ᠬᠤᠰᠢᠭᠤ ᠨᠠᠮ ᠤᠨ ᠬᠤᠷᠢᠶ᠎ᠠ ᠶᠢᠨ ᠱᠦᠵᠢ ᠶᠢᠨ ᠲᠣᠰᠬᠠᠢ ᠰᠡᠳᠦᠪᠳᠦ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2025/5/14
     5 ᠰᠠᠷ᠎ᠠ ᠶᠢᠨ 13 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠱᠦᠵᠢ ᠸᠠᠩ ᠢᠦᠢ ᠴᠢᠶᠠᠩ ᠬᠤᠰᠢᠭᠤ ᠨᠠᠮ ᠤᠨ ᠬᠤᠷᠢᠶ᠎ᠠ ᠶᠢᠨ ᠱᠦᠵᠢ ᠶᠢᠨ ᠲᠣᠰᠬᠠᠢ ᠰᠡᠳᠦᠪᠳᠦ ᠬᠤᠷᠠᠯ ᠬᠤᠷᠠᠯᠳᠣᠭᠤᠯᠣᠨ᠂ ᠪᠠᠯᠭᠠᠰᠣᠨ ᠤ ᠡᠭᠦᠷᠭᠡ ᠲᠣᠰᠢᠶᠠᠯ ᠢᠶᠠᠨ ᠭᠦᠢᠴᠡᠳᠬᠡᠬᠦ ᠵᠣᠶᠢᠯᠠᠰ ᠤᠨ ᠨᠠᠷᠢᠨ ᠲᠠᠩᠰᠠ ᠶᠢᠨ ᠪᠦᠭᠦᠯᠢ ᠴᠣᠭᠴᠠ  ᠶᠢᠨ ᠠᠵᠢᠯ ᠢ ᠦᠷᠨᠢᠭᠦᠯᠦᠭᠰᠡᠨ ᠪᠠᠶᠢᠳᠠᠯ ᠢ ᠲᠣᠰᠬᠠᠢ ᠰᠡᠳᠦᠪ ᠢᠶᠠᠷ ᠰᠣᠳᠣᠯᠪᠠ᠃     ᠸᠠᠩ ᠢᠦᠢ ᠴᠢᠶᠠᠩ᠂ ᠣᠯᠣᠰ ᠲᠦᠷᠦ ᠶᠢᠨ ᠵᠣᠭᠰᠣᠴᠠ ᠪᠠᠨ ᠲᠡᠭᠡᠭᠰᠢᠯᠡᠭᠦᠯᠦᠨ᠂ ᠲᠠᠨᠢᠯᠳᠠ ᠪᠠᠨ ᠭᠦᠨᠵᠡᠭᠡᠶᠢᠷᠡᠭᠦᠯᠬᠦ ᠬᠡᠷᠡᠭᠳᠡᠢ᠃ ᠪᠦᠬᠦ ᠲᠠᠯ᠎ᠠ ᠪᠣᠯᠣᠨ ᠪᠠᠶᠢᠯᠳᠣᠬᠤ ᠪᠣᠳᠣᠯᠭ᠎ᠠ ᠶᠢᠨ ᠦᠨᠳᠦᠷᠴᠡ ᠠᠴᠠ ᠪᠠᠯᠭᠠᠰᠣᠨ ᠤ ᠡᠭᠦᠷᠭᠡ ᠲᠣᠰᠢᠶᠠᠯ ᠢᠶᠠᠨ ᠭᠦᠢᠴᠡᠳᠬᠡᠬᠦ ᠵᠣᠶᠢᠯᠠᠰ ᠤᠨ ᠨᠠᠷᠢᠨ ᠲᠠᠩᠰᠠ ᠶᠢᠨ ᠲᠣᠭᠤᠷᠪᠢᠬᠤ ᠠᠵᠢᠯ  ᠤᠨ ᠴᠢᠬᠤᠯᠠ ᠴᠢᠨᠠᠷ ᠪᠣᠯᠣᠨ ᠲᠣᠯᠭᠠᠮ᠎ᠠ ᠴᠢᠨᠠᠷ ᠢ ᠭᠦᠨᠵᠡᠭᠡᠢ ᠲᠠᠨᠢᠵᠣ᠂ ᠦᠵᠡᠯ ᠲᠠᠨᠢᠯᠳᠠ ᠪᠣᠯᠣᠨ ᠠᠵᠢᠯᠯᠠᠭᠠᠨ ᠢᠶᠠᠨ ᠨᠠᠮ ᠤᠨ ᠲᠦᠪ ᠬᠤᠷᠢᠶᠠᠨ ᠤ ᠰᠢᠢᠳᠪᠦᠷᠢᠳᠦ ᠪᠣᠳᠣᠯᠭ᠎ᠠ ᠪᠣᠯᠣᠨ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠲᠠᠢ ᠨᠢᠭᠡᠳᠬᠡᠨ᠂ ᠴᠠᠭ ᠬᠤᠭᠤᠴᠠᠭᠠᠨ ᠤ ᠵᠠᠩᠬᠢᠯᠠᠭ᠎ᠠ ᠪᠣᠯᠣᠨ ᠬᠠᠷᠠᠯᠳᠠ ᠡᠭᠦᠷᠭᠡ ᠲᠠᠢ ᠨᠢᠭᠳᠠ ᠣᠶᠠᠯᠳᠣᠭᠤᠯᠵᠣ᠂ ᠨᠢᠭᠡᠳᠦᠯᠳᠡᠢ ᠲᠦᠯᠦᠪᠵᠢᠭᠦᠯᠦᠨ᠂ ᠨᠠᠶᠢᠳᠠᠪᠦᠷᠢᠵᠢᠭᠤᠯᠣᠯᠳᠠ ᠶᠢ ᠴᠢᠩᠭ᠎ᠠ ᠠᠳᠬᠤᠵᠣ᠂ ᠡᠯ᠎ᠡ ᠲᠦᠷᠦᠯ ᠤᠨ ᠠᠵᠢᠯ ᠤᠨ ᠴᠢᠨᠠᠷᠯᠢᠭ ᠠᠬᠢᠴᠠ᠂ ᠦᠨᠳᠦᠷ ᠪᠠᠷᠢᠮᠵᠢᠶᠡᠳᠦ ᠪᠡᠶᠡᠯᠡᠭᠦᠯᠦᠯᠳᠡ᠂ ᠦᠨᠳᠦᠷ ᠪᠦᠳᠦᠮᠵᠢᠳᠦ ᠬᠡᠷᠡᠭᠯᠡᠭᠡ ᠶᠢ ᠪᠠᠳᠣᠯᠠᠬᠤ ᠬᠡᠷᠡᠭᠳᠡᠢ᠃ ᠡᠷᠭᠡ ᠬᠠᠷᠢᠭᠤᠴᠠᠯᠭ᠎ᠠ᠂ ᠲᠣᠰᠢᠶᠠᠯ ᠴᠢᠳᠠᠪᠬᠢ ᠪᠠᠨ ᠳᠣᠳᠣᠷᠬᠠᠶᠢᠯᠠᠬᠤ ᠬᠡᠷᠡᠭᠳᠡᠢ᠃ ᠨᠠᠷᠢᠨ ᠲᠠᠩᠰᠠ ᠲᠣᠭᠤᠷᠪᠢᠬᠤ ᠠᠵᠢᠯ ᠤᠨ ᠣᠨᠣᠪᠴᠢᠳᠦ ᠴᠢᠭᠯᠡᠯ ᠢ ᠪᠠᠳᠦ ᠡᠵᠡᠮᠳᠡᠨ᠂ ︽ᠠᠵᠢᠯ ᠡᠷᠭᠡ ᠶᠢ ᠲᠣᠳᠣᠷᠬᠠᠶᠢᠯᠠᠬᠤ᠂ ᠬᠠᠷᠢᠭᠤᠴᠠᠯᠭ᠎ᠠ ᠴᠢᠳᠠᠪᠬᠢ ᠶᠢ ᠵᠣᠬᠢᠴᠠᠭᠤᠯᠬᠤ᠂ ᠲᠣᠰᠢᠶᠠᠯ ᠬᠠᠷᠢᠭᠤᠴᠠᠯᠭ᠎ᠠ ᠭᠦᠢᠴᠡᠳᠬᠡᠬᠦ ᠶᠢ ᠰᠢᠯᠣᠭᠤᠳᠬᠠᠬᠤ︾ ᠬᠠᠷᠠᠯᠳᠠ ᠶᠢ ᠲᠣᠣᠱᠯᠠᠭᠤᠯᠵᠣ᠂ ︽ᠣᠳᠣᠷᠢᠳᠬᠤ︾ ᠪᠠ ︽ᠵᠢᠯᠣᠭᠤᠳᠬᠤ︾᠂ ︽ᠨᠡᠶᠢᠳᠡᠯᠢᠭ ᠴᠢᠨᠠᠷ︾ ᠪᠠ ︽ᠦᠪᠡᠷᠮᠢᠴᠡ ᠴᠢᠨᠠᠷ︾᠂ ︽ᠲᠠᠷᠣᠭᠠᠰᠦ ᠬᠦᠩᠭᠡᠷᠡᠭᠦᠯᠬᠦ︾ ᠪᠠ ︽ᠬᠠᠷᠢᠭᠤᠴᠠᠯᠭ᠎ᠠ ᠶᠢ ᠪᠠᠭᠠᠰᠬᠠᠬᠤ︾ ᠬᠠᠷᠢᠴᠠᠭ᠎ᠠ ᠶᠢ ᠨᠢᠭᠡᠳᠦᠯᠳᠡᠢ ᠲᠦᠯᠦᠪᠵᠢᠭᠦᠯᠣᠨ᠂ ᠠᠳᠠᠯᠢ ᠪᠣᠰᠣ ᠱᠠᠳᠦ ᠲᠠᠪᠬᠤᠷᠭ᠎ᠠ᠂ ᠰᠠᠯᠠᠭ᠎ᠠ ᠮᠦᠴᠢᠷ᠂ ᠠᠵᠢᠯ ᠤᠨ ᠪᠠᠶᠢᠷᠢ ᠶᠢᠨ ᠬᠤᠭᠤᠷᠣᠨᠳᠣᠬᠢ ᠡᠷᠭᠡ ᠬᠠᠷᠢᠭᠤᠴᠠᠯᠭ᠎ᠠ ᠶᠢᠨ ᠬᠢᠵᠠᠭᠠᠷ ᠢ ᠰᠢᠯᠣᠭᠤᠳᠬᠠᠵᠣ᠂ ᠰᠠᠨᠠᠭᠠᠴᠢᠯᠠᠭ᠎ᠠ ᠠᠴᠠ ᠪᠠᠨ ᠡᠭᠦᠷᠭᠡ ᠡᠭᠦᠷᠭᠡᠯᠡᠨ᠂ ᠢᠳᠡᠪᠬᠢᠳᠡᠢ ᠬᠠᠷᠢᠭᠤᠴᠠᠵᠣ᠂ ᠡᠭᠦᠷᠭᠡ ᠲᠣᠰᠢᠶᠠᠯ ᠢᠶᠠᠨ ᠭᠦᠢᠴᠡᠳᠬᠡᠬᠦ ᠵᠣᠶᠢᠯᠠᠰ ᠤᠨ ᠨᠠᠷᠢᠨ ᠲᠠᠩᠰᠠ ᠶᠢ ᠨᠠᠶᠢᠳᠠᠪᠦᠷᠢᠵᠢᠭᠤᠯᠣᠨ᠂ ᠪᠣᠳᠠᠳᠦ ᠪᠦᠳᠦᠮᠵᠢ ᠣᠯᠬᠤ ᠶᠢ ᠪᠦᠬᠦ ᠬᠦᠴᠦᠨ ᠢᠶᠠᠷ ᠪᠠᠳᠣᠯᠠᠬᠤ ᠬᠡᠷᠡᠭᠳᠡᠢ᠃ ᠬᠠᠷᠢᠭᠤᠴᠠᠯᠭ᠎ᠠ ᠪᠠᠨ ᠪᠣᠳᠠᠳᠠᠶᠢᠵᠢᠭᠤᠯᠣᠨ᠂ ᠬᠠᠮ ᠬᠦᠴᠦᠨ ᠢ ᠪᠦᠷᠢᠯᠳᠦᠭᠦᠯᠬᠦ ᠬᠡᠷᠡᠭᠳᠡᠢ᠃ ᠡᠯ᠎ᠡ ᠪᠠᠯᠭᠠᠰᠣ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠰᠠᠶᠢᠳᠦᠷ ᠨᠠᠶᠢᠳᠠᠪᠦᠷᠢᠵᠢᠭᠤᠯᠣᠨ᠂ ᠡᠯ᠎ᠡ ᠲᠠᠯ᠎ᠠ ᠶᠢᠨ ᠬᠦᠴᠦᠨ ᠢᠶᠠᠨ ᠭᠦᠢᠴᠡᠳ ᠲᠠᠶᠢᠴᠢᠯᠠᠵᠣ᠂ ᠭᠤᠣᠯᠳᠠᠯᠭᠠᠳᠦ ᠡᠭᠦᠷᠭᠡ ᠪᠣᠯᠣᠨ ᠵᠠᠩᠬᠢᠯᠠᠭ᠎ᠠ ᠶᠢᠨ ᠭᠤᠭᠴᠣᠭᠠᠨ ᠤ ᠨᠠᠶᠢᠳᠠᠪᠦᠷᠢᠵᠢᠭᠤᠯᠣᠯᠳᠠ ᠶᠢ ᠪᠦᠬᠦ ᠲᠠᠯ᠎ᠠ ᠪᠠᠷ ᠰᠠᠶᠢᠳᠦᠷ ᠠᠳᠬᠤᠬᠤ ᠬᠡᠷᠡᠭᠳᠡᠢ︔ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠬᠠᠮᠳᠣᠷᠠᠯᠴᠠᠭ᠎ᠠ ᠪᠠᠨ ᠴᠢᠩᠭᠠᠳᠬᠠᠨ᠂ ᠡᠷᠭᠡ ᠬᠠᠷᠢᠭᠤᠴᠠᠯᠭ᠎ᠠ ᠶᠢᠨ ᠬᠢᠵᠠᠭᠠᠷ ᠢ ᠲᠣᠳᠣᠷᠬᠠᠶᠢᠯᠠᠬᠤ ᠬᠡᠷᠡᠭᠳᠡᠢ︔ ᠬᠤᠰᠢᠭᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠳᠡᠰ ᠨᠠᠷᠢᠨ ᠲᠠᠩᠰᠠ ᠶᠢᠨ ᠵᠣᠶᠢᠯᠠᠰ ᠤᠨ ᠬᠦᠳᠡᠯᠦᠩᠭᠦᠢ ᠲᠣᠬᠢᠷᠠᠭᠤᠯᠣᠯᠳᠠ ᠪᠣᠯᠣᠨ ᠬᠢᠨᠠᠨ ᠰᠢᠯᠭᠠᠯᠳᠠ ᠶᠢᠨ ᠠᠪᠴᠠᠯᠳᠣᠭᠤᠯᠣᠯ ᠤᠨ ᠲᠣᠭᠳᠠᠴᠠ ᠶᠢ ᠢᠳᠡᠪᠬᠢᠳᠡᠢ ᠰᠣᠳᠣᠯᠣᠨ ᠪᠠᠶᠢᠭᠤᠯᠵᠣ᠂ ᠨᠠᠷᠢᠨ ᠲᠠᠩᠰᠠ ᠶᠢᠨ ᠬᠡᠷᠡᠭᠵᠢᠭᠦᠯᠦᠯᠳᠡ ᠶᠢᠨ ᠪᠦᠳᠦᠮᠵᠢ ᠶᠢᠨ ᠮᠦᠷᠳᠡᠯᠳᠡ ᠶᠢ ᠴᠢᠩᠭᠠᠳᠬᠠᠬᠤ ᠬᠡᠷᠡᠭᠳᠡᠢ︔ ᠬᠤᠰᠢᠭᠤ ᠨᠠᠮ ᠤᠨ ᠬᠤᠷᠢᠶ᠎ᠠ ᠶᠢᠨ ᠣᠷᠣᠨ ᠲᠣᠭᠠᠨ ᠤ ᠠᠯᠪᠠᠨ ᠭᠡᠷ ᠨᠢᠭᠡᠳᠦᠯᠳᠡᠢ ᠵᠣᠬᠢᠴᠠᠭᠤᠯᠭ᠎ᠠ᠂ ᠪᠣᠯᠪᠠᠰᠣᠷᠠᠯ ᠵᠢᠯᠣᠭᠤᠳᠣᠯᠭ᠎ᠠ᠂ ᠬᠢᠨᠠᠨ ᠬᠠᠷᠭᠤᠭᠤᠯᠣᠯᠳᠠ ᠪᠠᠨ ᠴᠢᠩᠭᠠᠳᠬᠠᠨ᠂ ᠨᠠᠷᠢᠨ ᠲᠠᠩᠰᠠ ᠲᠣᠭᠤᠷᠪᠢᠬᠤ ᠠᠵᠢᠯ ᠢ ᠴᠢᠨᠠᠷᠯᠢᠭ ᠪᠡᠶᠡᠯᠡᠭᠦᠯᠭᠦ ᠶᠢ ᠪᠠᠳᠣᠯᠠᠬᠤ ᠬᠡᠷᠡᠭᠳᠡᠢ ᠬᠡᠪᠡ᠃     ᠬᠤᠷᠠᠯ ᠲᠡᠭᠡᠷ᠎ᠡ ᠡᠭᠦᠷᠭᠡ ᠲᠣᠰᠢᠶᠠᠯ ᠢᠶᠠᠨ ᠭᠦᠢᠴᠡᠳᠬᠡᠬᠦ ᠵᠣᠶᠢᠯᠠᠰ ᠤᠨ ᠨᠠᠷᠢᠨ ᠲᠠᠩᠰᠠ ᠶᠢᠨ ᠪᠦᠬᠦᠯᠢ ᠴᠣᠭᠴᠠ ᠶᠢᠨ ᠠᠵᠢᠯ ᠢ ᠦᠷᠨᠢᠭᠦᠯᠦᠭᠰᠡᠨ ᠪᠠᠶᠢᠳᠠᠯ ᠢ ᠰᠣᠨᠣᠰᠣᠨ᠂ ᠡᠯ᠎ᠡ ᠪᠠᠯᠭᠠᠰᠣᠨ ᠤ ᠡᠭᠦᠷᠭᠡ ᠲᠣᠰᠢᠶᠠᠯ ᠢᠶᠠᠨ ᠬᠦᠢᠴᠡᠳᠬᠡᠬᠦ ᠨᠠᠷᠢᠨ ᠲᠠᠩᠰᠠ ᠶᠢᠨ ᠠᠵᠢᠯ ᠤᠨ ᠠᠬᠢᠴᠠ ᠶᠢᠨ ᠪᠠᠶᠢᠳᠠᠯ ᠵᠢᠴᠢ ᠣᠷᠣᠰᠢᠵᠣ ᠪᠠᠶᠢᠭ᠎ᠠ ᠠᠰᠠᠭᠤᠳᠠᠯ ᠪᠣᠯᠣᠨ ᠰᠠᠨᠠᠭᠤᠯᠭ᠎ᠠ ᠶᠢᠨ ᠬᠠᠷᠢᠭᠤ ᠮᠡᠳᠡᠭᠦᠯᠦᠯᠳᠡ ᠶᠢ ᠰᠣᠨᠣᠰᠬᠤ ᠶᠢᠨ ᠬᠠᠮᠳᠦ ᠡᠭᠦᠷᠭᠡ ᠲᠣᠰᠢᠶᠠᠯ ᠢᠶᠠᠨ ᠭᠦᠢᠴᠡᠳᠬᠡᠭᠦ ᠵᠣᠶᠢᠯᠠᠰ ᠤᠨ ᠨᠠᠷᠢᠨ ᠲᠠᠩᠰᠠ  ᠶᠢᠨ ᠲᠠᠷᠠᠭ᠎ᠠ ᠠᠯᠬᠤᠮ ᠤᠨ ᠭᠤᠣᠯᠳᠠᠯᠭᠠᠳᠦ ᠠᠵᠢᠯ ᠢ ᠪᠠᠶᠢᠷᠢᠯᠠᠭᠤᠯᠪᠠ᠃     ᠬᠤᠰᠢᠭᠤ ᠣᠳᠣᠷᠢᠳᠣᠯᠭ᠎ᠠ ᠶᠠᠩ ᠶᠢᠩ ᠰᠢᠨ᠂ ᠴᠢᠦ ᠯᠢᠨ᠂ ᠣᠷᠬᠢᠯ᠂ ᠹᠦ᠋ ᠺᠧ᠂ ᠭᠤᠣ ᠢᠦᠢ᠂ ᠸᠠᠩ ᠬᠤᠤ ᠷᠠᠨ᠂ ᠶᠢᠦ ᠵᠢᠶᠠᠨ ᠴᠢᠩ ᠵᠢᠴᠢ ᠡᠯ᠎ᠡ ᠪᠠᠯᠭᠠᠰᠣ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ