ᠸᠠᠩ ᠢᠦᠢ ᠴᠢᠶᠠᠩ᠂ ᠶᠠᠩ ᠶᠢᠩ ᠰᠢᠨ ᠡᠮᠨᠡᠯᠬᠡ ᠶᠢᠨ ᠠᠵᠢᠯᠳᠠᠤᠨ ᠢ ᠪᠤᠯᠭᠤᠭᠠᠨ ᠳᠤᠬᠤᠨᠢᠭᠤᠯᠵᠤ᠂ ᠪᠦᠬᠦ ᠬᠤᠰᠢᠭᠤᠨ ᠤ ᠡᠮᠴᠢ ᠰᠤᠪᠢᠯᠠᠭᠴᠢᠤᠨ ᠲᠤ ᠪᠠᠶᠠᠷ ᠤᠨ ᠡᠳᠤᠷ ᠤᠨ ᠮᠡᠨᠳᠤᠴᠢᠯᠡᠯ ᠳᠡᠪᠰᠢᠬᠦᠯᠪᠡ
ᠨᠡᠶᠢᠲᠡᠯᠡᠭᠰᠡᠨ ᠴᠠᠭ᠄
2025/5/13
     114 ᠳᠠᠬᠢ ᠤᠯᠠᠨ ᠤᠯᠤᠰ ᠤᠨ ᠰᠤᠪᠢᠯᠠᠭᠴᠢ ᠶᠢᠨ ᠪᠠᠶᠠᠷ ᠬᠦᠷᠴᠤ ᠢᠷᠡᠬᠦ ᠳᠠᠰᠢᠷᠠᠮ ᠢᠶᠠᠷ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠬᠤᠰᠢᠭᠤ ᠳᠠᠷᠤᠭ᠎ᠠ ᠶᠠᠩ ᠶᠢᠩ ᠰᠢᠨ ᠰᠢᠷᠭᠠᠭᠤ ᠠᠵᠢᠯᠯᠠᠵᠤ ᠪᠠᠶᠢᠭ᠎ᠠ ᠡᠮᠨᠡᠯᠬᠡ ᠶᠢᠨ ᠠᠵᠢᠯᠳᠠᠤᠨ ᠢ ᠪᠤᠯᠭᠤᠭᠠᠨ ᠳᠤᠬᠤᠨᠢᠭᠤᠯᠬᠤ ᠶᠢᠨ ᠬᠠᠮᠳᠤ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠢ ᠲᠦᠯᠤᠬᠡᠯᠡᠨ ᠪᠦᠬᠦ ᠬᠤᠰᠢᠭᠤᠨ ᠤ ᠡᠮᠨᠡᠯᠬᠡ  ᠶᠢᠨ ᠠᠵᠢᠯᠳᠠᠤᠨ ᠲᠤ ᠪᠠᠶᠠᠷ ᠤᠨ ᠡᠳᠤᠷ ᠤᠨ ᠮᠡᠨᠳᠤᠴᠢᠯᠡᠯ ᠪᠠ ᠴᠢᠩ ᠰᠡᠤᠨᠬᠢᠯ ᠤᠨ ᠵᠦᠩᠨᠡᠯ ᠢᠶᠠᠨ ᠳᠡᠪᠰᠢᠬᠦᠯᠪᠡ᠃
1.jpg
     △ ᠸᠠᠩ ᠢᠦᠢ ᠴᠢᠶᠠᠩ ᠰᠢᠯᠢᠳᠡᠭ ᠡᠮᠨᠡᠯᠬᠡ ᠶᠢᠨ ᠠᠵᠢᠯᠳᠠᠨ ᠯᠢ ᠱᠤᠸᠠᠩ ᠴᠧᠩ ᠢ ᠪᠤᠯᠭᠤᠭᠠᠨ ᠳᠤᠬᠤᠨᠢᠭᠤᠯᠪᠠ      ᠸᠠᠩ ᠢᠦᠢ ᠴᠢᠶᠠᠩ ᠰᠢᠯᠢᠳᠡᠭ ᠡᠮᠨᠡᠯᠬᠡ ᠶᠢᠨ ᠠᠵᠢᠯᠳᠠᠨ ᠯᠢ ᠱᠤᠸᠠᠩ ᠴᠧᠩ᠂ ᠸᠠᠩ ᠨᠠ ᠨᠠ ᠶᠢᠨ ᠬᠡᠷ ᠲᠤ ᠳᠠᠳᠠᠨ ᠤ ᠠᠵᠢᠯ ᠠᠮᠢᠳᠤᠷᠠᠯ ᠤᠨ ᠪᠠᠶᠢᠳᠠᠯ ᠢ ᠨᠠᠷᠢᠯᠢᠭ ᠤᠶᠢᠯᠠᠭᠠᠨ᠂ ᠳᠠᠳᠠᠨ ᠤ ᠠᠵᠢᠯ ᠤᠨ ᠪᠠᠶᠢᠷᠢᠨ ᠳᠠᠬᠢ ᠤᠯᠠᠨ ᠵᠢᠯ ᠤᠨ ᠳᠤᠷᠰᠢᠬᠢ ᠴᠢᠩᠭ᠎ᠠ ᠪᠠᠷᠢᠮᠳᠠᠯᠠᠯ ᠪᠠ ᠰᠢᠷᠭᠠᠭᠤ ᠬᠦᠳᠡᠯᠮᠤᠷᠢ ᠳᠤ ᠴᠢᠩ ᠰᠡᠤᠨᠬᠢᠯ  ᠤᠨ ᠳᠡᠯᠠᠷᠬᠠᠯ ᠢᠶᠠᠨ ᠳᠡᠪᠰᠢᠬᠦᠯᠪᠡ᠃ ᠳᠠᠷᠠ᠂ ᠡᠮᠨᠡᠯᠬᠡ ᠶᠢᠨ ᠠᠵᠢᠯᠳᠠᠨ ᠪᠤᠯ ᠠᠷᠠᠤᠨ ᠤᠯᠠᠨ ᠤ ᠠᠮᠢ ᠨᠠᠰᠤ ᠡᠷᠡᠬᠦᠯ ᠮᠠᠨᠳᠤ ᠶᠢᠨ ᠰᠠᠬᠢᠭᠴᠢ ᠪᠤᠯᠬᠤᠷ ︽ᠠᠷᠠᠤᠨ ᠲᠦᠮᠡᠨ ᠢᠶᠠᠷ ᠭᠤᠤᠯ ᠪᠤᠯᠭᠠᠨ ᠠᠮᠢ ᠨᠠᠰᠤ ᠶᠢ ᠳᠡᠬᠡᠳᠤᠯᠡᠬᠦ︾ ᠦᠵᠡᠯᠳᠠ ᠶᠢ ᠢᠮᠠᠭᠳᠠ ᠪᠠᠷᠢᠮᠳᠠᠯᠠᠨ᠂ ᠳᠤᠬᠠᠶᠢᠯᠠᠭᠰᠡᠨ ᠠᠵᠢᠯ ᠤᠨ ᠪᠠᠶᠢᠷᠢᠨ ᠳᠤ ᠪᠠᠨ ᠰᠠᠭᠤᠷᠢᠯᠠᠨ ᠳᠤᠬᠠᠶᠢᠯᠠᠭᠰᠡᠨ ᠠᠵᠢᠯ ᠤᠨ ᠰᠤᠷᠤᠯᠴᠠᠯᠭ᠎ᠠ ᠪᠠᠨ ᠴᠢᠩᠭᠠᠤᠨᠬᠠᠵᠤ᠂ ᠡᠮᠴᠢᠯᠡᠬᠡᠨ ᠤ ᠲᠦᠪᠰᠢᠨ ᠢᠶᠠᠨ ᠳᠡᠬᠡᠭᠰᠢᠯᠡᠬᠦᠯᠤᠨ᠂ ᠨᠠᠩ ᠰᠢᠯᠢᠳᠡᠭ ᠮᠡᠷᠬᠡᠵᠢᠯ ᠳᠡᠷᠢᠬᠦᠨ ᠤ ᠦᠵᠡᠯᠳᠠ ᠴᠢᠨᠠᠷᠯᠢᠭ ᠤᠶᠢᠯᠡᠴᠢᠯᠡᠭᠡ ᠪᠠᠷ ᠢᠶᠠᠨ ᠠᠷᠠᠤᠨ ᠤᠯᠠᠨ ᠤ ᠡᠷᠡᠬᠦᠯ ᠬᠠᠮᠠᠭᠠᠯᠠᠯ ᠡᠷᠡᠬᠦᠯ ᠮᠠᠨᠳᠤ ᠶᠢᠨ ᠱᠠᠭᠠᠷᠳᠠᠯᠭ᠎ᠠ ᠶᠢ ᠨᠠᠩ ᠰᠠᠶᠢᠳᠤᠷ ᠬᠠᠩᠭᠠᠬᠤ ᠶᠢ ᠬᠦᠰᠡᠵᠤ ᠪᠠᠶᠢᠨ᠎ᠠ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤᠤᠯ ᠲᠠᠢ ᠪᠠᠨ ᠠᠳᠠᠯᠢ ᠪᠠᠷ ᠡᠮ ᠡᠮᠴᠢᠯᠡᠭᠡ ᠡᠷᠡᠬᠦᠯ ᠬᠠᠮᠠᠭᠠᠯᠠᠯ ᠤᠨ ᠤᠶᠢᠯᠡᠰ ᠤᠨ ᠬᠦᠭᠵᠢᠯᠳᠠ ᠶᠢ ᠴᠢᠬᠤᠯᠠᠴᠢᠯᠠᠨ ᠳᠡᠮᠵᠢᠵᠤ᠂ ᠳᠤᠭᠳᠠᠴᠠ ᠪᠠᠨ ᠪᠦᠷᠢᠨᠰᠢᠬᠦᠯᠤᠨ ᠳᠡᠬᠦᠯᠳᠡᠷᠵᠢᠬᠦᠯᠵᠤ ᠵᠤᠷᠢᠭᠵᠢᠭᠤᠯᠤᠯ ᠤᠨ ᠪᠠᠳᠤᠯᠠᠭ᠎ᠠ ᠪᠠᠨ ᠴᠢᠩᠭᠠᠤᠨᠬᠠᠨ᠂ ᠦᠷᠬᠡᠨ ᠤᠯᠠᠨ ᠡᠮᠨᠡᠯᠬᠡ ᠶᠢᠨ ᠠᠵᠢᠯᠳᠠᠤᠨ ᠤᠨ ᠠᠵᠢᠯ ᠬᠢᠵᠤ ᠤᠶᠢᠯᠡᠰ ᠪᠦᠳᠤᠬᠡᠬᠦ ᠳᠤ ᠨᠠᠩ ᠦᠷᠬᠡᠨ ᠳᠠᠪᠴᠠᠩ ᠬᠠᠩᠭᠠᠬᠤ ᠪᠠᠷ ᠴᠢᠷᠮᠠᠶᠢᠨ᠎ᠠ ᠬᠡᠪᠡ᠃
2.jpg
     △ ᠸᠠᠩ ᠢᠦᠢ ᠴᠢᠶᠠᠩ ᠰᠢᠯᠢᠳᠡᠭ ᠡᠮᠨᠡᠯᠬᠡ ᠶᠢᠨ ᠠᠵᠢᠯᠳᠠᠨ ᠸᠠᠩ ᠨᠠ ᠨᠠ ᠶᠢ ᠪᠤᠯᠭᠤᠭᠠᠨ ᠳᠤᠬᠤᠨᠢᠭᠤᠯᠪᠠ     ᠸᠠᠩ ᠢᠦᠢ ᠴᠢᠶᠠᠩ ᠬᠤᠰᠢᠭᠤ ᠠᠷᠠᠤᠨ ᠤᠨ ᠡᠮᠨᠡᠯᠬᠡ ᠶᠢᠨ ᠬᠤᠷᠢᠶᠠᠨ ᠳᠤ ᠬᠤᠰᠢᠭᠤᠨ ᠳᠤ ᠰᠠᠭᠤᠭ᠎ᠠ ᠳᠤᠰᠬᠠᠢ ᠮᠡᠷᠬᠡᠵᠢᠯᠳᠠᠨ —  ᠳᠤᠮᠳᠠᠳᠤ ᠤᠯᠤᠰ  ᠤᠨ ᠬᠢᠳᠠᠤᠨ ᠡᠮᠨᠡᠯᠬᠡ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠭᠤᠸᠠᠩ ᠠᠨ ᠮᠧᠨ ᠡᠮᠨᠡᠯᠬᠡ ᠶᠢᠨ ᠬᠤᠷᠢᠶᠠᠨ ᠤ ᠬᠢᠳᠠᠤᠨ ᠡᠮᠨᠡᠯᠬᠡ ᠶᠢᠨ ᠰᠠᠯᠠᠭᠠᠨ ᠤ ᠳᠡᠳ᠋ ᠡᠷᠬᠢᠯᠡᠭᠴᠢ ᠡᠮᠴᠢ ᠹᠦ᠋ ᠶᠢᠩ ᠺᠦᠨ᠂ ᠪᠡᠬᠡᠵᠢᠩ ᠤᠨ ᠴᠦᠢ ᠶᠠᠩ ᠯᠢᠦ ᠡᠮᠨᠡᠯᠬᠡ ᠶᠢᠨ ᠬᠤᠷᠢᠶᠠᠨ ᠤ ᠳᠤᠭᠤᠷᠢᠨ ᠡᠮᠴᠢᠯᠡᠬᠦ ᠳᠤᠰᠬᠠᠢ ᠮᠡᠷᠬᠡᠵᠢᠯᠳᠠᠨ ᠤ ᠪᠦᠯᠬᠦᠮ ᠢ ᠪᠤᠯᠭᠤᠭᠠᠨ ᠳᠤᠬᠤᠨᠢᠭᠤᠯᠵᠤ᠂ ᠳᠠᠳᠠᠨ ᠤ ᠤᠳᠤᠭ ᠤᠨ ᠡᠮᠤᠨᠡᠳᠤ ᠬᠤᠰᠢᠭᠤᠨ ᠤ ᠡᠷᠡᠬᠦᠯ ᠮᠠᠨᠳᠤ ᠶᠢᠨ ᠤᠶᠢᠯᠡᠰ ᠲᠤ ᠦᠵᠡᠬᠦᠯᠦᠭᠰᠡᠨ ᠬᠤᠪᠢ ᠨᠡᠮᠡᠷᠢ ᠳᠤ ᠳᠠᠯᠠᠷᠬᠠᠵᠤ ᠪᠠᠶᠢᠭ᠎ᠠ ᠪᠠᠨ ᠢᠯᠡᠤᠨᠬᠡᠪᠡ᠃ ᠳᠠᠷᠠ᠂ ᠤᠳᠤᠭ ᠤᠨ ᠡᠮᠤᠨᠡᠳᠤ ᠬᠤᠰᠢᠭᠤ ᠡᠮ ᠡᠮᠴᠢᠯᠡᠭᠡ ᠡᠷᠡᠬᠦᠯ ᠬᠠᠮᠠᠭᠠᠯᠠᠯ ᠤᠨ ᠴᠢᠳᠠᠪᠤᠷᠢᠳᠠᠨ ᠢ ᠤᠷᠤᠭᠤᠯᠤᠨ ᠠᠪᠴᠢᠷᠬᠠᠤ ᠪᠠ ᠬᠦᠮᠤᠵᠢᠬᠦᠯᠬᠦ ᠠᠵᠢᠯ ᠢ ᠳᠡᠬᠡᠳᠤ ᠬᠡᠮᠵᠢᠶ᠎ᠡ ᠪᠠᠷ ᠴᠢᠬᠤᠯᠠᠴᠢᠯᠠᠨ᠂ ᠤᠶᠢᠯᠡᠴᠢᠯᠡᠭᠡ ᠪᠠᠳᠤᠯᠠᠭ᠎ᠠ ᠶᠢᠨ ᠰᠢᠰᠲ᠋ᠧᠮ ᠢᠶᠠᠨ ᠤᠯᠠᠮ ᠨᠢᠬᠡ ᠠᠯᠬᠤᠮ ᠳᠡᠬᠦᠯᠳᠡᠷᠵᠢᠬᠦᠯᠵᠤ᠂ ᠴᠢᠳᠠᠪᠤᠷᠢᠳᠠᠨ ᠤ ᠬᠦᠭᠵᠢᠯᠳᠠ ᠶᠢᠨ ᠤᠷᠴᠢᠨ ᠢ ᠰᠢᠯᠢᠳᠡᠭᠵᠢᠬᠦᠯᠤᠨ᠂ ᠡᠮᠴᠢᠯᠡᠬᠡᠨ ᠤ ᠴᠢᠳᠠᠪᠤᠷᠢᠳᠠᠨ ᠢ ᠬᠦᠨᠳᠤᠤᠨᠬᠡᠬᠦ ᠬᠠᠯᠠᠮᠵᠢᠯᠠᠬᠤ ᠤᠶᠢᠯᠠᠭᠠᠬᠤ ᠳᠡᠮᠵᠢᠬᠦ ᠤᠬᠢ ᠰᠠᠶᠢᠨ ᠠᠭᠤᠷ ᠠᠮᠢᠰᠬᠤᠯ ᠢ ᠴᠢᠷᠮᠠᠶᠢᠨ ᠪᠦᠷᠢᠯᠳᠤᠬᠦᠯᠤᠨ᠎ᠠ᠃ ᠬᠠᠮᠳᠤ ᠳᠤ ᠨᠢ ᠡᠯ᠎ᠡ ᠳᠤᠰᠬᠠᠢ ᠮᠡᠷᠬᠡᠵᠢᠯᠳᠠᠤᠨ ᠳᠤᠰ ᠪᠡᠶ᠎ᠡ ᠶᠢᠨ ᠠᠵᠢᠯ ᠤᠨ ᠪᠠᠶᠢᠷᠢᠨ ᠳᠤ ᠪᠠᠨ ᠰᠠᠭᠤᠷᠢᠯᠠᠨ ᠠᠪᠢᠶᠠᠰ ᠴᠢᠳᠠᠪᠤᠷᠢ ᠪᠠᠨ ᠪᠠᠳᠠᠷᠠᠭᠤᠯᠵᠤ ᠤᠶᠤᠨ ᠤᠬᠠᠭᠠᠨ ᠢᠶᠠᠨ ᠡᠷᠬᠦᠨ᠂ ᠬᠤᠶᠢᠰᠢᠳᠠ ᠶᠢᠨ ᠠᠵᠢᠯ ᠳᠤᠮᠳᠠ ᠳᠠᠬᠢᠨ ᠰᠢᠯᠢᠳᠡᠭ ᠪᠦᠳᠤᠮᠵᠢ ᠡᠬᠦᠤᠨᠴᠤ᠂ ᠪᠦᠬᠦ ᠬᠤᠰᠢᠭᠤᠨ ᠤ ᠦᠷᠬᠡᠨ ᠤᠯᠠᠨ ᠠᠷᠠᠤᠨ ᠲᠦᠮᠡᠨ ᠤ ᠡᠷᠡᠬᠦᠯ ᠮᠠᠨᠳᠤ ᠶᠢ ᠪᠠᠳᠤᠯᠠᠨ ᠬᠠᠮᠠᠭᠠᠯᠠᠬᠤ ᠶᠢ ᠬᠦᠰᠡᠵᠤ ᠪᠠᠶᠢᠨ᠎ᠠ ᠬᠡᠪᠡ᠃
3.jpg
     △ ᠶᠠᠩ ᠶᠢᠩ ᠰᠢᠨ ᠡᠷᠳᠡᠨᠢᠳᠠᠯᠠᠢ ᠲᠠᠢ ᠳᠤᠳᠤᠨᠤ ᠶᠠᠷᠢᠯᠴᠠᠨ᠂ ᠬᠢᠳᠠᠤᠨ ᠮᠤᠩᠭᠤᠯ ᠡᠮᠨᠡᠯᠬᠡ ᠶᠢᠨ ᠤᠶᠠᠯᠳᠤᠯ ᠬᠦᠭᠵᠢᠯᠳᠠ ᠤᠯᠠᠮᠵᠢᠯᠠᠯ ᠤᠨ ᠪᠠᠶᠢᠳᠠᠯ ᠢ ᠤᠶᠢᠯᠠᠭᠠᠪᠠ     ᠶᠠᠩ ᠶᠢᠩ ᠰᠢᠨ ᠬᠤᠰᠢᠭᠤ ᠮᠤᠩᠭᠤᠯ ᠡᠮᠨᠡᠯᠬᠡ ᠶᠢᠨ ᠬᠤᠷᠢᠶᠠᠨ ᠤ ᠡᠮᠴᠢ ᠡᠷᠳᠡᠨᠢᠳᠠᠯᠠᠢ ᠶᠢᠨ ᠬᠢᠨ ᠳᠤ ᠳᠤᠳᠤᠨᠤ ᠶᠠᠷᠢᠯᠴᠠᠨ᠂ ᠮᠤᠩᠭᠤᠯ ᠬᠢᠳᠠᠤᠨ ᠡᠮᠨᠡᠯᠬᠡ  ᠶᠢᠨ ᠤᠶᠠᠯᠳᠤᠯ ᠬᠦᠭᠵᠢᠯᠳᠠ ᠤᠯᠠᠮᠵᠢᠯᠠᠯ ᠤᠨ ᠪᠠᠶᠢᠳᠠᠯ ᠢ ᠤᠶᠢᠯᠠᠭᠠᠨ᠂ ᠳᠡᠬᠦᠨ ᠤ ᠠᠵᠢᠯ ᠠᠮᠢᠳᠤᠷᠠᠯ ᠤᠨ ᠪᠠᠶᠢᠳᠠᠯ ᠢ ᠨᠢ ᠬᠠᠯᠠᠮᠵᠢᠯᠠᠨ ᠠᠰᠠᠭᠤᠪᠠ᠃ ᠳᠠᠷᠠ᠂ ᠬᠢᠳᠠᠤᠨ ᠮᠤᠩᠭᠤᠯ ᠡᠮᠨᠡᠯᠬᠡ ᠶᠢ ᠤᠶᠠᠯᠳᠤᠭᠤᠯᠬᠤ ᠪᠤᠯ ᠤᠯᠠᠮᠵᠢᠯᠠᠯᠳᠤ ᠡᠮᠨᠡᠯᠬᠡ ᠶᠢᠨ ᠤᠬᠠᠭᠠᠨ ᠤ ᠤᠨᠴᠠᠯᠢᠭᠳᠤ ᠳᠠᠪᠠᠭᠤᠯᠢᠭ ᠪᠤᠯᠬᠤᠷ ᠤᠨᠤᠯ ᠤᠨ ᠤᠬᠢ ᠰᠤᠳᠤ  ᠶᠢ ᠬᠦᠨᠵᠡᠬᠡᠢ ᠠᠭᠤᠳᠠᠯᠤᠨ ᠡᠮᠴᠢᠯᠡᠬᠡᠨ ᠤ ᠰᠢᠨ᠎ᠠ ᠶᠢ ᠡᠬᠦᠤᠨᠬᠦ ᠶᠢ ᠠᠬᠢᠭᠤᠯᠤᠨ ᠤᠶᠢᠯᠡᠴᠢᠯᠡᠬᠡᠨ ᠤ ᠰᠢᠰᠲ᠋ᠧᠮ ᠢᠶᠠᠨ ᠳᠡᠬᠦᠯᠳᠡᠷᠵᠢᠬᠦᠯᠬᠦ ᠬᠡᠷᠡᠭᠳᠠᠢ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠴᠢᠳᠠᠪᠤᠷᠢᠳᠠᠨ ᠤ ᠬᠦᠮᠤᠵᠢᠬᠦᠯᠤᠯᠳᠠ ᠪᠠ ᠰᠢᠨᠵᠢᠯᠡᠭᠡ ᠮᠡᠷᠬᠡᠵᠢᠯ ᠤᠨ ᠰᠤᠳᠤᠯᠭᠠᠨ ᠤ ᠤᠷᠤᠭᠤᠯᠤᠯᠳᠠ ᠪᠠᠨ ᠦᠷᠬᠦᠯᠵᠢᠯᠡᠨ ᠴᠢᠩᠭᠠᠤᠨᠬᠠᠨ᠂ ᠤᠨᠴᠠᠯᠢᠭᠳᠤ ᠳᠤᠰᠬᠠᠢ ᠮᠡᠷᠬᠡᠵᠢᠯ ᠤᠨ ᠪᠠᠶᠢᠭᠤᠯᠤᠯᠳᠠ ᠶᠢ ᠳᠡᠮᠵᠢᠵᠤ᠂ ᠦᠨᠳᠤᠰᠤᠨ ᠱᠠᠳᠤᠨ ᠤ ᠬᠢᠳᠠᠤᠨ ᠮᠤᠩᠭᠤᠯ ᠡᠮᠨᠡᠯᠬᠡ ᠶᠢᠨ ᠤᠶᠢᠯᠡᠴᠢᠯᠡᠬᠡᠨ ᠤ ᠳᠤᠤᠷᠵᠢᠯ ᠢᠶᠠᠨ ᠳᠡᠬᠦᠯᠳᠡᠷᠵᠢᠬᠦᠯᠤᠨ᠂ ᠬᠠᠷᠠᠭᠠᠯᠵᠠᠯ ᠤᠨ ᠪᠠᠳᠤᠯᠠᠭ᠎ᠠ ᠶᠢ ᠵᠡᠷᠬᠡ ᠳᠤ ᠨᠢ ᠳᠡᠬᠡᠭᠰᠢᠯᠡᠬᠦᠯᠵᠤ ᠠᠵᠢᠯ ᠡᠷᠬᠢᠯᠡᠬᠦ ᠤᠷᠴᠢᠨ ᠢ ᠰᠢᠯᠢᠳᠡᠭᠵᠢᠬᠦᠯᠤᠨ᠎ᠠ ᠬᠡᠪᠡ᠃ ᠦᠷᠬᠡᠨ ᠤᠯᠠᠨ ᠡᠮᠨᠡᠯᠬᠡ ᠶᠢᠨ ᠠᠵᠢᠯᠳᠠᠤᠨ ᠦᠨᠳᠤᠰᠤᠨ ᠱᠠᠳᠤᠨ ᠳᠤ ᠰᠠᠭᠤᠷᠢᠯᠠᠨ ᠤᠬᠢ ᠰᠤᠳᠤ ᠶᠢ ᠨᠢ ᠤᠯᠠᠮᠵᠢᠯᠠᠵᠤ᠂ ᠤᠯᠠᠮᠵᠢᠯᠠᠯᠳᠤ ᠡᠮ ᠡᠮᠨᠡᠯᠬᠡ ᠶᠢᠨ ᠴᠠᠭ ᠦᠶ᠎ᠡ ᠶᠢᠨ ᠠᠮᠢᠳᠤᠯᠢᠭ ᠬᠦᠴᠤᠨ ᠢ ᠪᠠᠳᠠᠷᠠᠭᠤᠯᠤᠨ᠂ ᠤᠯᠠᠨ ᠲᠦᠮᠡᠨ ᠤ ᠡᠷᠡᠬᠦᠯ ᠮᠠᠨᠳᠤ ᠶᠢ ᠨᠠᠩ ᠰᠠᠶᠢᠳᠤᠷ ᠰᠠᠬᠢᠬᠤ ᠶᠢ ᠬᠦᠰᠡᠵᠤ ᠪᠠᠶᠢᠨ᠎ᠠ᠃ ᠬᠠᠮᠳᠤ ᠳᠤ ᠨᠢ ᠬᠠᠮᠢᠶ᠎ᠠ ᠪᠦᠬᠦᠢ ᠰᠠᠯᠠᠭ᠎ᠠ ᠮᠦᠴᠢᠷ ᠪᠤᠳᠠᠳᠤ ᠬᠦᠴᠢᠷᠳᠠᠯ ᠢ ᠨᠢ ᠬᠠᠪᠰᠤᠷᠤᠨ ᠰᠢᠢᠤᠨᠪᠤᠷᠢᠯᠡᠵᠤ᠂ ᠦᠨᠳᠤᠰᠤᠨ ᠱᠠᠳᠤᠨ ᠤ ᠡᠮ ᠡᠮᠨᠡᠯᠬᠡ ᠳᠤ ᠤᠬᠢ ᠰᠠᠶᠢᠨ ᠬᠦᠭᠵᠢᠯᠳᠠ ᠶᠢᠨ ᠨᠦᠬᠦᠴᠡᠯ ᠡᠬᠦᠤᠨᠬᠦ ᠶᠢ ᠵᠠᠬᠢᠭᠰᠡᠨ ᠪᠠᠶᠢᠨ᠎ᠠ᠃
4.jpg
     △ ᠶᠠᠩ ᠶᠢᠩ ᠰᠢᠨ ᠵᠠᠩ ᠮᠧᠢ ᠯᠠᠨ ᠤ ᠠᠵᠢᠯ ᠠᠮᠢᠳᠤᠷᠠᠯ ᠤᠨ ᠪᠠᠶᠢᠳᠠᠯ ᠢ ᠨᠠᠷᠢᠯᠢᠭ ᠤᠶᠢᠯᠠᠭᠠᠵᠤ᠂ ᠳᠡᠬᠦᠨ ᠤ ᠬᠦᠳᠡᠭᠡ ᠳᠤᠰᠬᠤᠨ ᠤ ᠦᠨᠳᠤᠰᠤᠨ ᠱᠠᠳᠤᠨ ᠳᠠᠬᠢ ᠡᠬᠦᠷᠬᠡᠯᠡᠯ ᠪᠠ ᠬᠤᠪᠢ ᠨᠡᠮᠡᠷᠢ ᠶᠢ ᠨᠤᠳᠠᠯᠠᠵᠤ ᠪᠠᠶᠢᠭ᠎ᠠ ᠪᠠᠨ ᠢᠯᠡᠤᠨᠬᠡᠪᠡ     ᠶᠠᠩ ᠶᠢᠩ ᠰᠢᠨ ᠬᠦᠳᠡᠭᠡ ᠳᠤᠰᠬᠤᠨ ᠳᠤ ᠠᠵᠢᠯᠯᠠᠵᠤ ᠪᠠᠶᠢᠭ᠎ᠠ ᠡᠮᠴᠢ ᠵᠠᠩ ᠮᠧᠢ ᠯᠠᠨ ᠤ ᠬᠡᠷ ᠲᠤ ᠳᠡᠬᠦᠨ ᠤ ᠠᠵᠢᠯ ᠠᠮᠢᠳᠤᠷᠠᠯ ᠤᠨ ᠪᠠᠶᠢᠳᠠᠯ ᠢ ᠨᠠᠷᠢᠯᠢᠭ ᠤᠶᠢᠯᠠᠭᠠᠨ᠂ ᠬᠦᠳᠡᠭᠡ ᠳᠤᠰᠬᠤᠨ ᠤ ᠦᠨᠳᠤᠰᠤᠨ ᠱᠠᠳᠤᠨ ᠳᠠᠬᠢ ᠡᠬᠦᠷᠬᠡᠯᠡᠯ ᠪᠠ ᠬᠤᠪᠢ ᠨᠡᠮᠡᠷᠢ ᠶᠢ ᠨᠤᠳᠠᠯᠠᠵᠤ ᠪᠠᠶᠢᠭ᠎ᠠ ᠪᠠᠨ ᠢᠯᠡᠤᠨᠬᠡᠨ᠂ ᠬᠡᠷ ᠪᠦᠯᠢ ᠶᠢᠨ ᠬᠢᠨ  ᠤ ᠳᠡᠮᠵᠢᠯᠬᠡ ᠳᠤ ᠳᠠᠯᠠᠷᠬᠠᠵᠤ ᠪᠠᠶᠢᠭ᠎ᠠ ᠪᠠᠨ ᠢᠯᠡᠤᠨᠬᠡᠪᠡ᠃ ᠳᠠᠷᠠ᠂ ᠬᠦᠳᠡᠭᠡ ᠳᠤᠰᠬᠤᠨ ᠤ ᠡᠮᠴᠢ ᠪᠤᠯ ᠦᠨᠳᠤᠰᠤᠨ ᠱᠠᠳᠤᠨ ᠤ ᠡᠷᠡᠬᠦᠯ ᠮᠠᠨᠳᠤ ᠶᠢᠨ ᠰᠡᠷᠬᠡᠶᠢᠯᠡᠯᠳᠠ ᠶᠢᠨ ᠱᠤᠭᠤᠮ ᠤᠨ ᠰᠠᠬᠢᠭᠴᠢ᠂ ᠲᠠ ᠨᠠᠷ ᠬᠤᠪᠢ ᠵᠢᠤᠨᠬᠦᠯ ᠢᠶᠠᠷ ᠢᠶᠠᠨ ᠠᠶᠢᠯ ᠡᠷᠤᠬᠡ ᠶᠢᠨ ᠠᠮᠤᠷ ᠠᠮᠤᠭᠤᠯᠠᠩ ᠢ ᠰᠠᠬᠢᠵᠤ ᠪᠤᠢ᠃ ᠬᠤᠰᠢᠭᠤ ᠨᠠᠮ  ᠤᠨ ᠬᠤᠷᠢᠶ᠎ᠠ᠂ ᠵᠠᠰᠠᠭ ᠤᠨ ᠤᠷᠳᠤᠨ ᠦᠨᠳᠤᠰᠤᠨ ᠱᠠᠳᠤᠨ ᠤ ᠡᠮ ᠡᠮᠨᠡᠯᠬᠡ ᠶᠢᠨ ᠤᠶᠢᠯᠡᠴᠢᠯᠡᠬᠡᠨ ᠤ ᠳᠤᠤᠷᠵᠢᠯ ᠢᠶᠠᠨ ᠦᠷᠬᠦᠯᠵᠢᠯᠡᠨ ᠪᠦᠷᠢᠨᠰᠢᠬᠦᠯᠵᠤ᠂ ᠬᠦᠳᠡᠭᠡ ᠳᠤᠰᠬᠤᠨ ᠤ ᠡᠮᠴᠢ ᠶᠢᠨ ᠬᠠᠷᠠᠭᠠᠯᠵᠠᠯ ᠤᠨ ᠪᠠᠳᠤᠯᠠᠭ᠎ᠠ ᠶᠢᠨ ᠳᠤᠭᠳᠠᠴᠠ ᠶᠢ ᠳᠡᠬᠦᠯᠳᠡᠷᠵᠢᠬᠦᠯᠤᠨ᠂ ᠳᠤᠬᠠᠶᠢᠯᠠᠭᠰᠡᠨ ᠠᠵᠢᠯ ᠤᠨ ᠪᠤᠯᠪᠠᠰᠤᠷᠠᠯ ᠤᠨ ᠬᠦᠴᠤᠯᠡᠴᠠ  ᠪᠠᠨ ᠶᠡᠬᠡᠤᠨᠬᠡᠵᠤ᠂ ᠠᠵᠢᠯᠯᠠᠬᠤ ᠨᠦᠬᠦᠴᠡᠯ ᠪᠠ ᠤᠷᠴᠢᠨ ᠢ ᠳᠠᠰᠤᠷᠠᠯᠳᠠ ᠦᠬᠡᠢ ᠰᠠᠶᠢᠵᠢᠷᠠᠭᠤᠯᠤᠨ᠂ ᠠᠷᠠᠤᠨ ᠲᠦᠮᠡᠨ ᠤ ᠡᠷᠡᠬᠦᠯ ᠮᠠᠨᠳᠤ ᠳᠤ ᠤᠶᠢᠯᠡᠴᠢᠯᠡᠬᠦ ︽ᠬᠠᠮᠤᠭ ᠡᠴᠤᠰ ᠤᠨ ᠨᠢᠬᠡ ᠺᠢᠯᠤᠮᠧᠲᠷ︾ ᠢ ᠦᠨᠡᠨᠬᠦ ᠨᠡᠪᠳᠡᠷᠡᠬᠦᠯᠤᠨ᠎ᠠ᠃ ᠦᠷᠬᠡᠨ ᠤᠯᠠᠨ ᠦᠨᠳᠤᠰᠤᠨ ᠱᠠᠳᠤᠨ ᠤ ᠡᠮᠨᠡᠯᠬᠡ ᠶᠢᠨ ᠠᠵᠢᠯᠳᠠᠤᠨ ᠦᠷᠬᠦᠯᠵᠢᠯᠡᠨ ᠦᠨᠳᠤᠰᠤᠨ ᠱᠠᠳᠤᠨ ᠳᠤ ᠰᠠᠭᠤᠷᠢᠰᠢᠵᠤ᠂ ᠡᠮᠨᠡᠯᠬᠡ ᠶᠢᠨ ᠮᠡᠷᠬᠡᠵᠢᠯ ᠢᠶᠠᠨ ᠰᠠᠶᠢᠵᠢᠷᠠᠭᠤᠯᠤᠨ᠂ ᠬᠦᠳᠡᠭᠡ ᠳᠤᠰᠬᠤᠨ ᠤ ᠬᠦᠴᠤᠷᠬᠡᠭᠵᠢᠯ ᠮᠠᠨᠳᠤᠯᠳᠠ ᠶᠢᠨ ᠡᠷᠡᠬᠦᠯ ᠮᠠᠨᠳᠤ ᠶᠢᠨ ᠰᠠᠭᠤᠷᠢ ᠶᠢ ᠪᠠᠬᠢᠵᠢᠬᠦᠯᠬᠦ ᠶᠢ ᠬᠦᠰᠡᠵᠤ ᠪᠠᠶᠢᠨ᠎ᠠ ᠬᠡᠪᠡ᠃ ᠠᠶᠠᠷᠯᠠᠬᠤ ᠳᠤ ᠪᠠᠨ ᠳᠠᠷᠠ ᠪᠠᠰᠠ ᠬᠠᠮᠢᠶ᠎ᠠ ᠪᠦᠬᠦᠢ ᠰᠠᠯᠠᠭ᠎ᠠ ᠮᠦᠴᠢᠷ ᠬᠦᠳᠡᠭᠡ ᠳᠤᠰᠬᠤᠨ  ᠤ ᠡᠮᠴᠢ ᠶᠢᠨ ᠬᠡᠷ ᠪᠦᠯᠢ ᠶᠢᠨ ᠪᠤᠳᠠᠳᠠᠢ ᠬᠦᠴᠢᠷᠳᠠᠯ ᠢ ᠨᠢ ᠬᠠᠪᠰᠤᠷᠤᠨ ᠰᠢᠢᠤᠨᠪᠤᠷᠢᠯᠡᠵᠤ᠂ ᠳᠠᠳᠠᠨ ᠢ ᠰᠠᠨᠠᠭ᠎ᠠ ᠠᠮᠤᠷ ᠢᠶᠠᠷ ᠤᠯᠠᠨ ᠲᠦᠮᠡᠨ ᠳᠤ ᠤᠶᠢᠯᠡᠴᠢᠯᠡᠬᠦᠯᠬᠦ ᠬᠡᠷᠡᠭᠳᠠᠢ ᠬᠡᠵᠤ ᠵᠠᠬᠢᠭᠰᠡᠨ ᠪᠠᠶᠢᠨ᠎ᠠ᠃     ᠬᠤᠰᠢᠭᠤ ᠤᠳᠤᠷᠢᠳᠤᠯᠭ᠎ᠠ ᠭᠤᠤ ᠢᠦᠢ᠂ ᠹᠧᠩ ᠴᠦᠨ ᠬᠤᠸᠠ ᠵᠢᠴᠢ ᠬᠤᠰᠢᠭᠤ ᠰᠢᠭᠤᠤᠨ ᠬᠠᠷᠢᠶ᠎ᠠ ᠰᠠᠯᠠᠭ᠎ᠠ ᠮᠦᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠤᠷᠤᠯᠴᠠᠪᠠ᠃
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ