5 ᠰᠠᠷ᠎ᠠ ᠶᠢᠨ 19 ᠤ ᠡᠳᠦᠷ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ ᠬᠤᠰᠢᠭᠤ ᠨᠠᠮ ᠤᠨ ᠬᠤᠷᠢᠶᠠᠨ ᠤ ᠱᠦᠵᠢ ᠶᠢᠨ ᠲᠤᠰᠬᠠᠢ | ᠰᠡᠳᠦᠪᠲᠤ ᠬᠤᠷᠠᠯ ᠢ ᠡᠷᠬᠢᠯᠡᠨ ᠬᠤᠷᠠᠯᠳᠣᠭᠤᠯᠵᠣ᠂ ᠠᠶᠤᠯᠬᠦᠢ ᠦᠢᠯᠡᠳᠪᠦᠷᠢᠯᠡᠯ ᠤᠨ ᠠᠵᠢᠯ ᠢ ᠰᠣᠳᠣᠯᠣᠨ ᠪᠠᠶᠢᠷᠢᠯᠠᠭᠤᠯᠪᠠ᠃ | ᠸᠠᠩ ᠢᠦᠢ ᠴᠢᠶᠠᠩ ᠠᠴᠠ ︽ᠭᠤᠷᠪᠠ ᠶᠢ ᠡᠷᠬᠡᠪᠰᠢ ᠪᠠᠶᠢᠴᠠᠭᠠᠬᠤ︾ ᠶᠢ ᠪᠡᠶᠡᠯᠡᠬᠦᠯᠬᠦ ᠬᠡᠷᠡᠭᠲᠡᠢ᠃ ᠬᠢᠨᠠᠨ ᠡᠵᠡᠮᠳᠡᠯ ᠤᠨ ᠳᠦᠭᠰᠢᠬᠦᠷᠢ ᠪᠠᠨ ᠨᠠᠷᠢᠯᠢᠭ | ᠤᠨᠤᠪᠴᠢᠲᠠᠢ ᠪᠠᠷ ᠢᠯᠭᠠᠵᠤ ᠲᠠᠨᠢᠨ᠂ ᠲᠡᠰ ᠢᠯᠭᠠᠨ ᠲᠦᠷᠦᠯ ᠬᠤᠪᠢᠶᠠᠭᠰᠠᠨ ᠰᠠᠭᠤᠷᠢᠨ ᠳᠡᠭᠡᠷ᠎ᠡ᠂ ᠲᠤᠰᠬᠠᠢ ᠠᠵᠢᠯᠲᠠᠨ ᠤ ᠬᠦᠴᠦᠨ ᠢ ᠵᠤᠬᠢᠶᠠᠨ ᠪᠠᠶᠢᠭᠤᠯᠵᠤ᠂ | ᠬᠠᠮᠲᠤᠷᠠᠨ ᠪᠠᠶᠢᠴᠠᠭᠠᠬᠤ ᠳᠣᠭᠤᠶᠢᠯᠠᠩ ᠢ ᠪᠠᠶᠢᠭᠤᠯᠤᠨ᠂ ᠳᠠᠰᠢᠷᠠᠮ ᠢᠶᠠᠷ ᠪᠠᠶᠢᠴᠠᠭᠠᠬᠤ᠂ ᠳᠠᠯᠳᠠᠭᠤᠷ ᠪᠠᠶᠢᠴᠠᠭᠠᠨ ᠰᠣᠷᠪᠣᠯᠵᠢᠯᠠᠬᠤ᠂ ᠡᠬᠡᠯᠵᠢᠯᠡᠨ ᠪᠠᠶᠢᠴᠠᠭᠠᠬᠤ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠢᠬᠡ ᠳᠤ ᠡᠮᠨᠡᠯᠬᠡ ᠶᠢᠨ ᠬᠤᠷᠢᠶ᠎ᠠ᠂ ᠰᠣᠷᠭᠠᠭᠤᠯᠢ᠂ ᠨᠠᠰᠣᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠬᠤᠳᠠᠯᠳᠣᠭᠠᠨ | ᠤ ᠴᠤᠭᠴᠠ᠂ ᠦᠵᠡᠮᠵᠢ ᠶᠢᠨ ᠭᠠᠵᠠᠷ᠂ ᠣᠯᠠᠨ ᠨᠠᠶᠢᠲᠠ ᠶᠢᠨ ᠵᠤᠭ᠎ᠠ ᠴᠡᠩᠬᠡᠯ ᠤᠨ ᠭᠠᠵᠠᠷ ᠵᠢᠴᠢ ᠲᠦᠷᠢᠶᠡᠰᠦᠨ ᠭᠡᠷ᠂ ᠨᠠᠶᠢᠲᠠ ᠶᠢᠨ ᠰᠠᠭᠤᠴᠠ᠂ ᠬᠠᠭᠤᠴᠢᠨ | ᠰᠠᠭᠤᠭᠠᠯᠢ ᠲᠤᠭᠤᠷᠢᠭ᠂ ᠬᠡᠷ ᠪᠠᠶᠢᠰᠢᠩ᠂ ᠦᠪᠡᠷᠲᠡᠬᠡᠨ ᠪᠠᠶᠢᠭᠤᠯᠤᠭᠰᠠᠨ ᠬᠡᠷ ᠪᠠᠶᠢᠰᠢᠩ᠂ ᠠᠵᠢᠯᠲᠠᠳ ᠤᠨ ᠪᠠᠶᠢᠷᠢ ᠵᠡᠷᠭᠡ ᠬᠦᠮᠦᠨ ᠣᠯᠠᠨ ᠴᠤᠭᠯᠠᠷᠠᠭᠰᠠᠨ | ᠲᠠᠯᠠᠪᠣᠷ ᠪᠠ ᠬᠠᠮᠠᠭᠠᠯᠠᠯᠲᠠ ᠪᠠᠷᠤᠭᠲᠠᠢ ᠣᠷᠣᠨ ᠪᠦᠰᠡ ᠶᠢ ᠡᠷᠬᠡᠪᠰᠢ ᠪᠠᠶᠢᠴᠠᠭᠠᠬᠤ ᠬᠡᠷᠡᠭᠲᠡᠢ︔ ᠬᠤᠶᠠᠷ ᠲᠤ᠂ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠠᠵᠤ | ᠠᠬᠤᠶᠢᠯᠠᠯ᠂ ᠪᠠᠷᠢᠯᠭ᠎ᠠ ᠶᠢᠨ ᠭᠠᠵᠠᠷ ᠵᠡᠷᠭᠡ ᠦᠨᠳᠦᠷ ᠳᠦᠭᠰᠢᠬᠦᠷᠢᠲᠦ ᠲᠠᠯᠠᠪᠤᠷ ᠢ ᠡᠷᠬᠡᠪᠰᠢ ᠪᠠᠶᠢᠴᠠᠭᠠᠬᠤ ᠬᠡᠷᠡᠭᠲᠡᠢ︔ ᠭᠤᠷᠪᠠ ᠳᠤ᠂ ᠨᠡᠬᠦᠷᠡᠰᠦᠨ ᠠᠭᠤᠷᠬᠠᠢ᠂ | ᠠᠶᠤᠯᠲᠠᠢ ᠬᠢᠮᠢ ᠶᠢᠨ ᠪᠤᠳᠠᠰ ᠫᠤᠤᠵᠢᠩ᠂ ᠨᠡᠬᠦᠷᠡᠰᠦᠨ ᠤ ᠪᠤᠰᠤ ᠠᠭᠤᠷᠬᠠᠢ᠂ ᠵᠠᠮ ᠬᠠᠷᠢᠯᠴᠠᠭ᠎ᠠ᠂ ᠭᠠᠯ ᠰᠡᠷᠬᠡᠶᠢᠯᠡᠯᠲᠡ ᠵᠡᠷᠭᠡ ᠦᠨᠳᠦᠷ ᠳᠦᠭᠰᠢᠬᠦᠷᠢᠲᠦ ᠬᠦᠷᠢᠶ᠎ᠡ | ᠴᠠᠷᠠᠭ᠎ᠠ ᠪᠠ ᠭᠤᠤᠯᠳᠠᠯᠭᠠᠲᠤ ᠠᠵᠢᠯ ᠲᠦᠷᠦᠯ ᠢ ᠡᠷᠬᠡᠪᠰᠢ ᠪᠠᠶᠢᠴᠠᠭᠠᠬᠤ ᠬᠡᠷᠡᠭᠲᠡᠢ︔ ᠡᠷᠬᠡᠪᠰᠢ ᠪᠦᠬᠦ ᠲᠠᠯ᠎ᠠ ᠪᠠᠷ ᠪᠦᠬᠦ ᠪᠦᠷᠬᠦᠴᠡ ᠪᠠᠷ ᠨᠠᠶᠢᠲᠡᠮ ᠪᠠᠶᠢᠴᠠᠭᠠᠬᠤ | ᠬᠡᠷᠡᠭᠲᠡᠢ᠃ ︽ᠳᠦᠷᠪᠡᠨ ᠡᠷᠬᠡᠪᠰᠢ ᠬᠠᠮᠢᠶᠠᠷᠬᠤ︾ ᠶᠢ ᠪᠡᠶᠡᠯᠡᠬᠦᠯᠬᠦ ᠬᠡᠷᠡᠭᠲᠡᠢ᠃ ᠨᠢᠬᠡ ᠳᠤ᠂ ᠬᠤᠪᠢᠳᠠᠨ ᠬᠠᠮᠢᠶᠠᠷᠬᠤ ᠰᠢᠶᠡᠨ ᠤ ᠲᠡᠰ ᠤᠨ ᠣᠳᠣᠷᠢᠳᠣᠯᠭ᠎ᠠ ᠠᠴᠠ | ᠠᠮᠣᠷ ᠳᠦᠪᠰᠢᠨ ᠢ ᠡᠷᠬᠡᠪᠰᠢ ᠬᠠᠮᠢᠶᠠᠷᠣᠨ᠂ ᠠᠶᠤᠯᠬᠦᠢ ᠦᠢᠯᠡᠳᠪᠦᠷᠢᠯᠡᠯ ᠤᠨ ᠠᠵᠢᠯ ᠤᠨ ᠪᠠᠶᠢᠩᠭᠤᠵᠢᠭᠰᠠᠨ ᠲᠤᠬᠢᠷᠠᠭᠤᠯᠤᠯᠲᠠ ᠶᠢ ᠴᠢᠩᠭᠠᠳᠬᠠᠵᠤ᠂ | ᠲᠤᠭᠲᠠᠭᠰᠠᠨ ᠬᠤᠭᠤᠴᠠᠭ᠎ᠠ ᠲᠠᠢ ᠪᠠᠷ ᠵᠠᠳᠠᠯᠤᠨ ᠮᠠᠭᠠᠳᠯᠠᠵᠤ ᠪᠠᠶᠢᠴᠠᠭᠠᠨ ᠪᠠᠶᠢᠷᠢᠯᠠᠭᠤᠯᠬᠤ ᠬᠡᠷᠡᠭᠲᠡᠢ᠃ ᠬᠤᠶᠠᠷ ᠲᠤ᠂ ᠠᠵᠤ ᠠᠬᠤᠢ ᠶᠢᠨ ᠨᠡᠭᠡᠭᠡᠯᠲᠡ ᠶᠢᠨ ᠣᠷᠣᠨ᠂ | ᠡᠯ᠎ᠡ ᠪᠠᠯᠭᠠᠰᠣ ᠠᠴᠠ ᠠᠮᠣᠷ ᠳᠦᠪᠰᠢᠨ ᠢ ᠡᠷᠬᠡᠪᠰᠢ ᠬᠠᠮᠢᠶᠠᠷᠤᠨ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠴᠢᠩᠭ᠎ᠠ ᠰᠠᠶᠢᠲᠤᠷ | ᠨᠠᠶᠢᠲᠠᠪᠤᠷᠢᠵᠢᠭᠤᠯᠵᠤ᠂ ᠭᠤᠤᠯ ᠬᠠᠷᠢᠭᠤᠴᠠᠯᠭᠠᠲᠠᠳ ᠠᠴᠠ ︽ᠨᠢᠬᠡᠳᠦᠬᠡᠷ ᠬᠠᠷᠢᠭᠤᠴᠠᠯᠭᠠᠲᠠᠨ︾ ᠤ ᠲᠤᠰᠢᠶᠠᠯ ᠬᠠᠷᠢᠭᠤᠴᠠᠯᠭ᠎ᠠ ᠪᠠᠨ ᠡᠬᠦᠷᠭᠡᠯᠡᠨ᠂ ᠪᠡᠶᠡᠴᠢᠯᠡᠨ | ᠵᠢᠯᠤᠭᠤᠳᠴᠤ ᠲᠦᠷᠦᠬᠦᠯᠡᠨ ᠵᠤᠬᠢᠴᠠᠭᠤᠯᠬᠤ ᠬᠡᠷᠡᠭᠲᠡᠢ᠃ ᠭᠤᠷᠪᠠ ᠳᠤ᠂ ᠡᠯ᠎ᠡ ᠠᠵᠢᠯ ᠲᠦᠷᠦᠯ᠂ ᠡᠯ᠎ᠡ ᠬᠦᠷᠢᠶ᠎ᠡ ᠴᠠᠷᠠᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠠᠴᠠ ᠠᠮᠣᠷ ᠳᠦᠪᠰᠢᠨ ᠢ ᠡᠷᠬᠡᠪᠰᠢ ᠬᠠᠮᠢᠶᠠᠷᠴᠤ᠂ ᠲᠤᠰ ᠪᠡᠶ᠎ᠡ ᠶᠢᠨ ᠠᠮᠣᠷ ᠳᠦᠪᠰᠢᠨ ᠤ ᠡᠬᠦᠷᠭᠡ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠣᠶᠢᠯᠠᠭᠠᠵᠤ | ᠡᠵᠡᠮᠳᠡᠨ᠂ ᠠᠶᠤᠯᠬᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠰᠠᠶᠢᠲᠤᠷ ᠨᠠᠶᠢᠲᠠᠪᠤᠷᠢᠵᠢᠭᠤᠯᠵᠤ᠂ ᠡᠯ᠎ᠡ ᠴᠠᠷᠠᠭᠠᠨ ᠤ ᠪᠠᠴᠢᠮ | ᠪᠠᠶᠢᠳᠠᠯ ᠢ ᠠᠷᠭᠠᠴᠠᠨ ᠬᠠᠮᠢᠶᠠᠷᠬᠤ ᠴᠢᠳᠠᠪᠤᠷᠢ ᠪᠠᠨ ᠦᠨᠡᠨ ᠬᠦ ᠳᠡᠭᠡᠭᠰᠢᠯᠡᠬᠦᠯᠬᠦ ᠬᠡᠷᠡᠭᠲᠡᠢ᠃ ᠳᠦᠷᠪᠡ ᠳᠤ᠂ ᠡᠯ᠎ᠡ ᠠᠵᠤ ᠠᠬᠤᠶᠢᠯᠠᠯ ᠠᠴᠠ ᠠᠮᠣᠷ ᠳᠦᠪᠰᠢᠨ ᠢ | ᠡᠷᠬᠡᠪᠰᠢ ᠬᠠᠮᠢᠶᠠᠷᠤᠨ᠂ ᠠᠶᠤᠯᠬᠦᠢ ᠦᠢᠯᠡᠳᠪᠦᠷᠢᠯᠡᠯ ᠤᠨ ᠣᠷᠣᠭᠤᠯᠣᠯᠲᠠ ᠶᠢᠨ ᠡᠷᠴᠢᠮ ᠢᠶᠠᠨ ᠦᠷᠬᠦᠯᠵᠢᠯᠡᠨ ᠴᠢᠩᠭᠠᠳᠬᠠᠵᠤ᠂ ᠠᠶᠤᠯ ᠳᠦᠭᠰᠢᠬᠦᠷᠢ ᠢ ᠲᠡᠰ | ᠬᠤᠪᠢᠶᠠᠨ ᠬᠢᠨᠠᠨ ᠡᠵᠡᠮᠳᠡᠬᠦ ᠪᠠ ᠳᠠᠯᠳᠠ ᠬᠡᠮ ᠢ ᠪᠠᠶᠢᠴᠠᠭᠠᠨ ᠵᠠᠰᠠᠬᠤ ᠬᠤᠤᠰ ᠣᠷᠢᠳᠴᠢᠯᠠᠨ ᠰᠡᠷᠬᠡᠶᠢᠯᠡᠯᠲᠡ ᠶᠢᠨ ᠠᠵᠢᠯ ᠤᠨ ᠲᠤᠭᠲᠠᠴᠠ ᠶᠢ ᠦᠳᠲᠡᠷ | ᠲᠡᠬᠦᠯᠳᠡᠷᠵᠢᠬᠦᠯᠦᠨ᠂ ᠠᠶᠤᠯᠬᠦᠢ ᠦᠢᠯᠡᠳᠪᠦᠷᠢᠯᠡᠯ ᠤᠨ ᠳᠦᠷᠢᠮ ᠲᠤᠭᠲᠠᠭᠠᠯ ᠪᠠ ᠠᠵᠢᠯᠯᠠᠭᠠᠨ ᠤ ᠳᠦᠷᠢᠮᠵᠢᠯ ᠢ ᠲᠤᠭᠲᠠᠭᠠᠨ ᠪᠦᠷᠢᠨᠵᠢᠬᠦᠯᠬᠦ ᠬᠡᠷᠡᠭᠲᠡᠢ᠃ ︽ᠲᠠᠪᠤ | ᠶᠢ ᠣᠷᠣᠨᠵᠢᠭᠤᠯᠬᠤ︾ ᠶᠢ ᠪᠡᠶᠡᠯᠡᠬᠦᠯᠬᠦ ᠬᠡᠷᠡᠭᠲᠡᠢ᠃ ᠨᠢᠬᠡ ᠳᠤ᠂ ᠦᠵᠡᠯᠲᠡ ᠲᠠᠨᠢᠯᠲᠠ ᠪᠠᠨ ᠣᠷᠣᠨᠵᠢᠭᠤᠯᠬᠤ ᠬᠡᠷᠡᠭᠲᠡᠢ᠃ ᠮᠢᠨᠴᠦᠷᠡᠬᠦ ᠦᠵᠡᠯ ᠰᠠᠨᠠᠭ᠎ᠠ ᠪᠠ | ᠲᠠᠶᠢᠪᠤᠰᠢᠷᠠᠬᠤ ᠰᠡᠳᠬᠢᠬᠦᠢ ᠶᠢ ᠡᠷᠡᠰ ᠳᠡᠪᠴᠢᠵᠦ᠂ ᠳᠦᠭᠰᠢᠬᠦᠷᠢᠲᠦ ᠤᠬᠠᠮᠰᠠᠷ ᠪᠠ ᠬᠤᠷᠢᠭ᠎ᠠ ᠱᠣᠭᠤᠮ ᠤᠨ ᠰᠡᠳᠬᠢᠬᠦᠢ ᠪᠠᠨ ᠣᠯᠠᠮ ᠴᠢᠩᠭᠠᠳᠬᠠᠬᠤ ᠬᠡᠷᠡᠭᠲᠡᠢ᠃ | ᠬᠤᠶᠠᠷ ᠲᠤ᠂ ᠠᠰᠠᠭᠤᠳᠠᠯ ᠤᠨ ᠴᠡᠭᠴᠡᠯᠡᠯᠲᠡ ᠪᠠᠨ ᠣᠷᠣᠨᠵᠢᠭᠤᠯᠬᠤ ᠬᠡᠷᠡᠭᠲᠡᠢ᠃ ᠪᠠᠶᠢᠴᠠᠭᠠᠵᠤ ᠭᠠᠷᠭᠠᠭᠰᠠᠨ ᠠᠮᠣᠷ ᠳᠦᠪᠰᠢᠨ ᠤ ᠳᠠᠯᠳᠠ ᠬᠡᠮ ᠪᠠ ᠠᠰᠠᠭᠤᠳᠠᠯ | ᠪᠦᠬᠦᠨ ᠢ ᠳᠠᠩᠰᠠᠯᠠᠨ᠂ ᠵᠤᠷᠪᠤᠰᠯᠠᠨ ᠨᠠᠷᠢᠯᠢᠭᠵᠢᠭᠤᠯᠵᠤ᠂ ᠠᠵᠢᠯ ᠤᠨ ᠪᠠᠶᠢᠷᠢ ᠳᠤ ᠪᠤᠲᠠᠲᠠᠶᠢᠵᠢᠭᠤᠯᠤᠨ᠂ ᠬᠦᠮᠦᠨ ᠳᠤ ᠨᠠᠶᠢᠲᠠᠪᠤᠷᠢᠵᠢᠭᠤᠯᠵᠤ᠂ ᠲᠡᠰ ᠲᠡᠰ ᠢᠶᠠᠷ | ᠲᠤᠲᠤᠷᠬᠠᠶᠢᠯᠠᠨ᠂ ᠲᠦᠷᠦᠯ ᠲᠦᠷᠦᠯ ᠢᠶᠠᠷ ᠨᠠᠶᠢᠲᠠᠪᠤᠷᠢᠵᠢᠭᠤᠯᠬᠤ ᠬᠡᠷᠡᠭᠲᠡᠢ᠃ ᠭᠤᠷᠪᠠ ᠳᠤ᠂ ᠣᠬᠠᠭᠤᠯᠭ᠎ᠠ ᠬᠦᠮᠦᠵᠢᠯ ᠪᠤᠯᠪᠠᠰᠣᠷᠠᠯ ᠢᠶᠠᠨ ᠣᠷᠣᠨᠵᠢᠭᠤᠯᠬᠤ | ᠬᠡᠷᠡᠭᠲᠡᠢ᠃ ᠠᠮᠣᠷ ᠳᠦᠪᠰᠢᠨ ᠤ ᠬᠦᠮᠦᠵᠢᠯ ᠪᠤᠯᠪᠠᠰᠣᠷᠠᠯ ᠢ ᠠᠶᠤᠯᠬᠦᠢ ᠦᠢᠯᠡᠳᠪᠦᠷᠢᠯᠡᠯ ᠤᠨ ᠠᠵᠢᠯ ᠤᠨ ᠪᠦᠬᠦᠯᠢ ᠴᠤᠭᠴᠠ ᠶᠢᠨ ᠲᠦᠯᠦᠪᠵᠢᠬᠦᠯᠬᠡ ᠳᠤ | ᠣᠷᠣᠭᠤᠯᠵᠣ᠂ ᠨᠠᠷᠢᠯᠢᠭ ᠲᠤᠲᠤᠷᠬᠠᠢ ᠣᠨ ᠤ ᠪᠤᠯᠪᠠᠰᠣᠷᠠᠯ ᠤᠨ ᠲᠦᠯᠦᠪᠯᠡᠭᠡ ᠪᠠ ᠣᠷᠲᠣ ᠬᠤᠭᠤᠴᠠᠭᠠᠨ ᠤ ᠪᠤᠯᠪᠠᠰᠣᠷᠠᠯ ᠤᠨ ᠬᠠᠷᠠᠯᠲᠠ ᠪᠠᠨ ᠲᠤᠭᠲᠠᠭᠠᠬᠤ | ᠬᠡᠷᠡᠭᠲᠡᠢ᠃ ᠳᠦᠷᠪᠡ ᠳᠤ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠪᠠᠨ ᠣᠷᠣᠨᠵᠢᠭᠤᠯᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠦᠰᠦᠯ | ᠪᠠ ᠲᠤᠰᠬᠠᠢ ᠲᠦᠰᠦᠯ ᠳᠤ ᠵᠠᠰᠠᠪᠤᠷᠢ ᠣᠷᠣᠭᠤᠯᠣᠨ ᠲᠡᠬᠦᠯᠳᠡᠷᠵᠢᠬᠦᠯᠵᠦ᠂ ᠭᠠᠯ ᠰᠡᠷᠬᠡᠶᠢᠯᠡᠯᠲᠡ ᠶᠢᠨ ᠠᠪᠤᠷᠠᠯᠲᠠ ᠶᠢᠨ ᠡᠩᠨᠡᠭᠡ᠂ ᠠᠶᠤᠯᠬᠦᠢ ᠦᠢᠯᠡᠳᠪᠦᠷᠢᠯᠡᠯ ᠤᠨ | ᠲᠤᠰᠬᠠᠢ ᠠᠪᠤᠷᠠᠯᠲᠠ ᠶᠢᠨ ᠡᠩᠨᠡᠭᠡᠨ ᠤ ᠪᠠᠶᠢᠭᠤᠯᠤᠯᠲᠠ ᠪᠠᠨ ᠴᠢᠩᠭᠠᠳᠬᠠᠬᠤ ᠬᠡᠷᠡᠭᠲᠡᠢ᠃ ᠲᠠᠪᠤ ᠳᠤ᠂ ᠡᠬᠦᠷᠭᠡ ᠬᠠᠷᠢᠭᠤᠴᠠᠯᠭ᠎ᠠ ᠪᠠᠨ ᠨᠠᠶᠢᠲᠠᠪᠤᠷᠢᠵᠢᠭᠤᠯᠤᠨ | ᠣᠷᠣᠨᠵᠢᠭᠤᠯᠬᠤ ᠬᠡᠷᠡᠭᠲᠡᠢ᠃ ᠪᠠᠶᠢᠴᠠᠭᠠᠯᠲᠠ ᠶᠢᠨ ᠬᠠᠷᠢᠭᠤᠴᠠᠯᠭ᠎ᠠ᠂ ᠬᠠᠣᠯᠢ ᠬᠡᠷᠡᠭᠵᠢᠬᠦᠯᠦᠯᠲᠡ ᠶᠢᠨ ᠬᠠᠷᠢᠭᠤᠴᠠᠯᠭ᠎ᠠ ᠪᠠ ᠴᠡᠭᠴᠡᠯᠡᠯᠲᠡ ᠶᠢᠨ ᠬᠠᠷᠢᠭᠤᠴᠠᠯᠭ᠎ᠠ ᠪᠠᠨ | ᠴᠢᠩᠭ᠎ᠠ ᠨᠠᠶᠢᠲᠠᠪᠤᠷᠢᠵᠢᠭᠤᠯᠵᠤ᠂ ᠪᠢᠴᠢᠭ ᠮᠡᠲ᠋ᠧᠷᠢᠶᠡᠯ ᠬᠤᠷᠠᠯ ᠢᠶᠠᠷ ᠨᠠᠶᠢᠲᠠᠪᠤᠷᠢᠵᠢᠭᠤᠯᠤᠯᠲᠠ ᠶᠢ ᠣᠷᠣᠯᠠᠭᠤᠯᠤᠨ ᠱᠠᠲᠤ ᠱᠠᠲᠤ ᠪᠠᠷ ᠬᠤᠭᠤᠰᠤᠨ | ᠨᠠᠶᠢᠲᠠᠪᠤᠷᠢᠵᠢᠭᠤᠯᠵᠤ ᠪᠤᠯᠬᠤ ᠦᠬᠡᠢ ᠬᠡᠪᠡ᠃ | ᠬᠤᠰᠢᠭᠤ ᠣᠳᠣᠷᠢᠳᠣᠯᠭ᠎ᠠ ᠶᠠᠩ ᠶᠢᠩ ᠰᠢᠨ᠂ ᠴᠢᠦ ᠯᠢᠨ᠂ ᠭᠤᠤ ᠢᠦᠢ᠂ ᠶᠢᠦ ᠵᠢᠶᠡᠨ ᠴᠢᠩ᠂ ᠰᠢᠦᠢ ᠬᠤᠤ ᠪᠦᠸᠧ᠂ ᠳ᠋ᠣᠸᠡᠨ ᡁᠢ ᠴᠢᠶᠠᠩ᠂ ᠹᠧᠩ | ᠴᠦᠨ ᠬᠤᠸᠠ᠂ ᠵᠠᠩ ᡁᠢ ᠶᠦᠩ᠂ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠣᠳᠣᠷᠢᠳᠣᠯᠭ᠎ᠠ ᠵᠢᠶᠠ ᠰᠢᠶᠠᠩ ᠪᠢᠩ ᠵᠢᠴᠢ ᠡᠯ᠎ᠡ | ᠪᠠᠯᠭᠠᠰᠣ᠂ ᠬᠤᠰᠢᠭᠤ ᠰᠢᠭᠤᠳ ᠬᠠᠷᠢᠶ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ | ᠲᠤᠲᠤᠭᠠᠲᠤ ᠪᠠᠶᠢᠭᠤᠯᠤᠮᠵᠢ᠂ ᠬᠤᠰᠢᠭᠤ ᠬᠠᠷᠢᠶ᠎ᠠ ᠣᠯᠣᠰ ᠤᠨ ᠦᠮᠴᠢᠯᠡᠯᠲᠦ ᠠᠵᠤ ᠠᠬᠤᠶᠢᠯᠠᠯ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ |