ᠨᠢᠭᠡ᠂ ᠪᠷᠦ᠋ᠼᠧᠯ ᠡᠪᠡᠳᠴᠢᠨ ᠤ ᠦᠨᠳᠦᠰᠦᠨ ᠮᠡᠳᠡᠯᠭᠡ | ︵ᠨᠢᠭᠡ︶ ᠡᠪᠡᠳᠴᠢᠨ ᠡᠭᠦᠰᠬᠡᠭᠴᠢ᠄ ᠪᠷᠦ᠋ᠼᠧᠯ ᠪᠠᠺᠲ᠋ᠧᠷᠢ ᠪᠣᠯ ᠨᠢᠭᠡ ᠵᠦᠢᠯ ᠤᠨ ᠭᠧ ᠯᠠᠨ ᠣᠪᠣᠭᠲᠤ ᠶᠢᠨ ᠪᠢᠯᠢᠭ ᠴᠢᠨᠠᠷᠲᠠᠢ ᠰᠠᠪᠬᠠᠨᠴᠢᠷ ᠪᠠᠺᠲ᠋ᠧᠷᠢ ᠮᠥᠨ᠂ | ᠲᠡᠷᠡ ᠨᠢ ᠣᠯᠠᠨ ᠵᠦᠢᠯ ᠤᠨ ᠨᠢᠶᠠᠨ ᠳᠠᠷᠤᠭᠴᠢ ᠳᠤ ᠰᠡᠷᠭᠡᠭ ᠪᠣᠯᠪᠠᠴᠤ ᠠᠮᠢᠲᠠᠨ ᠤ ᠪᠡᠶ᠎ᠡ ᠳᠤ ᠤᠳᠠᠭᠠᠨ ᠴᠢᠨᠠᠷᠲᠠᠢ ᠬᠠᠯᠳᠠᠪᠤᠷᠢᠯᠠᠯ ᠡᠭᠦᠰᠬᠡᠳᠡᠭ᠃ | ︵ᠬᠤᠶᠠᠷ︶ ᠬᠠᠯᠳᠠᠪᠤᠷᠢᠯᠠᠬᠤ ᠠᠷᠭ᠎ᠠ ᠵᠠᠮ᠄ ᠪᠷᠦ᠋ᠼᠧᠯ ᠡᠪᠡᠳᠴᠢᠨ ᠭᠤᠣᠯᠳᠠᠭᠤ ᠬᠠᠯᠳᠠᠪᠤᠷᠢᠯᠠᠭᠳᠠᠭᠰᠠᠨ ᠠᠮᠢᠲᠠᠨ ᠤ ᠰᠢᠭᠦᠷᠡᠳᠡᠰᠦ᠂ ᠢᠯᠭᠠᠳᠠᠰᠤ ᠲᠠᠢ | ᠰᠢᠭᠤᠳ ᠬᠦᠷᠦᠯᠴᠡᠬᠦ ᠪᠤᠶᠤ ᠭᠦᠢᠴᠡᠳ ᠬᠠᠯᠠᠭᠠᠭᠰᠠᠨ ᠦᠭᠡᠢ ᠬᠠᠯᠳᠠᠪᠤᠷᠢᠯᠠᠭᠳᠠᠭᠰᠠᠨ ᠠᠮᠢᠲᠠᠨ ᠤ ᠠᠰᠢᠭ ᠰᠢᠮ᠎ᠡ ︵ᠵᠢᠱᠢᠶᠡᠯᠡᠪᠡᠯ ᠮᠢᠬ᠎ᠠ᠂ ᠰᠦ︶ ᠶᠢ ᠢᠳᠡᠬᠦ ᠪᠠᠷ | ᠳᠠᠮᠵᠢᠨ ᠬᠥᠮᠥᠨ ᠲᠥᠷᠥᠯᠬᠢᠲᠡᠨ ᠳᠤ ᠬᠠᠯᠳᠠᠪᠤᠷᠢᠯᠠᠨ᠎ᠠ᠃ ᠡᠭᠦᠨ ᠠᠴᠠ ᠭᠠᠳᠠᠨ᠎ᠠ᠂ ᠰᠢᠪᠠᠵᠢ ᠳᠤ ᠬᠠᠳᠬᠤᠭᠳᠠᠬᠤ ᠪᠠ ᠬᠡᠢ ᠴᠠᠪᠠᠤᠯᠢᠭ ᠠᠭᠤᠰᠤᠮᠠᠯ ᠢᠶᠠᠷ | ᠲᠠᠷᠬᠠᠬᠤ ᠨᠢ ᠴᠦ ᠪᠣᠯᠣᠮᠵᠢᠲᠠᠢ ᠠᠷᠭ᠎ᠠ ᠵᠠᠮ ᠪᠠᠶᠢᠳᠠᠭ᠃ | ︵ᠭᠤᠷᠪᠠ︶ ᠡᠮᠴᠢᠯᠡᠭᠡᠨ ᠤ ᠰᠢᠨᠵᠢ ᠲᠡᠮᠳᠡᠭ᠄ ᠦᠬᠡᠷ ᠬᠤᠨᠢ ᠪᠷᠦ᠋ᠼᠧᠯ ᠡᠪᠡᠳᠴᠢᠨ ᠳᠤ ᠨᠡᠷᠪᠡᠭᠳᠡᠭᠰᠡᠨ ᠤ ᠳᠠᠷᠠᠭ᠎ᠠ᠂ ᠬᠡᠭᠡᠯ ᠬᠠᠶᠠᠬᠤ᠂ ᠬᠡᠭᠡᠯ ᠲᠣᠭᠲᠠᠬᠤ | ᠦᠭᠡᠢ᠂ ᠲᠥᠮᠥᠰᠥᠨ ᠤ ᠦᠷᠪᠢᠰᠦᠯ᠂ ᠬᠥᠬᠦᠨ ᠪᠤᠯᠴᠢᠷᠬᠠᠢ ᠶᠢᠨ ᠦᠷᠪᠢᠰᠦᠯ ᠵᠡᠷᠭᠡ ᠡᠪᠡᠳᠴᠢᠨ ᠤ ᠢᠯᠡᠷᠡᠯ ᠲᠠᠢ ᠪᠠᠶᠢᠳᠠᠭ᠃ ᠭᠡᠪᠡᠴᠦ ᠮᠠᠰᠢ ᠣᠯᠠᠨ ᠠᠮᠢᠲᠠᠨ ᠳᠤ | ᠨᠢᠭᠤᠭᠳᠠᠮᠠᠯ ᠴᠢᠨᠠᠷᠲᠠᠢ ᠬᠠᠯᠳᠠᠪᠤᠷᠢᠯᠠᠯ ᠡᠭᠦᠰᠴᠦ ᠮᠡᠳᠡᠨ᠎ᠡ᠂ ᠳᠠᠷᠤᠢ ᠢᠯᠡᠷᠬᠡᠢ ᠡᠪᠡᠳᠴᠢᠨ ᠤ ᠢᠯᠡᠷᠡᠯ ᠦᠭᠡᠢ ᠪᠣᠯᠪᠠᠴᠤ ᠡᠪᠡᠳᠴᠢᠨ ᠡᠭᠦᠰᠬᠡᠭᠴᠢ ᠲᠠᠢ ᠪᠠᠶᠢᠳᠠᠭ᠃ | ᠬᠤᠶᠠᠷ᠂ ᠪᠷᠦ᠋ᠼᠧᠯ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ᠄ | ︵ᠨᠢᠭᠡ︶ ᠸᠠᠺᠼᠢᠨ ᠤ ᠲᠠᠷᠢᠯᠭ᠎ᠠ ᠬᠢᠨ᠎ᠡ᠃ ᠨᠢᠭᠡ ᠳᠤ ᠠᠮᠠᠷᠬᠠᠨ ᠬᠠᠯᠳᠠᠪᠤᠷᠢᠯᠠᠭᠳᠠᠳᠠᠭ ᠦᠬᠡᠷ ᠬᠤᠨᠢᠨ ᠳᠤ ᠪᠷᠦ᠋ᠼᠧᠯ ᠪᠠᠺᠲ᠋ᠧᠷᠢ ᠶᠢᠨ ᠸᠠᠺᠼᠢᠨ ᠤ | ᠲᠠᠷᠢᠯᠭ᠎ᠠ ᠬᠢᠵᠦ᠂ ᠰᠦᠷᠦᠭ ᠤᠨ ᠡᠭᠡᠯᠢᠯᠡᠭᠡ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠶᠠᠷ ᠲᠤ᠂ ᠸᠠᠺᠼᠢᠨ ᠤ ᠬᠡᠷᠡᠭᠯᠡᠬᠦ ᠠᠷᠭ᠎ᠠ ᠪᠠ ᠬᠡᠮᠵᠢᠶ᠎ᠡ ᠶᠢ ᠠᠩᠬᠠᠷᠴᠤ᠂ | ᠲᠠᠷᠢᠯᠭ᠎ᠠ ᠶᠢᠨ ᠦᠷ᠎ᠡ ᠳ᠋ᠦᠩ ᠢ ᠪᠠᠲᠤᠯᠠᠨ᠎ᠠ᠃ | ︵ᠬᠤᠶᠠᠷ︶ ᠲᠡᠵᠢᠭᠡᠨ ᠠᠷᠠᠴᠢᠯᠠᠬᠤ ᠬᠠᠮᠢᠶᠠᠷᠤᠯᠲᠠ ᠶᠢ ᠴᠢᠩᠭᠠᠳᠬᠠᠨ᠎ᠠ᠃ ᠨᠢᠭᠡ ᠳᠤ᠂ ᠲᠡᠵᠢᠭᠡᠪᠦᠷᠢ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ | ᠪᠠᠲᠤᠯᠠᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠠᠷᠢᠭᠤᠳᠬᠠᠨ᠎ᠠ᠃ ᠬᠤᠶᠠᠷ ᠲᠤ᠂ ᠰᠢᠮ᠎ᠡ ᠲᠡᠵᠢᠭᠡᠯ ᠢ ᠭᠦᠢᠴᠡᠳ ᠬᠠᠩᠭᠠᠵᠤ᠂ ᠦᠬᠡᠷ ᠬᠤᠨᠢᠨ ᠤ | ᠡᠭᠡᠯᠢᠯᠡᠭᠡ ᠶᠢᠨ ᠴᠢᠳᠠᠯ ᠢ ᠨᠡᠮᠡᠭᠳᠡᠭᠦᠯᠦᠨ᠎ᠡ᠃ | ︵ᠭᠤᠷᠪᠠ︶ ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠪᠠ ᠮᠡᠳᠡᠭᠦᠯᠦᠯᠲᠡ ᠬᠢᠨ᠎ᠡ᠃ ᠨᠢᠭᠡ ᠳᠤ ᠦᠬᠡᠷ ᠬᠤᠨᠢᠨ ᠳᠤ ᠲᠣᠭᠲᠠᠮᠠᠯ ᠬᠤᠭᠤᠴᠠᠭ᠎ᠠ ᠲᠠᠢ ᠪᠠᠷ | ᠪᠷᠦ᠋ᠼᠧᠯ ᠡᠪᠡᠳᠴᠢᠨ ᠤ ᠰᠢᠯᠭᠠᠨ ᠪᠠᠶᠢᠴᠠᠭᠠᠯᠲᠠ ᠬᠢᠵᠦ᠂ ᠬᠠᠯᠳᠠᠪᠤᠷᠢᠯᠠᠭᠳᠠᠭᠰᠠᠨ ᠠᠮᠢᠲᠠᠨ ᠢ ᠴᠠᠭ ᠲᠤᠬᠠᠢ ᠳᠤᠨᠢ ᠢᠯᠡᠷᠡᠭᠦᠯᠬᠦ ᠪᠠ ᠰᠢᠢᠳᠪᠦᠷᠢᠯᠡᠨ᠎ᠡ᠃ | ᠬᠤᠶᠠᠷ ᠲᠤ ᠬᠢᠵᠢᠭ ᠤᠨ ᠪᠠᠶᠢᠳᠠᠯ ᠢ ᠣᠯᠵᠤ ᠮᠡᠳᠡᠭᠰᠡᠨ ᠤ ᠳᠠᠷᠠᠭ᠎ᠠ᠂ ᠲᠤᠬᠠᠢ ᠶᠢᠨ ᠭᠠᠵᠠᠷ ᠤᠨ ᠮᠠᠯ ᠡᠮᠨᠡᠯᠭᠡ ᠶᠢᠨ ᠰᠠᠯᠠᠭ᠎ᠠ ᠮᠥᠴᠢᠷ ᠲᠤ ᠴᠠᠭ ᠲᠤᠬᠠᠢ ᠳᠤᠨᠢ | ᠮᠡᠳᠡᠭᠦᠯᠬᠦ ᠶᠢᠨ ᠬᠠᠮᠲᠤ ᠲᠤᠰᠠᠭᠠᠷᠯᠠᠬᠤ᠂ ᠠᠯᠠᠬᠤ ᠵᠡᠷᠭᠡ ᠠᠷᠭ᠎ᠠ ᠬᠡᠮᠵᠢᠶ᠎ᠡ ᠠᠪᠬᠤ ᠬᠡᠷᠡᠭᠲᠡᠢ᠃ | ︵ᠳᠥᠷᠪᠡ︶ ᠠᠮᠢᠳᠠᠨ ᠤ ᠰᠢᠯᠵᠢᠯᠲᠡ ᠶᠢ ᠡᠵᠡᠮᠳᠡᠨ᠎ᠡ᠃ ᠨᠢᠭᠡ ᠳᠤ᠂ ᠬᠢᠵᠢᠭᠲᠦ ᠣᠷᠣᠨ ᠠᠴᠠ ᠦᠬᠡᠷ ᠬᠤᠨᠢ ᠣᠷᠣᠭᠤᠯᠬᠤ ᠠᠴᠠ ᠵᠠᠶᠢᠯᠠᠰᠬᠢᠵᠦ᠂ ᠡᠪᠡᠳᠴᠢᠨ | ᠡᠭᠦᠰᠬᠡᠭᠴᠢ ᠶᠢᠨ ᠣᠷᠣᠵᠤ ᠢᠷᠡᠬᠦ ᠶᠢ ᠰᠡᠷᠭᠡᠶᠢᠯᠡᠨ᠎ᠡ᠃ ᠬᠤᠶᠠᠷ ᠲᠤ ᠭᠠᠳᠠᠭᠠᠳᠤ ᠠᠴᠠ ᠣᠷᠣᠭᠤᠯᠤᠭᠰᠠᠨ ᠠᠮᠢᠳᠠᠨ ᠤ ᠬᠢᠵᠢᠭ ᠢ ᠪᠠᠶᠢᠴᠠᠭᠠᠬᠤ ᠪᠠ ᠲᠤᠰᠠᠭᠠᠷᠯᠠᠨ | ᠠᠵᠢᠭᠯᠠᠬᠤ ᠶᠢ ᠴᠢᠩᠭᠠᠳᠬᠠᠨ᠎ᠠ᠃ | ︵ᠲᠠᠪᠤ︶ ᠬᠤᠪᠢ ᠬᠥᠮᠥᠨ ᠤ ᠬᠠᠮᠠᠭᠠᠯᠠᠯᠲᠠ ᠶᠢ ᠰᠠᠶᠢᠳᠤᠷ ᠬᠢᠨ᠎ᠡ᠃ ᠨᠢᠭᠡ ᠳᠤ᠂ ᠲᠡᠵᠢᠭᠡᠨ ᠦᠷᠡᠵᠢᠭᠦᠯᠦᠭᠴᠢ ᠪᠡᠭᠡᠯᠡᠢ᠂ ᠠᠮᠠᠪᠴᠢ ᠮᠡᠲᠦ ᠶᠢᠨ ᠵᠣᠬᠢᠬᠤ | ᠬᠠᠮᠠᠭᠠᠯᠠᠯᠲᠠ ᠶᠢᠨ ᠲᠥᠬᠦᠭᠡᠷᠦᠮᠵᠢ ᠶᠢ ᠡᠮᠦᠰᠴᠦ ᠵᠡᠭᠦᠵᠦ᠂ ᠠᠮᠢᠲᠠᠨ ᠤ ᠰᠢᠭᠦᠷᠡᠳᠡᠰᠦ ᠪᠠ ᠢᠯᠭᠠᠳᠠᠰᠤ ᠲᠠᠢ ᠰᠢᠭᠤᠳ ᠬᠦᠷᠦᠯᠴᠡᠬᠦ ᠠᠴᠠ ᠵᠠᠶᠢᠯᠠᠰᠬᠢᠬᠦ ᠬᠡᠷᠡᠭᠲᠡᠢ᠃ | ᠬᠤᠶᠠᠷ ᠲᠤ᠂ ᠠᠮᠢᠲᠠᠨ ᠲᠠᠢ ᠬᠦᠷᠦᠯᠴᠡᠭᠰᠡᠨ ᠤ ᠳᠠᠷᠠᠭ᠎ᠠ ᠳᠠᠷᠦ᠋ᠢᠬᠠᠨ ᠭᠠᠷ ᠢᠶᠠᠨ ᠤᠬᠢᠶᠠᠵᠤ᠂ ᠰᠠᠪᠤᠩ ᠪᠠ ᠤᠷᠤᠰᠤᠮᠠᠯ ᠤᠰᠤ ᠪᠠᠷ ᠭᠠᠷ ᠢᠶᠠᠨ ᠠᠷᠢᠭᠤᠳᠬᠠᠨ᠎ᠠ᠃ | ᠭᠤᠷᠪᠠ ᠳᠤ᠂ ᠭᠦᠢᠴᠡᠳ ᠬᠠᠯᠠᠭᠠᠭᠰᠠᠨ ᠦᠭᠡᠢ ᠮᠢᠬᠠᠨ ᠤ ᠵᠦᠢᠯ ᠪᠠ ᠴᠠᠭᠠᠨ ᠢᠳᠡᠭᠡᠨ ᠢ ᠢᠳᠡᠬᠦ ᠠᠴᠠ ᠵᠠᠶᠢᠯᠠᠰᠬᠢᠨ᠎ᠡ᠃ ᠳᠥᠷᠪᠡ ᠳᠤ ᠲᠡᠵᠢᠭᠡᠨ ᠦᠷᠡᠵᠢᠭᠦᠯᠬᠦ | ᠠᠵᠢᠯᠲᠠᠨ᠂ ᠮᠠᠯ ᠤᠨ ᠡᠮᠴᠢ ᠵᠡᠷᠭᠡ ᠠᠶᠤᠯ ᠲᠦᠭᠰᠢᠭᠦᠷᠢ ᠶᠡᠬᠡᠲᠡᠢ ᠠᠵᠢᠯ ᠮᠡᠷᠭᠡᠵᠢᠯ ᠤᠨ ᠬᠥᠮᠥᠰ ᠲᠤ ᠲᠣᠭᠲᠠᠮᠠᠯ ᠬᠤᠭᠤᠴᠠᠭ᠎ᠠ ᠲᠠᠢ ᠪᠠᠷ ᠡᠷᠡᠭᠦᠯ ᠮᠡᠨᠳᠤ ᠶᠢᠨ | ᠪᠠᠶᠢᠴᠠᠭᠠᠯᠲᠠ ᠬᠢᠵᠦ᠂ ᠨᠢᠭᠤᠭᠳᠠᠮᠠᠯ ᠬᠠᠯᠳᠠᠪᠤᠷᠢᠯᠠᠯ ᠢ ᠴᠠᠭ ᠲᠤᠬᠠᠢ ᠳᠤᠨᠢ ᠣᠯᠵᠤ ᠮᠡᠳᠡᠬᠦ ᠶᠢᠨ ᠬᠠᠮᠳᠤ ᠰᠢᠢᠳᠪᠦᠷᠢᠯᠡᠬᠦ ᠬᠡᠷᠡᠭᠲᠡᠢ᠃ |