ᠸᠠᠩ ᠢᠦᠢ ᠴᠢᠶᠠᠩ ︽ᠲᠦᠷᠪᠡᠨ ᠦᠬᠡᠢ ᠬᠤᠶᠠᠷ ᠰᠢᠭᠤᠤᠨ︾ ᠬᠡᠯᠪᠡᠷᠢ ᠪᠠᠷ ᠭᠠᠯ ᠢ ᠰᠡᠷᠬᠡᠶᠢᠯᠡᠬᠦ ᠠᠮᠤᠷ ᠲᠦᠪᠰᠢᠨ ᠤ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2025/5/25
     ᠤᠳᠤᠬᠠᠨ ᠤ ᠭᠠᠯ ᠢ ᠰᠡᠷᠬᠡᠶᠢᠯᠡᠬᠦ ᠠᠮᠤᠷ ᠲᠦᠪᠰᠢᠨ ᠤ ᠪᠠᠶᠢᠳᠠᠯ ᠤᠨ ᠬᠦᠨᠳᠤ ᠨᠤᠴᠢᠳᠠᠢ ᠴᠢᠨᠠᠷ ᠪᠠ ᠪᠤᠳᠤᠯᠢᠶᠠᠨᠳᠤ ᠴᠢᠨᠠᠷ ᠢ ᠦᠨᠳᠤᠰᠤᠯᠡᠨ᠂ 5 ᠰᠠᠷ᠎ᠠ  ᠶᠢᠨ 23 ᠤ ᠡᠳᠤᠷ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ ︽ᠲᠦᠷᠪᠡᠨ ᠦᠬᠡᠢ ᠬᠤᠶᠠᠷ ᠰᠢᠭᠤᠤᠨ︾ ᠬᠡᠯᠪᠡᠷᠢ ᠪᠠᠷ ᠰᠠᠭᠤᠭᠠᠯᠢ ᠳᠤᠭᠤᠷᠢᠭ᠂ ᠬᠤᠳᠠᠯᠳᠤᠭᠠᠨ ᠤ ᠭᠠᠵᠠᠷ ᠵᠡᠷᠬᠡ ᠬᠦᠮᠤᠨ ᠤᠯᠠᠨ ᠳᠠᠯᠠᠪᠤᠷ ᠢᠶᠠᠷ ᠭᠠᠯ ᠢ ᠰᠡᠷᠬᠡᠶᠢᠯᠡᠬᠦ ᠠᠮᠤᠷ ᠲᠦᠪᠰᠢᠨ ᠤ ᠠᠵᠢᠯ ᠢ ᠪᠤᠳᠠᠳᠤ ᠭᠠᠵᠠᠷ ᠲᠤ ᠨᠢ ᠪᠠᠶᠢᠴᠠᠭᠠᠪᠠ᠃
1.jpg
     △ ᠸᠠᠩ ᠢᠦᠢ ᠴᠢᠶᠠᠩ ᠶᠢᠨ ᠵᠢᠤ ᠯᠢ ᠳ᠋ᠣᠣ ᠰᠠᠭᠤᠭᠠᠯᠢ ᠳᠤᠭᠤᠷᠢᠭ ᠲᠤ ᠭᠠᠯ ᠢ ᠰᠡᠷᠬᠡᠶᠢᠯᠡᠬᠦ ᠠᠮᠤᠷ ᠲᠦᠪᠰᠢᠨ ᠤ ᠠᠵᠢᠯ ᠢ ᠪᠠᠶᠢᠴᠠᠭᠠᠪᠠ᠃     ᠸᠠᠩ ᠢᠦᠢ ᠴᠢᠶᠠᠩ ᠤᠷᠢᠤᠨ ᠬᠤᠵᠢᠤᠨ ᠶᠢᠨ ᠰᠢᠦ ᠯᠢ ᠳ᠋ᠣᠣ᠂ ᠱᠧᠩ ᠲᠠᠢ ᠰᠠᠭᠤᠭᠠᠯᠢ ᠳᠤᠭᠤᠷᠢᠭ ᠤᠨ ᠬᠤᠳᠠᠯᠳᠤᠭᠠᠨ ᠤ ᠡᠷᠤᠬᠡ᠂ ᠵᠡᠬᠡᠯᠢ ᠳᠠᠭᠠᠤ ᠬᠢ ᠬᠤᠳᠠᠯᠳᠤᠭᠠᠨ ᠤ ᠡᠷᠤᠬᠡ᠂ ᠯᠢ ᠵᠢᠩ ᠶᠤᠸᠠᠨ ᠰᠠᠭᠤᠭᠠᠯᠢ ᠳᠤᠭᠤᠷᠢᠭ᠂ ᠤᠯᠠᠭᠠᠨ ᠰᠢᠨ᠎ᠠ ᠳᠤᠭᠤᠷᠢᠭ ᠤᠨ ᠬᠤᠳᠠᠯᠳᠤᠭᠠᠨ ᠤ ᠡᠷᠤᠬᠡ ᠳᠤ ᠬᠦᠨᠵᠡᠬᠡᠶᠢᠷᠡᠨ ᠳᠤᠭᠳᠠᠭᠠᠯ ᠢ ᠵᠦᠷᠢᠴᠡᠨ ᠰᠠᠭᠤᠵᠤ ᠪᠠᠶᠢᠭ᠎ᠠ ᠡᠰᠡᠬᠦ᠂ ᠭᠠᠯ ᠢ ᠰᠡᠷᠬᠡᠶᠢᠯᠡᠨ ᠳᠠᠷᠬᠠᠭᠠᠬᠤ ᠵᠠᠮ ᠱᠤᠭᠤᠮ ᠰᠠᠭᠤᠨ ᠦᠬᠡᠢ ᠪᠠᠶᠢᠬᠤ ᠡᠰᠡᠬᠦ᠂ ᠭᠠᠯ ᠤᠨᠳᠠᠷᠠᠭᠠᠬᠤ ᠪᠠᠭᠠᠵᠢ ᠬᠡᠷᠡᠭᠰᠡᠯ ᠤᠨ ᠲᠦᠬᠦᠷᠴᠢᠯᠡᠯᠳᠠ ᠪᠦᠷᠢᠨ ᠪᠦᠳᠤᠨ ᠪᠠᠶᠢᠬᠤ ᠡᠰᠡᠬᠦ᠂ ᠳᠠᠯᠠᠪᠤᠷ ᠤᠨ ᠬᠠᠷᠢᠭᠤᠴᠠᠯᠭᠠᠳᠠᠨ ᠭᠠᠯ ᠤᠨᠳᠠᠷᠠᠭᠠᠬᠤ ᠪᠠᠭᠠᠵᠢ ᠬᠡᠷᠡᠭᠰᠡᠯ ᠢ ᠪᠤᠯᠪᠠᠰᠤᠷᠠᠩᠭᠤᠢ ᠬᠡᠷᠡᠭᠯᠡᠵᠤ ᠴᠢᠳᠠᠬᠤ ᠡᠰᠡᠬᠦ ᠵᠡᠷᠬᠡ ᠪᠠᠶᠢᠳᠠᠯ ᠢ ᠳᠠᠰᠢᠷᠠᠮ ᠢᠶᠠᠷ ᠪᠠᠶᠢᠴᠠᠭᠠᠪᠠ᠃     ᠸᠠᠩ ᠢᠦᠢ ᠴᠢᠶᠠᠩ᠂ ᠭᠠᠯ ᠢ ᠰᠡᠷᠬᠡᠶᠢᠯᠡᠬᠦ ᠠᠮᠤᠷ ᠲᠦᠪᠰᠢᠨ ᠤ ᠬᠠᠷᠢᠭᠤᠴᠠᠯᠭ᠎ᠠ ᠬᠦᠨᠳᠤ ᠴᠢᠬᠤᠯᠠ ᠪᠤᠯᠬᠤᠷ ᠰᠡᠷᠬᠡᠶᠢᠯᠡᠯᠳᠠ ᠶᠢᠨ ᠠᠵᠢᠯ ᠢ ᠡᠷᠬᠡᠪᠰᠢ ᠦᠷᠬᠦᠯᠵᠢᠯᠡᠨ ᠠᠬᠢᠭᠤᠯᠬᠤ ᠬᠡᠷᠡᠭᠳᠠᠢ᠃ ᠪᠦᠬᠦ ᠬᠤᠰᠢᠭᠤᠨ ᠤ ︽ᠶᠢᠰᠤᠨ ᠪᠠᠭ᠎ᠠ ᠳᠠᠯᠠᠪᠤᠷ︾᠂ ᠤᠯᠠᠨ ᠡᠵᠡᠩᠨᠡᠯᠳᠠ ᠶᠢᠨ ᠬᠡᠯᠪᠡᠷᠢ ᠪᠦᠬᠦᠢ ᠬᠤᠯᠢᠮᠠᠭ ᠤᠶᠢᠯᠡᠤᠨᠪᠤᠷᠢᠯᠡᠯ ᠡᠵᠡᠩᠨᠡᠯᠳᠠ ᠶᠢᠨ ᠳᠠᠯᠠᠪᠤᠷ᠂ ᠬᠦᠮᠤᠨ ᠤᠯᠠᠨ ᠴᠤᠭᠯᠠᠷᠠᠵᠤ ᠪᠠᠶᠢᠭ᠎ᠠ ᠳᠠᠯᠠᠪᠤᠷ ᠵᠡᠷᠬᠡ ᠳᠤ ᠠᠩᠬᠠᠷᠤᠯ ᠢᠶᠠᠨ ᠲᠦᠪᠯᠡᠷᠡᠬᠦᠯᠤᠨ᠂ ᠡᠯ᠎ᠡ ᠲᠦᠷᠤᠯ ᠤᠨ ᠠᠶᠤᠯ ᠲᠦᠭᠰᠢᠬᠦᠷᠢ ᠶᠢᠨ ᠳᠠᠯᠳᠠ ᠬᠡᠮ ᠢ ᠰᠠᠨᠠᠭᠠᠴᠢᠯᠠᠭ᠎ᠠ ᠠᠴᠠ ᠪᠠᠨ ᠪᠠᠶᠢᠴᠠᠭᠠᠵᠤ᠂ ᠳᠤᠪᠤᠶᠢᠮ᠎ᠠ ᠠᠰᠠᠭᠤᠳᠠᠯ ᠢ ᠴᠡᠭᠴᠡᠯᠡᠬᠦ ᠪᠠᠨ ᠬᠦᠨᠵᠡᠬᠡᠶᠢᠷᠡᠬᠦᠯᠤᠨ᠂ ᠪᠦᠬᠦ ᠳᠠᠯ᠎ᠠ ᠶᠢᠨ ᠪᠦᠬᠦ ᠪᠦᠷᠬᠦᠴᠠ ᠶᠢᠨ ᠰᠡᠷᠬᠡᠶᠢᠯᠡᠯᠳᠠ ᠶᠢ ᠪᠠᠳᠤᠯᠠᠬᠤ ᠬᠡᠷᠡᠭᠳᠠᠢ᠃ ᠬᠤᠯᠪᠤᠭᠠᠯᠠᠨ ᠳᠠᠭᠠᠭᠠᠴᠢᠯᠠᠬᠤ ᠤᠳᠤᠷᠢᠳᠤᠯᠭ᠎ᠠ ᠶᠢᠨ ᠬᠠᠷᠢᠭᠤᠴᠠᠯᠭ᠎ᠠ᠂ ᠡᠯ᠎ᠡ ᠪᠠᠯᠭᠠᠰᠤ ᠶᠢᠨ ᠬᠠᠷᠢᠶᠠᠳᠤ ᠭᠠᠵᠠᠷ ᠤᠨ ᠬᠠᠷᠢᠭᠤᠴᠠᠯᠭ᠎ᠠ᠂ ᠰᠠᠯᠠᠭ᠎ᠠ ᠮᠦᠴᠢᠷ ᠤᠨ ᠬᠢᠨᠠᠯᠳᠠ ᠬᠠᠮᠢᠶᠠᠷᠤᠯᠳᠠ ᠶᠢᠨ ᠬᠠᠷᠢᠭᠤᠴᠠᠯᠭ᠎ᠠ ᠪᠠ ᠠᠶᠤᠯᠬᠦᠢ ᠤᠶᠢᠯᠡᠤᠨᠪᠤᠷᠢᠯᠡᠯ  ᠤᠨ ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠱᠠᠳᠤ ᠱᠠᠳᠤ ᠪᠠᠷ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠵᠤ᠂ ᠡᠯ᠎ᠡ ᠲᠦᠷᠤᠯ ᠤᠨ ᠠᠵᠢᠯ ᠡᠬᠦᠷᠬᠡ ᠶᠢ ᠠᠵᠢᠯ  ᠤᠨ ᠪᠠᠶᠢᠷᠢ ᠬᠦᠷᠳᠡᠯ᠎ᠡ ᠨᠠᠷᠢᠯᠢᠭᠵᠢᠭᠤᠯᠤᠨ ᠬᠦᠮᠤᠨ ᠳᠤ ᠬᠦᠷᠳᠡᠯ᠎ᠡ ᠳᠤᠳᠤᠷᠬᠠᠶᠢᠯᠠᠵᠤ ᠤᠴᠢᠷ ᠲᠤ ᠬᠦᠷᠳᠡᠯ᠎ᠡ ᠪᠤᠳᠠᠳᠠᠶᠢᠵᠢᠭᠤᠯᠤᠨ᠂ ᠱᠠᠳᠤ ᠪᠤᠯᠭᠠᠨ ᠳᠤ ᠠᠤᠨᠬᠤᠬᠤ ᠬᠦᠮᠤᠨ ᠲᠠᠢ᠂ ᠤᠴᠢᠷ ᠪᠤᠯᠭᠠᠨ ᠢ ᠬᠠᠮᠢᠶᠠᠷᠬᠤ ᠬᠦᠮᠤᠨ ᠲᠠᠢ ᠠᠵᠢᠯ ᠤᠨ ᠪᠦᠳᠤᠴᠠ ᠶᠢ ᠪᠦᠷᠢᠯᠳᠤᠬᠦᠯᠬᠦ ᠬᠡᠷᠡᠭᠳᠠᠢ᠃ ᠭᠠᠯ ᠢ ᠰᠡᠷᠬᠡᠶᠢᠯᠡᠬᠦ ᠠᠮᠤᠷ ᠲᠦᠪᠰᠢᠨ ᠤ ᠮᠡᠳᠡᠯᠬᠡ ᠶᠢᠨ ᠲᠦᠬᠡᠮᠡᠯᠵᠢᠬᠦᠯᠤᠯᠳᠠ ᠪᠠᠨ ᠦᠷᠬᠦᠯᠵᠢᠯᠡᠨ ᠴᠢᠩᠭᠠᠤᠨᠬᠠᠨ᠂ ᠬᠦᠮᠤᠵᠢᠯ ᠪᠤᠯᠪᠠᠰᠤᠷᠠᠯ ᠢᠶᠠᠨ ᠴᠢᠩᠭᠠᠤᠨᠬᠠᠵᠤ᠂ ᠪᠠᠴᠢᠮ ᠪᠠᠶᠢᠳᠠᠯ ᠢ ᠠᠷᠭᠠᠴᠠᠬᠤ ᠲᠦᠰᠤᠯ ᠢᠶᠠᠨ ᠳᠡᠬᠦᠯᠳᠡᠷᠵᠢᠬᠦᠯᠤᠨ᠂ ᠪᠠᠴᠢᠮ ᠪᠠᠶᠢᠳᠠᠯ ᠢ ᠠᠷᠭᠠᠴᠠᠬᠤ ᠰᠤᠷᠢᠯᠳᠠ ᠪᠠᠨ ᠴᠢᠩᠭᠠᠤᠨᠬᠠᠵᠤ᠂ ᠲᠦᠭᠰᠢᠬᠦᠷᠢ ᠶᠢ ᠰᠡᠷᠬᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠤᠨᠪᠤᠷᠢᠯᠡᠬᠦ ᠴᠢᠳᠠᠪᠤᠷᠢ ᠪᠠᠨ ᠪᠦᠬᠦ ᠳᠠᠯ᠎ᠠ ᠪᠠᠷ ᠳᠡᠬᠡᠭᠰᠢᠯᠡᠬᠦᠯᠤᠨ᠂ ᠠᠮᠤᠷ ᠲᠦᠪᠰᠢᠨ ᠤ ᠬᠢᠵᠠᠭᠠᠷ ᠱᠤᠭᠤᠮ ᠢ ᠪᠠᠳᠤ ᠰᠠᠬᠢᠬᠤ ᠬᠡᠷᠡᠭᠳᠠᠢ ᠬᠡᠪᠡ᠃     ᠬᠤᠰᠢᠭᠤ ᠤᠳᠤᠷᠢᠳᠤᠯᠭ᠎ᠠ ᠴᠢᠤ ᠯᠢᠨ᠂ ᠹᠦ᠋ ᠺᠧ᠂ ᠭᠤᠣ ᠢᠦᠢ ᠵᠢᠴᠢ ᠤᠯᠵᠠᠴᠢ ᠪᠠᠯᠭᠠᠰᠤ᠂ ᠬᠤᠰᠢᠭᠤ ᠰᠢᠭᠤᠤᠨ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠳᠠᠨ ᠤᠷᠤᠯᠴᠠᠪᠠ᠃
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ