︽2024 — 2025 ᠣᠨ ᠤ ᠰᠦᠯᠢᠶᠤᠤ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ | ᠬᠤᠷᠢᠶᠠᠨ ᠠᠪᠬᠤ ᠠᠵᠢᠯ ᠤᠨ ᠬᠡᠷᠡᠭᠵᠢᠬᠦᠯᠬᠦ ᠲᠦᠰᠦᠯ︾ ᠢ ᠳᠠᠷᠤᠮᠠᠯᠯᠠᠨ ᠲᠠᠷᠬᠠᠭᠠᠬᠤ ᠲᠤᠬᠠᠢ ᠣᠲᠤᠭ ᠤᠨ | ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | | | ᠡᠯ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ᠄ | ︽ᠣᠲᠤᠭ ᠤᠨ ᠡᠮᠦᠨᠡᠲᠦ ᠬᠤᠰᠢᠭᠤᠨ ᠤ 2024 — 2025 ᠣᠨ ᠤ ᠰᠦᠯᠢᠶᠤᠤ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠬᠤᠷᠢᠶᠠᠨ | ᠠᠪᠬᠤ ᠠᠵᠢᠯ ᠤᠨ ᠬᠡᠷᠡᠭᠵᠢᠬᠦᠯᠬᠦ ᠲᠦᠰᠦᠯ︾ ᠢ ᠡᠳᠦᠬᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠤᠲᠠᠲᠤ ᠪᠠᠶᠢᠳᠠᠯ ᠲᠠᠢ ᠪᠠᠨ ᠣᠶᠠᠯᠳᠣᠭᠤᠯᠣᠨ᠂ ᠬᠢᠨᠠᠮᠠᠭᠠᠢ | ᠲᠤᠤᠱᠯᠠᠭᠤᠯᠤᠨ ᠬᠡᠷᠡᠭᠵᠢᠬᠦᠯᠰᠦᠬᠡᠢ᠃ | ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2025 ᠣᠨ ᠤ 4 ᠰᠠᠷ᠎ᠠ ᠶᠢᠨ 11 ᠤ ᠡᠳᠦᠷ | | ᠣᠲᠤᠭ ᠤᠨ ᠡᠮᠦᠨᠡᠲᠦ ᠬᠤᠰᠢᠭᠤᠨ ᠤ 2024 — 2025 ᠣᠨ ᠤ ᠰᠦᠯᠢᠶᠤᠤ ᠪᠦᠷᠬᠦᠪᠴᠢ ᠶᠢ | ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠬᠤᠷᠢᠶᠠᠨ ᠠᠪᠬᠤ ᠠᠵᠢᠯ ᠤᠨ ᠬᠡᠷᠡᠭᠵᠢᠬᠦᠯᠬᠦ ᠲᠦᠰᠦᠯ | | | ︽︿ᠣᠷᠳᠣᠰ ᠬᠤᠲᠠ ᠶᠢᠨ 2024 — 2025 ᠣᠨ ᠤ ᠰᠦᠯᠢᠶᠤᠤ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠬᠤᠷᠢᠶᠠᠨ ᠠᠪᠬᠤ | ᠠᠵᠢᠯ ᠤᠨ ᠬᠡᠷᠡᠭᠵᠢᠬᠦᠯᠬᠦ ᠲᠦᠰᠦᠯ﹀ ᠢ ᠳᠠᠷᠤᠮᠠᠯᠯᠠᠨ ᠲᠠᠷᠬᠠᠭᠠᠬᠤ ᠲᠤᠬᠠᠢ ᠣᠷᠳᠣᠰ ᠬᠤᠲᠠ ᠶᠢᠨ ᠮᠠᠯ ᠲᠠᠷᠢᠶᠠᠯᠠᠩ ᠤᠨ ᠳᠣᠪᠴᠢᠶᠠᠨ ᠤ ᠮᠡᠳᠡᠭᠳᠡᠯ︾ ︵ᠣᠷᠳᠣᠰ | ᠮᠠᠯ ᠲᠠᠷᠢᠶᠠᠯᠠᠩ ᠲᠠᠷᠬᠠᠭᠠᠬᠤ︹2024︺179 ᠲᠤᠭᠠᠲᠤ︶ ᠪᠢᠴᠢᠭ ᠮᠡᠲ᠋ᠧᠷᠢᠶᠡᠯ ᠤᠨ ᠱᠠᠭᠠᠷᠳᠠᠯᠭ᠎ᠠ ᠶᠤᠰᠤᠭᠠᠷ᠂ ︽ᠦᠪᠦᠷ ᠮᠣᠩᠭᠤᠯ ᠤᠨ ᠦᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠤᠨ ᠰᠦᠯᠢᠶᠤᠤ ᠪᠦᠷᠬᠦᠪᠴᠢ ᠶᠢᠨ ᠪᠤᠬᠢᠷᠳᠣᠯ ᠤᠨ ᠰᠡᠷᠬᠡᠶᠢᠯᠡᠯ ᠵᠠᠰᠠᠯᠲᠠ ᠶᠢᠨ ᠳᠦᠷᠢᠮ︾ ︵ᠳᠣᠷᠣᠭᠰᠢ ︽ᠳᠦᠷᠢᠮ︾ ᠬᠡᠵᠦ | ᠳᠦᠬᠦᠮᠴᠢᠯᠡᠨ᠎ᠡ︶ ᠢ ᠠᠬᠢᠭᠤᠯᠤᠨ ᠪᠦᠲᠦᠮᠵᠢ ᠣᠯᠵᠣ᠂ ᠣᠨ ᠤ ᠰᠦᠯᠢᠶᠤᠤ ᠪᠦᠷᠬᠦᠪᠴᠢ ᠶᠢ ᠰᠢᠨᠵᠢᠯᠡᠬᠦ ᠣᠬᠠᠭᠠᠨᠴᠢ ᠪᠠᠷ ᠬᠡᠷᠡᠭᠯᠡᠬᠦ ᠬᠤᠷᠢᠶᠠᠨ ᠠᠪᠬᠤ | ᠲᠤᠷᠰᠢᠯᠲᠠ ᠶᠢᠨ ᠴᠡᠭ ᠤᠨ ᠠᠵᠢᠯ ᠢ ᠰᠠᠶᠢᠲᠤᠷ ᠬᠢᠬᠦ ᠶᠢᠨ ᠳᠣᠰᠠᠳᠠ᠂ ᠮᠠᠨ ᠤ ᠬᠤᠰᠢᠭᠤᠨ ᠤ ᠪᠤᠲᠠᠲᠠᠢ ᠲᠠᠢ ᠪᠠᠨ ᠣᠶᠠᠯᠳᠣᠭᠤᠯᠣᠨ᠂ ᠲᠤᠰ ᠲᠦᠰᠦᠯ ᠢ | ᠲᠤᠭᠲᠠᠭᠠᠪᠠ᠃ | ᠨᠢᠭᠡ᠂ ᠠᠵᠢᠯ ᠤᠨ ᠱᠠᠭᠠᠷᠳᠠᠯᠭ᠎ᠠ | ︵ᠨᠢᠭᠡ︶ ᠶᠡᠷᠦᠩᠬᠡᠢ ᠰᠡᠳᠬᠢᠮᠵᠢ᠃ ︽ᠴᠠᠭᠠᠨ ᠪᠤᠬᠢᠷᠳᠣᠯ︾ ᠢ ᠡᠷᠴᠢᠮᠲᠡᠢ ᠵᠠᠰᠠᠬᠤ ᠲᠤᠬᠠᠢ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ | ᠬᠤᠷᠢᠶᠠᠨ ᠤ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠲᠠᠪᠣᠷᠢᠵᠢᠭᠤᠯᠵᠤ᠂ ᠲᠠᠷᠢᠶᠠᠯᠠᠩ ᠤᠨ ᠰᠦᠯᠢᠶᠤᠤ ᠪᠦᠷᠬᠦᠪᠴᠢ ᠶᠢ ᠬᠤᠷᠢᠶᠠᠨ ᠠᠪᠬᠤ ᠨᠣᠷᠮ᠎ᠠ ᠪᠠ ᠬᠠᠭᠤᠴᠢᠨ | ᠬᠠᠶᠠᠭᠳᠠᠮᠠᠯ ᠳᠠᠷᠢᠶᠠᠯᠠᠩ ᠤᠨ ᠰᠦᠯᠢᠶᠤᠤ ᠪᠦᠷᠬᠦᠪᠴᠢ ᠶᠢ ᠬᠤᠷᠢᠶᠠᠨ ᠰᠢᠢᠳᠪᠦᠷᠢᠯᠡᠬᠦ ᠬᠢᠷᠢ ᠳᠦᠪᠰᠢᠨ ᠢ ᠦᠨᠡᠨ ᠬᠦ ᠳᠡᠭᠡᠭᠰᠢᠯᠡᠬᠦᠯᠬᠦ ᠪᠠᠷ ᠬᠠᠷᠠᠯᠲᠠ ᠪᠠᠨ ᠪᠤᠯᠭᠠᠨ᠂ | ᠲᠦᠷᠦ ᠶᠢᠨ ᠪᠤᠳᠤᠯᠭ᠎ᠠ ᠶᠢᠨ ᠵᠢᠯᠤᠭᠤᠳᠤᠯᠭ᠎ᠠ ᠪᠠ ᠬᠠᠣᠯᠢ ᠳᠦᠷᠢᠮ ᠤᠨ ᠬᠢᠵᠠᠭᠠᠷᠯᠠᠯ ᠢ ᠵᠡᠷᠭᠡᠪᠡᠷ ᠬᠡᠷᠡᠭᠵᠢᠬᠦᠯᠬᠦ᠂ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠪᠠ | ᠬᠤᠷᠢᠶᠠᠨ ᠰᠢᠢᠳᠪᠦᠷᠢᠯᠡᠬᠦ ᠶᠢ ᠬᠠᠮᠲᠤ ᠳᠤᠨᠢ ᠴᠢᠬᠤᠯᠠᠴᠢᠯᠠᠬᠤ᠂ ᠲᠤᠷᠰᠢᠨ ᠵᠢᠱᠢᠶ᠎ᠡ ᠦᠵᠡᠬᠦᠯᠬᠦ ᠪᠠ ᠲᠦᠬᠡᠮᠡᠯᠵᠢᠬᠦᠯᠦᠨ ᠠᠰᠢᠭᠯᠠᠬᠤ ᠶᠢ ᠵᠡᠷᠭᠡᠪᠡᠷ ᠬᠦᠢᠴᠡᠳᠬᠡᠬᠦ᠂ | ᠳᠠᠬᠢᠨ ᠠᠰᠢᠭᠯᠠᠬᠤ ᠪᠠ ᠬᠤᠤᠷ ᠦᠬᠡᠶᠢᠳᠡᠬᠦᠯᠦᠨ ᠰᠢᠢᠳᠪᠦᠷᠢᠯᠡᠬᠦ ᠶᠢ ᠵᠡᠷᠭᠡᠪᠡᠷ ᠠᠳᠬᠤᠬᠤ ᠶᠢ ᠪᠠᠷᠢᠮᠲᠠᠯᠠᠨ᠂ ᠰᠦᠯᠢᠶᠤᠤ ᠪᠦᠷᠬᠦᠪᠴᠢ ᠶᠢ ᠰᠢᠨᠵᠢᠯᠡᠬᠦ | ᠤᠬᠠᠭᠠᠨᠴᠢ ᠪᠠᠷ ᠬᠡᠷᠡᠭᠯᠡᠬᠦ ᠬᠤᠷᠢᠶᠠᠨ ᠠᠪᠬᠤ ᠲᠦᠷᠦᠯ ᠵᠦᠢᠯ ᠢ ᠲᠦᠯᠦᠪᠵᠢᠬᠦᠯᠦᠨ ᠬᠡᠷᠡᠭᠵᠢᠬᠦᠯᠵᠦ᠂ ᠬᠠᠭᠤᠴᠢᠨ ᠬᠠᠶᠠᠭᠳᠠᠮᠠᠯ ᠰᠦᠯᠢᠶᠤᠤ ᠪᠦᠷᠬᠦᠪᠴᠢ ᠶᠢᠨ | ᠪᠤᠬᠢᠷᠳᠣᠯ ᠤᠨ ᠵᠠᠰᠠᠯᠲᠠ ᠶᠢᠨ ᠳᠠᠭᠠᠭᠠᠮᠠᠭᠠᠢ ᠲᠤᠭᠲᠠᠴᠠ ᠶᠢ ᠪᠠᠶᠢᠭᠤᠯᠤᠨ᠂ ᠮᠠᠯ ᠲᠠᠷᠢᠶᠠᠯᠠᠩ ᠤᠨ ᠦᠢᠯᠡᠰ ᠤᠨ ᠪᠤᠬᠢᠷᠳᠣᠯ ᠦᠬᠡᠢ ᠴᠢᠨᠠᠷᠯᠢᠭ ᠬᠦᠭᠵᠢᠯᠲᠡ ᠶᠢ | ᠠᠬᠢᠭᠤᠯᠤᠨ᠎ᠠ᠃ | ︵ᠬᠤᠶᠠᠷ︶ ᠦᠨᠳᠦᠰᠦᠨ ᠵᠠᠷᠴᠢᠮ | 1. ᠲᠤᠬᠠᠢ ᠶᠢᠨ ᠭᠠᠵᠠᠷ ᠤᠨ ᠪᠠᠶᠢᠳᠠᠯ ᠳᠤᠨᠢ ᠲᠤᠬᠢᠷᠠᠭᠤᠯᠤᠨ ᠪᠤᠳᠠᠳᠤ ᠪᠦᠳᠤᠮᠵᠢ ᠶᠢ ᠳᠤᠪᠤᠶᠢᠯᠭᠠᠨ᠎ᠠ᠃ ᠰᠢᠨᠵᠢᠯᠡᠬᠦ ᠣᠬᠠᠭᠠᠨᠴᠢ ᠲᠤᠷᠰᠢᠯᠲᠠ ᠶᠢ ᠡᠮᠬᠢᠲᠡᠢ | ᠲᠦᠬᠡᠮᠡᠯᠵᠢᠬᠦᠯᠦᠯᠲᠡ ᠯᠦᠭᠡ ᠬᠠᠷᠢᠯᠴᠠᠨ ᠣᠶᠠᠯᠳᠣᠭᠤᠯᠬᠤ ᠶᠢ ᠪᠠᠷᠢᠮᠲᠠᠯᠠᠵᠣ᠂ ᠲᠤᠬᠠᠢ ᠶᠢᠨ ᠭᠠᠵᠠᠷ ᠤᠨ ᠪᠠᠶᠢᠳᠠᠯ ᠳᠤᠨᠢ ᠲᠤᠬᠢᠷᠠᠭᠤᠯᠤᠨ ᠢᠳᠡᠪᠬᠢᠳᠠᠢ ᠯᠠᠪᠳᠠᠭᠤᠨ | ᠢᠶᠠᠷ ᠵᠤᠵᠠᠭᠠᠨ ᠪᠦᠬᠡᠯᠢᠭ ᠰᠦᠯᠢᠶᠤᠤ ᠪᠦᠷᠬᠦᠪᠴᠢ ᠶᠢ ᠲᠦᠬᠡᠮᠡᠯᠵᠢᠬᠦᠯᠦᠨ᠂ ᠲᠦᠬᠦᠷᠴᠢᠯᠡᠭᠰᠡᠨ ᠮᠡᠷᠬᠡᠵᠢᠯ᠂ ᠵᠠᠭᠪᠤᠷ᠂ ᠪᠦᠲᠦᠬᠡᠭᠳᠡᠬᠦᠨ ᠤ ᠰᠣᠳᠣᠯᠣᠨ | ᠨᠡᠭᠡᠭᠡᠯᠲᠡ ᠶᠢ ᠳᠡᠮᠵᠢᠵᠦ᠂ ᠠᠵᠢᠯ ᠢ ᠨᠠᠶᠢᠳᠠᠪᠤᠷᠢᠵᠢᠭᠤᠯᠤᠨ ᠪᠦᠳᠤᠮᠵᠢ ᠭᠠᠷᠭᠠᠬᠤ ᠶᠢ ᠯᠠᠪᠳᠠᠭᠤᠨ ᠢᠶᠠᠷ ᠠᠬᠢᠭᠤᠯᠤᠨ᠎ᠠ᠃ | 2. ᠣᠯᠠᠨ ᠡᠰᠢᠵᠢᠬᠦᠯᠦᠨ ᠰᠢᠢᠳᠪᠦᠷᠢᠯᠡᠵᠦ ᠰᠢᠨᠵᠢᠯᠡᠬᠦ ᠣᠬᠠᠭᠠᠨᠴᠢ ᠪᠠᠷ ᠠᠰᠢᠭᠯᠠᠨ᠎ᠠ᠃ ᠬᠠᠶᠠᠭᠳᠠᠮᠠᠯ ᠪᠦᠷᠬᠦᠪᠴᠢ ᠶᠢ ᠬᠤᠷᠢᠶᠠᠨ ᠠᠪᠬᠤ ᠪᠤᠲᠠᠲᠠᠢ ᠲᠠᠢ ᠪᠠᠨ | ᠣᠶᠠᠯᠳᠣᠭᠤᠯᠵᠣ᠂ ᠬᠠᠶᠠᠭᠳᠠᠮᠠᠯ ᠪᠦᠷᠬᠦᠪᠴᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠵᠤᠷᠢᠭᠵᠢᠭᠤᠯᠤᠨ᠎ᠠ᠃ ᠬᠠᠶᠠᠭᠳᠠᠮᠠᠯ ᠪᠦᠷᠬᠦᠪᠴᠢ ᠶᠢᠨ | ᠰᠢᠢᠳᠪᠦᠷᠢᠯᠡᠯᠲᠡ ᠶᠢᠨ ᠠᠷᠭ᠎ᠠ ᠵᠠᠮ ᠢ ᠦᠷᠬᠡᠳᠬᠡᠨ᠂ ᠳᠠᠬᠢᠨ ᠠᠰᠢᠭᠯᠠᠯᠲᠠ ᠶᠢᠨ ᠦᠷᠲᠡᠭ ᠳᠣᠣᠷ᠎ᠠ ᠰᠦᠯᠢᠶᠤᠤ ᠪᠦᠷᠬᠦᠪᠴᠢ ᠶᠢ ᠣᠷᠣᠰᠢᠨ ᠰᠠᠭᠤᠬᠤ ᠣᠷᠴᠢᠨ | ᠲᠤᠭᠤᠷᠢᠨ ᠤ ᠵᠠᠰᠠᠯᠲᠠ ᠲᠠᠢ ᠣᠶᠠᠯᠳᠣᠭᠤᠯᠣᠨ ᠬᠤᠤᠷ ᠦᠬᠡᠶᠢᠳᠡᠬᠦᠯᠦᠨ ᠰᠢᠢᠳᠪᠦᠷᠢᠯᠡᠨ᠎ᠡ᠃ | 3. ᠲᠦᠷᠤ ᠶᠢᠨ ᠪᠤᠳᠤᠯᠭ᠎ᠠ ᠪᠠᠷ ᠵᠢᠯᠤᠭᠤᠳᠤᠯᠭ᠎ᠠ ᠪᠤᠯᠭᠠᠨ ᠬᠡᠷᠡᠭ ᠢᠶᠠᠷ ᠬᠠᠤᠯᠢᠵᠢᠯ ᠢ ᠠᠬᠢᠭᠤᠯᠤᠨ᠎ᠠ᠃ ︽ᠳᠦᠷᠢᠮ︾ ᠤᠨ ᠣᠬᠠᠭᠤᠯᠭ᠎ᠠ | ᠨᠠᠶᠢᠳᠠᠪᠤᠷᠢᠵᠢᠭᠤᠯᠤᠯᠳᠠ ᠶᠢᠨ ᠡᠷᠴᠢᠮ ᠢᠶᠠᠨ ᠴᠢᠩᠭᠠᠷᠠᠭᠤᠯᠤᠨ᠂ ᠬᠡᠷᠡᠭ ᠢ ᠢᠳᠡᠪᠬᠢᠳᠠᠢ ᠪᠠᠶᠢᠴᠠᠭᠠᠨ ᠰᠢᠢᠤᠨᠪᠤᠷᠢᠯᠡᠵᠤ᠂ ᠨᠡᠶᠢᠳᠡᠯᠢᠭ ᠬᠡᠷᠡᠭ ᠤᠨ ᠰᠢᠤᠨᠬᠡᠯ ᠤᠨ | ᠰᠡᠷᠡᠮᠵᠢᠯᠡᠬᠦᠯᠤᠯ ᠬᠦᠮᠤᠵᠢᠯ ᠤᠨ ᠤᠶᠢᠯᠡᠳᠤᠯ ᠢ ᠪᠠᠳᠠᠷᠠᠭᠤᠯᠤᠨ᠂ ᠬᠤᠷᠢᠶᠠᠨ ᠠᠪᠬᠤ ᠠᠵᠢᠯ ᠢ ᠠᠬᠢᠭᠤᠯᠤᠨ᠎ᠠ᠃ ᠲᠠᠷᠢᠶᠠᠯᠠᠩ ᠤᠨ ᠦᠢᠯᠡᠰ ᠤᠨ ᠦᠢᠯᠡᠳᠪᠦᠷᠢᠯᠡᠯ | ᠡᠵᠡᠩᠨᠡᠯᠲᠡ ᠶᠢᠨ ᠭᠤᠤᠯ ᠴᠤᠭᠴᠠ᠂ ᠨᠡᠶᠢᠬᠡᠮᠴᠢᠯᠡᠭᠰᠡᠨ ᠦᠢᠯᠡᠴᠢᠯᠡᠬᠡᠨ ᠤ ᠵᠤᠬᠢᠶᠠᠨ ᠪᠠᠶᠢᠭᠤᠯᠤᠯᠲᠠ᠂ ᠰᠦᠯᠢᠶᠤᠤ ᠪᠦᠷᠬᠦᠪᠴᠢ ᠶᠢᠨ ᠦᠢᠯᠡᠳᠪᠦᠷᠢᠯᠡᠯ | ᠪᠤᠷᠤᠯᠠᠭᠤᠯᠭ᠎ᠠ ᠪᠠ ᠬᠤᠷᠢᠶᠠᠨ ᠠᠪᠴᠤ ᠰᠢᠢᠳᠪᠦᠷᠢᠯᠡᠬᠦ ᠭᠤᠤᠯ ᠴᠤᠭᠴᠠ ᠵᠡᠷᠭᠡ ᠡᠯ᠎ᠡ ᠲᠠᠯ᠎ᠠ ᠶᠢᠨ ᠢᠳᠡᠪᠬᠢᠵᠢᠯ ᠢ ᠬᠦᠢᠴᠡᠳ ᠳᠠᠶᠢᠴᠢᠯᠠᠵᠤ᠂ ᠲᠠᠷᠢᠶᠠᠨ ᠭᠠᠵᠠᠷ ᠤᠨ | ᠭᠠᠵᠠᠷ ᠤᠨ ᠰᠢᠮ᠎ᠡ ᠶᠢᠨ ᠬᠠᠮᠠᠭᠠᠯᠠᠯᠲᠠ ᠶᠢᠨ ᠨᠦᠬᠦᠪᠦᠷᠢ ᠶᠢᠨ ᠣᠯᠭᠤᠯᠲᠠ ᠬᠢᠬᠡᠳ ᠬᠠᠭᠤᠴᠢᠨ ᠬᠠᠶᠠᠭᠳᠠᠮᠠᠯ ᠰᠦᠯᠢᠶᠤᠤ ᠪᠦᠷᠬᠦᠪᠴᠢ ᠶᠢ ᠲᠠᠷᠢᠶᠠᠨ ᠭᠠᠵᠠᠷ ᠠᠴᠠ | ᠭᠠᠷᠭᠠᠬᠤ ᠣᠶᠠᠯᠳᠣᠭᠤᠯᠣᠯ ᠤᠨ ᠦᠢᠯᠡᠳᠦᠯ ᠢ ᠪᠠᠳᠠᠷᠠᠭᠤᠯᠤᠨ᠂ ᠠᠵᠢᠯ ᠤᠨ ᠦᠷᠨᠢᠬᠦᠯᠤᠯᠳᠠ ᠶᠢ ᠪᠠᠳᠤᠳᠠᠢ ᠠᠬᠢᠭᠤᠯᠤᠨ᠎ᠠ᠃ | ᠬᠤᠶᠠᠷ᠂ ᠠᠵᠢᠯ ᠤᠨ ᠬᠠᠷᠠᠯᠲᠠ | 2025 ᠣᠨ ᠤ 6 ᠰᠠᠷ᠎ᠠ ᠶᠢᠨ ᠡᠴᠦᠰ ᠠᠴᠠ ᠡᠮᠦᠨ᠎ᠡ᠂ ᠰᠦᠯᠢᠶᠤᠤ ᠪᠦᠷᠬᠦᠪᠴᠢ ᠶᠢ ᠰᠢᠨᠵᠢᠯᠡᠬᠦ ᠣᠬᠠᠭᠠᠨᠴᠢ ᠪᠠᠷ ᠬᠡᠷᠡᠭᠯᠡᠬᠦ ᠬᠤᠷᠢᠶᠠᠨ ᠠᠪᠬᠤ ᠠᠵᠢᠯ ᠢ | ᠪᠦᠬᠦ ᠲᠠᠯ᠎ᠠ ᠪᠠᠷ ᠨᠡᠶᠢᠲᠡᠪᠤᠷᠢᠵᠢᠭᠤᠯᠵᠤ᠂ ᠪᠦᠬᠦ ᠬᠤᠰᠢᠭᠤᠨ ᠳᠤ 0.9 ᠲᠦᠮᠡᠨ ᠮᠣ᠋ ᠵᠤᠵᠠᠭᠠᠨ ᠪᠦᠬᠡᠯᠢᠭ ᠰᠦᠯᠢᠶᠤᠤ ᠪᠦᠷᠬᠦᠪᠴᠢ ︵0. 015mm︶ ᠶᠢᠨ | ᠬᠡᠷᠡᠭᠯᠡᠯᠲᠡ ᠶᠢ ᠲᠦᠬᠡᠮᠡᠯᠵᠢᠬᠦᠯᠵᠦ᠂ ᠭᠤᠤᠯ ᠳᠠᠷᠬᠠᠯᠳᠠ ᠶᠢ ᠪᠤᠷᠤᠪᠠᠯᠭᠠᠰᠤ ᠪᠠᠯᠭᠠᠰᠤ᠂ ᠤᠯᠵᠠᠴᠢ ᠪᠠᠯᠭᠠᠰᠤ᠂ ᠨᠠᠩᠰᠤ ᠪᠠᠯᠭᠠᠰᠤ ᠵᠡᠷᠬᠡ ᠭᠤᠸ᠎ᠠ ᠵᠢᠮᠢᠰ ᠢᠳᠡᠰᠢᠨ | ᠨᠤᠭᠤᠭ᠎ᠠ ᠳᠠᠷᠢᠵᠤ ᠪᠠᠶᠢᠭ᠎ᠠ ᠳᠤᠰᠬᠤᠨ ᠢᠶᠠᠷ ᠭᠤᠤᠯᠳᠠᠯᠭ᠎ᠠ ᠪᠤᠯᠭᠠᠨ᠎ᠠ᠂ ᠡᠬᠦᠨ ᠳᠤ ᠪᠤᠷᠤᠪᠠᠯᠭᠠᠰᠣ ᠪᠠᠯᠭᠠᠰᠣᠨ ᠳᠤ 0.7 ᠲᠦᠮᠡᠨ ᠮᠣ᠋᠂ ᠣᠯᠵᠠᠴᠢ ᠪᠠᠯᠭᠠᠰᠣᠨ ᠳᠤ | 0.18 ᠲᠦᠮᠡᠨ ᠮᠣ᠋᠂ ᠨᠠᠩᠰᠣ ᠪᠠᠯᠭᠠᠰᠣᠨ ᠳᠤ 0.02 ᠲᠦᠮᠡᠨ ᠮᠣ᠋ ︵ᠬᠠᠮᠤᠭ ᠡᠴᠤᠰ ᠤᠨ ᠡᠬᠦᠷᠬᠡ ᠶᠢᠨ ᠳᠠᠯᠠᠪᠠᠢ ᠶᠢ ᠡᠯ᠎ᠡ ᠪᠠᠯᠭᠠᠰᠤᠨ ᠤ ᠪᠤᠳᠠᠳᠠᠢ ᠳᠠᠷᠢᠮᠠᠯ | ᠤᠨ ᠰᠦᠯᠢᠶᠤᠤ ᠪᠦᠷᠬᠦᠪᠴᠢ ᠶᠢᠨ ᠳᠠᠯᠠᠪᠠᠢ ᠪᠠᠷ ᠪᠠᠷᠢᠮᠵᠢᠶ᠎ᠠ ᠪᠤᠯᠭᠠᠨ᠎ᠠ︶᠂ ᠲᠠᠷᠢᠶᠠᠯᠠᠩ ᠤᠨ ᠪᠦᠷᠬᠦᠪᠴᠢ ᠶᠢ ᠬᠤᠷᠢᠶᠠᠨ ᠠᠪᠬᠤ ᠨᠤᠷᠮ᠎ᠠ ᠶᠢ 85% ᠠᠴᠠ | ᠳᠠᠪᠠᠭᠤᠯᠤᠨ᠂ ᠪᠦᠬᠦ ᠬᠤᠰᠢᠭᠤᠨ ᠤ ᠳᠠᠷᠢᠶᠠᠯᠠᠩ ᠤᠨ ᠪᠦᠷᠬᠦᠪᠴᠢ ᠶᠢ ᠬᠤᠷᠢᠶᠠᠨ ᠠᠪᠬᠤ ᠨᠤᠷᠮ᠎ᠠ ᠶᠢᠨ ᠯᠠᠪᠳᠠᠭᠤᠨ ᠳᠡᠬᠡᠭᠰᠢᠯᠡᠬᠦᠯᠤᠯᠳᠠ ᠶᠢ ᠠᠬᠢᠭᠤᠯᠤᠨ᠎ᠠ᠃ | ᠭᠤᠷᠪᠠ᠂ ᠬᠡᠷᠡᠭᠵᠢᠬᠦᠯᠦᠯᠲᠡ ᠶᠢᠨ ᠠᠷᠭ᠎ᠠ ᠮᠠᠶ᠋ᠢᠭ | ᠵᠤᠵᠠᠭᠠᠨ ᠪᠦᠬᠡᠯᠢᠭ ᠰᠦᠯᠢᠶᠤᠤ ᠪᠦᠷᠬᠦᠪᠴᠢ ᠶᠢ ᠣᠬᠠᠭᠤᠯᠤᠨ ᠲᠦᠬᠡᠮᠡᠯᠵᠢᠬᠦᠯᠵᠦ ᠬᠡᠷᠡᠭᠯᠡᠬᠦ ᠲᠦᠷᠦᠯ ᠵᠦᠢᠯ ᠢᠶᠠᠷ ᠳᠠᠮᠵᠢᠭᠤᠯᠤᠨ᠂ ᠭᠤᠶᠤᠪᠴᠢᠯᠠᠬᠤ᠂ | ᠭᠠᠴᠠᠭ᠎ᠠ ᠳᠤᠰᠬᠤᠨ ᠠᠴᠠ ᠨᠢᠬᠡᠳᠤᠯᠳᠠᠢ ᠪᠦᠷᠢᠤᠨᠬᠡᠬᠦ᠂ ᠬᠠᠮᠳᠤᠷᠠᠨ ᠬᠠᠩᠭᠠᠬᠤ ᠠᠵᠤ ᠠᠬᠤᠶᠢᠯᠠᠯ ᠠᠴᠠ ᠨᠢᠬᠡᠳᠤᠯᠳᠠᠢ ᠬᠤᠳᠠᠯᠳᠤᠨ ᠠᠪᠴᠤ ᠬᠡᠷᠡᠭᠯᠡᠬᠦ᠂ ᠵᠠᠰᠠᠭ ᠤᠨ | ᠣᠷᠳᠣᠨ ᠠᠴᠠ ᠬᠠᠷᠭᠤᠭᠤᠯᠤᠭᠠᠳ ᠨᠦᠬᠦᠪᠦᠷᠢ ᠦᠭᠬᠦ ᠮᠠᠶ᠋ᠢᠭ ᠢᠶᠠᠷ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ᠃ ᠪᠤᠲᠠᠲᠠᠢ ᠶᠠᠪᠤᠴᠠ ᠳᠣᠣᠷᠠᠬᠢ ᠮᠡᠲᠦ᠄ | 1. ᠭᠠᠴᠠᠭ᠎ᠠ ᠲᠤᠰᠬᠤᠨ ᠠᠴᠠ ᠳᠠᠩᠰᠠᠯᠠᠨ᠎ᠠ᠃ ᠡᠯ᠎ᠡ ᠭᠠᠴᠠᠭ᠎ᠠ ᠲᠤᠰᠬᠤᠨ ᠠᠴᠠ ᠲᠤᠬᠠᠢ ᠶᠢᠨ ᠭᠠᠵᠠᠷ ᠤᠨ ᠵᠤᠵᠠᠭᠠᠨ ᠪᠦᠬᠡᠯᠢᠭ ᠰᠦᠯᠢᠶᠤᠤ ᠪᠦᠷᠬᠦᠪᠴᠢ | ᠬᠡᠷᠡᠭᠯᠡᠬᠦ ᠮᠠᠯᠴᠢᠨ ᠲᠠᠷᠢᠶᠠᠴᠢᠨ᠂ ᠬᠤᠷᠰᠢᠶᠠᠵᠢᠯ ᠪᠠ ᠠᠵᠤ ᠠᠬᠤᠶᠢᠯᠠᠯ ᠤᠨ ᠭᠤᠶᠤᠴᠢᠯᠠᠨ ᠮᠡᠳᠡᠬᠦᠯᠦᠭᠰᠡᠨ ᠪᠠᠶᠢᠳᠠᠯ ᠢᠶᠠᠷ ᠡᠷᠦᠬᠡ ᠳᠠᠷᠠᠭᠠᠯᠠᠨ ᠳᠠᠩᠰᠠᠯᠠᠵᠤ᠂ ᠭᠠᠷ | ᠤᠨ ᠦᠰᠦᠭ ᠵᠢᠷᠤᠨ ᠨᠡᠶᠢᠲᠡᠯᠡᠭᠡᠳ ᠣᠨᠳᠣᠣ ᠰᠠᠨᠠᠯ ᠦᠬᠡᠢ ᠪᠤᠯᠤᠭᠰᠠᠨ ᠤ ᠳᠠᠷᠠᠭ᠎ᠠ᠂ ᠭᠠᠷ ᠤᠨ ᠦᠰᠦᠭ ᠵᠢᠷᠤᠵᠤ ᠲᠠᠮᠠᠭ᠎ᠠ ᠳᠠᠷᠤᠭᠰᠠᠨ ᠭᠠᠴᠠᠭ᠎ᠠ ᠲᠤᠰᠬᠤᠨ ᠤ | ᠵᠤᠵᠠᠭᠠᠨ ᠪᠦᠬᠡᠯᠢᠭ ᠰᠦᠯᠢᠶᠤᠤ ᠪᠦᠷᠬᠦᠪᠴᠢ ᠶᠢᠨ ᠬᠡᠷᠡᠭᠯᠡᠯᠲᠡ ᠶᠢᠨ ᠲᠤᠭ᠎ᠠ ᠪᠦᠷᠢᠳᠬᠡᠯ ᠤᠨ ᠬᠦᠰᠦᠨᠦᠭ᠂ ᠭᠠᠴᠠᠭ᠎ᠠ ᠲᠤᠰᠬᠤᠨ ᠤ ᠬᠤᠷᠠᠯ ᠤᠨ ᠲᠡᠮᠲᠡᠭᠯᠡᠯ᠂ | ᠵᠠᠷᠯᠠᠭᠰᠠᠨ ᠬᠡᠷᠡᠯ ᠵᠢᠷᠤᠭ᠂ ᠵᠤᠵᠠᠭᠠᠨ ᠪᠦᠬᠡᠯᠢᠭ ᠰᠦᠯᠢᠶᠤᠤ ᠪᠦᠷᠬᠦᠪᠴᠢ ᠬᠤᠳᠠᠯᠳᠣᠨ ᠠᠪᠤᠭᠰᠠᠨ ᠪᠠᠷᠢᠮᠲᠠ ︵ᠮᠠᠯᠴᠢᠨ ᠲᠠᠷᠢᠶᠠᠴᠢᠨ ᠠᠴᠠ ᠬᠤᠳᠠᠯᠳᠣᠨ | ᠠᠪᠤᠭᠰᠠᠨ ᠰᠦᠯᠢᠶᠤᠤ ᠪᠦᠷᠬᠦᠪᠴᠢ ᠶᠢᠨ ᠵᠤᠵᠠᠭᠠᠨ ᠤ ᠬᠡᠮᠵᠢᠶ᠎ᠡ᠂ ᠲᠤᠭ᠎ᠠ ᠪᠠᠷᠢᠮᠲᠠ ᠶᠢ ᠢᠯᠡᠷᠡᠬᠦᠯᠦᠭᠰᠡᠨ ᠵᠢᠩᠬᠢᠨᠢ ᠪᠠᠷᠢᠮᠲᠠ ᠪᠠᠨ ᠬᠠᠩᠭᠠᠨ᠎ᠠ︶᠂ ᠬᠢᠷᠢ ᠬᠡᠮ ᠤᠨ | ᠦᠨᠡᠮᠯᠡᠯ ᠪᠤᠶᠤ ᠦᠢᠯᠡᠳᠪᠦᠷᠢ ᠶᠢᠨ ᠰᠢᠯᠭᠠᠨ ᠪᠠᠶᠢᠴᠠᠭᠠᠯᠲᠠ ᠶᠢᠨ ᠮᠡᠳᠡᠬᠦᠯᠦᠯᠲᠡ ᠶᠢ ᠡᠯ᠎ᠡ ᠪᠠᠯᠭᠠᠰᠣᠨ ᠳᠤ ᠮᠡᠳᠡᠬᠦᠯᠦᠨ᠎ᠡ᠃ | 2. ᠡᠯ᠎ᠡ ᠪᠠᠯᠭᠠᠰᠣᠨ ᠠᠴᠠ ᠬᠠᠷᠭᠤᠭᠤᠯᠤᠭᠠᠳ ᠬᠤᠷᠢᠶᠠᠩᠭᠤᠶᠢᠯᠠᠨ᠎ᠠ᠃ ᠡᠯ᠎ᠡ ᠪᠠᠯᠭᠠᠰᠣᠨ ᠠᠴᠠ ᠭᠠᠴᠠᠭ᠎ᠠ ᠲᠤᠰᠬᠤᠨ ᠤ ᠳᠡᠭᠡᠭᠰᠢ ᠮᠡᠳᠡᠬᠦᠯᠦᠭᠰᠠᠨ ᠵᠤᠵᠠᠭᠠᠨ | ᠪᠦᠬᠡᠯᠢᠭ ᠰᠦᠯᠢᠶᠤᠤ ᠪᠦᠷᠬᠦᠪᠴᠢ ᠶᠢᠨ ᠬᠡᠷᠡᠭᠯᠡᠯᠲᠡ ᠶᠢᠨ ᠨᠡᠷᠡᠰ ᠵᠢᠴᠢ ᠮᠣ᠋ ᠶᠢᠨ ᠲᠤᠭ᠎ᠠ ᠶᠢ ᠡᠷᠦᠬᠡ ᠳᠠᠷᠠᠭᠠᠯᠠᠨ ᠬᠠᠷᠭᠤᠭᠤᠯᠵᠤ᠂ ᠬᠤᠳᠠᠯᠳᠣᠨ ᠠᠪᠤᠭᠰᠠᠨ | ᠰᠦᠯᠢᠶᠤᠤ ᠪᠦᠷᠬᠦᠪᠴᠢ ᠲᠦᠬᠡᠮᠡᠯᠵᠢᠬᠦᠯᠬᠦ ᠪᠠᠷᠢᠮᠵᠢᠶ᠎ᠠ ᠳᠤ ᠨᠡᠶᠢᠴᠡᠬᠦ ᠡᠰᠡᠬᠦ᠂ ᠬᠤᠳᠠᠯᠳᠣᠨ ᠠᠪᠤᠭᠰᠠᠨ ᠰᠦᠯᠢᠶᠤᠤ ᠪᠦᠷᠬᠦᠪᠴᠢ ᠶᠢᠨ ᠲᠤᠭ᠎ᠠ ᠳᠡᠭᠡᠭᠰᠢ | ᠮᠡᠳᠡᠬᠦᠯᠦᠭᠰᠡᠨ ᠰᠦᠯᠢᠶᠤᠤ ᠪᠦᠷᠬᠦᠪᠴᠢ ᠶᠢᠨ ᠲᠡᠯᠠᠪᠠᠢ ᠲᠠᠢ ᠨᠢᠬᠡᠳᠦᠯᠲᠡᠢ ᠡᠰᠡᠬᠦ ᠶᠢ ᠭᠤᠤᠯᠳᠠᠯᠭ᠎ᠠ ᠲᠠᠢ ᠬᠠᠷᠭᠤᠭᠤᠯᠵᠤ ᠪᠠᠶᠢᠴᠠᠭᠠᠨ᠂ 2025 ᠣᠨ ᠤ 5 ᠰᠠᠷ᠎ᠠ | ᠶᠢᠨ 10 ᠤ ᠡᠳᠦᠷ ᠠᠴᠠ ᠡᠮᠦᠨ᠎ᠡ᠂ ᠭᠠᠴᠠᠭ᠎ᠠ ᠲᠤᠰᠬᠤᠨ ᠤ ᠵᠤᠵᠠᠭᠠᠨ ᠪᠦᠬᠡᠯᠢᠭ ᠰᠦᠯᠢᠶᠤᠤ ᠪᠦᠷᠬᠦᠪᠴᠢ ᠶᠢᠨ ᠬᠡᠷᠡᠭᠯᠡᠯᠲᠡ ᠶᠢᠨ ᠲᠤᠭ᠎ᠠ ᠪᠦᠷᠢᠳᠬᠡᠯ ᠤᠨ | ᠬᠦᠰᠦᠨᠦᠭ᠂ ᠪᠠᠯᠭᠠᠰᠣᠨ ᠤ ᠵᠤᠵᠠᠭᠠᠨ ᠪᠦᠬᠡᠯᠢᠭ ᠰᠦᠯᠢᠶᠤᠤ ᠪᠦᠷᠬᠦᠪᠴᠢ ᠶᠢᠨ ᠬᠡᠷᠡᠭᠯᠡᠯᠲᠡ ᠶᠢᠨ ᠬᠤᠷᠢᠶᠠᠩᠭᠤᠶᠢᠯᠠᠭᠰᠠᠨ ᠬᠦᠰᠦᠨᠦᠭ᠂ ᠭᠠᠴᠠᠭ᠎ᠠ ᠲᠤᠰᠬᠤᠨ ᠤ | ᠬᠤᠷᠠᠯ ᠤᠨ ᠲᠡᠮᠲᠡᠭᠯᠡᠯ᠂ ᠵᠠᠷᠯᠠᠭᠰᠠᠨ ᠬᠡᠷᠡᠯ ᠵᠢᠷᠤᠭ᠂ ᠵᠤᠵᠠᠭᠠᠨ ᠪᠦᠬᠡᠯᠢᠭ ᠰᠦᠯᠢᠶᠤᠤ ᠪᠦᠷᠬᠦᠪᠴᠢ ᠬᠤᠳᠠᠯᠳᠣᠨ ᠠᠪᠤᠭᠰᠠᠨ ᠪᠠᠷᠢᠮᠲᠠ ︵ᠮᠠᠯᠴᠢᠨ | ᠲᠠᠷᠢᠶᠠᠴᠢᠨ ᠠᠴᠠ ᠬᠤᠳᠠᠯᠳᠣᠨ ᠠᠪᠤᠭᠰᠠᠨ ᠰᠦᠯᠢᠶᠤᠤ ᠪᠦᠷᠬᠦᠪᠴᠢ ᠶᠢᠨ ᠵᠤᠵᠠᠭᠠᠨ ᠤ ᠬᠡᠮᠵᠢᠶ᠎ᠡ᠂ ᠲᠤᠭ᠎ᠠ ᠪᠠᠷᠢᠮᠲᠠ ᠶᠢ ᠢᠯᠡᠷᠡᠬᠦᠯᠦᠭᠰᠡᠨ ᠵᠢᠩᠬᠢᠨᠢ ᠪᠠᠷᠢᠮᠲᠠ ᠪᠠᠨ | ᠬᠠᠩᠭᠠᠨ᠎ᠠ︶᠂ ᠬᠢᠷᠢ ᠬᠡᠮ ᠤᠨ ᠦᠨᠡᠮᠯᠡᠯ ᠪᠤᠶᠤ ᠦᠢᠯᠡᠳᠪᠦᠷᠢ ᠶᠢᠨ ᠰᠢᠯᠭᠠᠨ ᠪᠠᠶᠢᠴᠠᠭᠠᠯᠲᠠ ᠶᠢᠨ ᠮᠡᠳᠡᠬᠦᠯᠦᠯᠲᠡ ᠵᠡᠷᠭᠡ ᠬᠡᠷᠡᠴᠢ ᠮᠡᠲ᠋ᠧᠷᠢᠶᠡᠯ ᠢ | ᠬᠤᠷᠢᠶᠠᠩᠭᠤᠶᠢᠯᠠᠭᠠᠳ ᠬᠤᠰᠢᠭᠤ ᠮᠠᠯ ᠲᠠᠷᠢᠶᠠᠯᠠᠩ ᠤᠨ ᠳᠣᠪᠴᠢᠶᠠᠨ ᠳᠤ ᠮᠡᠳᠡᠬᠦᠯᠦᠨ᠎ᠡ᠃ | 3. ᠳᠠᠪᠲᠠᠨ ᠬᠢᠨᠠᠵᠤ ᠰᠢᠯᠭᠠᠨ ᠪᠠᠶᠢᠴᠠᠭᠠᠨ᠎ᠠ᠃ ᠰᠦᠯᠢᠶᠤᠤ ᠪᠦᠷᠬᠦᠪᠴᠢ ᠶᠢ ᠬᠡᠷᠡᠭᠯᠡᠭᠰᠡᠨ ᠤ ᠳᠠᠷᠠᠭ᠎ᠠ᠂ ᠬᠤᠰᠢᠭᠤ ᠮᠠᠯ ᠲᠠᠷᠢᠶᠠᠯᠠᠩ ᠤᠨ ᠳᠣᠪᠴᠢᠶᠠᠨ ᠠᠴᠠ | ᠡᠯ᠎ᠡ ᠪᠠᠯᠭᠠᠰᠣ ᠲᠠᠢ ᠬᠠᠮᠲᠤᠷᠠᠨ ᠳᠡᠭᠡᠭᠰᠢ ᠮᠡᠳᠡᠬᠦᠯᠦᠭᠰᠡᠨ ᠵᠤᠵᠠᠭᠠᠨ ᠪᠦᠬᠡᠯᠢᠭ ᠰᠦᠯᠢᠶᠤᠤ ᠪᠦᠷᠬᠦᠪᠴᠢ ᠶᠢᠨ ᠬᠡᠷᠡᠭᠯᠡᠯᠲᠡ ᠶᠢᠨ ᠲᠠᠯᠠᠪᠠᠢ ᠶᠢ ᠳᠠᠰᠢᠷᠠᠮ ᠢᠶᠠᠷ | ᠰᠣᠩᠭᠤᠨ ᠪᠠᠶᠢᠴᠠᠭᠠᠬᠤ ᠠᠷᠭ᠎ᠠ ᠮᠠᠶ᠋ᠢᠭ ᠢᠶᠠᠷ ᠬᠠᠷᠭᠤᠭᠤᠯᠤᠨ ᠪᠠᠶᠢᠴᠠᠭᠠᠵᠤ᠂ ᠬᠠᠷᠭᠤᠭᠤᠯᠤᠭᠠᠳ ᠵᠠᠷᠯᠠᠭᠰᠠᠨ ᠤ ᠳᠠᠷᠠᠭ᠎ᠠ 12 ᠰᠠᠷ᠎ᠠ ᠶᠢᠨ 30 ᠤ ᠡᠳᠦᠷ ᠤᠨ | ᠡᠮᠦᠨ᠎ᠡ ᠪᠡᠯᠡ ᠮᠦᠩᠭᠦᠨ ᠤ ᠣᠯᠭᠤᠯᠲᠠ ᠶᠢ ᠪᠡᠶᠡᠯᠡᠬᠦᠯᠦᠨ᠎ᠡ᠃ | ᠲᠦᠷᠪᠡ᠂ ᠨᠦᠬᠦᠪᠦᠷᠢ ᠶᠢᠨ ᠪᠠᠷᠢᠮᠵᠢᠶ᠎ᠠ ᠵᠢᠴᠢ ᠣᠯᠭᠤᠯᠲᠠ ᠶᠢᠨ ᠠᠷᠭ᠎ᠠ ᠮᠠᠶ᠋ᠢᠭ | ᠨᠦᠬᠦᠪᠤᠷᠢ ᠶᠢᠨ ᠪᠡᠯᠡ ᠮᠦᠩᠬᠦ ᠨᠠᠶᠢᠳᠠ 21.9 ᠲᠦᠮᠡᠨ ᠲᠦᠬᠦᠷᠢᠭ᠂ ᠨᠦᠬᠦᠪᠦᠷᠢ ᠶᠢᠨ ᠪᠠᠷᠢᠮᠵᠢᠶ᠎ᠠ ᠮᠣ᠋ ᠪᠦᠷᠢ ᠳᠤ 24.3 ᠲᠦᠬᠦᠷᠢᠭ ︵ᠪᠦᠬᠦᠯᠢ ᠬᠡᠰᠡᠭ | ᠢᠶᠠᠷ ᠤᠯᠭᠤᠨ᠎ᠠ︶᠃ ᠨᠦᠬᠦᠪᠦᠷᠢ ᠶᠢᠨ ᠣᠯᠭᠤᠯᠲᠠ ᠶᠢ ︽ᠬᠡᠨ ᠬᠡᠷᠡᠭᠯᠡᠪᠡᠯ ᠬᠡᠨ ᠡᠳ᠋ᠯᠡᠬᠦ︾ ᠵᠠᠷᠴᠢᠮ ᠶᠤᠰᠤᠭᠠᠷ᠂ ᠮᠠᠯᠴᠢᠨ ᠲᠠᠷᠢᠶᠠᠴᠢᠨ ᠲᠠᠢ ᠬᠤᠯᠪᠤᠭᠳᠠᠪᠠᠯ᠂ | ᠨᠦᠬᠦᠪᠦᠷᠢ ᠶᠢᠨ ᠮᠦᠩᠭᠦ ᠶᠢ ᠨᠢᠬᠡ ᠺᠠᠷᠲ ᠢᠶᠠᠷ ᠣᠯᠭᠤᠨ᠎ᠠ︔ ᠬᠤᠷᠰᠢᠶᠠᠵᠢᠯ ᠪᠠ ᠠᠵᠤ ᠠᠬᠤᠶᠢᠯᠠᠯ ᠲᠠᠢ ᠬᠤᠯᠪᠤᠭᠳᠠᠪᠠᠯ᠂ ᠨᠦᠬᠦᠪᠦᠷᠢ ᠶᠢᠨ ᠮᠦᠩᠭᠦ ᠶᠢ ᠳᠠᠩᠰᠠ | ᠰᠢᠯᠵᠢᠬᠦᠯᠦᠨ ᠤᠯᠭᠤᠨ᠎ᠠ᠃ | ᠳᠠᠪᠤ᠂ ᠭᠤᠤᠯᠳᠠᠯᠭᠠᠲᠤ ᠠᠵᠢᠯ | ︵ᠨᠢᠬᠡ︶ ᠵᠤᠵᠠᠭᠠᠨ ᠪᠦᠬᠡᠯᠢᠭ ᠰᠦᠯᠢᠶᠤᠤ ᠪᠦᠷᠬᠦᠪᠴᠢ ᠶᠢ ᠰᠢᠨᠵᠢᠯᠡᠬᠦ ᠣᠬᠠᠭᠠᠨᠴᠢ ᠪᠠᠷ ᠲᠦᠬᠡᠮᠡᠯᠵᠢᠬᠦᠯᠦᠨ᠎ᠡ | 1. ᠲᠦᠬᠡᠮᠡᠯᠵᠢᠬᠦᠯᠬᠦ ᠪᠠᠷᠢᠮᠵᠢᠶ᠎ᠠ᠃ ᠬᠡᠷᠡᠭᠯᠡᠯᠲᠡ ᠶᠢᠨ ᠴᠢᠨᠠᠷ ᠤᠨ ᠬᠦᠢᠴᠡᠳᠬᠡᠯ ᠲᠤᠭ᠎ᠠ ᠣᠯᠣᠰ ᠤᠨ ᠠᠯᠪᠠᠳᠠᠯᠭ᠎ᠠ ᠶᠢᠨ ᠪᠠᠷᠢᠮᠵᠢᠶ᠎ᠠ ︵GB13735 | — 2017︶ ᠠᠴᠠ ᠦᠨᠳᠦᠷ ᠵᠤᠵᠠᠭᠠᠨ ᠪᠦᠬᠡᠯᠢᠭ ᠰᠦᠯᠢᠶᠤᠤ ᠪᠦᠷᠬᠦᠪᠴᠢ ᠶᠢ ᠲᠦᠬᠡᠮᠡᠯᠵᠢᠬᠦᠯᠵᠦ᠂ ᠪᠦᠷᠬᠦᠬᠦᠯᠲᠡ ᠶᠢᠨ ᠴᠠᠭ ᠬᠤᠭᠤᠴᠠᠭ᠎ᠠ ᠪᠠ ᠬᠦᠴᠦᠨ | ᠣᠬᠠᠭᠠᠨ ᠤ ᠴᠢᠨᠠᠷ ᠤᠨ ᠬᠦᠢᠴᠡᠳᠬᠡᠯ ᠲᠤᠭ᠎ᠠ ᠨᠢ ᠣᠯᠣᠰ ᠤᠨ ᠠᠯᠪᠠᠳᠠᠯᠭ᠎ᠠ ᠶᠢᠨ ᠪᠠᠷᠢᠮᠵᠢᠶᠠᠨ ᠤ Ⅰ ᠲᠦᠷᠦᠯ ᠤᠨ ᠬᠠᠭᠤᠴᠢᠷᠠᠯ ᠳᠤ ᠳᠡᠰᠪᠦᠷᠢᠲᠡᠢ ᠰᠦᠯᠢᠶᠤᠤ | ᠪᠦᠷᠬᠦᠪᠴᠢ ᠶᠢᠨ ᠬᠤᠯᠪᠤᠭᠳᠠᠯ ᠪᠦᠬᠦᠢ ᠱᠠᠭᠠᠷᠳᠠᠯᠭ᠎ᠠ ᠠᠴᠠ ᠳᠣᠣᠷ᠎ᠠ ᠪᠠᠶᠢᠵᠦ ᠪᠤᠯᠬᠤ ᠦᠬᠡᠢ᠃ ᠪᠦᠲᠦᠬᠡᠭᠳᠡᠬᠦᠨ ᠤ ᠲᠦᠬᠦᠬᠡᠢ ᠮᠡᠲ᠋ᠧᠷᠢᠶᠡᠯ ᠳᠤ ᠣᠷᠣᠭᠤᠯᠬᠤ ᠶᠢ | ᠴᠠᠭᠠᠵᠠᠯᠠᠭᠰᠠᠨ ᠳᠠᠬᠢᠮᠠᠯ ᠬᠤᠪᠠᠨᠴᠢᠷ ᠵᠢᠴᠢ ᠣᠯᠣᠰ ᠠᠴᠠ ᠬᠡᠷᠡᠭᠯᠡᠬᠦ ᠶᠢ ᠲᠤᠲᠤᠷᠬᠠᠢ ᠴᠠᠭᠠᠵᠠᠯᠠᠭᠰᠠᠨ᠂ ᠲᠠᠷᠢᠮᠠᠯ ᠤᠨ ᠦᠰᠦᠯᠲᠡ ᠪᠠ ᠬᠦᠷᠦᠰᠦ ᠰᠢᠷᠤᠢ ᠳᠤ | ᠬᠦᠨᠦᠬᠡᠯ ᠲᠠᠢ ᠨᠡᠮᠡᠯᠲᠡ ᠡᠳ᠋ ᠢ ᠬᠡᠷᠡᠭᠯᠡᠵᠦ ᠪᠤᠯᠬᠤ ᠦᠬᠡᠢ︔ ᠦᠨᠡᠰᠦᠯᠢᠭ ᠪᠤᠳᠠᠰ ᠤᠨ ᠶᠡᠷᠦᠩᠬᠡᠢ ᠬᠡᠮᠵᠢᠶ᠎ᠡ ᠶᠢ 0.5% ᠶᠢᠨ ᠲᠤᠲᠤᠷ᠎ᠠ ᠬᠢᠵᠠᠭᠠᠷᠯᠠᠨ᠎ᠠ︔ | ᠪᠦᠲᠦᠬᠡᠭᠳᠡᠬᠦᠨ ᠤ ᠭᠠᠳᠠᠷ ᠲᠠᠯ᠎ᠠ ᠳᠤ ᠬᠡᠷᠡᠭᠯᠡᠯᠲᠡ ᠶᠢ ᠨᠦᠯᠦᠬᠡᠯᠡᠬᠦ ᠴᠦᠪᠦᠷᠢᠬᠦᠦ᠂ ᠬᠤᠯᠢᠴᠠ᠂ ᠵᠢᠷᠤᠭᠠᠰᠣ᠂ ᠴᠤᠭᠤᠷᠬᠠᠢ᠂ ᠨᠤᠭᠤᠯᠤᠭ᠎ᠠ ᠵᠡᠷᠭᠡ ᠰᠣᠭᠤᠭ | ᠪᠠᠶᠢᠵᠦ ᠪᠤᠯᠬᠤ ᠦᠬᠡᠢ᠂ ᠪᠦᠷᠬᠦᠪᠴᠢ ᠶᠢᠨ ᠣᠷᠢᠶᠠᠮᠠᠭ ᠢ ᠡᠮᠬᠢᠲᠡᠢ ᠣᠷᠢᠶᠠᠵᠦ᠂ ᠢᠯᠡᠷᠬᠡᠢ ᠠᠲᠤᠷᠢᠶ᠎ᠠ ᠪᠠᠶᠢᠵᠦ ᠪᠤᠯᠬᠤ ᠦᠬᠡᠢ︔ ᠬᠡᠷᠡᠭᠯᠡᠯᠲᠡ ᠶᠢᠨ ᠪᠦᠲᠦᠮᠵᠢᠲᠡᠢ | ᠴᠠᠭ ᠬᠤᠭᠤᠴᠠᠭ᠎ᠠ ≥180 ᠡᠳᠦᠷ︔ ᠬᠦᠴᠦᠨ ᠣᠬᠠᠭᠠᠨ ᠤ ᠴᠢᠨᠠᠷ ᠤᠨ ᠲᠠᠯ᠎ᠠ ᠪᠠᠷ᠂ ᠴᠢᠩᠭᠠᠭᠠᠯᠲᠠ ᠶᠢᠨ ᠳᠠᠭᠠᠭᠠᠴᠠ ᠨᠢ ︵ᠭᠤᠯᠲᠤ᠂ ᠬᠦᠨᠳᠡᠯᠡᠨ ᠴᠢᠭᠯᠡᠯ︶ | ≥2.2N︔ ᠲᠠᠰᠣᠷᠠᠬᠤ ᠨᠣᠷᠮ᠎ᠠ ᠨᠢ ︵ᠭᠤᠯᠲᠤ᠂ ᠬᠦᠨᠲᠡᠯᠡᠨ ᠴᠢᠭᠯᠡᠯ︶ ≥300%︔ ᠳᠡᠭᠰᠢ ᠪᠠᠷ ᠣᠷᠠᠬᠤ ᠳᠠᠭᠠᠭᠠᠴᠠ ᠨᠢ ︵ᠭᠤᠯᠲᠤ᠂ ᠬᠦᠨᠳᠡᠯᠡᠨ | ᠴᠢᠭᠯᠡᠯ︶ ≥1.2N᠃ ᠭᠠᠳᠠᠭᠠᠲᠤ ᠤᠷᠴᠢᠨ ᠤ ᠠᠭᠠᠷ ᠲᠤ ᠲᠡᠰᠪᠦᠷᠢᠯᠡᠬᠦ ᠴᠢᠨᠠᠷ ᠤᠨ ᠲᠠᠯ᠎ᠠ ᠪᠠᠷ᠂ ᠬᠠᠭᠤᠴᠢᠷᠠᠭᠰᠠᠨ ᠤ ᠳᠠᠷᠠᠭᠠᠬᠢ ᠬᠠᠮᠤᠭ ᠤᠨ ᠶᠡᠭᠡ | ᠰᠣᠩᠭᠠᠯᠲᠠ ᠶᠢᠨ ᠳᠠᠭᠠᠭᠠᠴᠠ᠂ ᠭᠤᠯᠲᠤ ᠪᠠᠷ ᠲᠠᠰᠣᠷᠠᠬᠤ ᠨᠣᠷᠮ᠎ᠠ ᠶᠢᠨ ᠪᠠᠷᠢᠮᠵᠢᠶᠠᠲᠤ ᠬᠤᠪᠢᠰᠣᠯᠲᠠ ᠶᠢᠨ ᠨᠣᠷᠮ᠎ᠠ ᠨᠢ ≥50%᠃ | 2. ᠲᠦᠬᠡᠮᠡᠯᠵᠢᠬᠦᠯᠦᠯᠲᠡ ᠵᠢᠯᠤᠭᠤᠳᠤᠯᠭ᠎ᠠ ᠪᠠᠨ ᠴᠢᠩᠭᠠᠳᠬᠠᠨ᠎ᠠ᠃ ᠲᠦᠬᠦᠷᠴᠢᠯᠡᠭᠰᠡᠨ ᠲᠠᠷᠢᠶᠠᠯᠠᠩ ᠤᠨ ᠮᠡᠷᠬᠡᠵᠢᠯ ᠤᠨ ᠠᠷᠭ᠎ᠠ ᠠᠪᠴᠠᠯ ᠢ ᠲᠦᠬᠡᠮᠡᠯᠵᠢᠬᠦᠯᠵᠦ᠂ | ᠪᠦᠷᠬᠦᠪᠴᠢ ᠪᠦᠷᠬᠦᠬᠦᠯᠬᠦ ᠮᠠᠰᠢᠨ ᠢ ᠦᠬᠡᠷᠡᠴᠢᠯᠡᠨ᠂ ᠠᠵᠢᠯᠯᠠᠬᠤ ᠬᠤᠷᠳᠣᠴᠠ ᠪᠠᠨ ᠲᠤᠬᠢᠷᠠᠭᠤᠯᠵᠤ᠂ ᠰᠦᠯᠢᠶᠤᠤ ᠪᠦᠷᠬᠦᠪᠴᠢ ᠶᠢ ᠬᠡᠲᠦᠷᠬᠡᠢ ᠰᠣᠩᠭᠠᠬᠤ᠂ | ᠪᠦᠷᠬᠦᠪᠴᠢ ᠶᠢᠨ ᠨᠦᠬᠡᠨ ᠤ ᠪᠠᠶᠢᠷᠢ ᠰᠢᠯᠵᠢᠬᠦ ᠪᠤᠶᠤ ᠲᠠᠷᠢᠬᠤ ᠮᠠᠰᠢᠨ ︵ᠬᠤᠰᠢᠭᠤ︶ ᠨᠦᠬᠡᠯᠡᠵᠦ ᠲᠠᠶᠢᠯᠬᠦ ᠦᠬᠡᠢ ᠪᠠᠶᠢᠳᠠᠯ ᠢᠯᠡᠷᠡᠬᠦ ᠠᠴᠠ ᠵᠠᠶᠢᠯᠠᠰᠬᠢᠨ᠎ᠠ᠃ | ᠲᠤᠭᠲᠠᠴᠠ ᠵᠠᠭᠪᠤᠷ ᠢ ᠰᠦᠪᠡᠭᠴᠢᠯᠡᠨ᠂ ᠨᠢᠬᠡᠳᠦᠯᠲᠡᠢ ᠬᠤᠷᠢᠶᠠᠨ ᠠᠪᠬᠤ᠂ ᠬᠠᠭᠤᠴᠢᠨ ᠢᠶᠠᠷ ᠰᠢᠨ᠎ᠡ ᠶᠢ ᠰᠣᠯᠢᠬᠤ᠂ ᠦᠢᠯᠡᠳᠪᠦᠷᠢᠯᠡᠭᠴᠢ ︵ᠪᠤᠷᠤᠯᠠᠭᠤᠯᠤᠭᠴᠢ︶ | ᠠᠴᠠ ᠬᠤᠷᠢᠶᠠᠨ ᠠᠪᠬᠤ ᠳᠤ ᠣᠷᠣᠯᠴᠠᠬᠤ ᠵᠡᠷᠭᠡ ᠣᠯᠠᠨ ᠵᠦᠢᠯ ᠤᠨ ᠬᠤᠷᠢᠶᠠᠨ ᠠᠪᠬᠤ ᠲᠤᠭᠲᠠᠴᠠ ᠪᠠ ᠵᠠᠭᠪᠤᠷ ᠢ ᠪᠠᠶᠢᠭᠤᠯᠬᠤ ᠵᠢᠴᠢ ᠡᠬᠢ ᠪᠠᠶᠠᠯᠢᠭᠵᠢᠭᠤᠯᠤᠨ | ᠠᠰᠢᠭᠯᠠᠬᠤ᠂ ᠬᠤᠤᠷ ᠦᠬᠡᠶᠢᠳᠡᠬᠦᠯᠦᠨ ᠰᠢᠢᠳᠪᠦᠷᠢᠯᠡᠬᠦ ᠵᠡᠷᠭᠡ ᠣᠯᠠᠨ ᠵᠦᠢᠯ ᠤᠨ ᠰᠢᠢᠳᠪᠦᠷᠢᠯᠡᠯᠲᠡ ᠶᠢᠨ ᠠᠷᠭ᠎ᠠ ᠵᠠᠮ ᠢᠶᠠᠷ ᠳᠠᠮᠵᠢᠭᠤᠯᠤᠨ ᠵᠤᠵᠠᠭᠠᠨ ᠪᠦᠬᠡᠯᠢᠭ | ᠰᠦᠯᠢᠶᠤᠤ ᠪᠦᠷᠬᠦᠪᠴᠢ ᠶᠢ ᠬᠤᠷᠢᠶᠠᠨ ᠰᠢᠢᠳᠪᠦᠷᠢᠯᠡᠬᠦ ᠪᠦᠬᠦ ᠪᠦᠷᠬᠦᠴᠡ ᠶᠢ ᠪᠡᠶᠡᠯᠡᠬᠦᠯᠦᠨ᠎ᠡ᠃ | 3. ᠳᠠᠭᠤᠷᠢᠶᠠᠯ ᠦᠵᠡᠬᠦᠯᠤᠨ ᠳᠠᠶᠢᠴᠢᠯᠠᠨ᠎ᠠ᠃ ᠪᠦᠬᠦ ᠬᠤᠰᠢᠭᠤᠨ ᠤ ᠬᠡᠪᠴᠢᠶᠠᠨ ᠳᠤ ᠬᠠᠷᠢᠴᠠᠩᠭᠤᠢ ᠪᠠᠷ ᠲᠦᠪᠯᠡᠷᠡᠩᠬᠦᠢ᠂ ᠰᠦᠯᠢᠶᠤᠤ ᠪᠦᠷᠬᠦᠪᠴᠢ | ᠬᠡᠷᠡᠭᠯᠡᠬᠦ ᠬᠡᠮᠵᠢᠶ᠎ᠡ ᠪᠠᠷ ᠶᠡᠭᠡ ᠤᠷᠤᠨ ᠪᠦᠰᠠ ᠶᠢ ᠰᠤᠩᠭᠤᠨ᠂ 1000 ᠮᠤ᠋ ᠠᠴᠠ ᠳᠡᠬᠡᠭᠰᠢᠬᠢ ᠭᠤᠤᠯ ᠳᠠᠭᠤᠷᠢᠶᠠᠯ ᠤᠷᠤᠨ ᠢ 1 ᠴᠤᠭᠴᠠᠯᠠᠨ᠂ ᠵᠤᠵᠠᠭᠠᠨ | ᠪᠦᠬᠡᠯᠢᠭ ᠰᠦᠯᠢᠶᠤᠤ ᠪᠦᠷᠬᠦᠪᠴᠢ ᠶᠢ ᠳᠡᠯᠬᠡᠷᠡᠬᠦᠯᠤᠨ ᠬᠡᠷᠡᠭᠯᠡᠬᠦ ᠪᠠ ᠮᠠᠰᠢᠨ ᠢᠶᠠᠷ ᠬᠤᠷᠢᠶᠠᠨ ᠠᠪᠬᠤ ᠳᠠᠭᠤᠷᠢᠶᠠᠯ ᠦᠵᠡᠬᠦᠯᠬᠦ ᠠᠵᠢᠯ ᠢ ᠦᠷᠨᠢᠬᠦᠯᠤᠨ᠎ᠠ᠃ | ︵ᠬᠤᠶᠠᠷ︶ ᠰᠦᠯᠢᠶᠤᠤ ᠪᠦᠷᠬᠦᠪᠴᠢ ᠶᠢ ᠬᠤᠷᠢᠶᠠᠨ ᠰᠢᠢᠳᠪᠦᠷᠢᠯᠡᠬᠦ ᠠᠵᠢᠯ ᠢ ᠪᠦᠬᠦ ᠲᠠᠯ᠎ᠠ ᠪᠠᠷ ᠠᠬᠢᠭᠤᠯᠤᠨ᠎ᠠ | 1. ᠬᠠᠭᠤᠴᠢᠨ ᠬᠠᠶᠠᠭᠳᠠᠮᠠᠯ ᠪᠦᠷᠬᠦᠪᠴᠢ ᠶᠢ ᠲᠠᠷᠢᠶᠠᠨ ᠠᠴᠠ ᠭᠠᠷᠭᠠᠬᠤ ᠶᠢ ᠠᠬᠢᠭᠤᠯᠤᠨ᠎ᠠ᠃ ︽ᠳᠦᠷᠢᠮ︾ ᠢ ᠴᠢᠩᠭ᠎ᠠ ᠬᠡᠷᠡᠭᠵᠢᠬᠦᠯᠵᠦ᠂ ᠬᠠᠮᠢᠶᠠᠷᠤᠯᠲᠠ | ᠶᠢᠨ ᠠᠷᠭ᠎ᠠ ᠮᠠᠶ᠋ᠢᠭ ᠢᠶᠠᠨ ᠢᠳᠡᠪᠬᠢᠲᠡᠢ ᠪᠠᠷ ᠰᠦᠪᠡᠭᠴᠢᠯᠡᠨ᠂ ᠬᠠᠤᠯᠢ ᠳᠦᠷᠢᠮ ᠢ ᠣᠬᠠᠭᠤᠯᠤᠨ ᠲᠤᠤᠱᠯᠠᠭᠤᠯᠬᠤ᠂ ᠲᠦᠷᠦ ᠶᠢᠨ ᠪᠤᠳᠤᠯᠭ᠎ᠠ ᠪᠠᠷ ᠵᠢᠯᠤᠭᠤᠳᠬᠤ᠂ | ᠪᠠᠷᠢᠮᠵᠢᠶ᠎ᠠ ᠪᠠᠷ ᠬᠡᠮᠵᠢᠨ ᠪᠤᠳᠣᠬᠤ᠂ ᠲᠠᠯᠠᠪᠠᠢ ᠶᠢ ᠬᠠᠷᠭᠤᠭᠤᠯᠬᠤ᠂ ᠵᠠᠷᠯᠠᠬᠤ᠂ ᠨᠦᠬᠦᠪᠦᠷᠢ ᠣᠯᠭᠤᠬᠤ ᠵᠡᠷᠭᠡ ᠲᠤᠭᠲᠠᠴᠠ ᠶᠢ ᠰᠢᠨᠡᠴᠢᠯᠡᠨ ᠲᠡᠬᠦᠯᠳᠡᠷᠵᠢᠬᠦᠯᠵᠦ᠂ | ᠰᠦᠯᠢᠶᠤᠤ ᠪᠦᠷᠬᠦᠪᠴᠢ ᠶᠢᠨ ᠬᠡᠷᠡᠭᠯᠡᠭᠴᠢᠳ ᠢ ᠵᠢᠯᠤᠭᠤᠳᠴᠤ ᠳᠦᠷᠢᠮ ᠶᠤᠰᠤᠭᠠᠷ ᠬᠠᠭᠤᠴᠢᠨ ᠬᠠᠶᠠᠭᠳᠠᠮᠠᠯ ᠰᠦᠯᠢᠶᠤᠤ ᠪᠦᠷᠬᠦᠪᠴᠢ ᠶᠢ ᠬᠤᠷᠢᠶᠠᠵᠤ ᠠᠪᠤᠨ᠂ | ᠰᠦᠯᠢᠶᠤᠤ ᠪᠦᠷᠬᠦᠪᠴᠢ ᠶᠢᠨ ᠬᠡᠷᠡᠭᠯᠡᠭᠴᠢᠳ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠪᠤᠲᠠᠲᠠᠶᠢᠵᠢᠭᠤᠯᠤᠨ᠎ᠠ᠃ ᠰᠦᠯᠢᠶᠤᠤ ᠪᠦᠷᠬᠦᠪᠴᠢ ᠶᠢ ᠬᠤᠷᠢᠶᠠᠨ | ᠠᠪᠬᠤ ᠬᠢᠨᠠᠨ ᠬᠠᠮᠢᠶᠠᠷᠤᠯᠲᠠ ᠬᠠᠤᠯᠢ ᠬᠡᠷᠡᠭᠵᠢᠬᠦᠯᠦᠯᠲᠡ ᠶᠢ ᠴᠢᠩᠭᠠᠳᠬᠠᠨ᠂ ᠰᠦᠯᠢᠶᠤᠤ ᠪᠦᠷᠬᠦᠪᠴᠢ ᠶᠢᠨ ᠬᠡᠷᠡᠭᠯᠡᠭᠴᠢᠳ ᠤᠨ ᠲᠤᠭᠲᠠᠭᠠᠯ ᠵᠦᠷᠢᠴᠡᠨ ᠪᠦᠷᠢᠨ | ᠪᠤᠰᠣ ᠠᠮᠢᠳᠣ ᠪᠤᠳᠠᠰ ᠤᠨ ᠬᠡᠯᠪᠡᠷᠢ ᠪᠠᠷ ᠵᠠᠳᠠᠷᠠᠬᠤ ᠬᠠᠭᠤᠴᠢᠨ ᠬᠠᠶᠠᠭᠳᠠᠮᠠᠯ ᠰᠦᠯᠢᠶᠤᠤ ᠪᠦᠷᠬᠦᠪᠴᠢ ᠶᠢ ᠬᠤᠷᠢᠶᠠᠨ ᠠᠪᠤᠭᠰᠠᠨ ᠦᠬᠡᠢ ᠵᠡᠷᠭᠡ ᠬᠠᠣᠯᠢ | ᠵᠦᠷᠢᠴᠡᠭᠰᠡᠨ ᠠᠵᠢᠯᠯᠠᠭᠠᠨ ᠢ ᠬᠠᠣᠯᠢ ᠶᠤᠰᠤᠭᠠᠷ ᠪᠠᠶᠢᠴᠠᠭᠠᠨ ᠰᠢᠢᠳᠬᠡᠵᠦ᠂ ᠴᠠᠭ ᠲᠤᠬᠠᠢ ᠳᠤᠨᠢ ᠨᠡᠶᠢᠬᠡᠮ ᠳᠤ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠨ᠂ | ᠰᠦᠯᠢᠶᠤᠤ ᠪᠦᠷᠬᠦᠪᠴᠢ ᠶᠢᠨ ᠬᠡᠷᠡᠭᠯᠡᠭᠴᠢᠳ ᠲᠤ ︽ᠬᠡᠷᠡᠭ ᠢᠶᠠᠷ ᠬᠠᠣᠯᠢ ᠶᠢ ᠲᠠᠶᠢᠯᠪᠤᠷᠢᠯᠠᠬᠤ︾ ᠶᠢ ᠴᠢᠩᠭᠠᠳᠬᠠᠵᠤ᠂ ᠪᠦᠲᠦᠮᠵᠢᠲᠡᠢ ᠰᠦᠷᠳᠡᠬᠦᠯᠦᠯ ᠢ ᠪᠤᠢ | ᠪᠤᠯᠭᠠᠨ᠎ᠠ᠃ | 2. ᠬᠤᠷᠢᠶᠠᠨ ᠰᠢᠢᠳᠪᠦᠷᠢᠯᠡᠬᠦ ᠪᠠᠨ ᠴᠢᠩᠭᠠᠳᠬᠠᠨ᠎ᠠ᠃ ᠣᠯᠠᠨ ᠵᠦᠢᠯ ᠤᠨ ᠠᠷᠭ᠎ᠠ ᠮᠠᠶ᠋ᠢᠭ ᠢᠶᠠᠷ ᠵᠤᠵᠠᠭᠠᠨ ᠪᠦᠬᠡᠯᠢᠭ ᠰᠦᠯᠢᠶᠤᠤ ᠪᠦᠷᠬᠦᠪᠴᠢ ᠶᠢ ᠪᠦᠬᠦ | ᠲᠠᠯ᠎ᠠ ᠪᠠᠷ ᠬᠤᠷᠢᠶᠠᠨ ᠠᠪᠴᠤ᠂ ᠲᠤᠰᠬᠠᠶᠢᠵᠢᠭᠰᠠᠨ ᠦᠢᠯᠡᠴᠢᠯᠡᠬᠡᠨ ᠤ ᠵᠤᠬᠢᠶᠠᠨ ᠪᠠᠶᠢᠭᠤᠯᠤᠯᠲᠠ ᠶᠢ ᠶᠡᠬᠡᠪᠡᠷ ᠪᠤᠶᠢᠵᠢᠭᠤᠯᠤᠨ᠂ ᠮᠠᠰᠢᠨ ᠢᠶᠠᠷ ᠬᠤᠷᠢᠶᠠᠨ ᠠᠪᠬᠤ ᠶᠢ | ᠠᠬᠢᠭᠤᠯᠵᠤ᠂ ᠬᠠᠭᠤᠴᠢᠨ ᠢᠶᠠᠷ ᠰᠢᠨ᠎ᠡ ᠶᠢ ᠰᠣᠯᠢᠬᠤ᠂ ᠡᠵᠡᠩᠨᠡᠯᠲᠡ ᠶᠢᠨ ᠭᠤᠤᠯ ᠴᠤᠭᠴᠠ ᠠᠴᠠ ᠳᠡᠭᠡᠭᠰᠢ ᠲᠤᠰᠢᠶᠠᠬᠤ᠂ ᠭᠤᠷᠪᠠᠳᠣᠭᠠᠷ ᠡᠲᠡᠭᠡᠳ ᠤᠨ | ᠪᠠᠶᠢᠭᠤᠯᠤᠮᠵᠢ ᠠᠴᠠ ᠬᠤᠷᠢᠶᠠᠨ ᠠᠪᠬᠤ ᠵᠡᠷᠭᠡ ᠣᠯᠠᠨ ᠡᠰᠢᠵᠢᠭᠰᠡᠨ ᠬᠤᠷᠢᠶᠠᠨ ᠠᠪᠬᠤ ᠠᠷᠭ᠎ᠠ ᠮᠠᠶ᠋ᠢᠭ ᠢ ᠲᠦᠬᠡᠮᠡᠯᠵᠢᠬᠦᠯᠦᠨ᠂ ᠬᠦᠳᠡᠭᠡ ᠲᠤᠰᠬᠤᠨ ᠤ ᠣᠷᠣᠰᠢᠨ | ᠰᠠᠭᠤᠬᠤ ᠣᠷᠴᠢᠨ ᠲᠤᠭᠤᠷᠢᠨ ᠤ ᠵᠠᠰᠠᠯᠲᠠ ᠲᠠᠢ ᠣᠶᠠᠯᠳᠣᠭᠤᠯᠵᠣ᠂ ᠬᠠᠭᠤᠴᠢᠨ ᠬᠠᠶᠠᠭᠳᠠᠮᠠᠯ ᠰᠦᠯᠢᠶᠤᠤ ᠪᠦᠷᠬᠦᠪᠴᠢ ᠶᠢ ᠬᠤᠤᠷ ᠦᠬᠡᠶᠢᠳᠡᠬᠦᠯᠦᠨ ᠰᠢᠢᠳᠪᠦᠷᠢᠯᠡᠬᠦ | ᠠᠷᠭ᠎ᠠ ᠵᠠᠮ ᠢ ᠢᠳᠡᠪᠬᠢᠲᠡᠢ ᠪᠠᠷ ᠦᠷᠬᠡᠳᠬᠡᠨ᠎ᠡ᠃ ᠳᠡᠮᠵᠢᠯᠬᠡ ᠶᠢᠨ ᠡᠷᠴᠢᠮ ᠢᠶᠠᠨ ᠴᠢᠩᠭᠠᠳᠬᠠᠨ᠂ ᠬᠠᠭᠤᠴᠢᠨ ᠬᠠᠶᠠᠭᠳᠠᠮᠠᠯ ᠰᠦᠯᠢᠶᠤᠤ ᠪᠦᠷᠬᠦᠪᠴᠢ ᠶᠢ ᠬᠤᠷᠢᠶᠠᠨ | ᠰᠢᠢᠳᠪᠦᠷᠢᠯᠡᠬᠦ ᠠᠵᠤ ᠠᠬᠤᠶᠢᠯᠠᠯ ᠳᠤ ᠦᠷᠲᠡᠭ ᠤᠨ ᠨᠡᠮᠡᠭᠳᠡᠯ ᠤᠨ ᠭᠠᠶᠢᠯᠢ ᠶᠢ ᠳᠠᠷᠣᠢ ᠳᠤᠨᠢ ᠲᠠᠲᠠᠪᠤᠷᠢᠯᠠᠨ ᠳᠠᠷᠣᠢ ᠳᠤᠨᠢ ᠪᠤᠴᠠᠭᠠᠬᠤ ᠵᠡᠷᠭᠡ ᠬᠠᠷᠠᠭᠠᠯᠵᠠᠯ ᠤᠨ | ᠲᠦᠷᠦ ᠶᠢᠨ ᠪᠤᠳᠤᠯᠭ᠎ᠠ ᠶᠢ ᠬᠡᠷᠡᠭᠵᠢᠬᠦᠯᠵᠦ᠂ ᠬᠠᠭᠤᠴᠢᠨ ᠬᠠᠶᠠᠭᠳᠠᠮᠠᠯ ᠰᠦᠯᠢᠶᠤᠤ ᠪᠦᠷᠬᠦᠪᠴᠢ ᠬᠤᠷᠢᠶᠠᠨ ᠠᠪᠬᠤ ᠲᠡᠷᠢᠬᠦᠨ ᠤ ᠦᠨᠳᠦᠷ ᠪᠦᠲᠦᠮᠵᠢᠲᠡᠢ᠂ | ᠪᠤᠯᠪᠠᠰᠣᠷᠠᠩᠭᠤᠢ ᠮᠠᠰᠢᠨ ᠢ ᠲᠠᠷᠢᠶᠠᠯᠠᠩ ᠤᠨ ᠮᠠᠰᠢᠨ ᠬᠤᠳᠠᠯᠳᠣᠨ ᠠᠪᠬᠤ ᠨᠦᠬᠦᠪᠦᠷᠢ ᠳᠤ ᠣᠷᠣᠭᠤᠯᠣᠨ᠎ᠠ᠃ ᠬᠤᠰᠢᠭᠤᠨ ᠠᠴᠠ ᠭᠠᠳᠠᠨᠠᠬᠢ ᠰᠠᠶᠢᠨ ᠠᠷᠭ᠎ᠠ᠂ | ᠰᠠᠶᠢᠨ ᠲᠤᠷᠰᠢᠯᠭ᠎ᠠ ᠶᠢ ᠢᠳᠡᠪᠬᠢᠲᠡᠢ ᠪᠠᠷ ᠲᠤᠯᠢᠳᠠᠨ᠂ ᠦᠢᠯᠡᠳᠪᠦᠷᠢᠯᠡᠭᠴᠢ᠂ ᠪᠤᠷᠤᠯᠠᠭᠤᠯᠤᠭᠴᠢ ᠠᠴᠠ ᠰᠦᠯᠢᠶᠤᠤ ᠪᠦᠷᠬᠦᠪᠴᠢ ᠬᠤᠷᠢᠶᠠᠨ ᠠᠪᠬᠤ | ᠬᠠᠷᠢᠭᠤᠴᠠᠯᠭ᠎ᠠ ᠶᠢᠨ ᠣᠷᠲᠣᠳᠬᠠᠯ ᠳᠦᠷᠢᠮ ᠢ ᠰᠦᠪᠡᠭᠴᠢᠯᠡᠨ᠎ᠡ᠃ ᠦᠢᠯᠡᠳᠪᠦᠷᠢᠯᠡᠭᠴᠢ᠂ ᠪᠤᠷᠤᠯᠠᠭᠤᠯᠤᠭᠴᠢ ᠵᠢᠴᠢ ᠬᠤᠷᠢᠶᠠᠨ ᠰᠢᠢᠳᠪᠦᠷᠢᠯᠡᠬᠦ ᠠᠵᠤ ᠠᠬᠤᠶᠢᠯᠠᠯ᠂ | ᠬᠤᠷᠢᠶᠠᠨ ᠠᠪᠬᠤ ᠴᠡᠭ ᠪᠤᠶᠤ ᠪᠤᠰᠣᠳ ᠵᠤᠬᠢᠶᠠᠨ ᠪᠠᠶᠢᠭᠤᠯᠤᠯᠲᠠ ᠠᠴᠠ ᠬᠠᠮᠲᠤᠷᠠᠯᠴᠠᠭ᠎ᠠ ᠪᠠᠶᠢᠭᠤᠯᠬᠤ ᠶᠢ ᠵᠤᠷᠢᠭᠵᠢᠭᠤᠯᠵᠤ᠂ ᠪᠤᠷᠤᠯᠠᠭᠤᠯᠭ᠎ᠠ ᠪᠠᠷ ᠬᠤᠷᠢᠶᠠᠨ | ᠠᠪᠬᠤ ᠶᠢ ᠲᠤᠭᠲᠠᠭᠠᠬᠤ᠂ ᠳᠠᠭᠠᠭᠠᠴᠢᠯᠠᠨ ᠬᠤᠷᠢᠶᠠᠨ ᠠᠪᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠬᠠᠭᠤᠴᠢᠨ ᠬᠠᠶᠠᠭᠳᠠᠮᠠᠯ ᠰᠦᠯᠢᠶᠤᠤ ᠪᠦᠷᠬᠦᠪᠴᠢ ᠶᠢ | ᠬᠤᠷᠢᠶᠠᠨ ᠰᠢᠢᠳᠪᠦᠷᠢᠯᠡᠬᠦ ᠶᠢ ᠠᠬᠢᠭᠤᠯᠤᠨ᠎ᠠ᠃ | ︵ᠭᠤᠷᠪᠠ︶ ᠲᠦᠬᠦᠷᠴᠢᠯᠡᠭᠰᠡᠨ ᠮᠠᠰᠢᠨ ᠳᠦᠬᠦᠬᠡᠷᠦᠮᠵᠢ ᠪᠠ ᠲᠠᠷᠢᠶᠠᠯᠠᠩ ᠤᠨ ᠣᠷ᠎ᠠ ᠮᠡᠷᠬᠡᠵᠢᠯ ᠠᠷᠭ᠎ᠠ ᠠᠪᠴᠠᠯ ᠢ ᠰᠣᠳᠣᠯᠣᠨ ᠦᠬᠡᠷᠡᠴᠢᠯᠡᠬᠦ ᠶᠢ ᠢᠳᠡᠪᠬᠢᠲᠡᠢ | ᠪᠠᠷ ᠦᠷᠨᠢᠬᠦᠯᠦᠨ᠎ᠡ᠃ ᠰᠢᠨ᠎ᠡ ᠬᠡᠯᠪᠡᠷᠢ ᠶᠢᠨ ᠰᠦᠯᠢᠶᠤᠤ ᠪᠦᠷᠬᠦᠪᠴᠢ ᠶᠢᠨ ᠪᠦᠲᠦᠬᠡᠭᠳᠡᠬᠦᠨ ᠳᠤ ᠬᠡᠷᠡᠭᠯᠡᠭᠳᠡᠬᠦ ᠮᠠᠰᠢᠨ ᠬᠡᠷᠡᠭᠰᠡᠯ ᠪᠠ ᠲᠦᠬᠦᠷᠴᠢᠯᠡᠭᠰᠡᠨ | ᠲᠠᠷᠢᠶᠠᠯᠠᠩ ᠤᠨ ᠣᠷ᠎ᠠ ᠮᠡᠷᠬᠡᠵᠢᠯ ᠠᠷᠭ᠎ᠠ ᠠᠪᠴᠠᠯ ᠢ ᠰᠣᠳᠣᠯᠣᠨ ᠰᠢᠯᠢᠬᠦ ᠶᠢ ᠵᠤᠬᠢᠶᠠᠨ ᠪᠠᠶᠢᠭᠤᠯᠵᠤ᠂ ᠰᠦᠯᠢᠶᠤᠤ ᠪᠦᠷᠬᠦᠪᠴᠢ ᠬᠤᠷᠢᠶᠠᠨ ᠠᠪᠬᠤ ᠦᠷ᠎ᠡ ᠠᠰᠢᠭ ᠢ | ᠳᠡᠭᠡᠭᠰᠢᠯᠡᠬᠦᠯᠦᠨ᠎ᠡ᠃ ᠡᠯ᠎ᠡ ᠲᠠᠯ᠎ᠠ ᠶᠢᠨ ᠲᠦᠷᠦᠯ ᠵᠦᠢᠯ ᠤᠨ ᠪᠡᠯᠡ ᠮᠦᠩᠭᠦᠨ ᠤ ᠳᠡᠮᠵᠢᠯᠬᠡ ᠶᠢ ᠢᠳᠡᠪᠬᠢᠲᠡᠢ ᠪᠠᠷ ᠣᠯᠣᠨ᠂ ᠬᠡᠷᠡᠭᠯᠡᠬᠦ ᠳᠤ ᠳᠣᠬᠢᠷᠠᠮᠵᠢᠲᠠᠢ | ᠰᠦᠯᠢᠶᠤᠤ ᠪᠦᠷᠬᠦᠪᠴᠢ ᠬᠤᠷᠢᠶᠠᠨ ᠠᠪᠬᠤ ᠦᠨᠳᠦᠷ ᠪᠦᠲᠦᠮᠵᠢᠲᠡᠢ ᠮᠠᠰᠢᠨ ᠬᠡᠷᠡᠭᠰᠡᠯ ᠤᠨ ᠨᠡᠭᠡᠭᠡᠯᠲᠡ ᠶᠢ ᠵᠤᠬᠢᠶᠠᠨ ᠪᠠᠶᠢᠭᠤᠯᠤᠨ ᠦᠷᠨᠢᠬᠦᠯᠵᠦ᠂ ᠪᠦᠷᠬᠦᠪᠴᠢ | ᠭᠤᠤᠷᠰᠣ ᠶᠢ ᠰᠠᠯᠭᠠᠬᠤ ᠠᠰᠠᠭᠤᠳᠠᠯ ᠢ ᠭᠤᠤᠯᠳᠠᠯᠭ᠎ᠠ ᠲᠠᠢ ᠰᠢᠢᠳᠪᠦᠷᠢᠯᠡᠨ᠂ ᠮᠠᠰᠢᠨ ᠢᠶᠠᠷ ᠬᠤᠷᠢᠶᠠᠬᠤ ᠦᠷ᠎ᠡ ᠠᠰᠢᠭ ᠢ ᠳᠡᠭᠡᠭᠰᠢᠯᠡᠬᠦᠯᠦᠨ᠎ᠡ᠃ | ︵ᠳᠦᠷᠪᠡ︶ ᠲᠤᠭ᠎ᠠ ᠪᠠᠷᠢᠮᠲᠠ ᠶᠢᠨ ᠴᠤᠭᠯᠠᠭᠤᠯᠤᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠭᠠᠴᠠᠭ᠎ᠠ ᠲᠤᠰᠬᠤᠨ᠂ ᠪᠠᠯᠭᠠᠰᠣ᠂ ᠬᠤᠰᠢᠭᠤ ᠭᠤᠷᠪᠠᠨ | ᠱᠠᠲᠤᠨ ᠤ ᠰᠦᠯᠢᠶᠤᠤ ᠪᠦᠷᠬᠦᠪᠴᠢ ᠶᠢᠨ ᠦᠢᠯᠡᠳᠪᠦᠷᠢᠯᠡᠯ᠂ ᠪᠤᠷᠤᠯᠠᠭᠤᠯᠭ᠎ᠠ᠂ ᠬᠡᠷᠡᠭᠯᠡᠯᠲᠡ᠂ ᠬᠤᠷᠢᠶᠠᠨ ᠠᠪᠤᠯᠲᠠ᠂ ᠰᠢᠢᠳᠪᠦᠷᠢᠯᠡᠯᠲᠡ ᠬᠠᠮᠢᠶᠠᠷᠤᠯᠲᠠ ᠶᠢᠨ ᠳᠠᠩᠰᠠ | ︵ᠲᠡᠮᠲᠡᠭᠯᠡᠯ︶ ᠶᠢ ᠪᠠᠶᠢᠭᠤᠯᠵᠤ᠂ ᠬᠠᠮᠢᠶ᠎ᠠ ᠪᠦᠬᠦᠢ ᠭᠤᠤᠯ ᠴᠤᠭᠴᠠ ᠶᠢᠨ ᠳᠠᠩᠰᠠ ᠪᠠᠶᠢᠭᠤᠯᠤᠯᠲᠠ ᠶᠢᠨ ᠬᠢᠨᠠᠯᠲᠠ ᠪᠠᠶᠢᠴᠠᠭᠠᠯᠲᠠ ᠶᠢᠨ ᠡᠷᠴᠢᠮ ᠢᠶᠠᠨ | ᠴᠢᠩᠭᠠᠤᠨᠬᠠᠨ᠎ᠠ᠃ ᠬᠠᠭᠤᠴᠢᠨ ᠬᠠᠶᠠᠭᠳᠠᠮᠠᠯ ᠰᠦᠯᠢᠶᠤᠤ ᠪᠦᠷᠬᠦᠪᠴᠢ ᠶᠢᠨ ᠦᠯᠡᠳᠡᠭᠳᠡᠯ ᠤᠨ ᠬᠢᠨᠠᠨ ᠡᠵᠡᠮᠰᠢᠯ ᠤᠨ ᠠᠵᠢᠯ ᠢ ᠶᠠᠪᠤᠭᠳᠠᠭᠤᠯᠵᠤ᠂ ᠵᠤᠵᠠᠭᠠᠨ ᠪᠦᠬᠡᠯᠢᠭ | ᠰᠦᠯᠢᠶᠤᠤ ᠪᠦᠷᠬᠦᠪᠴᠢ ᠶᠢᠨ ᠲᠤᠷᠰᠢᠯᠲᠠ ᠶᠢᠨ ᠴᠡᠭ ᠤᠨ ᠭᠠᠵᠠᠷ ᠣᠷᠣᠨ ᠳᠤ 1 ᠬᠢᠨᠠᠨ ᠡᠵᠡᠮᠰᠢᠯ ᠤᠨ ᠴᠡᠭ ︵ᠣᠯᠵᠠᠴᠢ ᠪᠠᠯᠭᠠᠰᠣᠨ ᠤ ᠣᠯᠵᠠᠴᠢ ᠭᠠᠴᠠᠭ᠎ᠠ ᠳᠤ︶ | ᠢ ᠪᠠᠶᠢᠷᠢᠯᠠᠭᠤᠯᠤᠨ᠂ ᠬᠢᠨᠠᠨ ᠡᠵᠡᠮᠰᠢᠯ ᠤᠨ ᠠᠵᠢᠯ ᠦᠷᠨᠢᠬᠦᠯᠦᠨ᠎ᠡ᠃ ᠰᠦᠯᠢᠶᠤᠤ ᠪᠦᠷᠬᠦᠪᠴᠢ ᠪᠦᠷᠬᠦᠬᠦᠯᠦᠭᠰᠡᠨ ᠭᠤᠤᠯᠯᠠᠬᠤ ᠲᠠᠷᠢᠮᠠᠯ ᠳᠤ ᠴᠢᠭᠯᠡᠬᠦᠯᠦᠨ᠂ | ᠡᠩ ᠤᠨ PE ᠰᠦᠯᠢᠶᠤᠤ ᠪᠦᠷᠬᠦᠪᠴᠢ ᠪᠠ ᠵᠤᠵᠠᠭᠠᠨ ᠪᠦᠬᠡᠯᠢᠭ ᠰᠦᠯᠢᠶᠤᠤ ᠪᠦᠷᠬᠦᠪᠴᠢ ᠶᠢᠨ ᠠᠳᠠᠯᠢ ᠪᠦᠷᠬᠦᠬᠦᠯᠲᠡ ᠶᠢᠨ ᠨᠦᠬᠦᠴᠡᠯ ᠳᠣᠣᠷ᠎ᠠ ᠮᠣ᠋ ᠪᠦᠷᠢ ᠶᠢᠨ | ᠪᠦᠷᠬᠦᠪᠴᠢ ᠶᠢᠨ ᠬᠡᠷᠡᠭᠯᠡᠯᠲᠡ ᠶᠢᠨ ᠬᠡᠮᠵᠢᠶ᠎ᠡ ᠪᠠ ᠦᠷᠲᠡᠭ ᠢ ᠬᠢᠨᠠᠨ ᠪᠤᠳᠤᠨ᠎ᠠ᠃ | ᠵᠢᠷᠭᠤᠭ᠎ᠠ᠂ ᠪᠤᠲᠠᠲᠠᠢ ᠠᠵᠢᠯ ᠤᠨ ᠬᠤᠪᠢᠶᠠᠷᠢᠯᠠᠯ | ᠬᠤᠰᠢᠭᠤ ᠮᠠᠯ ᠲᠠᠷᠢᠶᠠᠯᠠᠩ ᠪᠠ ᠤᠰᠤᠨ ᠠᠰᠢᠭᠯᠠᠯᠳᠠ ᠶᠢᠨ ᠳᠣᠪᠴᠢᠶ᠎ᠠ ᠲᠦᠷᠦᠯ ᠵᠦᠢᠯ ᠤᠨ ᠬᠡᠷᠡᠭᠵᠢᠬᠦᠯᠦᠯᠲᠡ ᠪᠠ ᠡᠳᠦᠷ ᠲᠤᠲᠤᠮ ᠤᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠨ᠂ ᠬᠠᠮᠢᠶ᠎ᠠ ᠪᠦᠬᠦᠢ ᠮᠡᠷᠬᠡᠵᠢᠯ ᠤᠨ ᠵᠢᠯᠤᠭᠤᠳᠤᠯᠭ᠎ᠠ᠂ ᠣᠬᠠᠭᠤᠯᠭ᠎ᠠ ᠵᠢᠯᠤᠭᠤᠳᠤᠯᠭ᠎ᠠ᠂ ᠲᠠᠷᠢᠶᠠᠯᠠᠩ ᠤᠨ ᠣᠷ᠎ᠠ ᠮᠡᠷᠬᠡᠵᠢᠯ | ᠲᠠᠷᠢᠶᠠᠯᠠᠩ ᠤᠨ ᠮᠠᠰᠢᠨ ᠤ ᠠᠷᠭ᠎ᠠ ᠠᠪᠴᠠᠯ ᠤᠨ ᠲᠦᠬᠡᠮᠡᠯᠵᠢᠬᠦᠯᠦᠯᠲᠡ ᠵᠡᠷᠭᠡ ᠠᠵᠢᠯ ᠢ ᠵᠤᠬᠢᠶᠠᠨ ᠪᠠᠶᠢᠭᠤᠯᠤᠨ ᠦᠷᠨᠢᠬᠦᠯᠵᠦ᠂ ᠲᠦᠷᠦᠯ ᠵᠦᠢᠯ ᠢ ᠠᠮᠵᠢᠯᠲᠠᠲᠠᠢ | ᠬᠡᠷᠡᠭᠵᠢᠬᠦᠯᠬᠦ ᠶᠢ ᠪᠠᠲᠤᠯᠠᠨ᠂ ᠵᠢᠱᠢᠭᠰᠡᠨ ᠬᠠᠷᠠᠯᠲᠠ ᠳᠤ ᠬᠦᠷᠬᠡᠨ᠎ᠡ᠃ | ᠡᠯ᠎ᠡ ᠪᠠᠯᠭᠠᠰᠣ ᠵᠤᠵᠠᠭᠠᠨ ᠪᠦᠬᠡᠯᠢᠭ ᠰᠦᠯᠢᠶᠤᠤ ᠪᠦᠷᠬᠦᠪᠴᠢ ᠬᠡᠷᠡᠭᠯᠡᠬᠦ ᠮᠠᠯᠴᠢᠨ ᠲᠠᠷᠢᠶᠠᠴᠢᠨ᠂ ᠬᠤᠷᠰᠢᠶᠠᠵᠢᠯ ᠪᠠ ᠠᠵᠤ ᠠᠬᠤᠶᠢᠯᠠᠯ ᠢ ᠪᠦᠷᠢᠳᠬᠡᠨ | ᠬᠤᠷᠢᠶᠠᠩᠭᠤᠶᠢᠯᠠᠬᠤ᠂ ᠲᠡᠯᠡᠪᠡᠢ ᠶᠢ ᠬᠠᠷᠭᠤᠭᠤᠯᠤᠨ ᠲᠤᠭᠲᠠᠭᠠᠬᠤ᠂ ᠵᠠᠷᠯᠠᠬᠤ ᠵᠡᠷᠭᠡ ᠠᠵᠢᠯ ᠢ ᠬᠠᠷᠢᠭᠤᠴᠠᠬᠤ ᠶᠢᠨ ᠬᠠᠮᠲᠤ ᠡᠩ ᠤᠨ PE ᠰᠦᠯᠢᠶᠤᠤ ᠪᠦᠷᠬᠦᠪᠴᠢ | ᠪᠠ ᠵᠤᠵᠠᠭᠠᠨ ᠪᠦᠬᠡᠯᠢᠭ ᠰᠦᠯᠢᠶᠤᠤ ᠪᠦᠷᠬᠦᠪᠴᠢ ᠶᠢᠨ ᠬᠡᠷᠡᠭᠯᠡᠭᠴᠢᠳ ᠢ ᠵᠢᠯᠤᠭᠤᠳᠤᠨ ᠲᠤᠭᠲᠠᠭᠠᠯ ᠶᠤᠰᠤᠭᠠᠷ ᠬᠠᠭᠤᠴᠢᠨ ᠬᠠᠶᠠᠭᠳᠠᠮᠠᠯ ᠰᠦᠯᠢᠶᠤᠤ ᠪᠦᠷᠬᠦᠪᠴᠢ ᠶᠢ | ᠬᠤᠷᠢᠶᠠᠨ ᠠᠪᠴᠣ᠂ ᠭᠠᠴᠠᠭ᠎ᠠ ᠲᠤᠰᠬᠤᠨ᠂ ᠪᠠᠯᠭᠠᠰᠣ ᠬᠤᠶᠠᠷ ᠱᠠᠲᠤᠨ ᠤ ᠰᠦᠯᠢᠶᠤᠤ ᠪᠦᠷᠬᠦᠪᠴᠢ ᠬᠤᠷᠢᠶᠠᠨ ᠠᠪᠬᠤ ᠳᠠᠩᠰᠠ ᠪᠠᠶᠢᠭᠤᠯᠤᠨ᠎ᠠ᠃ ᠡᠯ᠎ᠡ ᠪᠠᠯᠭᠠᠰᠣ | 2025 ᠣᠨ ᠤ 4 ᠰᠠᠷ᠎ᠠ ᠶᠢᠨ 15 ᠤ ᠡᠳᠦᠷ ᠠᠴᠠ ᠡᠮᠦᠨ᠎ᠡ᠂ 2024 ᠣᠨ ᠤ ᠰᠦᠯᠢᠶᠤᠤ ᠪᠦᠷᠬᠦᠪᠴᠢ ᠬᠤᠷᠢᠶᠠᠨ ᠠᠪᠤᠭᠰᠠᠨ ᠬᠤᠷᠢᠶᠠᠩᠭᠤᠢ ᠬᠦᠰᠦᠨᠦᠭ᠂ | ᠬᠦᠯᠡᠮᠵᠢ ᠶᠢᠨ ᠪᠦᠷᠬᠦᠪᠴᠢ ᠬᠤᠷᠢᠶᠠᠨ ᠠᠪᠤᠭᠰᠠᠨ ᠬᠤᠷᠢᠶᠠᠩᠭᠤᠢ ᠬᠦᠰᠦᠨᠦᠭ᠂ ᠰᠦᠯᠢᠶᠤᠤ ᠪᠦᠷᠬᠦᠪᠴᠢ ᠬᠤᠷᠢᠶᠠᠨ ᠠᠪᠤᠭᠰᠠᠨ ᠲᠤᠲᠤᠷᠬᠠᠶᠢᠯᠠᠯᠲᠠ ᠶᠢᠨ | ᠬᠦᠰᠦᠨᠦᠭ ᠵᠢᠴᠢ ᠬᠦᠯᠡᠮᠵᠢ ᠶᠢᠨ ᠪᠦᠷᠬᠦᠪᠴᠢ ᠬᠤᠷᠢᠶᠠᠨ ᠠᠪᠤᠭᠰᠠᠨ ᠲᠤᠲᠤᠷᠬᠠᠶᠢᠯᠠᠯᠲᠠ ᠶᠢᠨ ᠬᠦᠰᠦᠨᠦᠭ ᠲᠤ ᠭᠠᠷ ᠤᠨ ᠦᠰᠦᠭ ᠵᠢᠷᠤᠵᠤ ᠲᠠᠮᠠᠭ᠎ᠠ ᠳᠠᠷᠤᠭᠰᠠᠨ | ᠤ ᠳᠠᠷᠠᠭ᠎ᠠ᠂ ᠬᠤᠰᠢᠭᠤ ᠮᠠᠯ ᠲᠠᠷᠢᠶᠠᠯᠠᠩ ᠪᠠ ᠤᠰᠤᠨ ᠠᠰᠢᠭᠯᠠᠯᠳᠠ ᠶᠢᠨ ᠳᠣᠪᠴᠢᠶᠠᠨ ᠳᠤ ᠮᠡᠳᠡᠬᠦᠯᠦᠨ᠎ᠡ᠃ | ᠬᠤᠰᠢᠭᠤ ᠮᠠᠯ ᠲᠠᠷᠢᠶᠠᠯᠠᠩ ᠤᠨ ᠦᠢᠯᠡᠰ ᠤᠨ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠦᠯᠲᠡ ᠶᠢᠨ ᠶᠡᠭᠡ ᠠᠩᠬᠢ ︽ᠲᠠᠷᠢᠶᠠᠯᠠᠩ ᠤᠨ | ᠰᠦᠯᠢᠶᠤᠤ ᠪᠦᠷᠬᠦᠪᠴᠢ ᠶᠢᠨ ᠬᠢᠨᠠᠯᠲᠠ ᠬᠠᠮᠢᠶᠠᠷᠤᠯᠲᠠ ᠶᠢᠨ ᠬᠠᠣᠯᠢ ᠬᠡᠷᠡᠭᠵᠢᠬᠦᠯᠦᠯᠲᠡ ᠶᠢᠨ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠦᠪᠦᠷ ᠮᠠᠯ | ᠲᠠᠷᠢᠶᠠᠯᠠᠩ ᠰᠢᠨᠵᠢᠯᠡᠭᠡ ᠲᠠᠷᠬᠠᠭᠠᠬᠤ︹2023︺310 ᠲᠤᠭᠠᠲᠤ︶ ᠤᠨ ᠱᠠᠭᠠᠷᠳᠠᠯᠭ᠎ᠠ ᠶᠤᠰᠤᠭᠠᠷ᠂ ᠰᠦᠯᠢᠶᠤᠤ ᠪᠦᠷᠬᠦᠪᠴᠢ ᠶᠢᠨ ᠬᠠᠮᠲᠤᠷᠠᠭᠰᠠᠨ ᠬᠢᠨᠠᠨ | ᠬᠠᠮᠢᠶᠠᠷᠤᠯᠲᠠ ᠶᠢᠨ ᠬᠠᠣᠯᠢ ᠬᠡᠷᠡᠭᠵᠢᠬᠦᠯᠦᠯᠲᠡ ᠶᠢᠨ ᠠᠵᠢᠯ ᠳᠤ ᠬᠠᠮᠵᠢᠯᠴᠠᠬᠤ ᠶᠢ ᠬᠠᠷᠢᠭᠤᠴᠠᠵᠤ᠂ ᠪᠠᠷᠢᠮᠵᠢᠶᠠᠨ ᠳᠤ ᠬᠦᠷᠦᠭᠰᠡᠨ ᠦᠬᠡᠢ ᠰᠦᠯᠢᠶᠤᠤ ᠪᠦᠷᠬᠦᠪᠴᠢ | ᠦᠢᠯᠡᠳᠪᠦᠷᠢᠯᠡᠵᠦ ᠪᠤᠷᠤᠯᠠᠭᠤᠯᠤᠭᠰᠠᠨ᠂ ᠲᠤᠭᠲᠠᠭᠠᠯ ᠶᠤᠰᠤᠭᠠᠷ ᠬᠠᠭᠤᠴᠢᠨ ᠬᠠᠶᠠᠭᠳᠠᠮᠠᠯ ᠰᠦᠯᠢᠶᠤᠤ ᠪᠦᠷᠬᠦᠪᠴᠢ ᠶᠢ ᠬᠤᠷᠢᠶᠠᠨ ᠠᠪᠤᠭᠰᠠᠨ ᠦᠬᠡᠢ ᠵᠡᠷᠭᠡ ᠬᠠᠤᠯᠢ | ᠵᠦᠷᠢᠴᠡᠭᠰᠡᠨ ᠠᠵᠢᠯᠯᠠᠭᠠᠨ ᠢ ᠬᠠᠤᠯᠢ ᠶᠤᠰᠤᠭᠠᠷ ᠪᠠᠶᠢᠴᠠᠭᠠᠨ ᠰᠢᠢᠳᠬᠡᠨ᠎ᠡ᠃ | ᠳᠤᠯᠤᠭ᠎ᠠ᠂ ᠪᠠᠲᠤᠯᠠᠭ᠎ᠠ ᠶᠢᠨ ᠠᠷᠭ᠎ᠠ ᠠᠪᠴᠠᠯ | ︵ᠨᠢᠬᠡ︶ ᠵᠤᠬᠢᠶᠠᠨ ᠪᠠᠶᠢᠭᠤᠯᠤᠨ ᠣᠳᠣᠷᠢᠳᠬᠤ ᠪᠠᠨ ᠴᠢᠩᠭᠠᠳᠬᠠᠨ᠎ᠠ᠃ ᠲᠦᠷᠦᠯ ᠵᠦᠢᠯ ᠢ ᠠᠮᠵᠢᠯᠲᠠᠲᠠᠢ ᠬᠡᠷᠡᠭᠵᠢᠬᠦᠯᠵᠦ ᠪᠤᠲᠠᠲᠠᠢ ᠪᠦᠲᠦᠮᠵᠢ ᠣᠯᠬᠤ ᠶᠢ | ᠪᠠᠲᠤᠯᠠᠬᠤ ᠶᠢᠨ ᠲᠤᠰᠠᠳᠠ᠂ ᠬᠤᠰᠢᠭᠤ ᠬᠤᠪᠢᠳᠠᠨ ᠬᠠᠮᠢᠶᠠᠷᠬᠤ ᠬᠤᠰᠢᠭᠤ ᠳᠡᠳ᠋ ᠳᠠᠷᠤᠭ᠎ᠠ ᠪᠠᠷ ᠳᠣᠭᠤᠶᠢᠯᠠᠩ ᠤᠨ ᠳᠠᠷᠤᠭ᠎ᠠ ᠪᠤᠯᠭᠠᠭᠰᠠᠨ ᠰᠦᠯᠢᠶᠤᠤ ᠪᠦᠷᠬᠦᠪᠴᠢ | ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠬᠤᠷᠢᠶᠠᠨ ᠠᠪᠬᠤ ᠲᠤᠷᠰᠢᠯᠲᠠ ᠶᠢᠨ ᠴᠡᠭ ᠤᠨ ᠠᠵᠢᠯ ᠤᠨ ᠣᠳᠣᠷᠢᠳᠬᠤ ᠳᠣᠭᠤᠶᠢᠯᠠᠩ ᠢ ᠪᠠᠶᠢᠭᠤᠯᠵᠤ᠂ ᠲᠤᠷᠰᠢᠯᠲᠠ | ᠶᠢᠨ ᠴᠡᠭ ᠤᠨ ᠡᠯ᠎ᠡ ᠲᠦᠷᠦᠯ ᠤᠨ ᠠᠵᠢᠯ ᠡᠬᠦᠷᠭᠡ ᠶᠢᠨ ᠨᠠᠶᠢᠲᠠᠪᠤᠷᠢᠵᠢᠭᠤᠯᠤᠯᠲᠠ ᠶᠢ ᠲᠦᠯᠦᠪᠵᠢᠬᠦᠯᠦᠨ ᠠᠬᠢᠭᠤᠯᠤᠨ᠎ᠠ᠃ ᠰᠦᠯᠢᠶᠤᠤ ᠪᠦᠷᠬᠦᠪᠴᠢ ᠶᠢ ᠰᠢᠨᠵᠢᠯᠡᠬᠦ | ᠣᠬᠠᠭᠠᠨᠴᠢ ᠪᠠᠷ ᠬᠡᠷᠡᠭᠯᠡᠬᠦ ᠬᠤᠷᠢᠶᠠᠨ ᠠᠪᠬᠤ ᠲᠤᠷᠰᠢᠯᠲᠠ ᠶᠢᠨ ᠴᠡᠭ ᠤᠨ ᠮᠡᠷᠬᠡᠵᠢᠯ ᠤᠨ ᠵᠢᠯᠤᠭᠤᠳᠬᠤ ᠳᠣᠭᠤᠶᠢᠯᠠᠩ ᠢ ᠵᠤᠬᠢᠶᠠᠨ ᠪᠠᠶᠢᠭᠤᠯᠤᠨ᠂ ᠬᠢᠨᠠᠨ | ᠵᠢᠯᠤᠭᠤᠳᠣᠯᠭ᠎ᠠ ᠲᠤᠬᠢᠷᠠᠭᠤᠯᠤᠯᠲᠠ ᠪᠠ ᠮᠡᠷᠬᠡᠵᠢᠯ ᠤᠨ ᠵᠢᠯᠤᠭᠤᠳᠤᠯᠭ᠎ᠠ ᠶᠢᠨ ᠠᠵᠢᠯ ᠢ ᠴᠢᠩᠭᠠᠳᠬᠠᠨ᠎ᠠ᠃ ᠡᠯ᠎ᠡ ᠪᠠᠯᠭᠠᠰᠣ ᠶᠢᠨ ᠬᠢᠨ ᠬᠠᠷᠢᠶ᠎ᠠ ᠭᠠᠵᠠᠷ ᠤᠨ ᠭᠤᠤᠯ | ᠴᠤᠭᠴᠠ ᠶᠢᠨ ᠬᠠᠷᠢᠭᠤᠴᠠᠯᠭ᠎ᠠ ᠪᠠᠨ ᠨᠠᠶᠢᠲᠠᠪᠤᠷᠢᠵᠢᠭᠤᠯᠵᠤ᠂ ᠲᠤᠷᠰᠢᠯᠲᠠ ᠶᠢᠨ ᠴᠡᠭ ᠤᠨ ᠡᠬᠦᠷᠭᠡ ᠶᠢᠨ ᠨᠠᠶᠢᠲᠠᠪᠤᠷᠢᠵᠢᠭᠤᠯᠤᠯᠲᠠ ᠶᠢᠨ ᠠᠵᠢᠯ ᠢ ᠦᠨᠡᠨ ᠬᠦ | ᠰᠠᠶᠢᠲᠤᠷ ᠬᠢᠨ᠎ᠠ᠃ | ︵ᠬᠤᠶᠠᠷ︶ ᠪᠡᠯᠡ ᠮᠦᠩᠭᠦᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠲᠤᠰᠬᠠᠢ ᠪᠡᠯᠡ ᠮᠦᠩᠭᠦᠨ ᠤ ᠬᠠᠮᠢᠶᠠᠷᠤᠯᠲᠠ ᠶᠢᠨ ᠳᠦᠷᠢᠮ ᠢ ᠴᠢᠩᠭ᠎ᠠ | ᠬᠦᠢᠴᠡᠳᠬᠡᠵᠦ᠂ ᠪᠡᠯᠡ ᠮᠦᠩᠭᠦᠨ ᠤ ᠬᠢᠨᠠᠨ ᠬᠠᠮᠢᠶᠠᠷᠤᠯᠲᠠ ᠶᠢ ᠦᠨᠡᠨ ᠬᠦ ᠴᠢᠩᠭᠠᠳᠬᠠᠨ᠂ ᠨᠦᠬᠦᠪᠦᠷᠢ ᠶᠢᠨ ᠮᠦᠩᠭᠦ ᠶᠢ ᠪᠦᠷᠢᠨ ᠬᠦᠢᠴᠡᠳ ᠴᠠᠭ ᠲᠠᠭᠠᠨ | ᠣᠷᠣᠨᠵᠢᠭᠤᠯᠬᠤ ᠶᠢ ᠪᠠᠲᠤᠯᠠᠨ᠎ᠠ᠃ ᠪᠡᠯᠡ ᠮᠦᠩᠭᠦᠨ ᠤ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠬᠦᠯᠵᠦ᠂ ᠪᠡᠯᠡ ᠮᠦᠩᠭᠦᠨ ᠤ ᠬᠡᠷᠡᠭᠯᠡᠯᠲᠡ ᠶᠢᠨ ᠳᠠᠩᠰᠠ ᠶᠢᠨ | ᠳᠦᠷᠢᠮ ᠢ ᠳᠤᠭᠳᠠᠭᠠᠨ᠂ ᠳᠦᠷᠢᠮ ᠲᠤᠭᠲᠠᠭᠠᠯ ᠬᠡᠷᠡᠴᠢ ᠪᠠᠷᠢᠮᠲᠠ ᠲᠦᠪ ᠴᠢᠩᠭ᠎ᠠ ᠪᠦᠷᠢᠨ ᠬᠦᠢᠴᠡᠳ ᠪᠠᠶᠢᠬᠤ ᠶᠢ ᠪᠡᠶᠡᠯᠡᠬᠦᠯᠦᠨ᠎ᠡ᠃ | ︵ᠭᠤᠷᠪᠠ︶ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠎ᠠ᠃ ︽ᠪᠦᠬᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠬᠦᠷᠦᠰᠦ ᠰᠢᠷᠤᠢ ᠶᠢᠨ ᠪᠤᠬᠢᠷᠳᠣᠯ | ᠤᠨ ᠰᠡᠷᠬᠡᠶᠢᠯᠡᠯ ᠵᠠᠰᠠᠯᠲᠠ ᠶᠢᠨ ᠬᠠᠤᠯᠢ︾᠂ ︽ᠲᠠᠷᠢᠶᠠᠯᠠᠩ ᠳᠤ ᠬᠡᠷᠡᠭᠯᠡᠬᠦ ᠰᠦᠯᠢᠶᠤᠤ ᠪᠦᠷᠬᠦᠪᠴᠢ ᠶᠢᠨ ᠬᠠᠮᠢᠶᠠᠷᠤᠯᠲᠠ ᠶᠢᠨ ᠠᠷᠭ᠎ᠠ︾᠂ ︽ᠦᠪᠦᠷ ᠮᠣᠩᠭᠤᠯ | ᠤᠨ ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠳᠤ ᠬᠡᠷᠡᠭᠯᠡᠬᠦ ᠰᠦᠯᠢᠶᠤᠤ ᠪᠦᠷᠬᠦᠪᠴᠢ ᠶᠢᠨ ᠪᠤᠬᠢᠷᠳᠣᠯ ᠤᠨ ᠰᠡᠷᠬᠡᠶᠢᠯᠡᠯ ᠵᠠᠰᠠᠯᠲᠠ ᠶᠢᠨ ᠳᠦᠷᠢᠮ︾ ᠵᠡᠷᠭᠡ | ᠬᠤᠯᠪᠤᠭᠳᠠᠯ ᠪᠦᠬᠦᠢ ᠳᠦᠷᠢᠮ ᠶᠤᠰᠤᠭᠠᠷ᠂ ᠰᠠᠯᠠᠭ᠎ᠠ ᠮᠦᠴᠢᠷ ᠤᠨ ᠠᠵᠢᠯ ᠤᠨ ᠬᠤᠪᠢᠶᠠᠷᠢᠯᠠᠯ ᠲᠠᠢ ᠣᠶᠠᠯᠳᠣᠭᠤᠯᠵᠣ᠂ ᠰᠦᠯᠢᠶᠤᠤ ᠪᠦᠷᠬᠦᠪᠴᠢ ᠶᠢᠨ | ᠦᠢᠯᠡᠳᠪᠦᠷᠢᠯᠡᠯ᠂ ᠪᠤᠷᠤᠯᠠᠭᠤᠯᠭ᠎ᠠ ᠪᠠ ᠬᠡᠷᠡᠭᠯᠡᠯᠲᠡ ᠶᠢᠨ ᠭᠤᠭᠴᠤᠭᠠᠨ ᠤ ᠬᠢᠨᠠᠯᠲᠠ ᠬᠠᠮᠢᠶᠠᠷᠣᠯᠲᠠ ᠪᠠ ᠵᠢᠯᠤᠭᠤᠳᠤᠯᠭ᠎ᠠ ᠶᠢ ᠴᠢᠩᠭᠠᠳᠬᠠᠨ᠎ᠠ᠃ | ︵ᠳᠦᠷᠪᠡ︶ ᠣᠬᠠᠭᠤᠯᠭ᠎ᠠ ᠵᠢᠯᠤᠭᠤᠳᠣᠯᠭ᠎ᠠ ᠪᠠᠨ ᠴᠢᠩᠭᠠᠳᠬᠠᠨ᠎ᠠ᠃ ︽ᠳᠦᠷᠢᠮ︾ ᠤᠨ ᠣᠬᠠᠭᠤᠯᠭ᠎ᠠ ᠶᠢᠨ ᠡᠷᠴᠢᠮ ᠢᠶᠠᠨ ᠴᠢᠩᠭᠠᠳᠬᠠᠨ᠂ ᠰᠦᠯᠵᠢᠶ᠎ᠡ᠂ | ᠰᠢᠯᠵᠢᠶ᠎ᠡ᠂ ᠷᠠᠳᠢᠤ᠋ ᠲᠧᠯᠸᠢᠰ ᠪᠠ ᠪᠢᠴᠢᠭ ᠤᠨ ᠲᠤᠲᠤᠷᠬᠠᠶᠢᠯᠠᠯᠲᠠ ᠵᠡᠷᠭᠡ ᠵᠠᠭᠤᠴᠢᠯᠠᠭᠤᠷ ᠢ ᠬᠦᠢᠴᠡᠳ ᠠᠰᠢᠭᠯᠠᠵᠤ᠂ ᠣᠯᠠᠨ ᠶᠠᠩᠵᠣ ᠶᠢᠨ ᠣᠬᠠᠭᠤᠯᠭ᠎ᠠ ᠶᠢᠨ | ᠠᠵᠢᠯᠯᠠᠭᠠᠨ ᠢ ᠦᠷᠨᠢᠬᠦᠯᠬᠦ ᠶᠢᠨ ᠬᠠᠮᠲᠤ ︽ᠳᠦᠷᠢᠮ︾ ᠢ ᠬᠡᠪ ᠴᠢᠨᠠᠷ ᠢᠶᠠᠷ ᠦᠨᠳᠦᠷ ᠮᠠᠯᠴᠢᠨ ᠲᠠᠷᠢᠶᠠᠴᠢᠨ ᠤ ᠪᠤᠶᠢᠵᠢᠭᠤᠯᠤᠯᠲᠠ ᠵᠡᠷᠭᠡ ᠪᠤᠯᠪᠠᠰᠣᠷᠠᠯ ᠤᠨ | ᠠᠭᠤᠯᠭ᠎ᠠ ᠳᠤ ᠣᠷᠣᠭᠤᠯᠣᠨ᠂ ᠬᠠᠭᠤᠴᠢᠨ ᠬᠠᠶᠠᠭᠳᠠᠮᠠᠯ ᠰᠦᠯᠢᠶᠤᠤ ᠪᠦᠷᠬᠦᠪᠴᠢ ᠶᠢᠨ ᠪᠤᠬᠢᠷᠳᠣᠯ ᠤᠨ ᠬᠦᠨᠦᠬᠡᠯᠲᠦ ᠴᠢᠨᠠᠷ ᠪᠠ ᠬᠤᠷᠢᠶᠠᠨ ᠠᠪᠴᠣ ᠳᠠᠬᠢᠨ | ᠠᠰᠢᠭᠯᠠᠬᠤ ᠠᠴᠢ ᠬᠤᠯᠪᠤᠭᠳᠠᠯ ᠢ ᠶᠡᠬᠡᠪᠡᠷ ᠣᠬᠠᠭᠤᠯᠵᠤ᠂ ᠰᠦᠯᠢᠶᠤᠤ ᠪᠦᠷᠬᠦᠪᠴᠢ ᠶᠢᠨ ᠬᠡᠷᠡᠭᠯᠡᠭᠴᠢᠳ ᠤᠨ ᠬᠠᠭᠤᠴᠢᠨ ᠬᠠᠶᠠᠭᠳᠠᠮᠠᠯ ᠰᠦᠯᠢᠶᠤᠤ ᠪᠦᠷᠬᠦᠪᠴᠢ ᠶᠢ | ᠬᠡᠷᠡᠭᠯᠡᠬᠦ ᠬᠤᠷᠢᠶᠠᠨ ᠠᠪᠬᠤ ᠣᠬᠠᠮᠰᠠᠷᠲᠤ ᠴᠢᠨᠠᠷ ᠪᠠ ᠰᠠᠨᠠᠭᠠᠴᠢᠯᠠᠭᠠᠳᠤ ᠴᠢᠨᠠᠷ ᠢ ᠴᠢᠩᠭᠠᠳᠬᠠᠨ᠎ᠠ᠃ ᠰᠦᠯᠢᠶᠤᠤ ᠪᠦᠷᠬᠦᠪᠴᠢ ᠶᠢ ᠰᠢᠨᠵᠢᠯᠡᠬᠦ ᠣᠬᠠᠭᠠᠨᠴᠢ ᠪᠠᠷ | ᠬᠡᠷᠡᠭᠯᠡᠬᠦ ᠬᠤᠷᠢᠶᠠᠨ ᠠᠪᠬᠤ ᠠᠬᠤᠢ ᠲᠠᠯᠠᠪᠠᠢ ᠶᠢᠨ ᠦᠵᠡᠬᠦᠯᠬᠡ ᠶᠢᠨ ᠬᠤᠷᠠᠯ ᠢ ᠴᠠᠭ ᠲᠤᠬᠠᠢ ᠳᠤᠨᠢ ᠡᠷᠬᠢᠯᠡᠨ᠎ᠡ᠃ | | ᠳᠠᠭᠠᠯᠳᠣᠭᠤᠯᠣᠯ᠄ | | 1. ᠣᠲᠤᠭ ᠤᠨ ᠡᠮᠦᠨᠡᠲᠦ ᠬᠤᠰᠢᠭᠤᠨ ᠤ 2024 — 2025 ᠣᠨ ᠤ ᠰᠦᠯᠢᠶᠤᠤ ᠪᠦᠷᠬᠦᠪᠴᠢ ᠶᠢ ᠰᠢᠨᠵᠢᠯᠡᠬᠦ ᠣᠬᠠᠭᠠᠨᠴᠢ ᠪᠠᠷ ᠬᠡᠷᠡᠭᠯᠡᠬᠦ ᠬᠤᠷᠢᠶᠠᠨ | ᠠᠪᠬᠤ ᠲᠤᠷᠰᠢᠯᠲᠠ ᠶᠢᠨ ᠴᠡᠭ ᠤᠨ ᠠᠵᠢᠯ ᠤᠨ ᠣᠳᠣᠷᠢᠳᠬᠤ ᠳᠣᠭᠤᠶᠢᠯᠠᠩ | 2. ᠣᠲᠤᠭ ᠤᠨ ᠡᠮᠦᠨᠡᠲᠦ ᠬᠤᠰᠢᠭᠤᠨ ᠤ 2024 — 2025 ᠣᠨ ᠤ ᠰᠦᠯᠢᠶᠤᠤ ᠪᠦᠷᠬᠦᠪᠴᠢ ᠶᠢ ᠰᠢᠨᠵᠢᠯᠡᠬᠦ ᠣᠬᠠᠭᠠᠨᠴᠢ ᠪᠠᠷ ᠬᠡᠷᠡᠭᠯᠡᠬᠦ ᠬᠤᠷᠢᠶᠠᠨ | ᠠᠪᠬᠤ ᠲᠤᠷᠰᠢᠯᠲᠠ ᠶᠢᠨ ᠴᠡᠭ ᠤᠨ ᠮᠡᠷᠭᠡᠵᠢᠯ ᠤᠨ ᠵᠢᠯᠤᠭᠤᠳᠬᠤ ᠳᠣᠭᠤᠶᠢᠯᠠᠩ | | ᠳᠠᠭᠠᠯᠳᠣᠭᠤᠯᠣᠯ 1 | | ᠣᠲᠤᠭ ᠤᠨ ᠡᠮᠦᠨᠡᠲᠦ ᠬᠤᠰᠢᠭᠤᠨ ᠤ 2024 — 2025 ᠣᠨ ᠤ ᠰᠦᠯᠢᠶᠤᠤ ᠪᠦᠷᠬᠦᠪᠴᠢ ᠶᠢ ᠰᠢᠨᠵᠢᠯᠡᠬᠦ | ᠣᠬᠠᠭᠠᠨᠴᠢ ᠪᠠᠷ ᠬᠡᠷᠡᠭᠯᠡᠬᠦ ᠬᠤᠷᠢᠶᠠᠨ ᠠᠪᠬᠤ ᠲᠤᠷᠰᠢᠯᠲᠠ ᠶᠢᠨ ᠴᠡᠭ ᠤᠨ ᠠᠵᠢᠯ ᠤᠨ ᠣᠳᠣᠷᠢᠳᠬᠤ ᠳᠣᠭᠤᠶᠢᠯᠠᠩ | | | ᠳᠣᠭᠤᠶᠢᠯᠠᠩ ᠤᠨ ᠳᠠᠷᠤᠭ᠎ᠠ᠄ ᠶᠢᠦ ᠵᠢᠶᠡᠨ ᠴᠢᠩ ᠬᠤᠰᠢᠭᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ | ᠳᠣᠭᠤᠶᠢᠯᠠᠩ ᠤᠨ ᠳᠡᠳ᠋ ᠳᠠᠷᠤᠭ᠎ᠠ᠄ ᠰᠢᠦᠢ ᠭᠤᠸᠠᠩ ᠯᠢᠶᠠᠩ ᠬᠤᠰᠢᠭᠤ ᠮᠠᠯ ᠲᠠᠷᠢᠶᠠᠯᠠᠩ ᠪᠠ ᠤᠰᠤᠨ ᠠᠰᠢᠭᠯᠠᠯᠳᠠ ᠶᠢᠨ ᠳᠣᠪᠴᠢᠶᠠᠨ ᠳᠠᠷᠤᠭ᠎ᠠ | ᠰᠧ ᠪᠣᠣ ᠳ᠋ᠦᠩ ᠬᠤᠰᠢᠭᠤ ᠡᠳ᠋ ᠤᠨ ᠵᠠᠰᠠᠭ ᠤᠨ ᠳᠤᠪᠴᠢᠶᠠᠨ ᠳᠠᠷᠤᠭ᠎ᠠ | ᠯᠢᠦᠢ ᠰᠢᠶᠦ᠋ᠨ ᠶᠢᠩ ᠬᠤᠰᠢᠭᠤ ᠠᠮᠢ ᠠᠬᠤᠢ ᠤᠷᠴᠢᠨ ᠳᠤᠭᠤᠷᠢᠨ ᠤ ᠬᠤᠪᠢᠶᠠᠷᠢ ᠳᠤᠪᠴᠢᠶᠠᠨ ᠳᠠᠷᠤᠭ᠎ᠠ | ᠪᠦᠷᠢᠯᠳᠦᠬᠦᠨ᠄ | ᠰᠧ ᠵᠢᠶᠦ᠋ᠨ ᠢᠦᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ | ᠮᠢᠶᠤᠤ ᠪᠢᠩ ᠹᠸᠢ ᠬᠤᠰᠢᠭᠤ ᠮᠠᠯ ᠲᠠᠷᠢᠶᠠᠯᠠᠩ ᠪᠠ ᠤᠰᠤᠨ ᠠᠰᠢᠭᠯᠠᠯᠳᠠ ᠶᠢᠨ ᠳᠣᠪᠴᠢᠶᠠᠨ ᠳᠡᠳ᠋ ᠳᠠᠷᠤᠭ᠎ᠠ | ᠼᠠᠢ ᠲᠤᠤ ᠵᠢᠦᠢ ᠣᠯᠵᠠᠴᠢ ᠪᠠᠯᠭᠠᠰᠣᠨ ᠤ ᠨᠠᠮ ᠤᠨ ᠬᠤᠷᠢᠶ᠎ᠠ ᠶᠢᠨ ᠬᠡᠰᠢᠬᠦᠨ᠂ ᠵᠡᠪᠰᠡᠭᠲᠤ ᠬᠦᠴᠦᠨ ᠤ | ᠬᠡᠯᠲᠡᠰ ᠤᠨ ᠳᠠᠷᠤᠭ᠎ᠠ | ᠬᠠᠰᠵᠢᠷᠭᠠᠯ ᠱᠠᠩᠬᠠᠢ ᠶᠢᠨ ᠰᠦᠮ᠎ᠡ ᠪᠠᠯᠭᠠᠰᠣᠨ ᠳᠡᠳ᠋ ᠳᠠᠷᠤᠭ᠎ᠠ | ᠵᠢᠶᠠ ᡁᠢ ᠸᠧᠢ ᠪᠤᠷᠤᠪᠠᠯᠭᠠᠰᠣ ᠪᠠᠯᠭᠠᠰᠣᠨ ᠳᠡᠳ᠋ ᠳᠠᠷᠤᠭ᠎ᠠ | ᠰᠢᠶᠧ ᠵᠢᠶᠡᠨ ᠪᠢᠨ ᠨᠠᠩᠰᠣ ᠪᠠᠯᠭᠠᠰᠣᠨ ᠳᠡᠳ᠋ ᠳᠠᠷᠤᠭ᠎ᠠ | ᠯᠢᠦ ᠬᠦᠸᠧ ᠲᠤᠤ ᠬᠤᠰᠢᠭᠤ ᠮᠠᠯ ᠲᠠᠷᠢᠶᠠᠯᠠᠩ ᠤᠨ ᠦᠢᠯᠡᠰ ᠤᠨ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ | ᠬᠠᠤᠯᠢ ᠬᠡᠷᠡᠭᠵᠢᠬᠦᠯᠦᠯᠲᠡ ᠶᠢᠨ ᠶᠡᠭᠡ ᠠᠩᠭᠢ ᠶᠢᠨ ᠳᠠᠷᠤᠭ᠎ᠠ | ᠣᠳᠣᠷᠢᠳᠬᠤ ᠳᠣᠭᠤᠶᠢᠯᠠᠩ ᠤᠨ ᠠᠯᠪᠠᠨ ᠭᠡᠷ ᠢ ᠬᠤᠰᠢᠭᠤ ᠮᠠᠯ ᠲᠠᠷᠢᠶᠠᠯᠠᠩ ᠤᠨ ᠳᠣᠪᠴᠢᠶᠠᠨ ᠳᠤ ᠪᠠᠶᠢᠷᠢᠯᠠᠭᠤᠯᠵᠤ᠂ ᠠᠯᠪᠠᠨ ᠭᠡᠷ ᠤᠨ ᠡᠷᠬᠢᠯᠡᠭᠴᠢ ᠶᠢ | ᠬᠤᠰᠢᠭᠤ ᠮᠠᠯ ᠲᠠᠷᠢᠶᠠᠯᠠᠩ ᠤᠨ ᠳᠣᠪᠴᠢᠶᠠᠨ ᠳᠡᠳ᠋ ᠳᠠᠷᠤᠭ᠎ᠠ ᠮᠢᠶᠤᠤ ᠪᠢᠩ ᠹᠸᠢ ᠲᠤᠰᠢᠶᠠᠯ ᠬᠠᠪᠰᠣᠷᠭᠠᠨ᠎ᠠ᠃ | | | ᠳᠠᠭᠠᠯᠳᠣᠭᠤᠯᠣᠯ 2 | | | ᠣᠲᠤᠭ ᠤᠨ ᠡᠮᠦᠨᠡᠲᠦ ᠬᠤᠰᠢᠭᠤᠨ ᠤ 2023 — 2024 ᠣᠨ ᠤ ᠰᠦᠯᠢᠶᠤᠤ ᠪᠦᠷᠬᠦᠪᠴᠢ ᠶᠢ ᠰᠢᠨᠵᠢᠯᠡᠬᠦ | ᠣᠬᠠᠭᠠᠨᠴᠢ ᠪᠠᠷ ᠬᠡᠷᠡᠭᠯᠡᠬᠦ ᠬᠤᠷᠢᠶᠠᠨ ᠠᠪᠬᠤ ᠲᠤᠷᠰᠢᠯᠲᠠ ᠶᠢᠨ ᠴᠡᠭ ᠤᠨ ᠮᠡᠷᠭᠡᠵᠢᠯ ᠤᠨ ᠵᠢᠯᠤᠭᠤᠳᠬᠤ ᠳᠣᠭᠤᠶᠢᠯᠠᠩ | | | ᠳᠣᠭᠤᠶᠢᠯᠠᠩ ᠤᠨ ᠳᠠᠷᠤᠭ᠎ᠠ᠄ ᠮᠢᠶᠤᠤ ᠪᠢᠩ ᠹᠸᠢ ᠬᠤᠰᠢᠭᠤ ᠮᠠᠯ ᠲᠠᠷᠢᠶᠠᠯᠠᠩ ᠤᠨ ᠳᠣᠪᠴᠢᠶᠠᠨ ᠳᠡᠳ᠋ ᠳᠠᠷᠤᠭ᠎ᠠ | ᠳᠣᠭᠤᠶᠢᠯᠠᠩ ᠤᠨ ᠳᠡᠳ᠋ ᠳᠠᠷᠤᠭ᠎ᠠ᠄ ᠴᠧᠨ ᠰᠢᠶᠤᠤ ᠬᠤᠢ ᠬᠤᠰᠢᠭᠤ ᠮᠠᠯ ᠲᠠᠷᠢᠶᠠᠯᠠᠩ ᠤᠨ ᠦᠢᠯᠡᠰ ᠤᠨ ᠠᠮᠢ ᠠᠬᠤᠢ ᠪᠠ ᠡᠬᠢ ᠪᠠᠶᠠᠯᠢᠭ ᠤᠨ | ᠬᠠᠮᠠᠭᠠᠯᠠᠯᠲᠠ ᠶᠢᠨ ᠲᠦᠪ ᠤᠨ ᠡᠷᠬᠢᠯᠡᠭᠴᠢ | ᠵᠢᠶᠠᠩ ᠪᠠᠢ ᠮᠧᠢ ᠬᠤᠰᠢᠭᠤ ᠤᠶᠤᠨᠴᠢ ᠮᠠᠯ ᠳᠠᠷᠢᠶᠠᠯᠠᠩ ᠤᠰᠤᠨ ᠠᠰᠢᠭᠯᠠᠯᠳᠠ ᠶᠢᠨ ᠤᠶᠢᠯᠡᠴᠢᠯᠡᠬᠡᠨ ᠤ ᠲᠦᠪ | ᠤᠨ ᠡᠷᠬᠢᠯᠡᠭᠴᠢ | ᠪᠦᠷᠢᠯᠳᠦᠬᠦᠨ᠄ | ᠬᠤᠣ ᠰᠧ ᠶᠤᠸᠠᠨ ᠬᠤᠰᠢᠭᠤ ᠮᠠᠯ ᠲᠠᠷᠢᠶᠠᠯᠠᠩ ᠤᠨ ᠦᠢᠯᠡᠰ ᠤᠨ ᠠᠮᠢ ᠠᠬᠤᠢ ᠪᠠ ᠡᠬᠢ ᠪᠠᠶᠠᠯᠢᠭ ᠤᠨ | ᠬᠠᠮᠠᠭᠠᠯᠠᠯᠲᠠ ᠶᠢᠨ ᠲᠦᠪ ᠤᠨ ᠳᠡᠳ᠋ ᠡᠷᠬᠢᠯᠡᠭᠴᠢ | ᠶᠧ ᠶᠥᠩ ᠬᠤᠩ ᠬᠤᠰᠢᠭᠤ ᠮᠠᠯ ᠲᠠᠷᠢᠶᠠᠯᠠᠩ ᠤᠨ ᠦᠢᠯᠡᠰ ᠤᠨ ᠠᠮᠢ ᠠᠬᠤᠢ ᠪᠠ ᠡᠬᠢ ᠪᠠᠶᠠᠯᠢᠭ ᠤᠨ | ᠬᠠᠮᠠᠭᠠᠯᠠᠯᠲᠠ ᠶᠢᠨ ᠲᠦᠪ ᠤᠨ ᠠᠵᠢᠯᠲᠠᠨ | ᠯᠤ᠋ ᠶᠢᠨ ᠬᠤᠢ ᠬᠤᠰᠢᠭᠤ ᠮᠠᠯ ᠲᠠᠷᠢᠶᠠᠯᠠᠩ ᠤᠨ ᠦᠢᠯᠡᠰ ᠤᠨ ᠠᠮᠢ ᠠᠬᠤᠢ ᠪᠠ ᠡᠬᠢ ᠪᠠᠶᠠᠯᠢᠭ ᠤᠨ | ᠬᠠᠮᠠᠭᠠᠯᠠᠯᠲᠠ ᠶᠢᠨ ᠲᠦᠪ ᠤᠨ ᠠᠵᠢᠯᠲᠠᠨ | ᠰᠤᠶᠤᠯᠳᠤ ᠬᠤᠰᠢᠭᠤ ᠮᠠᠯ ᠲᠠᠷᠢᠶᠠᠯᠠᠩ ᠤᠨ ᠦᠢᠯᠡᠰ ᠤᠨ ᠠᠮᠢ ᠠᠬᠤᠢ ᠪᠠ ᠡᠬᠢ ᠪᠠᠶᠠᠯᠢᠭ ᠤᠨ | ᠬᠠᠮᠠᠭᠠᠯᠠᠯᠲᠠ ᠶᠢᠨ ᠲᠦᠪ ᠤᠨ ᠠᠵᠢᠯᠲᠠᠨ | ᠸᠠᠩ ᠰᠢᠶᠣᠣ ᠹᠧᠢ ᠬᠤᠰᠢᠭᠤ ᠮᠠᠯ ᠲᠠᠷᠢᠶᠠᠯᠠᠩ ᠤᠨ ᠦᠢᠯᠡᠰ ᠤᠨ ᠠᠮᠢ ᠠᠬᠤᠢ ᠪᠠ ᠡᠬᠢ ᠪᠠᠶᠠᠯᠢᠭ ᠤᠨ | ᠬᠠᠮᠠᠭᠠᠯᠠᠯᠲᠠ ᠶᠢᠨ ᠲᠦᠪ ᠤᠨ ᠠᠵᠢᠯᠲᠠᠨ | ᠯᠢᠤ ᠹᠧᠨ ᠬᠤᠰᠢᠭᠤ ᠮᠠᠯ ᠲᠠᠷᠢᠶᠠᠯᠠᠩ ᠤᠨ ᠦᠢᠯᠡᠰ ᠤᠨ ᠠᠮᠢ ᠠᠬᠤᠢ ᠪᠠ ᠡᠬᠢ ᠪᠠᠶᠠᠯᠢᠭ ᠤᠨ | ᠬᠠᠮᠠᠭᠠᠯᠠᠯᠲᠠ ᠶᠢᠨ ᠲᠦᠪ ᠤᠨ ᠠᠵᠢᠯᠲᠠᠨ | ᠪᠤᠤ ᠮᠢᠩ ᠵᠧᠨ ᠬᠤᠰᠢᠭᠤ ᠮᠠᠯ ᠲᠠᠷᠢᠶᠠᠯᠠᠩ ᠤᠨ ᠦᠢᠯᠡᠰ ᠤᠨ ᠠᠮᠢ ᠠᠬᠤᠢ ᠪᠠ ᠡᠬᠢ ᠪᠠᠶᠠᠯᠢᠭ ᠤᠨ | ᠬᠠᠮᠠᠭᠠᠯᠠᠯᠲᠠ ᠶᠢᠨ ᠲᠦᠪ ᠤᠨ ᠠᠵᠢᠯᠲᠠᠨ | | |