ᠣᠳᠤᠭ ᠤᠨ ᠡᠮᠦᠨᠡᠳᠦ ᠬᠤᠰᠢᠭᠤᠨ ᠤ ᠣᠰᠣ ᠠᠷᠪᠢᠯᠠᠬᠤ ᠠᠵᠢᠯᠯᠠᠭᠠᠨ ᠤ ᠲᠦᠰᠦᠯ ᠢ ᠲᠠᠷᠣᠮᠠᠯᠯᠠᠨ | ᠲᠠᠷᠬᠠᠭᠠᠬᠤ ᠲᠣᠬᠠᠢ ᠣᠳᠤᠭ ᠤᠨ ᠡᠮᠦᠨᠡᠳᠦ ᠬᠤᠰᠢᠭᠤᠨ ᠤ ᠵᠠᠰᠠᠭ ᠤᠨ ᠣᠷᠳᠣᠨ ᠤ ᠮᠡᠳᠡᠭᠳᠡᠯ |
|
| ᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ ᠶᠢᠨ ᠣᠷᠣᠨ ᠤ ᠬᠠᠮᠢᠶᠠᠷᠣᠯᠳᠠ ᠶᠢᠨ ᠵᠦᠪᠯᠠᠯ᠂ ᠡᠯ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ | ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ᠂ ᠡᠯ᠎ᠡ ᠠᠵᠣ ᠠᠬᠤᠶᠢᠯᠠᠯ ᠠᠵᠢᠯ ᠦᠢᠯᠠᠰ ᠤᠨ ᠨᠢᠭᠡᠴᠨ ᠳᠤ᠄ | ︽ᠣᠳᠤᠭ ᠤᠨ ᠡᠮᠦᠨᠡᠳᠦ ᠬᠤᠰᠢᠭᠤᠨ ᠤ ᠣᠰᠣ ᠠᠷᠪᠢᠯᠠᠬᠤ ᠠᠵᠢᠯᠯᠠᠭᠠᠨ ᠤ ᠲᠦᠰᠦᠯ︾ ᠢ ᠬᠤᠰᠢᠭᠤ ᠠᠷᠠᠳ ᠤᠨ ᠵᠠᠰᠠᠭ ᠤᠨ ᠣᠷᠳᠣᠨ ᠤ 2025 ᠣᠨ | ᠤ 4 ᠳ᠋ᠣᠭᠡᠷ ᠣᠳᠠᠭᠠᠨ ᠤ ᠪᠠᠶᠢᠩᠭᠤ ᠶᠢᠨ ᠬᠤᠷᠠᠯ ᠢᠶᠠᠷ ᠵᠦᠪᠰᠢᠶᠡᠷᠡᠭᠦᠯᠦᠭᠡᠳ᠂ ᠡᠳᠦᠭᠡ ᠲᠠᠨᠠᠷ ᠲᠤ ᠲᠠᠷᠣᠮᠠᠯᠯᠠᠨ ᠲᠠᠷᠬᠠᠭᠠᠪᠠ᠂ ᠨᠠᠷᠢᠨ ᠬᠢᠨᠠᠮᠠᠭᠠᠢ ᠵᠣᠬᠢᠶᠠᠨ | ᠪᠠᠶᠢᠭᠤᠯᠣᠨ ᠬᠡᠷᠡᠭᠵᠢᠭᠦᠯᠰᠦᠭᠡᠢ᠃ | | | ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2025 ᠣᠨ ᠤ 3 ᠰᠠᠷ᠎ᠠ ᠶᠢᠨ 27 ᠤ ᠡᠳᠦᠷ | | ᠣᠳᠤᠭ ᠤᠨ ᠡᠮᠦᠨᠡᠳᠦ ᠬᠤᠰᠢᠭᠤᠨ ᠤ ᠣᠰᠣ ᠠᠷᠪᠢᠯᠠᠬᠤ ᠠᠵᠢᠯᠯᠠᠭᠠᠨ ᠤ ᠲᠦᠰᠦᠯ |
|
| ᠨᠠᠮ ᠤᠨ ᠬᠤᠷᠢᠳᠣᠭᠠᠷ ᠬᠤᠭᠤᠴᠠᠭᠠᠨ ᠤ ᠭᠤᠷᠪᠠᠳᠣᠭᠠᠷ ᠪᠦᠬᠦᠳᠡ ᠬᠤᠷᠠᠯᠳᠣᠭᠠᠨ ᠤ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ | ᠬᠠᠳᠣᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠪᠣᠯᠣᠨ ᠴᠢᠨᠠᠷᠯᠢᠭ ᠬᠦᠭᠵᠢᠯᠳᠡ ᠶᠢ ᠪᠦᠬᠦ ᠲᠠᠯ᠎ᠠ ᠪᠠᠷ ᠠᠬᠢᠭᠤᠯᠬᠤ ᠰᠠᠭᠤᠳᠠᠯ ᠤᠨ | ᠬᠤᠷᠠᠯ ᠲᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠣᠣᠱᠯᠠᠭᠤᠯᠣᠨ᠂ ︽ᠣᠷᠳᠣᠰ ᠬᠤᠳᠠ ᠶᠢᠨ ᠣᠰᠣ ᠠᠷᠪᠢᠯᠠᠬᠤ ᠠᠵᠢᠯᠯᠠᠭᠠᠨ ᠤ ᠲᠦᠰᠦᠯ | ᠢ ᠲᠠᠷᠣᠮᠠᠯᠯᠠᠨ ᠲᠠᠷᠬᠠᠭᠠᠬᠤ ᠲᠣᠬᠠᠢ ᠣᠷᠳᠣᠰ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠣᠷᠳᠣᠰ ᠵᠠᠰᠠᠭ ᠲᠠᠷᠬᠠᠭᠠᠬᠤ ﹇2025﹈ | 10 ᠲᠣᠭᠠᠳᠦ︶ ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠦᠷᠢᠵᠢᠭᠤᠯᠵᠣ᠂ ᠬᠤᠰᠢᠭᠤ ᠨᠠᠮ ᠤᠨ ᠬᠤᠷᠢᠶ᠎ᠠ ᠶᠢᠨ ᠠᠷᠪᠠᠳᠣᠭᠠᠷ ᠬᠤᠭᠤᠴᠠᠭᠠᠨ ᠤ ᠠᠷᠪᠠᠨ | ᠨᠠᠢᠮᠠᠳᠣᠭᠠᠷ ᠣᠳᠠᠭᠠᠨ ᠤ ᠪᠦᠬᠦᠳᠠ ᠬᠤᠷᠠᠯᠳᠣᠭᠠᠨ ᠵᠢᠴᠢ ᠪᠦᠬᠦ ᠬᠤᠰᠢᠭᠤᠨ ᠤ ᠠᠵᠣ ᠠᠬᠤᠢ ᠶᠢᠨ ᠠᠵᠢᠯ ᠤᠨ ᠬᠤᠷᠠᠯ ᠤᠨ ᠣᠰᠣ ᠠᠷᠪᠢᠯᠠᠬᠤ ᠠᠵᠢᠯᠯᠠᠭᠠᠨ | ᠦᠷᠨᠢᠭᠦᠯᠬᠦ ᠪᠠᠶᠢᠷᠢᠯᠠᠭᠤᠯᠣᠯᠳᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠪᠦᠬᠦ ᠬᠤᠰᠢᠭᠤᠨ ᠤ ᠣᠰᠣᠨ ᠰᠣᠷᠪᠣᠯᠵᠢ ᠶᠢᠨ ᠨᠡᠭᠡᠭᠡᠯᠳᠡ ᠠᠰᠢᠭᠯᠠᠯᠳᠠ ᠳᠤ ᠣᠷᠣᠰᠢᠵᠣ | ᠪᠠᠶᠢᠭ᠎ᠠ ᠠᠰᠠᠭᠤᠳᠠᠯ ᠪᠣᠯᠣᠨ ᠲᠣᠳᠠᠭᠤᠳᠠᠯ ᠢ ᠪᠦᠳᠦᠮᠵᠢᠳᠡᠢ ᠰᠢᠢᠳᠪᠦᠷᠢᠯᠡᠨ᠂ ᠣᠰᠣᠨ ᠤ ᠡᠬᠢ ᠰᠣᠷᠪᠣᠯᠵᠢ ᠶᠢᠨ ᠡᠷᠴᠢᠮᠳᠡᠢ ᠠᠷᠪᠢᠳᠠᠢ ᠠᠰᠢᠭᠯᠠᠯᠳᠠ ᠶᠢᠨ | ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠭᠦᠯᠬᠦ ᠶᠢᠨ ᠲᠣᠰᠠᠳᠠ ᠪᠦᠬᠦ ᠬᠤᠰᠢᠭᠤᠨ ᠤ ᠪᠣᠳᠠᠳᠦ ᠪᠠᠶᠢᠳᠠᠯ ᠲᠠᠢ ᠪᠠᠨ ᠣᠶᠠᠯᠳᠣᠭᠤᠯᠣᠨ᠂ ᠲᠣᠰ ᠲᠦᠰᠦᠯ ᠢ | ᠲᠣᠭᠳᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠣᠮᠳᠠᠳᠦ ᠣᠯᠣᠰ ᠤᠨ ᠣᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ | ᠶᠡᠷᠦᠩᠬᠡᠢ ᠱᠦᠵᠢ ᠰᠢ ᠶᠢᠨ ᠫᠢᠩ ᠤᠨ ︽ᠣᠰᠣ ᠠᠷᠪᠢᠯᠠᠯᠳᠠ ᠶᠢ ᠲᠡᠷᠢᠭᠦᠨ ᠳᠤ ᠲᠠᠯᠪᠢᠨ᠂ ᠣᠷᠣᠨ ᠵᠠᠢ ᠶᠢ ᠲᠡᠩᠴᠡᠭᠦᠷᠢᠰᠢᠭᠦᠯᠵᠣ᠂ ᠰᠢᠰᠲ᠋ᠧᠮ ᠲᠠᠢ ᠵᠠᠰᠠᠨ᠂ | ᠪᠦᠬᠦ ᠲᠠᠯ᠎ᠠ ᠪᠠᠷ ᠬᠦᠴᠦᠯᠡᠬᠦ︾ ᠣᠰᠣ ᠵᠠᠰᠠᠬᠤ ᠦᠵᠡᠯᠳᠠ ᠶᠢ ᠴᠢᠩᠭ᠎ᠠ ᠨᠠᠶᠢᠳᠠᠪᠦᠷᠢᠵᠢᠭᠤᠯᠵᠣ᠂ ᠣᠰᠣ ᠪᠠᠷ ᠬᠤᠳᠠ ᠶᠢ ᠲᠣᠭᠳᠠᠭᠠᠬᠤ᠂ ᠣᠰᠣ ᠪᠠᠷ ᠲᠠᠷᠢᠶᠠᠨ | ᠭᠠᠵᠠᠷ ᠢ ᠲᠣᠭᠳᠠᠭᠠᠬᠤ᠂ ᠣᠰᠣ ᠪᠠᠷ ᠬᠦᠮᠦᠨ ᠠᠮᠠ ᠶᠢ ᠲᠣᠭᠳᠠᠭᠠᠬᠤ᠂ ᠣᠰᠣ ᠪᠠᠷ ᠦᠢᠯᠠᠳᠪᠦᠷᠢᠯᠠᠯ ᠢ ᠲᠣᠭᠳᠠᠭᠠᠬᠤ ᠶᠢ ᠪᠠᠷᠢᠮᠳᠠᠯᠠᠨ᠂ ᠣᠰᠣᠨ ᠤ ᠡᠬᠢ | ᠰᠣᠷᠪᠣᠯᠵᠢ ᠪᠠᠷ ᠬᠠᠮᠤᠭ ᠴᠢᠩᠭ᠎ᠠ ᠬᠢᠵᠠᠭᠠᠷᠯᠠᠯ ᠪᠣᠯᠭᠠᠵᠣ᠂ ᠪᠦᠬᠦ ᠬᠤᠰᠢᠭᠤᠨ ᠤ ᠣᠰᠣᠨ ᠤ ᠡᠬᠢ ᠰᠣᠷᠪᠣᠯᠵᠢ ᠶᠢᠨ ᠪᠠᠶᠢᠳᠠᠯ᠂ ᠠᠴᠢᠶᠠᠯᠠᠬᠤ ᠴᠢᠳᠠᠪᠦᠷᠢ ᠬᠢᠭᠡᠳ | ᠬᠦᠭᠵᠢᠯᠳᠡ ᠶᠢᠨ ᠱᠠᠭᠠᠷᠳᠠᠯᠭ᠎ᠠ ᠶᠢ ᠨᠢᠭᠡᠳᠦᠯᠳᠡᠢ ᠪᠣᠳᠣᠯᠬᠢᠯᠠᠨ᠂ ᠡᠯ᠎ᠡ ᠠᠵᠢᠯ ᠲᠦᠷᠦᠯ ᠤᠨ ᠣᠰᠣ ᠠᠷᠪᠢᠯᠠᠬᠤ ᠲᠠᠯᠳᠠ ᠬᠦᠴᠦᠨ ᠢ ᠬᠦᠨ ᠠᠭᠤᠳᠠᠯᠵᠣ᠂ ᠣᠰᠣ | ᠠᠷᠪᠢᠯᠠᠨ ᠡᠵᠡᠮᠳᠡᠬᠦ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠂ ᠡᠯ᠎ᠡ ᠠᠵᠢᠯ ᠲᠦᠷᠦᠯ ᠤᠨ ᠣᠰᠣ ᠬᠡᠷᠡᠭᠯᠡᠭᠦ ᠠᠷᠭ᠎ᠠ ᠬᠡᠯᠪᠡᠷᠢ ᠶᠢ ᠪᠦᠳᠦᠭᠦᠯᠢᠭ ᠲᠣᠣᠷ᠎ᠠ ᠪᠦᠳᠦᠮᠵᠢ | ᠠᠴᠠ ᠡᠷᠴᠢᠮᠳᠡᠢ ᠠᠷᠪᠢᠳᠠᠢ ᠲᠡᠶᠢᠰᠢ ᠬᠤᠪᠢᠷᠠᠭᠠᠬᠤ ᠶᠢ ᠠᠬᠢᠭᠤᠯᠵᠣ᠂ ᠣᠰᠣᠨ ᠤ ᠡᠬᠢ ᠰᠣᠷᠪᠣᠯᠵᠢ ᠶᠢᠨ ᠠᠰᠢᠭᠯᠠᠯᠳᠠ ᠶᠢᠨ ᠨᠣᠷᠮ᠎ᠠ ᠶᠢ ᠪᠦᠬᠦ ᠲᠠᠯ᠎ᠠ ᠪᠠᠷ | ᠲᠡᠭᠡᠭᠰᠢᠯᠡᠭᠦᠯᠦᠨ᠂ ᠪᠦᠬᠦ ᠬᠤᠰᠢᠭᠤᠨ ᠤ ᠠᠵᠣ ᠠᠬᠤᠢ ᠨᠡᠶᠢᠭᠡᠮ ᠤᠨ ᠴᠢᠨᠠᠷᠯᠢᠭ ᠬᠦᠭᠵᠢᠯᠳᠡ ᠳᠤ ᠬᠦᠴᠦᠳᠦ ᠪᠠᠳᠣᠯᠠᠭ᠎ᠠ ᠪᠣᠯᠣᠨ ᠲᠣᠯᠭᠠᠭᠤᠷᠢᠯᠠᠯ ᠬᠠᠩᠭᠠᠨ᠎ᠠ᠃ | ︵ᠬᠤᠶᠠᠷ︶ ᠦᠨᠳᠦᠰᠦᠨ ᠵᠠᠷᠴᠢᠮ | —— ᠲᠣᠬᠠᠢ ᠶᠢᠨ ᠭᠠᠵᠠᠷ ᠲᠤ ᠨᠢ ᠲᠣᠬᠢᠷᠠᠭᠤᠯᠣᠨ᠂ ᠰᠢᠨᠵᠢᠯᠡᠭᠦ ᠣᠬᠠᠭᠠᠨᠴᠢ ᠪᠠᠷ ᠲᠦᠯᠦᠪᠵᠢᠭᠦᠯᠦᠨ᠎ᠡ᠃ ᠪᠦᠬᠦ ᠬᠤᠰᠢᠭᠤᠨ ᠤ ᠠᠵᠣ ᠠᠬᠤᠢ | ᠨᠡᠶᠢᠭᠡᠮ ᠤᠨ ᠬᠦᠭᠵᠢᠯᠳᠡ ᠪᠣᠯᠣᠨ ᠣᠰᠣᠨ ᠤ ᠡᠬᠢ ᠰᠣᠷᠪᠣᠯᠵᠢ ᠶᠢ ᠭᠦᠢᠴᠡᠳ ᠪᠣᠳᠣᠯᠬᠢᠯᠠᠵᠣ᠂ ᠣᠰᠣᠨ ᠤ ᠡᠬᠢ ᠰᠣᠷᠪᠣᠯᠵᠢ ᠶᠢᠨ ᠨᠡᠭᠡᠭᠡᠯᠳᠡ ᠠᠰᠢᠭᠯᠠᠯᠳᠠ ᠶᠢᠨ | ᠪᠠᠶᠢᠳᠠᠯ ᠢ ᠪᠦᠬᠦ ᠲᠠᠯ᠎ᠠ ᠪᠠᠷ ᠪᠠᠶᠢᠴᠠᠭᠠᠵᠣ ᠡᠵᠡᠮᠳᠡᠨ᠂ ︽ᠣᠰᠣ ᠪᠠᠷ ᠳᠦᠷᠪᠡ ᠶᠢ ᠲᠤᠭᠲᠠᠭᠠᠬᠤ︾ ᠵᠠᠷᠴᠢᠮ ᠢ ᠪᠦᠬᠦ ᠲᠠᠯ᠎ᠠ ᠪᠠᠷ ᠲᠣᠣᠱᠯᠠᠭᠤᠯᠵᠣ᠂ ᠣᠰᠣᠨ ᠤ | ᠡᠬᠢ ᠰᠣᠷᠪᠣᠯᠵᠢ ᠶᠢᠨ ᠡᠷᠴᠢᠮᠳᠡᠢ ᠠᠷᠪᠢᠳᠠᠢ ᠠᠰᠢᠭᠯᠠᠯᠳᠠ ᠶᠢ ᠮᠠᠨ ᠤ ᠬᠤᠰᠢᠭᠤᠨ ᠤ ᠣᠰᠣᠨ ᠤ ᠡᠬᠢ ᠰᠣᠷᠪᠣᠯᠵᠢ ᠶᠢᠨ ᠲᠣᠳᠠᠭᠤᠳᠠᠯ ᠠᠰᠠᠭᠤᠳᠠᠯ ᠢ | ᠪᠦᠳᠦᠮᠵᠢᠳᠡᠢ ᠰᠢᠢᠳᠪᠦᠷᠢᠯᠡᠭᠦ ᠠᠷᠭ᠎ᠠ ᠪᠣᠯᠭᠠᠨ᠂ ᠣᠰᠣ ᠠᠷᠪᠢᠯᠠᠬᠤ ᠬᠠᠷᠠᠯᠳᠠ ᠡᠭᠦᠷᠭᠡ ᠪᠣᠯᠣᠨ ᠲᠦᠷᠦ ᠶᠢᠨ ᠪᠣᠳᠣᠯᠭ᠎ᠠ ᠠᠷᠭ᠎ᠠ ᠠᠪᠴᠠᠯ ᠢ ᠰᠢᠨᠵᠢᠯᠡᠭᠦ ᠣᠬᠠᠭᠠᠨᠴᠢ | ᠪᠠᠷ ᠨᠢᠭᠡᠳᠦᠯᠳᠡᠢ ᠲᠦᠯᠦᠪᠯᠡᠵᠣ᠂ ᠣᠰᠣᠨ ᠠᠷᠪᠢᠯᠠᠨ ᠡᠵᠡᠮᠳᠡᠬᠦ ᠠᠵᠢᠯ ᠢ ᠲᠠᠭᠠᠮᠠᠭᠠᠢ ᠰᠠᠶᠢᠳᠦᠷ ᠬᠢᠨ᠎ᠠ᠃ | —— ᠨᠢᠭᠡᠳᠦᠯᠳᠡᠢ ᠠᠬᠢᠭᠤᠯᠣᠨ᠂ ᠭᠤᠣᠯᠳᠠᠯᠭ᠎ᠠ ᠶᠢ ᠲᠣᠪᠣᠶᠢᠯᠭᠠᠨ᠎ᠠ᠃ ᠪᠦᠬᠦ ᠬᠤᠰᠢᠭᠤᠨ ᠤ ᠡᠯ᠎ᠡ ᠠᠵᠢᠯ ᠲᠦᠷᠦᠯ ᠤᠨ ᠬᠢᠨ ᠣᠰᠣ ᠠᠷᠪᠢᠯᠠᠨ | ᠡᠵᠡᠮᠳᠡᠬᠦ ᠠᠵᠢᠯ ᠢ ᠭᠦᠨᠵᠡᠭᠡᠢ ᠦᠷᠨᠢᠭᠦᠯᠣᠨ᠂ ᠭᠤᠣᠯᠳᠠᠭᠤ ᠣᠰᠣᠨ ᠤ ᠬᠤᠷᠣᠭᠳᠠᠯ ᠦᠨᠳᠦᠷ ᠬᠦᠷᠢᠶ᠎ᠡ ᠴᠠᠷᠠᠭ᠎ᠠ ᠪᠣᠯᠣᠨ ᠭᠤᠣᠯᠳᠠᠯᠭ᠎ᠠ ᠣᠰᠣ ᠬᠡᠷᠡᠭᠯᠡᠭᠦ ᠨᠢᠭᠡᠴᠡ | ᠶᠢᠨ ᠲᠣᠭᠤᠷᠢᠨ ᠳᠤ ᠣᠰᠣ ᠠᠷᠪᠢᠯᠠᠬᠤ ᠲᠦᠷᠢᠮᠵᠢᠭᠦᠯᠦᠭᠰᠡᠨ ᠪᠠ ᠨᠠᠷᠢᠯᠢᠭᠵᠢᠭᠤᠯᠣᠭᠰᠠᠨ ᠬᠠᠮᠢᠶᠠᠷᠣᠯᠳᠠ ᠶᠢ ᠴᠢᠩᠭᠠᠳᠬᠠᠵᠣ᠂ ᠣᠰᠣ ᠬᠡᠷᠡᠭᠯᠡᠭᠦ ᠠᠷᠭ᠎ᠠ ᠬᠡᠯᠪᠡᠷᠢ ᠶᠢ | ᠪᠦᠳᠦᠭᠦᠯᠢᠭ ᠲᠣᠣᠷ᠎ᠠ ᠪᠦᠳᠦᠮᠵᠢ ᠠᠴᠠ ᠡᠷᠴᠢᠮᠳᠡᠢ ᠠᠷᠪᠢᠳᠠᠢ ᠲᠡᠶᠢᠰᠢ ᠬᠤᠪᠢᠷᠠᠭᠠᠬᠤ ᠶᠢ ᠠᠬᠢᠭᠤᠯᠣᠨ᠂ ᠡᠯ᠎ᠡ ᠠᠵᠢᠯ ᠲᠦᠷᠦᠯ ᠤᠨ ᠣᠰᠣ ᠬᠡᠷᠡᠭᠯᠡᠭᠦ ᠪᠦᠳᠦᠮᠵᠢ | ᠶᠢᠨ ᠨᠣᠷᠮ᠎ᠠ ᠶᠢ ᠪᠦᠬᠦ ᠲᠠᠯ᠎ᠠ ᠪᠠᠷ ᠲᠡᠭᠡᠭᠰᠢᠯᠡᠭᠦᠯᠦᠨ᠎ᠡ᠃ | —— ᠠᠵᠢᠯ ᠬᠤᠪᠢᠶᠠᠷᠢᠯᠠᠵᠣ ᠬᠠᠷᠢᠭᠤᠴᠠᠨ᠂ ᠬᠠᠮᠳᠣᠷᠠᠯ ᠬᠦᠴᠦᠨ ᠢᠶᠠᠨ ᠨᠢᠭᠳᠠᠷᠠᠭᠤᠯᠣᠨ᠎ᠠ᠃ ︽ᠦᠢᠯᠠᠳᠪᠦᠷᠢᠯᠠᠯ ᠢ ᠬᠠᠮᠢᠶᠠᠷᠬᠤ ᠳᠤ ᠡᠷᠬᠡᠪᠰᠢ | ᠣᠰᠣ ᠠᠷᠪᠢᠯᠠᠬᠤ ᠶᠢ ᠬᠠᠮᠢᠶᠠᠷᠴᠦ᠂ ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠣᠰᠣ ᠠᠷᠪᠢᠯᠠᠬᠤ ᠶᠢ ᠬᠠᠮᠢᠶᠠᠷᠣᠨ ᠬᠤᠳᠠ ᠪᠠᠯᠭᠠᠰᠣ ᠶᠢ ᠬᠠᠮᠢᠶᠠᠷᠬᠤ ᠳᠤ | ᠡᠷᠬᠡᠪᠰᠢ ᠣᠰᠣ ᠠᠷᠪᠢᠯᠠᠬᠤ ᠶᠢ ᠬᠠᠮᠢᠶᠠᠷᠬᠤ︾ ᠱᠠᠭᠠᠷᠳᠠᠯᠭ᠎ᠠ ᠶᠣᠰᠣᠭᠠᠷ ᠰᠠᠯᠠᠭ᠎ᠠ ᠮᠦᠴᠢᠷ ᠤᠨ ᠬᠤᠭᠤᠷᠣᠨᠳᠣᠬᠢ ᠬᠠᠷᠢᠯᠴᠠᠭ᠎ᠠ ᠵᠣᠬᠢᠴᠠᠭᠤᠯᠭ᠎ᠠ ᠪᠠᠨ | ᠴᠢᠩᠭᠠᠳᠬᠠᠵᠣ᠂ ᠲᠡᠭᠡᠳᠦ ᠲᠣᠣᠷᠡᠳᠦ ᠱᠠᠳᠦ ᠪᠠᠷ ᠢᠶᠠᠨ ᠬᠦᠳᠡᠯᠦᠯᠴᠡᠨ᠂ ᠨᠢᠭᠳᠠ ᠬᠠᠮᠵᠢᠯᠴᠠᠵᠣ᠂ ᠣᠰᠣ ᠠᠷᠪᠢᠯᠠᠨ ᠡᠵᠡᠮᠳᠡᠭᠦ ᠠᠵᠢᠯ ᠤᠨ ᠪᠦᠳᠦᠮᠵᠢᠳᠡᠢ | ᠨᠠᠶᠢᠳᠠᠪᠦᠷᠢᠵᠢᠭᠤᠯᠣᠯᠳᠠ ᠶᠢ ᠬᠠᠮᠳᠦ ᠪᠠᠷ ᠠᠬᠢᠭᠤᠯᠣᠨ᠎ᠠ᠃ | —— ᠲᠣᠭᠳᠠᠴᠠ ᠶᠢ ᠪᠦᠷᠢᠨᠰᠢᠭᠦᠯᠦᠨ᠂ ᠬᠠᠷᠢᠭᠤᠴᠠᠯᠭ᠎ᠠ ᠶᠢ ᠴᠢᠩᠭᠠᠳᠬᠠᠨ᠎ᠠ᠃ ᠣᠰᠣ ᠠᠷᠪᠢᠯᠠᠬᠤ ᠲᠦᠷᠢᠮ ᠲᠦᠷᠦ ᠶᠢᠨ ᠪᠣᠳᠣᠯᠭ᠎ᠠ ᠶᠢ ᠲᠣᠭᠳᠠᠭᠠᠨ | ᠪᠦᠷᠢᠨᠰᠢᠭᠦᠯᠵᠣ᠂ ᠣᠰᠣ ᠠᠷᠪᠢᠯᠠᠬᠤ ᠬᠠᠣᠯᠢᠵᠢᠭᠰᠡᠨ ᠬᠠᠮᠢᠶᠠᠷᠣᠯᠳᠠ ᠶᠢ ᠴᠢᠩᠭᠠᠳᠬᠠᠨ᠂ ᠣᠰᠣ ᠠᠷᠪᠢᠯᠠᠬᠤ ᠠᠵᠢᠯ ᠤᠨ ᠬᠠᠷᠢᠭᠤᠴᠠᠯᠭ᠎ᠠ ᠶᠢ ᠪᠣᠳᠠᠳᠠᠶᠢᠵᠢᠭᠤᠯᠵᠣ᠂ | ᠱᠠᠳᠦ ᠱᠠᠳᠦ ᠪᠠᠷ ᠡᠷᠴᠢᠮᠵᠢᠭᠦᠯᠦᠨ᠂ ᠨᠠᠶᠢᠳᠠᠪᠦᠷᠢᠵᠢᠭᠤᠯᠣᠯᠳᠠ ᠶᠢ ᠰᠠᠶᠢᠳᠦᠷ ᠠᠳᠬᠤᠵᠣ᠂ ᠡᠯ᠎ᠡ ᠲᠦᠷᠦᠯ ᠤᠨ ᠡᠭᠦᠷᠭᠡ ᠶᠢᠨ ᠨᠠᠶᠢᠳᠠᠪᠦᠷᠢᠵᠢᠭᠤᠯᠣᠯᠳᠠ ᠶᠢ | ᠪᠠᠳᠣᠯᠠᠨ᠎ᠠ᠃ | ︵ᠭᠤᠷᠪᠠ︶ ᠭᠤᠣᠯ ᠬᠠᠷᠠᠯᠳᠠ | 2025 ᠣᠨ ᠳᠤ᠂ ᠪᠦᠬᠦ ᠬᠤᠰᠢᠭᠤᠨ ᠤ ᠣᠰᠣᠨ ᠤ ᠡᠬᠢ ᠪᠠᠶᠠᠯᠢᠭ ᠤᠨ ᠠᠰᠢᠭᠯᠠᠯᠳᠠ ᠶᠢᠨ ᠨᠣᠷᠮ᠎ᠠ ᠪᠣᠯᠣᠨ ᠦᠷ᠎ᠡ ᠠᠰᠢᠭ ᠢᠯᠡᠳᠳᠡ ᠲᠡᠭᠡᠭᠰᠢᠯᠡᠵᠣ᠂ | ᠪᠦᠬᠦ ᠨᠡᠶᠢᠭᠡᠮ ᠤᠨ ᠣᠰᠣ ᠠᠷᠪᠢᠯᠠᠬᠤ ᠣᠬᠠᠮᠰᠠᠷ ᠲᠠᠰᠣᠷᠠᠯᠳᠠ ᠦᠭᠡᠢ ᠴᠢᠩᠭᠠᠳᠣᠨ᠂ ᠣᠰᠣᠨ ᠤ ᠡᠬᠢ ᠪᠠᠶᠠᠯᠢᠭ ᠤᠨ ᠡᠷᠴᠢᠮᠳᠠᠢ ᠠᠷᠪᠢᠳᠠᠢ ᠠᠰᠢᠭᠯᠠᠯᠳᠠ ᠶᠢᠨ | ᠠᠵᠢᠯ ᠢᠳᠡᠪᠬᠢᠳᠡᠢ ᠪᠦᠳᠦᠮᠵᠢ ᠣᠯᠪᠠ᠃ ᠪᠦᠬᠦ ᠬᠤᠰᠢᠭᠤ ᠣᠰᠣ ᠬᠡᠷᠡᠭᠯᠡᠭᠦ ᠶᠡᠷᠦᠩᠬᠡᠢ ᠬᠡᠮᠵᠢᠶ᠎ᠡ ᠪᠠᠨ 1.647 ᠳ᠋ᠦᠩᠰᠢᠭᠤᠷ ᠪᠣᠰᠤᠭ᠎ᠠ ᠲᠦᠷᠪᠡᠯᠵᠢᠨ ᠮᠧᠲᠷ | ᠲᠣᠳᠣᠷ᠎ᠠ ᠡᠵᠡᠮᠳᠡᠨ᠂ ᠡᠬᠦᠨ ᠳᠤ ᠡᠩ ᠤᠨ ᠪᠣᠰᠣ ᠣᠰᠣᠨ ᠰᠣᠷᠪᠣᠯᠵᠢ ᠶᠢᠨ ᠠᠰᠢᠭᠯᠠᠯᠳᠠ ᠶᠢᠨ ᠬᠡᠮᠵᠢᠶ᠎ᠡ 242 ᠲᠦᠮᠡᠨ ᠪᠣᠰᠤᠭ᠎ᠠ ᠲᠦᠷᠪᠡᠯᠵᠢᠨ ᠮᠧᠲᠷ ᠲᠤ | ᠬᠦᠷᠪᠡ᠃ ᠲᠦᠮᠡᠨ ᠲᠦᠬᠦᠷᠢᠭ GDP ᠤᠨ ᠣᠰᠣ ᠬᠡᠷᠡᠭᠯᠡᠭᠰᠡᠨ ᠬᠡᠮᠵᠢᠶ᠎ᠡ ᠪᠣᠯᠣᠨ ᠲᠦᠮᠡᠨ ᠲᠦᠬᠦᠷᠢᠭ ᠤᠨ ᠠᠵᠣ ᠦᠢᠯᠠᠳᠪᠦᠷᠢ ᠶᠢᠨ ᠨᠡᠮᠡᠭᠳᠡᠯ ᠦᠷᠳᠡᠭ ᠤᠨ | ᠣᠰᠣ ᠬᠡᠷᠡᠭᠯᠡᠭᠰᠡᠨ ᠬᠡᠮᠵᠢᠶ᠎ᠡ 2020 ᠣᠨ ᠠᠴᠠ ᠲᠣᠰ ᠪᠦᠷᠢ 5% ᠪᠠᠷ ᠪᠠᠭᠤᠷᠠᠨ᠂ ᠲᠠᠷᠢᠶᠠᠨ ᠭᠠᠵᠠᠷ ᠤᠨ ᠣᠰᠣᠯᠠᠯᠳᠠ ᠶᠢᠨ ᠪᠦᠳᠦᠮᠵᠢᠳᠡᠢ ᠠᠰᠢᠭᠯᠠᠯᠳᠠ ᠶᠢᠨ | ᠢᠯᠡᠳᠬᠡᠮᠵᠢ ᠶᠢ 0.65 ᠳᠤ ᠬᠦᠷᠭᠡᠵᠣ᠂ ᠲᠠᠷᠢᠶᠠᠯᠠᠩ ᠤᠨ ᠰᠢᠨ᠎ᠡ ᠪᠠᠷ ᠨᠡᠮᠡᠭᠳᠡᠭᠰᠡᠨ ᠣᠰᠣ ᠠᠷᠪᠢᠯᠠᠯᠳᠠ 8.52 ᠪᠣᠰᠤᠭ᠎ᠠ ᠲᠦᠷᠪᠡᠯᠵᠢᠨ ᠮᠧᠲᠷ ᠲᠤ ᠬᠦᠷᠪᠡ᠃ | ᠬᠤᠳᠠ ᠶᠢᠨ ᠨᠡᠶᠢᠳᠡ ᠶᠢᠨ ᠣᠰᠣ ᠬᠠᠩᠭᠠᠬᠤ ᠬᠤᠭᠤᠯᠠᠢ ᠲᠣᠣᠷ ᠤᠨ ᠭᠤᠭᠤᠵᠢᠯ ᠬᠤᠬᠢᠷᠠᠯ ᠤᠨ ᠨᠣᠷᠮ᠎ᠠ ᠶᠢ 5.4% ᠲᠣᠳᠣᠷ᠎ᠠ ᠬᠢᠵᠠᠭᠠᠷᠯᠠᠨ᠂ ᠲᠠᠬᠢᠯᠳᠠ | ᠣᠰᠣᠨ ᠤ ᠠᠰᠢᠭᠯᠠᠯᠳᠠ ᠶᠢᠨ ᠨᠣᠷᠮ᠎ᠠ 100% ᠳᠤ ᠬᠦᠷᠴᠦ᠂ ᠬᠤᠰᠢᠭᠤ ᠬᠡᠪᠴᠢᠶᠡᠨ ᠤ ᠣᠰᠣ ᠠᠷᠪᠢᠯᠠᠬᠤ ᠬᠡᠯᠪᠡᠷᠢ ᠶᠢᠨ ᠨᠡᠶᠢᠭᠡᠮ ᠤᠨ ᠲᠠᠪᠳᠠᠨ ᠬᠢᠨᠠᠬᠤ | ᠪᠠᠷᠢᠮᠵᠢᠶᠠᠨ ᠳᠤ ᠬᠦᠷᠪᠡ᠃ | ᠬᠤᠶᠠᠷ᠂ ᠭᠤᠣᠯᠳᠠᠯᠭᠠᠳᠦ ᠠᠵᠢᠯ ᠤᠨ ᠡᠭᠦᠷᠭᠡ | ︵ᠨᠢᠭᠡ︶ ᠣᠰᠣᠨ ᠤ ᠡᠬᠢ ᠰᠣᠷᠪᠣᠯᠵᠢ ᠶᠢᠨ ᠬᠠᠳᠠᠭᠤ ᠬᠢᠵᠠᠭᠠᠷᠯᠠᠯ ᠢ ᠴᠢᠩᠭᠠᠳᠬᠠᠨ᠎ᠠ | 1. ᠣᠰᠣ ᠬᠡᠷᠡᠭᠯᠡᠭᠦ ᠶᠡᠷᠦᠩᠬᠡᠢ ᠬᠡᠮᠵᠢᠶᠡᠨ ᠤ ᠦᠷ᠎ᠡ ᠠᠰᠢᠭ ᠢ ᠴᠢᠩᠭ᠎ᠠ ᠬᠠᠮᠢᠶᠠᠷᠣᠨ ᠡᠵᠡᠮᠳᠡᠨ᠎ᠡ᠃ ᠣᠰᠣᠨ ᠤ ᠡᠬᠢ ᠰᠣᠷᠪᠣᠯᠵᠢ ᠶᠢᠨ ᠬᠤᠷᠣᠭᠳᠠᠯ ᠤᠨ | ᠶᠡᠷᠦᠩᠬᠡᠢ ᠬᠡᠮᠵᠢᠶ᠎ᠡ ᠪᠣᠯᠣᠨ ᠬᠦᠴᠦᠯᠡᠴᠡ ᠶᠢᠨ ᠬᠤᠣᠰ ᠡᠵᠡᠮᠳᠡᠯ ᠢ ᠨᠠᠶᠢᠳᠠᠪᠦᠷᠢᠵᠢᠭᠤᠯᠣᠨ᠂ ᠣᠰᠣᠨ ᠤ ᠡᠬᠢ ᠰᠣᠷᠪᠣᠯᠵᠢ ᠶᠢᠨ ᠨᠡᠭᠡᠭᠡᠯᠳᠡ ᠠᠰᠢᠭᠯᠠᠯᠳᠠ ᠶᠢᠨ | ᠬᠤᠷᠢᠭ᠎ᠠ ᠱᠣᠭᠤᠮ ᠢ ᠪᠠᠳᠦ ᠰᠠᠬᠢᠨ᠎ᠠ᠃ 2025 ᠣᠨ ᠳᠤ ᠪᠦᠬᠦ ᠬᠤᠰᠢᠭᠤᠨ ᠤ ᠣᠰᠣ ᠬᠡᠷᠡᠭᠯᠡᠭᠦ ᠶᠡᠷᠦᠩᠬᠡᠢ ᠬᠡᠮᠵᠢᠶ᠎ᠡ ᠶᠢ 1.647 ᠳ᠋ᠦᠩᠰᠢᠭᠤᠷ ᠪᠣᠰᠤᠭ᠎ᠠ | ᠲᠦᠷᠪᠡᠯᠵᠢᠨ ᠮᠧᠲᠷ ᠲᠣᠳᠣᠷ᠎ᠠ ᠬᠢᠵᠠᠭᠠᠷᠯᠠᠨ᠎ᠠ᠃ ︵ᠬᠠᠷᠢᠭᠤᠴᠠᠬᠤ ᠰᠠᠯᠠᠭ᠎ᠠ ᠮᠦᠴᠢᠷ᠄ ᠬᠤᠰᠢᠭᠤ ᠮᠠᠯ ᠲᠠᠷᠢᠶᠠᠯᠠᠩ ᠪᠠ ᠣᠰᠣᠨ ᠠᠰᠢᠭᠯᠠᠯᠳᠠ ᠶᠢᠨ ᠲᠣᠪᠴᠢᠶ᠎ᠠ᠂ | ᠡᠯ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ︶ | 2. ᠣᠰᠣᠨ ᠤ ᠡᠬᠢ ᠪᠠᠶᠠᠯᠢᠭ ᠤᠨ ᠬᠡᠷᠡᠭᠯᠡᠯᠳᠡ ᠶᠢᠨ ᠬᠡᠷᠡᠭᠴᠡᠭᠡ ᠶᠢᠨ ᠬᠠᠮᠢᠶᠠᠷᠣᠯᠳᠠ ᠶᠢ ᠬᠡᠷᠡᠭᠵᠢᠭᠦᠯᠦᠨ᠎ᠡ᠃ ᠡᠯ᠎ᠡ ᠠᠵᠢᠯ ᠲᠦᠷᠦᠯ ᠤᠨ ᠣᠰᠣᠨ ᠤ ᠡᠬᠢ | ᠰᠣᠷᠪᠣᠯᠵᠢ ᠶᠢᠨ ᠬᠡᠷᠡᠭᠯᠡᠯᠳᠡ ᠶᠢᠨ ᠲᠡᠭᠡᠳᠦ ᠬᠢᠵᠠᠭᠠᠷᠯᠠᠯ ᠢ ᠲᠣᠳᠣᠷᠬᠠᠶᠢᠯᠠᠨ᠂ ᠵᠦᠢ ᠵᠣᠬᠢᠰ ᠦᠭᠡᠢ ᠣᠰᠣᠨ ᠤ ᠬᠡᠷᠡᠭᠯᠡᠯᠳᠡ ᠶᠢ ᠡᠷᠡᠰ ᠬᠤᠷᠢᠭᠯᠠᠵᠣ᠂ ᠡᠯ᠎ᠡ ᠠᠵᠢᠯ | ᠲᠦᠷᠦᠯ ᠤᠨ ᠲᠦᠯᠦᠪᠵᠢᠭᠦᠯᠭᠡ᠂ ᠴᠢᠬᠤᠯᠠ ᠶᠡᠭᠡ ᠠᠵᠣ ᠦᠢᠯᠠᠰ ᠤᠨ ᠪᠠᠶᠢᠷᠢᠯᠠᠭᠤᠯᠣᠯᠳᠠ ᠵᠢᠴᠢ ᠡᠯ᠎ᠡ ᠲᠦᠷᠦᠯ ᠤᠨ ᠨᠡᠭᠡᠭᠡᠯᠳᠡ ᠶᠢᠨ ᠣᠷᠣᠨ ᠤ | ᠲᠦᠯᠦᠪᠵᠢᠭᠦᠯᠭᠡ ᠨᠢ ᠣᠰᠣᠨ ᠤ ᠡᠬᠢ ᠰᠣᠷᠪᠣᠯᠵᠢ ᠶᠢᠨ ᠨᠡᠭᠡᠭᠡᠯᠳᠡ ᠠᠰᠢᠭᠯᠠᠯᠳᠠ ᠲᠠᠢ ᠬᠤᠯᠪᠣᠭᠳᠠᠪᠠᠯ᠂ ᠢᠵᠢᠯ ᠠᠯᠬᠤᠮ ᠢᠶᠠᠷ ᠲᠦᠯᠦᠪᠵᠢᠭᠦᠯᠭᠡ ᠶᠢᠨ ᠣᠰᠣᠨ | ᠤ ᠡᠬᠢ ᠰᠣᠷᠪᠣᠯᠵᠢ ᠶᠢᠨ ᠨᠣᠳᠠᠯᠠᠯᠳᠠ ᠶᠢ ᠵᠡᠷᠭᠡᠪᠡᠷ ᠦᠷᠨᠢᠭᠦᠯᠣᠨ᠎ᠡ᠃ ︵ᠬᠠᠷᠢᠭᠤᠴᠠᠬᠤ ᠰᠠᠯᠠᠭ᠎ᠠ ᠮᠦᠴᠢᠷ᠄ ᠬᠤᠰᠢᠭᠤ ᠮᠠᠯ ᠲᠠᠷᠢᠶᠠᠯᠠᠩ ᠪᠣᠯᠣᠨ ᠣᠰᠣᠨ | ᠠᠰᠢᠭᠯᠠᠯᠳᠠ ᠶᠢᠨ ᠲᠣᠪᠴᠢᠶ᠎ᠠ᠂ ᠬᠦᠭᠵᠢᠭᠦᠯᠣᠯᠳᠡ ᠦᠭᠡᠷᠡᠴᠢᠯᠡᠯᠳᠡ ᠶᠢᠨ ᠵᠦᠪᠯᠡᠯ᠂ ᠠᠵᠣ ᠦᠢᠯᠠᠳᠪᠦᠷᠢ ᠮᠡᠳᠡᠭᠡ ᠵᠠᠩᠬᠢᠴᠢᠯᠠᠯᠳᠠ ᠪᠣᠯᠣᠨ ᠰᠢᠨᠵᠢᠯᠡᠭᠦ ᠣᠬᠠᠭᠠᠨ | ᠲᠧᠭᠨᠢᠭ ᠮᠡᠷᠭᠡᠵᠢᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠨᠧᠷᠬᠢ ᠶᠢᠨ ᠲᠣᠪᠴᠢᠶ᠎ᠠ᠂ ᠣᠢ ᠰᠢᠭᠤᠢ ᠪᠠ ᠨᠣᠳᠤᠭ ᠪᠡᠯᠴᠢᠭᠡᠷ ᠤᠨ | ᠲᠣᠪᠴᠢᠶ᠎ᠠ᠂ ᠡᠯ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ︶ | 3. ᠭᠤᠣᠯᠳᠠᠯᠭᠠᠳᠦ ᠠᠵᠢᠯ ᠲᠦᠷᠦᠯ ᠤᠨ ᠣᠰᠣ ᠬᠡᠷᠡᠭᠯᠡᠭᠦ ᠲᠣᠭᠳᠠᠭᠰᠠᠨ ᠨᠣᠷᠮ᠎ᠠ ᠶᠢᠨ ᠬᠠᠮᠢᠶᠠᠷᠣᠯᠳᠠ ᠶᠢ ᠴᠢᠩᠭᠠᠳᠬᠠᠨ᠎ᠠ᠃ ᠣᠰᠣ ᠶᠡᠭᠡ | ᠬᠤᠷᠣᠭᠳᠠᠭᠤᠯᠬᠤ ᠠᠵᠣ ᠦᠢᠯᠠᠳᠪᠦᠷᠢ ᠪᠣᠯᠣᠨ ᠦᠢᠯᠡᠴᠢᠯᠡᠭᠡᠨ ᠤ ᠦᠢᠯᠠᠰ ᠦᠪᠡᠰᠣᠪᠠᠨ ᠣᠰᠣ ᠬᠡᠷᠡᠭᠯᠡᠭᠦ ᠲᠣᠭᠳᠠᠭᠰᠠᠨ ᠨᠣᠷᠮ᠎ᠠ ᠶᠢᠨ ᠪᠠᠷᠢᠮᠵᠢᠶ᠎ᠡ ᠶᠢ | ᠲᠣᠣᠱᠯᠠᠭᠤᠯᠬᠤ ᠠᠵᠢᠯᠯᠠᠭᠠᠨ ᠦᠷᠨᠢᠭᠦᠯᠣᠨ᠂ ᠠᠯᠪᠠᠳᠠᠯᠭ᠎ᠠ ᠶᠢᠨ ᠴᠢᠨᠠᠷᠳᠠᠢ ᠣᠰᠣ ᠬᠡᠷᠡᠭᠯᠡᠭᠦ ᠲᠣᠭᠳᠠᠭᠰᠠᠨ ᠨᠣᠷᠮ᠎ᠠ ᠶᠢᠨ ᠬᠠᠮᠢᠶ᠎ᠠ ᠪᠦᠬᠦᠢ ᠱᠠᠭᠠᠷᠳᠠᠯᠭ᠎ᠠ ᠳᠤ | ᠬᠦᠷᠦᠭᠡᠳᠦᠢ ᠪᠣᠯ ᠬᠤᠭᠤᠴᠠᠭ᠎ᠠ ᠬᠢᠵᠠᠭᠠᠷᠯᠠᠨ ᠣᠰᠣ ᠠᠷᠪᠢᠯᠠᠬᠤ ᠴᠡᠭᠴᠡᠯᠡᠯᠳᠡ ᠦᠷᠨᠢᠭᠦᠯᠵᠣ᠂ ᠣᠰᠣ ᠬᠡᠷᠡᠭᠯᠡᠭᠦ ᠨᠢᠭᠡᠴᠡ ᠶᠢᠨ ᠣᠰᠣ ᠠᠷᠪᠢᠯᠠᠬᠤ ᠬᠠᠷᠠᠯᠳᠠ ᠪᠠᠨ | ᠪᠡᠶᠡᠯᠡᠭᠦᠯᠬᠦ ᠶᠢ ᠠᠬᠢᠭᠤᠯᠣᠨ᠎ᠠ᠃ ︵ᠬᠠᠷᠢᠭᠤᠴᠠᠬᠤ ᠰᠠᠯᠠᠭ᠎ᠠ ᠮᠦᠴᠢᠷ᠄ ᠬᠤᠰᠢᠭᠤ ᠮᠠᠯ ᠲᠠᠷᠢᠶᠠᠯᠠᠩ ᠪᠣᠯᠣᠨ ᠣᠰᠣᠨ ᠠᠰᠢᠭᠯᠠᠯᠳᠠ ᠶᠢᠨ ᠲᠣᠪᠴᠢᠶ᠎ᠠ᠂ ᠠᠵᠣ | ᠦᠢᠯᠠᠳᠪᠦᠷᠢ ᠮᠡᠳᠡᠭᠡ ᠵᠠᠩᠬᠢᠴᠢᠯᠠᠯᠳᠠ ᠪᠣᠯᠣᠨ ᠰᠢᠨᠵᠢᠯᠡᠭᠦ ᠣᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠡᠨᠧᠷᠬᠢ ᠶᠢᠨ ᠲᠣᠪᠴᠢᠶ᠎ᠠ︶ | 4. ᠬᠢᠨᠠᠨ ᠬᠡᠮᠵᠢᠯᠳᠡ ᠶᠢᠨ ᠲᠣᠭᠳᠠᠴᠠ ᠶᠢᠨ ᠪᠠᠶᠢᠭᠤᠯᠣᠯᠳᠠ ᠶᠢ ᠴᠢᠩᠭᠠᠳᠬᠠᠨ᠎ᠠ᠃ 2025 ᠣᠨ ᠳᠤ ᠠᠵᠣ ᠦᠢᠯᠠᠳᠪᠦᠷᠢ᠂ ᠠᠮᠢᠳᠣᠷᠠᠯ᠂ ᠦᠢᠯᠡᠴᠢᠯᠡᠭᠡᠨ | ᠤ ᠦᠢᠯᠠᠰ ᠤᠨ ᠣᠰᠣᠨ ᠤ ᠬᠡᠮᠵᠢᠭᠦᠷ ᠤᠨ ᠪᠦᠬᠦ ᠪᠦᠷᠭᠦᠴᠡ ᠶᠢ ᠪᠡᠶᠡᠯᠡᠭᠦᠯᠦᠨ᠂ ᠪᠦᠬᠦ ᠬᠤᠰᠢᠭᠤᠨ ᠤ 200 ᠮᠣ᠋ ᠠᠴᠠ ᠲᠡᠭᠡᠭᠰᠢᠬᠢ ᠲᠠᠷᠢᠮᠠᠯ ᠤᠨ ᠡᠷᠦᠭᠡ᠂ | 100 ᠮᠣ᠋ ᠠᠴᠠ ᠲᠡᠭᠡᠭᠰᠢᠬᠢ ᠰᠦᠷᠴᠢᠨ ᠣᠰᠣᠯᠠᠯᠳᠠ ᠶᠢᠨ ᠡᠷᠦᠭᠡ ᠪᠣᠯᠣᠨ ᠬᠡᠳᠦ ᠠᠰᠢᠭᠯᠠᠯᠳᠠ ᠶᠢᠨ ᠣᠷᠣᠨ ᠤ ᠣᠰᠣᠯᠠᠯᠳᠠ ᠶᠢᠨ ᠮᠠᠰᠢᠨ ᠴᠠᠬᠢᠯᠭᠠᠨ ᠬᠤᠳᠳᠤᠭ | ᠲᠤ ︽ᠬᠤᠳᠳᠤᠭ ᠴᠠᠬᠢᠯᠭᠠᠨ ᠤ ᠬᠤᠣᠰ ᠡᠵᠡᠮᠳᠡᠯ︾ ᠤᠨ ᠬᠡᠮᠵᠢᠯᠳᠡ ᠶᠢᠨ ᠲᠦᠬᠦᠭᠡᠷᠦᠮᠵᠢ ᠶᠢᠨ ᠪᠦᠬᠦ ᠪᠦᠷᠬᠦᠴᠡ ᠶᠢ ᠪᠡᠶᠡᠯᠡᠭᠦᠯᠵᠣ᠂ ᠪᠣᠰᠣᠳ ᠲᠠᠷᠢᠶᠠᠯᠠᠩ ᠤᠨ | ᠣᠰᠣᠯᠠᠯᠳᠠ ᠶᠢᠨ ᠬᠤᠳᠳᠤᠭ ᠲᠤ ︽ᠴᠠᠬᠢᠯᠭᠠᠨ ᠢᠶᠠᠷ ᠣᠰᠣ ᠶᠢ ᠨᠣᠭᠤᠯᠣᠨ ᠪᠣᠳᠣᠬᠤ︾ ᠬᠡᠮᠵᠢᠯᠳᠡ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ︵ᠬᠠᠷᠢᠭᠤᠴᠠᠬᠤ | ᠰᠠᠯᠠᠭ᠎ᠠ ᠮᠦᠴᠢᠷ᠄ ᠬᠤᠰᠢᠭᠤ ᠮᠠᠯ ᠲᠠᠷᠢᠶᠠᠯᠠᠩ ᠪᠣᠯᠣᠨ ᠣᠰᠣᠨ ᠠᠰᠢᠭᠯᠠᠯᠳᠠ ᠶᠢᠨ ᠲᠣᠪᠴᠢᠶ᠎ᠠ᠂ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠂ ᠡᠯ᠎ᠡ ᠪᠠᠯᠭᠠᠰᠣ︶ | 5. ᠭᠠᠵᠠᠷ ᠲᠣᠣᠷᠠᠬᠢ ᠣᠰᠣᠨ ᠤ ᠬᠡᠳᠦ ᠠᠰᠢᠭᠯᠠᠯᠳᠠ ᠶᠢᠨ ᠣᠷᠣᠨ ᠤ ᠵᠠᠰᠠᠯᠳᠠ ᠶᠢ ᠴᠢᠩᠭᠠᠳᠬᠠᠨ᠎ᠠ᠃ ᠰᠢᠨ᠎ᠡ ᠡᠭᠡᠯᠵᠢ ᠶᠢᠨ ᠬᠡᠳᠦ ᠠᠰᠢᠭᠯᠠᠯᠳᠠ ᠶᠢᠨ | ᠣᠷᠣᠨ ᠤ ᠬᠤᠪᠢᠶᠠᠷᠢᠯᠠᠨ ᠲᠣᠭᠳᠠᠭᠠᠭᠰᠠᠨ ᠬᠡᠪᠴᠢᠶ᠎ᠡ ᠶᠢ ᠦᠨᠳᠦᠰᠦᠯᠡᠨ᠂ ᠬᠡᠳᠦ ᠠᠰᠢᠭᠯᠠᠯᠳᠠ ᠶᠢᠨ ᠣᠷᠣᠨ ᠤ ᠵᠠᠰᠠᠯᠳᠠ ᠶᠢᠨ ᠲᠦᠰᠦᠯ ᠢ ᠲᠠᠬᠢᠨ ᠰᠢᠨ᠎ᠡ ᠪᠠᠷ | ᠲᠣᠭᠤᠷᠪᠢᠵᠣ᠂ ᠵᠠᠰᠠᠯᠳᠠ ᠶᠢᠨ ᠬᠠᠷᠠᠯᠳᠠ᠂ ᠵᠠᠰᠠᠯᠳᠠ ᠶᠢᠨ ᠠᠷᠭ᠎ᠠ ᠠᠪᠴᠠᠯ ᠪᠣᠯᠣᠨ ᠪᠠᠳᠣᠯᠠᠭ᠎ᠠ ᠶᠢᠨ ᠠᠷᠭ᠎ᠠ ᠠᠪᠴᠠᠯ ᠵᠡᠷᠭᠡ ᠠᠭᠤᠯᠭ᠎ᠠ ᠶᠢ ᠲᠣᠳᠣᠷᠬᠠᠶᠢᠯᠠᠨ᠂ | 2030 ᠣᠨ ᠤ ᠡᠴᠦᠰ ᠠᠴᠠ ᠡᠮᠦᠨ᠎ᠡ ᠠᠰᠢᠭᠯᠠᠬᠤ ᠨᠦᠬᠦᠪᠦᠷᠢᠯᠡᠭᠦ ᠶᠢ ᠲᠡᠩᠴᠡᠭᠦᠷᠢᠳᠡᠢ ᠪᠣᠯᠭᠠᠨ᠎ᠠ᠃ ᠣᠣᠯ ᠤᠨ ᠣᠯᠵᠠᠴᠢ ᠪᠠᠯᠭᠠᠰᠣ᠂ ᠲᠠᠬᠢᠯᠳᠦ ᠶᠢᠨ ᠬᠡᠳᠦ | ᠠᠰᠢᠭᠯᠠᠯᠳᠠ ᠶᠢᠨ ᠣᠷᠣᠨ ᠬᠤᠶᠠᠳᠣᠭᠠᠷ ᠡᠭᠡᠯᠵᠢ ᠶᠢᠨ ᠲᠦᠪ ᠤᠨ ᠣᠷᠴᠢᠨ ᠬᠠᠮᠠᠭᠠᠯᠠᠯᠳᠠ ᠶᠢᠨ ᠱᠠᠭᠠᠷᠳᠠᠨ ᠪᠠᠶᠢᠴᠠᠭᠠᠭᠰᠠᠨ ᠴᠡᠭᠴᠡᠯᠡᠯᠳᠡ ᠶᠢᠨ ᠲᠦᠰᠦᠯ ᠳᠠᠬᠢ | ᠵᠠᠰᠠᠯᠳᠠ ᠶᠢᠨ ᠠᠷᠭ᠎ᠠ ᠠᠪᠴᠠᠯ ᠢ ᠪᠠᠬᠢᠵᠢᠭᠦᠯᠬᠦ ᠶᠢ ᠴᠢᠩᠭ᠎ᠠ ᠨᠠᠶᠢᠳᠠᠪᠦᠷᠢᠵᠢᠭᠤᠯᠣᠨ᠂ 2025 ᠣᠨ ᠤ ᠡᠴᠦᠰ ᠠᠴᠠ ᠡᠮᠦᠨ᠎ᠡ ᠠᠰᠢᠭᠯᠠᠬᠤ ᠨᠦᠬᠦᠪᠦᠷᠢᠯᠡᠭᠦ ᠶᠢ | ᠲᠡᠩᠴᠡᠭᠦᠷᠢᠳᠡᠢ ᠪᠣᠯᠭᠠᠨ᠎ᠠ᠃ ︵ᠬᠠᠷᠢᠭᠤᠴᠠᠬᠤ ᠰᠠᠯᠠᠭ᠎ᠠ ᠮᠦᠴᠢᠷ᠄ ᠬᠤᠰᠢᠭᠤ ᠮᠠᠯ ᠲᠠᠷᠢᠶᠠᠯᠠᠩ ᠪᠣᠯᠣᠨ ᠣᠰᠣᠨ ᠠᠰᠢᠭᠯᠠᠯᠳᠠ ᠶᠢᠨ ᠲᠣᠪᠴᠢᠶ᠎ᠠ᠂ ᠡᠳ᠋ ᠤᠨ ᠵᠠᠰᠠᠭ | ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠢ ᠰᠢᠭᠤᠢ ᠨᠣᠳᠤᠭ ᠪᠡᠯᠴᠢᠭᠡᠷ ᠤᠨ ᠲᠣᠪᠴᠢᠶ᠎ᠠ᠂ ᠣᠯᠵᠠᠴᠢ ᠪᠠᠯᠭᠠᠰᠣ᠂ ᠪᠣᠷᠣᠪᠠᠯᠭᠠᠰᠣ | ᠪᠠᠯᠭᠠᠰᠣ︶ | 6. ᠬᠢᠨᠠᠯᠳᠠ ᠪᠠᠶᠢᠴᠠᠭᠠᠯᠳᠠ ᠪᠠᠨ ᠴᠢᠩᠭᠠᠳᠬᠠᠨ᠎ᠠ᠃ ᠵᠠᠰᠠᠭ ᠵᠠᠬᠢᠷᠭᠠᠨ ᠤ ᠪᠠᠶᠢᠭᠤᠯᠣᠮᠵᠢ᠂ ᠲᠣᠳᠣᠭᠠᠳᠦ ᠶᠢ ᠬᠠᠮᠠᠭᠠᠯᠠᠬᠤ᠂ ᠪᠠᠶᠢᠴᠠᠭᠠᠬᠤ᠂ ᠰᠢᠭᠦᠨ | ᠲᠠᠰᠣᠯᠬᠤ ᠪᠠᠶᠢᠭᠤᠯᠣᠮᠵᠢ ᠵᠣᠬᠢᠴᠠᠭᠤᠯᠭ᠎ᠠ ᠪᠠᠨ ᠴᠢᠩᠭᠠᠳᠬᠠᠨ᠂ ᠡᠯ᠎ᠡ ᠲᠦᠷᠦᠯ ᠤᠨ ᠲᠣᠭᠳᠠᠭᠠᠯ ᠠᠴᠠ ᠵᠦᠷᠢᠴᠡᠨ ᠣᠰᠣ ᠬᠡᠷᠡᠭᠯᠡᠭᠦ ᠠᠵᠢᠯᠯᠠᠭᠠᠨ ᠢ ᠨᠢᠭᠡ ᠨᠢᠭᠡ ᠪᠠᠷ | ᠪᠠᠶᠢᠴᠠᠭᠠᠨ ᠴᠡᠭᠴᠡᠯᠡᠵᠣ᠂ ᠨᠠᠷᠢᠨ ᠲᠠᠩᠰᠠᠨ ᠤ ᠬᠡᠯᠪᠡᠷᠢ ᠶᠢᠨ ᠲᠣᠬᠢᠷᠠᠭᠤᠯᠣᠯᠳᠠ ᠬᠠᠮᠢᠶᠠᠷᠣᠯᠳᠠ ᠬᠡᠷᠡᠭᠵᠢᠭᠦᠯᠦᠨ᠂ ᠣᠰᠣ ᠬᠡᠷᠡᠭᠯᠡᠭᠦ ᠡᠮᠬᠢ ᠲᠢᠭᠯᠢᠮ ᠢ ᠦᠨᠡᠨᠬᠦ | ᠲᠦᠷᠢᠮᠵᠢᠭᠦᠯᠦᠨ᠎ᠡ᠃ ︵ᠬᠠᠷᠢᠭᠤᠴᠠᠬᠤ ᠰᠠᠯᠠᠭ᠎ᠠ ᠮᠦᠴᠢᠷ᠄ ᠬᠤᠰᠢᠭᠤ ᠮᠠᠯ ᠲᠠᠷᠢᠶᠠᠯᠠᠩ ᠪᠣᠯᠣᠨ ᠣᠰᠣᠨ ᠠᠰᠢᠭᠯᠠᠯᠳᠠ ᠶᠢᠨ ᠲᠣᠪᠴᠢᠶ᠎ᠠ᠂ ᠲᠣᠳᠣᠭᠠᠳᠦ ᠶᠢ | ᠬᠠᠮᠠᠭᠠᠯᠠᠬᠤ ᠲᠣᠪᠴᠢᠶ᠎ᠠ᠂ ᠪᠠᠶᠢᠴᠠᠭᠠᠬᠤ ᠬᠤᠷᠢᠶ᠎ᠠ᠂ ᠰᠢᠬᠦᠬᠦ ᠬᠤᠷᠢᠶ᠎ᠠ᠂ ᠬᠠᠣᠯᠢ ᠴᠠᠭᠠᠵᠠ ᠶᠢᠨ ᠲᠣᠪᠴᠢᠶ᠎ᠠ︶ | ︵ᠬᠤᠶᠠᠷ︶ ᠲᠠᠷᠢᠶᠠᠯᠠᠩ ᠤᠨ ᠣᠰᠣ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠠᠬᠢᠭᠤᠯᠣᠨ᠎ᠠ | 7. ᠣᠰᠣ ᠪᠠᠷ ᠲᠠᠷᠢᠶᠠᠨ ᠭᠠᠵᠠᠷ ᠲᠣᠭᠳᠠᠭᠠᠬᠤ ᠶᠢ ᠪᠠᠷᠢᠮᠳᠠᠯᠠᠨ᠎ᠠ᠃ ᠪᠦᠬᠦ ᠬᠤᠰᠢᠭᠤᠨ ᠤ ᠲᠠᠷᠢᠶᠠᠯᠠᠩ ᠤᠨ ᠣᠰᠣ ᠬᠡᠷᠡᠭᠯᠡᠭᠦ ᠠᠴᠢᠶᠠᠯᠠᠪᠦᠷᠢ ᠶᠢᠨ ᠴᠢᠳᠠᠪᠬᠢ | ᠶᠢ ᠦᠨᠳᠦᠰᠦᠯᠡᠨ᠂ ᠣᠰᠣ ᠭᠠᠵᠠᠷ ᠬᠠᠷᠢᠯᠴᠠᠨ ᠲᠣᠬᠢᠷᠠᠮᠵᠢᠳᠠᠢ ᠲᠠᠷᠢᠮᠠᠯ ᠤᠨ ᠣᠰᠣᠯᠠᠯᠳᠠ ᠶᠢᠨ ᠰᠢᠰᠲ᠋ᠧᠮ ᠢ ᠪᠠᠶᠢᠭᠤᠯᠣᠨ᠎ᠠ︔ ᠣᠢ ᠰᠢᠭᠤᠢ ᠨᠣᠳᠤᠭ ᠪᠡᠯᠴᠢᠭᠡᠷ ᠢ | ᠬᠠᠭᠠᠯᠪᠦᠷᠢᠯᠠᠭᠰᠠᠨ ᠵᠡᠷᠭᠡ ᠬᠠᠣᠯᠢ ᠠᠴᠠ ᠵᠦᠷᠢᠴᠡᠭᠰᠡᠨ ᠠᠵᠢᠯᠯᠠᠭᠠᠨ ᠳᠤ ᠴᠢᠩᠭ᠎ᠠ ᠴᠣᠬᠢᠯᠳᠠ ᠦᠭᠴᠦ᠂ ᠣᠰᠣᠯᠠᠯᠳᠠ ᠶᠢᠨ ᠲᠠᠷᠢᠶᠠᠨ ᠭᠠᠵᠠᠷ ᠰᠢᠨ᠎ᠡ ᠪᠠᠷ ᠨᠡᠮᠡᠭᠳᠡᠭᠦ | ᠶᠢ ᠴᠢᠩᠭ᠎ᠠ ᠬᠢᠵᠠᠭᠠᠷᠯᠠᠨ᠎ᠠ︔ ᠣᠰᠣᠨ ᠤ ᠡᠬᠢ ᠰᠣᠷᠪᠣᠯᠵᠢ ᠶᠢᠨ ᠲᠠᠭᠠᠭᠠᠴᠠ ᠶᠢᠨ ᠴᠢᠳᠠᠪᠬᠢ ᠠᠴᠠ ᠬᠡᠳᠦᠷᠡᠭᠰᠡᠨ ᠲᠠᠷᠢᠶᠠᠨ ᠭᠠᠵᠠᠷ ᠤᠨ ᠣᠰᠣᠯᠠᠯᠳᠠ ᠶᠢᠨ | ᠲᠠᠯᠠᠪᠠᠢ ᠳᠤ ᠦᠨᠳᠦᠷ ᠪᠦᠳᠦᠮᠵᠢᠳᠦ ᠣᠰᠣ ᠠᠷᠪᠢᠯᠠᠬᠤ ᠦᠭᠡᠷᠡᠴᠢᠯᠡᠯᠳᠡ ᠬᠢᠬᠦ᠂ ᠲᠠᠷᠢᠮᠠᠯ ᠤᠨ ᠪᠦᠳᠦᠴᠠ ᠶᠢ ᠲᠣᠬᠢᠷᠠᠭᠤᠯᠬᠤ᠂ ᠰᠡᠯᠭᠦᠨ ᠬᠠᠭᠠᠯᠪᠦᠷᠢᠯᠠᠬᠤ᠂ | ᠬᠠᠭᠤᠷᠠᠢ ᠪᠠᠷ ᠲᠠᠷᠢᠵᠣ ᠪᠣᠷᠣᠭᠠᠨ ᠣᠰᠣ ᠪᠠᠷ ᠣᠷᠭᠤᠭᠤᠯᠬᠤ ᠵᠡᠷᠭᠡ ᠵᠠᠰᠠᠯᠳᠠ ᠶᠢᠨ ᠠᠷᠭ᠎ᠠ ᠠᠪᠴᠠᠯ ᠢ ᠨᠢᠭᠡᠳᠦᠯᠳᠡᠢ ᠲᠦᠯᠦᠪᠵᠢᠭᠦᠯᠵᠣ ᠠᠬᠢᠭᠤᠯᠣᠨ᠂ ᠬᠡᠳᠦ | ᠠᠰᠢᠭᠯᠠᠯᠳᠠ ᠶᠢᠨ ᠣᠰᠣᠨ ᠤ ᠬᠡᠮᠵᠢᠶ᠎ᠡ ᠶᠢ ᠠᠯᠬᠤᠮ ᠠᠯᠬᠤᠮ ᠢᠶᠠᠷ ᠪᠠᠭᠠᠰᠬᠠᠨ᠎ᠠ᠃ 2025 ᠣᠨ ᠳᠤ᠂ ᠬᠡᠳᠦ ᠠᠰᠢᠭᠯᠠᠯᠳᠠ ᠶᠢᠨ ᠣᠷᠣᠨ ᠤ ᠬᠡᠪᠴᠢᠶᠠᠨ ᠳᠤ | ᠵᠢᠴᠢ ᠲᠡᠭᠦᠨ ᠤ ᠬᠠᠪᠢ ᠪᠠᠷ ᠬᠢ 10 ᠺᠢᠯᠣᠮᠧᠲᠷ ᠤᠨ ᠬᠡᠪᠴᠢᠶᠡᠨ ᠳᠤ ᠰᠡᠯᠭᠦᠨ ᠬᠠᠭᠠᠯᠪᠦᠷᠢᠯᠠᠬᠤ ᠪᠣᠶᠣ 0.5 ᠲᠦᠮᠡᠨ ᠮᠣ᠋ ᠡᠭᠡᠯᠵᠢᠯᠡᠨ ᠬᠠᠭᠠᠯᠪᠦᠷᠢᠯᠠᠬᠤ᠂ 2 | ᠲᠦᠮᠡᠨ ᠮᠣ᠋ ᠬᠠᠭᠤᠷᠠᠢ ᠪᠠᠷ ᠲᠠᠷᠢᠵᠣ ᠪᠣᠷᠣᠭᠠᠨ ᠣᠰᠣ ᠪᠠᠷ ᠣᠷᠭᠤᠭᠤᠯᠬᠤ ᠶᠢ ᠨᠠᠶᠢᠳᠠᠪᠦᠷᠢᠵᠢᠭᠤᠯᠣᠨ᠎ᠠ᠃ ︽ᠣᠯᠵᠠᠴᠢ ᠪᠠᠯᠭᠠᠰᠣᠨ ᠤ ᠭᠠᠵᠠᠷ ᠲᠣᠣᠷᠠᠬᠢ ᠣᠰᠣᠨ | ᠤ ᠬᠡᠳᠦ ᠠᠰᠢᠭᠯᠠᠯᠳᠠ ᠶᠢᠨ ᠣᠷᠣᠨ ᠳᠤ ᠲᠠᠷᠢᠶᠠᠯᠠᠩ ᠤᠨ ᠣᠰᠣᠯᠠᠯᠳᠠ ᠶᠢᠨ ᠣᠰᠣᠨ ᠰᠣᠷᠪᠣᠯᠵᠢ ᠶᠢ ᠰᠣᠯᠢᠬᠤ ᠢᠨᠵᠧᠨᠧᠷᠢᠩ︾ ᠢ ᠵᠣᠬᠢᠶᠠᠨ ᠪᠠᠶᠢᠭᠤᠯᠣᠨ | ᠬᠡᠷᠡᠭᠵᠢᠭᠦᠯᠵᠣ᠂ ᠬᠡᠳᠦ ᠠᠰᠢᠭᠯᠠᠯᠳᠠ ᠶᠢᠨ ᠣᠷᠣᠨ ᠳᠤ ᠬᠢ 5106 ᠮᠣ᠋ ᠣᠰᠣᠯᠠᠯᠳᠠ ᠶᠢᠨ ᠭᠠᠵᠠᠷ ᠲᠤ ᠣᠰᠣᠨ ᠰᠣᠷᠪᠣᠯᠵᠢ ᠶᠢ ᠰᠣᠯᠢᠨ᠂ ᠵᠢᠯ ᠪᠦᠷᠢ ᠭᠠᠵᠠᠷ | ᠲᠣᠣᠷᠠᠬᠢ ᠣᠰᠣᠨ ᠤ ᠨᠡᠭᠡᠭᠡᠨ ᠠᠰᠢᠭᠯᠠᠯᠳᠠ ᠶᠢ 140 ᠲᠦᠮᠡᠨ ᠪᠣᠰᠤᠭ᠎ᠠ ᠲᠦᠷᠪᠡᠯᠵᠢᠨ ᠮᠧᠲᠷ ᠪᠠᠭᠠᠰᠬᠠᠵᠣ᠂ 50 ᠴᠠᠬᠢᠯᠭᠠᠨ ᠬᠤᠳᠳᠤᠭ ᠢ ᠵᠣᠭᠰᠣᠭᠠᠨ᠎ᠠ᠃ | ︵ᠬᠠᠷᠢᠭᠤᠴᠠᠬᠤ ᠰᠠᠯᠠᠭ᠎ᠠ ᠮᠦᠴᠢᠷ᠄ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠮᠠᠯ ᠲᠠᠷᠢᠶᠠᠯᠠᠩ ᠪᠣᠯᠣᠨ ᠣᠰᠣᠨ ᠠᠰᠢᠭᠯᠠᠯᠳᠠ ᠶᠢᠨ ᠲᠣᠪᠴᠢᠶ᠎ᠠ᠂ | ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠣᠢ ᠰᠢᠭᠤᠢ ᠪᠣᠯᠣᠨ ᠨᠣᠳᠤᠭ ᠪᠡᠯᠴᠢᠭᠡᠷ ᠤᠨ ᠲᠣᠪᠴᠢᠶ᠎ᠠ᠂ ᠡᠯ᠎ᠡ | ᠪᠠᠯᠭᠠᠰᠣ︶ | 8. ᠣᠰᠣ ᠠᠷᠪᠢᠯᠠᠬᠤ ᠣᠰᠣᠯᠠᠯᠳᠠ ᠶᠢᠨ ᠮᠡᠷᠭᠡᠵᠢᠯ ᠢ ᠡᠷᠴᠢᠮ ᠲᠠᠢ ᠲᠡᠯᠭᠡᠷᠡᠭᠦᠯᠦᠨ᠎ᠡ᠃ ᠦᠨᠳᠦᠷ ᠪᠦᠳᠦᠮᠵᠢᠳᠦ ᠣᠰᠣ ᠠᠷᠪᠢᠯᠠᠬᠤ ᠣᠰᠣᠯᠠᠯᠳᠠ ᠪᠠᠷ ᠭᠤᠣᠯ | ᠪᠣᠯᠭᠠᠭᠰᠠᠨ ᠦᠨᠳᠦᠷ ᠪᠠᠷᠢᠮᠵᠢᠶᠠᠳᠦ ᠲᠠᠷᠢᠶᠠᠨ ᠭᠠᠵᠠᠷ ᠤᠨ ᠪᠠᠶᠢᠭᠤᠯᠣᠯᠳᠠ ᠶᠢ ᠬᠡᠷᠡᠭᠵᠢᠭᠦᠯᠦᠨ᠂ ᠲᠣᠬᠠᠢ ᠶᠢᠨ ᠭᠠᠵᠠᠷ ᠲᠤ ᠨᠢ ᠲᠣᠬᠢᠷᠠᠭᠤᠯᠣᠨ ᠪᠢᠴᠢᠯ | ᠣᠰᠣᠯᠠᠯᠳᠠ᠂ ᠲᠣᠰᠣᠯᠭᠠᠨ ᠣᠰᠣᠯᠠᠯᠳᠠ᠂ ᠣᠰᠣ ᠪᠣᠷᠳᠣᠭᠤᠷ ᠢ ᠨᠢᠭᠡ ᠴᠣᠭᠴᠠᠵᠢᠭᠤᠯᠣᠭᠰᠠᠨ ᠦᠨᠳᠦᠷ ᠪᠦᠳᠦᠮᠵᠢᠳᠦ ᠣᠰᠣ ᠠᠷᠪᠢᠯᠠᠬᠤ ᠣᠰᠣᠯᠠᠯᠳᠠ ᠵᠡᠷᠭᠡ | ᠮᠡᠷᠭᠡᠵᠢᠯ ᠢ ᠲᠦᠭᠡᠮᠡᠯᠵᠢᠭᠦᠯᠵᠣ᠂ ᠪᠠᠭ᠎ᠠ ᠬᠡᠮᠵᠢᠶᠡᠨ ᠤ ᠲᠣᠰᠣᠯᠭᠠᠨ ᠣᠰᠣᠯᠠᠯᠳᠠ ᠪᠠᠷ ᠭᠤᠣᠯ ᠪᠣᠯᠭᠠᠭᠰᠠᠨ ᠣᠶᠣᠨᠴᠢ ᠣᠰᠣ ᠠᠷᠪᠢᠯᠠᠬᠤ ᠲᠦᠬᠦᠭᠡᠷᠦᠮᠵᠢ ᠶᠢ | ᠲᠡᠯᠭᠡᠷᠡᠭᠦᠯᠦᠨ᠂ ᠦᠨᠳᠦᠷ ᠪᠦᠳᠦᠮᠵᠢᠳᠦ ᠣᠰᠣ ᠠᠷᠪᠢᠯᠠᠬᠤ ᠣᠰᠣᠯᠠᠯᠳᠠ ᠶᠢᠨ ᠪᠦᠷᠭᠦᠴᠠ ᠶᠢᠨ ᠨᠣᠷᠮ᠎ᠠ ᠶᠢ 98% ᠠᠴᠠ ᠲᠠᠪᠠᠭᠤᠯᠣᠨ᠎ᠠ᠃ ᠡᠯ᠎ᠡ ᠪᠠᠯᠭᠠᠰᠣ | ᠪᠣᠳᠠᠳᠠᠢ ᠪᠠᠶᠢᠳᠠᠯ ᠲᠠᠢ ᠪᠠᠨ ᠣᠶᠠᠯᠳᠣᠭᠤᠯᠣᠨ᠂ ᠨᠢᠭᠡ ᠪᠦᠯᠦᠭ ᠣᠰᠣᠯᠠᠯᠳᠠ ᠶᠢᠨ ᠲᠣᠭᠳᠠᠭᠰᠠᠨ ᠨᠣᠷᠮ᠎ᠠ ᠶᠢ ᠲᠡᠷᠢᠭᠦᠨ ᠤ ᠬᠡᠮᠵᠢᠶᠡᠨ ᠳᠤ ᠬᠦᠷᠭᠡᠭᠰᠡᠨ ᠣᠰᠣ | ᠠᠷᠪᠢᠯᠠᠬᠤ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ ᠢ ᠴᠣᠭᠴᠠᠯᠠᠨ᠎ᠠ᠃ 2025 ᠣᠨ ᠳᠤ᠂ ᠦᠨᠳᠦᠷ ᠪᠦᠳᠦᠮᠵᠢᠳᠦ ᠣᠰᠣ ᠠᠷᠪᠢᠯᠠᠬᠤ ᠣᠰᠣᠯᠠᠯᠳᠠ ᠶᠢᠨ | ᠦᠨᠳᠦᠷ ᠪᠠᠷᠢᠮᠵᠢᠶᠠᠳᠦ ᠲᠠᠷᠢᠶᠠᠨ ᠭᠠᠵᠠᠷ ᠢ 3.5 ᠲᠦᠮᠡᠨ ᠮᠣ᠋ ᠲᠦᠯᠦᠪᠵᠢᠭᠦᠯᠦᠨ᠂ ᠬᠡᠳᠦ ᠠᠰᠢᠭᠯᠠᠯᠳᠠ ᠶᠢᠨ ᠣᠷᠣᠨ ᠤ ᠬᠡᠪᠴᠢᠶᠡᠨ ᠳᠤ ᠵᠢᠴᠢ ᠲᠡᠭᠦᠨ ᠤ ᠬᠠᠪᠢ | ᠪᠠᠷ ᠬᠢ 10 ᠺᠢᠯᠦᠮᠧᠲᠷ ᠤᠨ ᠬᠡᠪᠴᠢᠶᠠᠨ ᠲᠣᠳᠣᠷ᠎ᠠ ᠪᠠᠭ᠎ᠠ ᠬᠡᠮᠵᠢᠶᠠᠨ ᠤ ᠲᠣᠰᠣᠯᠭᠠᠨ ᠣᠰᠣᠯᠠᠯᠳᠠ ᠪᠠᠷ ᠵᠢᠱᠢᠶ᠎ᠠ ᠦᠵᠡᠭᠦᠯᠬᠦ ᠦᠨᠳᠦᠷ ᠪᠦᠳᠦᠮᠵᠢᠳᠦ ᠣᠰᠣ | ᠠᠷᠪᠢᠯᠠᠬᠤ ᠦᠭᠡᠷᠡᠴᠢᠯᠡᠯᠳᠡ ᠶᠢᠨ ᠲᠠᠯᠠᠪᠠᠢ ᠶᠢ 3 ᠲᠦᠮᠡᠨ ᠮᠣ᠋ ᠲᠡᠯᠭᠡᠷᠡᠭᠦᠯᠵᠣ᠂ ᠡᠭᠦᠨ ᠳᠤ ᠣᠯᠵᠠᠴᠢ ᠪᠠᠯᠭᠠᠰᠣ 2.2 ᠲᠦᠮᠡᠨ ᠮᠣ᠋᠂ ᠪᠣᠷᠣᠪᠠᠯᠭᠠᠰᠣ ᠪᠠᠯᠭᠠᠰᠣ 0. | 8 ᠲᠦᠮᠡᠨ ᠮᠣ᠋᠂ ᠲᠠᠷᠢᠶᠠᠯᠠᠩ ᠤᠨ ᠣᠰᠣᠯᠠᠯᠳᠠ ᠶᠢᠨ ᠣᠰᠣ ᠬᠡᠷᠡᠭᠯᠡᠭᠦ ᠠᠰᠢᠭᠯᠠᠯᠳᠠ ᠶᠢᠨ ᠨᠣᠷᠮ᠎ᠠ ᠶᠢ ᠣᠯᠠᠮ ᠲᠡᠭᠡᠭᠰᠢᠯᠡᠭᠦᠯᠦᠨ᠎ᠡ᠃ ︵ᠬᠠᠷᠢᠭᠤᠴᠠᠬᠤ ᠰᠠᠯᠠᠭ᠎ᠠ | ᠮᠦᠴᠢᠷ᠄ ᠬᠤᠰᠢᠭᠤ ᠮᠠᠯ ᠲᠠᠷᠢᠶᠠᠯᠠᠩ ᠪᠣᠯᠣᠨ ᠣᠰᠣᠨ ᠠᠰᠢᠭᠯᠠᠯᠳᠠ ᠶᠢᠨ ᠲᠣᠪᠴᠢᠶ᠎ᠠ᠂ ᠣᠯᠵᠠᠴᠢ ᠪᠠᠯᠭᠠᠰᠣ᠂ ᠪᠣᠷᠣᠪᠠᠯᠭᠠᠰᠣ ᠪᠠᠯᠭᠠᠰᠣ︶ | 9. ᠲᠠᠷᠢᠮᠠᠯ ᠤᠨ ᠪᠦᠳᠦᠴᠠ ᠶᠢ ᠰᠢᠯᠢᠳᠡᠭᠵᠢᠭᠦᠯᠣᠨ ᠲᠣᠬᠢᠷᠠᠭᠤᠯᠣᠨ᠎ᠠ᠃ ᠣᠯᠣᠰ ᠤᠨ ᠠᠮᠣ ᠪᠣᠳᠠᠭᠠᠨ ᠤ ᠠᠮᠣᠷ ᠲᠦᠪᠰᠢᠨ ᠢ ᠪᠦᠳᠦᠮᠵᠢᠳᠡᠢ ᠪᠠᠳᠣᠯᠠᠬᠤ ᠪᠠ | ᠮᠠᠯᠴᠢᠨ ᠲᠠᠷᠢᠶᠠᠴᠢᠳ ᠤᠨ ᠬᠦᠰᠡᠯ ᠢ ᠭᠦᠢᠴᠡᠳ ᠬᠦᠨᠳᠦᠳᠬᠡᠭᠰᠡᠨ ᠤ ᠰᠠᠭᠤᠷᠢᠨ ᠲᠡᠭᠡᠷ᠎ᠡ ᠲᠦᠷᠦ ᠶᠢᠨ ᠪᠣᠳᠣᠯᠭ᠎ᠠ ᠶᠢᠨ ᠵᠢᠯᠣᠭᠤᠳᠣᠯᠭ᠎ᠠ᠂ ᠲᠦᠷᠦᠯ ᠵᠣᠶᠢᠯ ᠤᠨ | ᠲᠠᠶᠢᠴᠢᠯᠠᠯᠳᠠ᠂ ᠮᠡᠷᠭᠡᠵᠢᠯ ᠤᠨ ᠦᠢᠯᠡᠴᠢᠯᠡᠭᠡᠨ ᠤ ᠪᠠᠳᠣᠯᠠᠭ᠎ᠠ ᠵᠡᠷᠭᠡ ᠠᠷᠭ᠎ᠠ ᠪᠠᠷ ᠪᠦᠬᠦ ᠬᠤᠰᠢᠭᠤᠨ ᠤ ᠲᠠᠷᠢᠮᠠᠯ ᠤᠨ ᠦᠢᠯᠠᠰ ᠤᠨ ᠪᠦᠳᠦᠴᠠ ᠶᠢ ᠰᠢᠨᠵᠢᠯᠡᠭᠦ | ᠣᠬᠠᠭᠠᠨᠴᠢ ᠪᠠᠷ ᠵᠣᠬᠢᠰᠳᠠᠢ ᠲᠣᠬᠢᠷᠠᠭᠤᠯᠣᠨ ᠰᠢᠯᠢᠳᠡᠭᠵᠢᠭᠦᠯᠦᠨ᠎ᠡ᠃ 2025 ᠣᠨ — 2027 ᠣᠨ ᠳᠤ ᠬᠡᠳᠦ ᠠᠰᠢᠭᠯᠠᠯᠳᠠ ᠶᠢᠨ ᠣᠷᠣᠨ ᠤ ᠬᠡᠪᠴᠢᠶᠡᠨ | ᠳᠤ ᠵᠢᠴᠢ ᠲᠡᠭᠦᠨ ᠤ ᠬᠠᠪᠢ ᠪᠠᠷ ᠬᠢ 10 ᠺᠢᠯᠦᠮᠧᠲᠷ ᠤᠨ ᠬᠡᠪᠴᠢᠶᠠᠨ ᠲᠣᠳᠣᠷ᠎ᠠ ᠵᠠᠰᠠᠭ ᠤᠨ ᠣᠷᠳᠣᠨ ᠤ ᠨᠦᠬᠦᠪᠦᠷᠢ ᠶᠢᠨ ᠠᠷᠭ᠎ᠠ ᠪᠠᠷ ᠲᠠᠮᠵᠢᠭᠤᠯᠣᠨ ᠵᠢᠯ | ᠪᠦᠷᠢ ᠪᠣᠷᠴᠠᠭ᠂ ᠰᠠᠭᠠᠭ᠂ ᠨᠠᠷᠢᠮᠣ᠂ ᠰᠢᠰᠢ᠂ ᠡᠮ ᠤᠨ ᠮᠡᠲ᠋ᠧᠷᠢᠶᠠᠯ᠂ ᠯᠠᠩᠭᠤᠸᠠ ᠵᠡᠷᠭᠡ ᠲᠣᠣᠷ᠎ᠠ ᠣᠰᠣᠨ ᠤ ᠬᠤᠷᠣᠭᠳᠠᠯ ᠲᠠᠢ ᠠᠮᠣ ᠪᠣᠳᠠᠭᠠᠨ ᠤ ᠲᠠᠷᠢᠮᠠᠯ ᠢ 1 | ᠲᠦᠮᠡᠨ ᠮᠣ᠋ ᠲᠠᠷᠢᠨ᠎ᠠ᠃ ︵ᠬᠠᠷᠢᠭᠤᠴᠠᠬᠤ ᠰᠠᠯᠠᠭ᠎ᠠ ᠮᠦᠴᠢᠷ : ᠬᠤᠰᠢᠭᠤ ᠮᠠᠯ ᠲᠠᠷᠢᠶᠠᠯᠠᠩ ᠪᠣᠯᠣᠨ ᠣᠰᠣᠨ ᠠᠰᠢᠭᠯᠠᠯᠳᠠ ᠶᠢᠨ ᠲᠣᠪᠴᠢᠶ᠎ᠠ᠂ ᠣᠯᠵᠠᠴᠢ ᠪᠠᠯᠭᠠᠰᠣ | ᠂ ᠪᠣᠷᠣᠪᠠᠯᠭᠠᠰᠣ ᠪᠠᠯᠭᠠᠰᠣ︶ | 10. ᠬᠡᠳᠦ ᠠᠰᠢᠭᠯᠠᠯᠳᠠ ᠶᠢᠨ ᠣᠷᠣᠨ ᠳᠤ ᠠᠵᠣ ᠦᠢᠯᠠᠰ ᠤᠨ ᠪᠦᠳᠦᠴᠠ ᠶᠢᠨ ᠲᠣᠬᠢᠷᠠᠭᠤᠯᠣᠯᠳᠠ ᠬᠢᠬᠦ ᠶᠢ ᠲᠠᠮᠵᠢᠨ᠎ᠠ᠃ ᠭᠡᠳᠦ ᠠᠰᠢᠭᠯᠠᠯᠳᠠ ᠶᠢᠨ | ᠣᠷᠣᠨ ᠤ ᠮᠠᠯᠴᠢᠨ ᠲᠠᠷᠢᠶᠠᠴᠢᠨ ᠡᠷᠦᠭᠡ ᠶᠢᠨ ᠲᠡᠵᠢᠭᠡᠨ ᠦᠷᠡᠵᠢᠭᠦᠯᠭᠡ ᠶᠢᠨ ᠦᠢᠯᠠᠰ ᠬᠦᠭᠵᠢᠭᠦᠯᠬᠦ ᠶᠢ ᠵᠣᠷᠢᠭᠵᠢᠭᠤᠯᠣᠨ᠂ ᠮᠠᠯ ᠲᠠᠷᠢᠶᠠᠯᠠᠩ᠂ ᠣᠰᠣᠨ | ᠠᠰᠢᠭᠯᠠᠯᠳᠠ ᠶᠢᠨ ᠲᠣᠰᠬᠠᠢ ᠮᠡᠷᠭᠡᠵᠢᠯᠳᠡᠨ ᠢᠶᠠᠷ ᠪᠦᠷᠢᠯᠳᠦᠭᠰᠡᠨ ᠮᠠᠷᠭᠡᠵᠢᠯ ᠤᠨ ᠲᠣᠰᠬᠠᠢ ᠪᠠᠭ ᠪᠠᠶᠢᠭᠤᠯᠵᠣ᠂ ᠰᠣᠩᠭᠤᠨ ᠪᠣᠶᠢᠵᠢᠭᠤᠯᠬᠤ ᠠᠴᠠ ᠬᠢᠵᠢᠭ ᠢ | ᠰᠡᠷᠭᠡᠶᠢᠯᠡᠨ ᠡᠵᠡᠮᠳᠡᠭᠦ ᠬᠦᠷᠳᠡᠯᠡᠬᠢ ᠪᠦᠬᠦ ᠦᠶᠠᠯᠠᠯ ᠤᠨ ᠬᠤᠭᠤᠴᠠᠭᠠᠨ ᠤ ᠵᠢᠯᠣᠭᠤᠳᠣᠯᠭ᠎ᠠ ᠬᠠᠩᠭᠠᠨ᠂ ᠣᠰᠣ ᠠᠷᠪᠢᠯᠠᠬᠤ ᠠᠷᠭ᠎ᠠ ᠠᠪᠴᠠᠯ ᠪᠣᠯᠣᠨ ᠲᠡᠵᠢᠭᠡᠨ | ᠦᠷᠡᠵᠢᠭᠦᠯᠭᠡ ᠶᠢᠨ ᠦᠷ᠎ᠡ ᠠᠰᠢᠭ ᠤᠨ ᠬᠤᠣᠰ ᠢᠯᠠᠯᠳᠠ ᠶᠢ ᠪᠠᠳᠣᠯᠠᠨ᠎ᠠ᠃ ︵ᠬᠠᠷᠢᠭᠤᠴᠠᠬᠤ ᠰᠠᠯᠠᠭ᠎ᠠ ᠮᠦᠴᠢᠷ᠄ ᠬᠤᠰᠢᠭᠤ ᠮᠠᠯ ᠲᠠᠷᠢᠶᠠᠯᠠᠩ ᠪᠣᠯᠣᠨ ᠣᠰᠣᠨ | ᠠᠰᠢᠭᠯᠠᠯᠳᠠ ᠶᠢᠨ ᠲᠣᠪᠴᠢᠶ᠎ᠠ᠂ ᠣᠯᠵᠠᠴᠢ ᠪᠠᠯᠭᠠᠰᠣ᠂ ᠪᠣᠷᠣᠪᠠᠯᠭᠠᠰᠣ ᠪᠠᠯᠭᠠᠰᠣ︶ | 11. ᠲᠠᠷᠢᠶᠠᠯᠠᠩ ᠤᠨ ᠣᠰᠣᠨ ᠤ ᠦᠨ᠎ᠡ ᠤ ᠦᠭᠡᠷᠡᠴᠢᠯᠡᠯᠳᠡ ᠶᠢᠨ ᠲᠣᠷᠰᠢᠯᠳᠠ ᠶᠢᠨ ᠴᠡᠭ ᠤᠨ ᠠᠵᠢᠯ ᠢ ᠭᠦᠨᠵᠡᠭᠡᠶᠢᠷᠡᠭᠦᠯᠦᠨ᠎ᠡ᠃ ᠲᠠᠷᠢᠶᠠᠯᠠᠩ ᠤᠨ | ᠣᠰᠣᠨ ᠤ ᠦᠨ᠎ᠡ ᠶᠢᠨ ᠶᠡᠷᠦᠩᠬᠡᠶᠢᠯᠡᠭᠰᠡᠨ ᠦᠭᠡᠷᠡᠴᠢᠯᠡᠯᠳᠡ ᠶᠢᠨ ᠲᠣᠷᠰᠢᠯᠳᠠ ᠶᠢᠨ ᠴᠡᠭ ᠤᠨ ᠠᠵᠢᠯ ᠢ ᠭᠦᠨᠵᠡᠭᠡᠢ ᠠᠬᠢᠭᠤᠯᠣᠨ᠂ ᠣᠰᠣ ᠬᠠᠩᠭᠠᠬᠤ ᠦᠪᠡᠷ ᠤᠨ | ᠦᠷᠳᠡᠭ ᠢ ᠲᠣᠭᠳᠠᠮᠠᠯ ᠬᠤᠭᠤᠴᠠᠭ᠎ᠠ ᠲᠠᠢ ᠪᠠᠷ ᠲᠦᠰᠦᠭᠡᠯᠡᠨ ᠪᠣᠳᠣᠬᠤ ᠲᠦᠷᠢᠮ ᠢ ᠲᠣᠭᠳᠠᠭᠠᠬᠤ ᠪᠠᠷ ᠲᠠᠮᠵᠢᠭᠤᠯᠵᠣ᠂ ᠲᠠᠷᠢᠶᠠᠯᠠᠩ ᠤᠨ ᠣᠰᠣᠯᠠᠯᠳᠠ ᠶᠢᠨ | ᠬᠡᠮᠵᠢᠯᠳᠡ ᠶᠢᠨ ᠲᠦᠬᠦᠭᠡᠷᠦᠮᠵᠢ ᠶᠢᠨ ᠠᠵᠢᠯᠯᠠᠮᠵᠢ ᠤᠨ ᠦᠷᠳᠡᠭ᠂ ᠵᠠᠷᠣᠳᠠᠯ ᠢ ᠵᠦᠪ ᠣᠨᠣᠪᠴᠢᠳᠠᠢ ᠬᠠᠷᠭᠤᠭᠤᠯᠵᠣ ᠲᠣᠭᠳᠠᠭᠠᠨ᠂ ᠲᠠᠷᠢᠶᠠᠯᠠᠩ ᠤᠨ ᠣᠰᠣᠯᠠᠯᠳᠠ | ᠳᠤ ᠬᠡᠷᠡᠭᠯᠡᠭᠦ ᠣᠰᠣᠨ ᠤ ᠬᠠᠮᠢᠶᠠᠷᠣᠯᠳᠠ ᠶᠢᠨ ᠦᠷᠳᠡᠭ ᠢ ᠰᠢᠨᠵᠢᠯᠡᠭᠦ ᠣᠬᠠᠭᠠᠨᠴᠢ ᠪᠠᠷ ᠲᠦᠰᠦᠭᠡᠯᠡᠨ ᠪᠣᠳᠣᠵᠣ᠂ ᠣᠰᠣᠨ ᠤ ᠦᠨ᠎ᠡ ᠶᠢ ᠵᠣᠬᠢᠰᠳᠠᠢ ᠲᠣᠭᠳᠠᠭᠠᠨ᠎ᠠ᠃ | ᠣᠳᠣᠬᠠᠨ ᠳᠤ ᠠᠵᠢᠯᠯᠠᠮᠵᠢ ᠶᠢᠨ ᠦᠷᠳᠡᠭ ᠤᠨ ᠣᠰᠣᠨ ᠤ ᠦᠨ᠎ᠡ ᠶᠢ ᠪᠣᠰᠤᠭ᠎ᠠ ᠲᠦᠷᠪᠡᠯᠵᠢᠨ ᠮᠧᠲᠷ ᠪᠦᠷᠢ ᠳᠤ 0.26 ᠲᠦᠬᠦᠷᠢᠭ ᠢᠶᠠᠷ ᠲᠣᠭᠳᠠᠭᠠᠨ | ᠬᠢᠵᠠᠭᠠᠷᠯᠠᠯ ᠠᠴᠠ ᠭᠠᠳᠠᠨᠠᠬᠢ ᠰᠠᠭᠤᠷᠢ ᠦᠨ᠎ᠡ ᠪᠣᠯᠭᠠᠵᠣ᠂ ᠲᠣᠭᠳᠠᠭᠰᠠᠨ ᠨᠣᠷᠮ᠎ᠠ ︵ᠲᠦᠯᠦᠪᠯᠡᠭᠡ︶ ᠠᠴᠠ ᠬᠡᠳᠦᠷᠡᠭᠰᠡᠨ ᠣᠰᠣᠨ ᠳᠤ ᠦᠨ᠎ᠡ ᠨᠡᠮᠡᠭᠳᠡᠭᠦᠯᠬᠦ | ᠲᠦᠷᠢᠮ ᠢ ᠬᠡᠷᠡᠭᠵᠢᠭᠦᠯᠦᠨ᠎ᠡ᠃ 2025 ᠣᠨ ᠳᠤ ︽ᠬᠤᠳᠳᠤᠭ ᠴᠠᠬᠢᠯᠭᠠᠨ ᠤ ᠬᠤᠣᠰ ᠡᠵᠡᠮᠳᠡᠯ︾ ᠤᠨ ᠬᠡᠮᠵᠢᠯᠳᠡ ᠶᠢᠨ ᠲᠦᠬᠦᠭᠡᠷᠦᠮᠵᠢ ᠶᠢ ᠨᠢᠭᠡᠨᠳᠡ | ᠣᠭᠰᠠᠷᠠᠭᠰᠠᠨ ᠪᠦᠬᠦ ᠬᠤᠰᠢᠭᠤᠨ ᠤ 200 ᠮᠣ᠋ ᠠᠴᠠ ᠲᠡᠭᠡᠭᠰᠢᠬᠢ ᠲᠠᠷᠢᠮᠠᠯ ᠤᠨ ᠡᠷᠦᠭᠡ᠂ 100 ᠮᠣ᠋ ᠠᠴᠠ ᠲᠡᠭᠡᠭᠰᠢᠬᠢ ᠰᠦᠷᠴᠢᠨ ᠣᠰᠣᠯᠠᠯᠳᠠ ᠶᠢᠨ ᠡᠷᠦᠭᠡ | ᠪᠣᠯᠣᠨ ᠬᠡᠳᠦ ᠠᠰᠢᠭᠯᠠᠯᠳᠠ ᠶᠢᠨ ᠣᠷᠣᠨ ᠤ ᠠᠯᠢᠪᠠ ᠲᠠᠷᠢᠮᠠᠯ ᠤᠨ ᠡᠷᠦᠭᠡ ᠶᠢᠨ ᠣᠰᠣᠯᠠᠯᠳᠠ ᠳᠤ ᠬᠡᠷᠡᠭᠯᠡᠭᠦ ᠣᠰᠣ ᠲᠣᠭᠳᠠᠭᠰᠠᠨ ᠨᠣᠷᠮ᠎ᠠ ︵ᠲᠦᠯᠦᠪᠯᠡᠭᠡ︶ ᠠᠴᠠ | ᠬᠡᠳᠦᠷᠡᠪᠡᠯ᠂ ᠣᠰᠣᠨ ᠤ ᠦᠨ᠎ᠡ ᠨᠡᠮᠡᠭᠳᠡᠭᠦᠯᠬᠦ ᠲᠦᠷᠢᠮ ᠢ ᠴᠢᠩᠭ᠎ᠠ ᠬᠡᠷᠡᠭᠵᠢᠭᠦᠯᠵᠣ᠂ ᠮᠠᠯᠴᠢᠨ ᠲᠠᠷᠢᠶᠠᠴᠢᠳ ᠤᠨ ᠰᠢᠨᠵᠢᠯᠡᠭᠦ ᠣᠬᠠᠭᠠᠨᠴᠢ ᠪᠠᠷ ᠣᠰᠣᠯᠠᠬᠤ ᠶᠢ | ᠵᠢᠯᠣᠭᠤᠳᠣᠨ᠂ ᠬᠡᠳᠦᠷᠡᠳᠡᠯ᠎ᠡ ᠣᠰᠣᠯᠠᠬᠤ ᠶᠢ ᠬᠤᠷᠢᠭᠯᠠᠨ᠎ᠠ᠃ ︵ᠬᠠᠷᠢᠭᠤᠴᠠᠬᠤ ᠰᠠᠯᠠᠭ᠎ᠠ ᠮᠦᠴᠢᠷ᠄ ᠬᠤᠰᠢᠭᠤ ᠮᠠᠯ ᠲᠠᠷᠢᠶᠠᠯᠠᠩ ᠪᠣᠯᠣᠨ ᠣᠰᠣᠨ ᠠᠰᠢᠭᠯᠠᠯᠳᠠ | ᠶᠢᠨ ᠲᠣᠪᠴᠢᠶ᠎ᠠ᠂ ᠬᠦᠭᠵᠢᠭᠦᠯᠦᠯᠳᠡ ᠪᠠ ᠦᠭᠡᠷᠡᠴᠢᠯᠡᠯᠳᠡ ᠶᠢᠨ ᠵᠦᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠠᠷᠠᠳ ᠢ ᠬᠠᠷᠠᠭᠠᠯᠵᠠᠬᠤ ᠺᠣᠮᠫᠠᠨᠢ᠂ ᠡᠯ᠎ᠡ ᠪᠠᠯᠭᠠᠰᠦ︶ | ︵ᠭᠤᠷᠪᠠ︶ ᠠᠵᠣ ᠦᠢᠯᠠᠳᠪᠦᠷᠢ ᠶᠢᠨ ᠣᠰᠣ ᠠᠷᠪᠢᠯᠠᠵᠣ ᠭᠠᠳᠠᠭᠰᠢᠯᠠᠭᠤᠯᠣᠯᠳᠠ ᠶᠢ ᠪᠠᠭᠠᠰᠬᠠᠬᠤ ᠶᠢ ᠪᠦᠬᠦ ᠬᠦᠴᠦᠨ ᠢᠶᠠᠷ ᠠᠬᠢᠭᠤᠯᠣᠨ᠎ᠠ | 12. ᠣᠰᠣ ᠪᠠᠷ ᠦᠢᠯᠠᠳᠪᠦᠷᠢᠯᠠᠯ ᠢ ᠲᠣᠭᠳᠠᠭᠠᠬᠤ ᠶᠢ ᠪᠠᠷᠢᠮᠳᠠᠯᠠᠨ᠎ᠠ᠃ ᠣᠰᠣᠨ ᠤ ᠡᠬᠢ ᠰᠣᠷᠪᠣᠯᠵᠢ ᠶᠢᠨ ᠠᠴᠢᠶᠠᠯᠠᠪᠦᠷᠢ ᠶᠢᠨ ᠴᠢᠳᠠᠪᠬᠢ ᠶᠢ | ᠦᠨᠳᠦᠰᠦᠯᠡᠨ ᠠᠵᠣ ᠦᠢᠯᠠᠰ ᠤᠨ ᠬᠦᠭᠵᠢᠯᠳᠡ ᠶᠢ ᠰᠢᠯᠢᠳᠡᠭᠵᠢᠭᠦᠯᠦᠨ᠂ ᠠᠵᠣ ᠦᠢᠯᠠᠳᠪᠦᠷᠢ ᠪᠣᠯᠣᠨ ᠡᠨᠧᠷᠬᠢ ᠶᠢᠨ ᠬᠦᠭᠵᠢᠯᠳᠡ ᠶᠢᠨ ᠪᠠᠶᠢᠷᠢᠯᠠᠭᠤᠯᠣᠯᠳᠠ᠂ | ᠬᠡᠪᠴᠢᠶᠡᠵᠢᠯ ᠢ ᠵᠦᠢ ᠵᠣᠬᠢᠰᠳᠠᠢ ᠲᠦᠯᠦᠪᠵᠢᠭᠦᠯᠵᠣ᠂ ᠲᠦᠷᠦᠯ ᠵᠣᠶᠢᠯ ᠢ ᠵᠦᠪᠰᠢᠶᠡᠷᠡᠭᠦ ᠵᠠᠩᠬᠢᠯᠠᠭ᠎ᠠ ᠶᠢ ᠴᠢᠩᠭ᠎ᠠ ᠡᠵᠡᠮᠳᠡᠨ᠂ ᠣᠰᠣᠨ ᠤ ᠬᠤᠷᠣᠭᠳᠠᠯ ᠦᠨᠳᠦᠷ | ᠲᠦᠷᠦᠯ ᠵᠣᠶᠢᠯ ᠢ ᠬᠢᠨᠠᠨ ᠵᠦᠪᠰᠢᠶᠡᠷᠡᠭᠦ᠂ ᠲᠠᠩᠰᠠᠯᠠᠬᠤ ᠪᠠ ᠬᠢᠨᠠᠨ ᠴᠣᠬᠤᠯᠠᠪᠦᠷᠢᠯᠠᠬᠤ ᠶᠢ ᠴᠢᠩᠳᠠᠯᠠᠨ᠎ᠠ᠃ ᠣᠰᠣ ᠠᠪᠬᠤ ᠵᠦᠪᠰᠢᠶᠡᠷᠡᠯ ᠤᠨ ᠲᠦᠷᠢᠮ ᠢ | ᠴᠢᠩᠭᠠᠳᠬᠠᠨ᠂ ᠲᠣᠭᠳᠠᠭᠰᠠᠨ ᠨᠣᠷᠮ᠎ᠠ ᠶᠢᠨ ᠬᠠᠮᠢᠶᠠᠷᠣᠯᠳᠠ ᠶᠢ ᠨᠠᠶᠢᠳᠠᠪᠦᠷᠢᠵᠢᠭᠤᠯᠵᠣ᠂ ᠠᠵᠣ ᠦᠢᠯᠠᠳᠪᠦᠷᠢ ᠶᠢᠨ ᠣᠰᠣ ᠬᠡᠷᠡᠭᠯᠡᠭᠦ ᠵᠦᠪᠰᠢᠶᠡᠷᠡᠯ ᠤᠨ ᠲᠦᠷᠦᠯ | ᠵᠣᠶᠢᠯ ᠢ ᠰᠢᠨ᠎ᠡ ᠪᠠᠷ ᠴᠣᠬᠤᠯᠠᠪᠦᠷᠢᠯᠠᠬᠤ ᠳᠤ ᠣᠰᠣ ᠬᠡᠷᠡᠭᠯᠡᠭᠦ ᠨᠣᠷᠮ᠎ᠠ ᠶᠢ ᠪᠦᠬᠦᠨ ᠢ ᠦᠪᠡᠷᠳᠡᠭᠡᠨ ᠵᠠᠰᠠᠬᠤ ᠣᠷᠣᠨ ᠤ ᠲᠣᠭᠳᠠᠭᠰᠠᠨ ᠨᠣᠷᠮ᠎ᠠ ᠶᠢᠨ ᠲᠡᠷᠢᠭᠦᠨ ᠤ | ᠬᠡᠮᠵᠢᠶ᠎ᠡ ᠪᠣᠶᠣ ᠠᠳᠠᠯᠢ ᠠᠵᠢᠯ ᠲᠦᠷᠦᠯ ᠤᠨ ᠲᠡᠷᠢᠭᠦᠨ ᠤ ᠬᠡᠮᠵᠢᠶ᠎ᠡ ᠪᠠᠷ ᠦᠨᠳᠦᠰᠦᠯᠠᠯ ᠪᠣᠯᠭᠠᠨ᠎ᠠ᠃ 2025 ᠣᠨ ᠳᠤ᠂ ᠲᠦᠮᠡᠨ ᠲᠦᠬᠦᠷᠢᠭ ᠤᠨ ᠠᠵᠣ | ᠦᠢᠯᠠᠳᠪᠦᠷᠢ ᠶᠢᠨ ᠨᠡᠮᠡᠭᠳᠡᠯ ᠦᠷᠳᠡᠭ ᠤᠨ ᠣᠰᠣ ᠬᠡᠷᠡᠭᠯᠡᠭᠦ ᠬᠡᠮᠵᠢᠶ᠎ᠡ ᠶᠢ 2020 ᠣᠨ ᠤ ᠬᠢ ᠠᠴᠠ 5% ᠪᠠᠷ ᠪᠠᠭᠤᠷᠠᠭᠤᠯᠣᠨ᠎ᠠ᠃ ︵ᠬᠠᠷᠢᠭᠤᠴᠠᠬᠤ ᠰᠠᠯᠠᠭ᠎ᠠ | ᠮᠦᠴᠢᠷ᠄ ᠬᠤᠰᠢᠭᠤ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠠᠯ᠂ ᠠᠵᠣ ᠦᠢᠯᠠᠳᠪᠦᠷᠢ ᠮᠡᠳᠡᠭᠡ ᠵᠠᠩᠬᠢᠴᠢᠯᠠᠯᠳᠠ ᠪᠣᠯᠣᠨ ᠰᠢᠨᠵᠢᠯᠡᠭᠦ ᠣᠬᠠᠭᠠᠨ ᠲᠧᠭᠨᠢᠭ | ᠮᠡᠷᠭᠡᠵᠢᠯ ᠤᠨ ᠲᠣᠪᠴᠢᠶ᠎ᠠ᠂ ᠡᠨᠧᠷᠬᠢ ᠶᠢᠨ ᠲᠣᠪᠴᠢᠶ᠎ᠠ᠂ ᠮᠠᠯ ᠲᠠᠷᠢᠶᠠᠯᠠᠩ ᠪᠣᠯᠣᠨ ᠣᠰᠣᠨ ᠠᠰᠢᠭᠯᠠᠯᠳᠠ ᠶᠢᠨ ᠲᠣᠪᠴᠢᠶ᠎ᠠ︶ | 13. ᠭᠤᠣᠯᠳᠠᠯᠭᠠᠳᠦ ᠠᠵᠢᠯ ᠲᠦᠷᠦᠯ ᠤᠨ ᠣᠰᠣ ᠠᠷᠪᠢᠯᠠᠬᠤ ᠦᠭᠡᠷᠡᠴᠢᠯᠡᠯᠳᠡ ᠶᠢ ᠠᠬᠢᠭᠤᠯᠣᠨ᠎ᠠ᠃ ᠣᠯᠣᠰ᠂ ᠦᠪᠡᠷᠳᠡᠭᠡᠨ ᠵᠠᠰᠠᠬᠤ ᠣᠷᠣᠨ ᠤ ᠠᠵᠣ | ᠦᠢᠯᠠᠳᠪᠦᠷᠢ ᠶᠢᠨ ᠬᠦᠷᠢᠶ᠎ᠡ ᠴᠠᠷᠠᠭᠠᠨ ᠤ ᠪᠣᠬᠢᠷᠳᠣᠯ ᠦᠭᠡᠢ ᠲᠣᠣᠷ᠎ᠠ ᠨᠡᠭᠦᠷᠡᠰᠦᠳᠦ᠋ᠷᠦᠭᠴᠢᠳᠦ ᠲᠡᠷᠢᠭᠦᠨ ᠤ ᠮᠡᠷᠭᠡᠵᠢᠯ ᠤᠨ ᠲᠦᠭᠡᠮᠡᠯᠵᠢᠭᠦᠯᠦᠯᠳᠡ ᠶᠢᠨ ᠨᠡᠷᠡᠰ ᠤᠨ | ᠨᠡᠶᠢᠳᠡᠯᠡᠯ ᠢ ᠦᠨᠳᠦᠰᠦᠯᠡᠨ᠂ ᠣᠰᠣᠨ ᠤ ᠬᠤᠷᠣᠭᠳᠠᠯ ᠦᠨᠳᠦᠷ ᠠᠵᠢᠯ ᠲᠦᠷᠦᠯ ᠢ ᠵᠢᠯᠣᠭᠤᠳᠣᠨ ᠣᠰᠣ ᠠᠷᠪᠢᠯᠠᠬᠤ ᠮᠡᠷᠭᠡᠵᠢᠯ ᠤᠨ ᠦᠭᠡᠷᠡᠴᠢᠯᠡᠯᠳᠡ ᠵᠢᠴᠢ | ᠲᠠᠬᠢᠯᠳᠠ ᠣᠰᠣ ᠶᠢ ᠡᠭᠡᠭᠦᠯᠦᠨ ᠬᠡᠷᠡᠭᠯᠡᠭᠦ ᠦᠭᠡᠷᠡᠴᠢᠯᠡᠯᠳᠡ ᠶᠢ ᠦᠷᠨᠢᠭᠦᠯᠵᠣ᠂ ᠣᠰᠣ ᠠᠷᠪᠢᠯᠠᠬᠤ ᠮᠡᠷᠭᠡᠵᠢᠯ ᠤᠨ ᠦᠭᠡᠷᠡᠴᠢᠯᠡᠯᠳᠡ ᠶᠢᠨ ᠲᠦᠷᠦᠯ ᠵᠣᠶᠢᠯ ᠤᠨ | ᠨᠠᠷᠢᠨ ᠲᠠᠩᠰᠠ ᠪᠠᠶᠢᠭᠤᠯᠣᠨ᠂ 2025 ᠣᠨ ᠳᠤ 1 ᠣᠰᠣ ᠠᠷᠪᠢᠯᠠᠬᠤ ᠦᠭᠡᠷᠡᠴᠢᠯᠡᠯᠳᠡ ᠶᠢᠨ ᠲᠦᠷᠦᠯ ᠵᠣᠶᠢᠯ ᠢ ᠬᠡᠷᠡᠭᠵᠢᠭᠦᠯᠦᠨ᠎ᠡ᠃ ︵ᠬᠠᠷᠢᠭᠤᠴᠠᠬᠤ ᠰᠠᠯᠠᠭ᠎ᠠ | ᠮᠦᠴᠢᠷ᠄ ᠠᠵᠣ ᠦᠢᠯᠠᠳᠪᠦᠷᠢ ᠮᠡᠳᠡᠭᠡ ᠵᠠᠩᠬᠢᠴᠢᠯᠠᠯᠳᠠ ᠪᠣᠯᠣᠨ ᠰᠢᠨᠵᠢᠯᠡᠭᠦ ᠣᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠡᠨᠧᠷᠬᠢ ᠶᠢᠨ ᠲᠣᠪᠴᠢᠶ᠎ᠠ᠂ ᠮᠠᠯ | ᠲᠠᠷᠢᠶᠠᠯᠠᠩ ᠪᠣᠯᠣᠨ ᠣᠰᠣᠨ ᠠᠰᠢᠭᠯᠠᠯᠳᠠ ᠶᠢᠨ ᠲᠣᠪᠴᠢᠶ᠎ᠠ︶ | 14. ᠠᠵᠣ ᠦᠢᠯᠠᠳᠪᠦᠷᠢ ᠶᠢᠨ ᠣᠰᠣ ᠠᠷᠪᠢᠯᠠᠬᠤ ᠵᠢᠱᠢᠶ᠎ᠡ ᠦᠵᠡᠭᠦᠯᠬᠦ ᠠᠵᠢᠯ ᠢ ᠠᠬᠢᠭᠤᠯᠣᠨ᠎ᠠ᠃ ᠠᠵᠣ ᠦᠢᠯᠠᠳᠪᠦᠷᠢ ᠶᠢᠨ ᠬᠠᠶᠠᠭᠳᠠᠮᠠᠯ ᠣᠰᠣᠨ ᠤ | ᠣᠷᠴᠢᠯ ᠠᠰᠢᠭᠯᠠᠯᠳᠠ ᠶᠢ ᠴᠢᠩᠭᠠᠳᠬᠠᠨ᠂ ᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ ᠶᠢᠨ ᠣᠷᠣᠨ ᠤ ᠣᠰᠣ ᠬᠠᠩᠭᠠᠬᠤ ᠣᠰᠣ ᠭᠠᠳᠠᠭᠰᠢᠯᠠᠭᠤᠯᠬᠤ᠂ | ᠣᠰᠣ ᠰᠢᠢᠳᠪᠦᠷᠢᠯᠡᠭᠦ ᠵᠢᠴᠢ ᠣᠷᠴᠢᠯ ᠠᠰᠢᠭᠯᠠᠯᠳᠠ ᠶᠢᠨ ᠲᠦᠬᠦᠭᠡᠷᠦᠮᠵᠢ ᠶᠢᠨ ᠪᠠᠶᠢᠭᠤᠯᠣᠯᠳᠠ ᠶᠢ ᠲᠦᠷᠭᠡᠳᠬᠡᠵᠣ᠂ ᠬᠦᠷᠢᠶᠡᠯᠡᠩ ᠲᠣᠭᠤᠷᠢᠭ ᠤᠨ ᠠᠵᠣ | ᠠᠬᠤᠶᠢᠯᠠᠯ ᠤᠨ ᠬᠤᠭᠤᠷᠣᠨᠳᠣᠬᠢ ᠬᠤᠯᠪᠣᠭᠠᠯᠠᠨ ᠣᠰᠣ ᠭᠡᠷᠡᠭᠯᠡᠭᠦ᠂ ᠴᠢᠨᠠᠷ ᠬᠤᠪᠢᠶᠠᠨ ᠣᠰᠣ ᠬᠡᠷᠡᠭᠯᠡᠭᠦ᠂ ᠱᠠᠳᠣᠴᠢᠯᠠᠨ ᠣᠰᠣ ᠬᠡᠷᠡᠭᠯᠡᠭᠦ᠂ ᠣᠷᠴᠢᠯᠳᠣᠭᠤᠯᠣᠨ ᠣᠰᠣ | ᠬᠡᠷᠡᠭᠯᠡᠭᠦ ᠶᠢ ᠠᠬᠢᠭᠤᠯᠣᠨ᠂ ᠠᠵᠣ ᠠᠬᠤᠶᠢᠯᠠᠯ ᠤᠨ ᠬᠤᠭᠤᠷᠣᠨᠳᠦᠬᠢ ᠣᠰᠣ ᠬᠡᠷᠡᠭᠯᠡᠭᠦ ᠬᠤᠷᠠᠮᠠᠯ ᠰᠢᠰᠲ᠋ᠧᠮ ᠢ ᠪᠠᠶᠢᠭᠤᠯᠣᠨ ᠰᠢᠯᠢᠳᠡᠭᠵᠢᠭᠦᠯᠣᠨᠡ᠃ ᠣᠰᠣ ᠬᠡᠷᠡᠭᠯᠡᠭᠦ | ᠲᠦᠰᠦᠪ ᠤᠨ ᠬᠠᠮᠢᠶᠠᠷᠣᠯᠳᠠ ᠶᠢ ᠲᠣᠭᠳᠠᠭᠠᠣᠨ ᠢᠶᠠᠷ ᠠᠬᠢᠭᠤᠯᠣᠨ᠂ ᠠᠵᠣ ᠦᠢᠯᠠᠳᠪᠦᠷᠢ ᠶᠢᠨ ᠣᠰᠣ ᠬᠡᠷᠡᠭᠯᠡᠭᠦ ᠲᠦᠰᠦᠪ ᠤᠨ ᠬᠠᠮᠢᠶᠠᠷᠣᠯᠳᠠ ᠶᠢᠨ ᠲᠣᠷᠰᠢᠯᠳᠠ ᠶᠢ | ᠵᠣᠬᠢᠶᠠᠨ ᠪᠠᠶᠢᠭᠤᠯᠵᠣ ᠦᠷᠨᠢᠭᠦᠯᠦᠨ᠎ᠡ᠃ 2025 ᠣᠨ ᠳᠤ᠂ ᠪᠦᠬᠦ ᠬᠤᠰᠢᠭᠤᠨ ᠤ ᠠᠵᠣ ᠦᠢᠯᠠᠳᠪᠦᠷᠢ ᠶᠢᠨ ᠣᠰᠣᠨ ᠤ ᠲᠠᠬᠢᠨ ᠠᠰᠢᠭᠯᠠᠯᠳᠠ ᠶᠢᠨ ᠨᠣᠷᠮ᠎ᠠ ᠶᠢ | 94% ᠠᠴᠠ ᠲᠠᠪᠠᠭᠤᠯᠣᠨ᠎ᠠ᠃ ᠣᠰᠣ ᠠᠷᠪᠢᠯᠠᠬᠤ ᠬᠡᠯᠪᠡᠷᠢ ᠶᠢᠨ ᠬᠦᠷᠢᠶᠡᠯᠡᠩ ᠲᠣᠭᠤᠷᠢᠭ ᠪᠣᠯᠣᠨ ᠣᠰᠣ ᠠᠷᠪᠢᠯᠠᠬᠤ ᠬᠡᠯᠪᠡᠷᠢ ᠶᠢᠨ ᠠᠵᠣ ᠠᠬᠤᠶᠢᠯᠠᠯ ᠤᠨ | ᠪᠠᠶᠢᠭᠤᠯᠣᠯᠳᠠ ᠶᠢ ᠲᠦᠷᠭᠡᠳᠭᠡᠨ᠂ 2025 ᠣᠨ ᠳᠤ ᠪᠦᠬᠦ ᠬᠤᠰᠢᠭᠤᠨ ᠤ ᠭᠤᠣᠯᠳᠠᠯᠭ᠎ᠠ ᠲᠠᠢ ᠬᠢᠨᠠᠨ ᠡᠵᠡᠮᠳᠡᠬᠦ ᠣᠰᠣ ᠬᠡᠷᠡᠭᠯᠡᠭᠦ ᠡᠷᠦᠭᠡ ᠶᠢᠨ ᠨᠡᠷᠡᠰ ᠲᠤ | ᠣᠷᠣᠭᠤᠯᠣᠭᠰᠠᠨ ᠣᠰᠣᠨ ᠤ ᠬᠤᠷᠣᠭᠳᠠᠯ ᠶᠡᠭᠡ ᠠᠵᠣ ᠠᠬᠤᠶᠢᠯᠠᠯ ᠤᠨ ᠲᠣᠳᠣᠷ᠎ᠠ ᠠᠴᠠ ᠨᠦᠬᠦᠴᠡᠯ ᠳᠤ ᠨᠡᠶᠢᠴᠡᠬᠦ ᠶᠢ ᠪᠦᠬᠦᠨ ᠢ ᠣᠰᠣ ᠠᠷᠪᠢᠯᠠᠬᠤ ᠬᠡᠯᠪᠡᠷᠢ ᠶᠢᠨ | ᠠᠵᠣ ᠠᠬᠤᠶᠢᠯᠠᠯ ᠪᠣᠯᠭᠠᠨ᠎ᠠ᠃ ︵ᠬᠠᠷᠢᠭᠤᠴᠠᠬᠤ ᠰᠠᠯᠠᠭ᠎ᠠ ᠮᠦᠴᠢᠷ᠄ ᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ ᠶᠢᠨ ᠣᠷᠣᠨ᠂ ᠠᠵᠣ ᠦᠢᠯᠠᠳᠪᠦᠷᠢ | ᠮᠡᠳᠡᠭᠡ ᠵᠠᠩᠬᠢᠴᠢᠯᠠᠯᠳᠠ ᠪᠣᠯᠣᠨ ᠰᠢᠨᠵᠢᠯᠡᠭᠦ ᠣᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠡᠨᠧᠷᠬᠢ ᠶᠢᠨ ᠲᠣᠪᠴᠢᠶ᠎ᠠ᠂ ᠮᠠᠯ ᠲᠠᠷᠢᠶᠠᠯᠠᠩ ᠪᠣᠯᠣᠨ ᠣᠰᠣᠨ | ᠠᠰᠢᠭᠯᠠᠯᠳᠠ ᠶᠢᠨ ᠲᠣᠪᠴᠢᠶ᠎ᠠ︶ | ︵ᠲᠦᠷᠪᠡ︶ ᠬᠤᠳᠠ ᠪᠠᠯᠭᠠᠰᠣᠨ ᠤ ᠣᠰᠣ ᠠᠷᠪᠢᠯᠠᠵᠣ ᠬᠤᠬᠢᠷᠠᠯ ᠢ ᠪᠠᠭᠠᠰᠬᠠᠬᠤ ᠠᠵᠢᠯ ᠢ ᠪᠦᠬᠦ ᠬᠦᠴᠦᠨ ᠢᠶᠠᠷ ᠠᠬᠢᠭᠤᠯᠣᠨ᠎ᠠ | 15. ᠣᠰᠣ ᠪᠠᠷ ᠬᠤᠳᠠ ᠪᠠ ᠬᠦᠮᠦᠨ ᠠᠮᠠ ᠶᠢ ᠲᠣᠭᠳᠠᠭᠠᠬᠤ ᠶᠢ ᠪᠠᠷᠢᠮᠳᠠᠯᠠᠨ᠎ᠠ᠃ ᠣᠷᠣᠨ ᠪᠦᠰᠡ ᠶᠢᠨ ᠣᠰᠣᠨ ᠰᠣᠷᠪᠣᠯᠵᠢ ᠶᠢᠨ ᠨᠦᠬᠦᠴᠡᠯ ᠪᠣᠯᠣᠨ | ᠣᠰᠣᠨ ᠤ ᠡᠬᠢ ᠰᠣᠷᠪᠣᠯᠵᠢ ᠶᠢᠨ ᠠᠴᠢᠶᠠᠯᠠᠪᠦᠷᠢ ᠶᠢᠨ ᠴᠢᠳᠠᠪᠬᠢ ᠶᠢ ᠦᠨᠳᠦᠰᠦᠯᠡᠨ᠂ ᠬᠤᠳᠠ ᠶᠢᠨ ᠣᠷᠣᠨ ᠵᠠᠢ ᠶᠢᠨ ᠪᠠᠶᠢᠷᠢᠰᠢᠯᠠᠭᠤᠯᠣᠯᠳᠠ᠂ ᠣᠰᠣᠨ ᠤ ᠡᠬᠢ | ᠰᠣᠷᠪᠣᠯᠵᠢ ᠶᠢᠨ ᠨᠡᠭᠡᠭᠡᠯᠳᠡ ᠠᠰᠢᠭᠯᠠᠯᠳᠠ᠂ ᠠᠵᠣ ᠦᠢᠯᠠᠰ ᠪᠣᠯᠣᠨ ᠬᠦᠮᠦᠨ ᠠᠮᠠ ᠶᠢᠨ ᠬᠦᠭᠵᠢᠯᠳᠡ ᠶᠢᠨ ᠬᠡᠪᠴᠢᠶᠡᠵᠢᠯ ᠢ ᠵᠣᠬᠢᠰᠳᠠᠢ ᠲᠦᠯᠦᠪᠵᠢᠭᠦᠯᠵᠣ᠂ | ᠬᠦᠮᠦᠨ ᠠᠮᠠ ᠶᠢᠨ ᠲᠡᠩᠴᠡᠭᠦᠷᠢᠳᠡᠢ ᠬᠦᠭᠵᠢᠯᠳᠡ᠂ ᠬᠤᠳᠠ ᠶᠢᠨ ᠡᠷᠴᠢᠮᠳᠠᠢ ᠬᠦᠭᠵᠢᠯᠳᠡ ᠪᠣᠯᠣᠨ ᠣᠰᠣᠨ ᠤ ᠡᠬᠢ ᠰᠣᠷᠪᠣᠯᠵᠢ ᠶᠢᠨ ᠨᠡᠭᠡᠭᠡᠯᠳᠡ ᠠᠰᠢᠭᠯᠠᠯᠳᠠ ᠶᠢ | ᠬᠠᠷᠢᠯᠴᠠᠨ ᠵᠣᠬᠢᠴᠠᠭᠤᠯᠬᠤ ᠶᠢ ᠠᠬᠢᠭᠤᠯᠣᠨ᠎ᠡ᠃ ︵ᠬᠠᠷᠢᠭᠤᠴᠠᠬᠤ ᠰᠠᠯᠠᠭ᠎ᠠ ᠮᠦᠴᠢᠷ᠄ ᠬᠤᠰᠢᠭᠤ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ᠂ ᠣᠷᠣᠨ | ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠣᠯᠳᠠ ᠶᠢᠨ ᠲᠣᠪᠴᠢᠶ᠎ᠠ᠂ ᠮᠠᠯ ᠲᠠᠷᠢᠶᠠᠯᠠᠩ ᠪᠣᠯᠣᠨ ᠣᠰᠣᠨ ᠠᠰᠢᠭᠯᠠᠯᠳᠠ ᠶᠢᠨ ᠲᠣᠪᠴᠢᠶ᠎ᠠ︶ | 16. ᠬᠤᠳᠠ ᠬᠦᠳᠡᠭᠡ ᠶᠢᠨ ᠣᠰᠣ ᠠᠷᠪᠢᠯᠠᠬᠤ ᠦᠭᠡᠷᠡᠴᠢᠯᠡᠯᠳᠡ ᠶᠢ ᠴᠢᠩᠭᠠᠳᠬᠠᠨ᠎ᠠ᠃ ᠭᠤᠭᠤᠵᠢᠯ ᠬᠤᠬᠢᠷᠠᠯ ᠤᠨ ᠨᠠᠷᠢᠯᠢᠭᠵᠢᠭᠤᠯᠣᠭᠰᠠᠨ ᠬᠠᠮᠢᠶᠠᠷᠣᠯᠳᠠ | ᠡᠵᠡᠮᠳᠡᠯ ᠤᠨ ᠰᠢᠰᠲ᠋ᠧᠮ ᠢ ᠪᠠᠶᠢᠭᠤᠯᠣᠨ᠂ ᠬᠤᠳᠠ ᠪᠠᠯᠭᠠᠰᠣ ᠵᠢᠴᠢ ᠬᠦᠳᠡᠭᠡ ᠲᠣᠰᠬᠤᠨ ᠤ ᠠᠮᠢᠳᠣᠷᠠᠯ ᠤᠨ ᠣᠰᠣ ᠬᠠᠩᠭᠠᠬᠤ ᠲᠦᠬᠦᠭᠡᠷᠦᠮᠵᠢ᠂ ᠲᠦᠬᠦᠷᠴᠢᠯᠡᠭᠰᠡᠨ | ᠲᠣᠣᠷ ᠬᠤᠭᠤᠯᠠᠢ ᠶᠢᠨ ᠪᠠᠶᠢᠭᠤᠯᠣᠯᠳᠠ ᠪᠣᠯᠣᠨ ᠬᠠᠭᠤᠴᠢᠨ ᠲᠣᠣᠷ ᠬᠤᠭᠤᠯᠠᠢ ᠶᠢᠨ ᠦᠭᠡᠷᠡᠴᠢᠯᠡᠯᠳᠡ ᠶᠢ ᠲᠦᠷᠭᠡᠳᠬᠡᠵᠣ᠂ ᠭᠤᠭᠤᠵᠢᠵᠣ ᠨᠡᠪᠴᠢᠬᠦ ᠶᠢ ᠰᠠᠶᠢᠳᠦᠷ | ᠬᠠᠮᠢᠶᠠᠷᠣᠨ᠂ ᠣᠰᠣ ᠠᠷᠪᠢᠯᠠᠬᠤ ᠲᠦᠬᠦᠭᠡᠷᠦᠮᠵᠢ ᠶᠢᠨ ᠬᠡᠷᠡᠭᠯᠡᠯᠳᠡ ᠶᠢ ᠲᠦᠭᠡᠮᠡᠯᠵᠢᠭᠦᠯᠦᠨ᠎ᠡ᠃ 2025 ᠣᠨ ᠳᠤ ᠪᠦᠬᠦ ᠬᠤᠰᠢᠭᠤᠨ ᠤ ᠬᠤᠳᠠ ᠪᠠᠯᠭᠠᠰᠣᠨ ᠤ | ᠨᠡᠶᠢᠳᠡ ᠶᠢᠨ ᠣᠰᠣ ᠬᠠᠩᠭᠠᠬᠤ ᠲᠣᠣᠷ ᠬᠤᠭᠤᠯᠠᠢ ᠶᠢᠨ ᠰᠦᠢᠳᠦᠯ ᠤᠨ ᠨᠣᠷᠮ᠎ᠠ ᠶᠢ 5.4% ᠲᠣᠳᠣᠷ᠎ᠠ ᠡᠵᠡᠮᠳᠡᠨ ᠬᠢᠵᠠᠭᠠᠷᠯᠠᠨ᠎ᠠ︔ ᠮᠠᠯᠵᠢᠬᠤ ᠲᠠᠷᠢᠶᠠᠯᠠᠬᠤ | ᠣᠷᠣᠨ ᠤ ᠣᠰᠣ ᠣᠮᠳᠠ ᠶᠢᠨ ᠪᠠᠳᠣᠯᠠᠭ᠎ᠠ ᠶᠢᠨ ᠪᠠᠶᠢᠭᠤᠯᠣᠯᠳᠠ ᠪᠣᠯᠣᠨ ᠬᠠᠮᠢᠶᠠᠷᠣᠯᠳᠠ ᠶᠢ ᠴᠢᠩᠭᠠᠳᠬᠠᠨ᠂ ᠮᠠᠯᠵᠢᠬᠤ ᠲᠠᠷᠢᠶᠠᠯᠠᠬᠤ ᠣᠷᠣᠨ ᠤ ᠣᠰᠣ ᠬᠠᠩᠭᠠᠬᠤ | ᠪᠠᠳᠣᠯᠠᠭ᠎ᠠ ᠶᠢᠨ ᠲᠡᠭᠡᠭᠰᠢᠯᠡᠭᠦᠯᠦᠯᠳᠡ ᠲᠡᠰ ᠲᠡᠪᠰᠢᠯᠳᠠ ᠶᠢ ᠪᠦᠬᠦ ᠲᠠᠯ᠎ᠠ ᠪᠠᠷ ᠠᠬᠢᠭᠤᠯᠵᠣ᠂ ᠲᠣᠬᠠᠢ ᠶᠢᠨ ᠭᠠᠵᠠᠷ ᠲᠤ ᠨᠢ ᠲᠣᠬᠢᠷᠠᠭᠤᠯᠣᠨ ᠬᠤᠳᠠ ᠬᠦᠳᠡᠭᠡ ᠶᠢᠨ | ᠣᠰᠣ ᠬᠠᠩᠭᠠᠯᠭ᠎ᠠ ᠶᠢ ᠴᠣᠭᠴᠠᠵᠢᠭᠤᠯᠬᠤ᠂ ᠲᠦᠪᠯᠡᠷᠡᠩᠬᠦᠢ ᠣᠰᠣ ᠬᠠᠩᠭᠠᠬᠤ ᠢᠨᠵᠧᠨᠧᠷᠢᠩ ᠢ ᠬᠡᠪᠴᠢᠶᠡᠵᠢᠭᠦᠯᠬᠦ᠂ ᠪᠠᠭ᠎ᠠ ᠬᠡᠯᠪᠡᠷᠢ ᠶᠢᠨ ᠢᠨᠵᠧᠨᠧᠷᠢᠩ ᠢ | ᠵᠢᠷᠣᠮᠵᠢᠭᠤᠯᠬᠤ ᠶᠢ ᠠᠬᠢᠭᠤᠯᠣᠨ᠂ ᠮᠠᠯᠵᠢᠬᠤ ᠲᠠᠷᠢᠶᠠᠯᠠᠬᠤ ᠣᠷᠣᠨ ᠤ ᠣᠰᠣ ᠬᠠᠩᠭᠠᠬᠤ ᠴᠢᠨᠠᠷᠵᠢᠯ ᠤᠨ ᠲᠦᠪᠰᠢᠨ ᠢ ᠲᠡᠭᠡᠭᠰᠢᠯᠡᠭᠦᠯᠦᠨ᠎ᠡ᠃ 2025 ᠣᠨ ᠤ | ᠡᠴᠦᠰ ᠪᠣᠯᠬᠤ ᠳᠤ ᠪᠦᠬᠦ ᠬᠤᠰᠢᠭᠤᠨ ᠤ ᠬᠦᠳᠡᠭᠡ ᠲᠣᠰᠬᠤᠨ ᠤ ᠲᠦᠭᠡᠭᠡᠯ ᠣᠰᠣᠨ ᠤ ᠲᠦᠭᠡᠮᠡᠯᠵᠢᠭᠦᠯᠦᠯᠳᠡ ᠶᠢᠨ ᠨᠣᠷᠮ᠎ᠠ ᠶᠢ 88.2% ᠠᠴᠠ ᠲᠠᠪᠠᠭᠤᠯᠣᠨ᠂ | ᠮᠠᠯᠵᠢᠬᠤ ᠲᠠᠷᠢᠶᠠᠯᠠᠬᠤ ᠣᠷᠣᠨ ᠤ ᠡᠷᠦᠭᠡ ᠳᠤ ᠣᠰᠣ ᠬᠠᠩᠭᠠᠬᠤ ᠨᠣᠷᠮ᠎ᠠ ᠶᠢ 92% ᠠᠴᠠ ᠲᠠᠪᠠᠭᠤᠯᠵᠣ᠂ ᠮᠠᠯᠵᠢᠬᠤ ᠲᠠᠷᠢᠶᠠᠯᠠᠬᠤ ᠣᠷᠣᠨ ᠤ | ᠬᠡᠪᠴᠢᠶᠡᠵᠢᠭᠦᠯᠦᠭᠰᠡᠨ ᠢᠨᠵᠧᠨᠧᠷᠢᠩ ᠤᠨ ᠦᠢᠯᠡᠴᠢᠯᠡᠭᠡᠨ ᠤ ᠬᠦᠮᠦᠨ ᠠᠮᠠ ᠶᠢᠨ ᠬᠠᠷᠢᠴᠠᠯ ᠢ 44% ᠠᠴᠠ ᠲᠠᠪᠠᠭᠤᠯᠣᠨ᠂ ᠦᠪᠡᠷᠳᠡᠭᠡᠨ ᠵᠠᠰᠠᠬᠤ ᠣᠷᠣᠨ ᠤ | ᠬᠦᠳᠡᠭᠡ ᠲᠣᠰᠬᠤᠨ ᠤ ᠣᠰᠣ ᠬᠠᠩᠭᠠᠬᠤ ᠴᠢᠨᠠᠷᠯᠢᠭ ᠬᠦᠭᠵᠢᠯᠳᠡ ᠶᠢᠨ ᠲᠦᠯᠦᠪᠵᠢᠭᠦᠯᠭᠡ ᠶᠢᠨ ᠬᠠᠷᠠᠯᠳᠠ ᠶᠢᠨ ᠲᠦᠪᠰᠢᠨ ᠠᠴᠠ ᠲᠠᠪᠠᠭᠤᠯᠣᠨ᠎ᠠ᠃ ︵ᠬᠠᠷᠢᠭᠤᠴᠠᠬᠤ | ᠰᠠᠯᠠᠭ᠎ᠠ ᠮᠦᠴᠢᠷ᠄ ᠬᠤᠰᠢᠭᠤ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠣᠯᠳᠠ ᠶᠢᠨ ᠲᠣᠪᠴᠢᠶ᠎ᠠ᠂ ᠮᠠᠯ ᠲᠠᠷᠢᠶᠠᠯᠠᠩ ᠪᠣᠯᠣᠨ ᠣᠰᠣᠨ | ᠠᠰᠢᠭᠯᠠᠯᠳᠠ ᠶᠢᠨ ᠲᠣᠪᠴᠢᠶ᠎ᠠ᠂ ᠪᠠᠶᠢᠭᠤᠯᠭ᠎ᠠ ᠶᠢᠨ ᠶᠠᠪᠣᠳᠠᠯ ᠤᠨ ᠦᠢᠯᠡᠴᠢᠯᠡᠭᠡᠨ ᠤ ᠲᠦᠪ᠂ ᠡᠯ᠎ᠡ ᠪᠠᠯᠭᠠᠰᠣ︶ | 17. ᠬᠤᠳᠠ ᠪᠠᠯᠭᠠᠰᠦ ᠡᠩ ᠲᠡᠷᠢᠭᠦᠨ ᠳᠤ ᠲᠠᠬᠢᠯᠳᠠ ᠣᠰᠣ ᠶᠢ ᠠᠰᠢᠭᠯᠠᠨ᠎ᠠ᠃ ᠡᠯ᠎ᠡ ᠪᠠᠯᠭᠠᠰᠣᠨ ᠤ ᠠᠮᠢ ᠠᠬᠤᠢ ᠶᠢᠨ ᠦᠵᠡᠮᠵᠢ᠂ ᠠᠵᠣ ᠦᠢᠯᠠᠳᠪᠦᠷᠢ | ᠶᠢᠨ ᠦᠢᠯᠠᠳᠪᠦᠷᠢᠯᠠᠯ᠂ ᠬᠤᠳᠠ ᠶᠢᠨ ᠨᠣᠭᠤᠭᠠᠵᠢᠭᠤᠯᠣᠯᠳᠠ᠂ ᠵᠠᠮ ᠴᠡᠪᠡᠷᠯᠡᠭᠦ᠂ ᠲᠡᠷᠭᠡ ᠮᠠᠰᠢᠨ ᠣᠬᠢᠶᠠᠬᠤ ᠪᠠ ᠪᠠᠷᠢᠯᠭ᠎ᠠ ᠶᠢᠨ ᠠᠵᠢᠯ ᠵᠡᠷᠭᠡ ᠳᠤ ᠲᠠᠬᠢᠯᠳᠠ ᠣᠰᠣ | ᠶᠢ ᠡᠩ ᠲᠡᠷᠢᠭᠦᠨ ᠳᠤ ᠬᠡᠷᠡᠭᠯᠡᠨ᠎ᠡ᠃ ᠬᠦᠳᠡᠭᠡ ᠲᠣᠰᠬᠤᠨ ᠤ ᠪᠣᠬᠢᠷ ᠣᠰᠣ ᠰᠢᠢᠳᠪᠦᠷᠢᠯᠡᠭᠦ ᠦᠢᠯᠠᠳᠪᠦᠷᠢ ᠶᠢᠨ ᠪᠠᠶᠢᠭᠤᠯᠣᠯᠳᠠ ᠶᠢ ᠲᠦᠷᠭᠡᠳᠬᠡᠨ᠂ ᠲᠠᠬᠢᠯᠳᠠ | ᠣᠰᠣᠨ ᠤ ᠶᠡᠷᠦᠩᠬᠡᠶᠢᠯᠡᠭᠰᠡᠨ ᠰᠢᠢᠳᠪᠦᠷᠢᠯᠡᠯᠳᠡ ᠪᠣᠯᠣᠨ ᠠᠰᠢᠭᠯᠠᠯᠳᠠ ᠶᠢᠨ ᠲᠦᠪᠰᠢᠨ ᠢ ᠲᠡᠭᠡᠭᠰᠢᠯᠡᠭᠦᠯᠵᠣ᠂ ᠨᠢᠭᠡᠳᠦᠯᠳᠡᠢ ᠬᠤᠷᠠᠮᠳᠣᠭᠤᠯᠣᠨ᠂ ᠨᠢᠭᠡᠳᠦᠯᠳᠡᠢ | ᠲᠣᠬᠢᠷᠠᠭᠤᠯᠵᠣ᠂ ᠲᠣᠰᠬᠤᠨ ᠪᠠᠯᠭᠠᠰᠣᠨ ᠤ ᠵᠠᠮ ᠵᠡᠭᠡᠯᠢ ᠲᠠᠭᠤ ᠶᠢᠨ ᠣᠭᠤᠭᠠᠵᠢᠭᠤᠯᠣᠯᠳᠠ ᠳᠤ ᠲᠠᠬᠢᠯᠳᠠ ᠣᠰᠣ ᠬᠡᠷᠡᠭᠯᠡᠭᠦ ᠢᠨᠵᠧᠨᠧᠷᠢᠩ ᠢ ᠬᠡᠷᠡᠭᠵᠢᠭᠦᠯᠦᠨ᠎ᠡ᠃ | ︵ᠬᠠᠷᠢᠭᠤᠴᠠᠬᠤ ᠰᠠᠯᠠᠭ᠎ᠠ ᠮᠦᠴᠢᠷ᠄ ᠬᠤᠰᠢᠭᠤ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠣᠯᠳᠠ ᠶᠢᠨ ᠲᠣᠪᠴᠢᠶ᠎ᠠ᠂ ᠠᠮᠢ ᠠᠬᠤᠢ ᠣᠷᠴᠢᠨ | ᠬᠠᠮᠠᠭᠠᠯᠠᠯᠳᠠ ᠶᠢᠨ ᠬᠤᠪᠢᠶᠠᠷᠢ ᠲᠣᠪᠴᠢᠶ᠎ᠠ᠂ ᠮᠠᠯ ᠲᠠᠷᠢᠶᠠᠯᠠᠩ ᠪᠣᠯᠣᠨ ᠣᠰᠣᠨ ᠠᠰᠢᠭᠯᠠᠯᠳᠠ ᠶᠢᠨ ᠲᠣᠪᠴᠢᠶ᠎ᠠ᠂ ᠨᠡᠶᠢᠳᠡ ᠶᠢᠨ ᠠᠵᠢᠯ ᠦᠢᠯᠠᠰ ᠤᠨ ᠬᠠᠮᠢᠶᠠᠷᠣᠯᠳᠠ | ᠶᠢᠨ ᠲᠦᠪ᠂ ᠡᠯ᠎ᠡ ᠪᠠᠯᠭᠠᠰᠣ︶ | 18. ᠬᠤᠳᠠ ᠶᠢᠨ ᠣᠰᠣ ᠰᠢᠩᠭᠡᠭᠡᠭᠦ ᠪᠠᠶᠢᠭᠤᠯᠣᠯᠳᠠ ᠶᠢ ᠲᠦᠷᠭᠡᠳᠬᠡᠨ᠎ᠡ᠃ ᠬᠤᠳᠠ ᠶᠢᠨ ᠣᠰᠣ ᠰᠢᠩᠭᠡᠭᠡᠭᠦ ᠪᠠᠶᠢᠭᠤᠯᠣᠯᠳᠠ ᠶᠢ ᠲᠦᠷᠭᠡᠳᠬᠡᠨ᠂ ᠬᠤᠳᠠ | ᠶᠢᠨ ᠣᠰᠣ ᠭᠠᠳᠠᠭᠰᠢᠯᠠᠭᠤᠯᠵᠣ ᠣᠰᠣᠳᠣᠯ ᠠᠴᠠ ᠰᠡᠷᠭᠡᠶᠢᠯᠡᠭᠦ ᠢᠨᠵᠧᠨᠧᠷᠢᠩ ᠤᠨ ᠰᠢᠰᠲ᠋ᠧᠮ ᠢ ᠪᠠᠶᠢᠭᠤᠯᠵᠣ᠂ ᠬᠤᠳᠠ ᠶᠢᠨ ᠪᠣᠷᠣᠭᠠᠨ ᠤ ᠣᠰᠣ ᠶᠢ | ᠬᠤᠷᠠᠮᠳᠣᠭᠤᠯᠣᠨ ᠠᠰᠢᠭᠯᠠᠬᠤ ᠢᠨᠵᠧᠨᠧᠷᠢᠩ ᠢ ᠠᠬᠢᠭᠤᠯᠣᠨ᠂ ᠪᠣᠷᠣᠭᠠᠨ ᠤ ᠣᠰᠣ ᠶᠢ ᠬᠤᠷᠠᠮᠳᠣᠭᠤᠯᠵᠣ ᠶᠡᠷᠦᠩᠬᠡᠶᠢᠯᠡᠭᠰᠡᠨ ᠠᠰᠢᠭᠯᠠᠯᠳᠠ ᠶᠢᠨ ᠲᠦᠬᠦᠭᠡᠷᠦᠮᠵᠢ ᠶᠢᠨ | ᠪᠠᠶᠢᠭᠤᠯᠣᠯᠳᠠ ᠶᠢᠨ ᠡᠷᠴᠢᠮ ᠢᠶᠠᠨ ᠴᠢᠩᠭᠠᠳᠬᠠᠵᠣ᠂ ᠪᠣᠷᠣᠭᠠᠨ ᠣᠰᠣᠨ ᠤ ᠡᠬᠢ ᠰᠣᠷᠪᠣᠯᠵᠢ ᠶᠢᠨ ᠠᠰᠢᠭᠯᠠᠯᠳᠠ ᠶᠢᠨ ᠲᠦᠪᠰᠢᠨ ᠢ ᠲᠡᠭᠡᠭᠰᠢᠯᠡᠭᠦᠯᠦᠨ᠎ᠡ᠃ | ︵ᠬᠠᠷᠢᠭᠤᠴᠠᠬᠤ ᠰᠠᠯᠠᠭ᠎ᠠ ᠮᠦᠴᠢᠷ᠄ ᠬᠤᠰᠢᠭᠤ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠣᠯᠳᠠ ᠶᠢᠨ ᠲᠣᠪᠴᠢᠶ᠎ᠠ᠂ ᠨᠡᠶᠢᠳᠡ ᠶᠢᠨ ᠠᠵᠢᠯ | ᠦᠢᠯᠠᠰ ᠤᠨ ᠬᠠᠮᠢᠶᠠᠷᠣᠯᠳᠠ ᠶᠢᠨ ᠲᠦᠪ᠂ ᠡᠯ᠎ᠡ ᠪᠠᠯᠭᠠᠰᠣ︶ | 19. ᠣᠰᠣ ᠠᠷᠪᠢᠯᠠᠬᠤ ᠬᠡᠯᠪᠡᠷᠢ ᠶᠢᠨ ᠠᠴᠢᠶᠠᠯᠠᠪᠦᠷᠢ ᠶᠢᠨ ᠪᠠᠶᠢᠭᠤᠯᠣᠯᠳᠠ ᠶᠢ ᠠᠬᠢᠭᠤᠯᠣᠨ᠎ᠠ᠃ ᠬᠤᠰᠢᠭᠤ ᠬᠡᠪᠴᠢᠶᠡᠨ ᠤ ᠣᠰᠣ ᠠᠷᠪᠢᠯᠠᠬᠤ ᠬᠡᠯᠪᠡᠷᠢ ᠶᠢᠨ | ᠨᠡᠶᠢᠭᠡᠮ᠂ ᠣᠰᠣ ᠠᠷᠪᠢᠯᠠᠬᠤ ᠬᠡᠯᠪᠡᠷᠢ ᠶᠢᠨ ᠪᠠᠶᠢᠭᠤᠯᠭ᠎ᠠ᠂ ᠣᠰᠣ ᠠᠷᠪᠢᠯᠠᠬᠤ ᠬᠡᠯᠪᠡᠷᠢ ᠶᠢᠨ ᠨᠢᠭᠡᠴᠡ᠂ ᠣᠰᠣ ᠠᠷᠪᠢᠯᠠᠬᠤ ᠬᠡᠯᠪᠡᠷᠢ ᠶᠢᠨ ᠰᠠᠭᠤᠭᠠᠯᠢ ᠠᠷᠠᠳ ᠤᠨ | ᠲᠣᠭᠤᠷᠢᠭ ︵ᠨᠡᠶᠢᠭᠡᠮ ᠲᠣᠭᠤᠷᠢᠭ︶ ᠢ ᠪᠠᠶᠢᠭᠤᠯᠣᠨ᠂ ᠵᠢᠱᠢᠶ᠎ᠡ ᠦᠵᠡᠭᠦᠯᠦᠨ ᠲᠠᠶᠢᠴᠢᠯᠠᠬᠤ ᠦᠢᠯᠠᠳᠦᠯ ᠢ ᠦᠨᠡᠨᠬᠦ ᠪᠠᠳᠠᠷᠠᠭᠤᠯᠣᠨ᠎ᠠ︔ ᠬᠤᠳᠠ ᠪᠠᠯᠭᠠᠰᠣᠨ ᠤ | ᠰᠠᠭᠤᠭᠠᠯᠢ ᠠᠷᠠᠳ ᠤᠨ ᠪᠣᠰᠣ 1000 ᠪᠣᠰᠤᠭ᠎ᠠ ᠲᠦᠷᠪᠡᠯᠵᠢᠨ ᠮᠧᠲᠷ ᠠᠴᠠ ᠲᠡᠭᠡᠭᠰᠢᠬᠢ ᠣᠰᠣ ᠬᠡᠷᠡᠭᠯᠡᠭᠦ ᠡᠷᠦᠭᠡ ᠶᠢᠨ ᠬᠡᠷᠡᠭᠯᠡᠭᠦ ᠣᠰᠣ ᠶᠢ ᠪᠦᠬᠦᠨ ᠢ | ᠲᠦᠯᠦᠪᠯᠡᠭᠡᠨ ᠳᠤ ᠣᠷᠣᠭᠤᠯᠣᠨ᠂ ᠲᠣᠭᠳᠠᠭᠰᠠᠨ ᠨᠣᠷᠮ᠎ᠠ ᠶᠢᠨ ᠬᠠᠮᠢᠶᠠᠷᠣᠯᠳᠠ ᠶᠢ ᠬᠡᠷᠡᠭᠵᠢᠭᠦᠯᠦᠨ᠎ᠡ︔ ᠣᠬᠢᠶᠠᠯᠭ᠎ᠠ᠂ ᠲᠡᠷᠭᠡ ᠣᠬᠢᠶᠠᠬᠤ᠂ ᠬᠢᠮᠠᠯ ᠴᠠᠰᠣᠨ ᠳᠤ | ᠭᠤᠯᠭᠤᠬᠤ ᠲᠠᠯᠠᠪᠠᠢ᠂ ᠴᠡᠪᠡᠷ ᠣᠰᠣᠨ ᠤ ᠦᠢᠯᠠᠳᠪᠦᠷᠢᠯᠠᠯ ᠵᠡᠷᠭᠡ ᠣᠰᠣ ᠬᠡᠷᠡᠭᠯᠡᠭᠦ ᠡᠷᠦᠭᠡ ᠳᠤ ᠣᠨᠴᠠ ᠠᠵᠢᠯ ᠲᠦᠷᠦᠯ ᠤᠨ ᠣᠰᠣᠨ ᠤ ᠦᠨ᠎ᠡ ᠶᠢ | ᠬᠡᠷᠡᠭᠵᠢᠭᠦᠯᠦᠨ᠎ᠡ᠃ 2025 ᠣᠨ ᠳᠤ ᠬᠤᠰᠢᠭᠤ ᠬᠡᠪᠴᠢᠶᠡᠨ ᠤ ᠣᠰᠣ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠦᠭᠰᠡᠨ ᠲᠠᠪᠳᠠᠨ ᠬᠢᠨᠠᠬᠤ | ᠠᠵᠢᠯ ᠢ ᠪᠡᠶᠡᠯᠡᠭᠦᠯᠦᠨ᠎ᠡ᠃ ︵ᠬᠠᠷᠢᠭᠤᠴᠠᠬᠤ ᠰᠠᠯᠠᠭ᠎ᠠ ᠮᠦᠴᠢᠷ᠄ ᠬᠤᠰᠢᠭᠤ ᠮᠠᠯ ᠲᠠᠷᠢᠶᠠᠯᠠᠩ ᠪᠣᠯᠣᠨ ᠣᠰᠣᠨ ᠠᠰᠢᠭᠯᠠᠯᠳᠠ ᠶᠢᠨ ᠲᠣᠪᠴᠢᠶ᠎ᠠ᠂ ᠰᠣᠷᠭᠠᠨ | ᠬᠦᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠣᠯᠳᠠ ᠶᠢᠨ ᠲᠣᠪᠴᠢᠶ᠎ᠠ᠂ ᠪᠠᠶᠢᠭᠤᠯᠭ᠎ᠠ ᠶᠢᠨ | ᠶᠠᠪᠣᠳᠠᠯ ᠤᠨ ᠦᠢᠯᠡᠴᠢᠯᠡᠭᠡᠨ ᠤ ᠲᠦᠪ︶ | 20. ᠬᠤᠳᠠ ᠪᠠᠯᠭᠠᠰᠣᠨ ᠤ ᠬᠡᠷᠡᠭᠯᠡᠭᠦ ᠣᠰᠣᠨ ᠤ ᠦᠨ᠎ᠡ ᠶᠢ ᠰᠢᠯᠢᠳᠡᠭᠵᠢᠭᠦᠯᠦᠨ᠎ᠡ᠃ ᠰᠠᠭᠤᠭᠠᠯᠢ ᠠᠷᠠᠳ ᠤᠨ ᠠᠮᠢᠳᠣᠷᠠᠯ ᠳᠤ ᠬᠡᠷᠡᠭᠯᠡᠭᠦ ᠣᠰᠣᠨ ᠳᠤ | ᠱᠠᠳᠣᠯᠢᠭ ᠣᠰᠣᠨ ᠤ ᠦᠨ᠎ᠡ ᠶᠢᠨ ᠲᠦᠷᠢᠮ ᠢ ᠬᠡᠷᠡᠭᠵᠢᠭᠦᠯᠦᠨ᠂ ᠰᠠᠭᠤᠭᠠᠯᠢ ᠠᠷᠠᠳ ᠤᠨ ᠪᠣᠰᠣ ᠣᠰᠣᠨ ᠤ ᠬᠡᠷᠡᠭᠯᠡᠭᠡ ᠵᠢᠴᠢ ᠣᠨᠴᠠ ᠲᠦᠷᠦᠯ ᠤᠨ ᠣᠰᠣᠨ ᠤ | ᠬᠡᠷᠡᠭᠯᠡᠭᠡ ᠳᠤ ᠲᠣᠭᠳᠠᠭᠰᠠᠨ ᠨᠣᠷᠮ᠎ᠠ ᠠᠴᠠ ᠬᠡᠳᠦᠷᠡᠪᠡᠯ ᠣᠰᠣᠨ ᠤ ᠦᠨ᠎ᠡ ᠶᠢ ᠨᠡᠮᠡᠭᠳᠡᠭᠦᠯᠬᠦ ᠲᠦᠷᠢᠮ ᠢ ᠬᠡᠷᠡᠭᠵᠢᠭᠦᠯᠦᠨ᠎ᠡ᠃ ᠬᠤᠳᠠ ᠪᠠᠯᠭᠠᠰᠣᠨ ᠤ ᠣᠰᠣ | ᠬᠠᠩᠭᠠᠬᠤ ᠺᠣᠮᠫᠠᠨᠢ ᠲᠣᠳᠣᠭᠠᠳᠦ ᠶᠢᠨ ᠠᠵᠢᠯᠯᠠᠮᠵᠢ ᠬᠠᠮᠢᠶᠠᠷᠣᠯᠳᠠ ᠪᠠᠨ ᠴᠢᠩᠭᠠᠳᠬᠠᠨ᠂ ᠣᠰᠣ ᠬᠠᠩᠭᠠᠬᠤ ᠶᠡᠷᠦᠩᠬᠡᠢ ᠬᠡᠮᠵᠢᠶ᠎ᠡ ᠪᠠᠨ ᠣᠰᠣ ᠬᠡᠷᠡᠭᠯᠡᠭᠦ ᠬᠦᠮᠦᠨ | ᠠᠮᠠ ᠯᠤᠭ᠎ᠠ ᠬᠠᠷᠢᠯᠴᠠᠨ ᠵᠣᠬᠢᠴᠠᠭᠤᠯᠵᠣ᠂ ᠬᠦᠮᠦᠨ ᠲᠣᠮᠳᠠᠴᠢ ᠣᠰᠣᠨ ᠤ ᠬᠡᠷᠡᠭᠯᠡᠭᠡ ᠶᠢ ᠠᠵᠢᠯ ᠲᠦᠷᠦᠯ ᠤᠨ ᠬᠡᠷᠡᠭᠯᠡᠭᠦ ᠣᠰᠣᠨ ᠤ ᠲᠣᠭᠳᠠᠭᠰᠠᠨ ᠨᠣᠷᠮ᠎ᠠ ᠶᠢᠨ | ᠲᠣᠳᠣᠷ᠎ᠠ ᠬᠢᠵᠠᠭᠠᠷᠯᠠᠨ᠎ᠠ᠃ ︵ᠬᠠᠷᠢᠭᠤᠴᠠᠬᠤ ᠰᠠᠯᠠᠭ᠎ᠠ ᠮᠦᠴᠢᠷ᠄ ᠬᠤᠰᠢᠭᠤ ᠬᠦᠭᠵᠢᠭᠦᠯᠦᠯᠳᠡ ᠦᠭᠡᠷᠡᠴᠢᠯᠠᠯᠳᠠ ᠶᠢᠨ ᠵᠦᠪᠯᠠᠯ᠂ ᠣᠷᠣᠨ ᠰᠠᠭᠤᠴᠠ ᠪᠠ ᠬᠤᠳᠠ | ᠬᠦᠳᠡᠭᠡ ᠶᠢᠨ ᠪᠦᠳᠦᠭᠡᠨ ᠪᠠᠶᠢᠭᠤᠯᠣᠯᠳᠠ ᠶᠢᠨ ᠲᠣᠪᠴᠢᠶ᠎ᠠ᠂ ᠮᠠᠯ ᠲᠠᠷᠢᠶᠠᠯᠠᠩ ᠪᠣᠯᠣᠨ ᠣᠰᠣᠨ ᠠᠰᠢᠭᠯᠠᠯᠳᠠ ᠶᠢᠨ ᠲᠣᠪᠴᠢᠶ᠎ᠠ︶ | 21. ᠣᠰᠣ ᠪᠠᠷ ᠨᠣᠭᠤᠭᠠᠵᠢᠭᠤᠯᠣᠯᠳᠠ ᠶᠢ ᠲᠣᠭᠳᠠᠭᠠᠬᠤ ᠶᠢ ᠪᠠᠷᠢᠮᠳᠠᠯᠠᠨ᠎ᠠ᠃ ᠣᠰᠣ ᠠᠷᠪᠢᠯᠠᠨ ᠣᠰᠣ ᠡᠵᠡᠮᠳᠡᠭᠦ ᠪᠣᠯᠣᠨ ᠭᠠᠵᠠᠷ ᠣᠷᠣᠨ ᠤ ᠠᠮᠢ ᠠᠬᠤᠢ | ᠶᠢᠨ ᠠᠮᠣᠷ ᠲᠦᠪᠰᠢᠨ ᠤ ᠬᠠᠷᠢᠴᠠᠭ᠎ᠠ ᠶᠢ ᠭᠦᠢᠴᠡᠳ ᠪᠣᠳᠣᠯᠬᠢᠯᠠᠵᠣ᠂ ᠴᠦᠯᠡᠷᠬᠡᠭᠵᠢᠯ ᠤᠨ ᠶᠡᠷᠦᠩᠬᠡᠶᠢᠯᠡᠭᠰᠡᠨ ᠰᠡᠷᠭᠡᠶᠢᠯᠡᠨ ᠵᠠᠰᠠᠯᠳᠠ ᠶᠢ ᠦᠷᠭᠦᠯᠵᠢᠯᠡᠨ | ᠴᠢᠩᠭᠠᠳᠬᠠᠵᠣ᠂ ︽ᠭᠤᠷᠪᠠᠨ ᠣᠮᠠᠷᠠᠳᠦ︾ ᠵᠡᠷᠭᠡ ᠭᠤᠣᠯᠳᠠᠯᠭᠠᠳᠦ ᠠᠮᠢ ᠠᠬᠤᠢ ᠶᠢᠨ ᠢᠨᠵᠧᠨᠧᠷᠢᠩ ᠤᠨ ᠪᠠᠶᠢᠭᠤᠯᠣᠯᠳᠠ ᠶᠢ ᠭᠦᠨᠵᠡᠭᠡᠢ ᠠᠬᠢᠭᠤᠯᠣᠨ᠂ ᠣᠰᠣᠨ ᠤ | ᠡᠬᠢ ᠰᠣᠷᠪᠣᠯᠵᠢ ᠶᠢᠨ ᠠᠴᠢᠶᠠᠯᠠᠪᠦᠷᠢ ᠶᠢᠨ ᠴᠢᠳᠠᠪᠬᠢ ᠶᠢᠨ ᠬᠡᠪᠴᠢᠶᠡᠨ ᠳᠤ ︽ᠭᠤᠷᠪᠠᠨ ᠣᠮᠠᠷᠠᠳᠦ︾ ᠶᠢᠨ ᠢᠨᠵᠧᠨᠧᠷᠢᠩ ᠵᠡᠷᠭᠡ ᠣᠯᠣᠰ ᠤᠨ ᠴᠢᠬᠤᠯᠠ ᠶᠡᠭᠡ ᠠᠮᠢ | ᠠᠬᠤᠢ ᠶᠢᠨ ᠢᠨᠵᠧᠨᠧᠷᠢᠩ ᠤᠨ ᠵᠦᠢ ᠵᠣᠬᠢᠰᠳᠠᠢ ᠣᠰᠣ ᠬᠡᠷᠡᠭᠯᠡᠭᠦ ᠬᠡᠷᠡᠭᠴᠡᠭᠡ ᠶᠢ ᠪᠠᠳᠣᠯᠠᠨ᠎ᠠ᠃ ᠠᠭᠤᠯᠠ ᠣᠰᠣ ᠣᠢ ᠲᠠᠷᠢᠶ᠎ᠠ ᠨᠠᠭᠤᠷ ᠪᠡᠯᠴᠢᠭᠡᠷ ᠡᠯᠡᠰᠦ ᠶᠢ ᠨᠢᠭᠡ | ᠴᠤᠭᠴᠠᠵᠢᠭᠤᠯᠣᠭᠰᠠᠨ ᠬᠠᠮᠠᠭᠠᠯᠠᠯᠳᠠ ᠪᠣᠯᠣᠨ ᠰᠢᠰᠲ᠋ᠧᠮᠳᠦ ᠵᠠᠰᠠᠯᠳᠠ ᠶᠢ ᠪᠠᠷᠢᠮᠳᠠᠯᠠᠨ᠂ ᠴᠦᠯᠡᠷᠬᠡᠭᠵᠢᠯ ᠤᠨ ᠵᠠᠰᠠᠯᠳᠠ ᠪᠣᠯᠣᠨ ᠬᠦᠷᠦᠰᠦ ᠰᠢᠷᠦᠢ ᠶᠢᠨ ᠢᠳᠡᠭᠳᠡᠯ | ᠤᠨ ᠵᠠᠰᠠᠯᠳᠠ ᠶᠢᠨ ᠶᠠᠪᠣᠴᠠ ᠳᠤ ᠣᠢ ᠰᠢᠭᠤᠢ ᠨᠣᠳᠤᠭ ᠪᠡᠯᠴᠢᠭᠡᠷ ᠤᠨ ᠣᠰᠣᠨ ᠤ ᠠᠷᠪᠢᠯᠠᠯᠳᠠ ᠶᠢ ᠶᠡᠬᠡᠪᠡᠷ ᠬᠦᠭᠵᠢᠭᠦᠯᠵᠣ᠂ ᠣᠷᠭᠤᠮᠠᠯ ᠤᠨ ᠪᠦᠷᠬᠦᠴᠡ ᠶᠢ | ᠰᠡᠷᠭᠦᠭᠡᠬᠦ ᠵᠠᠭᠪᠣᠷ ᠢ ᠰᠢᠨᠵᠢᠯᠡᠭᠦ ᠣᠬᠠᠭᠠᠨᠴᠢ ᠪᠠᠷ ᠰᠣᠩᠭᠤᠨ᠎ᠠ᠃ ︵ᠬᠠᠷᠢᠭᠤᠴᠠᠬᠤ ᠰᠠᠯᠠᠭ᠎ᠠ ᠮᠦᠴᠢᠷ᠄ ᠬᠤᠰᠢᠭᠤ ᠣᠢ ᠰᠢᠭᠤᠢ ᠨᠣᠳᠤᠭ ᠪᠡᠯᠴᠢᠭᠡᠷ ᠤᠨ | ᠲᠣᠪᠴᠢᠶ᠎ᠠ᠂ ᠬᠤᠰᠢᠭᠤ ᠮᠠᠯ ᠲᠠᠷᠢᠶᠠᠯᠠᠩ ᠪᠣᠯᠣᠨ ᠣᠰᠣᠨ ᠠᠰᠢᠭᠯᠠᠯᠳᠠ ᠶᠢᠨ ᠲᠣᠪᠴᠢᠶ᠎ᠠ᠂ ᠡᠯ᠎ᠡ ᠪᠠᠯᠭᠠᠰᠣ︶ | 2025 ᠣᠨ ᠤ ᠡᠴᠦᠰ ᠠᠴᠠ ᠡᠮᠦᠨ᠎ᠡ᠂ ᠪᠠᠯᠭᠠᠰᠣᠨ ᠲᠣᠭᠤᠷᠢᠭ ᠤᠨ ᠲᠠᠬᠢᠯᠳᠠ ᠣᠰᠣᠨ ᠤ ᠲᠣᠣᠷ ᠬᠤᠭᠤᠯᠠᠢ ᠶᠢᠨ ᠪᠦᠷᠬᠦᠴᠡ ᠶᠢᠨ ᠬᠡᠪᠴᠢᠶᠠᠨ ᠳᠠᠬᠢ | ᠨᠣᠭᠤᠭᠠᠵᠢᠭᠤᠯᠣᠯᠳᠠ ᠶᠢᠨ ᠣᠰᠣᠨ ᠰᠣᠷᠪᠣᠯᠵᠢ ᠶᠢᠨ ᠬᠤᠳᠳᠤᠭ ᠢ ᠪᠢᠳᠡᠭᠦᠮᠵᠢᠯᠡᠨ᠂ ᠬᠤᠳᠠ ᠪᠠᠯᠭᠠᠰᠣᠨ ᠤ ᠨᠡᠶᠢᠳᠡ ᠶᠢᠨ ᠣᠰᠣ ᠬᠠᠩᠭᠠᠬᠤ ᠲᠣᠣᠷ ᠬᠤᠭᠤᠯᠠᠢ | ᠶᠢᠨ ᠪᠦᠷᠬᠦᠴᠡ ᠶᠢᠨ ᠬᠡᠪᠴᠢᠶᠠᠨ ᠳᠠᠬᠢ ᠡᠯ᠎ᠡ ᠲᠦᠷᠦᠯ ᠤᠨ ᠦᠪᠡᠷᠳᠡᠭᠡᠨ ᠪᠡᠯᠡᠳᠬᠡᠭᠰᠡᠨ ᠣᠰᠣᠨ ᠰᠣᠷᠪᠣᠯᠵᠢ ᠶᠢᠨ ᠪᠢᠳᠡᠭᠦᠮᠵᠢᠯᠡᠭᠦ ᠵᠣᠬᠢᠰᠳᠠᠢ ᠶᠢ ᠨᠢ ᠪᠦᠬᠦᠨ ᠢᠶᠠᠷ | ᠪᠢᠳᠡᠭᠦᠮᠵᠢᠯᠡᠵᠣ᠂ ᠣᠰᠣᠨ ᠤ ᠴᠢᠨᠠᠷ᠂ ᠣᠰᠣᠨ ᠤ ᠬᠡᠮᠵᠢᠶ᠎ᠡ ᠱᠠᠭᠠᠷᠳᠠᠯᠭ᠎ᠠ ᠶᠢ ᠬᠠᠩᠭᠠᠵᠣ ᠲᠡᠶᠢᠯᠭᠦ ᠦᠭᠡᠢ ᠡᠷᠦᠭᠡ ᠦᠪᠡᠷᠳᠡᠭᠡᠨ ᠬᠤᠳᠳᠤᠭ ᠪᠡᠯᠡᠳᠬᠡᠪᠡᠯ᠂ | ᠬᠠᠮᠢᠶᠠᠷᠣᠯᠳᠠ ᠶᠢᠨ ᠡᠷᠭᠡ ᠲᠠᠢ ᠣᠰᠣᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠵᠦᠪᠰᠢᠶᠡᠷᠡᠭᠦᠯᠦᠨ᠎ᠡ᠃ ︵ᠬᠠᠷᠢᠭᠤᠴᠠᠬᠤ ᠰᠠᠯᠠᠭ᠎ᠠ | ᠮᠦᠴᠢᠷ᠄ ᠬᠤᠰᠢᠭᠤ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠣᠯᠳᠠ ᠶᠢᠨ ᠲᠣᠪᠴᠢᠶ᠎ᠠ᠂ ᠬᠤᠰᠢᠭᠤ ᠮᠠᠯ ᠲᠠᠷᠢᠶᠠᠯᠠᠩ ᠪᠣᠯᠣᠨ ᠣᠰᠣᠨ | ᠠᠰᠢᠭᠯᠠᠯᠳᠠ ᠶᠢᠨ ᠲᠣᠪᠴᠢᠶ᠎ᠠ᠂ ᠡᠯ᠎ᠡ ᠪᠠᠯᠭᠠᠰᠣ︶ | ︵ᠲᠠᠪᠤ︶ ᠡᠩ ᠤᠨ ᠪᠣᠰᠣ ᠣᠰᠣᠨ ᠰᠣᠷᠪᠣᠯᠵᠢ ᠶᠢᠨ ᠠᠰᠢᠭᠯᠠᠯᠳᠠ ᠶᠢ ᠴᠢᠩᠭᠠᠳᠬᠠᠨ᠎ᠠ | 22. ᠡᠩ ᠤᠨ ᠪᠣᠰᠣ ᠣᠰᠣᠨ ᠰᠣᠷᠪᠣᠯᠵᠢ ᠶᠢ ᠡᠩ ᠲᠡᠷᠢᠭᠦᠨ ᠳᠤ ᠲᠣᠬᠢᠷᠠᠭᠤᠯᠣᠨ᠎ᠠ᠃ ᠡᠩ ᠤᠨ ᠪᠣᠰᠣ ᠣᠰᠣᠨ ᠰᠣᠷᠪᠣᠯᠵᠢ ᠶᠢ ᠣᠰᠣᠨ ᠰᠣᠷᠪᠣᠯᠵᠢ ᠶᠢᠨ | ᠨᠢᠭᠡᠳᠦᠯᠳᠡᠢ ᠲᠣᠬᠢᠷᠠᠭᠤᠯᠣᠯᠳᠠ ᠳᠤ ᠣᠷᠣᠭᠤᠯᠣᠨ᠂ ᠡᠩ ᠤᠨ ᠪᠣᠰᠣ ᠣᠰᠣᠨ ᠰᠣᠷᠪᠣᠯᠵᠢ ᠶᠢ ᠬᠡᠷᠡᠭᠯᠡᠭᠦ ᠪᠠᠶᠢᠭᠤᠯᠣᠯᠳᠠ ᠶᠢᠨ ᠨᠦᠬᠦᠴᠡᠯ ᠢ ᠪᠦᠷᠢᠯᠳᠦᠭᠦᠯᠦᠭᠰᠡᠨ | ᠲᠦᠷᠦᠯ ᠵᠣᠶᠢᠯ ᠣᠰᠣᠨ ᠰᠣᠷᠪᠣᠯᠵᠢ ᠶᠢᠨ ᠨᠣᠳᠠᠯᠠᠯᠳᠠ ᠳᠤ ᠪᠠᠨ ᠡᠩ ᠤᠨ ᠪᠣᠰᠣ ᠣᠰᠣᠨ ᠰᠣᠷᠪᠣᠯᠵᠢ ᠬᠡᠷᠡᠭᠯᠡᠭᠦ ᠪᠠᠨ ᠨᠣᠳᠠᠯᠠᠭᠰᠠᠨ ᠦᠭᠡᠢ ᠪᠣᠯ ᠣᠰᠣ ᠠᠪᠬᠤ | ᠵᠦᠪᠰᠢᠶᠡᠷᠡᠯ ᠣᠯᠭᠤᠬᠤ ᠦᠭᠡᠢ᠃ ᠰᠢᠨ᠎ᠡ ᠪᠠᠷ ᠪᠠᠶᠢᠭᠤᠯᠬᠤ ᠠᠵᠣ ᠦᠢᠯᠠᠳᠪᠦᠷᠢ ᠶᠢᠨ ᠲᠦᠷᠦᠯ ᠵᠣᠶᠢᠯ ᠪᠣᠯᠣᠨ ᠬᠢᠮᠠᠯ ᠴᠠᠰᠣ ᠭᠤᠯᠭᠤᠬᠤ ᠲᠠᠯᠠᠪᠣᠷ᠂ ᠲᠡᠷᠭᠡ | ᠮᠠᠰᠢᠨ ᠣᠬᠢᠶᠠᠬᠤ ᠵᠡᠷᠭᠡ ᠣᠨᠴᠠᠭᠠᠢ ᠠᠵᠢᠯ ᠲᠦᠷᠦᠯ ᠤᠨ ᠲᠦᠷᠦᠯ ᠵᠣᠶᠢᠯ ᠳᠤ ᠡᠩ ᠤᠨ ᠪᠣᠰᠣ ᠣᠰᠣᠨ ᠰᠣᠷᠪᠣᠯᠵᠢ ᠶᠢ ᠡᠩ ᠲᠡᠷᠢᠭᠦᠨ ᠳᠤ ᠲᠣᠬᠢᠷᠠᠭᠤᠯᠣᠨ᠎ᠠ᠃ | 2025 ᠤ ᠡᠴᠦᠰ ᠪᠣᠯᠳᠠᠯ᠎ᠠ ᠡᠩ ᠤᠨ ᠪᠣᠰᠣ ᠣᠰᠣᠨ ᠰᠣᠷᠪᠣᠯᠵᠢ ᠶᠢᠨ ᠠᠰᠢᠭᠯᠠᠯᠳᠠ ᠶᠢᠨ ᠬᠡᠮᠵᠢᠶ᠎ᠡ ᠶᠢ 242 ᠲᠦᠮᠡᠨ ᠪᠣᠰᠤᠭ᠎ᠠ ᠲᠦᠷᠪᠡᠯᠵᠢᠨ ᠮᠧᠲᠷ ᠠᠴᠠ | ᠲᠠᠪᠠᠭᠤᠯᠣᠨ᠎ᠠ᠃ ︵ᠬᠠᠷᠢᠭᠤᠴᠠᠬᠤ ᠰᠠᠯᠠᠭ᠎ᠠ ᠮᠦᠴᠢᠷ᠄ ᠬᠤᠰᠢᠭᠤ ᠮᠠᠯ ᠲᠠᠷᠢᠶᠠᠯᠠᠩ ᠪᠣᠯᠣᠨ ᠣᠰᠣᠨ ᠠᠰᠢᠭᠯᠠᠯᠳᠠ ᠶᠢᠨ ᠲᠣᠪᠴᠢᠶ᠎ᠠ︶ | 23. ᠲᠠᠬᠢᠯᠳᠠ ᠣᠰᠣᠨ ᠤ ᠠᠰᠢᠭᠯᠠᠯᠳᠠ ᠶᠢ ᠴᠢᠩᠭᠠᠳᠬᠠᠨ᠎ᠠ᠃ ᠲᠠᠬᠢᠯᠳᠠ ᠣᠰᠣᠨ ᠤ ᠶᠡᠷᠦᠩᠬᠡᠶᠢᠯᠡᠭᠰᠡᠨ ᠠᠰᠢᠭᠯᠠᠯᠳᠠ ᠶᠢᠨ ᠠᠷᠭ᠎ᠠ ᠶᠢ ᠲᠣᠭᠳᠠᠭᠠᠨ᠂ | ᠡᠯ᠎ᠡ ᠪᠠᠯᠭᠠᠰᠣ ᠲᠠᠬᠢᠯᠳᠠ ᠣᠰᠣᠨ ᠤ ᠠᠰᠢᠭᠯᠠᠯᠳᠠ ᠶᠢᠨ ᠲᠦᠬᠦᠭᠡᠷᠦᠮᠵᠢ ᠶᠢᠨ ᠪᠠᠶᠢᠭᠤᠯᠣᠯᠳᠠ ᠪᠣᠯᠣᠨ ᠦᠭᠡᠷᠡᠴᠢᠯᠡᠯᠳᠡ ᠶᠢ ᠲᠡᠭᠦᠯᠳᠡᠷᠵᠢᠭᠦᠯᠵᠣ᠂ ᠣᠳᠣᠬᠠᠨ ᠤ | ᠪᠣᠬᠢᠷ ᠣᠰᠣ ᠰᠢᠢᠳᠪᠦᠷᠢᠯᠡᠭᠦ ᠦᠢᠯᠠᠳᠪᠦᠷᠢ ᠪᠠᠷ ᠰᠠᠭᠤᠷᠢ ᠪᠣᠯᠭᠠᠨ᠂ ᠲᠠᠬᠢᠯᠳᠠ ᠣᠰᠣᠨ ᠤ ᠣᠷᠴᠢᠯ ᠠᠰᠢᠭᠯᠠᠯᠳᠠ ᠶᠢᠨ ᠰᠠᠭᠤᠷᠢ ᠲᠦᠬᠦᠭᠡᠷᠦᠮᠵᠢ ᠶᠢ ᠵᠦᠢ | ᠵᠣᠬᠢᠰᠳᠠᠢ ᠪᠠᠶᠢᠷᠢᠯᠠᠭᠤᠯᠵᠣ᠂ ᠲᠠᠬᠢᠯᠳᠠ ᠣᠰᠣᠨ ᠤ ᠦᠢᠯᠠᠳᠪᠦᠷᠢ ᠪᠣᠯᠣᠨ ᠬᠡᠷᠡᠭᠯᠡᠭᠦ ᠡᠷᠦᠭᠡ ᠶᠢᠨ ᠬᠤᠭᠤᠷᠣᠨᠳᠣᠬᠢ ᠲᠣᠣᠷ ᠬᠤᠭᠤᠯᠠᠢ ᠶᠢ ᠨᠡᠪᠳᠡᠷᠡᠭᠦᠯᠣᠨ᠂ | ᠠᠰᠢᠭᠯᠠᠯᠳᠠ ᠶᠢᠨ ᠬᠡᠪᠴᠢᠶᠡᠵᠢᠯ ᠪᠣᠯᠣᠨ ᠬᠠᠷᠢᠴᠠᠯ ᠢ ᠵᠢᠯ ᠲᠠᠷᠠᠭᠠᠯᠠᠨ ᠦᠷᠭᠡᠳᠬᠡᠵᠣ᠂ ᠠᠰᠢᠭᠯᠠᠯᠳᠠ ᠶᠢᠨ ᠨᠣᠷᠮ᠎ᠠ ᠶᠢ ᠲᠡᠭᠡᠭᠰᠢᠯᠡᠭᠦᠯᠦᠨ᠎ᠡ᠃ 2025 ᠣᠨ ᠳᠤ | ᠪᠦᠬᠦ ᠬᠤᠰᠢᠭᠤᠨ ᠤ ᠲᠠᠬᠢᠯᠳᠠ ᠣᠰᠣᠨ ᠤ ᠠᠰᠢᠭᠯᠠᠯᠳᠠ ᠶᠢᠨ ᠨᠣᠷᠮ᠎ᠠ ᠶᠢ 100% ᠳᠤ ᠬᠦᠷᠭᠡᠨ᠂ ᠲᠠᠬᠢᠯᠳᠠ ᠣᠰᠣᠨ ᠤ ᠠᠰᠢᠭᠯᠠᠯᠳᠠ ᠶᠢᠨ ᠲᠣᠷᠰᠢᠯᠳᠠ ᠶᠢᠨ | ᠴᠡᠭ ᠤᠨ ᠡᠯ᠎ᠡ ᠲᠦᠷᠦᠯ ᠤᠨ ᠡᠭᠦᠷᠭᠡ ᠪᠠᠨ ᠪᠦᠬᠦ ᠲᠠᠯ᠎ᠠ ᠪᠠᠷ ᠪᠡᠶᠡᠯᠡᠭᠦᠯᠦᠨ᠎ᠡ᠃ ︵ᠬᠠᠷᠢᠭᠤᠴᠠᠬᠤ ᠰᠠᠯᠠᠭ᠎ᠠ ᠮᠦᠴᠢᠷ᠄ ᠬᠤᠰᠢᠭᠤ ᠣᠷᠣᠨ ᠰᠠᠭᠤᠴᠠ ᠪᠠ ᠬᠤᠳᠠ | ᠬᠦᠳᠡᠭᠡ ᠶᠢᠨ ᠪᠦᠳᠦᠭᠡᠨ ᠪᠠᠶᠢᠭᠤᠯᠣᠯᠳᠠ ᠶᠢᠨ ᠲᠣᠪᠴᠢᠶ᠎ᠠ᠂ ᠬᠤᠰᠢᠭᠤ ᠮᠠᠯ ᠲᠠᠷᠢᠶᠠᠯᠠᠩ ᠪᠣᠯᠣᠨ ᠣᠰᠣᠨ ᠠᠰᠢᠭᠯᠠᠯᠳᠠ ᠶᠢᠨ ᠲᠣᠪᠴᠢᠶ᠎ᠠ᠂ ᠡᠯ᠎ᠡ ᠪᠠᠯᠭᠠᠰᠣ︶ | 24. ᠠᠭᠤᠷᠬᠠᠢ ᠶᠢᠨ ᠬᠤᠳᠳᠤᠭ ᠤᠨ ᠣᠰᠣᠨ ᠤ ᠠᠰᠢᠭᠯᠠᠯᠳᠠ ᠶᠢ ᠰᠢᠯᠢᠳᠡᠭᠵᠢᠭᠦᠯᠦᠨ᠎ᠡ᠃ ᠡᠯ᠎ᠡ ᠨᠡᠭᠦᠷᠡᠰᠣᠨ ᠠᠭᠤᠷᠬᠠᠢ ᠶᠢᠨ ᠠᠵᠣ ᠠᠬᠤᠶᠢᠯᠠᠯ | ᠠᠭᠤᠷᠬᠠᠢ ᠶᠢᠨ ᠬᠤᠳᠳᠤᠭ ᠤᠨ ᠨᠡᠭᠦᠷᠡᠰᠣᠨ ᠲᠠᠪᠬᠤᠷᠭ᠎ᠠ ᠶᠢᠨ ᠣᠰᠣᠨ ᠤ ᠰᠢᠢᠳᠪᠦᠷᠢᠯᠡᠯᠳᠡ ᠵᠢᠴᠢ ᠶᠡᠷᠦᠩᠬᠡᠶᠢᠯᠡᠭᠰᠡᠨ ᠠᠰᠢᠭᠯᠠᠯᠳᠠ ᠶᠢᠨ ᠲᠦᠯᠦᠪᠵᠢᠭᠦᠯᠭᠡ | ᠪᠣᠯᠣᠨ ᠵᠢᠯ ᠬᠤᠪᠢᠶᠠᠭᠰᠠᠨ ᠲᠦᠰᠦᠯ ᠲᠣᠭᠳᠠᠭᠠᠨ᠂ ᠨᠡᠭᠦᠷᠡᠰᠣᠨ ᠲᠠᠪᠬᠤᠷᠭ᠎ᠠ ᠶᠢᠨ ᠣᠰᠣᠨ ᠤ ᠴᠢᠨᠠᠷ ᠢ ᠲᠡᠰ ᠬᠤᠪᠢᠶᠠᠭᠰᠠᠨ ᠰᠢᠢᠳᠪᠦᠷᠢᠯᠡᠯᠳᠡ ᠪᠠ ᠠᠰᠢᠭᠯᠠᠯᠳᠠ | ᠶᠢᠨ ᠢᠨᠵᠧᠨᠧᠷᠢᠩ ᠤᠨ ᠪᠠᠶᠢᠭᠤᠯᠣᠯᠳᠠ ᠶᠢ ᠠᠬᠢᠭᠤᠯᠵᠣ᠂ ᠨᠡᠭᠦᠷᠡᠰᠣᠨ ᠠᠭᠤᠷᠬᠠᠢ ᠠᠴᠠ ᠨᠡᠭᠦᠷᠡᠰᠣᠨ ᠲᠠᠪᠬᠤᠷᠭ᠎ᠠ ᠶᠢᠨ ᠣᠰᠣ ᠪᠠᠨ ᠲᠠᠬᠢᠨ ᠠᠰᠢᠭᠯᠠᠬᠤ ᠶᠢ | ᠵᠣᠷᠢᠭᠵᠢᠭᠤᠯᠣᠨ᠂ ᠭᠠᠳᠠᠭᠰᠢᠯᠠᠭᠤᠯᠣᠭᠰᠠᠨ ᠣᠰᠣ ᠪᠠᠨ ᠨᠢᠭᠡᠳᠦᠯᠳᠡᠢ ᠬᠤᠷᠠᠮᠳᠣᠭᠤᠯᠣᠨ ᠪᠣᠰᠣᠳ ᠣᠰᠣ ᠬᠡᠷᠡᠭᠯᠡᠭᠦ ᠡᠷᠦᠭᠡ ᠳᠤ ᠬᠤᠪᠢᠶᠠᠷᠢᠯᠠᠨ ᠲᠣᠬᠢᠷᠠᠭᠤᠯᠵᠣ᠂ | ᠠᠭᠤᠷᠬᠠᠢ ᠶᠢᠨ ᠬᠤᠳᠳᠤᠭ ᠤᠨ ᠣᠰᠣᠨ ᠤ ᠶᠡᠷᠦᠩᠬᠡᠶᠢᠯᠡᠭᠰᠡᠨ ᠠᠰᠢᠭᠯᠠᠯᠳᠠ ᠶᠢᠨ ᠡᠷᠴᠢᠮ ᠢᠶᠠᠨ ᠴᠢᠩᠭᠠᠳᠬᠠᠨ᠎ᠠ᠃ 2025 ᠣᠨ ᠳᠤ ᠪᠦᠬᠦ ᠬᠤᠰᠢᠭᠤᠨ ᠤ | ᠠᠭᠤᠷᠬᠠᠢ ᠶᠢᠨ ᠬᠤᠳᠳᠤᠭ ᠤᠨ ᠤᠰᠣᠨ ᠤ ᠠᠰᠢᠭᠯᠠᠯᠳᠠ ᠶᠢᠨ ᠨᠣᠷᠮ᠎ᠠ ᠶᠢ 90% ᠠᠴᠠ ᠲᠠᠪᠠᠭᠤᠯᠣᠨ᠎ᠠ᠃ ︵ᠬᠠᠷᠢᠭᠤᠴᠠᠬᠤ ᠰᠠᠯᠠᠭ᠎ᠠ ᠮᠦᠴᠢᠷ᠄ ᠬᠤᠰᠢᠭᠤ | ᠡᠨᠧᠷᠬᠢ ᠶᠢᠨ ᠲᠣᠪᠴᠢᠶ᠎ᠠ᠂ ᠮᠠᠯ ᠲᠠᠷᠢᠶᠠᠯᠠᠩ ᠪᠣᠯᠣᠨ ᠣᠰᠣᠨ ᠠᠰᠢᠭᠯᠠᠯᠳᠠ ᠶᠢᠨ ᠲᠣᠪᠴᠢᠶ᠎ᠠ᠂ ᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ ᠶᠢᠨ | ᠣᠷᠣᠨ︶ | 25. ᠡᠩ ᠤᠨ ᠪᠣᠰᠣ ᠣᠰᠣᠨ ᠤ ᠦᠨ᠎ᠡ ᠶᠢ ᠰᠢᠨᠵᠢᠯᠡᠭᠦ ᠣᠬᠠᠭᠠᠨᠴᠢ ᠪᠠᠷ ᠲᠣᠭᠳᠠᠭᠠᠨ᠎ᠠ᠃ ᠲᠠᠬᠢᠯᠳᠠ ᠣᠰᠣᠨ ᠤ ︽ᠠᠬᠢᠭᠤᠯᠣᠨ ᠪᠣᠳᠣᠵᠣ ᠦᠨ᠎ᠡ | ᠪᠠᠭᠤᠷᠠᠭᠤᠯᠬᠤ︾ ᠲᠦᠷᠢᠮ ᠢ ᠰᠦᠪᠡᠭᠴᠢᠯᠡᠨ ᠬᠡᠷᠡᠭᠵᠢᠭᠦᠯᠵᠣ᠂ ᠭᠠᠵᠠᠷ ᠲᠣᠣᠷᠠᠬᠢ ᠣᠰᠣᠨ ᠤ ᠦᠨ᠎ᠡ ᠭᠠᠵᠠᠷ ᠲᠡᠭᠡᠷᠡᠬᠢ ᠣᠰᠣᠨ ᠤ ᠦᠨ᠎ᠡ ᠠᠴᠠ ᠦᠨᠳᠦᠷ᠂ | ᠭᠠᠵᠠᠷ ᠲᠡᠭᠡᠷᠡᠬᠢ ᠣᠰᠣᠨ ᠤ ᠦᠨ᠎ᠡ ᠡᠩ ᠤᠨ ᠪᠣᠰᠣ ᠣᠰᠣᠨ ᠰᠣᠷᠪᠣᠯᠵᠢ ᠠᠴᠠ ᠦᠨᠳᠦᠷ ︽ᠴᠢᠨᠠᠷᠯᠢᠭ ᠣᠰᠣ ᠰᠢᠯᠢᠳᠡᠭ ᠦᠨ᠎ᠡ︾ ᠶᠢᠨ ᠲᠣᠭᠳᠠᠴᠠ ᠶᠢ | ᠪᠠᠶᠢᠭᠤᠯᠣᠨ᠂ ᠦᠨ᠎ᠡ ᠬᠠᠩᠰᠢ ᠶᠢᠨ ᠬᠦᠰᠢᠭᠦᠷᠭᠡ ᠪᠠᠷ ᠲᠠᠮᠵᠢᠭᠤᠯᠣᠨ ᠲᠠᠬᠢᠯᠳᠠ ᠣᠰᠣᠨ ᠤ ᠲᠣᠬᠢᠷᠠᠭᠤᠯᠣᠯᠳᠠ ᠠᠰᠢᠭᠯᠠᠯᠳᠠ ᠶᠢᠨ ᠨᠣᠷᠮ᠎ᠠ ᠶᠢ ᠲᠡᠭᠡᠭᠰᠢᠯᠡᠭᠦᠯᠣᠨ᠎ᠡ᠃ | ︵ᠬᠠᠷᠢᠭᠤᠴᠠᠬᠤ ᠰᠠᠯᠠᠭ᠎ᠠ ᠮᠦᠴᠢᠷ᠄ ᠬᠤᠰᠢᠭᠤ ᠦᠭᠡᠷᠡᠴᠢᠯᠡᠯᠳᠡ ᠬᠦᠭᠵᠢᠭᠦᠯᠣᠯᠳᠡ ᠶᠢᠨ ᠵᠦᠪᠯᠡᠯ᠂ ᠮᠠᠯ ᠲᠠᠷᠢᠶᠠᠯᠠᠩ ᠪᠣᠯᠣᠨ ᠣᠰᠣᠨ ᠠᠰᠢᠭᠯᠠᠯᠳᠠ ᠶᠢᠨ | ᠲᠣᠪᠴᠢᠶ᠎ᠠ︶ | 26. ᠣᠰᠣ ᠬᠡᠷᠡᠭᠯᠡᠭᠦ ᠡᠷᠭᠡ ᠶᠢ ᠵᠠᠬ᠎ᠠ ᠲᠡᠯᠭᠡᠭᠦᠷᠴᠢᠯᠡᠨ ᠠᠷᠠᠯᠵᠢᠶᠠᠯᠠᠬᠤ ᠶᠢ ᠠᠬᠢᠭᠤᠯᠣᠨ᠎ᠠ᠃ ᠣᠰᠣᠨ ᠤ ᠡᠷᠭᠡ ᠶᠢᠨ ᠠᠷᠠᠯᠵᠢᠶᠠᠨ ᠲᠠᠪᠴᠠᠩ ᠢ | ᠪᠦᠷᠢᠯᠳᠦᠭᠦᠯᠦᠨ ᠲᠡᠭᠦᠯᠳᠡᠷᠵᠢᠭᠦᠯᠵᠣ᠂ ᠬᠠᠷᠢᠶ᠎ᠠ᠂ ᠡᠷᠭᠡ ᠬᠠᠷᠢᠭᠤᠴᠠᠯᠭ᠎ᠠ ᠲᠣᠳᠣᠷᠬᠠᠢ᠂ ᠰᠢᠯᠵᠢᠭᠦᠯᠦᠯᠳᠡ ᠰᠢᠯᠣᠭᠤᠨ᠂ ᠬᠢᠨᠠᠯᠳᠠ ᠬᠠᠮᠢᠶᠠᠷᠣᠯᠳᠠ ᠪᠦᠳᠦᠮᠵᠢᠳᠡᠢ | ᠣᠰᠣ ᠬᠡᠷᠡᠭᠯᠡᠭᠦ ᠡᠷᠭᠡ ᠶᠢᠨ ᠲᠦᠷᠢᠮ ᠤᠨ ᠲᠣᠭᠳᠠᠴᠠ ᠶᠢ ᠪᠠᠶᠢᠭᠤᠯᠣᠨ᠂ ᠣᠷᠣᠨ ᠪᠦᠰᠡ ᠶᠢᠨ ᠬᠡᠷᠡᠭᠯᠡᠭᠦ ᠣᠰᠣ ᠬᠡᠮᠵᠢᠶ᠎ᠡ ᠠᠴᠠ ᠬᠡᠳᠦᠷᠡᠭᠰᠡᠨ ᠦᠭᠡᠢ ᠣᠷᠢᠳᠠᠯ | ᠲᠣᠣᠷ᠎ᠠ ᠣᠰᠣ ᠬᠡᠷᠡᠭᠯᠡᠭᠦ ᠡᠷᠦᠭᠡ ᠶᠢᠨ ᠣᠰᠣ ᠠᠷᠪᠢᠯᠠᠬᠤ ᠠᠷᠭ᠎ᠠ ᠠᠪᠴᠠᠯ ᠤᠨ ᠨᠠᠶᠢᠳᠠᠪᠦᠷᠢᠵᠢᠭᠤᠯᠣᠯᠳᠠ ᠪᠠᠷ ᠲᠠᠮᠵᠢᠨ ᠣᠰᠣ ᠠᠷᠪᠢᠯᠠᠭᠰᠠᠨ ᠬᠡᠮᠵᠢᠶ᠎ᠡ ᠪᠠᠷ ᠣᠰᠣᠨ | ᠤ ᠡᠷᠭᠡ ᠶᠢᠨ ᠠᠷᠠᠯᠵᠢᠶᠠᠨ ᠤ ᠲᠠᠪᠴᠠᠩ ᠤᠨ ᠭᠦᠢᠴᠡᠳᠬᠡᠯ ᠲᠤᠭ᠎ᠠ ᠪᠣᠯᠭᠠᠵᠣ᠂ ᠠᠷᠪᠢᠯᠠᠯᠳᠠ ᠬᠡᠷᠡᠭᠯᠡᠯᠳᠡ ᠶᠢᠨ ᠲᠡᠩᠴᠡᠭᠦᠷᠢ ᠶᠢ ᠪᠠᠳᠣᠯᠠᠨ᠎ᠠ᠃ 2025 ᠣᠨ ᠳᠤ | ᠪᠦᠬᠦ ᠬᠤᠰᠢᠭᠤᠨ ᠤ ᠭᠠᠵᠠᠷ ᠲᠣᠣᠷᠠᠬᠢ ᠣᠰᠣᠨ ᠤ ᠣᠰᠣᠨ ᠤ ᠡᠷᠭᠡ ᠶᠢᠨ ᠠᠷᠠᠯᠵᠢᠶᠠᠨ ᠲᠠᠪᠴᠠᠩ ᠢ ᠪᠠᠶᠢᠭᠤᠯᠣᠨ ᠲᠠᠭᠤᠰᠬᠠᠬᠤ ᠶᠢᠨ ᠬᠠᠮᠳᠦ ᠠᠵᠢᠯᠯᠠᠭᠤᠯᠣᠨ᠎ᠠ᠃ | ︵ᠬᠠᠷᠢᠭᠤᠴᠠᠬᠤ ᠰᠠᠯᠠᠭ᠎ᠠ ᠮᠦᠴᠢᠷ᠄ ᠬᠤᠰᠢᠭᠤ ᠮᠠᠯ ᠲᠠᠷᠢᠶᠠᠯᠠᠩ ᠪᠣᠯᠣᠨ ᠣᠰᠣᠨ ᠠᠰᠢᠭᠯᠠᠯᠳᠠ ᠶᠢᠨ ᠲᠣᠪᠴᠢᠶ᠎ᠠ᠂ ᠠᠷᠠᠳ ᠲᠤ ᠠᠰᠢᠭ ᠬᠦᠷᠳᠡᠭᠡᠬᠦ ᠬᠦᠳᠡᠭᠡ | ᠲᠣᠰᠬᠤᠨ ᠤ ᠺᠣᠮᠫᠠᠨᠢ︶ | 27. ᠣᠰᠣᠨ ᠤ ᠲᠣᠣᠷ ᠤᠨ ᠪᠠᠶᠢᠷᠢᠯᠠᠭᠤᠯᠣᠯᠳᠠ ᠶᠢ ᠰᠢᠯᠢᠳᠡᠭᠵᠢᠭᠦᠯᠣᠨᠡ᠃ ᠣᠳᠤᠭ ᠤᠨ ᠡᠮᠦᠨᠡᠳᠦ ᠬᠤᠰᠢᠭᠤᠨ ᠤ ᠣᠰᠣᠨ ᠤ ᠪᠠᠶᠢᠳᠠᠯ ᠤᠨ ᠣᠨᠴᠠᠯᠢᠭ | ᠪᠣᠯᠣᠨ ᠣᠰᠣᠨ ᠠᠰᠢᠭᠯᠠᠯᠳᠠ ᠶᠢᠨ ᠰᠠᠭᠤᠷᠢ ᠲᠦᠬᠦᠭᠡᠷᠦᠮᠵᠢ ᠶᠢᠨ ᠪᠠᠶᠢᠭᠤᠯᠣᠯᠳᠠ ᠶᠢᠨ ᠣᠳᠣᠬᠠᠨ ᠤ ᠪᠠᠶᠢᠳᠠᠯ ᠳᠤ ᠰᠠᠭᠤᠷᠢᠯᠠᠨ᠂ ᠲᠣᠣᠷᠵᠢᠯ᠂ ᠬᠡᠯᠬᠢᠶᠡᠵᠢᠯ ᠢᠶᠠᠷ | ᠭᠤᠣᠯᠳᠠᠯᠭ᠎ᠠ ᠪᠣᠯᠭᠠᠵᠣ᠂ ︽ᠶᠡᠭᠡ᠂ ᠲᠣᠮᠳᠠ᠂ ᠪᠠᠭ᠎ᠠ︾ ᠢᠨᠵᠧᠨᠧᠷᠢᠩ ᠤᠨ ᠪᠠᠶᠢᠷᠢᠯᠠᠭᠤᠯᠣᠯᠳᠠ ᠶᠢ ᠨᠢᠭᠡᠳᠦᠯᠳᠡᠢ ᠲᠦᠯᠦᠪᠵᠢᠭᠦᠯᠦᠨ᠂ ᠦᠶᠠᠷ ᠢ ᠰᠡᠷᠭᠡᠶᠢᠯᠡᠵᠣ | ᠭᠠᠩ ᠲᠠᠢ ᠲᠡᠮᠡᠴᠡᠨ ᠭᠠᠮᠰᠢᠭ ᠢ ᠪᠠᠭᠠᠰᠬᠠᠬᠤ᠂ ᠣᠰᠣᠨ ᠰᠣᠷᠪᠣᠯᠵᠢ ᠶᠢ ᠰᠢᠯᠢᠳᠡᠭᠵᠢᠭᠦᠯᠣᠨ ᠲᠣᠬᠢᠷᠠᠭᠤᠯᠬᠤ᠂ ᠣᠰᠣᠯᠠᠯᠳᠠ ᠶᠢᠨ ᠣᠷᠣᠨ ᠤ ᠣᠳᠣᠬᠢᠴᠢᠯᠠᠭᠰᠠᠨ | ᠪᠠᠶᠢᠭᠤᠯᠣᠯᠳᠠ ᠪᠣᠯᠣᠨ ᠦᠭᠡᠷᠡᠴᠢᠯᠡᠯᠳᠡ᠂ ᠣᠰᠣᠨ ᠤ ᠠᠮᠢ ᠠᠬᠤᠢ ᠶᠢᠨ ᠬᠠᠮᠠᠭᠠᠯᠠᠯᠳᠠ ᠵᠠᠰᠠᠯᠳᠠ᠂ ᠣᠰᠣᠨ ᠠᠰᠢᠭᠯᠠᠯᠳᠠ ᠶᠢᠨ ᠵᠠᠩᠬᠢᠴᠢᠯᠠᠯᠳᠠ ᠵᠡᠷᠭᠡ ᠴᠢᠳᠠᠪᠬᠢ | ᠶᠢ ᠴᠣᠭᠴᠠᠵᠢᠭᠤᠯᠣᠭᠰᠠᠨ ᠣᠳᠦ ᠦᠶ᠎ᠡ ᠶᠢᠨ ᠣᠰᠣᠨ ᠲᠣᠣᠷᠵᠢᠯ ᠪᠠᠶᠢᠭᠤᠯᠵᠣ᠂ ︽ᠬᠤᠶᠠᠷ ᠱᠣᠭᠤᠮ ᠲᠦᠷᠪᠠᠨ ᠪᠠᠯᠭᠠᠰᠣ᠂ ᠣᠰᠣᠨ ᠰᠣᠷᠪᠣᠯᠵᠢ ᠶᠢ ᠰᠣᠯᠢᠬᠤ᠂ | ᠣᠯᠠᠨ ᠡᠬᠢ ᠶᠢ ᠵᠣᠬᠢᠴᠠᠯᠳᠣᠭᠤᠯᠬᠤ︾ ᠣᠰᠣᠨ ᠠᠰᠢᠭᠯᠠᠯᠳᠠ ᠶᠢᠨ ᠲᠣᠣᠷ ᠤᠨ ᠶᠡᠷᠦᠩᠬᠡᠢ ᠪᠠᠶᠢᠷᠢᠯᠠᠭᠤᠯᠣᠯᠳᠠ ᠶᠢ ᠪᠦᠷᠢᠯᠳᠦᠭᠦᠯᠣᠨ᠂ ᠣᠳᠤᠭ ᠤᠨ ᠡᠮᠦᠨᠡᠳᠦ | ᠬᠤᠰᠢᠭᠤᠨ ᠤ ᠠᠵᠣ ᠠᠬᠤᠢ ᠨᠡᠶᠢᠭᠡᠮ ᠤᠨ ᠦᠨᠳᠦᠷ ᠲᠦᠪᠰᠢᠨ ᠤ ᠵᠣᠬᠢᠴᠠᠩᠭᠤᠢ ᠬᠦᠭᠵᠢᠯᠳᠡ ᠶᠢ ᠠᠬᠢᠭᠤᠯᠬᠤ ᠳᠤ ᠬᠦᠴᠦᠷᠬᠡᠭ ᠣᠰᠣᠨ ᠠᠰᠢᠭᠯᠠᠯᠳᠠ ᠶᠢᠨ | ᠲᠣᠯᠭᠠᠭᠤᠷᠢᠯᠠᠯ ᠤᠨ ᠪᠠᠳᠣᠯᠠᠭ᠎ᠠ ᠬᠠᠩᠭᠠᠨ᠎ᠠ᠃ ︵ᠬᠠᠷᠢᠭᠤᠴᠠᠬᠤ ᠰᠠᠯᠠᠭ᠎ᠠ ᠮᠦᠴᠢᠷ᠄ ᠬᠤᠰᠢᠭᠤ ᠮᠠᠯ ᠲᠠᠷᠢᠶᠠᠯᠠᠩ ᠪᠣᠯᠣᠨ ᠣᠰᠣᠨ ᠠᠰᠢᠭᠯᠠᠯᠳᠠ ᠶᠢᠨ ᠲᠣᠪᠴᠢᠶ᠎ᠠ᠂ | ᠡᠯ᠎ᠡ ᠪᠠᠯᠭᠠᠰᠣ︶ | ︵ᠵᠢᠷᠭᠤᠭ᠎ᠠ︶ ᠣᠰᠣ ᠠᠷᠪᠢᠯᠠᠬᠤ ᠠᠵᠣ ᠦᠢᠯᠠᠰ ᠢ ᠶᠡᠬᠡᠪᠡᠷ ᠬᠦᠭᠵᠢᠭᠦᠯᠦᠨ᠎ᠡ | 28. ᠣᠰᠣ ᠠᠷᠪᠢᠯᠠᠬᠤ ᠠᠵᠣ ᠦᠢᠯᠠᠰ ᠤᠨ ᠵᠣᠬᠢᠴᠠᠩᠭᠤᠢ ᠬᠦᠭᠵᠢᠯᠳᠡ ᠶᠢ ᠠᠬᠢᠭᠤᠯᠣᠨ᠎ᠠ᠃ ᠮᠠᠯ ᠲᠠᠷᠢᠶᠠᠯᠠᠩ ᠤᠨ ᠦᠢᠯᠠᠰ᠂ ᠠᠵᠣ ᠦᠢᠯᠠᠳᠪᠦᠷᠢ ᠶᠢᠨ | ᠦᠢᠯᠠᠰ᠂ ᠬᠤᠳᠠ ᠪᠠᠯᠭᠠᠰᠣᠨ ᠤ ᠠᠮᠢᠳᠣᠷᠠᠯ ᠤᠨ ᠣᠰᠣ ᠠᠷᠪᠢᠯᠠᠯᠳᠠ ᠵᠢᠴᠢ ᠣᠰᠣ ᠠᠷᠪᠢᠯᠠᠬᠤ ᠦᠢᠯᠡᠴᠢᠯᠡᠭᠡ ᠵᠡᠷᠭᠡ ᠡᠯ᠎ᠡ ᠬᠦᠷᠢᠶ᠎ᠡ ᠴᠠᠷᠠᠭᠠᠨ ᠳᠤ ᠣᠰᠣ | ᠠᠷᠪᠢᠯᠠᠬᠤ ᠦᠢᠯᠠᠰ ᠤᠨ ᠪᠦᠬᠦ ᠪᠦᠷᠬᠦᠴᠠ ᠶᠢ ᠠᠬᠢᠭᠤᠯᠣᠨ᠎ᠠ᠃ ᠣᠰᠣ ᠠᠷᠪᠢᠯᠠᠬᠤ ᠦᠢᠯᠠᠰ ᠤᠨ ᠣᠳᠣᠬᠠᠨ ᠤ ᠪᠠᠶᠢᠳᠠᠯ ᠢ ᠲᠣᠳᠣᠷᠬᠠᠶᠢᠯᠠᠨ᠂ ᠲᠣᠳᠠᠭᠤᠳᠠᠯ ᠢᠶᠠᠨ | ᠣᠨᠣᠪᠴᠢᠳᠠᠢ ᠡᠷᠢᠵᠣ᠂ ᠲᠦᠷᠦᠯ ᠵᠣᠶᠢᠯ ᠤᠨ ᠨᠦᠭᠡᠴᠡᠯᠡᠯᠳᠡ ᠶᠢ ᠲᠦᠯᠦᠪᠵᠢᠭᠦᠯᠦᠨ᠂ ᠪᠠᠶᠢᠭᠤᠯᠣᠯᠳᠠ ᠶᠢ ᠢᠳᠡᠪᠬᠢᠳᠡᠢ ᠠᠬᠢᠭᠤᠯᠣᠨ᠎ᠠ᠃ ︵ᠬᠠᠷᠢᠭᠤᠴᠠᠬᠤ | ᠰᠠᠯᠠᠭ᠎ᠠ ᠮᠦᠴᠢᠷ᠄ ᠬᠤᠰᠢᠭᠤ ᠭᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠠᠯ᠂ ᠠᠵᠣ ᠦᠢᠯᠠᠳᠪᠦᠷᠢ ᠮᠡᠳᠡᠭᠡ ᠵᠠᠩᠬᠢᠴᠢᠯᠡᠯᠳᠡ ᠪᠣᠯᠣᠨ ᠰᠢᠨᠵᠢᠯᠡᠭᠦ ᠣᠬᠠᠭᠠᠨ | ᠲᠧᠭᠨᠢᠭ ᠮᠡᠷᠭᠡᠵᠢᠯ ᠤᠨ ᠲᠣᠪᠴᠢᠶ᠎ᠠ᠂ ᠡᠨᠧᠷᠬᠢ ᠶᠢᠨ ᠲᠣᠪᠴᠢᠶ᠎ᠠ᠂ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠣᠯᠳᠠ ᠶᠢᠨ ᠲᠣᠪᠴᠢᠶ᠎ᠠ᠂ | ᠮᠠᠯ ᠲᠠᠷᠢᠶᠠᠯᠠᠩ ᠪᠣᠯᠣᠨ ᠣᠰᠣᠨ ᠠᠰᠢᠭᠯᠠᠯᠳᠠ ᠶᠢᠨ ᠲᠣᠪᠴᠢᠶ᠎ᠠ᠂ ᠡᠯ᠎ᠡ ᠪᠠᠯᠭᠠᠰᠣ︶ | 29. ᠭᠡᠷ᠎ᠡ ᠪᠠᠷ ᠣᠰᠣ ᠠᠷᠪᠢᠯᠠᠬᠤ ᠶᠢ ᠰᠦᠪᠡᠭᠴᠢᠯᠡᠨ ᠲᠦᠭᠡᠮᠡᠯᠵᠢᠭᠦᠯᠦᠨ᠎ᠡ᠃ ᠨᠡᠶᠢᠳᠡ ᠶᠢᠨ ᠪᠠᠶᠢᠭᠤᠯᠣᠮᠵᠢ᠂ ᠣᠰᠣᠨ ᠤ ᠬᠤᠷᠣᠭᠳᠠᠯ ᠦᠨᠳᠦᠷ ᠠᠵᠣ | ᠦᠢᠯᠠᠳᠪᠦᠷᠢ ᠪᠣᠯᠣᠨ ᠦᠢᠯᠡᠴᠢᠯᠡᠭᠡᠨ ᠤ ᠦᠢᠯᠠᠰ ᠵᠡᠷᠭᠡ ᠭᠤᠣᠯᠳᠠᠯᠭᠠᠳᠦ ᠬᠦᠷᠢᠶ᠎ᠡ ᠴᠠᠷᠠᠭᠠᠨ ᠳᠤ ᠠᠩᠬᠠᠷᠣᠯ ᠢᠶᠠᠨ ᠲᠦᠪᠯᠡᠷᠡᠭᠦᠯᠦᠨ᠂ ᠭᠡᠷ᠎ᠡ ᠪᠠᠷ ᠣᠰᠣ ᠠᠷᠪᠢᠯᠠᠬᠤ | ᠬᠠᠮᠢᠶᠠᠷᠣᠯᠳᠠ ᠶᠢ ᠶᠡᠬᠡᠪᠡᠷ ᠲᠦᠭᠡᠮᠡᠯᠵᠢᠭᠦᠯᠵᠣ᠂ ᠭᠡᠷ᠎ᠡ ᠪᠠᠷ ᠣᠰᠣ ᠠᠷᠪᠢᠯᠠᠬᠤ ᠬᠠᠮᠢᠶᠠᠷᠣᠯᠳᠠ ᠶᠢᠨ ᠬᠦᠷᠢᠶ᠎ᠡ ᠬᠡᠪᠴᠢᠶ᠎ᠡ ᠪᠣᠯᠣᠨ ᠭᠦᠨᠴᠡ ᠶᠢ ᠠᠯᠬᠤᠮ ᠠᠯᠬᠤᠮ | ᠢᠶᠠᠷ ᠦᠷᠭᠡᠳᠬᠡᠨ᠎ᠡ᠃ ᠭᠤᠷᠪᠠᠳᠠᠬᠢ ᠡᠳᠡᠭᠡᠳ ᠤᠨ ᠣᠰᠣ ᠠᠷᠪᠢᠯᠠᠬᠤ ᠦᠢᠯᠡᠴᠢᠯᠡᠭᠡᠨ ᠤ ᠠᠵᠣ ᠠᠬᠤᠶᠢᠯᠠᠯ ᠢ ᠪᠣᠶᠢᠵᠢᠭᠤᠯᠣᠨ᠂ ᠲᠦᠷᠦᠯ ᠵᠣᠶᠢᠯ ᠤᠨ | ᠠᠪᠴᠠᠯᠳᠣᠭᠤᠯᠣᠯ ᠤᠨ ᠦᠢᠯᠡᠴᠢᠯᠡᠭᠡᠨ ᠤ ᠲᠣᠭᠳᠠᠴᠠ ᠶᠢ ᠪᠠᠶᠢᠭᠤᠯᠵᠣ᠂ ᠵᠠᠬ᠎ᠠ ᠲᠡᠯᠭᠡᠭᠦᠷ ᠤᠨ ᠠᠮᠢᠵᠢᠷᠠᠯ ᠤᠨ ᠬᠦᠴᠦᠨ ᠢ ᠪᠠᠳᠠᠷᠠᠭᠤᠯᠵᠣ᠂ ᠠᠵᠣ ᠦᠢᠯᠠᠰ ᠤᠨ | ᠬᠦᠭᠵᠢᠯᠳᠡ ᠶᠢ ᠪᠣᠶᠢᠵᠢᠭᠤᠯᠣᠨ᠎ᠠ᠃ ᠣᠰᠣ ᠠᠷᠪᠢᠯᠠᠬᠤ ᠦᠨᠡᠯᠡᠯᠳᠡ ᠬᠢᠨᠠᠨ ᠪᠠᠶᠢᠴᠠᠭᠠᠯᠳᠠ ᠪᠠᠨ ᠴᠢᠩᠭᠠᠷᠠᠭᠤᠯᠣᠨ᠂ ᠦᠨᠡᠯᠡᠪᠡᠰᠦ ᠵᠣᠬᠢᠬᠤ ᠶᠢ ᠨᠢ ᠪᠦᠬᠦᠨ ᠢ | ᠦᠨᠡᠯᠡᠵᠣ᠂ ᠵᠦᠢ ᠵᠣᠬᠢᠰ ᠦᠭᠡᠢ ᠣᠰᠣ ᠬᠡᠷᠡᠭᠯᠡᠭᠦ ᠬᠡᠷᠡᠭᠴᠡᠭᠡ ᠶᠢ ᠡᠷᠡᠰ ᠬᠤᠷᠢᠭᠯᠠᠨ᠎ᠠ᠃ ︵ᠬᠠᠷᠢᠭᠤᠴᠠᠬᠤ ᠰᠠᠯᠠᠭ᠎ᠠ ᠮᠦᠴᠢᠷ᠄ ᠬᠤᠰᠢᠭᠤ ᠮᠠᠯ ᠲᠠᠷᠢᠶᠠᠯᠠᠩ | ᠪᠣᠯᠣᠨ ᠣᠰᠣᠨ ᠠᠰᠢᠭᠯᠠᠯᠳᠠ ᠶᠢᠨ ᠲᠣᠪᠴᠢᠶ᠎ᠠ᠂ ᠠᠵᠣ ᠦᠢᠯᠠᠳᠪᠦᠷᠢ ᠮᠡᠳᠡᠭᠡ ᠵᠠᠩᠬᠢᠴᠢᠯᠠᠯᠳᠠ ᠪᠣᠯᠣᠨ ᠰᠢᠨᠵᠢᠯᠡᠭᠦ ᠣᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ | ᠡᠨᠧᠷᠬᠢ ᠶᠢᠨ ᠲᠣᠪᠴᠢᠶ᠎ᠠ᠂ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠣᠯᠳᠠ ᠶᠢᠨ ᠲᠣᠪᠴᠢᠶ᠎ᠠ᠂ ᠰᠣᠷᠭᠠᠨ ᠬᠦᠮᠦᠵᠢᠯ ᠪᠡᠶ᠎ᠡ ᠶᠢᠨ ᠲᠠᠮᠢᠷ | ᠤᠨ ᠲᠣᠪᠴᠢᠶ᠎ᠠ᠂ ᠪᠠᠶᠢᠭᠤᠯᠭ᠎ᠠ ᠶᠢᠨ ᠶᠠᠪᠣᠳᠠᠯ ᠤᠨ ᠦᠢᠯᠡᠴᠢᠯᠡᠭᠡᠨ ᠤ ᠲᠦᠪ︶ | 30. ᠰᠢᠨᠵᠢᠯᠡᠭᠡ ᠮᠡᠷᠭᠡᠵᠢᠯ ᠤᠨ ᠴᠢᠳᠠᠪᠬᠢ ᠶᠢ ᠠᠬᠢᠭᠤᠯᠣᠨ᠎ᠠ᠃ ᠠᠵᠢᠯ ᠲᠦᠷᠦᠯ ᠤᠨ ᠣᠰᠣ ᠠᠷᠪᠢᠯᠠᠬᠤ ᠮᠡᠷᠭᠡᠵᠢᠯ ᠤᠨ ᠬᠦᠴᠢᠷᠳᠡᠯ ᠤᠨ ᠲᠣᠭᠤᠷᠢᠨ ᠳᠤ | ᠵᠠᠩᠬᠢᠯᠠᠭ᠎ᠠ ᠶᠢᠨ ᠮᠡᠷᠭᠡᠵᠢᠯ ᠪᠣᠯᠣᠨ ᠴᠢᠬᠤᠯᠠ ᠶᠡᠭᠡ ᠲᠣᠨᠤᠭ ᠲᠦᠬᠦᠭᠡᠷᠦᠮᠵᠢ ᠶᠢᠨ ᠰᠢᠨᠡᠴᠢᠯᠡᠯᠳᠡ ᠰᠢᠪᠳᠣᠯᠣᠯᠳᠠ ᠶᠢ ᠲᠦᠷᠭᠡᠳᠬᠡᠵᠣ᠂ ᠣᠰᠣ ᠠᠷᠪᠢᠯᠠᠬᠤ ᠰᠠᠭᠤᠷᠢ | ᠰᠣᠳᠣᠯᠭᠠᠨ ᠪᠣᠯᠣᠨ ᠬᠡᠷᠡᠭᠯᠡᠭᠡᠨ ᠤ ᠮᠡᠷᠭᠡᠵᠢᠯ ᠤᠨ ᠰᠣᠳᠣᠯᠭᠠᠨ ᠢ ᠴᠢᠩᠭᠠᠳᠬᠠᠨ᠂ ᠣᠰᠣ ᠠᠷᠪᠢᠯᠠᠯᠳᠠ ᠪᠠᠷ ᠴᠢᠨᠠᠷᠯᠢᠭ ᠬᠦᠭᠵᠢᠯᠳᠡ ᠶᠢ ᠲᠣᠯᠠᠭᠠᠭᠤᠷᠢᠯᠠᠬᠤ | ᠬᠡᠷᠡᠭᠵᠢᠭᠦᠯᠦᠯᠳᠡ ᠶᠢᠨ ᠠᠷᠭ᠎ᠠ ᠵᠠᠮ ᠢ ᠰᠦᠪᠡᠭᠴᠢᠯᠡᠵᠣ᠂ ᠣᠰᠣ ᠠᠷᠪᠢᠯᠠᠬᠤ ᠰᠢᠨᠵᠢᠯᠡᠭᠡ ᠮᠡᠷᠭᠡᠵᠢᠯ ᠤᠨ ᠦᠷ᠎ᠡ ᠪᠦᠳᠦᠮᠵᠢ ᠶᠢᠨ ᠬᠤᠪᠢᠷᠠᠭᠤᠯᠣᠯᠳᠠ ᠶᠢ | ᠠᠬᠢᠭᠤᠯᠣᠨ᠎ᠠ᠃ ︵ᠬᠠᠷᠢᠭᠤᠴᠠᠬᠤ ᠰᠠᠯᠠᠭ᠎ᠠ ᠮᠦᠴᠢᠷ᠄ ᠬᠤᠰᠢᠭᠤ ᠠᠵᠣ ᠦᠢᠯᠠᠳᠪᠦᠷᠢ ᠮᠡᠳᠡᠭᠡ ᠵᠠᠩᠬᠢᠴᠢᠯᠠᠯᠳᠠ ᠪᠣᠯᠣᠨ ᠰᠢᠨᠵᠢᠯᠡᠭᠦ ᠣᠬᠠᠭᠠᠨ ᠲᠧᠭᠨᠢᠭ ᠮᠡᠷᠭᠡᠵᠢᠯ | ᠤᠨ ᠲᠣᠪᠴᠢᠶ᠎ᠠ᠂ ᠡᠨᠧᠷᠬᠢ ᠶᠢᠨ ᠲᠣᠪᠴᠢᠶ᠎ᠠ᠂ ᠮᠠᠯ ᠲᠠᠷᠢᠶᠠᠯᠠᠩ ᠪᠣᠯᠣᠨ ᠣᠰᠣᠨ ᠠᠰᠢᠭᠯᠠᠯᠳᠠ ᠶᠢᠨ ᠲᠣᠪᠴᠢᠶ᠎ᠠ︶ | ᠭᠤᠷᠪᠠ᠂ ᠪᠠᠳᠣᠯᠠᠭ᠎ᠠ ᠶᠢᠨ ᠠᠷᠭ᠎ᠠ ᠠᠪᠴᠠᠯ | ︵ᠨᠢᠭᠡ︶ ᠵᠣᠬᠢᠶᠠᠨ ᠪᠠᠶᠢᠭᠤᠯᠣᠨ ᠣᠳᠣᠷᠢᠳᠬᠤ ᠪᠠᠨ ᠴᠢᠩᠭᠠᠳᠬᠠᠨ᠎ᠠ᠃ ᠡᠯ᠎ᠡ ᠪᠠᠯᠭᠠᠰᠣ᠂ ᠡᠯ᠎ᠡ ᠰᠠᠯᠠᠭ᠎ᠠ ᠮᠦᠴᠢᠷ ᠬᠤᠰᠢᠭᠤ ᠨᠠᠮ ᠤᠨ ᠬᠤᠷᠢᠶ᠎ᠠ ᠵᠠᠰᠠᠭ | ᠤᠨ ᠣᠷᠳᠣᠨ ᠤ ᠲᠦᠪᠯᠡᠷᠡᠩᠭᠦᠢ ᠣᠳᠣᠷᠢᠳᠣᠯᠭ᠎ᠠ ᠲᠣᠣᠷ᠎ᠠ᠂ ᠵᠣᠬᠢᠴᠠᠩᠭᠤᠢ ᠬᠠᠮᠳᠣᠷᠠᠯᠴᠠᠭ᠎ᠠ ᠪᠠᠨ ᠴᠢᠩᠭᠠᠳᠬᠠᠵᠣ᠂ ᠣᠰᠣ ᠠᠷᠪᠢᠯᠠᠬᠤ ᠴᠢᠬᠤᠯᠠ ᠶᠠᠪᠣᠳᠠᠯ ᠪᠣᠯᠣᠨ | ᠣᠰᠣ ᠠᠷᠪᠢᠯᠠᠬᠤ ᠴᠢᠬᠤᠯᠠ ᠶᠡᠭᠡ ᠠᠰᠠᠭᠤᠳᠠᠯ ᠤᠨ ᠰᠢᠢᠳᠪᠦᠷᠢᠯᠡᠯᠳᠡ ᠶᠢ ᠨᠢᠭᠡᠳᠦᠯᠳᠡᠢ ᠲᠦᠯᠦᠪᠵᠢᠭᠦᠯᠵᠣ᠂ ᠣᠰᠣ ᠠᠷᠪᠢᠯᠠᠬᠤ ᠠᠵᠢᠯᠯᠠᠭᠠᠨ ᠤ ᠡᠯ᠎ᠡ ᠲᠦᠷᠦᠯ ᠤᠨ | ᠡᠭᠦᠷᠭᠡ ᠶᠢ ᠡᠷᠴᠢᠮᠳᠡᠢ ᠲᠢᠭᠯᠢᠮ ᠲᠠᠢ ᠪᠦᠳᠦᠮᠵᠢᠳᠡᠢ ᠬᠡᠷᠡᠭᠵᠢᠭᠦᠯᠬᠦ ᠶᠢ ᠠᠬᠢᠭᠤᠯᠣᠨ᠎ᠠ᠃ | ︵ᠬᠤᠶᠠᠷ︶ ᠲᠠᠭᠠᠮᠠᠭᠠᠢ ᠲᠣᠭᠳᠠᠴᠠ ᠶᠢ ᠪᠠᠶᠢᠭᠤᠯᠣᠨ ᠪᠦᠷᠢᠨᠰᠢᠭᠦᠯᠦᠨ᠎ᠡ᠃ ᠣᠰᠣᠨ ᠰᠣᠷᠪᠣᠯᠵᠢ ᠶᠢᠨ ᠬᠠᠮᠢᠶᠠᠷᠣᠯᠳᠠ᠂ ᠣᠰᠣ ᠠᠷᠪᠢᠯᠠᠬᠤ ᠵᠡᠷᠭᠡ ᠲᠣᠭᠳᠠᠴᠠ | ᠲᠣᠭᠳᠠᠯᠴᠠᠭ᠎ᠠ ᠶᠢ ᠪᠠᠶᠢᠭᠤᠯᠣᠨ ᠪᠦᠷᠢᠨᠰᠢᠭᠦᠯᠵᠣ᠂ ᠲᠦᠷᠢᠮ ᠤᠨ ᠪᠠᠳᠣᠯᠠᠭ᠎ᠠ ᠪᠣᠯᠣᠨ ᠬᠠᠣᠯᠢ ᠴᠠᠭᠠᠵᠠ ᠶᠢᠨ ᠲᠣᠯᠭᠠᠭᠤᠷᠢᠯᠠᠯ ᠢ ᠴᠢᠩᠭᠠᠷᠠᠭᠤᠯᠣᠨ᠎ᠠ᠃ ᠣᠰᠣ | ᠠᠷᠪᠢᠯᠠᠬᠤ ᠬᠠᠷᠢᠭᠤᠴᠠᠯᠭ᠎ᠠ ᠶᠢᠨ ᠲᠦᠷᠢᠮ ᠲᠣᠭᠳᠠᠴᠠ ᠶᠢ ᠪᠠᠶᠢᠭᠤᠯᠣᠨ᠂ ᠣᠰᠣ ᠠᠷᠪᠢᠯᠠᠬᠤ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠵᠣ᠂ ᠣᠰᠣ ᠠᠷᠪᠢᠯᠠᠬᠤ ᠠᠵᠢᠯ | ᠢ ᠵᠢᠯ ᠤᠨ ᠪᠦᠳᠦᠮᠵᠢ ᠶᠢᠨ ᠬᠢᠨᠠᠨ ᠰᠢᠯᠭᠠᠯᠳᠠ ᠶᠢᠨ ᠲᠣᠭᠳᠠᠴᠠ ᠳᠤ ᠣᠷᠣᠭᠤᠯᠣᠨ᠂ ᠬᠢᠨᠠᠨ ᠰᠢᠯᠭᠠᠯᠳᠠ ᠶᠢᠨ ᠵᠢᠯᠣᠭᠤᠳᠣᠯᠭ᠎ᠠ ᠶᠢᠨ ᠦᠢᠯᠠᠳᠣᠯ ᠢ ᠭᠦᠢᠴᠡᠳ | ᠪᠠᠳᠠᠷᠠᠭᠤᠯᠵᠣ᠂ ᠣᠰᠣᠨ ᠰᠣᠷᠪᠣᠯᠵᠢ ᠶᠢᠨ ᠡᠷᠴᠢᠮᠳᠠᠢ ᠠᠷᠪᠢᠳᠠᠢ ᠠᠰᠢᠭᠯᠠᠯᠳᠠ ᠶᠢ ᠠᠬᠢᠭᠤᠯᠣᠨ᠎ᠠ᠃ | ︵ᠭᠤᠷᠪᠠ︶ ᠪᠡᠯᠡ ᠮᠦᠩᠭᠦᠨ ᠤ ᠣᠷᠣᠭᠤᠯᠣᠯᠳᠠ ᠶᠢ ᠴᠢᠩᠭᠠᠳᠬᠠᠨ᠎ᠠ᠃ ᠣᠯᠣᠰ᠂ ᠦᠪᠡᠷᠳᠡᠭᠡᠨ ᠵᠠᠰᠠᠬᠤ ᠣᠷᠣᠨ ᠤ ᠪᠡᠯᠡ ᠮᠦᠩᠭᠦ ᠵᠢᠴᠢ ᠬᠠᠮᠢᠶ᠎ᠠ ᠪᠦᠬᠦᠢ | ᠲᠦᠷᠦ ᠶᠢᠨ ᠪᠣᠳᠣᠯᠭ᠎ᠠ ᠶᠢᠨ ᠲᠡᠮᠵᠢᠯᠭᠡ ᠶᠢ ᠢᠳᠡᠪᠬᠢᠳᠡᠢ ᠣᠯᠣᠨ᠂ ᠣᠷᠣᠨ ᠨᠣᠳᠤᠭ ᠤᠨ ᠢᠵᠢ ᠪᠦᠷᠢᠯᠳᠦᠭᠦᠯᠬᠦ ᠪᠡᠯᠡ ᠮᠦᠩᠭᠦ ᠶᠢ ᠨᠡᠮᠡᠭᠳᠡᠭᠦᠯᠵᠣ᠂ ᠣᠯᠠᠨ | ᠡᠰᠢᠵᠢᠭᠦᠯᠦᠭᠰᠡᠨ ᠣᠷᠣᠭᠤᠯᠣᠯᠳᠠ ᠶᠢ ᠵᠣᠷᠢᠭᠵᠢᠭᠤᠯᠣᠨ᠂ ᠨᠡᠶᠢᠭᠡᠮ ᠤᠨ ᠬᠦᠴᠦᠨ ᠣᠷᠣᠯᠴᠠᠬᠤ ᠶᠢ ᠲᠠᠶᠢᠴᠢᠯᠠᠵᠣ᠂ ᠨᠡᠶᠢᠭᠡᠮ ᠤᠨ ᠡᠯ᠎ᠡ ᠡᠳᠡᠭᠡᠳ ᠤᠨ ᠪᠡᠯᠡ | ᠮᠦᠩᠭᠦ ᠶᠢ ᠨᠢᠭᠡᠳᠦᠯᠳᠡᠢ ᠲᠦᠯᠦᠪᠵᠢᠭᠦᠯᠦᠨ ᠵᠣᠬᠢᠴᠠᠭᠤᠯᠵᠣ᠂ ᠭᠤᠣᠯᠳᠠᠯᠭ᠎ᠠ ᠪᠠᠨ ᠠᠵᠣ ᠦᠢᠯᠠᠳᠪᠦᠷᠢ ᠲᠠᠷᠢᠶᠠᠯᠠᠩ ᠤᠨ ᠦᠢᠯᠠᠰ ᠤᠨ ᠣᠰᠣ ᠠᠷᠪᠢᠯᠠᠬᠤ | ᠦᠭᠡᠷᠡᠴᠢᠯᠡᠯᠳᠡ᠂ ᠬᠤᠳᠠ ᠪᠠᠯᠭᠠᠰᠣ ᠶᠢᠨ ᠬᠠᠭᠤᠴᠢᠨ ᠣᠰᠣ ᠬᠠᠩᠭᠠᠬᠤ ᠬᠤᠭᠤᠯᠠᠢ ᠲᠣᠣᠷ ᠤᠨ ᠦᠭᠡᠷᠡᠴᠢᠯᠡᠯᠳᠡ᠂ ᠲᠠᠬᠢᠯᠳᠠ ᠣᠰᠣᠨ ᠤ ᠠᠰᠢᠭᠯᠠᠯᠳᠠ ᠵᠡᠷᠭᠡ | ᠲᠠᠯ᠎ᠠ ᠳᠤ ᠬᠢ ᠣᠷᠣᠭᠤᠯᠣᠯᠳᠠ ᠶᠢ ᠴᠢᠩᠭᠠᠳᠬᠠᠨ᠂ ᠣᠰᠣᠨ ᠰᠣᠷᠪᠣᠯᠵᠢ ᠶᠢᠨ ᠡᠷᠴᠢᠮᠳᠠᠢ ᠠᠷᠪᠢᠳᠠᠢ ᠠᠰᠢᠭᠯᠠᠯᠳᠠ ᠶᠢ ᠠᠬᠢᠭᠤᠯᠣᠨ᠎ᠠ᠃ | ︵ᠲᠦᠷᠪᠡ︶ ᠣᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠣᠨ᠎ᠠ᠃ ᠲᠡᠯᠡᠭᠡᠢ ᠶᠢᠨ ᠣᠰᠣ ᠠᠷᠪᠢᠯᠠᠬᠤ ᠡᠳᠦᠷ᠂ ᠲᠣᠮᠳᠠᠳᠦ ᠣᠯᠣᠰ ᠤᠨ ᠣᠰᠣ ᠠᠷᠪᠢᠯᠠᠬᠤ | ᠭᠠᠷᠠᠭ᠂ ᠬᠤᠳᠠ ᠶᠢᠨ ᠣᠰᠣ ᠠᠷᠪᠢᠯᠠᠬᠤ ᠣᠬᠠᠭᠤᠯᠭ᠎ᠠ ᠶᠢᠨ ᠭᠠᠷᠠᠭ᠂ ᠪᠦᠬᠦ ᠣᠯᠣᠰ ᠤᠨ ᠰᠢᠨᠵᠢᠯᠡᠭᠡ ᠮᠡᠷᠭᠡᠵᠢᠯ ᠲᠦᠭᠡᠮᠡᠯᠵᠢᠯᠡᠭᠦᠯᠬᠦ ᠡᠳᠦᠷ ᠵᠡᠷᠭᠡ ᠴᠢᠬᠤᠯᠠ | ᠵᠠᠩᠬᠢᠯᠠᠭ᠎ᠠ ᠶᠢᠨ ᠲᠣᠭᠤᠷᠢᠨ ᠳᠤ ᠡᠯ᠎ᠡ ᠰᠠᠯᠠᠭ᠎ᠠ ᠮᠦᠴᠢᠷ ᠤᠨ ᠠᠵᠢᠯ ᠤᠨ ᠪᠣᠳᠠᠳᠦ ᠪᠠᠶᠢᠳᠠᠯ ᠲᠠᠢ ᠪᠠᠨ ᠣᠶᠠᠯᠳᠣᠭᠤᠯᠵᠣ᠂ ᠣᠰᠣ ᠠᠷᠪᠢᠯᠠᠬᠤ ᠣᠬᠠᠭᠤᠯᠭ᠎ᠠ ᠶᠢ | ᠲᠡᠯᠭᠡᠷᠡᠩᠭᠦᠢ ᠦᠷᠨᠢᠭᠦᠯᠣᠨ᠂ ᠣᠰᠣᠨ ᠰᠣᠷᠪᠣᠯᠵᠢ ᠶᠢᠨ ᠠᠷᠪᠢᠯᠠᠯᠳᠠ ᠬᠠᠮᠠᠭᠠᠯᠠᠯᠳᠠ ᠶᠢ ᠪᠠᠶᠢᠭᠤᠯᠭ᠎ᠠ ᠨᠢᠭᠡᠴᠡ᠂ ᠠᠵᠣ ᠠᠬᠤᠶᠢᠯᠠᠯ᠂ ᠬᠦᠳᠡᠭᠡ ᠲᠣᠰᠬᠤᠨ᠂ | ᠰᠣᠷᠭᠠᠭᠤᠯᠢ᠂ ᠨᠡᠶᠢᠭᠡᠮ ᠲᠣᠭᠤᠷᠢᠭ ᠲᠤ ᠣᠷᠣᠭᠤᠯᠬᠤ ᠶᠢ ᠠᠬᠢᠭᠤᠯᠣᠨ᠂ ᠬᠠᠣᠯᠢ ᠶᠣᠰᠣᠭᠠᠷ ᠵᠦᠢ ᠵᠣᠬᠢᠰᠳᠠᠢ ᠣᠰᠣ ᠠᠷᠪᠢᠯᠠᠨ ᠬᠡᠷᠡᠭᠯᠡᠭᠦ ᠣᠬᠢ ᠰᠠᠶᠢᠨ ᠣᠷᠴᠢᠨ | ᠢ ᠪᠦᠷᠢᠯᠳᠦᠭᠦᠯᠵᠣ᠂ ᠣᠰᠣ ᠠᠷᠪᠢᠯᠠᠬᠤ ᠶᠢ ᠪᠠᠶᠢᠭᠤᠯᠭ᠎ᠠ ᠨᠢᠭᠡᠴᠡ᠂ ᠬᠦᠮᠦᠨ ᠪᠦᠬᠦᠨ ᠤ ᠦᠪᠡᠷ ᠤᠨ ᠣᠬᠠᠮᠰᠠᠷᠳᠦ ᠦᠢᠯᠠ ᠠᠵᠢᠯᠯᠠᠭ᠎ᠠ ᠪᠣᠯᠭᠠᠨ᠂ ᠨᠡᠶᠢᠭᠡᠮ ᠤᠨ | ᠣᠰᠣ ᠠᠷᠪᠢᠯᠠᠬᠤ ᠣᠬᠠᠮᠰᠠᠷ ᠢ ᠪᠦᠬᠦ ᠲᠠᠯ᠎ᠠ ᠪᠠᠷ ᠲᠡᠭᠡᠭᠰᠢᠯᠡᠭᠦᠯᠦᠨ᠎ᠡ᠃ | | ᠲᠠᠭᠠᠯᠳᠣᠭᠤᠯᠣᠯ᠄ ᠣᠳᠤᠭ ᠤᠨ ᠡᠮᠦᠨᠡᠳᠦ ᠬᠤᠰᠢᠭᠤᠨ ᠤ ᠣᠰᠣ ᠠᠷᠪᠢᠯᠠᠬᠤ ᠠᠵᠢᠯᠯᠠᠭᠠᠨ ᠤ ᠡᠭᠦᠷᠭᠡ ᠶᠢᠨ ᠬᠤᠪᠢᠶᠠᠷᠢᠯᠠᠯ ᠤᠨ ᠬᠦᠰᠦᠨᠦᠭ |
|
| ᠵᠠᠰᠠᠭ ᠵᠠᠬᠢᠷᠭᠠᠨ ᠤ ᠣᠷᠣᠨ ᠪᠦᠰᠡ | ᠪᠦᠬᠦ ᠬᠤᠳᠠ᠄ 19.19 | ᠣᠳᠤᠭ ᠤᠨ ᠡᠮᠦᠨᠡᠳᠦ ᠬᠤᠰᠢᠭᠤ᠄ 1.647 | ᠣᠰᠣ ᠬᠡᠷᠡᠭᠯᠡᠭᠦ ᠶᠡᠷᠦᠩᠬᠡᠢ ᠬᠡᠮᠵᠢᠶ᠎ᠡ ︵ᠳ᠋ᠦᠩᠰᠢᠭᠤᠷ ᠪᠣᠰᠤᠭ᠎ᠠ ᠲᠦᠷᠪᠡᠯᠵᠢᠨ ᠮᠧᠲᠷ︶ | ᠪᠦᠬᠦ ᠬᠤᠳᠠ᠄ 11922 | ᠣᠳᠤᠭ ᠤᠨ ᠡᠮᠦᠨᠡᠳᠦ ᠬᠤᠰᠢᠭᠤ᠄ 242 | ᠡᠩ ᠤᠨ ᠪᠣᠰᠣ ᠣᠰᠣᠨ ᠰᠣᠷᠪᠣᠯᠵᠢ ᠶᠢᠨ ᠠᠰᠢᠭᠯᠠᠯᠳᠠ ᠶᠢᠨ ᠬᠢᠵᠠᠭᠠᠷᠯᠠᠯ ︵ᠲᠦᠮᠡᠨ ᠪᠣᠰᠤᠭ᠎ᠠ ᠲᠦᠷᠪᠡᠯᠵᠢᠨ ᠮᠧᠲᠷ︶ | ᠣᠰᠣ ᠬᠡᠷᠡᠭᠯᠡᠭᠦ ᠪᠦᠳᠦᠮᠵᠢ ᠶᠢᠨ ᠨᠣᠷᠮ᠎ᠠ ︵ᠪᠠᠭᠤᠷᠴᠠ ᠬᠠᠷᠠᠯᠳᠠ ᠳᠤ ᠬᠦᠷᠬᠦ ᠪᠣᠶᠣ ᠣᠰᠣ ᠬᠡᠷᠡᠭᠯᠡᠭᠦ ᠪᠦᠳᠦᠮᠵᠢ ᠶᠢᠨ ᠨᠣᠷᠮ᠎ᠠ ᠪᠦᠬᠦ ᠬᠤᠳᠠ ᠶᠢᠨ | ᠲᠦᠪᠰᠢᠨ ᠠᠴᠠ ᠦᠨᠳᠦᠷ ᠪᠣᠯᠬᠤ︶ | ᠲᠦᠮᠡᠨ ᠲᠦᠬᠦᠷᠢᠭ GDP ᠤᠨ ᠬᠡᠷᠡᠭᠯᠡᠭᠦ ᠣᠰᠣ 2020 ᠣᠨ ᠠᠴᠠ ᠪᠠᠭᠤᠷᠠᠭᠰᠠᠨ ᠨᠣᠷᠮ᠎ᠠ ︵%︶ | ᠪᠦᠬᠦ ᠬᠤᠳᠠ᠄ 10.4 | ᠣᠳᠤᠭ ᠤᠨ ᠡᠮᠦᠨᠡᠳᠦ ᠬᠤᠰᠢᠭᠤ᠄ 5 | ᠲᠦᠮᠡᠨ ᠲᠦᠬᠦᠷᠢᠭ ᠤᠨ ᠠᠵᠣ ᠦᠢᠯᠠᠳᠪᠦᠷᠢ ᠶᠢᠨ ᠨᠡᠮᠡᠭᠳᠡᠯ ᠦᠷᠳᠡᠭ ᠤᠨ ᠬᠡᠷᠡᠭᠯᠡᠭᠦ ᠣᠰᠣᠨ ᠤ ᠬᠡᠮᠵᠢᠶ᠎ᠡ 2020 ᠣᠨ ᠠᠴᠠ ᠪᠠᠭᠤᠷᠠᠭᠰᠠᠨ ᠨᠣᠷᠮ᠎ᠠ ︵%︶ | | ᠪᠦᠬᠦ ᠬᠤᠳᠠ᠄ 10 | ᠣᠳᠤᠭ ᠤᠨ ᠡᠮᠦᠨᠡᠳᠦ ᠬᠤᠰᠢᠭᠤ᠄ 5 | ᠲᠠᠷᠢᠶᠠᠨ ᠭᠠᠵᠠᠷ ᠤᠨ ᠣᠰᠣᠯᠠᠯᠳᠠ ᠶᠢᠨ ᠪᠦᠳᠦᠮᠵᠢᠳᠡᠢ ᠠᠰᠢᠭᠯᠠᠯᠳᠠ ᠶᠢᠨ ᠢᠯᠡᠳᠬᠡᠮᠵᠢ | ᠪᠦᠬᠦ ᠬᠤᠳᠠ᠄ 0.63 | ᠣᠳᠤᠭ ᠤᠨ ᠡᠮᠦᠨᠡᠳᠦ ᠬᠤᠰᠢᠭᠤ᠄ 0.65 | ᠲᠠᠷᠢᠶᠠᠯᠠᠩ ᠤᠨ ᠦᠢᠯᠠᠰ ᠤᠨ ᠰᠢᠨ᠎ᠡ ᠪᠠᠷ ᠨᠡᠮᠡᠭᠳᠡᠭᠰᠡᠨ ᠣᠰᠣ ᠠᠷᠪᠢᠯᠠᠬᠤ ᠴᠢᠳᠠᠪᠬᠢ ︵ᠲᠦᠮᠡᠨ ᠪᠣᠰᠤᠭ᠎ᠠ ᠲᠦᠷᠪᠡᠯᠵᠢᠨ ᠮᠧᠲᠷ︶ | ᠪᠦᠬᠦ ᠬᠤᠳᠠ᠄ 171 | ᠣᠳᠤᠭ ᠤᠨ ᠡᠮᠦᠨᠡᠳᠦ ᠬᠤᠰᠢᠭᠤ᠄ 8.52 | ᠬᠤᠳᠠ ᠶᠢᠨ ᠨᠡᠶᠢᠳᠡ ᠶᠢᠨ ᠣᠰᠣ ᠬᠠᠩᠭᠠᠬᠤ ᠲᠣᠣᠷ ᠬᠤᠭᠤᠯᠠᠢ ᠶᠢᠨ ᠰᠦᠢᠳᠦᠯ ︵%︶ | ᠪᠦᠬᠦ ᠬᠤᠳᠠ᠄ 7 | ᠣᠳᠤᠭ ᠤᠨ ᠡᠮᠦᠨᠡᠳᠦ ᠬᠤᠰᠢᠭᠤ᠄ 5.4 | ᠲᠠᠬᠢᠯᠳᠠ ᠣᠰᠣᠨ ᠤ ᠠᠰᠢᠭᠯᠠᠯᠳᠠ ᠶᠢᠨ ᠨᠣᠷᠮ᠎ᠠ ︵%︶ | ᠪᠦᠬᠦ ᠬᠤᠳᠠ᠄ 86 | ᠣᠳᠤᠭ ᠤᠨ ᠡᠮᠦᠨᠡᠳᠦ ᠬᠤᠰᠢᠭᠤ᠄ 100 |