5 ᠰᠠᠷ᠎ᠠ ᠶᠢᠨ 14 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠱᠦᠵᠢ ᠸᠠᠩ ᠢᠦᠢ ᠴᠢᠶᠠᠩ ᠬᠤᠰᠢᠭᠤ ᠨᠠᠮ ᠤᠨ ᠬᠤᠷᠢᠶ᠎ᠠ ᠶᠢᠨ ᠠᠷᠪᠠᠳᠣᠭᠠᠷ | ᠬᠤᠭᠤᠴᠠᠭᠠᠨ ᠤ 101 ᠣᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠰᠢᠭᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠣᠯᠳᠠ ᠶᠢᠨ ᠠᠵᠢᠯ ᠤᠨ | ᠣᠳᠣᠷᠢᠳᠬᠤ ᠲᠣᠭᠤᠶᠢᠯᠠᠩ ᠤᠨ ᠬᠤᠷᠠᠯ᠂ ᠬᠤᠰᠢᠭᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠠᠵᠢᠯ ᠤᠨ ᠣᠳᠣᠷᠢᠳᠬᠤ ᠲᠣᠭᠤᠶᠢᠯᠠᠩ ᠤᠨ ᠬᠤᠷᠠᠯ᠂ | ᠬᠤᠰᠢᠭᠤ ᠨᠠᠮ ᠤᠨ ᠬᠤᠷᠢᠶ᠎ᠠ ᠶᠢᠨ ᠬᠠᠣᠯᠢ ᠪᠠᠷ ᠬᠤᠰᠢᠭᠤ ᠪᠠᠨ ᠵᠠᠰᠠᠬᠤ ᠵᠦᠪᠯᠡᠯ ᠤᠨ ᠨᠠᠢᠮᠠᠳᠣᠭᠠᠷ ᠣᠳᠠᠭᠠᠨ ᠤ ᠬᠤᠷᠠᠯ ᠢ ᠡᠷᠬᠢᠯᠡᠨ ᠬᠤᠷᠠᠯᠳᠣᠭᠤᠯᠪᠠ᠃ | ᠬᠤᠷᠠᠯ ᠲᠡᠭᠡᠷ᠎ᠡ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠦᠷᠢ᠂ ᠴᠢᠬᠤᠯᠠ ᠪᠢᠴᠢᠭ | ᠮᠡᠲ᠋ᠧᠷᠢᠶᠡᠯ ᠤᠨ ᠵᠣᠷᠢᠭ ᠰᠠᠨᠠᠭ᠎ᠠ᠂ 4 ᠰᠠᠷ᠎ᠠ ᠶᠢᠨ 25 ᠤ ᠡᠳᠦᠷ ᠤᠨ ᠲᠣᠮᠳᠠᠳᠦ ᠣᠯᠣᠰ ᠤᠨ ᠡᠪ ᠬᠠᠮᠳᠦ ᠨᠠᠮ ᠤᠨ ᠲᠦᠪ ᠬᠤᠷᠢᠶᠠᠨ ᠤ ᠣᠯᠣᠰ ᠲᠦᠷᠦ ᠶᠢᠨ | ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠣᠯᠠᠮᠵᠢᠯᠠᠨ ᠰᠣᠷᠣᠯᠴᠠᠪᠠ᠃ ᠬᠤᠷᠠᠯ ᠠᠴᠠ ᠬᠢᠨᠠᠮᠠᠭᠠᠢ ᠰᠣᠷᠣᠯᠴᠠᠨ ᠨᠠᠷᠢᠯᠢᠭ ᠭᠦᠨᠵᠡᠭᠡᠢ ᠰᠣᠳᠣᠯᠵᠣ᠂ ᠡᠯᠪᠡᠭ | ᠪᠠᠶᠠᠯᠢᠭ ᠠᠭᠤᠯᠣᠭᠳᠠᠬᠤᠨ᠂ ᠵᠣᠷᠢᠭ ᠰᠠᠨᠠᠭᠠᠨ ᠤ ᠮᠦᠨ ᠴᠢᠨᠠᠷ ᠪᠣᠯᠣᠨ ᠦᠢᠯᠡᠳᠦᠯᠭᠡ ᠶᠢᠨ ᠱᠠᠭᠠᠷᠳᠠᠯᠭ᠎ᠠ ᠶᠢ ᠣᠨᠣᠪᠴᠢᠳᠠᠢ ᠡᠵᠡᠮᠳᠡᠨ᠂ ᠠᠵᠢᠯ ᠤᠨ ᠪᠣᠳᠠᠳᠦ | ᠪᠠᠶᠢᠳᠠᠯ ᠳᠤ ᠰᠠᠭᠤᠷᠢᠯᠠᠵᠣ᠂ ᠭᠠᠷᠳᠠᠬᠤ ᠴᠡᠭ ᠢ ᠣᠨᠣᠪᠴᠢᠳᠠᠢ ᠡᠷᠢᠨ᠂ ᠵᠠᠩᠬᠢᠯᠠᠭ᠎ᠠ ᠶᠢ ᠴᠢᠩᠭ᠎ᠠ ᠠᠳᠬᠤᠵᠣ᠂ ᠪᠣᠳᠠᠳᠠᠢ ᠠᠷᠭ᠎ᠠ ᠠᠪᠴᠠᠯ ᠠᠪᠴᠦ᠂ ᠠᠵᠣ ᠠᠬᠤᠢ | ᠶᠢᠨ ᠠᠵᠢᠯᠯᠠᠮᠵᠢ᠂ ᠴᠡᠷᠢᠭ ᠢᠶᠠᠨ ᠬᠦᠷᠢᠶᠡᠯᠡᠨ ᠬᠠᠷᠠᠭᠠᠯᠵᠠᠬᠤ᠂ ᠠᠶᠣᠯᠭᠦᠢ ᠦᠢᠯᠠᠳᠪᠦᠷᠢᠯᠠᠯ᠂ ᠠᠮᠢ ᠠᠬᠤᠢ ᠶᠢᠨ ᠬᠠᠮᠠᠭᠠᠯᠠᠯᠳᠠ᠂ ᠰᠣᠶᠣᠯ ᠤᠨ ᠪᠠᠶᠢᠭᠤᠯᠣᠯᠳᠠ᠂ | ᠲᠦᠪ ᠤᠨ ᠨᠠᠢᠮᠠᠨ ᠲᠣᠭᠳᠠᠭᠠᠯ ᠤᠨ ᠵᠣᠷᠢᠭ ᠰᠠᠨᠠᠭᠠᠨ ᠤ ᠰᠣᠷᠣᠯᠴᠠᠯᠭ᠎ᠠ ᠬᠦᠮᠦᠵᠢᠯ ᠢ ᠭᠦᠨᠵᠡᠭᠡᠢ ᠲᠣᠣᠱᠯᠠᠭᠤᠯᠬᠤ ᠵᠡᠷᠭᠡ ᠡᠯ᠎ᠡ ᠲᠦᠷᠦᠯ ᠤᠨ ᠠᠵᠢᠯ ᠢ ᠨᠢᠭᠡᠳᠦᠯᠳᠡᠢ | ᠲᠦᠯᠦᠪᠵᠢᠭᠦᠯᠦᠨ ᠰᠠᠶᠢᠳᠦᠷ ᠠᠳᠬᠤᠬᠤ ᠬᠡᠷᠡᠭᠳᠡᠢ ᠭᠡᠵᠣ ᠴᠢᠬᠤᠯᠠᠴᠢᠯᠠᠪᠠ᠃ | ᠬᠤᠷᠠᠯ ᠲᠡᠭᠡᠷ᠎ᠡ ᠰᠦᠨ ᠱᠣᠣ ᠴᠧᠩ᠂ ᠸᠠᠩ ᠯᠢ ᠰᠢᠶᠠ ᠨᠦᠬᠦᠷ ᠤᠨ ᠬᠠᠮᠢᠶ᠎ᠠ ᠪᠦᠬᠦᠢ ᠬᠤᠷᠠᠯ ᠲᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠣᠯᠠᠮᠵᠢᠯᠠᠨ | ᠰᠣᠷᠣᠯᠴᠠᠪᠠ᠃ ᠬᠤᠷᠠᠯ ᠠᠴᠠ᠂ ᠦᠵᠡᠯᠳᠡ ᠲᠠᠨᠢᠯᠳᠠ ᠪᠣᠯᠣᠨ ᠠᠵᠢᠯᠯᠠᠭᠠᠨ ᠢᠶᠠᠨ ᠨᠠᠮ ᠤᠨ ᠲᠦᠪ ᠬᠤᠷᠢᠶ᠎ᠠ᠂ ᠦᠪᠡᠷᠳᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠣᠳᠣᠬᠠᠨ ᠤ ᠠᠵᠣ ᠠᠬᠤᠢ ᠶᠢᠨ ᠠᠵᠢᠯ ᠤᠨ ᠰᠢᠨᠵᠢᠯᠡᠭᠦ ᠣᠬᠠᠭᠠᠨᠴᠢ ᠮᠠᠭᠠᠳᠯᠠᠯᠳᠠ ᠲᠡᠭᠡᠷ᠎ᠡ ᠨᠢᠭᠡᠳᠬᠡᠨ᠂ ᠠᠵᠣ ᠠᠬᠤᠢ ᠶᠢᠨ ᠠᠵᠢᠯᠯᠠᠮᠵᠢ᠂ | ᠲᠦᠷᠦᠯ ᠵᠣᠶᠢᠯ ᠤᠨ ᠪᠠᠶᠢᠭᠤᠯᠣᠯᠳᠠ᠂ ᠠᠵᠣ ᠦᠢᠯᠠᠰ ᠤᠨ ᠬᠡᠯᠪᠡᠷᠢ ᠶᠢᠨ ᠬᠤᠪᠢᠷᠠᠭᠠᠯᠳᠠ᠂ ᠡᠯᠡᠰᠦ ᠶᠢ ᠰᠡᠷᠭᠡᠶᠢᠯᠡᠨ ᠵᠠᠰᠠᠯᠳᠠ᠂ ᠠᠮᠢ ᠠᠬᠤᠢ ᠣᠷᠴᠢᠨ | ᠬᠠᠮᠠᠭᠠᠯᠠᠯᠳᠠ᠂ ᠲᠦᠭᠰᠢᠭᠦᠷᠢ ᠠᠴᠠ ᠰᠡᠷᠭᠡᠶᠢᠯᠡᠨ ᠡᠵᠡᠮᠳᠡᠯ ᠵᠡᠷᠭᠡ ᠡᠯ᠎ᠡ ᠲᠦᠷᠦᠯ ᠤᠨ ᠠᠵᠢᠯ ᠢ ᠨᠢᠭᠡᠳᠦᠯᠳᠡᠢ ᠲᠦᠯᠦᠪᠵᠢᠭᠦᠯᠣᠨ ᠰᠠᠶᠢᠳᠦᠷ ᠠᠳᠬᠤᠵᠣ᠂ ᠪᠦᠬᠦ | ᠬᠦᠴᠦᠨ ᠢᠶᠠᠷ ᠠᠵᠣ ᠠᠬᠤᠢ ᠳᠤ ᠬᠦᠴᠦᠯᠡᠨ᠂ ᠬᠦᠴᠢᠷ ᠪᠡᠷᠭᠡ ᠶᠢ ᠰᠢᠪᠳᠣᠯᠣᠨ ᠦᠭᠡᠷᠡᠴᠢᠯᠡᠯᠳᠡ ᠶᠢ ᠠᠳᠬᠤᠵᠣ᠂ ᠬᠦᠭᠵᠢᠯᠳᠡ ᠶᠢ ᠡᠷᠴᠢᠮᠳᠠᠢ ᠠᠬᠢᠭᠤᠯᠣᠨ᠂ | ᠪᠦᠬᠦ ᠣᠷᠣᠨ ᠤ ᠬᠦᠭᠵᠢᠯᠳᠡ ᠶᠢᠨ ᠶᠡᠭᠡ ᠲᠠᠯ᠎ᠠ ᠳᠤ ᠬᠤᠪᠢ ᠨᠡᠮᠡᠷᠢ ᠪᠠᠨ ᠦᠵᠡᠭᠦᠯᠭᠦ ᠪᠠᠷ ᠴᠢᠷᠮᠠᠶᠢᠬᠤ ᠬᠡᠷᠡᠭᠳᠡᠢ ᠭᠡᠵᠣ ᠴᠢᠬᠤᠯᠠᠴᠢᠯᠠᠪᠠ᠃ | ᠬᠤᠷᠠᠯ ᠲᠡᠭᠡᠷ᠎ᠡ ᠲᠦᠪ ᠤᠨ ᠨᠠᠮ ᠤᠨ ᠪᠠᠶᠢᠭᠤᠯᠣᠯᠳᠠ ᠶᠢᠨ ᠠᠵᠢᠯ ᠤᠨ ᠣᠳᠣᠷᠢᠳᠬᠤ ᠲᠣᠭᠤᠶᠢᠯᠠᠩ ᠤᠨ ᠲᠦᠪ ᠤᠨ ᠨᠠᠢᠮᠠᠨ ᠲᠣᠭᠳᠠᠭᠠᠯ ᠤᠨ ᠵᠣᠷᠢᠭ | ᠰᠠᠨᠠᠭ᠎ᠠ ᠶᠢ ᠰᠣᠷᠣᠯᠴᠠᠨ ᠲᠣᠣᠱᠯᠠᠭᠤᠯᠬᠤ ᠰᠣᠷᠣᠯᠴᠠᠯᠭ᠎ᠠ ᠬᠦᠮᠦᠵᠢᠯ ᠢ ᠭᠦᠨᠵᠡᠭᠡᠶᠢᠷᠡᠭᠦᠯᠬᠦ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠱᠢ ᠲᠠᠢ ᠹᠧᠩ ᠨᠦᠬᠦᠷ ᠤᠨ | ᠲᠦᠪ ᠤᠨ ᠨᠠᠢᠮᠠᠨ ᠲᠣᠭᠳᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠣᠣᠱᠯᠠᠭᠤᠯᠬᠤ ᠰᠣᠷᠣᠯᠴᠠᠯᠭ᠎ᠠ ᠬᠦᠮᠦᠵᠢᠯ ᠤᠨ ᠲᠦᠪ ᠤᠨ ᠵᠢᠯᠣᠭᠤᠳᠬᠤ ᠲᠣᠭᠤᠶᠢᠯᠠᠩ ᠤᠨ | ᠪᠣᠯᠪᠠᠰᠣᠷᠠᠯ ᠤᠨ ᠬᠤᠷᠠᠯ ᠲᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠣᠯᠠᠮᠵᠢᠯᠠᠨ ᠰᠣᠷᠣᠯᠴᠠᠵᠣ᠂ ᠪᠦᠬᠦ ᠬᠤᠰᠢᠭᠤᠨ ᠤ ᠲᠦᠪ ᠤᠨ ᠨᠠᠢᠮᠠᠨ ᠲᠣᠭᠳᠠᠭᠠᠯ ᠤᠨ | ᠵᠣᠷᠢᠭ ᠰᠠᠨᠠᠭ᠎ᠠ ᠶᠢ ᠭᠦᠨᠵᠡᠭᠡᠢ ᠲᠣᠣᠱᠯᠠᠭᠤᠯᠬᠤ ᠰᠣᠷᠣᠯᠴᠠᠯᠭ᠎ᠠ ᠬᠦᠮᠦᠵᠢᠯ ᠢ ᠦᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠣᠯᠳᠡ ᠶᠢ ᠰᠣᠨᠣᠰᠣᠨ᠂ ᠲᠠᠷᠠᠭ᠎ᠠ | ᠠᠯᠬᠤᠮ ᠤᠨ ᠠᠵᠢᠯ ᠢᠶᠠᠨ ᠪᠠᠶᠢᠷᠢᠯᠠᠭᠤᠯᠪᠠ᠃ ᠬᠤᠷᠠᠯ ᠠᠴᠠ᠂ ᠲᠦᠪ ᠤᠨ ᠨᠠᠢᠮᠠᠨ ᠲᠣᠭᠳᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ | ᠦᠷᠭᠦᠯᠵᠢᠯᠡᠨ ᠬᠢᠨᠠᠮᠠᠭᠠᠢ ᠰᠣᠷᠣᠯᠴᠠᠨ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠣ᠂ ᠠᠵᠢᠯᠯᠠᠵᠣ ᠰᠣᠷᠣᠯᠴᠠᠬᠤ ᠶᠢ ᠰᠠᠯᠣᠩᠬᠢᠷᠠᠭᠤᠯᠬᠤ ᠶᠢ ᠡᠷᠡᠰ ᠰᠡᠷᠭᠡᠶᠢᠯᠡᠭᠦ | ᠬᠡᠷᠡᠭᠳᠡᠢ᠃ ᠬᠡᠷᠡᠭ ᠢᠶᠠᠷ ᠲᠣᠯᠢ ᠪᠣᠯᠭᠠᠨ᠂ ᠪᠠᠶᠢᠩᠭᠤ ᠰᠡᠷᠡᠮᠵᠢ ᠲᠠᠢ ᠪᠠᠶᠢᠵᠣ᠂ ᠲᠦᠪ ᠤᠨ ᠨᠠᠢᠮᠠᠨ ᠲᠣᠭᠳᠠᠭᠠᠯ ᠤᠨ ᠵᠣᠷᠢᠭ ᠰᠠᠨᠠᠭ᠎ᠠ ᠶᠢ ᠲᠣᠣᠱᠯᠠᠭᠤᠯᠬᠤ ᠣᠯᠣᠰ | ᠲᠦᠷᠦ ᠶᠢᠨ ᠣᠬᠠᠮᠰᠠᠷ᠂ ᠦᠵᠡᠯ ᠰᠠᠨᠠᠭᠠᠨ ᠤ ᠣᠬᠠᠮᠰᠠᠷ᠂ ᠠᠵᠢᠯᠯᠠᠭᠠᠨ ᠤ ᠣᠬᠠᠮᠰᠠᠷ ᠢᠶᠠᠨ ᠲᠠᠰᠣᠷᠠᠯᠳᠠ ᠦᠭᠡᠢ ᠴᠢᠩᠭᠠᠳᠬᠠᠬᠤ ᠬᠡᠷᠡᠭᠳᠡᠢ᠃ ᠬᠤᠰᠢᠭᠤ ᠨᠠᠮ ᠤᠨ | ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠳᠡᠰ ᠶᠡᠷᠦᠩᠬᠡᠶᠢᠯᠡᠨ ᠠᠳᠬᠤᠬᠤ᠂ ᠨᠢᠭᠡᠳᠦᠯᠳᠡᠢ ᠲᠦᠯᠦᠪᠵᠢᠭᠦᠯᠦᠨ ᠵᠣᠬᠢᠴᠠᠭᠤᠯᠬᠤ ᠦᠢᠯᠠᠳᠣᠯ ᠢᠶᠠᠨ ᠦᠷᠭᠦᠯᠵᠢᠯᠡᠨ | ᠪᠠᠳᠠᠷᠠᠭᠤᠯᠵᠣ᠂ ᠰᠣᠷᠣᠯᠴᠠᠯᠭ᠎ᠠ ᠬᠦᠮᠦᠵᠢᠯ ᠢ ᠲᠠᠰᠣᠷᠠᠯᠳᠠ ᠦᠭᠡᠢ ᠭᠦᠨᠵᠡᠭᠡᠶᠢᠷᠡᠭᠦᠯᠦᠨ ᠪᠣᠳᠠᠳᠠᠶᠢᠵᠢᠭᠤᠯᠬᠤ ᠶᠢ ᠠᠬᠢᠭᠤᠯᠬᠤ ᠬᠡᠷᠡᠭᠳᠡᠢ᠃ ᠬᠤᠰᠢᠭᠤ ᠰᠠᠬᠢᠯᠭ᠎ᠠ | ᠪᠠᠳᠦ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠰᠠᠬᠢᠯᠭ᠎ᠠ ᠪᠠᠳᠦ ᠶᠢ ᠴᠢᠩᠭ᠎ᠠ ᠬᠡᠷᠡᠭᠵᠢᠭᠦᠯᠦᠨ᠂ ᠦᠨᠡᠨ ᠪᠣᠳᠠᠳᠠᠢ ᠠᠵᠢᠯᠯᠠᠵᠣ᠂ ᠨᠡᠶᠢᠳᠡᠯᠢᠭ ᠵᠢᠱᠢᠶ᠎ᠡ ᠶᠢ | ᠠᠳᠬᠤᠨ᠂ ᠬᠦᠴᠦᠷᠭᠡᠭ ᠴᠡᠭᠡᠷᠯᠡᠯ ᠤᠨ ᠬᠦᠴᠦᠨ ᠢ ᠪᠦᠷᠢᠯᠳᠦᠭᠦᠯᠭᠦ ᠬᠡᠷᠡᠭᠳᠡᠢ ᠭᠡᠵᠣ ᠴᠢᠬᠤᠯᠠᠴᠢᠯᠠᠪᠠ᠃ | ᠬᠤᠷᠠᠯ ᠲᠡᠭᠡᠷ᠎ᠡ ᠼᠠᠢ ᠴᠢ᠂ ᠦ᠋ ᠵᠧᠩ ᠯᠥᠩ ᠨᠦᠬᠦᠷ ᠤᠨ ᠪᠦᠬᠦ ᠣᠯᠣᠰ ᠤᠨ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠨᠠᠷᠢᠨ ᠪᠢᠴᠢᠭ ᠤᠨ | ᠲᠠᠷᠤᠭ᠎ᠠ ᠶᠢᠨ ᠬᠤᠷᠠᠯ ᠲᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠣᠯᠠᠮᠵᠢᠯᠠᠨ ᠰᠣᠷᠣᠯᠴᠠᠪᠠ᠃ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠠᠯᠪᠠᠨ | ᠲᠢᠩᠬᠢᠮ ᠤᠨ ᠠᠵᠢᠯ ᠤᠨ ᠲᠣᠬᠠᠢ ᠴᠢᠬᠤᠯᠠ ᠵᠢᠭᠠᠪᠦᠷᠢ ᠶᠢᠨ ᠵᠣᠷᠢᠭ ᠰᠠᠨᠠᠭ᠎ᠠ ᠭᠦᠨᠵᠡᠭᠡᠢ ᠰᠣᠷᠣᠯᠴᠠᠨ ᠣᠶᠢᠯᠠᠭᠠᠵᠣ᠂ ᠼᠠᠢ ᠴᠢ᠂ ᠦ᠋ ᠵᠧᠩ ᠯᠥᠩ ᠨᠦᠬᠦᠷ ᠤᠨ | ᠶᠠᠷᠢᠶᠠᠨ ᠤ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠣᠨ᠂ ᠨᠠᠮ᠂ ᠠᠷᠠᠳ ᠲᠦᠮᠡᠨ ᠬᠠᠨᠣᠮᠵᠢᠳᠠᠢ ᠵᠢᠱᠢᠶᠡᠴᠢ ᠪᠠᠶᠢᠭᠤᠯᠭ᠎ᠠ ᠶᠢ ᠴᠢᠷᠮᠠᠶᠢᠨ ᠴᠣᠭᠴᠠᠯᠠᠬᠤ | ᠬᠡᠷᠡᠭᠳᠡᠢ ᠭᠡᠵᠣ ᠴᠢᠬᠤᠯᠠᠴᠢᠯᠠᠪᠠ᠃ | ᠬᠤᠷᠠᠯ ᠲᠡᠭᠡᠷ᠎ᠡ ᠲᠦᠪ ᠬᠤᠷᠢᠶ᠎ᠠ᠂ ᠦᠪᠡᠷᠳᠡᠭᠡᠨ ᠵᠠᠰᠠᠬᠤ ᠣᠷᠣᠨ᠂ ᠬᠤᠳᠠ ᠶᠢᠨ ᠰᠠᠬᠢᠯᠭ᠎ᠠ ᠪᠠᠳᠦ ᠪᠠᠶᠢᠴᠠᠭᠠᠬᠤ ᠬᠤᠷᠢᠶ᠎ᠠ ᠶᠢᠨ ︽ᠰᠠᠬᠢᠯᠭ᠎ᠠ ᠪᠠᠳᠦ ᠬᠢᠨᠠᠨ | ᠪᠠᠶᠢᠴᠠᠭᠠᠬᠤ ᠠᠵᠢᠯ ᠢ ᠵᠢᠷᠦᠮᠵᠢᠭᠤᠯᠣᠨ ᠬᠠᠣᠯᠢᠵᠢᠭᠤᠯᠵᠣ ᠲᠦᠷᠢᠮᠵᠢᠭᠦᠯᠬᠦ ᠪᠠᠶᠢᠭᠤᠯᠣᠯᠳᠠ ᠶᠢᠨ ᠣᠨ︾ ᠤ ᠠᠵᠢᠯᠯᠠᠭᠠᠨ ᠤ ᠬᠠᠮᠢᠶ᠎ᠠ ᠪᠦᠬᠦᠢ ᠱᠠᠭᠠᠷᠳᠠᠯᠭ᠎ᠠ ᠶᠢ | ᠣᠯᠠᠮᠵᠢᠯᠠᠨ ᠰᠣᠷᠣᠯᠴᠠᠵᠣ᠂ ᠬᠤᠯᠪᠣᠭᠳᠠᠯ ᠪᠦᠬᠦᠢ ᠠᠵᠢᠯ ᠤᠨ ᠬᠠᠷᠢᠭᠤ ᠮᠡᠳᠡᠭᠦᠯᠦᠯᠳᠡ ᠶᠢ ᠰᠣᠨᠣᠰᠣᠨ᠂ ᠲᠠᠷᠠᠭ᠎ᠠ ᠠᠯᠬᠤᠮ ᠤᠨ ᠠᠵᠢᠯ ᠢᠶᠠᠨ ᠪᠠᠶᠢᠷᠢᠯᠠᠭᠤᠯᠪᠠ᠃ | ᠬᠤᠷᠠᠯ ᠠᠴᠠ᠂ ᠬᠤᠰᠢᠭᠤ ᠰᠠᠬᠢᠯᠭ᠎ᠠ ᠪᠠᠳᠦ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠲᠦᠪ᠂ ᠦᠪᠡᠷᠳᠡᠭᠡᠨ ᠵᠠᠰᠠᠬᠤ ᠣᠷᠣᠨ᠂ ᠬᠤᠳᠠ ᠶᠢᠨ ᠡᠯ᠎ᠡ | ᠲᠦᠷᠦᠯ ᠤᠨ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠣᠨ᠂ ᠰᠠᠬᠢᠯᠭ᠎ᠠ ᠪᠠᠳᠦ ᠬᠢᠨᠠᠨ ᠪᠠᠶᠢᠴᠠᠭᠠᠬᠤ ᠠᠵᠢᠯ ᠢ ᠵᠢᠷᠦᠮᠵᠢᠭᠤᠯᠣᠨ | ᠬᠠᠣᠯᠢᠵᠢᠭᠤᠯᠵᠣ ᠲᠦᠷᠢᠮᠵᠢᠭᠦᠯᠬᠦ ᠪᠠᠶᠢᠭᠤᠯᠣᠯᠳᠠ ᠶᠢᠨ ᠣᠨ ᠤ ᠠᠵᠢᠯᠯᠠᠭᠠᠨ ᠢ ᠲᠦᠪ ᠤᠨ ᠨᠠᠢᠮᠠᠨ ᠲᠣᠭᠳᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠣᠣᠱᠯᠠᠭᠤᠯᠬᠤ ᠰᠣᠷᠣᠯᠴᠠᠯᠭ᠎ᠠ ᠬᠦᠮᠦᠵᠢᠯ ᠦᠷᠨᠢᠭᠦᠯᠬᠦ᠂ ᠣᠳᠣᠬᠠᠨ ᠤ ᠡᠯ᠎ᠡ ᠲᠦᠷᠦᠯ ᠤᠨ ᠭᠤᠣᠯᠳᠠᠯᠭᠠᠳᠦ ᠠᠵᠢᠯ ᠯᠤᠭ᠎ᠠ ᠨᠢᠭᠡᠳᠦᠯᠳᠡᠢ ᠲᠦᠯᠦᠪᠵᠢᠭᠦᠯᠵᠣ᠂ | ᠰᠠᠬᠢᠯᠭ᠎ᠠ ᠪᠠᠳᠦ ᠬᠢᠨᠠᠨ ᠪᠠᠶᠢᠴᠠᠭᠠᠬᠤ ᠠᠵᠢᠯ ᠤᠨ ᠴᠢᠨᠠᠷᠯᠢᠭ ᠬᠦᠭᠵᠢᠯᠳᠡ ᠶᠢ ᠠᠬᠢᠭᠤᠯᠬᠤ ᠬᠡᠷᠡᠭᠳᠡᠢ ᠭᠡᠵᠣ ᠴᠢᠬᠤᠯᠠᠴᠢᠯᠠᠪᠠ᠃ | ᠬᠤᠷᠠᠯ ᠲᠡᠭᠡᠷ᠎ᠡ ᠪᠦᠬᠦ ᠬᠤᠰᠢᠭᠤᠨ ᠤ ᠠᠮᠢ ᠠᠬᠤᠢ ᠣᠷᠴᠢᠨ ᠬᠠᠮᠠᠭᠠᠯᠠᠯᠳᠠ ᠶᠢᠨ ᠠᠵᠢᠯ ᠦᠷᠨᠢᠭᠦᠯᠦᠭᠰᠡᠨ ᠪᠠᠶᠢᠳᠠᠯ ᠢ ᠰᠣᠨᠣᠰᠣᠨ᠂ ᠲᠠᠷᠠᠭ᠎ᠠ ᠠᠯᠬᠤᠮ ᠤᠨ | ᠠᠵᠢᠯ ᠢᠶᠠᠨ ᠪᠠᠶᠢᠷᠢᠯᠠᠭᠤᠯᠪᠠ᠃ ᠬᠤᠷᠠᠯ ᠠᠴᠠ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠣᠨ ᠤ ᠦᠵᠡᠯ ᠢ ᠭᠦᠨᠵᠡᠭᠡᠢ ᠰᠣᠷᠣᠯᠴᠠᠨ ᠲᠣᠣᠱᠯᠠᠭᠤᠯᠵᠣ᠂ | ᠣᠳᠣᠬᠠᠨ ᠤ ᠠᠮᠢ ᠠᠬᠤᠢ ᠣᠷᠴᠢᠨ ᠬᠠᠮᠠᠭᠠᠯᠠᠯᠳᠠ ᠶᠢᠨ ᠠᠵᠢᠯ ᠤᠨ ᠲᠣᠯᠭᠠᠮ᠎ᠠ ᠪᠠᠶᠢᠳᠠᠯ ᠪᠣᠯᠣᠨ ᠣᠷᠣᠰᠢᠵᠣ ᠪᠠᠶᠢᠭ᠎ᠠ ᠲᠣᠪᠣᠶᠢᠮ᠎ᠠ ᠠᠰᠠᠭᠤᠳᠠᠯ ᠢ ᠭᠦᠨᠵᠡᠭᠡᠢ | ᠲᠠᠨᠢᠵᠣ᠂ ᠡᠯ᠎ᠡ ᠲᠦᠷᠦᠯ ᠤᠨ ᠣᠷᠴᠢᠨ ᠬᠠᠮᠠᠭᠠᠯᠠᠯᠳᠠ ᠶᠢᠨ ᠱᠠᠭᠠᠷᠳᠠᠨ ᠪᠠᠶᠢᠴᠠᠭᠠᠯᠳᠠ ᠶᠢᠨ ᠬᠠᠷᠢᠭᠤ ᠲᠣᠰᠬᠠᠭᠰᠠᠨ ᠠᠰᠠᠭᠤᠳᠠᠯ ᠤᠨ ᠴᠡᠭᠴᠡᠯᠡᠯᠳᠡ ᠶᠢ ᠲᠡᠭᠡᠳᠦ | ᠬᠡᠮᠵᠢᠶ᠎ᠡ ᠪᠠᠷ ᠣᠨᠣᠪᠴᠢᠳᠠᠢ ᠰᠠᠶᠢᠳᠦᠷ ᠬᠢᠬᠦ ᠬᠡᠷᠡᠭᠳᠡᠢ᠃ ᠡᠯ᠎ᠡ ᠲᠦᠷᠦᠯ ᠤᠨ ᠠᠮᠢ ᠠᠬᠤᠢ ᠣᠷᠴᠢᠨ ᠬᠠᠮᠠᠭᠠᠯᠠᠯᠳᠠ ᠶᠢᠨ ᠲᠣᠪᠣᠶᠢᠮ᠎ᠠ ᠠᠰᠠᠭᠤᠳᠠᠯ ᠢ ᠬᠦᠳᠡᠯᠦᠩᠭᠦᠢ | ᠪᠠᠶᠢᠴᠠᠭᠠᠬᠤ ᠮᠦᠷᠳᠡᠭᠡᠨ ᠵᠠᠰᠠᠵᠣ᠂ ᠠᠮᠢ ᠠᠬᠤᠢ ᠣᠷᠴᠢᠨ ᠬᠠᠮᠠᠭᠠᠯᠠᠯᠳᠠ ᠶᠢᠨ ᠬᠦᠷᠢᠶ᠎ᠡ ᠴᠠᠷᠠᠭᠠᠨ ᠤ ᠵᠠᠬᠢᠳᠠᠯ ᠰᠣᠷᠪᠣᠯᠵᠢᠯᠠᠭ᠎ᠠ ᠶᠢᠨ ᠠᠰᠠᠭᠤᠳᠠᠯ ᠢ ᠪᠦᠬᠦ ᠬᠦᠴᠦᠨ | ᠢᠶᠠᠷ ᠰᠢᠢᠳᠪᠦᠷᠢᠯᠡᠨ᠂ ᠯᠠᠪᠳᠠᠭᠤᠨ ᠪᠠᠳᠣᠳᠠᠢ ᠠᠵᠢᠯ ᠤᠨ ᠦᠷ᠎ᠡ ᠪᠦᠳᠦᠮᠵᠢ ᠪᠠᠷ ᠲᠦᠪ ᠤᠨ ᠠᠮᠢ ᠠᠬᠤᠢ ᠣᠷᠴᠢᠨ ᠬᠠᠮᠠᠭᠠᠯᠠᠯᠳᠠ ᠶᠢᠨ ᠱᠠᠭᠠᠷᠳᠠᠨ ᠪᠠᠶᠢᠴᠠᠭᠠᠯᠳᠠ | ᠶᠢ ᠣᠭᠳᠣᠬᠤ ᠠᠵᠢᠯ ᠢ ᠰᠠᠶᠢᠳᠦᠷ ᠬᠢᠬᠦ ᠬᠡᠷᠡᠭᠳᠡᠢ ᠭᠡᠵᠣ ᠴᠢᠬᠤᠯᠠᠴᠢᠯᠠᠪᠠ᠃ | ᠬᠤᠷᠠᠯ ᠠᠴᠠ ︽ᠲᠣᠮᠳᠠᠳᠦ ᠣᠯᠣᠰ ᠤᠨ ᠡᠪ ᠬᠠᠮᠳᠦ ᠨᠠᠮ ᠤᠨ ᠣᠳᠤᠭ ᠤᠨ ᠡᠮᠦᠨᠡᠳᠦ ᠬᠤᠰᠢᠭᠤᠨ ᠤ ᠬᠤᠷᠢᠶ᠎ᠠ ᠶᠢᠨ ᠪᠦᠬᠦ ᠲᠠᠯ᠎ᠠ ᠪᠠᠷ ᠬᠠᠣᠯᠢ ᠪᠠᠷ | ᠬᠤᠰᠢᠭᠤ ᠪᠠᠨ ᠵᠠᠰᠠᠬᠤ ᠵᠦᠪᠯᠡᠯ ᠤᠨ 2025 ᠣᠨ ᠤ ᠠᠵᠢᠯ ᠤᠨ ᠭᠤᠣᠯᠳᠠᠯᠭ᠎ᠠ ︵ᠬᠢᠨᠠᠨ ᠵᠦᠪᠯᠡᠭᠦ ᠨᠣᠣᠷᠠᠭ︶︾ ᠶᠢ ᠬᠢᠨᠠᠨ ᠵᠦᠪᠯᠡᠪᠡ᠃ ᠬᠤᠷᠠᠯ ᠠᠴᠠ᠂ | ᠬᠤᠰᠢᠭᠤ ᠨᠠᠮ ᠤᠨ ᠬᠤᠷᠢᠶ᠎ᠠ ᠶᠢᠨ ᠬᠠᠣᠯᠢ ᠪᠠᠷ ᠬᠤᠰᠢᠭᠤ ᠪᠠᠨ ᠵᠠᠰᠠᠬᠤ ᠵᠦᠪᠯᠡᠯ ᠵᠢᠴᠢ ᠠᠯᠪᠠᠨ ᠭᠡᠷ ᠶᠡᠷᠦᠩᠬᠡᠶᠢᠯᠡᠨ ᠠᠳᠬᠤᠬᠤ᠂ ᠡᠯ᠎ᠡ ᠲᠠᠯ᠎ᠠ ᠪᠠᠷ | ᠵᠣᠬᠢᠴᠠᠭᠤᠯᠬᠤ ᠦᠢᠯᠠᠳᠣᠯ ᠢᠶᠠᠨ ᠪᠠᠳᠠᠷᠠᠭᠤᠯᠣᠨ᠂ ᠪᠦᠬᠦ ᠲᠠᠯ᠎ᠠ ᠪᠠᠷ ᠬᠠᠣᠯᠢ ᠪᠠᠷ ᠬᠤᠰᠢᠭᠤ ᠪᠠᠨ ᠵᠠᠰᠠᠬᠤ ᠠᠵᠢᠯ ᠤᠨ ᠰᠢᠨ᠎ᠡ ᠪᠠᠶᠢᠳᠠᠯ ᠢ ᠨᠡᠭᠡᠭᠡᠬᠦ᠂ ᠰᠢᠨ᠎ᠡ ᠦᠷ᠎ᠡ | ᠪᠦᠳᠦᠮᠵᠢ ᠣᠯᠬᠤ ᠶᠢ ᠲᠠᠰᠣᠷᠠᠯᠳᠠ ᠦᠭᠡᠢ ᠠᠬᠢᠭᠤᠯᠬᠤ ᠬᠡᠷᠡᠭᠳᠡᠢ᠃ ᠡᠯ᠎ᠡ ᠪᠦᠷᠢᠯᠳᠦᠭᠦᠨ ᠪᠠᠶᠢᠭᠤᠯᠭ᠎ᠠ ᠬᠠᠷᠢᠭᠤᠴᠠᠯᠭ᠎ᠠ ᠶᠢᠨ ᠣᠬᠠᠮᠰᠠᠷ ᠪᠣᠯᠣᠨ ᠶᠡᠭᠡ ᠲᠠᠯ᠎ᠠ ᠶᠢᠨ | ᠣᠶᠢᠯᠠᠭᠠᠭᠳᠠᠬᠤᠨ ᠢᠶᠠᠨ ᠣᠯᠠᠮ ᠨᠡᠮᠡᠭᠳᠡᠭᠦᠯᠦᠨ᠂ ᠬᠠᠣᠯᠢ ᠪᠠᠷ ᠵᠠᠰᠠᠬᠤ ᠰᠡᠳᠬᠢᠮᠵᠢ ᠪᠣᠯᠣᠨ ᠬᠠᠣᠯᠢ ᠪᠠᠷ ᠵᠠᠰᠠᠬᠤ ᠠᠷᠭ᠎ᠠ ᠪᠠᠷ ᠠᠵᠣ ᠦᠢᠯᠠᠰ ᠤᠨ ᠬᠡᠯᠪᠡᠷᠢ ᠶᠢᠨ | ᠬᠤᠪᠢᠷᠠᠭᠠᠯᠳᠠ᠂ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ᠂ ᠨᠠᠶᠢᠭᠡᠮ ᠤᠨ ᠵᠠᠰᠠᠯᠳᠠ ᠵᠡᠷᠭᠡ ᠡᠯ᠎ᠡ ᠲᠦᠷᠦᠯ ᠤᠨ ᠠᠵᠢᠯ ᠢ ᠰᠠᠶᠢᠳᠦᠷ ᠬᠢᠵᠣ᠂ | ᠣᠨᠴᠠᠭᠠᠶᠢᠯᠠᠨ ︽ᠬᠠᠣᠯᠢ ᠪᠠᠷ ᠵᠠᠰᠠᠬᠤ ᠪᠣᠯ ᠬᠠᠮᠤᠭ ᠰᠠᠶᠢᠨ ᠬᠤᠳᠠᠯᠳᠤᠭ᠎ᠠ ᠡᠵᠡᠩᠨᠡᠯᠳᠡ ᠶᠢᠨ ᠣᠷᠴᠢᠨ ᠪᠣᠯᠬᠤ︾ ᠣᠶᠢᠯᠠᠭᠠᠭᠳᠠᠬᠤᠨ ᠢ ᠪᠣᠢ ᠪᠣᠯᠭᠠᠨ᠂ ᠴᠢᠨᠠᠷᠯᠢᠭ | ᠬᠠᠣᠯᠢᠴᠢᠯᠠᠭᠰᠠᠨ ᠵᠠᠰᠠᠯᠳᠠ ᠪᠠᠷ ︽ᠭᠠᠷᠮᠠᠭᠠᠶᠢᠯᠠᠨ ᠲᠠᠪᠰᠢᠬᠤ ᠣᠳᠤᠭ ᠤᠨ ᠡᠮᠦᠨᠡᠳᠦ ᠬᠤᠰᠢᠭᠤᠨ︾ ᠤ ᠴᠢᠨᠠᠷᠯᠢᠭ ᠬᠦᠭᠵᠢᠯᠳᠡ ᠶᠢ ᠬᠠᠮᠠᠭᠠᠯᠠᠬᠤ ᠬᠡᠷᠡᠭᠳᠡᠢ ᠭᠡᠵᠣ | ᠴᠢᠬᠤᠯᠠᠴᠢᠯᠠᠪᠠ᠃ | ᠬᠤᠷᠠᠯ ᠲᠡᠭᠡᠷ᠎ᠡ ︽ᠣᠳᠤᠭ ᠤᠨ ᠡᠮᠦᠨᠡᠳᠦ ᠬᠤᠰᠢᠭᠤᠨ ᠤ 2025 ᠣᠨ ᠤ ᠲᠦᠷᠦ ᠨᠠᠮ ᠤᠨ ᠵᠦᠪᠳᠡᠯᠴᠡᠭᠦ ᠲᠦᠯᠦᠪᠯᠡᠭᠡ︾ ᠶᠢ ᠬᠢᠨᠠᠨ ᠵᠦᠪᠯᠡᠪᠡ᠃ | ᠬᠤᠷᠠᠯ ᠠᠴᠠ᠂ ᠬᠤᠰᠢᠭᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠳᠡᠰ ᠶᠡᠷᠦᠩᠬᠡᠶᠢᠯᠡᠨ ᠠᠳᠬᠤᠬᠤ᠂ ᠨᠢᠭᠡᠳᠦᠯᠳᠡᠢ ᠲᠦᠯᠦᠪᠵᠢᠭᠦᠯᠦᠨ ᠵᠣᠬᠢᠴᠠᠭᠤᠯᠬᠤ | ᠦᠢᠯᠠᠳᠣᠯ ᠢᠶᠠᠨ ᠪᠠᠳᠠᠷᠠᠭᠤᠯᠣᠨ᠂ ᠨᠢᠭᠡᠳᠦᠮᠡᠯ ᠹᠷᠣᠨᠲ ᠤᠨ ᠲᠠᠪᠠᠭᠤᠯᠢᠭ ᠢ ᠬᠦᠭᠵᠢᠯᠳᠡ ᠶᠢᠨ ᠶᠡᠭᠡ ᠲᠠᠯ᠎ᠠ ᠶᠢᠨ ᠱᠠᠭᠠᠷᠳᠠᠯᠭ᠎ᠠ ᠲᠠᠢ ᠣᠶᠠᠯᠳᠣᠭᠤᠯᠵᠣ᠂ ᠰᠠᠶᠢᠨ | ᠠᠷᠭ᠎ᠠ ᠠᠪᠴᠠᠯ᠂ ᠪᠣᠳᠠᠳᠠᠢ ᠪᠣᠳᠣᠯᠭ᠎ᠠ ᠭᠠᠷᠭᠠᠬᠤ ᠬᠡᠷᠡᠭᠳᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠲᠦᠷᠦ ᠨᠠᠮ ᠤᠨ ᠵᠦᠪᠳᠡᠯᠴᠡᠭᠦ ᠠᠵᠢᠯ ᠢ ᠲᠡᠭᠡᠳᠦ | ᠬᠡᠮᠵᠢᠶ᠎ᠡ ᠪᠠᠷ ᠴᠢᠬᠤᠯᠠᠴᠢᠯᠠᠨ᠂ ᠵᠠᠰᠠᠭ ᠤᠨ ᠶᠠᠪᠣᠳᠠᠯ ᠤᠨ ᠵᠦᠪᠳᠡᠯᠴᠡᠭᠡᠨ ᠤ ᠦᠷ᠎ᠡ ᠪᠦᠳᠦᠮᠵᠢ ᠶᠢ ᠰᠠᠶᠢᠳᠦᠷ ᠠᠳᠬᠤᠵᠣ᠂ ︽ᠭᠠᠷᠮᠠᠭᠠᠶᠢᠯᠠᠨ ᠲᠠᠪᠰᠢᠬᠤ ᠣᠳᠤᠭ | ᠤᠨ ᠡᠮᠦᠨᠡᠳᠦ ᠬᠤᠰᠢᠭᠤ︾᠂ ︽ᠲᠦᠷᠪᠡᠨ ᠣᠷᠣᠨ ᠤ ᠪᠠᠶᠢᠭᠤᠯᠣᠯᠳᠠ︾ ᠶᠢᠨ ᠲᠡᠰ ᠲᠡᠪᠰᠢᠯᠳᠡ ᠶᠢ ᠠᠬᠢᠭᠤᠯᠬᠤ ᠬᠡᠷᠡᠭᠳᠡᠢ ᠭᠡᠵᠣ ᠴᠢᠬᠤᠯᠠᠴᠢᠯᠠᠪᠠ᠃ | ᠬᠤᠷᠠᠯ ᠲᠡᠭᠡᠷ᠎ᠡ ᠪᠠᠰᠠ ᠣᠶᠢᠷ᠎ᠠ ᠶᠢᠨ ᠬᠤᠭᠤᠴᠠᠭᠠᠨ ᠤ ᠣᠷᠣᠯᠳᠣᠭᠠᠨ ᠤ ᠠᠵᠢᠯᠯᠠᠭᠠᠨ ᠤ ᠬᠠᠮᠢᠶ᠎ᠠ ᠪᠦᠬᠦᠢ ᠶᠠᠪᠣᠳᠠᠯ ᠢ ᠲᠣᠬᠢᠷᠠᠭᠤᠯᠣᠨ ᠪᠠᠶᠢᠷᠢᠯᠠᠭᠤᠯᠪᠠ᠃ | ᠶᠠᠩ ᠶᠢᠩ ᠰᠢᠨ ᠵᠡᠷᠭᠡ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠬᠤᠷᠢᠶᠠᠨ ᠤ ᠪᠠᠭ ᠤᠨ ᠪᠦᠷᠢᠯᠳᠦᠭᠦᠨ ᠬᠤᠷᠠᠯ ᠳᠤ ᠣᠷᠣᠯᠴᠠᠪᠠ᠃ ᠭᠤᠣ ᠷᠦᠩ | ᠲᠠᠩ᠂ ᠰᠦᠨ ᠶᠢᠦ ᠵᠢᠶᠦ᠋ᠨ᠂ ᠲᠣᠳᠢ ᠵᠡᠷᠭᠡ ᠬᠤᠰᠢᠭᠤ ᠣᠳᠣᠷᠢᠳᠣᠯᠭ᠎ᠠ ᠵᠢᠴᠢ ᠨᠡᠭᠡᠭᠡᠯᠳᠡ ᠶᠢᠨ ᠣᠷᠣᠨ ᠤ ᠣᠳᠣᠷᠢᠳᠣᠯᠭ᠎ᠠ᠂ ᠡᠯ᠎ᠡ ᠪᠠᠯᠭᠠᠰᠣ᠂ ᠬᠠᠮᠢᠶ᠎ᠠ ᠪᠦᠬᠦᠢ | ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠰᠣᠯᠠ ᠣᠷᠣᠯᠴᠠᠪᠠ᠃ |