5 ᠰᠠᠷ᠎ᠠ ᠶᠢᠨ 22 ᠤᠨ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠱᠦᠵᠢ ᠸᠠᠩ ᠢᠦᠢ ᠴᠢᠶᠠᠩ ᠨᠠᠩᠰᠦ ᠪᠠᠯᠭᠠᠰᠣᠨ ᠳᠤ ᠬᠦᠨᠵᠡᠭᠡᠶᠢᠷᠡᠨ ᠣᠯᠠᠨ ᠲᠦᠮᠠᠨ | ᠤ ᠵᠠᠬᠢᠳᠠᠯ ᠰᠣᠷᠪᠣᠯᠵᠢᠯᠠᠭ᠎ᠠ ᠶᠢ ᠬᠦᠯᠢᠶᠠᠨ ᠠᠪᠬᠤ ᠶᠢᠨ ᠬᠠᠮᠳᠦ ᠲᠣᠭᠤᠷᠢᠨ ᠪᠠᠶᠢᠴᠠᠭᠠᠯᠳᠠ ᠪᠠᠷ ᠬᠠᠷᠢᠭᠤ ᠲᠣᠰᠬᠠᠭᠰᠠᠨ ᠵᠠᠬᠢᠳᠠᠯ ᠰᠣᠷᠪᠣᠯᠵᠢᠯᠠᠭ᠎ᠠ ᠶᠢᠨ ᠶᠠᠪᠣᠳᠠᠯ | ᠤᠨ ᠲᠣᠬᠢᠷᠠᠭᠤᠯᠣᠯᠳᠠ ᠶᠢᠨ ᠬᠤᠷᠠᠯ ᠢ ᠡᠷᠬᠢᠯᠡᠨ ᠬᠤᠷᠠᠯᠳᠣᠭᠤᠯᠪᠠ᠃ | | | | ᠸᠠᠩ ᠢᠦᠢ ᠴᠢᠶᠠᠩ᠂ ︽ᠰᠢᠢᠳᠪᠦᠷᠢᠯᠡᠭᠦ ᠰᠡᠳᠬᠢᠬᠦᠢ︾ ᠶᠢ ᠪᠣᠢ ᠪᠣᠯᠭᠠᠨ᠂ ᠬᠤᠷᠠᠮᠳᠣᠯ ᠬᠡᠷᠡᠭ ᠶᠠᠪᠣᠳᠠᠯ ᠢ ︽ᠰᠠᠶᠢᠳᠦᠷ ᠰᠢᠢᠳᠪᠦᠷᠢᠯᠡᠭᠦ︾ ᠬᠡᠷᠡᠭᠳᠡᠢ᠃ | ᠬᠡᠷᠡᠭ ᠣᠴᠢᠷ ᠢ ᠦᠨᠡᠨ ᠪᠣᠳᠠᠳᠠᠢ ᠰᠢᠢᠳᠪᠦᠷᠢᠯᠡᠭᠦ ᠪᠠᠷ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠭᠤᠣᠯ ᠴᠦᠮ᠎ᠡ ᠪᠣᠯᠭᠠᠨ᠂ ᠨᠢᠭᠡᠳ ᠨᠢᠭᠡ ᠪᠠᠷ ᠰᠢᠨᠵᠢᠯᠡᠨ | ᠵᠠᠳᠠᠯᠵᠣ᠂ ᠬᠠᠣᠯᠢ ᠴᠠᠭᠠᠵᠠ ᠪᠣᠯᠣᠨ ᠲᠦᠷᠦ ᠶᠢᠨ ᠪᠣᠳᠣᠯᠭ᠎ᠠ ᠳᠤ ᠲᠣᠳᠣᠷᠬᠠᠢ ᠲᠣᠭᠳᠠᠭᠠᠭᠰᠠᠨ ᠲᠠᠷᠣᠢ ᠲᠦᠷᠭᠡᠨ ᠰᠢᠢᠳᠪᠦᠷᠢᠯᠡᠵᠣ ᠲᠡᠶᠢᠯᠭᠦ ᠳᠤ ᠨᠢ ᠰᠡᠳᠬᠢᠮᠵᠢ᠂ | ᠠᠷᠭ᠎ᠠ ᠬᠡᠮᠵᠢᠶ᠎ᠡ ᠲᠣᠭᠳᠠᠭᠠᠨ᠂ ᠬᠠᠣᠯᠢ ᠲᠦᠷᠢᠮ ᠲᠦᠷᠦ ᠶᠢᠨ ᠪᠣᠳᠣᠯᠭ᠎ᠠ ᠶᠣᠰᠣᠭᠠᠷ ᠰᠢᠢᠳᠪᠦᠷᠢᠯᠡᠯᠳᠡ ᠶᠢ ᠨᠠᠶᠢᠳᠠᠪᠦᠷᠢᠵᠢᠭᠤᠯᠬᠤ ᠬᠡᠷᠡᠭᠳᠡᠢ︔ ᠪᠠᠶᠢᠳᠠᠯ ᠨᠠᠷᠢᠨ | ᠪᠣᠳᠣᠯᠢᠶᠠᠨᠳᠠᠢ ᠣᠬᠤᠷᠬᠠᠨ ᠬᠤᠭᠤᠴᠠᠭᠠᠨ ᠳᠤ ᠰᠢᠢᠳᠪᠦᠷᠢᠯᠡᠭᠦ ᠳᠤ ᠬᠦᠴᠢᠷ ᠠᠰᠠᠭᠤᠳᠠᠯ ᠢ ᠵᠣᠷᠪᠣᠰᠣᠯᠠᠵᠣ ᠨᠠᠷᠢᠯᠢᠭᠵᠢᠭᠤᠯᠣᠨ᠂ ᠠᠵᠢᠯ ᠤᠨ ᠪᠠᠶᠢᠷᠢ᠂ ᠠᠵᠢᠯᠳᠠᠨ | ᠬᠦᠷᠳᠡᠯ᠎ᠡ ᠨᠠᠶᠢᠳᠠᠪᠦᠷᠢᠵᠢᠭᠤᠯᠵᠣ᠂ ᠴᠠᠭ ᠤᠨ ᠬᠢᠵᠠᠭᠠᠷᠯᠠᠯ ᠤᠨ ᠱᠠᠭᠠᠷᠳᠠᠯᠭ᠎ᠠ ᠶᠢ ᠲᠣᠳᠣᠷᠬᠠᠶᠢᠯᠠᠨ᠂ ᠲᠣᠭᠳᠠᠭᠰᠠᠨ ᠬᠤᠭᠤᠴᠠᠭᠠᠨ ᠳᠤ ᠰᠢᠢᠳᠪᠦᠷᠢᠯᠡᠭᠦ ᠶᠢ | ᠨᠠᠶᠢᠳᠠᠪᠦᠷᠢᠵᠢᠭᠤᠯᠬᠤ ᠬᠡᠷᠡᠭᠳᠡᠢ︔ ᠴᠦᠭᠡᠨ ᠲᠣᠭᠠᠨ ᠤ ᠵᠦᠢ ᠵᠣᠬᠢᠰ ᠦᠭᠡᠢ ᠱᠠᠭᠠᠷᠳᠠᠯᠭ᠎ᠠ ᠳᠤ ᠲᠦᠷᠦ ᠶᠢᠨ ᠪᠣᠳᠣᠯᠭ᠎ᠠ ᠬᠠᠣᠯᠢ ᠴᠠᠭᠠᠵᠠ ᠬᠠᠣᠯᠢ ᠲᠣᠭᠳᠠᠭᠠᠯ | ᠤᠨ ᠦᠨᠳᠦᠰᠦᠯᠡᠯ ᠢ ᠣᠨᠣᠪᠴᠢᠳᠠᠢ ᠣᠯᠣᠨ᠂ ᠲᠠᠶᠢᠯᠪᠦᠷᠢᠯᠠᠨ ᠵᠢᠯᠣᠭᠤᠳᠬᠤ ᠠᠵᠢᠯ ᠢ ᠨᠠᠷᠢᠨ ᠬᠢᠨᠠᠮᠠᠭᠠᠢ ᠬᠢᠬᠦ ᠬᠡᠷᠡᠭᠳᠡᠢ᠃ ︽ᠬᠤᠷᠢᠭ᠎ᠠ ᠱᠣᠭᠤᠮ ᠤᠨ ᠣᠬᠠᠮᠰᠠᠷ︾ | ᠢᠶᠠᠨ ᠴᠢᠩᠭᠠᠳᠬᠠᠨ᠂ ᠲᠦᠭᠰᠢᠭᠦᠷᠢ ᠶᠢ ︽ᠰᠡᠷᠭᠡᠶᠢᠯᠡᠨ ᠡᠵᠡᠮᠳᠡᠬᠦ︾ ᠬᠡᠷᠡᠭᠳᠡᠢ᠃ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠲᠡᠷᠢᠭᠦᠨ ᠭᠤᠭᠴᠣᠭᠠᠨ ᠳᠤ | ᠲᠠᠯᠪᠢᠨ᠂ ᠲᠦᠭᠰᠢᠭᠦᠷᠢ ᠶᠢᠨ ᠲᠠᠯᠳᠠ ᠭᠡᠮ ᠤᠨ ᠪᠠᠶᠢᠴᠠᠭᠠᠯᠳᠠ ᠶᠢᠨ ᠰᠡᠷᠡᠮᠵᠢ ᠶᠢᠨ ᠲᠣᠭᠳᠠᠴᠠ ᠶᠢ ᠪᠠᠶᠢᠭᠤᠯᠣᠨ ᠪᠦᠷᠢᠨᠰᠢᠭᠦᠯᠵᠣ᠂ ᠬᠦᠮᠦᠨ ᠤ ᠬᠦᠴᠦ ᠪᠠᠷ | ᠰᠡᠷᠭᠡᠶᠢᠯᠡᠭᠦ᠂ ᠮᠡᠷᠭᠡᠵᠢᠯ ᠢᠶᠠᠷ ᠰᠡᠷᠭᠡᠶᠢᠯᠡᠭᠦ ᠡᠯ᠎ᠡ ᠲᠦᠷᠦᠯ ᠤᠨ ᠠᠷᠭ᠎ᠠ ᠠᠪᠴᠠᠯ ᠢ ᠶᠡᠷᠦᠩᠭᠡᠶᠢᠯᠡᠨ ᠬᠡᠷᠡᠭᠵᠢᠭᠦᠯᠵᠣ᠂ ᠭᠤᠣᠯᠳᠠᠯᠭᠠᠳᠦ ᠵᠠᠬᠢᠳᠠᠯ ᠰᠣᠷᠪᠣᠯᠵᠢᠯᠠᠭ᠎ᠠ | ᠬᠢᠭᠴᠢᠳ ᠤᠨ ᠵᠠᠮ ᠮᠦᠷ ᠢ ᠴᠠᠭ ᠲᠣᠬᠠᠢ ᠳᠤ ᠨᠢ ᠬᠢᠨᠠᠨ ᠡᠵᠡᠮᠳᠡᠭᠦ ᠬᠡᠷᠡᠭᠳᠡᠢ᠃ ᠵᠦᠷᠢᠴᠡᠯ ᠵᠢᠭᠤᠷᠭᠠᠨ ᠢ ᠰᠢᠢᠳᠪᠦᠷᠢᠯᠡᠭᠦ ᠠᠵᠢᠯ ᠢ ᠡᠳᠦᠷ ᠲᠣᠳᠣᠮ ᠤᠨ ᠠᠵᠢᠯ | ᠲᠠᠢ ᠠᠭᠤᠰᠣᠯᠴᠠᠭᠤᠯᠣᠨ᠂ ᠲᠣᠣᠷᠵᠢᠯ ᠤᠨ ᠠᠵᠢᠯᠳᠠᠨ᠂ ᠨᠦᠬᠦᠷᠰᠡᠭ ᠬᠦᠷᠰᠢ ᠵᠡᠷᠭᠡᠯᠡᠳᠡᠭᠡ᠂ ᠠᠬᠠᠮᠠᠳ ᠨᠠᠮ ᠤᠨ ᠭᠡᠰᠢᠭᠦᠨ ᠵᠡᠷᠭᠡ ᠲᠠᠨᠢᠯ ᠲᠠᠰᠣᠯ ᠬᠦᠮᠦᠰ᠂ | ᠭᠠᠵᠠᠷ ᠣᠷᠣᠨ᠂ ᠲᠦᠷᠦ ᠶᠢᠨ ᠪᠣᠳᠣᠯᠭ᠎ᠠ᠂ ᠪᠠᠶᠢᠳᠠᠯ ᠵᠡᠷᠭᠡ ᠲᠠᠪᠠᠭᠤᠯᠢᠭ ᠢᠶᠠᠨ ᠭᠤᠣᠯᠳᠠᠯᠭ᠎ᠠ ᠲᠠᠢ ᠪᠠᠳᠠᠷᠠᠭᠤᠯᠵᠣ᠂ ᠬᠡᠷᠡᠭ ᠣᠴᠢᠷ ᠦᠷᠭᠡᠳᠬᠦ᠂ ᠵᠦᠷᠢᠴᠡᠯ | ᠰᠢᠷᠦᠭᠦᠰᠬᠡᠬᠦ ᠶᠢ ᠦᠨᠳᠦᠰᠦᠨ ᠠᠴᠠ ᠨᠢ ᠰᠡᠷᠭᠡᠶᠢᠯᠡᠨ ᠵᠠᠰᠠᠬᠤ ᠬᠡᠷᠡᠭᠳᠡᠢ᠃ ︽ᠠᠵᠢᠯ ᠬᠢᠬᠦ ᠲᠣᠷ᠎ᠠ ᠦᠭᠡᠢ ᠰᠡᠳᠬᠢᠴᠠ︾ ᠶᠢ ᠲᠡᠪᠴᠢᠨ᠂ ᠬᠠᠷᠢᠭᠤᠴᠠᠯᠭ᠎ᠠ ᠪᠠᠨ | ︽ᠡᠭᠦᠷᠭᠡᠯᠡᠭᠦ︾ ᠬᠡᠷᠡᠭᠳᠡᠢ᠃ ᠡᠯ᠎ᠡ ᠬᠠᠮᠢᠶ᠎ᠠ ᠪᠦᠬᠦᠢ ᠰᠢᠶᠠᠨ ᠤ ᠲᠡᠰ ᠤᠨ ᠣᠳᠣᠷᠢᠳᠣᠯᠭ᠎ᠠ ᠵᠠᠬᠢᠳᠠᠯ ᠰᠣᠷᠪᠣᠯᠵᠢᠯᠠᠭ᠎ᠠ ᠬᠦᠯᠢᠶᠠᠨ ᠠᠪᠬᠤ᠂ ᠬᠡᠷᠡᠭ ᠢ ᠲᠠᠭᠠᠭᠠᠨ | ᠠᠪᠴᠦ ᠰᠢᠢᠳᠪᠦᠷᠢᠯᠡᠭᠦ ᠵᠡᠷᠭᠡ ᠠᠵᠢᠯ ᠤᠨ ᠲᠦᠷᠢᠮ ᠢ ᠴᠢᠩᠭ᠎ᠠ ᠨᠠᠶᠢᠳᠠᠪᠦᠷᠢᠵᠢᠭᠤᠯᠣᠨ᠂ ᠰᠠᠨᠠᠭᠠᠴᠢᠯᠠᠭ᠎ᠠ ᠠᠴᠠ ᠪᠠᠨ ᠭᠠᠷᠳᠠᠨ ᠦᠪᠡᠷᠳᠡᠭᠡᠨ ᠢᠶᠠᠨ ᠵᠣᠬᠢᠴᠠᠭᠤᠯᠵᠣ | ᠲᠣᠶᠢᠯᠪᠦᠷᠢᠳᠠᠢ ᠲᠠᠭᠠᠭᠠᠴᠢᠯᠠᠬᠤ ᠬᠡᠷᠡᠭᠳᠡᠢ︔ ᠨᠠᠩᠰᠦ ᠪᠠᠯᠭᠠᠰᠣ ᠬᠠᠷᠢᠶᠠᠳᠦ ᠣᠷᠣᠨ ᠤ ᠬᠠᠷᠢᠭᠤᠴᠠᠯᠭ᠎ᠠ ᠪᠠᠨ ᠬᠢᠨᠠᠮᠠᠭᠠᠢ ᠨᠠᠶᠢᠳᠠᠪᠦᠷᠢᠵᠢᠭᠤᠯᠵᠣ᠂ ︽ᠨᠢᠭᠡᠳᠦᠭᠡᠷ ᠭᠠᠷ︾ | ᠶᠡᠷᠦᠩᠬᠡᠢ ᠬᠠᠷᠢᠭᠤᠴᠠᠨ᠂ ᠪᠠᠭ ᠤᠨ ᠪᠦᠷᠢᠯᠳᠦᠭᠦᠨ ᠪᠣᠳᠠᠳᠠᠢ ᠠᠳᠬᠤᠵᠣ᠂ ᠰᠢᠢᠳᠪᠦᠷᠢᠯᠡᠭᠦ ᠰᠡᠳᠬᠢᠮᠵᠢ ᠪᠠᠨ ᠲᠣᠳᠣᠷᠬᠠᠶᠢᠯᠠᠨ᠂ ᠰᠢᠢᠳᠪᠦᠷᠢᠯᠡᠭᠦ ᠲᠦᠰᠦᠯ ᠢᠶᠠᠨ | ᠲᠣᠭᠳᠠᠭᠠᠬᠤ ᠬᠡᠷᠡᠭᠳᠡᠢ᠃ ᠡᠯ᠎ᠡ ᠰᠠᠯᠠᠭ᠎ᠠ ᠮᠦᠴᠢᠷ ᠰᠢᠯᠵᠢᠭᠦᠯᠦᠨ ᠭᠦᠢᠴᠡᠳᠬᠡᠬᠦ ᠬᠡᠷᠡᠭ ᠣᠴᠢᠷ ᠢ ᠰᠠᠨᠠᠭᠠᠴᠢᠯᠠᠭ᠎ᠠ ᠠᠴᠠ ᠪᠠᠨ ᠬᠠᠷᠢᠭᠤᠴᠠᠨ᠂ ᠰᠠᠨᠠᠭᠠᠴᠢᠯᠠᠭ᠎ᠠ ᠠᠴᠠ | ᠪᠠᠨ ᠭᠦᠢᠴᠡᠳᠬᠡᠵᠣ᠂ ᠣᠬᠠᠮᠰᠠᠷ ᠠᠴᠠ ᠪᠠᠨ ᠰᠢᠢᠳᠪᠦᠷᠢᠯᠡᠭᠦ ᠠᠵᠢᠯ ᠢ ᠰᠠᠶᠢᠳᠦᠷ ᠠᠳᠬᠤᠬᠤ ᠬᠡᠷᠡᠭᠳᠡᠢ︔ ᠬᠤᠰᠢᠭᠤ ᠵᠠᠬᠢᠳᠠᠯ ᠰᠣᠷᠪᠣᠯᠵᠢᠯᠠᠭ᠎ᠠ ᠶᠢᠨ ᠰᠠᠯᠠᠭ᠎ᠠ | ᠮᠦᠴᠢᠷ ᠲᠣᠯᠣᠭᠠᠶᠢᠯᠠᠨ ᠰᠠᠶᠢᠳᠦᠷ ᠠᠳᠬᠤᠬᠤ᠂ ᠨᠢᠭᠡᠳᠦᠯᠳᠡᠢ ᠲᠦᠯᠦᠪᠵᠢᠭᠦᠯᠣᠨ ᠵᠣᠬᠢᠴᠠᠭᠤᠯᠬᠤ ᠦᠢᠯᠠᠳᠣᠯ ᠢᠶᠠᠨ ᠦᠷᠭᠦᠯᠵᠢᠯᠡᠨ ᠪᠠᠳᠠᠷᠠᠭᠤᠯᠵᠣ᠂ ᠵᠠᠬᠢᠳᠠᠯ | ᠰᠣᠷᠪᠣᠯᠵᠢᠯᠠᠭ᠎ᠠ ᠶᠢᠨ ᠪᠠᠶᠢᠳᠠᠯ ᠢ ᠲᠣᠭᠳᠠᠭᠰᠠᠨ ᠬᠤᠭᠤᠴᠠᠭ᠎ᠠ ᠲᠠᠢ ᠵᠠᠳᠠᠯᠣᠨ ᠮᠠᠭᠠᠳᠯᠠᠵᠣ᠂ ᠡᠯ᠎ᠡ ᠲᠦᠷᠦᠯ ᠤᠨ ᠵᠠᠬᠢᠳᠠᠯ ᠰᠣᠷᠪᠣᠯᠵᠢᠯᠠᠭ᠎ᠠ ᠶᠢᠨ ᠬᠡᠷᠡᠭ ᠶᠠᠪᠣᠳᠠᠯ ᠢ | ᠴᠠᠭ ᠲᠣᠬᠠᠢ ᠳᠤ ᠨᠢ ᠰᠢᠯᠵᠢᠭᠦᠯᠦᠨ ᠲᠣᠬᠢᠷᠠᠭᠤᠯᠵᠣ᠂ ᠡᠯ᠎ᠡ ᠲᠦᠷᠦᠯ ᠤᠨ ᠠᠵᠢᠯ ᠤᠨ ᠡᠷᠴᠢᠮᠳᠠᠢ ᠡᠮᠬᠢ ᠲᠢᠭᠯᠢᠮ ᠲᠠᠢ᠂ ᠦᠨᠳᠦᠷ ᠪᠦᠳᠦᠮᠵᠢᠳᠡᠢ | ᠨᠠᠶᠢᠳᠠᠪᠦᠷᠢᠵᠢᠭᠤᠯᠣᠯᠳᠠ ᠶᠢ ᠨᠢᠭᠡᠳᠦᠯᠳᠡᠢ ᠲᠦᠯᠦᠪᠵᠢᠭᠦᠯᠦᠨ ᠠᠬᠢᠭᠤᠯᠵᠣ᠂ ᠰᠢᠨ᠎ᠡ ᠴᠠᠭ ᠦᠶ᠎ᠡ ᠶᠢᠨ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠴᠢᠳᠠᠪᠬᠢ | ᠪᠣᠯᠣᠨ ᠲᠦᠪᠰᠢᠨ ᠢ ᠲᠠᠰᠣᠷᠠᠯᠳᠠ ᠦᠭᠡᠢ ᠲᠡᠭᠡᠭᠰᠢᠯᠡᠭᠦᠯᠭᠦ ᠬᠡᠷᠡᠭᠳᠡᠢ ᠭᠡᠪᠡ᠃ | ᠬᠤᠷᠠᠯ ᠠᠴᠠ ᠲᠦᠪ ᠬᠤᠷᠢᠶᠠᠨ ᠤ ᠠᠷᠪᠠᠳᠣᠭᠠᠷ ᠲᠣᠭᠤᠷᠢᠨ ᠪᠠᠶᠢᠴᠠᠭᠠᠬᠤ ᠲᠣᠭᠤᠶᠢᠯᠠᠩ᠂ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ | ᠬᠤᠶᠠᠳᠣᠭᠠᠷ ᠲᠣᠭᠤᠷᠢᠨ ᠪᠠᠶᠢᠴᠠᠭᠠᠬᠤ ᠲᠣᠭᠤᠶᠢᠯᠠᠩ ᠠᠴᠠ ᠰᠢᠯᠵᠢᠭᠦᠯᠦᠨ ᠲᠣᠰᠢᠶᠠᠭᠰᠠᠨ ᠵᠠᠬᠢᠳᠠᠯ ᠰᠣᠷᠪᠣᠯᠵᠢᠯᠠᠭ᠎ᠠ ᠶᠢᠨ ᠬᠡᠷᠡᠭ ᠶᠠᠪᠣᠳᠠᠯ ᠢ ᠭᠦᠢᠴᠡᠳᠬᠡᠭᠰᠡᠨ | ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠣᠨᠣᠰᠪᠠ᠃ | | | | | ᠬᠤᠷᠠᠯ ᠠᠴᠠ ᠡᠮᠦᠨ᠎ᠡ᠂ ᠸᠠᠩ ᠢᠦᠢ ᠴᠢᠶᠠᠩ ᠨᠠᠩᠰᠣ ᠪᠠᠯᠭᠠᠰᠣᠨ ᠳᠤ ᠣᠯᠠᠨ ᠲᠦᠮᠡᠨ ᠤ ᠵᠠᠬᠢᠳᠠᠯ ᠰᠣᠷᠪᠣᠯᠵᠢᠯᠠᠭ᠎ᠠ ᠶᠢ ᠬᠦᠯᠢᠶᠠᠨ᠂ ᠨᠠᠷᠢᠨ ᠪᠠᠶᠢᠳᠠᠯ ᠢ | ᠠᠰᠠᠭᠤᠨ ᠯᠠᠪᠯᠠᠵᠣ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠬᠢᠨᠠᠮᠠᠭᠠᠢ ᠰᠣᠨᠣᠰᠴᠦ᠂ ᠬᠠᠮᠢᠶ᠎ᠠ ᠪᠦᠬᠦᠢ ᠠᠰᠠᠭᠤᠳᠠᠯ ᠢ ᠨᠠᠷᠢᠨ ᠬᠢᠨᠠᠮᠠᠭᠠᠢ ᠬᠠᠷᠭᠤᠭᠤᠯᠣᠨ᠂ | ᠬᠡᠷᠡᠭ ᠣᠴᠢᠷ ᠤᠨ ᠪᠠᠶᠢᠳᠠᠯ ᠪᠣᠯᠣᠨ ᠠᠰᠠᠭᠤᠳᠠᠯ ᠤᠨ ᠵᠠᠩᠬᠢᠯᠠᠭ᠎ᠠ ᠶᠢ ᠡᠮᠬᠢᠯᠡᠵᠣ᠂ ᠠᠬᠤᠢ ᠲᠠᠯᠠᠪᠠᠢ ᠳᠤ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠳᠣᠯᠣᠨ | ᠰᠢᠢᠳᠪᠦᠷᠢᠯᠡᠪᠡ᠃ | ᠬᠤᠰᠢᠭᠤ ᠣᠳᠣᠷᠢᠳᠣᠯᠭ᠎ᠠ ᠭᠤᠣ ᠢᠦᠢ᠂ ᠨᠠᠶᠠ᠂ ᠶᠢᠦ ᠵᠢᠶᠠᠨ ᠴᠢᠩ᠂ ᠰᠢᠦᠢ ᠬᠤᠣ ᠪᠥᠸᠧ᠂ ᠹᠧᠩ ᠴᠦᠨ ᠬᠤᠸᠠ᠂ ᠰᠢᠬᠦᠬᠦ ᠬᠤᠷᠢᠶ᠎ᠠ ᠶᠢᠨ ᠲᠠᠷᠤᠭ᠎ᠠ | ᠵᠢᠴᠢ ᠨᠠᠩᠰᠣ ᠪᠠᠯᠭᠠᠰᠣ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃ |