨ᠂ ᠠᠰᠠᠭᠤᠳᠠᠯ ᠤᠨ ᠴᠡᠭᠴᠡᠯᠡᠯᠳᠡ ᠶᠢ ᠦᠨᠡᠨᠬᠦ ᠠᠬᠢᠭᠤᠯᠵᠣ᠂  ᠠᠮᠢ ᠠᠬᠤᠢ ᠶᠢᠨ ᠠᠮᠣᠷ ᠲᠦᠪᠰᠢᠨ ᠤ ᠬᠤᠷᠢᠭ᠎ᠠ ᠱᠣᠭᠤᠮ ᠢ ᠪᠠᠳᠦ ᠰᠠᠬᠢᠨ᠂ ᠠᠮᠢ ᠠᠬᠤᠢ ᠶᠢᠨ ᠠᠮᠣᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠬᠡᠷᠡᠭᠳᠡᠢ ᠭᠡᠪᠡ᠃     ᠬᠤᠷᠠᠯ ᠤᠨ ᠲᠠᠷᠠᠭ᠎ᠠ᠂ ᠶᠠᠩ ᠶᠢᠩ ᠰᠢᠨ ᠪᠠᠶᠢᠴᠠᠭᠠᠯᠳᠠ ᠶᠢᠨ ᠪᠦᠯᠬᠦᠮ ᠲᠠᠭᠠᠭᠤᠯᠣᠨ ᠠᠮᠢ ᠠᠬᠤᠢ ᠣᠷᠴᠢᠨ ᠬᠠᠮᠠᠭᠠᠯᠠᠯᠳᠠ ᠶᠢᠨ ᠭᠤᠣᠯᠳᠠᠯᠭᠠᠳᠦ ᠴᠡᠭ ᠲᠤ ᠬᠦᠷᠴᠦ ᠬᠠᠷᠢᠭᠤ ᠲᠣᠰᠬᠠᠭᠰᠠᠨ ᠠᠰᠠᠭᠤᠳᠠᠯ ᠤᠨ ᠴᠡᠭᠴᠡᠯᠡᠯᠳᠡ᠂ ᠬᠤᠭᠤᠯᠠᠨ ᠭᠡᠷ ᠤᠨ ᠬᠠᠶᠠᠭᠳᠠᠮᠠᠯ ᠬᠠᠳᠠᠭᠤ ᠪᠡᠶᠡᠳᠦ ᠬᠤᠭ ᠨᠣᠪᠰᠢ ᠶᠢᠨ ᠰᠢᠢᠳᠪᠦᠷᠢᠯᠡᠯᠳᠡ ᠵᠡᠷᠭᠡ ᠠᠵᠢᠯ ᠤᠨ ᠪᠠᠶᠢᠳᠠᠯ ᠢ ᠱᠠᠭᠠᠷᠳᠠᠨ ᠪᠠᠶᠢᠴᠠᠭᠠᠪᠠ᠃ ᠲᠡᠷᠡ᠂ ᠠᠮᠢ ᠠᠬᠤᠢ ᠣᠷᠴᠢᠨ ᠬᠠᠮᠠᠭᠠᠯᠠᠯᠳᠠ ᠶᠢᠨ ᠶᠡᠭᠡ ᠪᠠᠶᠢᠴᠠᠭᠠᠯᠳᠠ ᠶᠡᠭᠡ ᠴᠡᠭᠴᠡᠯᠡᠯᠳᠡ ᠶᠢᠨ ᠲᠣᠰᠬᠠᠢ ᠲᠦᠷᠦᠯ ᠤᠨ ᠠᠵᠢᠯᠯᠠᠭᠠᠨ ᠢ ᠯᠠᠪᠳᠠᠭᠤᠨ ᠪᠠᠳᠣᠳᠠᠢ ᠦᠷᠨᠢᠭᠦᠯᠦᠨ᠂ ᠪᠣᠳᠠᠳᠠᠢ ᠬᠦᠴᠦᠯᠡᠨ ᠪᠠᠶᠢᠴᠠᠭᠠᠵᠣ ᠭᠠᠷᠭᠠᠭᠰᠠᠨ ᠠᠰᠠᠭᠤᠳᠠᠯ ᠪᠣᠯᠣᠨ ᠲᠠᠯᠳᠠ ᠭᠡᠮ ᠢ ᠴᠢᠩᠭ᠎ᠠ ᠪᠠᠶᠢᠴᠠᠭᠠᠨ ᠲᠣᠶᠢᠯᠪᠦᠷᠢᠳᠠᠢ ᠴᠡᠭᠴᠡᠯᠡᠵᠣ᠂ ᠪᠣᠳᠠᠳᠠᠢ ᠠᠵᠢᠯ ᠤᠨ ᠪᠦᠳᠦᠮᠵᠢ ᠭᠠᠷᠭᠠᠬᠤ ᠶᠢ ᠪᠠᠳᠣᠯᠠᠬᠤ ᠬᠡᠷᠡᠭᠳᠡᠢ᠃ ᠬᠡᠯᠪᠡᠷᠢ ᠶᠢᠨ ᠶᠠᠪᠣᠴᠠ ᠶᠢ ᠡᠷᠡᠰ ᠬᠤᠷᠢᠭᠯᠠᠨ᠂ ᠠᠮᠢ ᠠᠬᠤᠢ ᠣᠷᠴᠢᠨ ᠬᠠᠮᠠᠭᠠᠯᠠᠯᠳᠠ ᠶᠢᠨ ᠡᠯ᠎ᠡ ᠲᠦᠷᠦᠯ ᠤᠨ ᠠᠵᠢᠯ ᠤᠨ ᠡᠭᠦᠷᠭᠡ ᠶᠢ ᠨᠠᠷᠢᠨ ᠨᠠᠶᠢᠳᠠᠪᠦᠷᠢᠵᠢᠭᠤᠯᠵᠣ᠂ ᠵᠣᠬᠢᠶᠠᠨ ᠪᠠᠶᠢᠭᠤᠯᠣᠯᠳᠠ  ᠶᠢᠨ ᠪᠠᠳᠣᠯᠠᠭ᠎ᠠ ᠶᠢ ᠴᠢᠩᠭᠠᠷᠠᠭᠤᠯᠣᠨ᠂ ᠵᠣᠬᠢᠴᠠᠭᠤᠯᠭ᠎ᠠ ᠬᠠᠮᠳᠣᠷᠠᠯᠴᠠᠭ᠎ᠠ ᠪᠠᠨ ᠴᠢᠩᠭᠠᠳᠬᠠᠵᠣ᠂ ᠴᠠᠭ ᠲᠣᠬᠠᠢ ᠳᠤᠨᠢ ᠮᠦᠷᠳᠡᠨ ᠪᠠᠶᠢᠴᠠᠭᠠᠵᠣ᠂ ᠪᠠᠶᠢᠴᠠᠭᠠᠯᠳᠠ ᠴᠡᠭᠴᠡᠯᠡᠯᠳᠡ ᠶᠢᠨ ᠨᠠᠶᠢᠳᠠᠪᠦᠷᠢᠵᠢᠭᠤᠯᠣᠯᠳᠠ ᠶᠢ ᠯᠠᠪᠳᠠᠭᠤᠨ ᠪᠠᠳᠣᠳᠠᠢ ᠠᠳᠬᠤᠨ᠂ ᠠᠮᠢ ᠠᠬᠤᠢ ᠶᠢᠨ ᠠᠮᠣᠷ ᠲᠦᠪᠰᠢᠨ ᠤ ᠬᠤᠷᠢᠭ᠎ᠠ ᠱᠣᠭᠤᠮ ᠢ ᠪᠠᠳᠦ ᠰᠠᠬᠢᠬᠤ ᠬᠡᠷᠡᠭᠳᠡᠢ ᠭᠡᠪᠡ᠃
2.jpg
     ᠬᠤᠰᠢᠭᠤ ᠣᠳᠣᠷᠢᠳᠣᠯᠭ᠎ᠠ ᠹᠦ᠋ ᠺᠧ᠂ ᠶᠢᠦ ᠵᠢᠶᠠᠨ ᠴᠢᠩ᠂ ᠰᠢᠦᠢ ᠬᠤᠣ ᠪᠥᠸᠧ᠂ ᠹᠧᠩ ᠴᠦᠨ ᠬᠤᠸᠠ᠂ ᠵᠠᠩ ᡁᠢ ᠶᠥᠩ᠂ ᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ ᠶᠢᠨ ᠣᠷᠣᠨ ᠤ ᠣᠳᠣᠷᠢᠳᠣᠯᠭ᠎ᠠ ᠯᠢ ᠷᠦᠢ ᠣᠷᠣᠯᠴᠠᠪᠠ᠃
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ